ᠬᠦᠮᠦᠷᠭᠡ ᠶᠢᠨ ᠲᠣᠪᠴᠢ ᠲᠠᠨᠢᠯᠴᠠᠭᠤᠯᠭ᠎ᠠ
《ᠥᠪᠥᠷ ᠮᠣᠩᠭᠤᠯ ᠤᠨ ᠲᠤᠮᠳᠠᠳᠦ ᠤᠯᠤᠰ ᠤᠨ ᠡᠪ ᠬᠠᠮᠲᠦ ᠨᠠᠮ ᠤᠨ ᠲᠡᠦᠬᠡ ᠪᠠ ᠨᠠᠮ ᠤᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠡᠬᠢ ᠪᠠᠶᠠᠯᠢᠭ ᠤᠨ ᠬᠦᠮᠦᠷᠭᠡ》 ᠨᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠶ᠋ᠢᠨ ᠨᠠᠮ ᠤᠨ ᠲᠡᠦᠬᠡ ᠪᠠ ᠨᠠᠮ ᠤᠨ ᠪᠠᠶᠢᠭᠤᠯᠤᠯᠲᠠ ᠶ᠋ᠢᠨ ᠰᠤᠳᠤᠯᠭᠠᠨ ᠤ ᠴᠢᠭᠯᠡᠯ ᠢ ᠦᠨᠳ᠋ᠦᠰᠦᠯᠡᠨ ᠂ ᠨᠡᠩ ᠢᠯᠡᠭᠦᠦ ᠤᠩᠰᠢᠭᠴᠢᠳ ᠲᠤ ᠦᠢᠯᠡᠴᠢᠯᠡᠵᠦ ᠂ ᠨᠠᠮ ᠤᠨ ᠲᠡᠦᠬᠡ ᠪᠠ ᠨᠠᠮ ᠤᠨ ᠪᠠᠶᠢᠭᠤᠯᠤᠯᠲᠠ ᠶ᠋ᠢᠨ ᠰᠤᠳᠤᠯᠭᠠᠨ ᠤ ᠬᠠᠮᠢᠶᠠᠷᠤᠯᠲᠠ ᠢᠨ ᠰᠢᠰᠲ᠋ᠧᠮ ᠵᠢ ᠴᠣᠭᠴᠠᠯᠠᠨ ᠪᠠᠶᠢᠭᠤᠯᠬᠤ ᠪᠠ ᠲᠡᠭᠦᠯᠳᠡᠷᠵᠢᠭᠦᠯᠬᠦ ᠢᠨ ᠲᠦᠯᠦᠭᠡ ᠪᠦᠲᠦᠭᠡᠨ ᠪᠠᠶᠢᠭᠤᠯᠤᠭᠰᠠᠨ ᠶᠤᠮ ᠃ ᠲᠤᠰ ᠰᠢᠰᠲ᠋ᠧᠮ ᠨᠢ᠂ ᠮᠠᠨ ᠤ ᠣᠷᠣᠨ ᠤ ᠮᠣᠩᠭᠣᠯ ᠬᠡᠯᠡᠨ ᠪ ᠨᠠᠮ ᠤᠨ ᠲᠡᠦᠬᠡ ᠪᠠ ᠨᠠᠮ ᠤᠨ ᠪᠠᠶᠢᠭᠤᠯᠤᠯᠲᠠ ᠶ᠋ᠢᠨ ᠡᠬᠢ ᠪᠠᠶᠠᠯᠢᠭ ᠨᠢ ᠵᠡᠷᠭᠡᠷ ᠪᠠᠷ ᠣᠷᠤᠰᠢᠬᠤ ᠳ᠋ᠦ᠍ ᠨᠡᠶᠢᠴᠡᠵᠦ ᠂ ᠰᠢᠰᠲ᠋ᠧᠮ ᠲᠡᠶ ᠵᠢᠷᠤᠵᠤ ᠲᠥᠯᠥᠪᠯᠡᠨ᠂ ᠪᠦᠲᠦᠴᠡ ᠨᠢ ᠰᠢᠨᠵᠢᠯᠡᠬᠦ ᠤᠬᠠᠭᠠᠨᠴᠢ ᠂ ᠠᠵᠢᠯᠯᠠᠭ᠎ᠠ ᠨᠢ ᠣᠶᠤᠨᠴᠢ ᠴᠢᠳᠠᠪᠦᠷᠢᠲᠦ ᠂ ᠣᠳᠣᠬᠢᠴᠢᠯᠠᠭᠰᠠᠨ ᠨᠠᠮ ᠤᠨ ᠲᠡᠦᠬᠡ ᠪᠠ ᠨᠠᠮ ᠤᠨ ᠪᠠᠶᠢᠭᠤᠯᠤᠯᠲᠠ ᠶ᠋ᠢᠨ ᠡᠬᠢ ᠪᠠᠶᠠᠯᠢᠭ ᠢ ᠬᠠᠮᠢᠶᠠᠷᠬᠤ ᠲᠠᠪᠴᠠᠩ ᠪᠣᠯᠤᠨ᠎ᠠ ᠃
ᠲᠠᠪᠴᠠᠩ ᠨᠢ ᠬᠡᠷᠡᠭᠯᠡᠭᠴᠢᠳ ᠦᠨ ᠮᠣᠩᠭᠣᠯ ᠬᠡᠯᠡᠨ ᠪᠡᠷ ᠠᠵᠢᠯᠯᠠᠬᠤ ᠱᠠᠭᠠᠷᠳᠠᠯᠭ᠎ᠠ ᠪᠠ ᠤᠩᠰᠢᠬᠤ ᠵᠠᠩᠰᠢᠯ ᠢ ᠬᠠᠩᠭᠠᠵᠦ ᠂ ᠰᠢᠰᠲ᠋ᠧᠮ ᠨᠢ ᠮᠣᠩᠭᠣᠯ ᠬᠡᠯᠡᠨ ᠦ ᠳᠡᠯᠭᠡᠴᠡ ᠲᠠᠢ ᠃ ᠬᠣᠯᠪᠣᠭᠳᠠᠯ ᠪᠦᠬᠦᠢ ᠳᠦᠷᠢᠮᠵᠢᠯ ᠪᠠ ᠪᠠᠷᠢᠮᠵᠢᠶ᠎ᠠ ᠶ᠋ᠢ ᠵᠢᠷᠤᠮᠯᠠᠨ ᠂ ᠡᠬᠢ ᠪᠠᠶᠠᠯᠢᠭ ᠨᠢ 《 ᠪᠥᠬᠥ ᠤᠯᠤᠰ ᠤᠨ ᠨᠠᠮ ᠤᠨ ᠰᠤᠷᠭᠠᠭᠤᠯᠢ ᠳᠤ ᠲᠤᠭᠠᠴᠢᠯᠠᠭᠰᠠᠨ ᠨᠣᠮ ᠤᠨ ᠰᠠᠩ ᠤᠨ ᠡᠬᠢ ᠪᠠᠶᠠᠯᠢᠭ ᠤᠨ ᠪᠥᠲᠥᠭᠡᠨ ᠪᠠᠶᠢᠭᠤᠯᠤᠯᠲᠠ ᠶ᠋ᠢᠨ ᠲᠥᠯᠥᠪᠵᠢᠭᠦᠯᠭᠡ ( 2016 ︱ 2020 )》 ᠂ ᠲᠣᠭᠠᠴᠢᠯᠠᠭᠰᠠᠨ ᠨᠣᠮ ᠤᠨ ᠰᠠᠩ ᠪᠠᠶᠢᠭᠤᠯᠬᠤ ᠪᠠᠷᠢᠮᠵᠢᠶ᠎ᠠ ᠂ GB/T26226-2010 ᠵᠡᠷᠭᠡ ᠳᠦᠷᠢᠮᠵᠢᠯ ᠪᠠ ᠪᠠᠷᠢᠮᠵᠢᠶ᠎ᠠ ᠢᠶᠠᠷ ᠬᠡᠯᠪᠡᠷᠢ ᠶ᠋ᠢ ᠰᠤᠯᠢᠵᠦ ᠂ ᠨᠢᠭᠡᠨ ᠵᠠᠭᠪᠤᠷ ᠦᠨ ᠵᠢᠷᠤᠮᠵᠢᠯ ᠂ ᠪᠠᠷᠢᠮᠵᠢᠶ᠎ᠠ ᠶ᠋ᠢ ᠨᠢᠭᠡᠳ᠋ᠦᠯᠲᠡᠶ ᠪᠣᠯᠭᠠᠭᠰᠠᠨ ᠮᠠᠲ᠋ᠧᠷᠢᠶᠠᠯ ᠶ᠋ᠢᠨ ᠡᠮᠬᠢᠳᠭᠡᠯ ᠶᠤᠮ ᠃ ᠲᠠᠪᠴᠠᠩ ᠨᠢ B\C ᠤᠨ ᠪᠦᠲᠦᠴᠡ ᠲᠠᠢ ᠂ ᠤᠯᠠᠨ ᠳᠠᠪᠬᠤᠷᠭ᠎ᠠ ᠶ᠋ᠢᠨ ᠰᠢᠰᠲ᠋ᠧᠮ ᠂ ᠴᠢᠳᠠᠮᠵᠢ ᠶ᠋ᠢ ᠬᠠᠮᠠᠭᠠᠯᠠᠬᠤ ᠳ᠋ᠦ᠍ ᠳᠦᠭᠦᠮ ᠪᠠ ᠦᠷᠭᠡᠳᠬᠡᠭᠦ ᠳ᠋ᠦ᠍ ᠬᠢᠯᠪᠠᠷ ᠂ ᠰᠢᠰᠲ᠋ᠧᠮ ᠨᠢ ᠮᠣᠩᠭᠣᠯ ᠬᠡᠯᠡ ᠪᠡᠷ ᠨᠠᠶᠢᠷᠠᠭᠤᠯᠬ ᠂ ᠪᠡᠯᠡᠳᠬᠦ ᠂ ᠮᠣᠩᠭᠣᠯ ᠬᠡᠯᠡᠨ ᠦ ᠡᠬᠢ ᠪᠠᠶᠠᠯᠢᠭ ᠢ ᠨᠠᠶᠢᠷᠠᠭᠤᠯᠬᠤ ᠂ ᠨᠡᠮᠡᠬᠦ ᠂ ᠬᠠᠰᠤᠬᠤ ᠂ ᠰᠡᠢᠳᠪᠦᠷᠢᠯᠡᠬᠦ ᠵᠡᠷᠭᠡ ᠴᠢᠳᠠᠪᠦᠷᠢ ᠲᠠᠶ ᠃