《 ᠮᠣᠩᠭᠣᠯ ᠲᠠᠷᠢᠶᠠᠴᠢᠨ 》 ᠰᠡᠳᠬᠦᠯ ᠤᠨ ᠲᠠᠷᠬᠠᠯᠲᠠ( 1925 ᠣᠨ )
ᠥᠪᠥᠷ ᠮᠣᠩᠭᠣᠯ ᠤᠨ ᠨᠢᠭᠡ ᠪᠦᠯᠦᠭ ᠮᠣᠩᠭᠣᠯ ᠵᠠᠯᠠᠭᠤ ᠬᠤᠪᠢᠰᠬᠠᠯᠴᠢᠳ ᠡᠷᠡᠭᠦᠯ ᠴᠢᠭᠢᠷᠠᠭ ᠢᠶᠠᠷ ᠦᠰᠤᠨ ᠪᠣᠶᠢᠵᠢᠭᠰᠠᠨ ᠤ ᠳᠠᠷᠠᠭ᠎ᠠ᠂ ᠥᠪᠥᠷ ᠮᠣᠩᠭᠣᠯ ᠤᠨ ᠡᠯ᠎ᠡ ᠦᠨᠳᠦᠰᠦᠲᠡᠨ ᠤ ᠠᠷᠠᠳ ᠲᠦᠮᠡᠨ ᠳ᠋ᠤ ᠬᠤᠪᠢᠰᠬᠠᠯ ᠢ ᠰᠤᠷᠲᠠᠯᠴᠢᠯᠠᠨ ᠂ ᠦᠨᠳᠦᠰᠦᠲᠡᠨ ᠤ ᠠᠷᠠᠳᠴᠢᠯᠠᠭᠰᠠᠨ ᠴᠢᠯᠥᠭᠡᠯᠡᠯᠲᠡ ᠶ᠋ᠢᠨ ᠲᠡᠮᠡᠴᠡᠯ ᠶ᠋ᠢ ᠡᠭᠦᠰᠭᠡᠬᠦ ᠶ᠋ᠢᠨ ᠲᠦᠯᠦᠭᠡ ᠂ ᠯᠢ ᠳ᠋ᠡ ᠵᠤᠤ ᠬᠢᠭᠡᠳ ᠳᠤᠮᠳᠠᠳᠤ ᠤᠯᠤᠰ ᠦᠨ ᠡᠪ ᠬᠠᠮᠲᠤ ᠨᠠᠮ ᠤᠨ ᠤᠮᠠᠷᠠᠲᠤ ᠶ᠋ᠢᠨ ᠬᠤᠷᠢᠶᠠᠯᠠᠯ ᠡᠴᠠ ᠲᠡᠳᠡᠨ ᠢ ᠥᠪᠡᠷᠮᠢᠴᠡ ᠬᠡᠪ ᠨᠠᠮᠪᠠ ᠲᠠᠢ ᠲᠡᠷᠡᠴᠢᠯᠡᠨ ᠥᠪᠥᠷ ᠮᠣᠩᠭᠣᠯ ᠤᠨ ᠪᠤᠳᠠᠳᠠᠢ ᠪᠠᠶᠢᠳᠠᠯ ᠢᠶᠠᠷ ᠠᠭᠤᠯᠭ᠎ᠠ ᠪᠠᠨ ᠪᠤᠯᠭᠠᠭᠰᠠᠨ ᠬᠤᠪᠢᠰᠬᠠᠯᠲᠤ ᠰᠡᠳᠬᠦᠯ ᠢ ᠡᠷᠬᠢᠯᠡᠬᠦ ᠶ᠋ᠢ ᠵᠦᠪᠰᠢᠶᠡᠷᠡᠨ ᠲᠤᠭᠲᠠᠭᠠᠭᠰᠠᠨ ᠪᠠᠶᠢᠨ᠎ᠠ ᠃ ᠡᠭᠦᠨ ᠳ᠋ᠦ ᠳ᠋ᠦᠸᠸ ᠰᠦᠩ ᠨᠢᠶᠠᠨ ᠂ ᠶᠦᠨ ᠽᠸ ᠂ ᠺᠦᠢ ᠪᠢ ᠨᠡᠷ ᠪᠤᠯ ᠭᠤᠤᠯᠯᠠᠨ ᠡᠷᠬᠢᠯᠡᠭᠴᠢ ᠪᠤᠯᠬᠤ ᠶᠤᠮ᠃ ᠬᠡᠳᠦ ᠤᠳᠠᠭᠠᠨ ᠤ ᠲᠤᠩᠭᠠᠨ ᠪᠤᠳᠤᠯᠲᠠ ᠢ ᠳᠠᠮᠵᠢᠨ ᠡᠨᠡᠬᠦ ᠰᠡᠳᠬᠦᠯ ᠢ《 ᠮᠣᠩᠭᠣᠯ ᠲᠠᠷᠢᠶᠠᠴᠢᠨ 》ᠬᠡᠮᠡᠨ ᠨᠡᠷᠡᠶᠢᠳᠴᠠᠢ᠃
《 ᠮᠣᠩᠭᠣᠯ ᠲᠠᠷᠢᠶᠠᠴᠢᠨ 》 ᠰᠡᠳᠬᠦᠯ ᠦᠨ ᠨᠢᠭᠡᠳᠦᠭᠡᠷ ᠬᠤᠭᠤᠴᠠᠭᠠᠨ ᠤ ᠬᠡᠪᠯᠡᠯ ᠨᠢ 1925 ᠤᠨ ᠤ 4 ᠰᠠᠷ᠎ᠠ ᠶ᠋ᠢᠨ 28 ᠦ ᠡᠳᠦᠷ ᠪᠠᠶᠢᠵᠦ ᠂ ᠡᠨᠡ ᠨᠢ ᠮᠦᠨ ᠴᠤ ᠬᠡᠪᠯᠡᠯ ᠡᠬᠢᠯᠡᠭᠰᠡᠨ ᠡᠳᠦᠷ ᠬᠤᠭᠤᠴᠠᠭ᠎ᠠ ᠪᠤᠯᠬᠤ ᠶᠤᠮ ᠃《 ᠮᠣᠩᠭᠣᠯ ᠲᠠᠷᠢᠶᠠᠴᠢᠨ 》 ᠰᠡᠳᠬᠦᠯ ᠨᠢ ᠰᠡᠳᠬᠦᠯ ᠦᠨ ᠨᠡᠷ᠎ᠡ ᠪᠠᠨ ᠮᠣᠩᠭᠣᠯ ᠬᠢᠲᠠᠳ ᠬᠣᠶᠠᠷ ᠵᠦᠢᠯ ᠦᠨ ᠦᠰᠦᠭ ᠪᠢᠴᠢᠭ ᠢᠶ᠋ᠡᠷ ᠪᠢᠴᠢᠵᠦ ᠂ 64 ᠵᠢᠰᠦᠮ ᠤᠨ ᠪᠦᠭᠡᠳ ᠬᠤᠭᠤᠴᠠᠭ᠎ᠠ ᠪᠦᠷᠢ 15 ᠨᠢᠭᠤᠷ ᠣᠷᠴᠢᠮ ᠪᠠᠶᠢᠳᠠᠭ ᠃ ᠬᠤᠪᠢ ᠪᠦᠷᠢ ᠶ᠋ᠢᠨ ᠬᠤᠳᠠᠯᠳᠤᠬᠤ ᠦᠨ᠎ᠡ ᠬᠠᠩᠰᠢ ᠨᠢ ᠬᠣᠶᠠᠷ ᠵᠡᠰ ᠵᠤᠭᠤᠰ ᠂ ᠲᠠᠷᠢᠶᠠᠴᠢᠨ ᠪᠤᠯ ᠬᠠᠭᠠᠰ ᠦᠨ᠎ᠡ ᠂ ᠬᠠᠷᠢᠯᠴᠠᠬᠤ ᠬᠥᠮᠦᠨ ᠨᠢ ᠪᠡᠭᠡᠵᠢᠩ ᠤᠨ ᠮᠣᠩᠭᠣᠯ ᠲᠥᠪᠡᠳ ᠰᠤᠷᠭᠠᠭᠤᠯᠢ ᠶ᠋ᠢᠨ ᠺᠦᠢ ᠪᠢ ᠬᠡᠮᠡᠨ ᠬᠠᠪᠢᠰᠤᠨ ᠭᠠᠳᠠᠷ ᠲᠦ ᠲᠤᠳᠤᠷᠬᠠᠶᠢᠯᠠᠭᠰᠠᠨ ᠪᠠᠶᠢᠳᠠᠭ ᠃ ᠬᠡᠪᠯᠡᠯ ᠨᠡᠶᠢᠲᠡᠯᠡᠭᠰᠡᠨ ᠬᠤᠭᠤᠴᠠᠭᠠᠨ ᠤ ᠲᠤᠬᠠᠢ ᠠᠳᠠᠯᠢ ᠪᠤᠰᠤ ᠶ᠋ᠢᠨ ᠦᠵᠡᠯᠲᠡ ᠤᠷᠤᠰᠢᠵᠦ᠂ ᠣᠳᠣᠬᠠᠨ ᠳᠠᠭᠠᠨ ᠲᠥᠪ ᠤᠨ ᠳᠠᠨᠭᠰᠠ ᠡᠪᠬᠡᠮᠡᠯ ᠤᠨ ᠭᠠᠵᠠᠷ ᠲᠤ ᠵᠦᠪᠬᠡᠨ ᠨᠢᠭᠡᠳᠦᠭᠡᠷ ᠂ ᠬᠣᠶᠠᠳᠤᠭᠠᠷ ᠬᠤᠭᠤᠴᠠᠭᠠᠨ ᠤ ᠬᠢ ᠯᠠ ᠬᠠᠳᠠᠭᠠᠯᠠᠭᠳᠠᠵᠦ ᠪᠤᠢ ᠃ ᠡᠨᠡᠬᠦ ᠬᠣᠶᠠᠷ ᠬᠤᠭᠤᠴᠠᠭ᠎ᠠ ᠶ᠋ᠢ ᠠᠵᠢᠭᠯᠠᠪᠠᠯ ᠂ ᠠᠭᠤᠯᠭ᠎ᠠ ᠨᠢ ᠡᠯᠪᠡᠭ ᠪᠠᠶᠠᠯᠢᠭ ᠂ ᠭᠣᠣᠯ ᠰᠡᠳᠦᠪ ᠨᠢ ᠢᠯᠭᠤᠮ ᠲᠣᠳᠣ ᠂ ᠰᠡᠳᠦᠪᠯᠡᠬᠦᠨ ᠨᠢ ᠣᠯᠠᠨ ᠶᠠᠩᠵᠤ ᠶ᠋ᠢᠨ ᠪᠠᠶᠢᠵᠦ ᠂ ᠬᠡᠯᠡ ᠬᠡᠯᠡᠯᠭᠡ ᠨᠢ ᠤᠷᠤᠰᠤᠮ᠎ᠠ ᠣᠶᠢᠯᠠᠭᠠᠮᠵᠢᠲᠠᠶ ᠂ ᠤᠨᠤᠯ ᠬᠢᠭᠡᠳ ᠪᠣᠳᠠᠲᠤ ᠪᠠᠶᠢᠳᠠᠯ ᠨᠢᠭᠲᠠ ᠤᠶᠠᠯᠳᠤᠵᠦ ᠪᠠᠶᠢᠬᠤ ᠪᠠᠷ ᠦᠯᠦ ᠪᠠᠷᠠᠮ ᠪᠠᠰᠠ ᠡᠯ᠎ᠡ ᠵᠦᠢᠯ ᠤᠨ ᠢᠯᠡ ᠲᠣᠳᠣᠷᠠᠭᠤᠨ ᠪᠤᠯᠤᠩ ᠲᠠᠢ ᠪᠠᠶᠢᠳᠠᠭ ᠃ ᠵᠢᠱᠢᠶᠡᠯᠡᠪᠡᠯ 《 ᠤᠯᠤᠰ ᠲᠦᠷᠦ ᠶᠢᠨ ᠰᠢᠭᠦᠮᠵᠢ 》 ᠂ 《 ᠵᠣᠪᠠᠯᠠᠩ ᠲᠤᠭᠠᠴᠢᠯ 》 ᠂ 《 ᠬᠦᠮᠦᠨ ᠢ ᠤᠬᠠᠭᠠᠷᠠᠭᠤᠯᠬᠤ ᠲᠡᠮᠳᠡᠭᠯᠡᠯ 》 ᠂ 《 ᠰᠠᠶᠢᠨ ᠠᠷᠭ᠎ᠠ ᠪᠤᠳᠤᠯᠭ᠎ᠠ 》 ᠂《 ᠮᠣᠩᠭᠣᠯ ᠳᠠᠭᠤᠤ 》 ᠂ 《 ᠠᠷᠤ ᠮᠣᠩᠭᠣᠯ ᠤᠨ ᠠᠷᠠᠳ ᠤᠨ ᠠᠮᠢᠳᠤᠷᠠᠯ 》 ᠵᠡᠷᠭᠡ ᠪᠠᠶᠢᠵᠦ ᠂ ᠤᠩᠰᠢᠬᠤ ᠳ᠋ᠤ ᠰᠢᠨ᠎ᠡ ᠰᠡᠪᠡᠭᠦᠨ ᠪᠦᠭᠡᠳ ᠰᠡᠳᠬᠢᠯ ᠬᠦᠳᠡᠯᠭᠡᠮ᠎ᠡ ᠪᠠᠶᠢᠳᠠᠭ ᠃
《 ᠮᠣᠩᠭᠣᠯ ᠲᠠᠷᠢᠶᠠᠴᠢᠨ 》 ᠰᠡᠳᠬᠦᠯ ᠤᠨ ᠰᠡᠳᠬᠦᠯ ᠡᠷᠬᠢᠯᠡᠬᠦ ᠵᠣᠷᠢᠯᠲᠠ ᠨᠢ ᠮᠠᠰᠢ ᠲᠣᠳᠣᠷᠬᠠᠶ ᠪᠠᠶᠢᠳᠠᠭ ᠃ ᠳᠠᠷᠤᠶ ᠥᠪᠥᠷ ᠮᠣᠩᠭᠣᠯ ᠤᠨ ᠪᠣᠳᠠᠲᠤ ᠪᠠᠶᠢᠳᠠᠯ ᠲᠠᠶ ᠤᠶᠠᠯᠳᠤᠭᠤᠯᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠷᠬᠡᠭ ᠲᠦᠷᠢᠮᠡᠭᠡᠢᠢᠳᠡᠨ ᠬᠢᠭᠡᠳ ᠹᠸᠤᠳᠠᠯ ᠢ ᠡᠰᠡᠷᠭᠦᠴᠡᠬᠦ ᠦᠨᠳᠦᠰᠦᠲᠡᠨ ᠤ ᠠᠷᠠᠳᠴᠢᠯᠠᠭᠰᠠᠨ ᠬᠤᠪᠢᠰᠬᠠᠯ ᠤᠨ ᠬᠥᠲᠥᠯᠪᠦᠷᠢ ᠢ ᠤᠬᠠᠭᠤᠯᠬᠤ ᠶᠠᠪᠤᠳᠠᠯ ᠪᠤᠯᠬᠤ ᠶᠤᠮ ᠃ ᠨᠢᠭᠡᠳᠦᠭᠡᠷ ᠬᠤᠭᠤᠴᠠᠭᠠᠨ ᠤ ᠠᠩᠬᠠᠳᠠᠭᠴᠢ ᠵᠣᠬᠢᠶᠠᠯ ᠨᠢ 《ᠡᠬᠢᠯᠡᠯᠲᠡ ᠶ᠋ᠢᠨ ᠦᠭᠡ 》 ᠭᠡᠳᠡᠭ ᠢᠶᠠᠷ ᠰᠡᠳᠦᠪ ᠪᠤᠯᠭᠠᠨ ᠂ ᠵᠥᠪᠬᠡᠨ 16 ᠦᠰᠦᠭ ᠬᠡᠷᠡᠭᠯᠡᠵᠡᠢ ᠃ ᠳᠠᠷᠤᠢ 《 ᠮᠣᠩᠭᠣᠯ ᠲᠠᠷᠢᠶᠠᠴᠢᠳ ᠤᠨ ᠥᠰᠢᠶᠡᠲᠡᠨ ᠪᠣᠯ ︱ ᠴᠡᠷᠢᠭ ᠤᠨ ᠡᠷᠬᠡᠲᠡᠨ ᠂ ᠡᠵᠡᠷᠬᠡᠭ ᠲᠦ᠋ᠷᠢᠮᠡᠬᠡᠢᠢᠲᠡᠨ ᠂ ᠸᠠᠩ ᠭᠦᠩ 》 ᠬᠡᠮᠡᠵᠦ ᠂ ᠵᠤᠬᠢᠶᠠᠯ ᠡᠬᠢᠯᠡᠮᠡᠭᠴᠡ ᠪᠡᠨ《 ᠮᠣᠩᠭᠣᠯ ᠲᠠᠷᠢᠶᠠᠴᠢᠨ 》 ᠪᠤᠯ ᠳᠠᠷᠤᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠷᠬᠡᠭ ᠲᠦᠷᠢᠮᠡᠬᠡᠢᠢᠳᠡᠨ ᠬᠢᠭᠡᠳ ᠹᠧᠣᠳᠠᠯ ᠢ ᠡᠰᠡᠷᠭᠦᠴᠡᠬᠦ ᠠᠷᠠᠳᠴᠢᠯᠠᠭᠰᠠᠨ ᠬᠤᠪᠢᠰᠬᠠᠯ ᠤᠨ ᠬᠥᠲᠥᠯᠪᠦᠷᠢ ᠢ ᠰᠤᠷᠲᠠᠯᠴᠢᠯᠠᠬᠤ ᠪᠠᠷ ᠵᠣᠷᠢᠯᠲᠠ ᠪᠠᠨ ᠪᠤᠯᠭᠠᠭᠰᠠᠨ ᠰᠡᠳᠬᠦᠯ ᠬᠡᠮᠡᠵᠦ᠂ ᠴᠡᠷᠢᠭ ᠤᠨ ᠡᠷᠬᠡᠲᠡᠨ ᠬᠢᠭᠡᠳ ᠸᠠᠩ ᠭᠦᠩ ᠦ᠋ᠨ ᠥᠪᠥᠷ ᠮᠣᠩᠭᠣᠯ ᠤᠨ ᠠᠷᠠᠳ ᠲᠦᠮᠡᠨ ᠳ᠋ᠤ ᠶᠠᠪᠤᠭᠤᠯᠤᠭᠰᠠᠨ ᠳᠠᠷᠤᠯᠠᠯ ᠮᠥᠯᠵᠢᠯ ᠪᠤᠯᠤᠨ ᠡᠵᠡᠷᠬᠡᠭᠯᠡᠯ ᠲᠦᠷᠢᠮᠡᠬᠡᠶᠢᠯᠡᠯ ᠢ ᠢᠯᠡᠴᠢᠯᠡᠬᠦ ᠪᠡᠷ ᠪᠠᠷᠠᠬᠤ ᠦᠭᠡᠢ ᠡᠨᠡ ᠭᠤᠷᠪᠠ ᠪᠣᠯ ᠳᠠᠷᠤᠢ ᠮᠣᠩᠭᠣᠯ ᠲᠠᠷᠢᠶᠠᠴᠢᠳ ᠤᠨ ᠥᠰᠢᠶᠡᠲᠡᠨ ᠬᠡᠮᠡᠨ ᠰᠢᠭᠤᠳ ᠵᠢᠭᠠᠵᠤ ᠭᠠᠷᠭᠠᠵᠠᠢ ᠃ ᠠᠭᠤᠯᠭ᠎ᠠ ᠨᠢ ᠬᠡᠳᠦᠶᠢᠪᠡᠷ ᠴᠢᠬᠤᠯᠠ ᠮᠦᠷᠲᠡᠭᠡᠨ ᠭᠦᠨᠵᠡᠭᠡᠶ ᠪᠠᠶᠢᠭᠰᠠᠨ ᠴᠤ ᠢᠯᠡᠳᠬᠡᠮᠵᠢ ᠨᠢ ᠲᠣᠪᠴᠢ ᠲᠤᠳᠤᠷᠬᠠᠢ ᠪᠠᠶᠢᠵᠦ ᠂ ᠦᠨᠡᠨᠬᠦ ᠭᠠᠶᠢᠬᠠᠮᠰᠢᠭᠲᠤ ᠪᠦᠲᠦᠭᠡᠯ ᠪᠤᠯᠬᠤ ᠶᠤᠮ ᠃ ᠡᠨᠡ ᠨᠢ ᠮᠦᠨ ᠴᠤ《 ᠮᠣᠩᠭᠣᠯ ᠲᠠᠷᠢᠶᠠᠴᠢᠨ 》 ᠰᠡᠳᠬᠦᠯ ᠤᠨ ᠬᠡᠪᠯᠡᠯ ᠡᠬᠢᠯᠡᠬᠦ ᠦᠭᠡ ᠭᠡᠵᠦ ᠬᠡᠯᠡᠵᠦ ᠪᠤᠯᠤᠮᠠᠷ ᠃
《 ᠮᠣᠩᠭᠣᠯ ᠲᠠᠷᠢᠶᠠᠴᠢᠨ 》 ᠰᠡᠳᠬᠦᠯ ᠦᠨ ᠬᠣᠶᠠᠳᠤᠭᠠᠷ ᠵᠣᠬᠢᠶᠠᠯ ᠨᠢ《 ᠶᠠᠭᠠᠬᠢᠭᠠᠳ ᠡᠨᠡ ᠰᠡᠳᠬᠦᠯ ᠢ ᠭᠠᠷᠭᠠᠬᠤ ᠪᠤᠢ?》 ᠭᠡᠳᠡᠭ ᠢᠶ᠋ᠡᠷ ᠰᠡᠳᠦᠪ ᠪᠤᠯᠭᠠᠵᠦ ᠂ ᠴᠡᠷᠢᠭ ᠤᠨ ᠡᠷᠬᠡᠲᠡᠨ ᠂ ᠡᠵᠡᠷᠬᠡᠭ ᠲᠦ᠋ᠷᠢᠮᠡᠬᠡᠢᠢᠲᠡᠨ ᠂ ᠸᠠᠩ ᠭᠦᠩ ᠨᠢ ᠮᠣᠩᠭᠣᠯ ᠲᠠᠷᠢᠶᠠᠴᠢᠳ ᠤᠨ ᠥᠰᠢᠶᠡᠲᠡᠨ ᠪᠤᠯᠬᠤ ᠲᠤᠬᠠᠢ ᠪᠤᠳᠠᠳᠠᠢ ᠪᠦᠭᠡᠳ ᠭᠦᠨᠵᠡᠭᠡᠢ ᠦᠭᠦᠯᠡᠭᠰᠡᠨ ᠶᠤᠮ ᠃ ᠵᠤᠬᠢᠶᠠᠯ ᠤᠨ ᠡᠬᠢᠯᠡᠯᠲᠡ ᠳ᠋ᠦ ᠥᠪᠥᠷ ᠮᠣᠩᠭᠣᠯ ᠤᠨ ᠭᠠᠵᠠᠷ ᠵᠦᠢ ᠶ᠋ᠢᠨ ᠬᠡᠪᠴᠢᠶ᠎ᠡ ᠶ᠋ᠢ ᠲᠠᠨᠢᠯᠴᠠᠭᠤᠯᠤᠭᠰᠠᠨ ᠪᠠᠶᠢᠳᠠᠭ ᠃ ᠲᠤᠬᠠᠶᠢᠯᠠᠪᠠᠯ《 ᠳᠤᠮᠳᠠᠳᠤ ᠢᠷᠭᠡᠨ ᠤᠯᠤᠰ ᠤᠨ ᠤᠮᠠᠷᠠᠲᠤ ᠬᠡᠰᠡᠭ ᠦᠨ ᠤᠷᠤᠨ᠂ ᠠᠷᠤ ᠮᠣᠩᠭᠣᠯ ᠤᠨ ᠡᠮᠦᠨ᠎ᠡ ᠬᠡᠰᠡᠭ ᠂ ᠷᠸᠾᠸ ᠂ ᠴᠠᠬᠠᠷ ᠂ ᠰᠦᠢᠶᠤᠸᠠᠨ ᠭᠤᠷᠪᠠᠨ ᠣᠨᠴᠠᠭᠠᠶ ᠣᠷᠣᠨ ᠪᠠ ᠪᠠᠷᠠᠭᠤᠨ ᠲᠤᠬᠤᠢ ᠮᠤᠩᠭᠤᠯ( ᠠᠯᠠᠱᠠ ᠬᠤᠰᠢᠭᠤ ᠪᠠ ᠡᠵᠡᠨ᠎ᠡ ᠬᠣᠰᠢᠭᠤ ) ᠵᠡᠷᠷᠭᠡ ᠣᠷᠣᠨ ᠨᠤᠲᠤᠭ ᠢ ᠬᠠᠮᠳᠤᠳᠬᠠᠨ 《 ᠦᠪᠦᠷ ᠮᠤᠩᠭᠤᠯ 》 ᠭᠡᠵᠦ ᠨᠡᠷᠡᠯᠡᠳᠡᠭ ᠭᠡᠵᠠᠢ ᠃ ᠵᠠᠯᠭᠠᠭᠠᠳ ᠂《 ᠭᠤᠷᠪᠠᠨ ᠮᠠᠭᠤ ᠬᠤᠪᠢ ᠵᠠᠶᠠᠭ᠎ᠠ 》 ᠭᠡᠳᠡᠭ ᠢᠶᠠᠷ ᠠᠭᠤᠯᠭ᠎ᠠ ᠪᠠᠷ ᠥᠪᠥᠷ ᠮᠣᠩᠭᠣᠯ ᠤᠨ ᠲᠠᠷᠢᠶᠠᠴᠢᠳ ᠤᠨ ᠭᠠᠰᠢᠭᠤᠨ ᠵᠣᠪᠠᠯᠠᠩᠲᠤ ᠠᠬᠤᠶ ᠪᠠᠶᠢᠳᠠᠯ ᠢ ᠲᠤᠭᠠᠴᠢᠨ ᠂ ᠴᠡᠷᠢᠭ ᠤᠨ ᠡᠷᠬᠡᠲᠡᠨ ᠂ ᠸᠠᠩ ᠭᠦᠩ ᠨᠠᠷ ᠤᠨ ᠳᠠᠷᠤᠯᠠᠯ ᠮᠥᠯᠵᠢᠯ ᠪᠤᠯᠤᠨ ᠡᠵᠡᠷᠬᠡᠭ ᠲᠦᠷᠢᠮᠡᠬᠡᠶᠢᠯᠡᠯ ᠢ ᠢᠯᠡᠴᠢᠯᠡᠭᠰᠡᠨ ᠪᠠᠶᠢᠨ᠎ᠠ᠄ ᠡᠭᠦᠨ ᠳ᠋ᠦ ᠨᠢᠭᠡᠳᠦᠭᠡᠷ ᠲᠦ ᠂ ᠮᠠᠭᠤ ᠬᠤᠪᠢ ᠵᠠᠶᠠᠭ᠎ᠠ ᠨᠢ ᠴᠡᠷᠢᠭ ᠤᠨ ᠡᠷᠬᠡᠲᠡᠨ ᠤ ᠳᠠᠷᠤᠯᠠᠯ ᠮᠦᠯᠵᠢᠯ ᠪᠤᠯᠢᠶᠠᠨ ᠳᠡᠭᠡᠷᠡᠮᠳᠡᠯᠭᠡ ᠡᠴᠠ ᠪᠤᠯᠤᠭᠰᠠᠨ ᠥᠪᠥᠷ ᠮᠣᠩᠭᠣᠯ ᠤᠨ ᠲᠠᠷᠢᠶᠠᠴᠢᠳ ᠲᠤ ᠤᠴᠠᠷᠠᠭᠤᠯᠤᠭᠰᠠᠨ ᠭᠠᠰᠠᠯᠠᠩ ᠵᠣᠪᠠᠯᠠᠩ ᠢ ᠵᠢᠭᠠᠳᠠᠭ᠃ ᠬᠣᠶᠠᠳᠤᠭᠠᠷ ᠮᠠᠭᠤ ᠬᠤᠪᠢ ᠵᠠᠶᠠᠭ᠎ᠠ ᠭᠡᠳᠡᠭ ᠨᠢ ᠮᠣᠩᠭᠣᠯ ᠸᠠᠩ ᠭᠦᠩ ᠡᠴᠠ ᠶᠠᠪᠤᠭᠤᠯᠤᠭᠰᠠᠨ ᠡᠷᠭᠡᠲᠦ ᠳᠠᠷᠤᠩᠭᠤᠶᠢᠯᠠᠯ ᠢ ᠵᠢᠭᠠᠳᠠᠭ᠃ ᠡᠵᠡᠷᠭᠡᠭ ᠲᠦᠷᠢᠮᠡᠬᠡᠢ ᠤᠯᠤᠰ ᠤᠨ ᠲᠦᠷᠢᠮᠡᠬᠡᠶᠢᠯᠡᠯ ᠬᠢᠭᠡᠳ ᠪᠤᠯᠢᠶᠠᠨ ᠳᠡᠭᠡᠷᠡᠮᠳᠡᠯᠭᠡ ᠨᠢ ᠮᠤᠩᠭᠤᠯ ᠲᠠᠷᠢᠶᠠᠴᠢᠳ ᠤᠨ ᠭᠤᠷᠪᠠᠳᠤᠭᠠᠷ ᠮᠠᠭᠤ ᠬᠤᠪᠢ ᠵᠠᠶᠠᠭ᠎ᠠ ᠢ ᠪᠤᠢ ᠪᠤᠯᠭᠠᠭᠰᠠᠨ ᠪᠠᠶᠢᠨ᠎ᠠ ᠃ 《 ᠮᠣᠩᠭᠣᠯ ᠲᠠᠷᠢᠶᠠᠴᠢᠨ 》 ᠰᠡᠳᠬᠦᠯ ᠨᠢ ᠮᠣᠩᠭᠣᠯ ᠲᠠᠷᠢᠶᠠᠴᠢᠳ ᠤᠨ ᠭᠤᠷᠪᠠᠨ ᠮᠠᠭᠤ ᠬᠤᠪᠢ ᠵᠠᠶᠠᠭ᠎ᠠ ᠶ᠋ᠢ ᠦᠭᠦᠯᠡᠬᠦ ᠪᠡᠷ ᠳᠠᠮᠵᠢᠨ ᠨᠠᠮ ᠤᠨ ᠡᠵᠡᠷᠬᠡᠭ ᠲᠤᠢᠷᠢᠮᠡᠭᠡᠢᠢᠳᠡᠠ ᠬᠢᠭᠡᠳ ᠹᠧᠣᠳᠠᠯ ᠢ ᠡᠰᠡᠷᠭᠦᠴᠡᠬᠦ ᠬᠤᠪᠢᠰᠬᠠᠯᠲᠤ ᠬᠥᠲᠥᠯᠪᠦᠷᠢ ᠶ᠋ᠢ ᠮᠠᠰᠢ ᠤᠨᠤᠪᠴᠢᠲᠠᠢ ᠰᠤᠷᠲᠠᠯᠴᠢᠯᠠᠵᠦ ᠂ ᠡᠭᠦᠨ ᠦ ᠳᠡᠭᠦᠰᠭᠡᠯ ᠳ᠋ᠦ ᠮᠦᠨ《 ᠲᠡᠭᠷᠢ ᠭᠠᠵᠠᠷ ᠤᠨ ᠳᠤᠮᠳᠠ ᠴᠡᠷᠢᠭ ᠤᠨ ᠡᠷᠬᠡᠲᠡᠨ ᠮᠦᠬᠦᠬᠦ ᠡᠴᠡ ᠡᠮᠦᠨ᠎ᠡ ᠠᠷᠠᠳ ᠢᠷᠭᠡᠳ ᠵᠣᠪᠠᠯᠠᠩ ᠠᠮᠰᠠᠬᠤ ᠡᠴᠠ ᠵᠠᠶᠢᠯᠠᠵᠤ ᠴᠢᠳᠠᠬᠤ ᠦᠭᠡᠢ᠃ ᠸᠠᠩ ᠭᠦᠩ ᠮᠦᠬᠦᠬᠦ ᠡᠴᠡ ᠡᠮᠦᠨ᠎ᠡ ᠠᠷᠠᠳ ᠲᠦᠮᠡᠨ ᠡᠮᠭᠡᠨᠢᠯ ᠡᠴᠡ ᠮᠤᠯᠳᠤᠷᠠᠵᠤ ᠴᠢᠳᠠᠬᠤ ᠦᠬᠡᠢ ᠃ ᠬᠦᠴᠦᠷᠬᠡᠭ ᠨᠢ ᠪᠠᠭᠤᠷᠠᠢ ᠪᠡᠨ ᠳᠠᠷᠤᠯᠠᠵᠦ ᠵᠤᠪᠠᠨᠢᠯ ᠦᠯᠦ ᠠᠷᠢᠯᠬᠤ》 ᠬᠡᠮᠡᠨ《 ᠮᠣᠩᠭᠣᠯ ᠳᠠᠭᠤᠤ 》 ᠳᠣᠲᠣᠷᠠᠬᠢ ᠨᠢᠭᠡ ᠪᠠᠳᠠᠭ ᠰᠢᠯᠦᠭ ᠪᠠᠷ ᠡᠨᠡᠬᠦ ᠭᠤᠷᠪᠠᠨ ᠮᠠᠭᠤ ᠬᠤᠪᠢ ᠵᠠᠶᠠᠭ᠎ᠠ ᠶ᠋ᠢ ᠮᠠᠰᠢ ᠳᠦᠷᠰᠦᠯᠢᠭ ᠢᠶᠠᠷ ᠬᠤᠷᠢᠶᠠᠩᠭᠤᠶᠢᠯᠠᠨ ᠢᠯᠡᠳᠬᠡᠭᠰᠡᠨ ᠪᠠᠶᠢᠨ᠎ᠠ ᠃
《 ᠮᠣᠩᠭᠣᠯ ᠲᠠᠷᠢᠶᠠᠴᠢᠨ 》 ᠰᠡᠳᠬᠦᠯ ᠨᠢ《 ᠠᠷᠤ ᠮᠣᠩᠭᠣᠯ ᠤᠨ ᠠᠷᠠᠳ ᠤᠨ ᠠᠮᠢᠳᠤᠷᠠᠯ 》 ᠬᠡᠮᠡᠬᠦ ᠨᠢᠭᠡᠨ ᠪᠤᠯᠤᠩ ᠲᠠᠢ ᠪᠠᠶᠢᠵᠦ ᠂ ᠬᠥᠮᠦᠰ ᠤᠨ ᠠᠩᠬᠠᠷᠤᠯ ᠳ᠋ᠤ ᠬᠦᠷᠲᠡᠭ ᠠᠷᠤ ᠮᠣᠩᠭᠣᠯ ᠤᠨ ᠬᠤᠪᠢᠰᠬᠠᠯ ᠤᠨ ᠳᠠᠷᠠᠭᠠᠬᠢ ᠪᠠᠶᠢᠳᠠᠯ ᠢ ᠭᠤᠤᠯᠯᠠᠨ ᠲᠠᠨᠢᠯᠴᠠᠭᠤᠯᠤᠭᠰᠠᠨ ᠪᠠᠶᠢᠳᠠᠭ ᠃ ᠡᠨᠡ ᠬᠤᠶᠠᠷ ᠬᠤᠭᠤᠴᠠᠭᠠᠨ ᠳ᠋ᠤ ᠨᠡᠶᠢᠲᠡ ᠬᠣᠶᠠᠷ ᠵᠣᠬᠢᠶᠠᠯ ᠨᠡᠶᠢᠲᠡᠯᠡᠭᠰᠡᠨ ᠪᠠᠶᠢᠨ᠎ᠠ᠃ ᠠᠩᠬᠠᠳᠤᠭᠠᠷ ᠬᠤᠭᠤᠴᠠᠭᠠᠨ ᠤ《 ᠠᠷᠤ ᠮᠣᠩᠭᠣᠯ ᠤᠨ ᠪᠠᠶᠢᠳᠠᠯ ᠤᠨ ᠲᠤᠬᠠᠢ ᠡᠬᠢᠯᠡᠯᠲᠡ ᠶ᠋ᠢᠨ ᠦᠭᠡ 》ᠳᠤᠮᠳᠠ ᠂ ᠡᠩ ᠲᠡᠷᠢᠭᠦᠨ ᠳ᠋ᠤ ᠬᠤᠪᠢᠰᠬᠠᠯ ᠢᠯᠠᠯᠲᠠ ᠣᠯᠤᠭᠰᠠᠨ ᠤ ᠳᠠᠷᠠᠭ᠎ᠠ ᠠᠷᠤ ᠮᠣᠩᠭᠣᠯ ᠤᠨ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠰᠡᠨ ᠪᠠᠶᠢᠳᠠᠯ ᠢ《 ᠴᠡᠷᠢᠭ ᠤᠨ ᠡᠷᠬᠡᠲᠡᠨ ᠂ ᠸᠠᠩ ᠭᠦᠩ ᠬᠢᠭᠡᠳ ᠬᠠᠷᠢ ᠶ᠋ᠢᠨ ᠳᠠᠷᠤᠯᠠᠯ 》 ᠢ ᠠᠮᠰᠠᠵᠦ ᠵᠤᠪᠠᠯᠠᠩ ᠵᠦᠳᠡᠭᠦᠷᠢ ᠶ᠋ᠢᠨ ᠳᠤᠮᠳᠠ ᠤᠷᠤᠰᠢᠵᠦ ᠪᠠᠶᠢᠭ᠎ᠠ ᠦᠪᠦᠷ ᠮᠤᠩᠭᠤᠯ ᠲᠠᠢ ᠬᠠᠷᠢᠴᠠᠭᠤᠯᠬᠤ ᠪᠠᠷ ᠳᠠᠮᠵᠢᠨ《 ᠡᠭᠦᠨ ᠳᠣᠲᠣᠷ᠎ᠠ ᠭᠦᠨ ᠮᠡᠷᠭᠡᠨ ᠶᠣᠰᠣ ᠭᠡᠵᠦ ᠪᠠᠶᠢᠬᠤ ᠦᠭᠡᠢ ᠁ ᠥᠪᠥᠷ ᠮᠣᠩᠭᠣᠯ ᠤᠨ ᠠᠷᠠᠳ ᠲᠦᠮᠡᠨ ᠵᠣᠪᠠᠯᠠᠩ ᠠᠮᠰᠠᠵᠦ ᠪᠠᠶᠢᠭ᠎ᠠ ᠨᠢ ᠥᠪᠥᠷ ᠮᠣᠩᠭᠣᠯ ᠤᠨ ᠠᠷᠠᠳ ᠲᠦᠮᠡᠨ ᠤ ᠬᠤᠪᠢ ᠵᠠᠶᠠᠭ᠎ᠠ ᠮᠠᠭᠤ ᠭᠡᠰᠡᠨ ᠶᠠᠪᠤᠳᠠᠯ ᠪᠢᠰᠢ᠃ ᠠᠷᠤ ᠮᠣᠩᠭᠣᠯ ᠤᠨ ᠠᠷᠠᠳ ᠲᠦᠮᠡᠨ ᠵᠢᠷᠭᠠᠯ ᠡᠳ᠋ᠯᠡᠵᠦ ᠪᠠᠶᠢᠭ᠎ᠠ ᠨᠢ ᠪᠤᠷᠬᠠᠨ ᠲᠩᠷᠢ ᠶ᠋ᠢᠨ ᠶᠠᠮᠠᠷ ᠨᠢᠭᠡᠨ ᠰᠠᠬᠢᠭᠤᠯᠰᠤᠨ ᠪᠤᠶᠤ ᠸᠠᠩ ᠨᠣᠶᠠᠨ ᠡᠴᠠ ᠲᠡᠳᠡᠨ ᠳ᠋ᠦ ᠰᠤᠶᠤᠷᠬᠠᠭᠰᠠᠨ ᠶᠠᠪᠤᠳᠠᠯ ᠤᠭᠲᠤ ᠪᠢᠰᠢ 》 ᠬᠡᠮᠡᠨ ᠵᠢᠭᠠᠨ ᠭᠠᠷᠭᠠᠵᠠᠢ ᠃《 ᠠᠷᠤ ᠮᠣᠩᠭᠣᠯ ᠤᠨ ᠪᠠᠶᠢᠳᠠᠯ 》 ᠬᠡᠳᠡᠭ ᠵᠣᠬᠢᠶᠠᠯ ᠳ᠋ᠠᠭᠠᠨ ᠥᠩᠭᠡᠷᠡᠭᠰᠡᠨ ᠳ᠋ᠦ ᠠᠷᠤ ᠮᠤᠩᠭᠤᠯ ᠨᠢ ᠥᠪᠥᠷ ᠮᠣᠩᠭᠣᠯ ᠲᠠᠢ ᠠᠳᠠᠯᠢᠬᠠᠨ ᠠᠬᠤᠢ ᠤᠷᠴᠢᠨ ᠳ᠋ᠤ ᠪᠠᠶᠢᠵᠦ ᠂ ᠸᠠᠩ ᠭᠦᠩ ᠤᠨ ᠳᠠᠷᠤᠯᠠᠯ ᠂ ᠳᠤᠮᠳᠠᠳᠤ ᠤᠯᠤᠰ ᠤᠨ ᠴᠡᠷᠢᠭ ᠤᠨ ᠡᠷᠬᠡᠲᠡᠨ ᠤ ᠳᠠᠷᠤᠯᠠᠯ ᠶ᠋ᠢ ᠠᠮᠰᠠᠵᠤ ᠪᠠᠶᠢᠵᠠᠢ ᠃ ᠲᠡᠷᠡᠴᠢᠯᠡᠨ ᠬᠤᠵᠢᠮ ᠨᠢ ᠤᠷᠤᠰ ᠤᠨ ᠴᠠᠭᠠᠨᠲᠠᠨ ᠤ ᠳᠠᠷᠤᠯᠠᠯ ᠢ ᠠᠮᠰᠠᠵᠤ ᠂ ᠠᠷᠤ ᠮᠣᠩᠭᠣᠯ ᠤᠨ ᠬᠡᠳᠦᠨ ᠵᠤᠷᠢᠭᠲᠤ ᠪᠠᠭᠠᠲᠤᠷ ᠡᠴᠠ ᠰᠦᠸᠡᠶᠢᠲ ᠤᠷᠤᠰ ᠲᠤ ᠬᠦᠷᠦᠨ ᠠᠪᠤᠷᠠᠯ ᠬᠦᠰᠡᠭᠰᠡᠨ ᠦ ᠳ᠋ᠦᠩ ᠳ᠋ᠦ ᠰᠦᠸᠡᠶᠢᠲ ᠤᠷᠤᠰ ᠡᠴᠡ ᠲᠡᠳᠡᠨ ᠦ ᠭᠤᠶᠤᠴᠢᠯᠠᠯ ᠢ ᠵᠦᠪᠰᠢᠶᠡᠷᠡᠨ᠂ ᠴᠡᠷᠢᠭ ᠭᠠᠷᠭᠠᠨ ᠴᠠᠭᠠᠨᠲᠠᠨ ᠤ ᠴᠡᠷᠢᠭ ᠢ ᠲᠦᠪᠰᠢᠳᠬᠡᠨ᠂ ᠮᠣᠩᠭᠣᠯ ᠤᠨ ᠬᠤᠪᠢᠰᠬᠠᠯᠲᠤ ᠨᠠᠮ ᠶ᠋ᠢ ᠬᠠᠪᠰᠤᠷᠤᠨ ᠸᠠᠩ ᠭᠦᠩ ᠢ ᠲᠦᠯᠬᠢᠨ ᠤᠨᠠᠭᠠᠵᠦ ᠂ ᠨᠢᠭᠡᠨ ᠪᠡᠶ᠎ᠡ ᠪᠡᠨ ᠳᠠᠭᠠᠭᠠᠭᠰᠠᠨ ᠵᠠᠰᠠᠭ ᠤᠨ ᠤᠷᠳᠤᠨ ᠢ ᠵᠣᠬᠢᠶᠠᠨ ᠪᠠᠶᠢᠭᠤᠯᠤᠭᠰᠠᠨ ᠪᠠᠶᠢᠨ᠎ᠠ ᠃ ᠡᠨᠡ ᠪᠣᠯ ᠳᠠᠷᠤᠶ ᠬᠠᠷᠢᠭᠤᠯᠲᠠ ᠃ ᠥᠪᠥᠷ ᠮᠣᠩᠭᠣᠯ ᠤᠨ ᠠᠷᠠᠳ ᠲᠦᠮᠡᠨ ᠴᠦ ᠮᠦᠨ ᠴᠡᠷᠢᠭ ᠤᠨ ᠡᠷᠬᠡᠲᠡᠨ ᠂ ᠡᠵᠡᠷᠬᠡᠭ ᠲᠦᠷᠢᠮᠡᠬᠡᠢᠢᠳᠡᠨ ᠬᠢᠭᠡᠳ ᠸᠠᠩ ᠭᠦᠩ ᠢ ᠲᠦᠯᠬᠢᠨ ᠤᠨᠠᠭᠠᠨ ᠂ ᠡᠨᠡᠬᠦ ᠡᠨᠡ ᠵᠠᠮ ᠢᠶᠠᠷ ᠶᠠᠪᠤᠬᠤ ᠬᠡᠷᠡᠭᠲᠡᠶ ᠃