《 ᠳᠤᠭᠤᠶᠢᠯᠠᠩ ᠤᠨ ᠬᠥᠳᠡᠯᠭᠡᠭᠡᠨ 》 ᠤᠨ ᠬᠠᠭᠤᠴᠢᠨ ᠪᠠᠭᠤᠷᠢ ( ᠰᠢᠨᠠᠯᠠᠮ᠎ᠠ ‍ ᠶ᠋ᠢᠨ ᠬᠠᠭᠤᠴᠢᠨ ᠰᠠᠭᠤᠴᠠ )

  2019-04-16



    《 ᠳᠤᠭᠤᠶᠢᠯᠠᠩ ᠤᠨ ᠬᠥᠳᠡᠯᠭᠡᠭᠡᠨ 》 ᠤ ᠬᠠᠭᠤᠴᠢᠨ ᠪᠠᠭᠤᠷᠢ ( ᠰᠢᠨᠠᠯᠠᠮ᠎ᠠ ‍ ᠶᠢᠨ ᠬᠠᠭᠤᠴᠢᠨ ᠰᠠᠭᠤᠴᠠ ) ᠨᠢ ᠣᠷᠳᠣᠰ ᠬᠣᠲᠠ  ᠶᠢᠨ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠳ᠋ᠦ ᠪᠠᠶᠢᠷᠢᠰᠢᠵᠦ ᠪᠠᠶᠢᠳᠠᠭ ᠃ ᠲᠡᠷᠡ ᠨᠢ ᠪᠦ᠋ᠬᠦ ᠤᠯᠤᠰ ᠢ ᠳᠣᠩᠰᠣᠯᠭᠠᠭᠰᠠᠨ 《 ᠣᠷᠳᠣᠰ ᠤᠨ ᠰᠢᠭᠤᠷᠭ᠎ᠠ 》 ᠤᠨ ᠡᠭᠦᠰᠦᠯ ᠦᠨ ᠭᠠᠵᠠᠷ ᠪᠤᠯᠬᠤ ᠪᠠᠷ ᠦᠯᠦ ᠪᠠᠷᠠᠮ ᠠᠯᠳᠠᠷ ᠴᠤᠤᠲᠠᠢ《 ᠳᠤᠭᠤᠶᠢᠯᠠᠩ ᠤᠨ ᠬᠥᠳᠡᠯᠭᠡᠭᠡᠨ 》 ᠡᠭᠦᠰᠦᠭᠰᠡᠨ ᠰᠠᠭᠤᠷᠢᠨ ᠭᠠᠵᠠᠷ  ᠪᠤᠯᠬᠤ ᠶᠤᠮ᠃  
    ᠬᠠᠭᠤᠴᠢᠨ ᠰᠠᠭᠤᠴᠠ ᠨᠢ ᠬᠤᠰᠢᠭᠤᠨ  ᠵᠠᠰᠠᠭ ᠤᠨ ᠣᠷᠳᠣᠨ ᠡᠴᠡ 20 ᠺᠢᠯᠣᠮᠧᠲ᠋ᠷ ᠵᠠᠶᠢᠲᠠᠢ ᠪᠠᠶᠢᠵᠦ ᠂  ᠡᠵᠡᠯᠡᠬᠦ ᠲᠠᠯᠠᠪᠠᠢ ᠨᠢ 324 ᠲᠡᠭᠰᠢ ᠳᠦᠷᠪᠡᠯᠵᠢᠨ ᠮᠸᠲ᠋ᠷ ᠪᠤᠯᠤᠨ᠎ᠠ ᠃ ᠬᠠᠭᠤᠴᠢᠨ ᠰᠠᠭᠤᠴᠠ ᠨᠢ ᠰᠦᠮ᠎ᠡ ᠬᠡᠶᠢᠳ ᠮᠠᠶ᠋ᠢᠭ ᠤᠨ ᠭᠡᠷ ᠪᠠᠷᠢᠯᠭ᠎ᠠ ᠪᠠᠶᠢᠵᠦ ᠂  ᠭᠤᠷᠪᠠᠨ ᠭᠤᠤᠯ ᠤᠷᠳᠤᠨ᠂ ᠵᠡᠭᠦᠨ ᠪᠠᠷᠠᠭᠤᠨ ᠳᠦᠷᠪᠡᠨ ᠲᠠᠰᠤᠯᠭ᠎ᠠ ᠦᠷᠦᠭᠡ ᠲᠠᠢ ᠪᠠᠶᠢᠵᠦ᠂ ᠬᠦᠷᠢᠶᠡᠨ ᠦ ᠶᠡᠬᠡ ᠡᠭᠦᠳᠡ ᠨᠢ ᠡᠮᠦᠨ᠎ᠡ ᠲᠠᠯ᠎ᠠ ᠳ᠋ᠤᠨᠢ ᠪᠠᠶᠢᠷᠢᠯᠠᠭᠰᠠᠨ ᠳᠦᠷᠪᠡᠯᠵᠢᠨ ᠬᠠᠰᠢᠶ᠎ᠠ ᠲᠠᠢ ᠰᠠᠭᠤᠴᠠ ᠪᠤᠯᠬᠤ ᠶᠤᠮ ᠃ ᠬᠦᠷᠢᠶᠡᠯᠡᠩ ᠦᠨ ᠳᠣᠲᠣᠭᠠᠳᠤ ᠳ᠋ᠦ ᠴᠡᠴᠡᠭ ᠦᠨ ᠬᠦᠷᠢᠶᠡᠯᠡᠩ ᠦᠨ ᠳᠤᠰᠬᠠᠢ ᠵᠦᠷᠢᠭ ᠵᠠᠮ  ᠲᠠᠢ ᠪᠠᠶᠢᠵᠦ᠂ ᠨᠠᠷᠠᠰᠤᠨ ᠮᠤᠳᠤ ᠂ ᠬᠠᠶᠢᠯᠠᠰᠤᠨ ᠮᠤᠳᠤ ᠪᠤᠶᠤ ᠬᠤᠸᠠᠷ ᠴᠡᠴᠡᠭ ᠳᠠᠷᠢᠵᠦ ᠤᠷᠭᠤᠭᠤᠯᠤᠭᠰᠠᠨ ᠪᠠᠶᠢᠳᠠᠭ ᠃ ᠬᠦᠷᠢᠶᠡᠯᠡᠩ ᠦᠨ ᠡᠮᠦᠨ᠎ᠡ ᠨᠢ 《 ᠮᠠ ᠨᠢ ᠬᠤᠩ 》 ᠪᠠᠭᠠᠨ᠎ᠠ ᠪᠤᠰᠤᠭᠠᠯᠵᠢᠨ ᠪᠠᠶᠢᠷᠢᠯᠠᠵᠦ ᠪᠠᠶᠢᠳᠠᠭ ᠃1866 ᠤᠨ ᠳ᠋ᠤ ᠰᠢᠨᠠᠯᠠᠮ᠎ᠠ ᠨᠢ ᠡᠨᠳᠡ ᠮᠡᠨᠳᠦᠯᠡᠭᠰᠡᠨ ᠪᠠᠶᠢᠨ᠎ᠠ᠃ 1909 ᠣᠨ ᠳᠤ ᠂  ᠲᠤᠬᠠᠢ ᠶ᠋ᠢᠨ ᠦᠶ᠎ᠡ ᠶ᠋ᠢᠨ ᠠᠲᠠᠷ ᠬᠠᠭᠠᠯᠪᠦᠷᠢᠯᠠᠬᠤ ᠶ᠋ᠢ ᠡᠰᠡᠷᠭᠦᠴᠡᠬᠦ ᠪᠡᠷ ᠭᠤᠤᠯᠠᠭᠰᠠᠨ 《 ᠲᠤᠭᠤᠶᠢᠯᠠᠩ ᠤᠨ ᠬᠦᠳᠡᠯᠭᠡᠭᠡᠨ 》 ᠳ᠋ᠦ ᠤᠷᠤᠯᠴᠠᠵᠠᠢ᠃ 1921 ᠣᠨ ᠳᠤ ᠂ ᠠᠷᠪᠠᠨ ᠨᠢᠭᠡ ᠣᠳᠠᠭᠠᠨ ᠤ 《 ᠳᠤᠭᠤᠶᠢᠯᠠᠩ 》 ᠶ᠋ᠢ ᠵᠤᠬᠢᠶᠠᠨ ᠪᠠᠶᠢᠭᠤᠯᠤᠨ ᠂ ᠳᠡᠭᠡᠭᠰᠢ ᠪᠠᠨ ᠬᠣᠰᠢᠭᠤᠨ ᠵᠠᠰᠠᠭ ᠲᠤ ᠪᠢᠴᠢᠭ ᠡᠷᠭᠦᠵᠦ᠂ ᠬᠤᠰᠢᠭᠤᠨ ᠤ ᠭᠠᠵᠠᠷ ᠨᠤᠲᠤᠭ ᠢ ᠦᠨ᠎ᠡ ᠬᠠᠶᠠᠵᠤ ᠬᠤᠳᠠᠯᠳᠤᠵᠤ ᠪᠠᠶᠢᠭ᠎ᠠ ᠭᠤᠤᠯ ᠡᠲᠡᠭᠡᠳ ᠪᠤᠯᠬᠤ ᠨᠣᠶᠠᠳ ᠲᠦᠰᠢᠮᠡᠳ ᠢ ᠴᠢᠩᠭ᠎ᠠ ᠰᠢᠢᠳᠬᠡᠬᠦ  ᠵᠡᠷᠭᠡ 12 ᠵᠦᠢᠯ ᠦᠨ ᠱᠠᠭᠠᠷᠳᠠᠯᠭ᠎ᠠ ᠶ᠋ᠢ ᠳᠤᠷᠠᠳᠤᠭᠰᠠᠨ ᠶᠤᠮ᠃ 1913 ᠣᠨ ᠳᠤ ᠂ 70 ᠭᠠᠷᠤᠶ ᠨᠡᠷᠡᠰ 《 ᠳᠤᠭᠤᠶᠢᠯᠠᠩ  》 ᠤᠨ ᠭᠤᠤᠯᠯᠠᠬᠤ ᠬᠡᠰᠢᠭᠦᠨ ᠲᠠᠢ ᠬᠠᠮᠲᠤᠷᠠᠨ ᠲᠡᠦᠬᠡᠨ ᠳ᠋ᠤ ᠨᠡᠷᠡᠲᠠᠢ 《 ᠳᠠᠯᠠᠨ ᠠᠨᠳᠠ ᠳᠤᠭᠤᠶᠢᠯᠠᠩ 》 ᠢ ᠵᠤᠬᠢᠶᠠᠨ ᠪᠠᠶᠢᠭᠤᠯᠤᠭᠰᠠᠨ ᠪᠠᠶᠢᠨ᠎ᠠ ᠃ ᠡᠭᠦᠨ ᠡᠴᠡ ᠬᠤᠶᠢᠰᠢᠬᠢ 5 ᠵᠢᠯ ᠦᠨ ᠲᠤᠷᠰᠢᠳᠠ ᠂ 《 ᠳᠤᠭᠤᠶᠢᠯᠠᠩ 》 ᠤᠨ ᠤᠯᠠᠨ ᠲᠦᠮᠡᠨ ᠢ ᠳᠠᠶᠢᠴᠢᠯᠠᠨ ᠸᠠᠩ ᠨᠣᠶᠠᠨ ᠢ ᠬᠦᠭᠡᠭᠡᠨ᠂ ᠹᠦ᠋ ᠵᠢᠨ ᠢ  ᠠᠷᠢᠯᠭᠠᠭᠰᠠᠨ ᠤ ᠳ᠋ᠦᠩ ᠳ᠋ᠦ ᠳᠤᠰ ᠬᠤᠰᠢᠭᠤᠨ ᠤ ᠮᠤᠩᠭᠤᠯ ᠸᠠᠩ ᠭᠦᠩ ᠪᠤᠶᠤ ᠹᠸᠤᠳᠠᠯ ᠤᠨ ᠣᠨᠴᠠ ᠡᠷᠬᠡ ᠶ᠋ᠢᠨ ᠳᠦᠷᠢᠮ ᠨᠢ ᠤᠷᠢᠳ ᠭᠠᠷᠤᠭ᠎ᠠ ᠦᠭᠡᠢ ᠴᠣᠬᠢᠯᠲᠠ ᠳ᠋ᠦ ᠤᠴᠠᠷᠠᠭᠰᠠᠨ ᠶᠤᠮ᠃ ᠡᠭᠦᠨ ᠦ ᠳ᠋ᠦᠩ ᠳ᠋ᠦ ᠲᠡᠷᠰᠯᠡᠭᠦᠦ ᠡᠷᠬᠡ ᠪᠠᠷᠢᠭᠴᠢᠳ ᠶ᠋ᠢᠨ ᠨᠡᠭᠡᠮᠵᠢᠯᠡᠯ ᠳ᠋ᠦ ᠤᠴᠠᠷᠠᠵᠤ᠂ 1919 ᠣᠨ ᠤ ᠵᠤᠨ ᠪᠠᠷᠢᠪᠴᠢᠯᠠᠭᠳᠠᠪᠠ᠃ 1920 ᠣᠨ ᠤ ᠡᠪᠦᠯ ᠠᠪᠤᠷᠬᠠᠳᠠᠭᠰᠠᠨ ᠤ ᠬᠤᠶᠢᠨ᠎ᠠ ᠠᠶᠤᠯ ᠠᠴᠠ ᠵᠠᠶᠢᠯᠠᠬᠤ ᠶ᠋ᠢᠨ ᠲᠤᠰᠠᠳᠠ ᠪᠡᠭᠡᠵᠢᠩ ᠢ ᠴᠢᠭᠯᠡᠵᠦ᠂ ᠡᠭᠦᠨ ᠦ ᠤᠯᠠᠮ ᠢᠶᠠᠷ ᠬᠤᠪᠢᠰᠬᠠᠯᠲᠤ ᠦᠵᠡᠯ ᠰᠠᠨᠠᠭᠠᠨ ᠤ ᠨᠥᠯᠥᠭᠡ ᠶᠢ ᠭᠦᠨ ᠬᠦᠷᠲᠡᠭᠰᠡᠨ ᠪᠠᠶᠢᠳᠠᠭ ᠃ 1924 ᠣᠨ ᠳᠤ ᠂ ᠪᠥᠬᠥᠳᠡ ᠨᠠᠶᠢᠷᠠᠮᠳᠠᠬᠤ ᠮᠣᠩᠭᠣᠯ ᠠᠷᠠᠳ ᠤᠯᠤᠰ ᠲᠤ ᠪᠠᠶᠢᠴᠠᠭᠠᠯᠲᠠ ᠬᠢᠬᠦ ᠪᠡᠷ ᠤᠴᠢᠨ᠂ ᠮᠣᠩᠭᠣᠯ ᠠᠷᠠᠳ ᠤᠨ ᠬᠤᠪᠢᠰᠬᠠᠯ ᠪᠠ ᠤᠷᠤᠰ ᠤᠨ ᠠᠷᠪᠠᠨ ᠰᠠᠷ᠎ᠠ ᠶᠢᠨ ᠬᠤᠪᠢᠰᠬᠠᠯ ᠤᠨ ᠲᠤᠷᠰᠢᠯᠭ᠎ᠠ ᠶᠢ ᠰᠤᠷᠤᠯᠴᠠᠬᠤ ᠤᠨ ᠤᠯᠠᠮ ᠢᠶᠠᠷ ᠮᠣᠩᠭᠣᠯ ᠤᠨ ᠠᠷᠠᠳ ᠤᠨ ᠬᠤᠪᠢᠰᠬᠠᠯᠲᠤ ᠨᠠᠮ ᠳ᠋ᠤ ᠤᠷᠤᠯᠴᠠᠵᠠᠢ᠃ 1925 ᠣᠨ ᠤ 10 ᠰᠠᠷ᠎ᠠ ᠳᠤ ᠤᠯᠤᠰ ᠲᠠᠭᠠᠨ ᠪᠤᠴᠠᠨ᠂ ᠥᠪᠥᠷ ᠮᠣᠩᠭᠣᠯ ᠤᠨ ᠠᠷᠠᠳ ᠤᠨ ᠬᠤᠪᠢᠰᠬᠠᠯᠲᠤ ᠨᠠᠮ ᠤᠨ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠦᠨ ᠶᠡᠬᠡ ᠬᠤᠷᠠᠯ ᠳ᠋ᠤ ᠤᠷᠤᠯᠴᠠᠵᠤ᠂ ᠲᠥᠪ ᠦᠨ ᠭᠦᠢᠴᠡᠳᠬᠡᠬᠦ ᠬᠣᠷᠢᠶᠠᠨ ᠤ ᠭᠡᠰᠢᠭᠦᠨ ᠢᠶᠡᠷ ᠰᠣᠩᠭᠣᠭᠳᠠᠵᠠᠶ ᠃ ᠳᠠᠷᠠᠭ᠎ᠠ ᠵᠢᠯ ᠡᠴᠠ ᠨᠢ ᠡᠬᠢᠯᠡᠨ ᠦᠦᠰᠢᠨ ᠬᠤᠰᠢᠭᠤᠨ ᠳ᠋ᠤ ᠥᠪᠥᠷ ᠮᠣᠩᠭᠣᠯ ᠤᠨ ᠠᠷᠠᠳ ᠤᠨ ᠬᠤᠪᠢᠰᠬᠠᠯᠲᠤ ᠨᠠᠮ ᠤᠨ ᠲᠤᠩᠬᠠᠭ ᠪᠠ ᠬᠥᠲᠥᠯᠪᠦᠷᠢ ᠶ᠋ᠢ ᠤᠬᠠᠭᠤᠯᠵᠤ ᠂ ᠨᠠᠮ ᠤᠨ ᠭᠡᠰᠢᠭᠦᠨ ᠶ᠋ᠢ ᠬᠦᠮᠦᠵᠢᠭᠦᠯᠦᠨ᠂ ᠨᠢᠭᠡ ᠰᠠᠯᠠᠭ᠎ᠠ ᠠᠷᠠᠳ ᠤᠨ ᠬᠤᠪᠢᠰᠬᠠᠯᠲᠤ ᠵᠡᠪᠰᠡᠭᠲᠦ ᠬᠦᠴᠦᠨ ︱ ᠥᠪᠥᠷ ᠮᠣᠩᠭᠣᠯ ᠤᠨ ᠠᠷᠠᠳ ᠤᠨ ᠬᠤᠪᠢᠰᠬᠠᠯᠲᠤ ᠴᠡᠷᠢᠭ ᠦᠨ 12 ᠳ᠋ᠤᠭᠠᠷ ᠬᠣᠷᠢᠶ᠎ᠠ ᠶ᠋ᠢ ᠵᠤᠬᠢᠶᠠᠨ ᠪᠠᠶᠢᠭᠤᠯᠵᠤ ᠂ ᠬᠤᠷᠢᠶᠠᠨ ᠳᠠᠷᠤᠭ᠎ᠠ ᠶ᠋ᠢᠨ ᠠᠵᠢᠯ ᠢ ᠡᠭᠦᠷᠭᠡᠯᠡᠭᠰᠡᠨ ᠪᠠᠶᠢᠨ᠎ᠠ᠃ ᠡᠶᠢᠨ  ᠬᠦ ᠦᠦᠰᠢᠨ ᠬᠤᠰᠢᠭᠤᠨ ᠤ ᠠᠷᠠᠳ ᠲᠦᠮᠡᠨ ᠢ ᠤᠳᠤᠷᠢᠳᠴᠤ ᠂ ᠨᠢᠭᠡ ᠦᠶ᠎ᠡ ᠹᠸᠤᠳᠠᠯ ᠤᠨ ᠸᠠᠩ ᠭᠦᠩ ᠦᠨ ᠵᠠᠰᠠᠭ ᠶ᠋ᠢ ᠲᠦᠯᠬᠢᠨ ᠤᠨᠠᠭᠠᠵᠤ᠂ ᠠᠷᠠᠳ ᠲᠦᠮᠡᠨ ᠦ ᠬᠤᠪᠢᠰᠬᠠᠯᠲᠤ ᠵᠠᠰᠠᠭ ᠤᠨ ᠡᠷᠬᠡ ︱ ᠤᠯᠠᠨ ᠨᠡᠶᠢᠲᠡ ᠶᠢᠨ ᠺᠣᠮᠢᠰ ᠶ᠋ᠢ ᠵᠤᠬᠢᠶᠠᠨ ᠪᠠᠶᠢᠭᠤᠯᠵᠠᠢ ᠃ 1927 ︱1928 ᠤᠨ ᠤ ᠬᠣᠭᠣᠷᠣᠨᠳᠣ᠂ 12 ᠳ᠋ᠤᠭᠠᠷ ᠬᠤᠷᠢᠶ᠎ᠠ ᠶ᠋ᠢ ᠵᠢᠯᠤᠭᠤᠳᠤᠨ ᠱᠠᠨᠰᠢ ᠶᠢᠨ ᠬᠣᠶᠢᠲᠤ ᠬᠡᠰᠡᠭ ᠦᠨ ᠴᠡᠷᠢᠭ ᠦᠨ ᠡᠷᠬᠡᠲᠡᠨ ᠵᠢᠩ ᠶᠤᠸᠠᠢ ᠰᠢᠤ ᠬᠢᠭᠡᠳ ᠮᠣᠩᠭᠣᠯ ᠸᠠᠩ ᠭᠦᠩ ᠦᠨ ᠴᠡᠷᠢᠭ ᠠᠨᠭᠭᠢ ᠲᠠᠢ 30 ᠭᠠᠷᠤᠶ ᠤᠳᠠᠭᠠᠨ ᠤ ᠲᠡᠮᠡᠴᠡᠯᠳᠦᠭᠡᠨ ᠢᠶ᠋ᠡᠷ ᠳᠠᠮᠵᠢᠨ ᠲᠡᠷᠰᠯᠡᠭᠦᠦ ᠴᠡᠷᠢᠭ ᠦᠨ ᠡᠷᠬᠡᠲᠡᠨ ᠪᠣᠯᠤᠨ ᠹᠸᠤᠳᠠᠯ ᠤᠨ ᠸᠠᠩ ᠭᠦᠩ ᠦᠨ ᠬᠤᠪᠢᠰᠬᠠᠯᠲᠤ ᠴᠡᠷᠢᠭ  ᠢ ᠤᠰᠠᠳᠬᠠᠬᠤ ᠭᠤᠷᠢᠳᠤᠯᠭ᠎ᠠ ᠬᠢᠭᠡᠳ ᠠᠷᠠᠳ ᠲᠦᠮᠡᠨ ᠦ ᠬᠤᠪᠢᠰᠬᠠᠯᠲᠤ ᠵᠠᠰᠠᠭ ᠢ ᠨᠤᠷᠠᠭᠠᠬᠤ ᠬᠤᠤᠪᠢᠯᠳᠤᠯᠤᠭ᠎ᠠ ᠶ᠋ᠢ ᠪᠤᠳᠠ ᠨᠢᠷᠭᠢᠭᠰᠡᠨ ᠪᠠᠶᠢᠨ᠎ᠠ᠃ 1929 ᠤᠨ ᠤ 2 ᠰᠠᠷ᠎ᠠ ᠶ᠋ᠢᠨ 11 ᠦ ᠡᠳᠦᠷ᠂ ᠦᠦᠰᠢᠨ ᠬᠤᠰᠢᠭᠤᠨ ᠤ ᠸᠠᠩ ᠨᠣᠶᠠᠨ ᠪᠣᠯᠤᠨ ᠵᠢᠩ ᠶᠤᠸᠠᠢ ᠰᠢᠤ ᠤᠨ ᠲᠠᠲᠠᠵᠤ ᠠᠪᠤᠭᠰᠠᠨ ᠤᠷᠪᠠᠭᠴᠢ ᠳ᠋ᠤ ᠬᠣᠣᠷᠯᠠᠭᠳᠠᠨ ᠠᠯᠠᠭᠳᠠᠵᠠᠶ ᠃ ᠦᠷᠡᠭᠳᠡᠭᠰᠡᠨ ᠪᠠᠭᠠᠲᠤᠷᠴᠤᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠥᠷᠥᠭᠡᠳᠦᠨ ᠰᠠᠨᠠᠭᠠᠯᠵᠠᠬᠤ ᠶ᠋ᠢᠨ ᠲᠥᠯᠦᠭᠡ᠂ ᠴᠢᠯᠥᠭᠡᠯᠡᠭᠳᠡᠭᠰᠡᠨ ᠦ ᠲᠠᠷᠠᠭ᠎ᠠ ᠂ ᠰᠢᠶᠠᠩ ᠤᠨ ᠠᠷᠠᠳ ᠤᠨ ᠵᠠᠰᠠᠭ ᠤᠨ ᠣᠷᠳᠣᠨ ᠡᠴᠡ ᠦᠷᠡᠭᠳᠡᠭᠰᠡᠨ ᠪᠠᠭᠠᠲᠤᠷᠴᠤᠳ ᠤᠨ ᠬᠠᠭᠤᠴᠢᠨ ᠰᠠᠭᠤᠴᠠ ᠶᠢ ᠬᠠᠮᠠᠭᠠᠯᠠᠵᠤ ᠰᠡᠯᠪᠢᠨ ᠵᠠᠰᠠᠭᠰᠠᠨ ᠪᠠᠶᠢᠨ᠎ᠠ᠃ ᠭᠡᠪᠡᠴᠦ《 ᠰᠣᠶᠣᠯ ᠤᠨ ᠶᠡᠬᠡ ᠬᠤᠪᠢᠰᠬᠠᠯ 》 ᠤᠨ ᠳᠤᠮᠳᠠ ᠂ ᠬᠠᠭᠤᠴᠢᠨ ᠰᠠᠭᠤᠴᠠ ᠨᠢ ᠡᠪᠳᠡᠯᠡᠭᠡ ᠳᠦ ᠤᠴᠠᠷᠠᠪᠠ ᠃ 1984 ᠣᠨ ᠳ᠋ᠦ᠂ ᠤᠤᠯ ᠤᠨ ᠭᠠᠯᠠᠭᠤᠲᠤ ᠰᠤᠮᠤ ᠤᠨ ᠠᠷᠠᠳ ᠤᠨ ᠵᠠᠰᠠᠭ ᠤᠨ ᠣᠷᠳᠣᠨ ( ᠤᠳᠤ ᠶ᠋ᠢᠨ ᠭᠠᠯᠠᠭᠤᠲᠤ ᠪᠠᠯᠭᠠᠰᠤ ) ᠡᠴᠡ ᠪᠡᠯᠡ ᠤᠷᠤᠭᠤᠯᠤᠨ103.5 ᠲᠡᠭᠰᠢ ᠳᠦᠷᠪᠡᠯᠵᠢᠨ ᠮᠸᠲ᠋ᠷ ᠭᠡᠷ ᠪᠠᠶᠢᠰᠢᠩ ᠢ ᠵᠠᠰᠠᠨ ᠰᠡᠷᠭᠦᠭᠡᠵᠠᠢ᠃ ᠭᠣᠣᠯ ᠤᠷᠳᠤᠨ ᠤ ᠲᠥᠪ  ᠲᠤ ᠰᠢᠨᠠᠯᠠᠮ᠎ᠠ ᠶ᠋ᠢᠨ ᠬᠦᠷᠡᠯ ᠰᠤᠭᠤᠮᠠᠯ ᠢ ᠪᠤᠰᠬᠠᠵᠦ ᠂ ᠥᠨᠳᠥᠷ ᠪᠡᠷ ᠢᠶ᠋ᠡᠨ 56 ᠰᠡᠨᠴᠢᠮᠸᠲᠷ ᠪᠠᠶᠢᠳᠠᠭ᠃ ᠪᠤᠰᠤᠳ ᠦᠷᠦᠭᠡᠨ ᠳ᠋ᠦ ᠰᠢᠨᠠᠯᠠᠮ᠎ᠠ ᠶ᠋ᠢᠨ ᠠᠮᠢᠳᠤ ᠰᠡᠷᠡᠭᠦᠨ ᠪᠠᠶᠢᠬᠤ ᠳᠠᠭᠠᠨ ᠬᠡᠷᠡᠭᠯᠡᠵᠦ ᠪᠠᠶᠢᠭᠰᠠᠨ ᠡᠳᠦᠷ ᠲᠤᠲᠤᠮ ᠤᠨ ᠬᠡᠷᠡᠭᠰᠡᠯ ᠂ ᠪᠢᠴᠢᠭ ᠮᠠᠲ᠋ᠧᠷᠢᠶᠠᠯ ᠤᠨ ᠡᠬᠡ᠋ ᠪᠢᠴᠢᠭ ᠪᠤᠶᠤ ᠪᠡᠶ᠎ᠡ ᠪᠡᠷ ᠢᠶᠡᠨ ᠪᠢᠴᠢᠭᠰᠡᠨ ᠵᠠᠬᠢᠳᠠᠯ ᠶ᠋ᠢ ᠲᠤᠰ ᠲᠤᠰ ᠳᠡᠯᠭᠡᠵᠦ ᠦᠵᠡᠭᠦᠯᠵᠦ ᠪᠤᠢ᠃
    1964 ᠣᠨ ᠳ᠋ᠤ ᠂ ᠰᠢᠨᠡᠯᠠᠮ᠎ᠠ ᠶ᠋ᠢᠨ ᠬᠠᠭᠤᠴᠢᠨ ᠰᠠᠭᠤᠴᠠ ᠨᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠭᠣᠣᠯᠳᠠᠯᠭ᠎ᠠ ᠲᠠᠶ ᠨᠢᠭᠡᠴᠡ ᠪᠠᠷ ᠨᠡᠶᠢᠲᠡᠯᠡᠭᠳᠡᠵᠦ ᠂ 2006 ᠣᠨ ᠤ 5 ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠡᠴᠠ ᠵᠢᠷᠭᠤᠳᠤᠭᠠᠷ ᠪᠦᠯᠦᠭ  ᠤᠯᠤᠰ ᠤᠨ ᠳᠡᠰ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠭᠣᠣᠯᠳᠠᠯᠭ᠎ᠠ ᠲᠠᠶ ᠨᠢᠭᠡᠴᠡ ᠪᠠᠷ ᠨᠡᠶᠢᠲᠡᠯᠡᠭᠰᠡᠨ ᠪᠠᠶᠢᠨ᠎ᠠ᠃

ᠵᠣᠬᠢᠶᠠᠭᠴᠢ:
ᠢᠷᠡᠯᠲᠡ: