ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠨᠢ (1945 ᠤᠨ ᠤ 4 ᠰᠠᠷ᠎ᠠ ᠡᠴᠠ 5 ᠰᠠᠷ᠎ᠠ ᠪᠤᠯᠲᠠᠯ᠎ᠠ )
ᠥᠪᠡᠷᠲᠡᠭᠡᠨ ᠵᠠᠰᠠᠬᠤ ᠬᠥᠳᠡᠯᠭᠡᠭᠡᠨ ᠤ ᠥᠪᠥᠷ ᠮᠣᠩᠭᠣᠯ ᠤᠨ ᠴᠢᠯᠥᠭᠡᠯᠡᠭᠳᠡᠭᠰᠡᠨ ᠣᠷᠣᠨ ᠳ᠋ᠤ ᠬᠢ ᠥᠷᠭᠡᠨ ᠳᠡᠯᠭᠡᠷᠡᠭᠰᠡᠨ ᠬᠢᠭᠡᠳ ᠭᠦᠨᠵᠡᠭᠡᠶ ᠦᠷᠨᠢᠭᠦᠯᠦᠭᠳᠡᠬᠦ ᠶ᠋ᠢ ᠳᠠᠭᠠᠯᠳᠤᠨ᠂ ᠨᠢᠭᠡᠳᠦᠯᠲᠡᠢ ᠪᠦᠭᠡᠳ ᠮᠣᠩᠭᠣᠯ ᠦᠨᠳᠦᠰᠦᠲᠡᠨ ᠪᠣᠯᠤᠨ ᠪᠤᠰᠤᠳ ᠦᠨᠳᠦᠰᠦᠲᠡᠨ ᠨᠦᠭᠦᠳ ᠤᠨ ᠠᠷᠠᠳ ᠲᠦᠮᠡᠨ ᠦ ᠬᠠᠮᠲᠤ ᠶ᠋ᠢᠨ ᠬᠦᠰᠡᠯ ᠵᠣᠷᠢᠭ ᠢ ᠲᠦᠯᠦᠭᠡᠯᠡᠭᠰᠡᠨ ᠠᠷᠠᠳ ᠤᠨ ᠵᠠᠰᠠᠭ ᠢ ᠪᠠᠶᠢᠭᠤᠯᠬᠤ ᠨᠢ ᠨᠢᠭᠡᠨᠲᠡ ᠥᠪᠥᠷ ᠮᠣᠩᠭᠣᠯ ᠣᠷᠣᠨ ᠤ ᠮᠣᠩᠭᠣᠯ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠤ ᠨᠡᠶᠢᠳᠡᠮ ᠦᠨ ᠬᠦᠰᠡᠯ ᠡᠷᠡᠮᠡᠯᠵᠡᠯ ᠪᠤᠯᠤᠭᠰᠠᠨ ᠪᠠᠶᠢᠨ᠎ᠠ᠃1946 ᠤᠨ ᠤ 8ᠰ ᠠᠷᠠ ᠶ᠋ᠢᠨ1 ᠦ ᠡᠳᠦᠷ᠂ ᠤᠯᠠᠭᠠᠨᠬᠦᠦ ᠥᠪᠥᠷ ᠮᠣᠩᠭᠣᠯ ᠤᠨ ᠭᠠᠵᠠᠷ ᠰᠢᠷᠣᠶ ᠶ᠋ᠢᠨ ᠠᠰᠠᠭᠤᠳᠠᠯ ᠤᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠳ᠋ᠤ ᠴᠠᠬᠢᠯᠭᠠᠨ ᠮᠡᠳᠡᠭᠡ ᠶᠠᠪᠤᠭᠤᠯᠵᠤ ᠄ 《 ᠤᠳᠤᠬᠠᠨ ᠳ᠋ᠤ ᠂ ᠮᠠᠨ ᠤ ᠨᠠᠮ ᠤᠨ ᠰᠦᠢᠶᠤᠸᠠᠨ ᠂ ᠴᠠᠬᠠᠷ ᠂ ᠷᠸᠾᠸ ᠬᠢᠭᠡᠳ ᠵᠡᠭᠦᠨ ᠬᠣᠶᠢᠲᠤ ᠣᠷᠣᠨ ᠤ ᠮᠣᠩᠭᠣᠯ ᠲᠤᠯᠭᠠᠷᠠᠵᠤ ᠪᠠᠶᠢᠭ᠎ᠠ ᠠᠰᠠᠭᠤᠳᠠᠯ ᠂ ᠶᠠᠭᠤᠨ ᠤ ᠡᠮᠦᠨ᠎ᠡ 11 ᠠᠶᠢᠮᠠᠭ ᠵᠠᠭᠤ ᠲᠠᠯ᠎ᠠ ᠨᠠᠶᠠᠨ ᠲᠦᠮᠡ ᠬᠥᠮᠦᠨ ᠠᠮᠠ ᠲᠠᠶ ᠥᠪᠡᠷᠲᠡᠭᠡᠨ ᠵᠠᠰᠠᠬᠤ ᠠᠰᠠᠭᠤᠳᠠᠯ ᠪᠣᠯᠤᠨ᠎ᠠ ᠃ ᠥᠩᠭᠡᠷᠡᠭᠰᠡᠨ ᠱᠠᠳᠤ ᠦᠢ᠎ᠡ ᠳ᠋ᠤ ᠨᠠᠮ ᠡᠴᠠ ᠬᠣᠶᠠᠷ ᠤᠳᠠᠭ᠎ᠠ ᠲᠤᠰᠠᠭᠠᠷ ᠲᠣᠭᠲᠠᠨᠢᠯ ᠤᠨ ᠬᠥᠳᠡᠯᠭᠡᠭᠡᠨ ᠢ ᠳᠠᠪᠠᠵᠦ᠂ ᠴᠧᠩᠳ᠋ᠧ ᠶ᠋ᠢᠨ ᠬᠤᠷᠠᠯ ᠨᠢ ᠮᠣᠩᠭᠣᠯ ᠬᠥᠮᠦᠨ ᠦ ᠳᠤᠮᠳᠠ ᠦᠷ᠎ᠡ ᠨᠥᠯᠥᠭᠡ ᠲᠦᠢᠯ ᠦᠨ ᠶᠡᠬᠡ ᠲᠡᠶ ᠪᠠᠶᠢᠳᠠᠭ ᠂ ᠭᠡᠪᠡᠴᠦ ᠮᠣᠩᠭᠣᠯ ᠬᠥᠮᠦᠨ ᠶᠡᠷᠦ ᠨᠢ ᠣᠳᠣᠬᠠᠨ ᠤ ᠠᠶᠢᠮᠠᠭ ᠮᠤᠵᠢ ᠬᠤᠪᠢᠶᠠᠨ ᠥᠪᠡᠷᠲᠡᠭᠡᠨ ᠵᠠᠰᠠᠬᠤ ᠪᠣᠯᠤᠨ ᠮᠤᠵᠢ ᠤᠷᠤᠨ ᠤ ᠵᠠᠰᠠᠭ ᠤᠨ ᠣᠷᠳᠣᠨ ᠳ᠋ᠤ ᠬᠠᠷᠢᠶᠠᠯᠠᠭᠤᠯᠤᠨ ᠤᠳᠤᠷᠢᠳᠬᠤ ᠳ᠋ᠤ ᠬᠠᠨᠤᠮᠵᠢ ᠮᠠᠭᠤᠲᠠᠢ ᠪᠠᠶᠢᠵᠦ ᠂ ᠨᠢᠭᠡᠳᠦᠯᠲᠡᠶ ᠥᠪᠡᠷᠲᠡᠭᠡᠨ ᠵᠠᠰᠠᠬᠤ ᠶ᠋ᠢ ᠱᠠᠭᠠᠷᠳᠠᠭᠰᠠᠨ ᠪᠠᠶᠢᠨ᠎ᠠ ᠃ ᠮᠣᠩᠭᠣᠯ ᠦᠨᠳᠦᠰᠦᠲᠡᠨ ᠤ ᠡᠨᠡ ᠬᠦ ᠱᠠᠭᠠᠷᠳᠠᠯᠭ᠎ᠠ ᠶ᠋ᠢ ᠬᠡᠷᠬᠢᠨ ᠵᠣᠬᠢᠰᠲᠠᠶ ᠪᠠᠷ ᠬᠠᠩᠭᠠᠬᠤ ᠨᠢ ᠭᠠᠵᠠᠷ ᠲᠠᠷᠢᠶᠠᠨ ᠦ ᠠᠰᠠᠭᠤᠳᠠᠯ ᠢ ᠰᠢᠶᠳᠪᠦᠷᠢᠯᠡᠬᠦ ᠲᠠᠢ ᠠᠳᠠᠯᠢᠬᠠᠨ ᠴᠢᠬᠤᠯᠠ ᠠᠴᠢ ᠬᠣᠯᠪᠣᠭᠳᠠᠯ ᠲᠠᠶ ᠶᠤᠮ 》 ᠃ 9 ᠰᠠᠷ᠎ᠠ ᠶ᠋ᠢᠨ 15 ᠦ ᠡᠳᠦᠷ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ ᠪᠤᠶᠠᠨᠮᠠᠨᠳᠤᠬᠤ ᠪᠤᠯᠤᠨ ᠵᠡᠭᠦᠨ ᠬᠣᠶᠢᠲᠤ ᠣᠷᠣᠨ ᠤ ᠠᠷᠠᠳᠴᠢᠯᠠᠭᠰᠠᠨ ᠬᠣᠯᠪᠣᠭᠠᠲᠤ ᠴᠡᠷᠢᠭ ᠂ ᠪᠠᠷᠠᠭᠤᠨ ᠮᠠᠨᠵᠤ ᠶ᠋ᠢᠨ ᠴᠡᠷᠢᠭ ᠤᠨ ᠲᠣᠭᠣᠷᠢᠭ ᠤᠨ ᠤᠯᠤᠰ ᠲᠦᠷᠦ ᠶ᠋ᠢᠨ ᠭᠡᠰᠢᠭᠦᠨ ᠯᠢ ᠹᠦ᠋ ᠴᠦᠨ ᠴᠢᠴᠢᠬᠠᠷ ᠲᠠᠶ ᠬᠡᠯᠡᠯᠴᠡᠭᠡ ᠬᠢᠵᠦ ᠂《 ᠮᠣᠩᠭᠣᠯ ᠤᠨ ᠲᠤᠬᠠᠶ ᠠᠰᠠᠭᠤᠳᠠᠯ ᠤᠨ ᠬᠡᠯᠡᠯᠴᠡᠭᠡᠨ ᠤ ᠲᠣᠪᠴᠢ ᠲᠡᠮᠳᠡᠭᠯᠡᠯ 》 ᠢ ᠶᠠᠷᠢᠯᠴᠠᠵᠤ ᠲᠤᠭᠲᠠᠭᠠᠳ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠤᠯᠤᠰ ᠲᠤᠢᠷᠦ ᠂ ᠠᠵᠤ ᠠᠬᠤᠢ ᠂ ᠴᠡᠷᠢᠭ ᠳᠠᠶᠢᠨ ᠂ ᠵᠠᠮ ᠬᠠᠷᠢᠯᠴᠠᠭ᠎ᠠ ᠵᠡᠷᠭᠡ ᠠᠰᠠᠭᠤᠳᠠᠯ ᠤᠨ ᠲᠤᠬᠠᠶ ᠠᠩᠬ᠎ᠠ ᠠᠯᠬᠤᠮ ᠤᠨ ᠪᠤᠳᠤᠯᠭ᠎ᠠ ᠪᠠᠨ ᠳᠤᠷᠠᠳᠤᠭᠰᠠᠨ ᠪᠠᠶᠢᠨ᠎ᠠ ᠃
1946 ᠤᠨ ᠤ 11 ᠰᠠᠷ᠎ᠠ ᠶ᠋ᠢᠨ 15 ᠦ ᠡᠳᠦᠷ᠂ ᠭᠣᠮᠢᠨᠳᠠᠩ ᠤᠨ ᠭᠠᠭᠴᠠᠭᠠᠷ ᠵᠠᠬᠢᠷᠤᠨ ᠪᠠᠶᠢᠭᠰᠠᠨ 《 ᠢᠷᠭᠡᠨ ᠤ ᠲᠥᠯᠥᠭᠡᠯᠡᠭᠴᠢᠳ ᠤᠨ ᠶᠡᠬᠡ ᠬᠤᠷᠠᠯ 》 ᠨᠠᠨᠵᠢᠩ ᠳ᠋ᠤ ᠡᠬᠢᠯᠡᠯ ᠦᠨ ᠶᠤᠰᠤᠯᠠᠯ ᠢᠶᠡᠨ ᠶᠠᠪᠤᠭᠳᠠᠭᠤᠯᠤᠭᠰᠠᠨ ᠪᠠᠶᠢᠨ᠎ᠠ᠃ ᠬᠤᠷᠠᠯ ᠳᠡᠭᠡᠷ᠎ᠡ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠠᠰᠠᠭᠤᠳᠠᠯ ᠤᠨ ᠲᠤᠭᠤᠷᠢᠨ ᠳ᠋ᠤ ᠰᠢᠷᠦᠭᠦᠨ ᠮᠠᠷᠭᠤᠯᠳᠤᠭᠰᠠᠨ ᠪᠠᠶᠢᠨ᠎ᠠ ᠃ ᠬᠠᠭᠤᠷᠮᠠᠭ ᠢᠷᠭᠡᠨ ᠤ ᠶᠡᠬᠡ ᠬᠤᠷᠠᠯ ᠳ᠋ᠤ ᠤᠷᠤᠯᠴᠠᠭᠰᠠᠨ ᠬᠡᠰᠡᠭ ᠪᠦᠯᠦᠭ ᠮᠣᠩᠭᠣᠯ ᠹᠸᠤᠳᠠᠯ ᠤᠨ ᠳᠡᠭᠡᠳᠦ ᠳᠠᠪᠬᠤᠷᠭᠠᠲᠠᠨ ᠪᠣᠯᠤᠨ ᠰᠡᠭᠡᠭᠡᠲᠡᠳ ᠡᠴᠡ ᠥᠪᠥᠷ ᠮᠣᠩᠭᠣᠯ ᠤᠨ ᠥᠪᠡᠷᠲᠡᠭᠡᠨ ᠵᠠᠰᠠᠬᠤ ᠱᠠᠭᠠᠷᠳᠠᠯᠭ᠎ᠠ ᠶ᠋ᠢ ᠳᠤᠷᠠᠳᠴᠤ ᠂ ᠭᠣᠮᠢᠨᠳᠠᠩ ᠡᠴᠡ ᠦᠷᠭᠦᠯᠵᠢᠯᠡᠨ ᠤᠯᠤᠰ ᠲᠦᠷᠦ ᠶ᠋ᠢᠨ ᠠᠷᠭ᠎ᠠ ᠪᠠᠰᠢᠷ ᠬᠡᠷᠡᠭᠯᠡᠵᠦ ᠂ ᠷᠸᠾᠸ ᠂ ᠴᠠᠬᠠᠷ ᠂ ᠰᠦᠢᠶᠤᠸᠠᠨ ᠭᠤᠷᠪᠠᠨ ᠮᠤᠵᠢ ᠶ᠋ᠢᠨ ᠭᠣᠮᠢᠨᠳᠠᠩ ᠤᠨ ᠣᠷᠣᠨ ᠨᠤᠲᠤᠭ ᠤᠨ ᠡᠷᠬᠡ ᠪᠠᠷᠢᠭᠴᠢᠳ ᠨᠢ ᠭᠠᠷ ᠬᠦᠯ ᠪᠤᠯᠵᠦ ᠂ 《 ᠳᠡᠭᠡᠳᠦ ᠵᠡᠷᠭᠡ ᠶ᠋ᠢᠨ ᠥᠪᠡᠷᠲᠡᠭᠡᠨ ᠵᠠᠰᠠᠬᠤ 》 ᠂ 《 ᠣᠷᠣᠨ ᠨᠤᠲᠤᠭ ᠤᠨ ᠥᠪᠡᠷᠲᠡᠭᠡᠨ ᠵᠠᠰᠠᠬᠤ 》 ᠳᠤᠷᠠᠳᠤᠯᠭ᠎ᠠ ᠨᠢ ᠴᠥᠮ ᠪᠡᠷ ᠭᠤᠶᠠᠳᠠᠭᠳᠠᠵᠤ ᠂ ᠮᠣᠩᠭᠣᠯ ᠦᠨᠳᠦᠰᠦᠲᠡᠨ ᠤ 《 ᠢᠷᠭᠡᠨ ᠤ ᠶᠡᠬᠡ ᠬᠤᠷᠠᠯ 》 ᠤᠨ ᠲᠦᠯᠦᠭᠡᠯᠡᠭᠴᠢᠳ ᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠠᠰᠠᠭᠤᠳᠠᠯ ᠳᠡᠭᠡᠷ᠎ᠡ ᠭᠤᠶ᠎ᠠ ᠪᠠᠨ ᠭᠠᠨᠵᠤᠭᠯᠠᠠᠵᠤ᠂ ᠵᠥᠪᠬᠡᠨ ᠬᠤᠷᠠᠯ ᠤᠨ ᠪᠢᠰᠢᠯᠭᠠᠭᠰᠠᠨ ᠬᠠᠭᠤᠷᠮᠠᠭ ᠦᠨᠳᠦᠰᠦᠨ ᠬᠠᠤᠯᠢ ᠤᠨ ᠳᠣᠲᠣᠷ᠎ᠠ ᠬᠣᠶᠠᠷ ᠵᠤᠷᠪᠤᠰ ᠥᠴᠦᠬᠡᠨ ᠴᠦ ᠪᠣᠳᠠᠲᠤ ᠠᠴᠢ ᠬᠣᠯᠪᠣᠭᠳᠠᠯ ᠦᠭᠡᠢ ᠵᠤᠷᠪᠤᠰ ᠢ ᠨᠡᠮᠡᠵᠦ ᠤᠷᠤᠭᠤᠯᠤᠭᠰᠠᠨ ᠪᠠᠶᠢᠵᠠᠢ᠃
ᠬᠠᠭᠤᠷᠮᠠᠭ ᠢᠷᠭᠡᠨ ᠤᠨ ᠶᠡᠬᠡ ᠬᠤᠷᠠᠯ ᠬᠤᠷᠠᠯᠳᠤᠵᠤ ᠪᠠᠶᠢᠭ᠎ᠠ ᠬᠤᠭᠤᠴᠠᠭᠠᠨ ᠳ᠋ᠤ ᠂ ᠤᠯᠠᠭᠠᠨᠬᠦᠦ ᠡᠴᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠷᠧ ᠾᠧ ᠯᠢᠶᠣᠤᠨᠢᠩ ᠤᠨ ᠲᠤᠰᠬᠠᠶ ᠣᠷᠣᠨ ᠤ ᠨᠠᠮ ᠤᠨ ᠬᠣᠷᠢᠶᠠᠨ ᠤ ᠪᠠᠶᠢᠭᠤᠯᠭ᠎ᠠ ᠶ᠋ᠢᠨ ᠰᠣᠨᠢᠨ ᠪᠣᠯᠬᠤ 《 ᠰᠦᠷᠦᠭ ᠳᠠᠭᠤᠨ 》 ᠰᠣᠨᠢᠨ ᠳᠡᠭᠡᠷ᠎ᠡ ᠢᠯᠡᠷᠬᠡᠶᠢᠯᠡᠯᠲᠡ ᠨᠡᠶᠢᠲᠡᠯᠡᠵᠦ ᠂ 《ᠥᠪᠥᠷ ᠮᠣᠩᠭᠣᠯ ᠤᠨ ᠬᠣᠶᠠᠷ ᠵᠠᠭᠤᠨ ᠲᠦᠮᠡᠨ ᠠᠷᠠᠳ ᠲᠦᠮᠡᠨ ᠡᠴᠠ < ᠢᠷᠭᠡᠨ ᠦ ᠶᠡᠬᠡ ᠬᠤᠷᠠᠯ > ᠢ ᠲᠦᠪ ᠴᠢᠩᠭ᠎ᠠ ᠪᠠᠷ ᠦᠭᠡᠶᠢᠰᠭᠡᠵᠦ ᠂ 〈 ᠬᠠᠭᠤᠷᠮᠠᠭ ᠢᠷᠭᠡᠨ ᠤ ᠶᠡᠬᠡ ᠬᠤᠷᠠᠯ 〉 ᠨᠢ ᠥᠪᠥᠷ ᠮᠣᠩᠭᠣᠯ ᠤᠨ ᠠᠷᠠᠳ ᠲᠦᠮᠡᠨ ᠤ ᠬᠦᠰᠡᠯ ᠵᠣᠷᠢᠭ ᠢ ᠲᠥᠯᠥᠭᠡᠯᠡᠵᠦ ᠴᠢᠳᠠᠬᠤ ᠦᠭᠡᠢ ᠂ ᠥᠪᠥᠷ ᠮᠣᠩᠭᠣᠯ ᠲᠠᠢ ᠬᠤᠯᠪᠤᠭᠳᠠᠯ ᠪᠦᠬᠦᠢ ᠠᠰᠠᠭᠤᠳᠠᠯ ᠢ ᠶᠠᠷᠢᠯᠴᠠᠬᠤ ᠦᠭᠡᠢ ᠡᠷᠬᠡ ᠪᠠᠶᠢᠬᠤ ᠦᠭᠡᠢ》 ᠭᠡᠰᠡᠨ ᠃ 12 ᠰᠠᠷ᠎ᠠ ᠶ᠋ᠢᠨ 20 ᠦ ᠡᠳᠦᠷ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠤᠨ ᠵᠡᠭᠦᠨ ᠮᠣᠩᠭᠣᠯ ᠤᠨ ᠶᠡᠷᠦᠩᠬᠡᠶ ᠬᠤᠪᠢᠶᠠᠷᠢ ᠬᠤᠷᠠᠯ ᠂ ᠬᠢᠩᠭᠠᠨ ᠮᠣᠵᠢ ᠶ᠋ᠢᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠥᠪᠯᠡᠯ ᠪᠣᠯᠤᠨ ᠵᠥᠪᠯᠡᠯᠭᠡᠨ ᠤ ᠬᠤᠷᠠᠯ ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ ᠂ ᠭᠣᠮᠢᠨᠳᠠᠩ ᠤᠨ ᠥᠪᠥᠷ ᠮᠣᠩᠭᠣᠯ ᠤᠨ ᠴᠢᠯᠥᠭᠡᠯᠡᠭᠳᠡᠭᠰᠡᠨ ᠣᠷᠣᠨ ᠳ᠋ᠠᠬᠢ ᠴᠡᠷᠢᠭ ᠲᠠᠢᠢᠨ ᠤ ᠳᠣᠪᠲᠣᠯᠤᠯᠲᠠ ᠢ ᠬᠢᠯᠢᠩᠨᠡᠨ ᠪᠤᠷᠤᠭᠤᠰᠢᠶᠠᠵᠦ ᠂ ᠮᠣᠩᠭᠣᠯ ᠦᠨᠳᠦᠰᠦᠲᠡᠨ ᠦ ᠠᠷᠠᠳ ᠲᠦᠮᠡᠨ ᠤ ᠵᠢᠩᠬᠢᠨᠢ ᠲᠦᠯᠦᠭᠡᠯᠡᠭᠴᠢ ᠪᠠᠶᠢᠬᠤ ᠦᠭᠡᠢ 《 ᠢᠷᠭᠡᠨ ᠤ ᠶᠡᠬᠡ ᠬᠤᠷᠠᠯ 》 ᠢ ᠵᠦᠪᠰᠢᠶᠡᠷᠡᠬᠦ ᠦᠭᠡᠢ ᠬᠡᠮᠡᠨ ᠨᠡᠶᠢᠲᠡᠯᠡᠵᠦ᠂ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠤᠨ ᠭᠦᠢᠴᠡᠳᠬᠡᠬᠦ ᠺᠣᠮᠢᠰ ᠪᠤᠶᠤ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠢ ᠬᠤᠷᠠᠯᠳᠤᠭᠤᠯᠵᠤ ᠂ ᠲᠡᠷᠡ ᠳᠠᠷᠤᠢ ᠳ᠋ᠤ ᠨᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠢ ᠪᠠᠶᠢᠭᠤᠯᠵᠤ ᠂ ᠭᠣᠮᠢᠨᠳᠠᠩ ᠤᠨ ᠲᠡᠷᠰᠯᠡᠭᠦᠴᠦᠳ ᠤᠨ ᠬᠠᠭᠤᠷᠮᠠᠭ ᠲᠥᠪ ᠵᠠᠰᠠᠭ ᠤᠨ ᠣᠷᠳᠣᠨ ᠢ ᠡᠰᠡᠷᠭᠦᠴᠡᠵᠦ ᠂ ᠡᠪ ᠬᠠᠮᠲᠤ ᠨᠠᠮ ᠲᠠᠶ ᠬᠤᠯᠪᠤᠭᠠᠯᠠᠨ ᠵᠢᠶᠠᠩ ᠵᠢᠶᠸ ᠱᠢ ᠶ᠋ᠢ ᠡᠰᠡᠷᠭᠦᠴᠡᠬᠦ ᠦᠨᠳᠦᠰᠦᠲᠡᠨ ᠤ ᠨᠢᠭᠡᠳᠦᠮᠡᠯ ᠹᠷᠣᠨᠲ᠋ 》 ᠶ᠋ᠢ ᠪᠠᠶᠢᠭᠤᠯᠤᠭᠰᠠᠨ ᠪᠦᠭᠡᠳ《 ᠥᠪᠥᠷ ᠮᠣᠩᠭᠣᠯ ᠤᠨ ᠬᠠᠮᠤᠭ ᠤᠨ ᠳᠡᠭᠡᠳᠦ ᠦᠪᠡᠷᠲᠡᠭᠡᠨ ᠵᠠᠰᠠᠭ ᠤᠨ ᠡᠷᠬᠡ ᠶ᠋ᠢ ᠪᠠᠶᠢᠭᠤᠯᠬᠤ 》 ᠵᠡᠷᠭᠡ ᠰᠢᠢᠳᠪᠦᠷᠢ ᠶ᠋ᠢ ᠪᠠᠲᠤᠯᠠᠭᠰᠠᠨ ᠪᠠᠶᠢᠨ᠎ᠠ ᠃
ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠲᠥᠪ ᠬᠣᠷᠢᠶ᠎ᠠ ᠪᠣᠯᠤᠨ ᠬᠣᠯᠪᠣᠭᠳᠠᠯ ᠪᠥᠬᠥᠢ ᠲᠥᠪ ᠤᠨ ᠲᠣᠪᠴᠢᠶ᠎ᠠ ᠂ ᠬᠤᠪᠢᠶᠠᠷᠢ ᠲᠤᠪᠴᠢᠶᠠᠨ ᠡᠴᠠ ᠳᠠᠬᠢᠨ ᠳᠠᠪᠲᠠᠨ ᠭᠦᠨᠵᠡᠭᠡᠶ ᠰᠤᠳᠤᠯᠤᠭᠰᠠᠨ ᠰᠠᠭᠤᠷᠢᠨ ᠳᠡᠭᠡᠷ᠎ᠡ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠠᠰᠠᠭᠤᠳᠠᠯ ᠳᠡᠭᠡᠷ᠎ᠡ ᠢᠳᠡᠪᠬᠢᠲᠡᠶ ᠪᠥᠭᠡᠳ ᠪᠣᠯᠭᠣᠮᠵᠢᠲᠠᠶ ᠣᠪᠣᠷ ᠢ ᠠᠪᠤᠭᠰᠠᠨ ᠪᠠᠶᠢᠨ᠎ᠠ ᠃1946 ᠤᠨ ᠤ11 ᠰᠠᠷ᠎ᠠ ᠶ᠋ᠢᠨ18 ᠦ ᠡᠳᠦᠷ ᠂ ᠪᠠᠷᠠᠭᠤᠨ ᠮᠠᠨᠵᠤ ᠶ᠋ᠢᠨ ᠬᠤᠪᠢᠶᠠᠷᠢ ᠲᠤᠪᠴᠢᠶᠠᠨ ᠡᠴᠠ ᠳᠤᠮᠳᠠᠳᠤ ᠤᠯᠤᠰ ᠤᠨ ᠡᠪ ᠬᠠᠮᠲᠤ ᠨᠠᠨ ᠤ ᠲᠥᠪ ᠬᠣᠷᠢᠶ᠎ᠠ ᠬᠢᠭᠡᠳ ᠵᠡᠭᠦᠨ ᠬᠣᠶᠢᠲᠤ ᠣᠷᠣᠨ ᠤ ᠲᠣᠪᠴᠢᠶᠠᠨ ᠡᠴᠠ ᠤᠯᠠᠭᠠᠨᠬᠦᠦ ᠳ᠋ᠤ ᠰᠢᠯᠵᠢᠭᠦᠯᠦᠨ ᠶᠠᠪᠤᠭᠤᠯᠤᠭᠰᠠᠨ ᠴᠠᠬᠢᠯᠭᠠᠨ ᠮᠡᠳᠡᠭᠡ ᠳ᠋ᠡᠬᠡᠨ ᠄ 《 ᠡᠳᠦᠭᠡ ᠵᠡᠭᠦᠨ ᠮᠣᠩᠭᠣᠯ ᠤᠨ ᠠᠬᠠᠮᠠᠳ ᠂ ᠵᠠᠯᠠᠭᠤᠰ ᠂ ᠳᠠᠪᠰᠢᠭᠰᠠᠨ ᠂ ᠬᠣᠴᠣᠷᠤᠩᠭᠤᠶ ᠭᠡᠰᠡᠨ ᠦᠭᠡᠢ ᠴᠥᠮ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠬᠤ ᠶ᠋ᠢ ᠳᠡᠮᠵᠢᠭᠰᠡᠨ ᠪᠠᠶᠢᠨ᠎ᠠ᠃ ᠨᠡᠶᠢᠲᠡ ᠶ᠋ᠢᠨ ᠰᠤᠨᠢᠨ ᠤ ᠰᠤᠷᠪᠤᠯᠵᠢᠯᠠᠭᠴᠢ ᠪᠠᠰᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠢ ᠤᠷᠢᠶᠠᠯᠠᠵᠠᠢ ᠃ ᠡᠶᠢᠮᠦ ᠪᠠᠶᠢᠳᠠᠯ ᠤᠨ ᠳᠣᠣᠷ᠎ᠠ ᠂ ᠪᠢᠳᠡ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠠᠰᠠᠭᠤᠳᠠᠯ ᠤᠨ ᠲᠤᠬᠠᠶ ᠶᠠᠮᠠᠷ ᠣᠪᠣᠷ ᠠᠪᠤᠪᠠᠯ ᠳᠠᠭᠠᠷᠠᠬᠤ ᠪᠤᠢ ᠂ ᠥᠪᠥᠷ ᠮᠣᠩᠭᠣᠯ ᠤᠨ ᠠᠷᠠᠳ ᠤᠨ ᠲᠥᠯᠥᠭᠡᠯᠡᠭᠴᠢᠳ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠤᠨ ᠬᠢ ᠡᠴᠡ ᠨᠡᠩ ᠢᠯᠡᠭᠦᠦ ᠵᠠᠰᠠᠭ ᠤᠨ ᠴᠢᠨᠠᠷᠲᠠᠶ ᠪᠠᠶᠢᠭᠤᠯᠭ᠎ᠠ ᠢ ᠪᠡᠯᠡᠳᠬᠡᠨ ᠪᠠᠶᠢᠭᠤᠯᠬᠤ ᠡᠰᠡᠬᠦ᠃ ᠪᠦᠬᠦ ᠤᠯᠤᠰ ᠤᠨ ᠪᠠᠶᠢᠳᠠᠯ ᠢ ᠦᠨᠳᠦᠰᠦᠯᠡᠨ ᠂ ᠪᠢᠳᠡ ᠭᠣᠮᠢᠨᠳᠠᠩ ᠡᠴᠡ ᠡᠮᠦᠨ᠎ᠡ ᠲᠤᠳᠤᠷᠬᠠᠢ ᠵᠤᠷᠢᠯᠲᠠ ᠲᠠᠢ ᠪᠠᠶᠢᠬᠤ ᠡᠰᠡᠬᠦ》 ᠵᠡᠷᠭᠡ ᠶ᠋ᠢ ᠳᠤᠷᠠᠳᠤᠭᠰᠠᠨ ᠪᠠᠶᠢᠨ᠎ᠠ ᠃
11 ᠰᠠᠷ᠎ᠠ ᠶ᠋ᠢᠨ 26 ᠦ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠲᠥᠪ ᠬᠣᠷᠢᠶᠠᠨ ᠡᠴᠠ ᠱᠠᠨ ᠰᠢ ᠴᠠᠬᠠᠷ ᠡᠾᠸᠪᠸᠢ ᠶ᠋ᠢᠨ ᠲᠥᠪ ᠤᠨ ᠲᠣᠪᠴᠢᠶ᠎ᠠ ᠂ ᠡᡁᠸᠪᠸᠢ ᠷᠸ ᠡᡁᠸ ᠯᠢᠶᠣᠤᠨᠢᠩ ᠤᠨ ᠬᠤᠪᠢᠶᠠᠷᠢ ᠲᠣᠪᠴᠢᠶ᠎ᠠ ᠂ ᠱᠠᠨ ᠰᠢ — ᠰᠦᠢᠶᠤᠸᠠᠨ ᠤ ᠬᠤᠪᠢᠶᠠᠷᠢ ᠲᠣᠪᠴᠢᠶ᠎ᠠ ᠂ ᠵᠡᠭᠦᠨ ᠬᠣᠶᠢᠲᠤ ᠣᠷᠣᠨ ᠤ ᠲᠣᠪᠴᠢᠶ᠎ᠠ ᠂ ᠪᠠᠷᠠᠭᠤᠨ ᠮᠠᠨᠵᠤ ᠶ᠋ᠢᠨ ᠬᠤᠪᠢᠶᠠᠷᠢ ᠲᠣᠪᠴᠢᠶ᠎ᠠ ᠪᠣᠯᠤᠨ ᠤᠯᠠᠭᠠᠨᠬᠦᠦ ᠳ᠋ᠦ ᠥᠪᠥᠷ ᠮᠣᠩᠭᠣᠯ ᠤᠨ ᠥᠪᠡᠷᠲᠡᠭᠡᠨ ᠵᠠᠰᠠᠬᠤ ᠠᠰᠠᠭᠤᠳᠠᠯ ᠤᠨ ᠲᠤᠬᠠᠶ ᠵᠢᠭᠠᠪᠤᠷᠢ ᠭᠠᠷᠭᠠᠵᠤ ᠂《 ᠡᠭᠦᠨ ᠡᠴᠡ ᠡᠮᠦᠨ᠎ᠡ ᠵᠡᠭᠦᠨ ᠮᠣᠩᠭᠣᠯ ᠤᠨ ᠥᠪᠡᠷᠲᠡᠭᠡᠨ ᠵᠠᠰᠠᠬᠤ ᠨᠢ ᠶᠠᠭ ᠰᠠᠶᠢᠬᠠᠨ ᠤᠯᠤᠰ ᠲᠦᠷᠦ ᠶ᠋ᠢᠨ ᠵᠥᠪᠯᠡᠯᠭᠡᠨ ᠦ ᠡᠬᠢᠨ ᠦ ᠦᠶ᠎ᠡ ᠪᠣᠯᠤᠨ ᠵᠡᠭᠦᠨ ᠬᠣᠶᠢᠲᠤ ᠣᠷᠣᠨ ᠤ ᠠᠰᠠᠭᠤᠳᠠᠯ ᠤᠨ ᠪᠠᠴᠢᠮ ᠦᠶ᠎ᠡ ᠳ᠋ᠤ ᠤᠷᠤᠰᠢᠵᠦ᠂ ᠤᠳᠤ ᠤᠯᠤᠰ ᠲᠦᠷᠦ ᠶ᠋ᠢᠨ ᠵᠥᠪᠯᠡᠯᠭᠡᠨ ᠬᠢᠭᠡᠳ ᠵᠡᠭᠦᠨ ᠬᠣᠶᠢᠲᠤ ᠣᠷᠣᠨ ᠤᠨ ᠰᠠᠭᠤᠳᠠᠯ ᠨᠢ ᠥᠩᠭᠡᠷᠡᠭᠰᠡᠨ ᠶᠤᠮ ᠂ ᠤᠯᠤᠰ ᠤᠨ ᠳᠣᠲᠣᠭᠠᠳᠤ ᠶ᠋ᠢᠨ ᠶᠠᠷᠢᠶ᠎ᠠ ᠬᠡᠯᠡᠯᠴᠡᠭᠡ ᠨᠢ ᠠᠭᠠᠵᠢᠮ ᠢᠶᠠᠷ ᠥᠪᠥᠷ ᠮᠣᠩᠭᠣᠯ ᠤᠨ ᠥᠪᠡᠷᠲᠡᠭᠡᠨ ᠵᠠᠰᠠᠬᠤ ᠢ ᠦᠷᠦ ᠡᠪᠡᠳᠴᠤ ᠂ ᠡᠨᠡ ᠦᠶ᠎ᠡ ᠳ᠋ᠦ ᠭᠤᠮᠢᠨᠳᠠᠩ ᠤᠨ ᠲᠠᠯ᠎ᠠ ᠤᠨ ᠬᠢᠨ ᠬᠠᠷᠢᠨ ᠨᠢᠭᠡᠨᠲᠡ ᠥᠪᠥᠷ ᠮᠣᠩᠭᠣᠯ ᠳ᠋ᠤ ᠢᠳᠡᠭ ᠢᠳᠡᠭ ᠢᠶ᠋ᠡᠷ ᠳᠦᠷᠢᠮᠡᠬᠡᠶᠢᠯᠡᠨ ᠤᠷᠤᠵᠤ ᠢᠷᠡᠭᠰᠡᠨ ᠪᠠᠶᠢᠨ᠎ᠠ ᠂ ᠡᠶᠢᠮᠦ ᠡᠴᠡ ᠥᠪᠥᠷ ᠮᠣᠩᠭᠣᠯ ᠤᠨ ᠠᠷᠠᠳ ᠲᠦᠮᠡᠨ ᠲᠠᠢ ᠬᠠᠪᠰᠤᠷᠤᠯᠴᠠᠵᠤ ᠪᠠᠶᠢᠭᠠᠳ ᠬᠠᠮᠲᠤ ᠪᠠᠷ ᠵᠢᠶᠠᠩ ᠵᠢᠶᠸ ᠱᠢ ᠶ᠋ᠢᠨ ᠴᠡᠷᠢᠭ ᠤᠨ ᠳᠣᠪᠲᠣᠯᠤᠯᠲᠠ ᠪᠠ ᠤᠯᠤᠰ ᠲᠦᠷᠤ ᠠᠵᠤ ᠠᠬᠤᠶ ᠶ᠋ᠢᠨ ᠳᠠᠷᠤᠯᠠᠯ ᠡᠰᠡᠷᠭᠦᠴᠡᠬᠦ ᠶ᠋ᠢᠨ ᠲᠦᠯᠦᠭᠡ ᠳᠠᠷᠤᠶ ᠲᠦᠷᠭᠡᠨ ᠵᠡᠭᠦᠨ ᠮᠣᠩᠭᠣᠯ ᠪᠤᠯᠤᠨ ᠪᠠᠷᠠᠭᠤᠨ ᠮᠣᠩᠭᠣᠯ ᠲᠠᠢ ᠬᠠᠮᠵᠢᠯᠴᠠᠵᠤ ᠨᠢᠭᠡᠨ ᠣᠷᠣᠨ ᠨᠤᠲᠤᠭ ᠤᠨ ᠴᠢᠨᠠᠷᠲᠠᠶ ᠳᠡᠭᠡᠳᠦ ᠬᠡᠮᠵᠢᠶᠡᠨ ᠤ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠵᠤ᠂ ᠵᠠᠰᠠᠭ ᠶᠠᠪᠤᠭᠤᠯᠬᠤ ᠬᠥᠲᠥᠯᠪᠦᠷᠢ ᠨᠡᠶᠢᠲᠡᠯᠡᠨ᠎ᠡ᠂ ᠭᠡᠪᠡᠴᠦ ᠮᠣᠩᠭᠣᠯ ᠬᠢᠲᠠᠳ ᠬᠣᠯᠢᠯᠳᠤᠨ ᠰᠠᠭᠤᠷᠢᠰᠢᠵᠤ ᠪᠠᠶᠢᠭ᠎ᠠ ᠭᠠᠵᠠᠷ ᠣᠷᠣᠨ ᠳ᠋ᠦ ᠬᠢᠲᠠᠳ ᠬᠥᠮᠦᠨ ᠬᠠᠮᠲᠤᠷᠠᠨ ᠠᠵᠢᠯᠯᠯᠠᠬᠤ ᠶ᠋ᠢ ᠪᠠᠭᠲᠠᠭᠠᠬᠤ ᠪᠥᠭᠡᠳ ᠲᠤᠰᠠᠭᠠᠷ ᠲᠣᠭᠲᠠᠨᠢᠭᠰᠠᠨ ᠤᠯᠤᠰ ᠤᠨ ᠬᠡᠯᠪᠡᠷᠢ ᠡᠴᠠᠠ ᠵᠠᠶᠢᠯᠠᠰᠬᠢᠬᠦ ᠬᠡᠷᠡᠭᠲᠡᠶ ᠭᠡᠵᠦ ᠲᠥᠪ ᠬᠤᠷᠢᠶᠠᠨ ᠡᠴᠠ ᠦᠵᠡᠭᠰᠡᠨ ᠪᠠᠶᠢᠨ᠎ᠠ ᠃ ᠲᠤᠰ ᠤᠴᠢᠷ ᠢ ᠳᠠᠷᠤᠶ ᠳᠦᠷᠬᠡᠨ ᠪᠣᠳᠣᠯᠬᠢᠯᠠᠵᠤ ᠂ ᠪᠣᠳᠠᠲᠠᠶ ᠰᠠᠨᠠᠯ ᠳᠤᠷᠠᠳᠴᠤ ᠂ ᠪᠣᠳᠠᠲᠠᠶ ᠪᠡᠯᠡᠳᠬᠡᠯ ᠬᠢᠵᠦ ᠂ ᠤᠢᠢᠷ᠎ᠠ ᠶ᠋ᠢᠨ ᠬᠤᠭᠤᠴᠠᠭᠠᠨ ᠳ᠋ᠦ ᠪᠡᠶᠡᠯᠡᠭᠳᠡᠬᠦ ᠳ᠋ᠦ ᠳᠦᠭᠦᠮ ᠪᠤᠯᠭᠠᠬᠤ ᠶ᠋ᠢᠨ ᠲᠦᠯᠦᠭᠡ ᠶᠤᠮ 》 ᠃
ᠨᠠᠮ ᠤᠨ ᠲᠥᠪ ᠬᠣᠷᠢᠶᠠᠨ ᠤ ᠵᠢᠭᠠᠪᠤᠷᠢ ᠪᠠᠷ ᠂ ᠤᠯᠠᠭᠠᠨᠬᠦᠦ ᠂ ᠯᠢᠦ ᠴᠦᠨ ᠢ ᠵᠡᠷᠭᠡ ᠬᠦᠮᠦᠰ 12 ᠰᠠᠷ᠎ᠠ ᠶ᠋ᠢᠨ 14 ᠦ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠡᡁᠸᠪᠸᠢ ᠷᠸ ᠡᡁᠸ ᠯᠢᠶᠣᠤᠨᠢᠩ ᠤᠨ ᠬᠤᠪᠢᠶᠠᠷᠢ ᠲᠣᠪᠴᠢᠶ᠎ᠠ ᠬᠢᠭᠡᠳ ᠷᠸᠾᠸ ᠮᠤᠵᠢ ᠶ᠋ᠢᠨ ᠨᠠᠮ ᠤᠨ ᠬᠣᠷᠢᠶᠠᠨ ᠤ ᠬᠠᠷᠢᠭᠤᠴᠠᠯᠭᠠᠲᠠᠨ ᠴᠧᠩ ᠽᠢ ᠬᠤᠸᠠ ᠂ ᠵᠢᠩ ᠰᠢ ᠺᠦᠢ ᠵᠡᠷᠭᠡ ᠬᠦᠮᠦᠰ ᠯᠢᠨᠰᠢ ᠬᠤᠷᠠᠯ ᠬᠤᠷᠠᠯᠳᠤᠭᠤᠯᠵᠤ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠰᠢᠨᠵᠢ ᠴᠢᠨᠠᠷ ᠂ ᠬᠠᠷᠢᠶ᠎ᠠ ᠣᠷᠣᠨ ᠂ ᠨᠠᠮ ᠤᠨ ᠨᠢᠭᠡᠳᠦᠯᠲᠡᠶ ᠤᠳᠤᠷᠢᠳᠤᠯᠭ᠎ᠠ ᠪᠣᠯᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠬᠢᠭᠡᠳ ᠬᠥᠷᠰᠢ ᠵᠡᠷᠭᠡᠯᠡᠳᠡᠭᠡ ᠴᠢᠯᠥᠭᠡᠯᠡᠭᠳᠡᠭᠰᠡᠨ ᠣᠷᠣᠨ ᠤ ᠬᠠᠷᠢᠴᠠᠭ᠎ᠠ ᠵᠡᠷᠭᠡ ᠠᠯᠢ ᠤᠯᠠᠨ ᠴᠢᠬᠤᠯᠠ ᠶᠡᠬᠡ ᠠᠰᠠᠭᠤᠳᠠᠯ ᠤᠨ ᠲᠤᠬᠠᠶ ᠵᠥᠪᠳᠡᠯᠴᠡᠨ ᠶᠠᠷᠢᠯᠴᠠᠭᠰᠠᠨ ᠪᠥᠭᠡᠳ ᠪᠠᠶᠢᠴᠠᠭᠠᠭᠰᠠᠨ ᠦᠷ᠎ᠡ ᠳ᠋ᠦᠩ ᠢᠶᠡᠨ ᠴᠠᠬᠢᠯᠭᠠᠨ ᠮᠡᠳᠡᠭᠡ ᠪᠠᠷ 15 ᠦ ᠡᠳᠦᠷ ᠨᠠᠮ ᠤᠨ ᠲᠥᠪ ᠬᠣᠷᠢᠶᠠᠨ ᠳ᠋ᠦ ᠴᠢᠮᠡᠭᠡ ᠶᠠᠪᠤᠭᠤᠯᠤᠭᠰᠠᠨ ᠪᠠᠶᠢᠨ᠎ᠠ ᠃ ᠴᠠᠬᠢᠯᠭᠠᠨ ᠮᠡᠳᠡᠭᠡᠨ ᠳ᠋ᠦ ᠪᠠᠰᠠ 《ᠥᠪᠥᠷ ᠮᠣᠩᠭᠣᠯ ᠤᠨ ᠤᠳᠤᠷᠢᠳᠤᠯᠭ᠎ᠠ ᠶ᠋ᠢ ᠨᠢᠭᠡᠳᠬᠡᠬᠦ ᠶ᠋ᠢᠨ ᠲᠦᠯᠦᠭᠡ᠂ ᠥᠪᠥᠷ ᠮᠣᠩᠭᠤᠯ ᠤᠨ ᠨᠠᠮ ᠤᠨ ᠲᠥᠪ ᠬᠣᠷᠢᠶᠠᠨ ᠤ ᠬᠤᠪᠢᠶᠠᠷᠢ ᠲᠣᠪᠴᠢᠶ᠎ᠠ ᠶ᠋ᠢ ᠵᠤᠬᠢᠶᠠᠨ ᠪᠠᠶᠢᠭᠤᠯᠬᠤ ᠶ᠋ᠢ ᠰᠠᠨᠠᠭᠠᠴᠢᠯᠠᠵᠤ ᠂ ᠵᠡᠭᠦᠨ ᠬᠣᠶᠢᠲᠤ ᠶ᠋ᠢᠨ ᠲᠣᠪᠴᠢᠶᠠᠨ ᠳ᠋ᠦ ᠬᠠᠷᠢᠶᠠᠯᠠᠭᠤᠯᠬᠤ ᠪᠠᠷ ᠪᠤᠯᠤᠭᠰᠠᠨ ᠪᠠᠶᠢᠨ᠎ᠠ 》 ᠂ 《ᠥᠪᠥᠷ ᠮᠣᠩᠭᠣᠯ ᠤᠨ ᠴᠢᠯᠥᠭᠡᠯᠡᠯᠲᠡ ᠶ᠋ᠢᠨ ᠬᠣᠯᠪᠣᠭ᠎ᠠ ᠢ ᠵᠤᠬᠢᠶᠠᠨ ᠪᠠᠶᠢᠭᠤᠯᠵᠤ᠂ ᠥᠪᠥᠷ ᠮᠣᠩᠭᠣᠯ ᠳ᠋ᠤ ᠳᠠᠪᠰᠢᠭᠰᠠᠨ ᠬᠥᠮᠦᠰ ᠢ ᠵᠣᠬᠢᠶᠠᠨ ᠪᠠᠶᠢᠭᠤᠯᠬᠤ ᠳ᠋ᠤ ᠦᠢᠯᠡᠴᠢᠯᠡᠭᠦᠯᠦᠨ᠎ᠡ 》 ᠭᠡᠬᠦ ᠮᠡᠲᠦ ᠰᠠᠨᠠᠯ ᠢ ᠳᠤᠷᠠᠳᠴᠠᠶ ᠃ 1947 ᠤᠨ ᠤ 2 ᠰᠠᠷ᠎ᠠ ᠶ᠋ᠢᠨ 3 ᠢ ᠡᠳᠦᠷ᠂ ᠤᠯᠠᠭᠠᠨᠬᠦᠦ ᠡᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠯᠠᠭᠤᠨ ᠪᠧᠶ ᠤᠨ ᠣᠷᠤᠨ ᠨᠤᠲᠤᠭ ᠤᠨ ᠬᠣᠷᠢᠶᠠᠨ ᠤ ᠺᠠᠳ᠋ᠷ ᠤᠨ ᠥᠷᠭᠡᠳᠬᠡᠭᠰᠡᠨ ᠬᠤᠷᠠᠯ ᠳᠡᠭᠡᠷ᠎ᠡ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤᠠ ᠰᠠᠭᠤᠳᠠᠯ ᠤᠨ ᠲᠤᠬᠠᠶ ᠶᠠᠷᠢᠶ᠎ᠠ ᠲᠠᠯᠪᠢᠵᠤ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠬᠤ ᠴᠢᠬᠤᠯᠠ ᠶᠡᠬᠡ ᠠᠴᠢ ᠬᠣᠯᠪᠣᠭᠳᠠᠯ ᠢ ᠲᠤᠳᠤᠷᠬᠠᠶᠢᠠᠯᠵᠤ ᠂ ᠲᠤᠬᠠᠶᠢᠯᠠᠪᠠᠯ ᠮᠣᠩᠭᠣᠯ ᠦᠨᠳᠦᠰᠦᠲᠡᠨ ᠤ ᠠᠷᠠᠳ ᠲᠦᠮᠡᠨ ᠲᠠᠢ ᠨᠡᠩ ᠨᠢᠭᠲᠠᠷᠠᠨ ᠪᠦᠯᠬᠦᠮᠳᠡᠵᠦ ᠂ ᠬᠠᠮᠲᠤ ᠪᠠᠷ ᠭᠣᠮᠢᠨᠳᠠᠩ ᠤᠨ ᠲᠡᠷᠰᠯᠡᠭᠦᠴᠦᠳ ᠢ ᠡᠰᠡᠷᠭᠦᠴᠡᠬᠦ ᠶᠠᠪᠤᠳᠠᠯ ᠪᠤᠯᠤᠨ᠎ᠠ ᠃
2 ᠰᠠᠷ᠎ᠠ ᠶ᠋ᠢᠨ14 ᠦ ᠡᠳᠦᠷ ᠂ ᠤᠯᠠᠭᠠᠨᠬᠦᠦ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠤᠨ ᠪᠠᠶᠢᠭᠤᠯᠭ᠎ᠠ ᠶ᠋ᠢᠨ 40 ᠭᠠᠷᠤᠶ ᠬᠥᠮᠦᠨ ᠶ᠋ᠢ ᠳᠠᠭᠠᠭᠭᠤᠯᠤᠨ ᠬᠢᠩᠭᠠᠨ ᠠᠶᠢᠮᠠᠭ ᠤᠨ ᠰᠦᠮ᠎ᠡ ᠳ᠋ᠤ ᠬᠥᠷᠪᠡ ᠃ ᠬᠣᠯᠪᠣᠭᠠᠲᠤ ᠬᠤᠷᠠᠯ ᠤᠨ ᠵᠡᠭᠦᠨ ᠮᠣᠩᠭᠣᠯ ᠤᠨ ᠶᠡᠷᠦᠩᠬᠡᠶ ᠬᠤᠪᠢᠶᠠᠷᠢ ᠬᠤᠷᠠᠯ ᠂ ᠬᠢᠩᠭᠠᠨ ᠮᠣᠵᠢ ᠶ᠋ᠢᠨ ᠵᠠᠰᠠᠭ ᠤᠨ ᠣᠷᠳᠣᠨ ᠵᠢᠴᠢ ᠥᠪᠥᠷ ᠮᠣᠩᠭᠣᠯ ᠤᠨ ᠠᠷᠠᠳ ᠤᠨ ᠥᠪᠡᠷ ᠢ ᠪᠡᠨ ᠬᠠᠮᠠᠭᠠᠯᠠᠬᠤ ᠴᠡᠷᠢᠭ ᠤᠨ ᠬᠢᠩᠭᠠᠨ ᠴᠡᠷᠢᠭ ᠤᠨ ᠲᠣᠭᠣᠷᠢᠭ ᠤᠨ ᠲᠥᠯᠥᠭᠡᠯᠡᠭᠴᠢ ᠪᠠ ᠡᠯ᠎ᠡ ᠦᠨᠳᠦᠰᠦᠲᠡᠨ ᠤ ᠬᠡᠳᠦᠨ ᠮᠢᠩᠭᠠᠨ ᠴᠡᠷᠢᠭ ᠠᠷᠠᠳ ᠲᠡᠷᠭᠡᠨ ᠥᠷᠲᠡᠭᠡᠨ ᠳ᠋ᠤ ᠬᠦᠷᠴᠦ ᠤᠭᠲᠤᠭᠰᠠᠨ ᠪᠥᠭᠡᠳ ᠦᠪᠡᠳᠡᠭᠰᠢ ᠶᠡᠬᠡ ᠤᠭᠲᠤᠯᠭ᠎ᠠ ᠶ᠋ᠢᠨ ᠬᠤᠷᠠᠯ ᠬᠤᠷᠠᠯᠳᠤᠭᠤᠯᠵᠤ ᠂ ᠡᠯ᠎ᠡ ᠦᠨᠳᠦᠰᠦᠲᠡᠨ ᠦ ᠠᠷᠠᠳ ᠲᠦᠮᠡᠨ ᠦᠥᠪᠡᠷᠲᠡᠭᠡᠨ ᠵᠠᠰᠠᠬᠤ ᠬᠥᠳᠡᠯᠭᠡᠭᠡᠨ ᠢ ᠨᠢᠭᠡᠲᠦᠯ ᠪᠤᠯᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠬᠤ ᠬᠠᠯᠠᠭᠤᠨ ᠬᠦᠰᠡᠯ ᠢᠶᠡᠨ ᠢᠯᠡᠳᠬᠡᠭᠰᠡᠨ ᠪᠠᠶᠢᠨ᠎ᠠ ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠤᠨ ᠤᠳᠤᠷᠢᠳᠬᠤ ᠪᠠᠶᠢᠭᠤᠯᠭ᠎ᠠ ᠶ᠋ᠢ ᠸᠠᠩ ᠤᠨ ᠰᠦᠮ᠎ᠡ ᠳ᠋ᠤ ᠨᠡᠭᠦᠯᠭᠡᠭᠰᠡᠨ ᠦ ᠳᠠᠷᠠᠭ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠᠨ ᠤ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠢᠨ ᠳ᠋ᠦ ᠥᠷᠭᠡᠨ ᠳᠡᠯᠭᠡᠷ ᠤᠬᠠᠭᠠᠭᠤᠯᠤᠨ ᠂ ᠥᠪᠥᠷ ᠮᠣᠩᠭᠣᠯ ᠤᠨ ᠠᠷᠠᠳ ᠤᠨ ᠲᠥᠯᠥᠭᠡᠯᠡᠭᠴᠢᠳ ᠤᠨ ᠬᠤᠷᠠᠯ ᠬᠤᠷᠠᠯᠳᠤᠭᠤᠯᠬᠤ ᠪᠤᠯᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠬᠤ ᠳ᠋ᠤ ᠡᠬᠢᠯᠡᠨ ᠪᠠᠴᠢᠮ ᠪᠡᠯᠡᠳᠬᠡᠯ ᠠᠵᠢᠯ ᠢ ᠬᠢᠭᠰᠡᠨ ᠪᠠᠶᠢᠨ᠎ᠠ ᠃ 2 ᠰᠠᠷ᠎ᠠ ᠶ᠋ᠢᠨ 20 ᠦ ᠡᠳᠦᠷ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠨᠢ ᠡᠯ᠎ᠡ ᠠᠶᠢᠮᠠᠭ ᠂ ᠬᠣᠰᠢᠭᠤᠨ ᠤ ᠰᠠᠯᠪᠤᠷᠢ ᠬᠤᠷᠠᠯ ᠬᠤᠷᠠᠯᠳᠤᠭᠤᠯᠬᠤ ᠮᠡᠳᠡᠭᠳᠡᠯ ᠭᠠᠷᠭᠠᠵᠤ᠂ ᠡᠯ᠎ᠡ ᠭᠠᠵᠠᠷ ᠤᠨ ᠬᠢᠨ ᠦ ᠵᠣᠬᠢᠶᠠᠨ ᠪᠠᠶᠢᠭᠤᠯᠤᠯᠲᠠ ᠵᠢᠴᠢ ᠬᠤᠷᠠᠯ ᠳ᠋ᠦ ᠤᠷᠤᠯᠴᠠᠭᠰᠠᠳ ᠬᠤᠷᠠᠯ ᠤᠨ ᠢᠯᠡᠳᠬᠡᠯ ᠪᠡᠯᠡᠳᠬᠡᠨ᠂ ᠤᠯᠠᠨ ᠲᠦᠮᠡᠨ ᠦ ᠰᠠᠨᠠᠯ ᠢ ᠴᠤᠭᠯᠠᠭᠤᠯᠬᠤ ᠶ᠋ᠢ ᠱᠠᠭᠠᠷᠳᠠᠭᠰᠠᠨ ᠪᠠᠶᠢᠨ᠎ᠠ ᠃ 3 ᠰᠠᠷ᠎ᠠ ᠶ᠋ᠢᠨ 14 ᠦ ᠡᠳᠦᠷ ᠂ ᠤᠯᠠᠭᠠᠨᠬᠦᠦ ᠡᠴᠡ ᠨᠠᠮ ᠤᠨ ᠲᠦᠪ ᠬᠤᠷᠢᠶᠠᠨ ᠳ᠋ᠤ ᠠᠷᠠᠳ ᠤᠨ ᠲᠥᠯᠥᠭᠡᠯᠡᠭᠴᠢᠳ ᠤᠨ ᠬᠤᠷᠠᠯᠳᠤᠭᠠᠨ ᠤ ᠪᠡᠯᠡᠳᠬᠡᠯ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ 《 ᠥᠪᠥᠷ ᠮᠣᠩᠭᠣᠯ ᠤᠨ ᠠᠷᠠᠳ ᠤᠨ ᠲᠥᠯᠥᠭᠡᠯᠡᠭᠴᠢᠳ ᠤᠨ ᠬᠤᠷᠠᠯ ᠤᠨ ᠨᠢ 3 ᠰᠠᠷ᠎ᠠ ᠶ᠋ᠢᠨ ᠰᠡᠭᠦᠯᠴᠢ ᠪᠡᠷ ᠬᠤᠷᠠᠯᠳᠤᠬᠤ ᠪᠠᠷ ᠪᠡᠯᠡᠳᠬᠡᠵᠦ ᠂ ᠥᠪᠡᠷᠲᠡᠭᠡᠨ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠭᠡᠵᠦ ᠪᠠᠶᠢᠨ᠎ᠠ 》 ᠬᠡᠮᠡᠵᠠᠢ ᠃
3 ᠰᠠᠷ᠎ᠠ ᠶ᠋ᠢᠨ 23 ᠦ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠲᠥᠪ ᠬᠣᠷᠢᠶᠠᠨ ᠡᠴᠠ ᠬᠣᠯᠪᠣᠭᠳᠠᠯ ᠪᠥᠬᠥᠢ ᠲᠥᠪ ᠤᠨ ᠲᠣᠪᠴᠢᠶ᠎ᠠ ᠂ ᠬᠤᠪᠢᠶᠠᠷᠢ ᠲᠣᠪᠴᠢᠶ᠎ᠠ ᠳ᠋ᠤ ᠳᠠᠬᠢᠨᠳᠠ ᠵᠢᠭᠠᠪᠤᠷᠢ ᠪᠠᠭᠤᠯᠭᠠᠵᠤ ᠂ ᠵᠢᠭᠠᠵᠤ ᠭᠠᠷᠭᠠᠭᠰᠠᠨ ᠨᠢ᠄ 《 ᠵᠡᠭᠦᠨ ᠮᠣᠩᠭᠣᠯ ᠬᠢᠭᠡᠳ ᠷᠸᠾᠸ ᠴᠠᠬᠠᠷ ᠮᠣᠩᠭᠣᠯ ᠠᠷᠠᠳ ᠠᠯᠢ ᠬᠡᠳᠦᠶᠢᠨ ᠨᠢᠭᠡᠲᠦᠯᠲᠠᠢ ᠥᠪᠡᠷᠲᠡᠭᠡᠨ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠪᠠᠷ ᠱᠠᠭᠠᠷᠳᠠᠭᠰᠠᠨ ᠪᠢᠠᠨᠠ ᠂ ᠪᠢᠳᠡ ᠦᠷᠭᠦᠯᠵᠢᠯᠡᠨ ᠢᠳᠬᠠᠨ ᠬᠤᠷᠢᠭᠯᠠᠵᠤ ᠪᠤᠯᠬᠤ ᠦᠭᠡᠢ ᠂ ᠲᠡᠶᠢᠮᠦ ᠡᠴᠡ ᠵᠠᠷᠴᠢᠮ ᠳᠡᠭᠡᠷ᠎ᠡ ᠪᠡᠨ ᠂ ᠡᠨᠡ ᠤᠳᠠᠭᠠᠨ ᠤ ᠲᠥᠯᠥᠭᠡᠯᠡᠭᠴᠢᠳ ᠤᠨ ᠶᠡᠬᠡ ᠬᠤᠷᠠᠯ ᠳᠡᠭᠡᠷ᠎ᠡ ᠥᠪᠥᠷ ᠮᠣᠩᠭᠣᠯ ᠤᠨ ᠨᠢᠭᠡᠳᠦᠯᠲᠡᠶ ᠦᠨᠳᠦᠰᠦᠲᠡᠨ ᠤ ᠥᠪᠡᠷᠲᠡᠭᠡᠨ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠶ᠋ᠢ ᠵᠦᠪᠰᠢᠶᠡᠷᠡᠨ᠎ᠡ 》 ᠭᠡᠵᠦ ᠪᠠᠶᠢᠨ᠎ᠠ᠃ 《 ᠶᠡᠬᠡ ᠬᠤᠷᠠᠯ ᠤᠨ ᠲᠤᠩᠬᠠᠭ ᠲᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠨᠢ ᠲᠤᠰᠠᠭᠠᠷ ᠲᠣᠭᠲᠠᠨᠢᠭᠰᠠᠨ ᠵᠠᠰᠠᠭ ᠤᠨ ᠣᠷᠳᠣᠨ ᠪᠢᠰᠢ ᠬᠡᠮᠡᠨ ᠲᠤᠳᠤᠷᠬᠠᠶᠢᠯᠠᠬᠤ ᠴᠢᠬᠤᠯᠠᠲᠠᠢ᠂ ᠲᠡᠷᠡ ᠨᠢ ᠥᠪᠥᠷ ᠮᠣᠩᠭᠣᠯ ᠤᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠢ ᠮᠦᠨ ᠳᠤᠮᠳᠠᠳᠤ ᠤᠯᠤᠰ ᠤᠨ ᠨᠤᠲᠤᠭ ᠳᠡᠪᠢᠰᠬᠡᠷ ᠲᠦ ᠬᠠᠷᠢᠶᠠᠯᠠᠭᠳᠠᠬᠤ ᠶ᠋ᠢ ᠮᠡᠳᠡᠷᠡᠳᠡᠭ ᠮᠦᠷᠲᠡᠭᠡᠨ ᠳᠤᠮᠳᠠᠳᠤ ᠤᠯᠤᠰ ᠤᠨ ᠵᠢᠩᠬᠢᠨᠢ ᠠᠷᠠᠳᠴᠢᠯᠠᠭᠰᠠᠨ ᠬᠣᠯᠪᠣᠭᠠᠲᠤ ᠵᠠᠰᠠᠭ ᠤᠨ ᠣᠷᠳᠣᠨ ᠤ ᠨᠢᠭᠡ ᠬᠡᠰᠡᠭ ᠂ ᠲᠡᠷᠡ ᠨᠢ ᠵᠢᠶᠠᠩ ᠵᠢᠶᠸ ᠱᠢ ᠶ᠋ᠢᠨ ᠭᠣᠮᠢᠨᠳᠠᠩ ᠤᠨ ᠭᠠᠭᠴᠠᠭᠠᠷ ᠡᠵᠡᠷᠬᠡᠬᠦ ᠵᠠᠰᠠᠭ ᠤᠨ ᠣᠷᠳᠣᠨ ᠵᠢᠴᠢ ᠲᠡᠭᠦᠨ ᠤ ᠲᠣᠭᠲᠠᠭᠠᠭᠰᠠᠨ ᠦᠨᠳᠦᠰᠦᠲᠡᠨ ᠦ ᠥᠪᠡᠷᠲᠡᠭᠡᠨ ᠵᠠᠰᠠᠬᠤ ᠡᠷᠬᠡ ᠶ᠋ᠢ ᠬᠦᠴᠦᠨ ᠦᠭᠡᠢ ᠪᠤᠯᠭᠠᠭᠰᠠᠨ ᠬᠠᠭᠤᠷᠮᠠᠭ ᠦᠨᠳᠦᠰᠦᠨ ᠬᠠᠤᠯᠢ ᠪᠣᠯᠤᠨ ᠲᠡᠭᠦᠨ ᠤ ᠤᠯᠤᠰ ᠢᠶᠡᠨ ᠬᠤᠳᠠᠯᠳᠤᠵᠤ ᠳᠣᠲᠣᠭᠠᠳᠤ ᠶ᠋ᠢᠨ ᠲᠠᠢᠢᠨ ᠬᠢᠳᠡᠭ ᠲᠡᠷᠰᠯᠡᠭᠦᠦ ᠲᠦᠷᠦ ᠶ᠋ᠢᠨ ᠪᠤᠳᠤᠯᠭ᠎ᠠ ᠶ᠋ᠢ ᠡᠰᠡᠷᠭᠦᠴᠡᠳᠡᠭ ᠪᠠᠶᠢᠨ᠎ᠠ 》 ᠃ ᠪᠠᠰᠠ ᠭᠣᠮᠢᠨᠳᠠᠩ ᠤᠨ ᠨᠣᠶᠠᠷᠬᠠᠯ ᠤᠨ ᠳᠣᠣᠷ᠎ᠠ ᠪᠠᠶᠢᠭ᠎ᠠ ᠥᠪᠥᠷ ᠮᠣᠩᠭᠣᠯ ᠤᠨ ᠪᠠᠷᠠᠭᠤᠨ ᠬᠡᠰᠡᠭ ᠤᠨ ᠭᠠᠵᠠᠷ ᠣᠷᠣᠨ ᠤᠡᠯᠡ ᠠᠶᠢᠮᠠᠭ ᠬᠣᠰᠢᠭᠤ ᠤ ᠲᠤᠬᠠᠢ ᠲᠥᠪ ᠬᠣᠷᠢᠶᠠᠨ ᠡᠴᠠ ᠭᠠᠷᠭᠠᠭᠰᠠᠨ ᠵᠢᠭᠠᠪᠤᠷᠢ ᠳ᠋ᠤ ᠄ 《 ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠶ᠋ᠢᠨ ᠳᠤᠮᠳᠠ ᠂ ᠪᠠᠷᠠᠭᠤᠨ ᠮᠣᠩᠭᠣᠯ ᠤᠨ ᠲᠦᠯᠦᠭᠡᠯᠡᠭᠴᠢᠳ ᠲᠦ ᠤᠷᠤᠨ ᠪᠠᠶᠢᠷᠢ ᠦᠯᠡᠭᠳᠡᠭᠡᠭᠰᠡᠨ ᠪᠠᠶᠢᠬᠤ ᠬᠡᠷᠡᠭᠲᠡᠢ ᠁ ᠪᠠᠷᠠᠭᠤᠨ ᠮᠣᠩᠭᠣᠯ ᠤᠨ ᠬᠣᠰᠢᠭᠤ ᠴᠢᠭᠤᠯᠭᠠᠨ ᠤ ᠤᠷᠤᠯᠴᠠᠬᠤ ᠶ᠋ᠢ ᠬᠦᠰᠡᠭᠰᠡᠨ ᠪᠠᠶᠢᠳᠠᠭ 》 ᠃ ᠡᠭᠦᠨ ᠤ ᠳᠠᠭᠠᠤ ᠂ ᠲᠥᠪ ᠡᠴᠡ ᠪᠠᠰᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠤ ᠳᠠᠷᠠᠭ᠎ᠠ ᠲᠡᠭᠦᠨ ᠦ ᠡᠯ᠎ᠡ ᠵᠡᠷᠭᠡᠯᠡᠳᠡᠭᠡ ᠴᠢᠯᠥᠭᠡᠯᠡᠭᠳᠡᠭᠰᠡᠨ ᠣᠷᠣᠨ ᠤ ᠬᠠᠷᠢᠴᠠᠭ᠎ᠠ ᠂ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠬᠠᠷᠢᠶ᠎ᠠ ᠣᠷᠣᠨ ᠤ ᠳᠣᠲᠣᠷᠠᠬᠢ ᠦᠨᠳᠦᠰᠦᠲᠡᠨ ᠤ ᠬᠠᠷᠢᠴᠠᠭ᠎ᠠ ᠂ ᠴᠡᠷᠢᠭ ᠠᠩᠬᠢ ᠵᠤᠬᠢᠶᠠᠨ ᠪᠠᠶᠢᠭᠤᠯᠬᠤ ᠠᠰᠠᠭᠤᠳᠠᠯ ᠳ᠋ᠤ ᠮᠥᠨ ᠲᠣᠳᠣᠷᠬᠠᠶ ᠪᠦᠭᠡᠳ ᠪᠣᠳᠠᠲᠠᠶ ᠲᠣᠭᠲᠠᠭᠠᠯ ᠭᠠᠷᠭᠠᠭᠰᠠᠨ ᠪᠠᠶᠢᠨ᠎ᠠ ᠄ 《 ᠪᠦᠷᠢᠮᠦᠰᠦᠨ ᠠᠶᠢᠮᠠᠭ ᠬᠣᠰᠢᠭᠤ ᠨᠢ ᠡᠯ᠎ᠡ ᠭᠠᠵᠠᠷ ᠣᠷᠣᠨ ᠤ ᠦᠨᠳᠦᠰᠦᠲᠡᠨ ᠤ ᠥᠪᠡᠷᠲᠡᠭᠡᠨ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ ᠃ ᠮᠣᠩᠭᠣᠯ ᠬᠢᠲᠠᠳ ᠦᠨᠳᠦᠰᠦᠲᠡᠨ ᠬᠣᠯᠢᠯᠳᠤᠨ ᠰᠠᠭᠤᠵᠤ ᠂ ᠬᠢᠲᠠᠳ ᠬᠥᠮᠦᠨ ᠴᠥᠭᠡᠨ ᠲᠣᠭ᠎ᠠ ᠶ᠋ᠢ ᠡᠵᠡᠯᠡᠵᠦ ᠪᠠᠶᠢᠭ᠎ᠠ ᠭᠠᠵᠠᠷ ᠨᠢ ᠲᠤᠬᠠᠶᠢᠯᠠᠪᠠᠯ ᠦᠨᠳᠦᠰᠦᠲᠡᠨ ᠤ ᠥᠪᠡᠷᠲᠡᠭᠡᠨ ᠵᠠᠰᠠᠬᠤ ᠵᠠᠰᠠᠭ ᠤᠨ ᠣᠷᠳᠣᠨ ᠳ᠋ᠦ ᠬᠠᠷᠢᠶᠠᠯᠠᠭᠳᠠᠵᠤ ᠂ ᠭᠡᠪᠡᠴᠦ ᠡᠳᠡᠭᠡᠷ ᠣᠷᠣᠨ ᠨᠤᠲᠤᠭ ᠤᠨ ᠵᠠᠰᠠᠭ ᠤᠨ ᠣᠷᠳᠣᠨ ᠳ᠋ᠦ ᠡᠷᠬᠡᠪᠰᠢ ᠬᠢᠲᠠᠳ ᠬᠥᠮᠦᠨ ᠲᠥᠯᠥᠭᠡᠯᠡᠭᠴᠢ ᠪᠠᠶᠢᠬᠤ ᠬᠡᠷᠡᠭᠲᠡᠢ ᠃ ᠮᠣᠩᠭᠣᠯ ᠬᠢᠲᠠᠳ ᠦᠨᠳᠦᠰᠦᠲᠡᠨ ᠬᠣᠯᠢᠯᠳᠤᠨ ᠰᠠᠭᠤᠵᠤ ᠂ ᠬᠢᠲᠠᠳ ᠬᠥᠮᠦᠨ ᠠᠷᠪᠢᠨ ᠭᠠᠵᠠᠷ ᠨᠢ ᠮᠥᠨ ᠯᠡ ᠴᠢᠯᠥᠭᠡᠯᠡᠭᠳᠡᠭᠰᠡᠨ ᠣᠷᠣᠨ ᠤ ᠵᠠᠰᠠᠭ ᠤᠨ ᠣᠷᠳᠣᠨ ᠳ᠋ᠤ ᠬᠠᠷᠢᠶᠠᠯᠠᠭᠳᠠᠨ᠎ᠠ᠂ ᠭᠡᠪᠡᠴᠦ ᠡᠳᠡᠭᠡᠷ ᠣᠷᠣᠨ ᠨᠤᠲᠤᠭ ᠤᠨ ᠵᠠᠰᠠᠭ ᠤᠨ ᠣᠷᠳᠣᠨ ᠳ᠋ᠤ ᠡᠷᠬᠡᠪᠰᠢ ᠮᠣᠩᠭᠣᠯ ᠠᠷᠠᠳ ᠤᠨ ᠵᠥᠪᠯᠡᠯ ᠵᠤᠬᠢᠶᠠᠨ ᠪᠠᠶᠢᠭᠤᠯᠵᠤ᠂ ᠮᠣᠩᠭᠣᠯ ᠠᠷᠠᠳ ᠤᠨ ᠬᠡᠷᠡᠭ ᠶᠠᠪᠤᠳᠠᠯ ᠢ ᠰᠢᠶᠳᠪᠦᠷᠢᠯᠡᠬᠦ ᠬᠡᠷᠡᠭᠲᠡᠶ 》 ᠭᠡᠰᠡᠨ ᠪᠠᠶᠢᠨ᠎ᠠ᠃ 《 ᠴᠡᠷᠢᠭ ᠠᠩᠬᠢ ᠶ᠋ᠢᠨ ᠲᠠᠯ᠎ᠠ ᠢᠶ᠋ᠡᠷ ᠂ ᠡᠯ᠎ᠡ ᠥᠪᠡᠷᠲᠡᠭᠡᠨ ᠵᠠᠰᠠᠬᠤ ᠵᠠᠰᠠᠭ ᠤᠨ ᠣᠷᠳᠣᠨ ᠦ ᠳᠣᠣᠷ᠎ᠠ ᠪᠡᠶ᠎ᠡ ᠪᠡᠨ ᠳᠠᠭᠠᠭᠠᠭᠰᠠᠨ ᠮᠣᠩᠭᠣᠯ ᠠᠷᠠᠳ ᠤᠨ ᠵᠡᠪᠰᠡᠭᠲᠦ ᠡᠩᠨᠡᠭᠡ ᠪᠠᠶᠢᠭᠤᠯᠬᠤ ᠬᠡᠷᠡᠭᠲᠡᠶ ᠂ ᠴᠡᠷᠢᠭ ᠵᠠᠰᠠᠭ ᠤᠨ ᠲᠠᠯ᠎ᠠ ᠪᠣᠯᠤᠨ ᠥᠪᠥᠷ ᠮᠤᠩᠭᠤᠯ ᠤᠨ ᠦᠨᠳᠦᠰᠦᠲᠡᠨ ᠤ ᠥᠪᠡᠷᠲᠡᠭᠡᠨ ᠵᠠᠰᠠᠬᠤ ᠵᠠᠰᠠᠭ ᠤᠨ ᠣᠷᠳᠣᠨ ᠨᠢᠭᠡᠳᠦᠯᠲᠡᠶ ᠣᠷᠣᠨ ᠲᠤᠭᠠᠨ ᠤ ᠬᠠᠮᠢᠶᠠᠷᠤᠯᠲᠠ ᠂ ᠭᠡᠪᠡᠴᠦ ᠪᠠᠶᠢᠯᠳᠤᠭᠠᠨ ᠪᠤᠳᠤᠯᠭ᠎ᠠ ᠶ᠋ᠢᠨ ᠲᠠᠯ᠎ᠠ ᠪᠠᠷ ᠂ ᠡᠯ᠎ᠡ ᠠᠷᠠᠳ ᠤᠨ ᠴᠢᠯᠥᠭᠡᠯᠡᠬᠦ ᠴᠡᠷᠢᠭ ᠤᠨ ᠴᠡᠷᠢᠭ ᠤᠨ ᠲᠣᠭᠣᠷᠢᠭ ᠲᠤ ᠨᠢᠭᠡᠳᠬᠡᠬᠦ ᠬᠡᠷᠡᠭᠲᠡᠶ 》 ᠭᠡᠰᠡᠨ ᠪᠠᠶᠢᠨ᠎ᠠ ᠃ ᠡᠭᠦᠨ ᠤ ᠬᠠᠮᠲᠤ ᠲᠥᠪ ᠬᠣᠷᠢᠶ᠎ᠠ ᠡᠴᠡ ᠨᠠᠮ ᠤᠨ ᠤᠳᠤᠷᠢᠳᠤᠯᠭ᠎ᠠ ᠵᠢᠴᠢ ᠥᠪᠥᠷ ᠮᠣᠩᠭᠣᠯ ᠤᠨ ᠠᠷᠠᠳ ᠤᠨ ᠬᠤᠪᠢᠰᠬᠠᠯᠲᠤ ᠨᠠᠮ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠵᠡᠷᠭᠡ ᠠᠰᠠᠭᠤᠳᠠᠯ ᠤᠨ ᠲᠤᠬᠠᠶ ᠠᠩᠬ᠎ᠠ ᠠᠯᠬᠤᠮ ᠤᠨ ᠰᠠᠨᠠᠯ ᠳᠤᠷᠠᠳᠤᠭᠰᠠᠨ ᠪᠠᠶᠢᠨ᠎ᠠ ᠃ 4 ᠰᠠᠷ᠎ᠠ ᠶ᠋ᠢᠨ 20 ᠦ ᠡᠳᠦᠷ ᠂ ᠨᠠᠮ ᠤᠨ ᠲᠥᠪ ᠬᠣᠷᠢᠶᠠᠨ ᠡᠴᠠ ᠵᠡᠭᠦᠨ ᠬᠣᠶᠢᠲᠤ ᠣᠷᠣᠨ ᠤ ᠲᠤᠪᠴᠢᠶᠠᠨ ᠳ᠋ᠤ ᠬᠠᠷᠢᠭᠤ ᠴᠠᠬᠢᠯᠭᠠᠨ ᠮᠡᠳᠡᠭᠡ ᠶᠠᠪᠤᠭᠤᠯᠵᠤ ᠂《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠥᠲᠥᠯᠪᠦᠷᠢ 》ᠪᠣᠯᠤᠨ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠲᠦᠷ ᠬᠡᠷᠡᠭᠵᠢᠭᠦᠯᠬᠦ ᠵᠣᠬᠢᠶᠠᠨ ᠪᠠᠶᠢᠭᠤᠯᠬᠤ ᠬᠥᠲᠥᠯᠪᠦᠷᠢ 》 ᠲᠥᠰᠦᠯ ᠢ ᠵᠠᠷᠴᠢᠮ ᠳᠡᠭᠡᠷ᠎ᠡ ᠪᠡᠨ ᠵᠦᠪᠰᠢᠶᠡᠷᠡᠵᠦ ᠂ ᠪᠠᠰᠠ ᠵᠡᠭᠦᠨ ᠬᠣᠶᠢᠲᠤ ᠣᠷᠣᠨ ᠤᠨ ᠲᠣᠪᠴᠢᠶ᠎ᠠ ᠪᠣᠯᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠤᠨ ᠬᠠᠮᠲᠤ ᠪᠠᠷ ᠪᠣᠳᠠᠲᠠᠶ ᠵᠦᠢᠯ ᠵᠤᠷᠪᠤᠰ ᠢ ᠵᠦᠪᠳᠡᠨ ᠲᠤᠭᠲᠠᠬᠤ ᠶ᠋ᠢ ᠵᠦᠪᠰᠢᠶᠡᠷᠡᠭᠰᠡᠨ ᠪᠠᠶᠢᠨ᠎ᠠ ᠃ ᠵᠢᠭᠠᠪᠤᠷᠢ ᠡᠴᠠ ᠤᠯᠠᠭᠠᠨᠬᠦᠦ ᠨᠦᠬᠦᠷ ᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢᠯᠯᠠᠲᠠ ᠂ ᠲᠦᠷᠦ ᠶ᠋ᠢᠨ ᠵᠣᠬᠢᠶᠠᠨ ᠪᠠᠶᠢᠭᠤᠯᠤᠯᠲᠠ ᠂ ᠬᠥᠮᠦᠨ ᠠᠮᠠ ᠪᠠ ᠠᠵᠤ ᠠᠬᠤᠶ ᠶ᠋ᠢᠨ ᠪᠠᠶᠢᠳᠠᠯ ᠂ ᠵᠡᠪᠰᠡᠭᠲᠦ ᠴᠡᠷᠢᠭ ᠠᠡᠭᠬᠢ ᠂ ᠭᠠᠵᠠᠷ ᠲᠠᠷᠢᠶᠠᠨ ᠦ ᠠᠰᠠᠭᠤᠳᠠᠯ ᠂ ᠱᠠᠰᠢᠨ ᠰᠤᠷᠲᠠᠬᠤᠨ ᠤ ᠪᠠᠶᠢᠳᠠᠯ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ ᠲᠣᠭ᠎ᠠ ᠬᠡᠮᠵᠢᠶ᠎ᠡ ᠵᠢᠴᠢ ᠡᠯ᠎ᠡ ᠴᠢᠯᠥᠭᠡᠯᠡᠭᠳᠡᠭᠰᠡᠨ ᠣᠷᠣᠨ ᠤ ᠬᠠᠷᠢᠴᠠᠭ᠎ᠠ ᠵᠡᠷᠭᠡ ᠠᠰᠠᠭᠤᠳᠠᠯ ᠤᠨ ᠲᠤᠬᠠᠶ ᠲᠥᠪ ᠬᠤᠷᠢᠶᠠᠨ ᠳ᠋ᠤ ᠴᠠᠬᠢᠯᠭᠠᠨ ᠮᠡᠳᠡᠭᠡ ᠪᠡᠷ ᠮᠡᠳᠡᠭᠳᠡᠬᠦ ᠶ᠋ᠢ ᠱᠠᠭᠠᠷᠳᠠᠭᠰᠠᠨ ᠪᠠᠶᠢᠨ᠎ᠠ ᠃ ᠲᠤᠰ ᠡᠳᠦᠷ ᠨᠠᠮ ᠤᠨ ᠲᠦᠪ ᠬᠤᠷᠢᠶᠠᠨ ᠡᠴᠠ ᠪᠠᠰᠠ ᠡᠯ᠎ᠡ ᠲᠥᠪ ᠬᠣᠷᠢᠶᠠᠨ ᠤ ᠲᠣᠪᠴᠢᠶ᠎ᠠ ᠂ ᠬᠤᠪᠢᠶᠠᠷᠢ ᠲᠣᠪᠴᠢᠶᠠᠨ ᠳ᠋ᠤ ᠵᠢᠭᠠᠪᠦᠷᠢ ᠭᠠᠷᠭᠠᠵᠤ᠂ ᠪᠦ᠋ᠬᠦ ᠤᠯᠤᠰ ᠤᠨ ᠡᠯ᠎ᠡ ᠴᠢᠯᠥᠭᠡᠯᠡᠭᠳᠡᠭᠰᠡᠨ ᠣᠷᠣᠨ ᠡᠴᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠪᠠᠶᠠᠷ ᠵᠢᠴᠢ ᠰᠣᠨᠢᠨ ᠮᠡᠳᠡᠭᠡᠯᠡᠯ ᠨᠡᠢ᠌ᠲᠡᠯᠡᠬᠦ ᠵᠡᠷᠭᠡ ᠠᠵᠢᠯ ᠢ ᠪᠠᠷᠢᠯᠠᠭᠤᠯᠤᠨ ᠲᠤᠬᠢᠷᠠᠭᠤᠯᠤᠭᠰᠠᠨ ᠪᠠᠶᠢᠨ᠎ᠠ ᠃
ᠳᠤᠮᠳᠠᠳᠤ ᠤᠯᠤᠰ ᠤᠨ ᠡᠪ ᠬᠠᠮᠲᠤ ᠨᠠᠮ ᠡᠴᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠠᠰᠠᠭᠤᠳᠠᠯ ᠳᠡᠭᠡᠷ᠎ᠡ ᠠᠪᠤᠭᠰᠠᠨ ᠴᠢᠭᠯᠡᠯᠲᠡ ᠨᠢ ᠤᠯᠤᠰ ᠤᠨ ᠳᠣᠲᠣᠭᠠᠳᠤ ᠳ᠋ᠠᠬᠢ ᠴᠥᠭᠡᠨ ᠲᠣᠭᠠᠲᠤ ᠦᠨᠳᠦᠰᠦᠲᠡᠨ ᠤ ᠠᠷᠠᠳ ᠲᠦᠮᠡᠨ ᠥᠪᠡᠷᠲᠡᠭᠡᠨ ᠵᠠᠰᠠᠬᠤ ᠶ᠋ᠢ ᠬᠡᠷᠡᠭᠵᠢᠬᠦᠯᠬᠦ᠂ ᠦᠨᠳᠦᠰᠦᠲᠡᠨ ᠤ ᠴᠢᠯᠥᠭᠡᠯᠡᠯᠲᠡ ᠶ᠋ᠢ ᠲᠡᠮᠡᠴᠡᠨ ᠤᠯᠬᠤ ᠪᠠᠲᠤ ᠴᠢᠩᠭ᠎ᠠ ᠵᠣᠭᠰᠣᠯᠲᠠ ᠶ᠋ᠢ ᠳᠠᠬᠢᠨᠲᠠ ᠬᠠᠷᠠᠭᠤᠯᠤᠭᠰᠠᠨ ᠪᠠᠶᠢᠨ᠎ᠠ᠃ ᠦᠨᠳᠦᠰᠦᠨ ᠲᠦᠷᠦ ᠶ᠋ᠢᠨ ᠪᠤᠳᠤᠯᠭ᠎ᠠ ᠶ᠋ᠢᠨ ᠤᠷᠳᠤ ᠬᠤᠭᠤᠴᠠᠭᠠᠨ ᠦ ᠪᠡᠯᠡᠳᠬᠡᠯ ᠢᠶᠠᠷ ᠳᠠᠮᠵᠢᠨ ᠪᠦᠷᠢᠯᠳᠦᠭᠰᠡᠨ ᠦᠨᠳᠦᠰᠦᠲᠡᠨ ᠦ ᠣᠷᠣᠨ ᠤ ᠥᠪᠡᠷᠲᠡᠭᠡᠨ ᠵᠠᠰᠠᠬᠤ ᠶ᠋ᠢ ᠬᠡᠷᠡᠭᠵᠢᠭᠦᠯᠬᠦ ᠲᠦᠷᠦ ᠶ᠋ᠢᠨ ᠪᠤᠳᠤᠯᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠭᠣᠮᠢᠨᠳᠠᠩ ᠤᠨ ᠤᠯᠤᠰ ᠲᠦᠷᠦ ᠶ᠋ᠢᠨ ᠲᠡᠮᠡᠴᠡᠯ ᠳᠤᠮᠳᠠ ᠠᠰᠢᠭᠲᠠᠶ ᠪᠠᠶᠢᠷᠢ ᠶ᠋ᠢ ᠡᠵᠡᠯᠡᠵᠡᠢ᠃ ᠡᠨᠡ ᠨᠢ ᠥᠪᠥᠷ ᠮᠣᠩᠭᠣᠯ ᠣᠷᠣᠨ ᠤ ᠡᠯ᠎ᠡ ᠦᠨᠳᠦᠰᠦᠲᠡᠨ ᠤ ᠠᠷᠠᠳ ᠲᠦᠮᠡᠨ ᠲᠠᠢ ᠪᠦᠯᠬᠦᠮᠳᠡᠵᠦ ᠪᠠᠶᠢᠭᠠᠳ ᠴᠢᠯᠥᠭᠡᠯᠡᠬᠦ ᠲᠠᠢᠢᠨ ᠤ ᠢᠯᠠᠯᠲᠠ ᠲᠡᠮᠡᠴᠡᠨ ᠤᠯᠬᠤᠤ ᠪᠠᠷ ᠦᠯᠦ ᠪᠠᠷᠠᠮ ᠮᠣᠩᠭᠣᠯ ᠦᠨᠳᠦᠰᠦᠲᠡᠨ ᠵᠢᠴᠢ ᠤᠯᠤᠰ ᠤᠨ ᠳᠣᠲᠣᠭᠠᠳᠤ ᠳ᠋ᠠᠬᠢ ᠪᠤᠰᠤᠳ ᠴᠥᠭᠡᠨ ᠲᠣᠭᠠᠲᠤ ᠦᠨᠳᠦᠰᠦᠲᠡᠨ ᠲᠠᠢ ᠦᠨᠳᠦᠰᠦᠲᠡᠨ ᠤ ᠂ ᠠᠷᠠᠳᠴᠢᠯᠠᠭᠰᠠᠨ ᠬᠤᠪᠢᠰᠬᠠᠯ ᠤᠨ ᠲᠡᠮᠡᠴᠡᠯ ᠳ᠋ᠤ ᠠᠯᠤᠰ ᠬᠡᠲᠦ ᠶ᠋ᠢᠨ ᠨᠥᠯᠥᠭᠡ ᠲᠡᠶ ᠶᠤᠮ ᠃
1947 ᠤᠨ ᠤ 2 ᠰᠠᠷ᠎ᠠ ᠶ᠋ᠢᠨ ᠳᠤᠮᠳᠠᠴᠢ ᠪᠠᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠤᠨ ᠭᠣᠣᠯ ᠤᠳᠤᠷᠢᠳᠤᠭᠴᠢᠳ ᠪᠤᠯᠬᠤ ᠤᠯᠠᠭᠠᠨᠬᠦᠦ ᠂ ᠬᠠᠹᠦᠩᠭ᠎ᠠ ᠂ ᠯᠢᠦ ᠴᠦᠨ ᠂ ᠪᠤᠶᠠᠨᠮᠠᠨᠳᠤᠬᠤ ᠂ ᠲᠡᠮᠦᠷᠪᠠᠭᠠᠨ᠎ᠠ ᠂ ᠺᠦᠢ ᠪᠢ ᠂ ᠦᠯᠵᠡᠶᠢᠤᠸᠴᠢᠷ ᠂ ᠺᠧ ᠯᠢ ᠭᠸᠩ ᠵᠡᠷᠭᠡ ᠬᠦᠮᠦᠰ ᠬᠠᠷᠪᠢᠨ ᠵᠦᠭ ᠴᠢᠭᠡᠯᠵᠦ᠂ ᠨᠠᠮ ᠤᠨ ᠲᠥᠪ ᠬᠣᠷᠢᠶᠠᠨ ᠤ ᠵᠡᠭᠦᠨ ᠬᠣᠶᠢᠲᠤ ᠣᠷᠣᠨ ᠤ ᠲᠣᠪᠴᠢᠶᠠᠨ ᠳ᠋ᠤ ᠥᠪᠥᠷ ᠮᠣᠩᠭᠣᠯ ᠤᠨ ᠠᠷᠠᠳ ᠤᠨ ᠲᠥᠯᠥᠭᠡᠯᠡᠭᠴᠢᠳ ᠤᠨ ᠬᠤᠷᠠᠯ ᠤᠨ ᠲᠤᠬᠠᠢ ᠪᠤᠯᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠬᠤ ᠪᠡᠯᠡᠳᠬᠡᠯ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠭᠰᠡᠨ ᠪᠠᠶᠢᠨ᠎ᠠ᠃ 3 ᠰᠠᠷ᠎ᠠ ᠶ᠋ᠢᠨ ᠡᠬᠢ ᠪᠡᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠬᠤᠶᠢᠲᠤ ᠣᠷᠣᠨ ᠤ ᠲᠤᠪᠴᠢᠶᠠᠨ ᠤ ᠲᠣᠬᠢᠷᠠᠭᠤᠯᠤᠯᠲᠠ ᠶ᠋ᠢᠨ ᠳᠣᠣᠷ᠎ᠠ ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠮᠤᠵᠢ ᠶ᠋ᠢᠨ ᠠᠵᠢᠯᠯᠠᠬᠤ ᠺᠣᠮᠢᠰ ᠤᠨ ᠬᠠᠷᠢᠭᠤᠴᠠᠯᠭᠠᠲᠠᠨ ᠤ ᠬᠤᠷᠠᠯ ᠢ ᠬᠤᠷᠠᠯᠳᠤᠭᠤᠯᠵᠤ ᠂ ᠨᠠᠮ ᠤᠨ ᠲᠥᠪ ᠬᠣᠷᠢᠶᠠᠨ ᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠠᠰᠠᠭᠤᠳᠠᠯ ᠤᠨ ᠲᠤᠬᠠᠶ ᠵᠢᠭᠠᠪᠤᠷᠢ ᠶ᠋ᠢ ᠦᠨᠳᠦᠰᠦᠯᠡᠵᠦ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠰᠢᠨᠵᠢ ᠴᠢᠨᠠᠷ ᠲᠠᠢ ᠤᠶᠠᠯᠳᠤᠭᠤᠯᠤᠨ ᠂ ᠡᠯ᠎ᠡ ᠵᠦᠢᠯ ᠤᠨ ᠲᠥᠷᠥ ᠶ᠋ᠢᠨ ᠪᠣᠳᠣᠯᠭ᠎ᠠ ᠂ ᠳᠦᠷᠢᠮ ᠲᠣᠭᠲᠠᠭᠠᠯ ᠢ ᠲᠣᠭᠲᠠᠭᠠᠵᠤ ᠂ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠪᠦᠷᠢᠯᠳᠦᠯ ᠵᠡᠷᠭᠡ ᠠᠰᠠᠭᠤᠳᠠᠯ ᠤᠨ ᠲᠤᠬᠠᠶ ᠭᠦᠨᠵᠡᠭᠡᠶ ᠶᠠᠷᠢᠯᠴᠠᠭ᠎ᠠ ᠬᠢᠪᠡ ᠃
ᠬᠤᠷᠠᠯ ᠤᠨ ᠬᠤᠭᠤᠴᠠᠭᠠᠨ ᠳ᠋ᠤ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠥᠲᠥᠯᠪᠦᠷᠢ 》 ᠂ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠲᠦᠷ ᠶᠠᠪᠤᠭᠤᠯᠬᠤ ᠵᠣᠬᠢᠶᠠᠨ ᠪᠠᠶᠢᠭᠤᠯᠤᠯᠲᠠ ᠶ᠋ᠢᠨ ᠶᠡᠷᠦᠩᠬᠡᠶ ᠬᠥᠲᠥᠯᠪᠦᠷᠢ 》 ᠶ᠋ᠢ ᠲᠤᠭᠤᠷᠪᠢᠵᠦ ᠂ ᠵᠥᠪᠳᠡᠨ ᠶᠠᠷᠢᠯᠴᠠᠭᠰᠠᠨ ᠤ ᠲᠠᠷᠠᠭ᠎ᠠ ᠡᠪ ᠬᠠᠮᠲᠤ ᠨᠠᠮ ᠤᠨ ᠲᠥᠪ ᠬᠣᠷᠢᠶᠠᠨ ᠤ ᠵᠡᠭᠦᠨ ᠬᠣᠶᠢᠲᠤ ᠣᠷᠣᠨ ᠤ ᠲᠤᠪᠴᠢᠶᠠᠨ ᠳ᠋ᠤ ᠲᠡᠪᠰᠢᠬᠦᠯᠵᠦ ᠬᠢᠨᠠᠨ ᠲᠤᠭᠲᠠᠭᠠᠬᠤ ᠶ᠋ᠢᠨ ᠬᠠᠮᠲᠤ ᠨᠠᠮ ᠤᠨ ᠲᠥᠪ ᠬᠣᠷᠢᠶᠠᠨ ᠳ᠋ᠤ ᠳᠠᠮᠵᠢᠭᠤᠯᠤᠨ ᠲᠡᠪᠰᠢᠬᠦᠯᠵᠦ᠂ ᠵᠠᠷᠴᠢᠮ ᠤᠨ ᠲᠠᠯ᠎ᠠ ᠪᠠᠷ ᠵᠥᠪᠰᠢᠶᠡᠷᠡᠬᠦ ᠶ᠋ᠢ ᠭᠤᠶᠤᠴᠢᠯᠠᠭᠰᠠᠨ ᠪᠠᠶᠢᠨ᠎ᠠ᠃ ᠬᠤᠷᠠᠯ ᠡᠴᠠ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠪᠦᠷᠢᠯᠳᠦᠯ ᠨᠢ ᠥᠪᠥᠷ ᠮᠣᠩᠭᠣᠯ ᠤᠨ ᠠᠷᠠᠳ ᠲᠦᠮᠡᠨ ᠤ ᠬᠠᠮᠲᠤ ᠶ᠋ᠢᠨ ᠠᠰᠢᠭ ᠲᠤᠰᠠ ᠶ᠋ᠢ ᠢᠯᠡᠷᠡᠭᠦᠯᠵᠦ ᠂ ᠥᠪᠥᠷ ᠮᠤᠩᠭᠤᠯ ᠤᠨ ᠡᠯ᠎ᠡ ᠦᠨᠳᠦᠰᠦᠲᠡᠨ ᠂ ᠡᠯ᠎ᠡ ᠭᠠᠵᠠᠷ ᠣᠷᠣᠨ ᠂ ᠡᠯ᠎ᠡ ᠠᠨᠭᠬᠢ ᠂ ᠤᠯᠡᠠ ᠳᠠᠪᠬᠤᠷᠭ᠎ᠠ ᠶ᠋ᠢ ᠲᠦᠯᠦᠭᠡᠯᠡᠭᠰᠡᠨ ᠪᠠᠶᠢᠬᠤ ᠬᠡᠷᠡᠭᠲᠡᠢ ᠭᠡᠵᠦ ᠦᠵᠡᠭᠰᠡᠨ ᠪᠠᠶᠢᠨ᠎ᠠ ᠃ ᠡᠶᠢᠮᠦ ᠡᠴᠡ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠶ᠋ᠢᠨ ᠪᠠᠶᠢᠭᠤᠯᠤᠮᠵᠢ ᠂ ᠠᠵᠢᠯᠳᠠᠨ ᠦ ᠲᠤᠬᠢᠷᠠᠭᠤᠯᠤᠯᠲᠠᠮᠡᠲᠦ ᠶ᠋ᠢᠨ ᠶᠠᠪᠤᠳᠠᠯ ᠢ ᠬᠢᠨᠠᠨ ᠲᠣᠭᠲᠠᠭᠠᠭᠠᠳ ᠂ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠭᠡᠰᠢᠭᠦᠨ ᠂ ᠵᠥᠪᠯᠡᠯᠭᠡᠨ ᠤ ᠬᠤᠷᠠᠯ ᠤᠨ ᠵᠥᠪᠯᠡᠯᠭᠡᠨ ᠤ ᠭᠡᠰᠢᠭᠦᠨ ᠤ ᠨᠡᠷᠡᠰ ᠢ ᠬᠠᠮᠲᠤ ᠪᠠᠷ ᠬᠢᠨᠠᠨ ᠲᠤᠭᠲᠠᠭᠠᠵᠤ ᠂ ᠲᠡᠭᠦᠨ ᠢ《 ᠰᠣᠩᠭᠣᠭᠤᠯᠢ ᠶ᠋ᠢᠨ ᠬᠣᠯᠪᠣᠭ᠎ᠠ 》 ᠬᠡᠮᠡᠨ ᠨᠡᠷᠡᠶᠢᠳᠦᠭᠰᠡᠨ ᠪᠠᠶᠢᠨ᠎ᠠ ᠃ ᠬᠠᠮᠤᠭ ᠤᠨ ᠥᠷᠭᠡᠨ ᠳᠡᠯᠭᠡᠷᠡᠩᠭᠦᠶ ᠪᠦᠯᠬᠦᠮᠳᠡᠯ ᠢ ᠪᠡᠶᠡᠯᠡᠬᠦᠯᠬᠦ ᠶ᠋ᠢᠨ ᠲᠦᠯᠦᠭᠡ《 ᠰᠣᠩᠭᠣᠭᠤᠯᠢ ᠶ᠋ᠢᠨ ᠬᠣᠯᠪᠣᠭ᠎ᠠ 》 ᠨᠢ ᠨᠢᠭᠡ ᠪᠦᠯᠦᠭ ᠲᠤᠬᠠᠶ ᠶ᠋ᠢᠨ ᠦᠶ᠎ᠡ ᠶ᠋ᠢᠨ ᠥᠷᠭᠡᠨ ᠣᠯᠠᠨ ᠮᠣᠩᠭᠣᠯ ᠦᠨᠳᠦᠰᠦᠲᠡᠨ ᠦ ᠵᠠᠯᠠᠭᠤᠴᠤᠳ ᠤᠨ ᠬᠦᠷᠢᠶᠡᠯᠡᠭᠳᠡᠬᠦ ᠦᠭᠡᠢ ᠳᠡᠭᠡᠳᠦ ᠳᠠᠪᠬᠤᠷᠭᠠᠲᠠᠨ ᠢ ᠪᠠᠭᠲᠠᠭᠠᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ᠋ ᠤᠨ ᠲᠦᠷᠦ ᠶ᠋ᠢᠨ ᠪᠤᠳᠤᠯᠭ᠎ᠠ ᠶ᠋ᠢ ᠳᠤᠰᠬᠠᠵᠠᠢ᠃ ᠡᠭᠦᠨ ᠤ ᠬᠠᠮᠲᠤ᠂ ᠤᠯᠠᠭᠠᠨᠬᠦᠦ ᠪᠡᠷ ᠱᠦᠵᠢ ᠪᠣᠯᠭᠠᠭᠰᠠᠨ ᠲᠤᠰᠬᠠᠶ ᠠᠵᠢᠯ ᠢ ᠬᠠᠷᠢᠭᠤᠴᠠᠬᠤ ᠵᠤᠬᠢᠶᠠᠨ ᠪᠠᠶᠢᠭᠤᠯᠤᠯᠲᠠ ᠶ᠋ᠢ ᠵᠤᠬᠢᠶᠠᠨ ᠪᠠᠶᠢᠭᠤᠯᠵᠤ᠂ ᠥᠪᠥᠷ ᠮᠣᠩᠭᠣᠯ ᠤᠨ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠨᠠᠮ ᠡᠪᠯᠡᠯ ᠤᠨ ᠵᠣᠬᠢᠶᠠᠨ ᠪᠠᠶᠢᠭᠤᠯᠤᠯᠲᠠ ᠶ᠋ᠢ ᠤᠳᠤᠷᠢᠳᠴᠤ ᠂ ᠬᠤᠷᠠᠯ ᠡᠴᠠ ᠲᠣᠭᠲᠠᠭᠠᠭᠰᠠᠨ ᠡᠯ᠎ᠡ ᠵᠦᠢᠯ ᠤᠨ ᠲᠥᠯᠥᠪᠯᠡᠭᠡ ᠶ᠋ᠢ ᠤᠷᠤᠭᠰᠢᠲᠠᠶ ᠪᠡᠶᠡᠯᠡᠭᠦᠯᠬᠦ ᠶ᠋ᠢᠨ ᠲᠦᠯᠦᠭᠡ ᠂ ᠥᠪᠥᠷ ᠮᠣᠩᠭᠣᠯ ᠤᠨ ᠠᠷᠠᠳ ᠤᠨ ᠲᠥᠯᠥᠭᠡᠯᠡᠭᠴᠢᠳ ᠤᠨ ᠬᠤᠷᠠᠯ ᠢ ᠲᠡᠭᠦᠰ ᠠᠮᠵᠢᠯᠲᠠ ᠲᠠᠢ ᠪᠡᠶᠡᠯᠡᠬᠦᠯᠬᠦ ᠤᠨ ᠲᠤᠬᠠᠢ ᠵᠥᠪᠯᠡᠬᠦ ᠵᠦᠢᠯ ᠶ᠋ᠢᠨ ᠲᠤᠬᠠᠢ ᠦᠵᠡᠯ ᠰᠠᠨᠠᠭ᠎ᠠ ᠂ ᠵᠣᠬᠢᠶᠠᠨ ᠪᠠᠶᠢᠭᠤᠯᠤᠯᠲᠠ ᠶ᠋ᠢᠨ ᠲᠠᠯ᠎ᠠ ᠪᠠᠷ ᠭᠦᠢᠴᠡᠳ ᠪᠡᠯᠡᠳᠬᠡᠯ ᠬᠢᠭᠰᠡᠨ ᠪᠠᠶᠢᠨ᠎ᠠ ᠃
4 ᠰᠠᠷ᠎ᠠ ᠶ᠋ᠢᠨ 3 ᠦ ᠡᠳᠦᠷ ᠡᠴᠡ 21 ᠦ ᠡᠳᠦᠷ ᠪᠤᠯᠲᠠᠯ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠨᠢ ᠬᠢᠩᠭᠠᠨ ᠠᠶᠢᠮᠠᠭ ᠤᠨ ᠸᠠᠩ ᠤᠨ ᠰᠦᠮ᠎ᠡ ᠳ᠋ᠦ ᠭᠦᠢᠴᠡᠳᠬᠡᠭᠴᠢ ᠭᠡᠰᠢᠭᠦᠳ ᠤᠨ ᠥᠷᠭᠡᠳᠬᠡᠭᠰᠡᠨ ᠬᠤᠷᠠᠯ ᠢ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠬᠥᠳᠡᠯᠭᠡᠭᠡᠨ ᠥᠷᠨᠢᠭᠦᠯᠦᠭᠰᠡᠨ ᠡᠴᠡ ᠨᠠᠭᠠᠰᠢᠬᠢ ᠣᠯᠤᠭᠰᠠᠨ ᠠᠮᠵᠢᠯᠲᠠ ᠪᠣᠯᠤᠨ ᠲᠤᠷᠰᠢᠯᠭ᠎ᠠ ᠶ᠋ᠢ ᠳ᠋ᠦᠩᠨᠡᠵᠦ ᠂ ᠥᠪᠥᠷ ᠮᠣᠩᠭᠣᠯ ᠤᠨ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠪᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠬᠤ ᠳ᠋ᠤ ᠬᠣᠯᠪᠣᠭᠳᠠᠯ ᠪᠦᠬᠦᠢ ᠵᠦᠢᠯᠡᠰ ᠢ ᠪᠠᠶᠢᠷᠢᠯᠠᠭᠤᠯᠤᠨ ᠲᠤᠬᠢᠷᠠᠭᠤᠯᠤᠭᠰᠠᠨ ᠪᠠᠶᠢᠨ᠎ᠠ ᠃ ᠬᠣᠯᠪᠣᠭᠠᠲᠤ ᠬᠤᠷᠠᠯ ᠤᠨ ᠶᠡᠷᠦᠩᠬᠡᠶ ᠬᠤᠷᠠᠯ ᠤᠨ ᠭᠦᠢᠴᠡᠳᠬᠡᠬᠦ ᠭᠡᠰᠢᠭᠦᠨ ᠂ ᠣᠷᠣᠯᠠᠭᠴᠢ ᠭᠦᠢᠴᠡᠳᠬᠡᠬᠦ ᠭᠡᠰᠢᠭᠦᠨ 53 ᠬᠥᠮᠦᠨ ᠂ ᠵᠡᠭᠦᠨ ᠮᠣᠩᠭᠣᠯ ᠤᠨ ᠶᠡᠷᠦᠩᠬᠡᠶ ᠬᠤᠪᠢᠶᠠᠷᠢ ᠬᠤᠷᠠᠯ ᠤᠨ ᠭᠦᠢᠴᠡᠳᠬᠡᠭᠴᠢ ᠭᠡᠰᠢᠭᠦᠨ ᠂ ᠣᠷᠣᠯᠠᠭᠴᠢ ᠭᠦᠢᠴᠡᠳᠬᠡᠬᠦ ᠭᠡᠰᠢᠭᠦᠨ 22 ᠬᠥᠮᠦᠨ ᠵᠢᠴᠢ ᠡᠯ᠎ᠡ ᠬᠣᠰᠢᠭᠤ ᠴᠢᠭᠤᠯᠭᠠᠨ ᠤ ᠲᠥᠯᠥᠭᠡᠯᠡᠭᠴᠢ 200 ᠭᠠᠷᠤᠶ ᠬᠦᠮᠦᠨ ᠬᠤᠷᠠᠯ ᠳ᠋ᠦ ᠣᠷᠣᠯᠴᠠᠪᠠ ᠃ ᠤᠯᠠᠭᠠᠨᠬᠦᠦ ᠡᠴᠡ ᠬᠤᠷᠠᠯ ᠤᠨ ᠡᠬᠢᠯᠡᠬᠦ ᠦᠭᠡ ᠶᠠᠷᠢᠵᠦ ᠂ ᠵᠢᠭᠠᠵᠤ ᠭᠠᠷᠭᠠᠭᠰᠠᠨ ᠨᠢ ᠄ 《 ᠡᠨᠡ ᠬᠦ ᠶᠡᠬᠡ ᠬᠤᠷᠠᠯ ᠤᠨ ᠠᠮᠵᠢᠯᠲᠠ ᠲᠠᠶ ᠶᠠᠪᠤᠭᠳᠠᠭᠰᠠᠨ ᠨᠢ ᠪᠦᠬᠦ ᠥᠪᠥᠷ ᠮᠣᠩᠭᠣᠯ ᠤᠨ ᠠᠷᠠᠳ ᠲᠦᠮᠡᠨ ᠥᠪᠡᠷ ᠢ ᠪᠡᠨ ᠴᠢᠯᠥᠭᠡᠯᠡᠬᠦ ᠥᠪᠡᠷᠲᠡᠭᠡᠨ ᠵᠠᠰᠠᠬᠤ ᠬᠥᠳᠡᠯᠭᠡᠭᠡᠨ ᠤ ᠳᠤᠮᠳᠠ ᠶᠡᠬᠡ ᠠᠮᠵᠢᠯᠲᠠ ᠤᠯᠤᠭᠰᠠᠨ ᠢ ᠬᠠᠷᠠᠭᠤᠯᠤᠭᠰᠠᠨ ᠤᠴᠢᠷ ᠡᠴᠡ ᠰᠠᠶ᠋ᠢ ᠡᠶᠢᠮᠦᠷᠬᠦᠦ ᠤᠷᠢᠳᠤ ᠭᠠᠷᠤᠭ᠎ᠠ ᠥᠬᠡᠢ ᠶᠡᠬᠡ ᠬᠤᠷᠠᠯ ᠡᠨᠳᠡ ᠡᠬᠢᠯᠡᠯ᠎ᠡ ᠃ ᠡᠭᠦᠨ ᠦ ᠬᠠᠮᠲᠤ ᠪᠠᠰᠠ ᠨᠢᠳᠤᠨᠤᠨ ᠤ〈 ᠳᠥᠷᠪᠡᠨ ᠭᠤᠷᠪᠠ 〉 ᠶ᠋ᠢᠨ ᠳᠠᠷᠠᠭ᠎ᠠ ᠂ ᠪᠢᠳᠡ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠴᠢᠯᠥᠭᠡᠯᠡᠯᠲᠡ ᠶ᠋ᠢᠨ ᠦᠢᠯᠡᠰ ᠤᠨ ᠳᠡᠭᠡᠷ᠎ᠡ ᠠᠰᠤᠷᠤ ᠶᠡᠬᠡ ᠠᠮᠵᠢᠯᠲᠠ ᠤᠯᠵᠤ ᠂ ᠬᠤᠪᠢ ᠨᠡᠮᠡᠷᠢ ᠦᠵᠡᠭᠦᠯᠦᠭᠰᠡᠨ ᠶᠤᠮ ᠃ 》 《 ᠪᠢᠳᠡ ᠬᠡᠳᠦᠨ ᠵᠠᠭᠤᠨ ᠵᠢᠯ ᠤᠨ ᠲᠤᠷᠰᠢ ᠶᠡᠬᠡ ᠬᠢᠲᠠᠳᠴᠢᠯᠠᠬᠤ ᠦᠵᠡᠯ ᠤᠨ ᠳᠠᠷᠤᠯᠠᠯ ᠳᠤᠤᠷᠠᠬᠢ ᠬᠠᠭᠠᠴᠠᠭᠰᠠᠨ ᠪᠠᠶᠢᠳᠠᠯ ᠬᠤᠪᠢᠷᠠᠯᠲᠠ ᠲᠠᠢ ᠪᠤᠯᠵᠤ ᠂ ᠪᠢᠳᠡ ᠶᠡᠬᠡ ᠬᠢᠲᠠᠳᠴᠢᠯᠠᠬᠤ ᠦᠵᠡᠯ ᠤᠨ ᠳᠠᠷᠤᠯᠠᠯ ᠤᠨ ᠨᠤᠶᠠᠷᠬᠠᠯ ᠳᠣᠣᠷ᠎ᠠ ᠡᠴᠠ ᠴᠢᠯᠥᠭᠡᠯᠡᠨ ᠭᠠᠷᠴᠤ ᠢᠷᠡᠭᠰᠡᠨ ᠪᠠᠶᠢᠨ᠎ᠠ ᠂ ᠥᠩᠭᠡᠷᠡᠭᠰᠡᠨ ᠦ ᠨᠢᠭᠡᠳᠦᠭᠰᠡᠨ ᠦᠭᠡᠢ ᠪᠠᠷᠠᠭᠤᠨ ᠮᠣᠩᠭᠣᠯ ᠴᠤ ᠨᠢᠭᠡᠳᠴᠤ ᠡᠬᠢᠯᠡᠵᠠᠢ᠃ ᠮᠠᠨ ᠤ ᠥᠨᠥᠳᠦᠷ ᠤᠨ ᠪᠦᠯᠬᠦᠮᠳᠡᠯ ᠨᠢᠭᠡᠳᠦᠯ ᠨᠢ ᠨᠢᠳᠤᠨᠤᠨ ᠤ〈 ᠳᠥᠷᠪᠡᠨ ᠭᠤᠷᠪᠠ 〉 ᠴᠧᠩᠳ᠋ᠧ ᠶ᠋ᠢᠨ ᠬᠤᠷᠠᠯ ᠳᠡᠭᠡᠷᠡᠬᠢ ᠬᠤᠷᠠᠯ ᠤᠨ ᠨᠢᠭᠡᠳᠦᠯ ᠂ ᠤᠳᠤᠷᠢᠳᠤᠯᠭ᠎ᠠ ᠶ᠋ᠢᠨ ᠨᠢᠭᠡᠳᠦᠯ ᠳᠡᠭᠡᠷ᠎ᠡ ᠢᠯᠡᠷᠡᠵᠦ ᠪᠠᠶᠢᠨ᠎ᠠ᠃ ᠨᠡᠩ ᠴᠢᠬᠤᠯᠠ ᠨᠢ ᠦᠵᠡᠯ ᠰᠠᠨᠠᠭ᠎ᠠ ᠪᠤᠯᠤᠨ ᠤᠬᠠᠮᠰᠠᠷ ᠳᠡᠭᠡᠷᠡᠬᠢ ᠨᠢᠭᠡᠳᠦᠯ ᠳᠡᠭᠡᠷ᠎ᠡ ᠢᠯᠡᠷᠡᠵᠦ ᠪᠠᠶᠢᠳᠠᠭ ᠃ ᠡᠶᠢᠮᠦᠷᠬᠦ ᠨᠢᠭᠡᠳᠦᠯ ᠪᠠ ᠪᠦᠯᠬᠦᠮᠳᠡᠯ ᠨᠢ ᠥᠪᠥᠷ ᠮᠣᠩᠭᠣᠯ ᠤᠨ ᠠᠷᠠᠳ ᠲᠦᠮᠡᠨ ᠤ ᠥᠪᠡᠷ ᠢ ᠪᠡᠨ ᠴᠢᠯᠥᠭᠡᠯᠡᠬᠦ ᠦᠢᠯᠡᠰ ᠤᠨ ᠵᠠᠶᠢᠯᠠᠰᠢ ᠦᠭᠡᠢ ᠢᠯᠠᠯᠲᠠ ᠤᠯᠬᠤ ᠳ᠋ᠤ ᠰᠠᠭᠤᠷᠢ ᠪᠠ ᠪᠠᠲᠤᠯᠠᠭ᠎ᠠ ᠤᠯᠭᠤᠭᠰᠠᠨ ᠶᠤᠮ ᠃ ᠡᠨᠡ ᠤᠳᠠᠭᠠᠨ ᠤ ᠶᠡᠬᠡ ᠬᠤᠷᠠᠯ ᠢ ᠬᠤᠷᠠᠯᠳᠤᠭᠤᠯᠤᠭᠰᠠᠨ ᠨᠢ ᠥᠪᠥᠷ ᠮᠣᠩᠭᠣᠯ ᠤᠨ ᠲᠡᠦᠬᠡᠨ ᠳᠡᠭᠡᠷᠡᠬᠢ ᠨᠢᠭᠡᠨ ᠴᠢᠬᠤᠯᠠ ᠤᠯᠤᠰ ᠲᠥᠷᠥ ᠶ᠋ᠢᠨ ᠬᠡᠷᠡᠭ ᠪᠣᠯᠤᠨ᠎ᠠ》 ᠃ 《 ᠡᠨᠡ ᠤᠳᠠᠭᠠᠨ ᠤ ᠬᠤᠷᠠᠯ ᠨᠢ ᠥᠪᠥᠷ ᠮᠣᠩᠭᠣᠯ ᠤᠨ ᠠᠷᠠᠳ ᠤᠨ ᠲᠥᠯᠥᠭᠡᠯᠡᠭᠴᠢᠳ ᠤᠨ ᠬᠤᠷᠠᠯᠳᠤᠭᠠᠨ ᠬᠤᠷᠠᠯᠳᠤᠬᠤ ᠪᠠ ᠠᠷᠠᠳ ᠤᠨ ᠲᠥᠯᠥᠭᠡᠯᠡᠭᠴᠢᠳ ᠤᠨ ᠬᠤᠷᠠᠯᠳᠤᠭᠠᠨ ᠳᠡᠭᠡᠷᠡᠬᠢ ᠠᠯᠪᠠᠨ ᠶᠣᠰᠣᠭᠠᠷ ᠵᠣᠬᠢᠶᠠᠨ ᠪᠠᠶᠢᠭᠤᠯᠤᠯᠲᠠ — — ᠥᠪᠥᠷ ᠮᠣᠩᠭᠣᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠲᠤᠬᠠᠢ ᠰᠤᠳᠤᠯᠤᠨ ᠶᠠᠷᠢᠯᠴᠠᠵᠤ ᠂ ᠥᠪᠥᠷ ᠮᠣᠩᠭᠣᠯ ᠤᠨ ᠠᠷᠠᠳ ᠲᠦᠮᠡᠨ ᠤ ᠳᠡᠭᠡᠳᠦ ᠬᠡᠮᠵᠢᠶ᠎ᠡ ᠪᠡᠷ ᠥᠪᠡᠷᠲᠡᠭᠡᠨ ᠵᠠᠰᠠᠬᠤ ᠢ ᠪᠡᠶᠡᠯᠡᠭᠦᠯᠬᠦ ᠶᠠᠪᠤᠳᠠᠯ ᠪᠤᠯᠤᠨ᠎ᠠ 》 ᠭᠡᠪᠡ ᠃ 4 ᠰᠠᠷ᠎ᠠ ᠶ᠋ᠢᠨ 9 ᠦ ᠡᠳᠦᠷ ᠂ ᠤᠯᠠᠭᠠᠨᠬᠦᠦ ᠬᠤᠷᠠᠯ ᠳᠡᠭᠡᠷ᠎ᠡ《 ᠣᠳᠣᠬᠢ ᠪᠠᠶᠢᠳᠠᠯ ᠪᠠ ᠡᠭᠦᠷᠭᠡ ᠶ᠋ᠢᠨ ᠲᠤᠬᠠᠶ ᠢᠯᠡᠳᠬᠡᠯ 》 ᠮᠡᠳᠡᠭᠦᠯᠦᠯᠲᠡ ᠬᠢᠵᠦ ᠂ ᠥᠪᠥᠷ ᠮᠣᠩᠭᠣᠯ ᠤᠨ ᠬᠤᠪᠢᠰᠬᠠᠯ ᠤᠨ ᠪᠠᠶᠢᠳᠠᠯ ᠳ᠋ᠤ ᠵᠠᠳᠠᠯᠤᠯᠲᠠ ᠬᠢᠭᠰᠡᠨ ᠪᠦᠭᠡᠳ ᠲᠤᠯᠭᠠᠷᠠᠵᠤ ᠪᠠᠶᠢᠭ᠎ᠠ ᠬᠦᠴᠢᠷᠳᠡᠯ ᠂ ᠴᠡᠷᠢᠭ ᠤᠨ ᠶᠠᠪᠤᠳᠠᠯ ᠂ ᠦᠢᠯᠡᠳᠪᠦᠷᠢᠯᠡᠯ ᠂ ᠬᠦᠮᠦᠵᠢᠯ ᠂ ᠦᠨᠳᠦᠰᠦᠲᠡᠨ ᠤᠨ ᠪᠦᠯᠬᠦᠮᠳᠡᠯ ᠵᠡᠷᠭᠡ ᠲᠠᠯ᠎ᠠ ᠶ᠋ᠢᠨ ᠲᠡᠮᠡᠴᠡᠯ ᠤᠨ ᠬᠠᠷᠠᠯᠲᠠ ᠶ᠋ᠢ ᠳᠤᠷᠠᠳᠤᠭᠰᠠᠨ ᠪᠠᠶᠢᠨ᠎ᠠ ᠃ ᠯᠢᠦ ᠴᠦᠨ ᠡᠴᠡ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠤᠨ ᠶᠡᠷᠦᠩᠬᠡᠶ ᠬᠤᠷᠠᠯ ᠤᠨ ᠠᠵᠢᠯ ᠤᠨ ᠢᠯᠡᠳᠬᠡᠯ 》 ᠭᠡᠬᠦ ᠰᠡᠳᠦᠪ ᠢᠶ᠋ᠡᠷ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠦ ᠬᠣᠯᠪᠣᠭᠠᠲᠤ ᠬᠤᠷᠠᠯ ᠪᠠᠶᠢᠭᠤᠯᠤᠭᠳᠠᠭᠰᠠᠨ ᠡᠴᠠ ᠨᠠᠰᠢᠬᠢ ᠡᠯ᠎ᠡ ᠲᠦᠷᠦᠯ ᠦᠨ ᠠᠵᠢᠯ ᠤᠨ ᠠᠬᠢᠴᠠ ᠶ᠋ᠢᠨ ᠪᠠᠶᠢᠳᠠᠯ ᠤᠨ ᠲᠤᠬᠠᠢ ᠬᠠᠷᠢᠭᠤ ᠮᠡᠳᠡᠬᠦᠯᠦᠯᠲᠡ ᠬᠢᠵᠦ ᠂ ᠬᠣᠯᠪᠣᠭᠠᠲᠤ ᠬᠤᠷᠠᠯ ᠤᠨ ᠡᠯ᠎ᠡ ᠵᠦᠢᠯ ᠤᠨ ᠴᠢᠭᠯᠡᠯᠲᠡ ᠂ ᠲᠦᠷᠦ ᠶ᠋ᠢᠨ ᠪᠤᠳᠤᠯᠭ᠎ᠠ ᠶ᠋ᠢ ᠦᠭᠦᠯᠡᠭᠰᠡᠨ ᠪᠠᠶᠢᠨ᠎ᠠ ᠃ ᠬᠤᠷᠠᠯ ᠤᠨ ᠬᠤᠭᠤᠴᠠᠭᠠᠨ ᠳ᠋ᠤ ᠂ ᠬᠠᠹᠦᠩᠭ᠎ᠠ《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠤᠨ ᠵᠡᠭᠦᠨ ᠮᠣᠩᠭᠣᠯ ᠤᠨ ᠶᠡᠷᠦᠩᠬᠡᠶ ᠬᠤᠪᠢᠶᠠᠷᠢ ᠬᠤᠷᠠᠯ ᠤᠨ ᠠᠵᠢᠯ ᠤᠨ ᠢᠯᠡᠳᠬᠡᠯ 》 ᠬᠢᠪᠡ ᠃ ᠲᠡᠮᠦᠷᠪᠠᠭᠠᠨ᠎ᠠ ᠡᠴᠠ 《 ᠬᠢᠩᠭᠠᠨ ᠮᠤᠵᠢ ᠶ᠋ᠢᠨ ᠠᠵᠢᠯ ᠤᠨ ᠲᠤᠬᠠᠶ ᠢᠯᠡᠳᠬᠡᠯ 》 ᠬᠢᠪᠡ ᠃ ᠺᠦᠢ ᠪᠢ ᠡᠴᠠ 《 ᠪᠠᠶᠠᠨᠨᠠᠭᠤᠷ᠂ ᠤᠯᠠᠭᠠᠨᠴᠠᠪ ᠤᠨ ᠠᠵᠢᠯ ᠤᠨ ᠺᠣᠮᠢᠰ ᠤᠨ ᠠᠵᠢᠯ ᠤᠨ ᠢᠯᠡᠳᠬᠡᠯ 》 ᠬᠢᠪᠡ ᠃ ᠸᠠᠩ ᠽᠦᠩ ᠸᠸᠢ ᠡᠴᠡ 《 ᠰᠢᠯᠢ ᠶ᠋ᠢᠨ ᠭᠣᠣᠯ ᠠᠶᠢᠮᠠᠭ ᠤᠨ ᠠᠵᠢᠯ ᠤᠨ ᠢᠯᠡᠳᠬᠡᠯ 》 ᠬᠢᠪᠡ ᠃ ᠴᠧᠨ ᠪᠢᠩ ᠢᠦᠢ ᠡᠴᠠ 《 ᠴᠠᠬᠠᠷ ᠠᠶᠢᠮᠠᠭ ᠤᠨ ᠠᠵᠢᠯ ᠤᠨ ᠢᠯᠡᠳᠬᠡᠯ 》 ᠬᠢᠪᠡ ᠃ ᠪᠠᠶ ᠶᠦᠨ ᠬᠠᠩ ᠡᠴᠠ《 ᠵᠣᠰᠣᠲᠤ ᠠᠶᠢᠮᠠᠭ ᠤᠨ ᠠᠵᠢᠯ ᠤᠨ ᠲᠤᠬᠠᠶ ᠮᠡᠳᠡᠭᠦᠯᠦᠯᠲᠡ 》 ᠶ᠋ᠢ ᠨᠡᠶᠢᠲᠡᠯᠡᠪᠡ ᠃ ᠡᠳᠡᠭᠡᠷ ᠠᠵᠢᠯ ᠤᠨ ᠢᠯᠡᠳᠬᠡᠯ ᠳ᠋ᠤ ᠥᠪᠡᠷᠲᠡᠭᠡᠨ ᠵᠠᠰᠠᠬᠤ ᠬᠥᠳᠡᠯᠭᠡᠭᠡᠨ ᠢ ᠥᠷᠨᠢᠭᠦᠯᠦᠭᠰᠡᠨ ᠡᠴᠡ ᠨᠠᠭᠠᠰᠢᠬᠢ ᠡᠯ᠎ᠡ ᠠᠶᠢᠮᠠᠭ ᠤᠨ ᠦᠨᠳᠦᠰᠦᠨ ᠪᠠᠶᠢᠳᠠᠯ ᠢ ᠶᠡᠬᠡ ᠬᠤᠷᠠᠯ ᠤᠨ ᠲᠥᠯᠥᠭᠡᠯᠡᠭᠴᠢ ᠳ᠋ᠤ ᠨᠠᠷᠢᠨ ᠲᠠᠨᠢᠯᠴᠠᠭᠤᠯᠭ᠎ᠠ ᠬᠢᠵᠦ᠂ ᠤᠯᠠᠨ ᠲᠦᠮᠡᠨ ᠤ ᠠᠵᠢᠯ ᠂ ᠵᠠᠰᠠᠭ ᠤᠨ ᠦᠭᠡᠷᠡᠴᠢᠯᠡᠯᠲᠡ ᠂ ᠴᠡᠷᠢᠭ ᠤᠨ ᠪᠠᠶᠢᠭᠤᠯᠤᠯᠲᠠ ᠂ ᠳᠠᠶᠢᠰᠤᠨ ᠢ ᠡᠰᠡᠷᠭᠦᠴᠡᠬᠦ ᠲᠡᠮᠡᠴᠡᠯ ᠂ ᠺᠠᠳ᠋ᠷᠴᠤᠳ ᠢ ᠬᠥᠮᠦᠵᠢᠭᠦᠯᠬᠦ ᠂ ᠠᠵᠤ ᠠᠬᠤᠶ ᠶ᠋ᠢᠨ ᠬᠥᠭᠵᠢᠯ ᠵᠢᠴᠢ ᠬᠥᠷᠰᠢ ᠵᠡᠷᠭᠡᠯᠡᠳᠡᠭᠡ ᠴᠢᠯᠥᠭᠡᠯᠡᠭᠳᠡᠭᠰᠡᠨ ᠣᠷᠣᠨ ᠲᠠᠢ ᠨᠢᠭᠲᠠᠷᠠᠨ ᠪᠦᠯᠬᠦᠮᠳᠡᠵᠦ ᠬᠠᠮᠲᠤᠷᠠᠨ ᠠᠵᠢᠯᠯᠠᠬᠤ ᠵᠡᠷᠭᠡ ᠲᠠᠯ᠎ᠠ ᠪᠠᠷ ᠪᠥᠬᠥ ᠲᠠᠯ᠎ᠠ ᠶ᠋ᠢᠨ᠂ ᠰᠢᠰᠲ᠋ᠧᠮ ᠲᠡᠶ ᠳ᠋ᠦᠩᠨᠡᠯᠲᠡ ᠶ᠋ᠢ ᠬᠢᠵᠠᠢ᠃ ᠬᠤᠷᠠᠯ ᠡᠴᠠ ᠪᠠᠰᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠬᠤ ᠬᠤᠯᠪᠤᠭᠳᠠᠯ ᠪᠦᠬᠦᠢᠠᠯᠢ ᠣᠯᠠᠨ ᠪᠣᠳᠠᠲᠠᠶ ᠠᠰᠠᠭᠤᠳᠠᠯ ᠢ ᠶᠠᠷᠢᠯᠴᠠᠵᠠᠢ᠃ ᠡᠭᠦᠨ ᠤ ᠬᠠᠮᠲᠤ ᠂ ᠥᠪᠥᠷ ᠮᠣᠩᠭᠣᠯ ᠤᠨ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠢ ᠬᠤᠷᠠᠯᠳᠤᠭᠤᠯᠬᠤ ᠪᠡᠯᠡᠳᠬᠡᠯ ᠠᠵᠢᠯ ᠨᠢᠭᠡᠨᠲᠡ ᠪᠦᠷᠢᠳᠦᠭᠰᠡᠨ ᠪᠠᠶᠢᠨ᠎ᠠ ᠃
4 ᠰᠠᠷ᠎ᠠ ᠶ᠋ᠢᠨ 23 ᠦ ᠡᠳᠦᠷ ᠂ ᠸᠠᠩ ᠤᠨ ᠰᠦᠮ᠎ᠡ ᠶ᠋ᠢᠨ ᠵᠡᠭᠡᠯᠢ ᠳ᠋ᠦ ᠥᠩᠭᠡᠲᠦ ᠳᠣᠭ ᠨᠠᠮᠢᠷᠠᠨ ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠢᠶᠠᠷ ᠪᠢᠯᠬᠠᠵᠤ ᠪᠠᠶᠢᠯ᠎ᠠ ᠃ ᠴᠢᠩᠭᠢᠰ ᠤᠨ ᠰᠦᠮ᠎ᠡ ᠠᠭᠤᠯᠠᠨ ᠳᠤᠤᠷᠠᠬᠢ ᠥᠪᠥᠷ ᠮᠣᠩᠭᠣᠯ ᠤᠨ ᠠᠷᠠᠳ ᠤᠨ ᠲᠥᠯᠥᠭᠡᠯᠡᠭᠴᠢᠳ ᠤᠨ ᠬᠤᠷᠠᠯ ᠤᠨ ᠲᠠᠯᠠᠪᠠᠶ ᠨᠢ ᠲᠥᠪ ᠬᠢᠴᠢᠶᠡᠩᠭᠦᠶ ᠪᠠᠶᠢᠵᠤ ᠂ ᠲᠡᠷᠢᠭᠦᠯᠡᠭᠴᠢᠳ ᠤᠨ ᠲᠠᠶᠢᠰᠠᠨ ᠤ ᠲᠥᠪ ᠲᠤ ᠮᠠᠤ ᠽᠸ ᠳ᠋ᠦᠩ ᠂ ᠤᠯᠠᠭᠠᠨᠬᠦᠦ ᠂ ᠰᠲ᠋ᠠᠯᠢᠨ ᠂ ᠤᠨ ᠴᠣᠶᠢᠪᠠᠯᠰᠠᠩ ᠥᠩᠭᠡᠲᠦ ᠬᠦᠷᠦᠭ ᠪᠣᠯᠤᠨ ᠲᠠᠪᠤᠨ ᠣᠳᠣ ᠂ ᠤᠷᠭ᠎ᠠ ᠂ ᠠᠷᠴᠢᠭᠤᠷ ᠢᠶᠠᠷ ᠵᠢᠷᠤᠭ ᠳᠦᠷᠰᠦ ᠪᠤᠯᠭᠠᠭᠰᠠᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠤᠨ ᠲᠤᠭ ᠢ ᠡᠯᠭᠦᠭᠰᠡᠨ ᠪᠠᠶᠢᠳᠠᠭ ᠃ ᠬᠤᠷᠠᠯ ᠤᠨ ᠲᠠᠯᠠᠪᠠᠢ ᠶ᠋ᠢᠨ ᠬᠤᠶᠠᠷ ᠲᠠᠯ᠎ᠠ ᠳ᠋ᠤ ᠬᠥᠷᠰᠢ ᠵᠡᠷᠭᠡᠯᠡᠳᠡᠭᠡ ᠴᠢᠯᠥᠭᠡᠯᠡᠭᠳᠡᠭᠰᠡᠨ ᠣᠷᠣᠨ ᠪᠠ ᠥᠪᠥᠷ ᠮᠣᠩᠭᠣᠯ ᠤᠨ ᠡᠯ᠎ᠡ ᠠᠶᠢᠮᠠᠭ ᠬᠣᠰᠢᠭᠤ ᠂ ᠡᠯ᠎ᠡ ᠨᠢᠭᠡᠴᠡ ᠶ᠋ᠢᠨ ᠬᠦᠷᠭᠡᠭᠰᠡᠨ ᠪᠠᠶᠠᠷ ᠤᠨ ᠵᠡᠡᠭᠰᠠ ᠶ᠋ᠢ ᠡᠯᠭᠦᠵᠠᠢ ᠃ ᠦᠳᠡ ᠶ᠋ᠢᠨ ᠬᠣᠶᠢᠨᠠᠬᠢ 1 ᠴᠠᠭ ᠤᠨᠦᠶ᠎ᠡ ᠪᠡᠷ ᠂ ᠥᠪᠥᠷ ᠮᠣᠩᠭᠣᠯ ᠤᠨ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠦᠪᠡᠳᠡᠭᠰᠢ ᠶᠡᠬᠡ ᠪᠡᠷ ᠡᠬᠢᠯᠡᠪᠡ ᠃ ᠶᠡᠬᠡ ᠬᠤᠷᠠᠯ ᠳ᠋ᠦ ᠣᠷᠣᠯᠴᠠᠭᠰᠠᠨᠨᠢ ᠭᠣᠮᠢᠨᠳᠠᠩ ᠤᠨ ᠨᠣᠶᠠᠷᠬᠠᠯ ᠤᠨ ᠳᠤᠤᠷᠠᠬᠢ ᠶᠡᠬᠡ ᠵᠤᠤ ᠂ ᠠᠯᠠᠱᠠ ᠂ ᠡᠵᠡᠨ᠎ᠡ ᠬᠣᠰᠢᠭᠤᠨ ᠡᠴᠠ ᠭᠠᠳᠠᠨ᠎ᠠ ᠂ ᠥᠪᠥᠷ ᠮᠣᠩᠭᠣᠯ ᠤᠨ ᠶᠡᠬᠡᠩᠬᠢ ᠠᠶᠢᠮᠠᠭ ᠬᠣᠰᠢᠭᠤᠨ ᠡᠴᠠ ᠢᠷᠡᠭᠰᠡᠨ ᠮᠣᠩᠭᠣᠯ ᠂ ᠳᠠᠭᠤᠷ ᠂ ᠡᠸᠡᠩᠬᠢ ᠂ ᠬᠢᠲᠠᠳ ᠂ ᠮᠠᠨᠵᠤ ᠂ ᠬᠤᠲᠤᠩ ᠂ ᠰᠣᠯᠣᠩᠭᠣᠰ ᠦᠨᠳᠦᠰᠦᠲᠡᠨ ᠵᠡᠷᠭᠡ ᠡᠯ᠎ᠡ ᠦᠨᠳᠦᠰᠦᠲᠡᠨ ᠤ ᠲᠥᠯᠥᠭᠡᠯᠡᠭᠴᠢ ᠨᠡᠢᠢᠳᠡ 391 ᠬᠥᠮᠦᠨ ᠤᠷᠤᠯᠴᠠᠭᠰᠠᠨ ᠪᠠᠶᠢᠨ᠎ᠠ᠃ ᠪᠠᠰᠠ ᠠᠵᠢᠯᠴᠢᠨ ᠂ ᠲᠠᠷᠢᠶᠠᠴᠢᠨ ᠂ ᠮᠠᠯᠴᠢᠨ ᠂ ᠰᠡᠬᠡᠭᠡᠲᠡᠨ ᠂ ᠬᠤᠪᠢᠰᠬᠠᠯᠲᠤ ᠺᠠᠳ᠋ᠷ ᠪᠠ ᠴᠡᠷᠢᠭ ᠂ ᠵᠢᠴᠢ ᠬᠡᠰᠡᠭ ᠦᠢᠯᠡᠳᠪᠦᠷᠢ ᠬᠤᠳᠠᠯᠳᠤᠭᠠᠨ ᠤ ᠬᠢᠨ ᠂ ᠨᠤᠲᠤᠭ ᠤᠨ ᠡᠷᠬᠡᠲᠡᠨ ᠪᠠ ᠦᠨᠳᠦᠰᠦᠲᠡᠨ ᠤ ᠂ ᠱᠠᠰᠢᠨ ᠰᠤᠷᠲᠠᠬᠤᠨ ᠤ ᠳᠡᠭᠡᠳᠦ ᠳᠠᠪᠬᠤᠷᠭ᠎ᠠ ᠶ᠋ᠢᠨ ᠬᠥᠮᠦᠰ ᠢ ᠪᠠᠭᠲᠠᠭᠠᠭᠰᠠᠨ ᠪᠠᠶᠢᠳᠠᠭ ᠃ ᠤᠯᠠᠭᠠᠨᠬᠦᠦ ᠡᠴᠠ ᠶᠡᠬᠡ ᠬᠤᠷᠠᠯ ᠤᠨ ᠬᠤᠷᠠᠯ ᠡᠬᠢᠯᠡᠬᠦ ᠦᠭᠡ ᠶ᠋ᠢ ᠶᠠᠷᠢᠵᠦ᠂ ᠵᠢᠭᠠᠵᠤ ᠭᠠᠷᠭᠠᠭᠰᠠᠨ ᠨᠢ ᠄ 《 ᠠᠷᠪᠠᠨ ᠭᠤᠷᠪᠠᠳᠤᠭᠠᠷ ᠵᠠᠭᠤᠨ ᠡᠴᠡ ᠨᠠᠰᠢ ᠪᠢᠳᠡ ᠪᠤᠯ ᠨᠢᠭᠡᠨ ᠠᠭᠤᠤ ᠶᠡᠬᠡ ᠦᠨᠳᠦᠰᠦᠲᠡᠨ ᠪᠠᠶᠢᠵᠦ ᠂ ᠭᠡᠷᠡᠯ ᠰᠠᠴᠤᠷᠠᠩᠭᠤᠶ ᠲᠡᠦᠬᠡ ᠲᠠᠢ ᠪᠠᠶᠢᠳᠠᠭ ᠃ ᠴᠢᠩᠭᠢᠰ ᠬᠠᠭᠠᠨ ᠡᠮᠦᠨᠡᠬᠢ ᠬᠤᠭᠤᠴᠠᠭᠠᠨ ᠲᠤ ᠦᠨᠳᠦᠰᠦᠲᠡᠨ ᠤ ᠨᠢᠭᠡᠳᠦᠯᠪᠠ ᠬᠠᠷᠢ ᠦᠨᠳᠦᠰᠦᠲᠡᠨ ᠤ ᠲᠦᠷᠢᠮᠡᠬᠡᠶᠢᠯᠡᠯ ᠢ ᠡᠰᠡᠷᠭᠦᠴᠡᠬᠦ ᠶ᠋ᠢᠨ ᠲᠦᠯᠦᠭᠡ ᠂ ᠪᠠᠯᠠᠷᠠᠰᠢ ᠦᠭᠡᠢ ᠭᠠᠪᠢᠶ᠎ᠠ ᠵᠢᠳᠬᠦᠯ ᠦᠯᠡᠳᠡᠭᠡᠭᠰᠡᠨ ᠪᠠᠶᠢᠨ᠎ᠠ 》 ᠃ 《 ᠤᠷᠳᠤ ᠬᠤᠭᠤᠴᠠᠭᠠᠨ ᠤ ᠲᠤᠷᠰᠢ ᠂ ᠮᠠᠨ ᠤ ᠡᠪᠦᠭᠡ ᠳᠡᠭᠡᠳᠦᠰ ᠪᠤᠯᠤᠨ ᠪᠢᠳᠡ ᠡᠷᠬᠡ ᠴᠢᠯᠥᠭᠡ ᠵᠣᠯ ᠵᠢᠷᠭᠠᠯ ᠲᠠᠢ ᠠᠮᠢᠳᠤᠷᠠᠬᠤ ᠶ᠋ᠢᠨ ᠲᠥᠯᠥᠭᠡ ᠂ ᠲᠤᠶᠢᠯᠪᠤᠷᠢᠲᠠᠶ ᠦᠨᠳᠦᠰᠦᠲᠡᠨ ᠦ ᠴᠢᠯᠥᠭᠡᠯᠡᠯᠲᠡ ᠶ᠋ᠢᠨ ᠲᠥᠯᠥᠭᠡ ᠥᠪᠡᠷ ᠤᠨ ᠥᠴᠦᠬᠡᠨ ᠴᠦ ᠲᠠᠲᠠᠭᠠᠯᠵᠠᠯ ᠦᠭᠡᠢ ᠪᠡᠷ ᠠᠮᠢ ᠪᠠᠨ ᠵᠤᠷᠢᠭᠤᠯᠵᠤ ᠂ ᠡᠷᠡᠯᠬᠡᠭ ᠪᠠᠭᠠᠲᠤᠷᠯᠢᠭ ᠢᠶᠠᠷ ᠲᠡᠮᠡᠴᠡᠯ ᠬᠢᠵᠦ ᠢᠷᠡᠵᠠᠢ ᠃ ᠶᠠᠭ ᠡᠶᠢᠮᠦ ᠤᠴᠢᠷ ᠡᠴᠠ ᠂ ᠡᠶᠢᠮᠦ ᠡᠴᠡ ᠪᠢᠳᠡ ᠰᠠᠶ᠋ᠢ ᠤᠷᠳᠤ ᠬᠤᠭᠤᠴᠠᠭᠠᠨ ᠤ ᠡᠷᠡᠯᠬᠡᠭ ᠲᠡᠮᠡᠴᠡᠯ ᠤᠨ ᠰᠠᠭᠤᠷᠢᠨ ᠳᠡᠭᠡᠷ᠎ᠡ ᠂ ᠢᠯᠠᠩᠭᠤᠶ᠎ᠠ ᠨᠢᠭᠡ ᠵᠢᠯ ᠭᠠᠷᠤᠶ ᠶ᠋ᠢᠨ ᠬᠤᠭᠤᠴᠠᠭᠠᠨ ᠦ ᠥᠪᠡᠷᠲᠡᠭᠡᠨ ᠵᠠᠰᠠᠬᠤ ᠬᠥᠳᠡᠯᠭᠡᠭᠡᠨ ᠤ ᠰᠠᠭᠤᠷᠢᠨ ᠳᠡᠭᠡᠷ᠎ᠡ ᠂ ᠡᠶᠢᠮᠦ ᠨᠢᠭᠡᠨ ᠦᠪᠡᠳᠡᠭᠰᠢ ᠶᠡᠬᠡ ᠬᠤᠷᠠᠯ ᠢ ᠬᠤᠷᠠᠯᠳᠤᠭᠤᠯᠬᠤ ᠳ᠋ᠤ ᠪᠦᠷᠢᠨ ᠲᠡᠭᠦᠯᠳᠡᠷ ᠨᠥᠬᠥᠴᠡᠯ ᠢ ᠬᠠᠩᠭᠠᠵᠠᠢ ᠃ ᠲᠤᠰ ᠤᠳᠠᠭᠠᠨ ᠤ ᠬᠤᠷᠠᠯ ᠨᠢ ᠂ ᠪᠢᠳᠡᠨ ᠤ ᠲᠡᠮᠡᠴᠡᠯ ᠨᠢᠭᠡᠨᠲᠡ ᠠᠩᠬ᠎ᠠ ᠠᠯᠬᠤᠮ ᠤᠨ ᠢᠯᠠᠯᠲᠠ ᠶ᠋ᠢᠨ ᠦᠷ᠎ᠡ ᠪᠦᠲᠦᠭᠡᠯ ᠤᠯᠤᠭᠰᠠᠨ ᠢ ᠬᠠᠷᠠᠭᠤᠯᠵᠤ ᠪᠠᠶᠢᠨ᠎ᠠ 》᠃ 《 ᠡᠨᠡ ᠤᠳᠠᠭᠠᠨ ᠤ ᠬᠤᠷᠠᠯᠳᠤᠭᠠᠨ ᠢᠶᠠᠷ ᠪᠤᠢ ᠪᠣᠯᠤᠭᠰᠠᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠨᠢ ᠯᠠᠪᠲᠠᠶ ᠮᠣᠩᠭᠣᠯ ᠦᠨᠳᠦᠰᠦᠲᠡᠨ ᠤ ᠠᠷᠠᠳ ᠲᠦᠮᠡᠨ ᠪᠣᠯᠤᠨ ᠬᠢᠯᠢ ᠶ᠋ᠢᠨ ᠳᠣᠲᠣᠷᠠᠬᠢ ᠪᠤᠢ ᠪᠦᠬᠦᠢ ᠬᠢᠲᠠᠳ ᠬᠣᠲᠣᠩ ᠵᠡᠷᠭᠡ ᠦᠨᠳᠦᠰᠦᠲᠡᠨ ᠲᠠᠢ ᠨᠢᠭᠲᠠᠷᠠᠵᠤ ᠂ ᠬᠠᠮᠤᠭ ᠤᠨ ᠶᠡᠬᠡ ᠰᠦᠷ ᠬᠦᠴᠦᠨ ᠢᠶᠡᠨ ᠪᠠᠳᠠᠷᠠᠭᠤᠯᠵᠤ ᠂ ᠂ ᠵᠢᠶᠠᠩ ᠵᠢᠶᠸ ᠱᠢ ᠳ᠋ᠦ ᠳᠠᠪᠬᠤᠷ ᠳᠠᠪᠬᠤᠷ ᠴᠤᠬᠢᠯᠲᠠ ᠦᠭᠴᠦ ᠂ ᠰᠤᠢᠢᠷᠡᠯ ᠢ ᠲᠦᠷᠬᠡᠳᠬᠡᠭᠰᠡᠨ ᠪᠠᠶᠢᠨ᠎ᠠ᠃ ᠪᠢᠳᠡ ᠦᠨᠳᠦᠰᠦᠲᠡᠨ ᠤ ᠳᠣᠲᠣᠭᠠᠳᠤ ᠶ᠋ᠢᠨ ᠪᠠ ᠮᠣᠩᠭᠣᠯ ᠬᠢᠲᠠᠳ ᠤᠨ ᠬᠣᠭᠣᠷᠣᠨᠳᠣᠬᠢ ᠪᠦᠯᠬᠦᠮᠳᠡᠯ ᠲᠠᠢ ᠪᠦᠭᠡᠳ ᠪᠠᠰᠠ ᠭᠠᠳᠠᠭᠠᠳᠤ ᠶ᠋ᠢᠨ ᠲᠤᠰᠠᠯᠠᠮᠵᠢ ᠲᠠᠢ ᠪᠠᠶᠢᠵᠦ ᠂ ᠡᠨᠡ ᠬᠦ ᠵᠣᠷᠢᠯᠭ᠎ᠠ ᠳ᠋ᠦ ᠯᠠᠪᠲᠠᠶ ᠬᠦᠷᠬᠦ ᠪᠠᠲᠤ ᠢᠲᠡᠭᠡᠯ ᠂ ᠵᠢᠶᠠᠩ ᠵᠢᠶᠸ ᠱᠢ ᠶ᠋ᠢᠨ ᠳᠣᠪᠲᠣᠯᠤᠯᠲᠠ ᠶ᠋ᠢ ᠵᠠᠪᠠᠯ ᠪᠤᠳᠢ ᠨᠢᠷᠭᠢᠵᠦ ᠴᠢᠳᠠᠬᠤ᠂ ᠡᠩᠬᠡ ᠲᠠᠶᠢᠪᠤᠩ ᠂ ᠠᠷᠠᠳᠴᠢᠯᠠᠯ ᠂ ᠡᠷᠬᠡ ᠴᠢᠯᠥᠭᠡ ᠲᠡᠶ ᠂ ᠵᠣᠯ ᠵᠢᠷᠭᠠᠯ ᠲᠠᠶ ᠰᠢᠨ᠎ᠡ ᠥᠪᠥᠷ ᠮᠣᠩᠭᠣᠯ ᠢ ᠯᠠᠪᠲᠠᠢ ᠪᠤᠢ ᠪᠤᠯᠭᠠᠨ᠎ᠠ》 ᠭᠡᠵᠠᠢ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠮᠠᠨᠵᠤ ᠶ᠋ᠢᠨ ᠬᠤᠪᠢᠶᠠᠷᠢ ᠲᠣᠪᠴᠢᠶ᠎ᠠ ᠂ ᠵᠡᠭᠦᠨ ᠬᠣᠶᠢᠲᠤ ᠣᠷᠣᠨ ᠦ ᠠᠷᠠᠳᠴᠢᠯᠠᠭᠰᠠᠨ ᠬᠣᠯᠪᠣᠭᠠᠲᠤ ᠴᠡᠷᠢᠭ ᠂ ᠪᠠᠷᠠᠭᠤᠨ ᠮᠠᠨᠵᠤ ᠶ᠋ᠢᠨ ᠴᠡᠷᠢᠭ ᠤᠨ ᠲᠣᠭᠣᠷᠢᠭ ᠤᠨ ᠲᠥᠯᠥᠭᠡᠯᠡᠭᠴᠢ ᠵᠠᠩ ᠫᠢᠩ ᠬᠤᠸᠠ ᠂ ᠯᠢᠶᠤᠤᠪᠸᠢ ᠮᠤᠵᠢ ᠶ᠋ᠢᠨ ᠵᠠᠰᠠᠭ ᠤᠨ ᠣᠷᠳᠣᠨ ᠤ ᠲᠡᠷᠢᠭᠦᠯᠡᠭᠴᠢ ᠶᠠᠨ ᠪᠦᠦ ᠬᠠᠩ ᠂ ᠬᠠᠷᠠᠮᠦᠷᠡᠨ ᠮᠤᠵᠢ ᠶ᠋ᠢᠨ ᠵᠥᠪᠯᠡᠯᠭᠡᠨ ᠦ ᠬᠤᠷᠠᠯ ᠤᠨ ᠳᠠᠷᠤᠭ᠎ᠠ ᠢᠦᠢ ᠲᠢᠶᠠᠨ ᠹᠠᠩ ᠵᠡᠷᠭᠡ ᠬᠦᠮᠦᠰ ᠶᠡᠬᠡ ᠬᠤᠷᠠᠯ ᠳ᠋ᠤ ᠤᠷᠤᠯᠴᠠᠭᠰᠠᠨ ᠪᠥᠭᠡᠳ ᠤᠷᠢᠯᠭ᠎ᠠ ᠪᠠᠷ ᠶᠠᠷᠢᠶ᠎ᠠ ᠲᠠᠯᠪᠢᠵᠦ ᠂ ᠥᠪᠥᠷ ᠮᠣᠩᠭᠣᠯ ᠤᠨ ᠡᠯ᠎ᠡ ᠦᠨᠳᠦᠰᠦᠲᠡᠨ ᠤ ᠠᠷᠠᠳ ᠲᠦᠮᠡᠨ ᠤ ᠣᠯᠤᠭᠰᠠᠨ ᠠᠭᠤᠤ ᠶᠡᠬᠡ ᠢᠯᠠᠯᠲᠠ ᠳ᠋ᠤ ᠴᠢᠩ ᠰᠡᠳᠬᠢᠯ ᠤᠨ ᠪᠠᠶᠠᠷ ᠬᠦᠷᠭᠡᠭᠰᠡᠨ ᠪᠠᠶᠢᠨ᠎ᠠ᠃ ᠵᠠᠩ ᠫᠢᠩ ᠬᠤᠸᠠ ᠡᠨᠡ ᠬᠦ ᠶᠠᠷᠢᠶ᠎ᠠ ᠥᠭᠦᠯᠡᠯ ᠳ᠋ᠤ ᠪᠠᠨ《 ᠥᠪᠡᠷ ᠲᠠᠢ ᠪᠠᠨ ᠪᠦᠯᠬᠦᠮᠳᠡᠵᠦ ᠂ ᠳᠠᠶᠢᠰᠤᠨ ᠢ ᠢᠯᠠᠨ᠂ ᠥᠪᠡᠷᠲᠡᠭᠡᠨ ᠵᠠᠰᠠᠬᠤ ᠶ᠋ᠢ ᠬᠡᠷᠡᠭᠵᠢᠭᠦᠯᠵᠦ ᠂ ᠥᠪᠡᠷᠲᠡᠭᠡᠨ ᠰᠢᠶᠳᠪᠦᠷᠢᠯᠡᠬᠦ ᠶ᠋ᠢ ᠲᠡᠮᠡᠴᠡᠨ ᠤᠯᠬᠤ》 ᠤᠷᠢᠶ᠎ᠠ ᠶ᠋ᠢ ᠳᠤᠷᠠᠳᠤᠨ ᠂ ᠬᠤᠷᠠᠯ ᠳ᠋ᠤ ᠣᠷᠣᠯᠴᠠᠭᠰᠠᠨ ᠪᠦᠬᠦ ᠲᠦᠯᠦᠭᠡᠯᠡᠭᠴᠢᠳ ᠦᠨ ᠬᠠᠯᠠᠭᠤᠨ ᠬᠦᠷᠢᠶᠡᠯᠡᠯ ᠢ ᠣᠯᠤᠭᠰᠠᠨ ᠪᠠᠶᠢᠨ᠎ᠠ ᠃ ᠪᠤᠶᠠᠨᠮᠠᠨᠳᠤᠬᠤ ᠪᠠᠰᠠ ᠡᠬᠢᠯᠡᠯᠲᠡ ᠶ᠋ᠢᠨ ᠶᠣᠰᠣᠯᠠᠯ ᠳᠡᠭᠡᠷ᠎ᠡ ᠶᠠᠷᠢᠶ᠎ᠠ ᠲᠠᠯᠪᠢᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠪᠠ ᠬᠥᠷᠰᠢ ᠵᠡᠷᠭᠡᠯᠡᠳᠡᠭᠡ ᠴᠢᠯᠥᠭᠡᠯᠡᠭᠳᠡᠭᠰᠡᠨ ᠣᠷᠣᠨ ᠡᠴᠠ ᠥᠪᠥᠷ ᠮᠣᠩᠭᠣᠯ ᠤᠨ ᠬᠤᠪᠢᠰᠬᠠᠯᠲᠤ ᠲᠡᠮᠡᠴᠡᠯ ᠳ᠋ᠤ ᠦᠵᠡᠭᠦᠯᠦᠭᠰᠡᠨ ᠭᠣᠶᠠᠴᠢ ᠦᠭᠡᠢ ᠲᠤᠰᠠᠯᠠᠮᠵᠢ ᠳ᠋ᠦ ᠲᠠᠯᠠᠷᠬᠠᠵᠤ ᠪᠠᠶᠢᠬᠤ ᠪᠠᠨ ᠢᠯᠡᠳᠬᠡᠪᠡ ᠃ ᠬᠤᠷᠠᠯ ᠡᠴᠡ ᠪᠠᠰᠠ ᠤᠯᠠᠭᠠᠨᠬᠦᠦ ᠪᠡᠷ ᠮᠠᠨᠭᠯᠠᠢᠢᠯᠠᠭᠣᠯᠣᠭᠰᠠᠨ 25 ᠬᠥᠮᠦᠨ ᠢᠶᠠᠷ ᠪᠦᠷᠢᠯᠳᠦᠭᠰᠡᠨ ᠶᠡᠬᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠠ ᠶᠡᠬᠡ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠬᠠᠹᠦᠩᠭ᠎ᠠ ᠪᠠᠷ ᠲᠣᠯᠣᠭᠠᠶᠢᠯᠠᠭᠤᠯᠤᠭᠰᠠᠨ᠂ 10 ᠬᠥᠮᠦᠨ ᠢᠶᠠᠷ ᠪᠦᠷᠢᠯᠳᠦᠭᠰᠡᠨ ᠰᠠᠨᠠᠯ ᠵᠥᠪᠯᠡᠯᠭᠡ ᠶ᠋ᠢ ᠬᠢᠨᠠᠨ ᠪᠠᠶᠢᠴᠠᠭᠠᠬᠤ ᠺᠣᠮᠢᠰ ᠢ ᠰᠤᠩᠭᠤᠨ ᠭᠠᠷᠭᠠᠵᠠᠢ᠃ ᠲᠤᠰ ᠡᠳᠦᠷ ᠂《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠰᠣᠨᠢᠨ 》 ᠡᠴᠡ ᠥᠭᠦᠯᠡᠯ ᠨᠡᠶᠢᠲᠡᠯᠡᠵᠦ ᠂ ᠵᠢᠭᠠᠵᠤ ᠭᠠᠷᠭᠠᠭᠰᠠᠨ ᠨᠢ ᠄ 《 ᠪᠢᠳᠡ ᠦᠪᠡᠷ ᠦᠨ ᠭᠠᠵᠠᠷ ᠨᠤᠲᠤᠭ ᠳᠡᠭᠡᠷ᠎ᠡ ᠪᠡᠨ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠢ ᠡᠬᠢᠯᠡᠬᠦᠯᠵᠦ ᠂ ᠥᠪᠡᠷ ᠤᠨ ᠬᠤᠪᠢ ᠵᠠᠶᠠᠭ᠎ᠠ ᠪᠠᠨ ᠲᠣᠭᠲᠠᠭᠠᠬᠤ ᠪᠠ ᠠᠮᠢᠳᠤᠷᠠᠯ ᠤᠨ ᠵᠠᠮ ᠢᠶᠡᠨ ᠲᠤᠭᠲᠠᠭᠠᠬᠤ ᠲᠣᠬᠢᠶᠠᠯ ᠲᠠᠢ ᠪᠤᠯᠵᠠᠢ ᠃ ᠡᠨᠡ ᠲᠣᠬᠢᠶᠠᠯ ᠪᠣᠯ ᠣᠯᠳᠠᠬᠤᠶ᠎ᠠ ᠪᠡᠷᠬᠡ ᠂ ᠡᠶᠢᠮᠦ ᠡᠴᠡ ᠪᠢᠳᠡ ᠥᠪᠥᠷ ᠮᠣᠩᠭᠣᠯ ᠤᠨ ᠴᠢᠯᠥᠭᠡᠯᠡᠯᠲᠡ ᠶ᠋ᠢᠨ ᠦᠢᠯᠡᠰ ᠦᠨ ᠲᠥᠯᠥᠭᠡ ᠠᠮᠢ ᠴᠥᠯᠡᠨ ᠲᠡᠮᠡᠴᠡᠭᠰᠡᠨ ᠪᠠᠭᠠᠲᠤᠷᠴᠤᠳ ᠂ ᠵᠦᠪᠯᠡᠯᠳᠦ ᠮᠣᠩᠭᠣᠯ ᠤᠨ ᠴᠡᠷᠢᠭ ᠤᠨ ᠶᠠᠫᠣᠨ ᠳᠡᠭᠡᠷᠡᠮᠴᠢᠳ ᠤᠨ ᠨᠣᠶᠠᠷᠬᠠᠯ ᠢ ᠪᠤᠳᠠ ᠨᠢᠷᠭᠢᠭᠰᠡᠨ ᠳ᠋ᠦ ᠲᠠᠯᠠᠷᠬᠠᠵᠤ ᠪᠠᠶᠢᠨ᠎ᠠ ᠂ ᠬᠣᠷᠢ ᠭᠠᠷᠤᠶ ᠵᠢᠯ ᠤᠨ ᠲᠤᠷᠰᠢ ᠪᠢᠳᠡᠨ ᠳ᠋ᠤ ᠶᠡᠬᠡ ᠲᠤᠰᠠᠯᠠᠮᠵᠢ ᠦᠵᠡᠭᠦᠯᠦᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠳ᠋ᠦ ᠲᠠᠯᠠᠷᠬᠠᠵᠤ ᠪᠠᠶᠢᠨ᠎ᠠ ᠂ ᠮᠠᠨ ᠲᠠᠢ ᠮᠥᠷᠥ ᠵᠡᠷᠭᠡᠴᠡᠨ ᠪᠠᠶᠢᠯᠳᠤᠵᠤ ᠂ ᠬᠢᠲᠠᠳ ᠤᠨ ᠳᠡᠭᠡᠷᠡᠩᠭᠦᠶ ᠦᠵᠡᠯ ᠵᠢᠶᠠᠩ ᠵᠢᠶᠸ ᠱᠢ ᠳ᠋ᠦ ᠴᠤᠬᠢᠯᠲᠠ ᠦᠭᠭᠦᠭᠰᠡᠨ ᠨᠠᠶᠮᠠᠳᠤᠭᠠᠷ ᠵᠠᠮ ᠤᠨ ᠴᠡᠷᠢᠭ ᠠᠷᠠᠳᠴᠢᠯᠠᠭᠰᠠᠨ ᠬᠣᠯᠪᠣᠭᠠᠲᠤ ᠴᠡᠷᠢᠭ ᠳ᠋ᠤ ᠲᠠᠯᠠᠷᠬᠠᠵᠤ ᠪᠠᠶᠢᠨ᠎ᠠ 》 ᠭᠡᠵᠠᠢ ᠃
4 ᠰᠠᠷ᠎ᠠ ᠶ᠋ᠢᠨ 24 ᠦ ᠡᠳᠦᠷ ᠂ ᠤᠯᠠᠭᠠᠨᠬᠦᠦ ᠲᠥᠯᠥᠭᠡᠯᠡᠭᠴᠢ ᠡᠴᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠤᠨ ᠭᠦᠢᠴᠡᠳᠬᠡᠬᠦ ᠵᠥᠪᠯᠡᠯ ᠤᠨ ᠡᠮᠦᠨ᠎ᠡ ᠡᠴᠡ ᠶᠡᠬᠡ ᠬᠤᠷᠠᠯ ᠳ᠋ᠤ ᠤᠯᠤᠰ ᠳᠦᠷᠦ ᠶ᠋ᠢᠨ ᠬᠠᠷᠢᠭᠤ ᠮᠡᠳᠡᠭᠦᠯᠦᠯᠲᠡ ᠬᠢᠪᠡ ᠃ ᠢᠯᠡᠳᠬᠡᠯ ᠳ᠋ᠦ ᠂ ᠥᠪᠥᠷ ᠮᠣᠩᠭᠣᠯ ᠤᠨ ᠬᠤᠪᠢᠰᠬᠠᠯ ᠤᠨ ᠲᠡᠦᠬᠡᠨ ᠶᠠᠪᠤᠴᠠ ᠶ᠋ᠢ ᠡᠷᠭᠢᠴᠡᠭᠦᠯᠵᠦ ᠂ ᠵᠢᠭᠠᠵᠤ ᠭᠠᠷᠭᠠᠭᠰᠠᠨ ᠨᠢ ᠄ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠂ ᠡᠬᠢᠯᠡᠩᠭᠦᠳᠡ ᠬᠣᠶᠠᠷ ᠵᠠᠮ ᠤᠨ ᠰᠤᠩᠭᠤᠯᠲᠠ ᠣᠷᠣᠰᠢᠵᠤ ᠂ ᠡᠨᠡ ᠬᠣᠶᠠᠷ ᠵᠠᠮ ᠨᠢ ᠂ ᠨᠢᠭᠡ ᠨᠢ ᠪᠠᠢ ᠶᠦᠨ ᠳ᠋ᠢ ᠪᠡᠷ ᠲᠣᠯᠣᠭᠠᠶᠢᠯᠠᠭᠤᠯᠤᠭᠰᠠᠨ ᠴᠥᠭᠡᠨ ᠲᠣᠭᠠᠨ ᠤ ᠳᠡᠭᠡᠳᠦ ᠳᠠᠪᠬᠤᠷᠭᠠᠲᠠᠨ ᠤ ᠪᠠᠭᠤᠵᠤ ᠥᠭᠬᠦ ᠵᠠᠮ ᠂ ᠨᠦᠭᠦᠬᠡ ᠨᠢ ᠥᠷᠭᠡᠨ ᠤᠯᠠᠨ ᠠᠷᠠᠳ ᠤᠯᠠᠨ ᠤᠨ ᠴᠢᠯᠥᠭᠡᠯᠡᠯᠲᠡ ᠶ᠋ᠢᠨ ᠵᠠᠮ ᠮᠥᠨ ᠃ 20 ᠭᠠᠷᠤᠶ ᠵᠢᠯ ᠤᠨ ᠲᠤᠷᠰᠢ ᠥᠪᠥᠷ ᠮᠣᠩᠭᠣᠯ ᠤᠨ ᠬᠤᠪᠢᠰᠬᠠᠯᠲᠤ ᠬᠥᠳᠡᠯᠭᠡᠭᠡᠨ ᠤ ᠲᠡᠦᠬᠡᠨ ᠳ᠋ᠦ ᠡᠶᠢᠮᠦᠷᠬᠦᠦ ᠬᠣᠶᠠᠷ ᠵᠠᠮ ᠤᠨ ᠲᠡᠮᠡᠴᠡᠯ ᠲᠤᠤᠱᠠᠯᠠᠭᠳᠠᠭᠰᠠᠨ ᠭᠡᠵᠦ ᠬᠡᠯᠡᠵᠦ ᠪᠣᠯᠤᠨ᠎ᠠ》 ᠃ ᠬᠠᠷᠢᠭᠤ ᠮᠡᠳᠡᠬᠦᠯᠦᠯᠲᠡ ᠳ᠋ᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠤᠨ ᠠᠵᠢᠯ ᠳ᠋ᠤ ᠳ᠋ᠦᠩᠨᠡᠯᠲᠡ ᠬᠢᠭᠰᠡᠨ ᠪᠠᠶᠢᠨ᠎ᠠ ᠃ ᠥᠪᠡᠷ ᠢ ᠪᠡᠨ ᠬᠠᠮᠠᠭᠠᠯᠠᠬᠤ ᠲᠠᠢᠢᠨ ᠦᠷᠨᠢᠬᠦ ᠡᠴᠡ ᠡᠮᠦᠨ᠎ᠡ ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠂ ᠠᠵᠤ ᠠᠬᠤᠶ ᠰᠣᠶᠣᠯ ᠤᠨ ᠦᠢᠯᠡᠰ ᠢ ᠬᠦᠭᠵᠢᠬᠦᠯᠬᠦ ᠵᠡᠷᠭᠡ ᠲᠠᠯ᠎ᠠ ᠡᠴᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠤ ᠳᠠᠷᠠᠭᠠᠬᠢ ᠭᠣᠣᠯ ᠡᠭᠦᠷᠭᠡ ᠶ᠋ᠢ ᠳᠤᠷᠠᠳᠪᠠ ᠃ 4 ᠰᠠᠷ᠎ᠠ ᠶ᠋ᠢᠨ 25 ᠤ ᠡᠳᠦᠷ ᠡᠴᠡ 28 ᠤ ᠡᠳᠦᠷ ᠪᠤᠯᠲᠠᠯ᠎ᠠ᠂ ᠶᠡᠬᠡ ᠬᠤᠷᠠᠯ ᠡᠴᠠ ᠭᠦᠨᠵᠡᠭᠡᠶ ᠶᠠᠷᠢᠯᠴᠠᠵᠤ ᠂ ᠤᠯᠠᠭᠠᠨᠬᠦᠦ ᠶ᠋ᠢᠨ ᠬᠢᠭᠰᠡᠨ ᠤᠯᠤᠰ ᠲᠦᠷᠦ ᠶ᠋ᠢᠨ ᠬᠠᠷᠢᠭᠤ ᠮᠡᠳᠡᠬᠦᠯᠦᠯᠲᠡ ᠪᠠ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠥᠲᠥᠯᠪᠦᠷᠢ 》 ᠂ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠲᠦᠷ ᠶᠠᠪᠤᠭᠤᠯᠬᠤ ᠵᠣᠬᠢᠶᠠᠨ ᠪᠠᠶᠢᠭᠤᠯᠤᠯᠲᠠ ᠶ᠋ᠢᠨ ᠶᠡᠷᠦᠩᠬᠡᠶ ᠬᠥᠲᠥᠯᠪᠦᠷᠢ 》 ᠬᠢᠭᠡᠳ《 ᠥᠪᠥᠷ ᠮᠣᠩᠭᠣᠯ ᠤᠨ ᠠᠷᠠᠳ ᠤᠨ ᠲᠥᠯᠥᠭᠡᠯᠡᠭᠴᠢᠳ ᠤᠨ ᠬᠤᠷᠠᠯ ᠤᠨ ᠲᠤᠩᠬᠠᠭ 》 ᠢ ᠪᠠᠲᠤᠯᠠᠵᠠᠢ ᠃ ᠰᠠᠨᠠᠯ ᠵᠥᠪᠯᠡᠯᠭᠡ ᠶ᠋ᠢ ᠬᠢᠨᠠᠨ ᠶᠠᠷᠢᠯᠴᠠᠭᠰᠠᠨ ᠪᠦᠭᠡ ᠳᠲᠦᠷ ᠴᠠᠭ ᠤᠨ ᠵᠥᠪᠯᠡᠯᠭᠡᠨ ᠦ ᠬᠤᠷᠠᠯ ᠤᠨ ᠵᠥᠪᠯᠡᠯᠭᠡᠨ ᠤ ᠬᠡᠰᠢᠭᠦᠳ ᠦᠨ ᠬᠢᠷᠢ ᠬᠡᠮ ᠢ ᠬᠢᠨᠠᠨ ᠪᠠᠶᠢᠴᠠᠭᠠᠵᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠤ ᠳᠠᠷᠠᠭᠠᠬᠢ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠂ ᠨᠠᠷᠢᠨ ᠲᠥᠯᠥᠪᠵᠢᠭᠦᠯᠭᠡ ᠬᠢᠪᠡ ᠃
27 ᠤ ᠡᠳᠦᠷ ᠂ ᠥᠪᠥᠷ ᠮᠣᠩᠭᠣᠯ ᠤᠨ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠨᠢ ᠮᠠᠤ ᠽᠸ ᠳ᠋ᠦᠩ ᠲᠡᠷᠢᠭᠦᠯᠡᠭᠴᠢ ᠂ ᠶᠡᠷᠦᠩᠬᠡᠶ ᠰᠧᠯᠢᠩ ᠵᠦ ᠳ᠋ᠸ ᠳ᠋ᠦ ᠴᠠᠬᠢᠯᠭᠠᠨ ᠮᠡᠳᠡᠭᠡ ᠶᠠᠪᠤᠭᠤᠯᠵᠤ ᠂ ᠪᠦᠬᠦ ᠠᠭᠤᠯᠭ᠎ᠠ ᠨᠢ ᠳᠣᠣᠷᠠᠬᠢ ᠮᠡᠲᠦ ᠄ 《 ᠲᠡᠷᠢᠭᠦᠯᠡᠭᠴᠢ ᠮᠠᠤ ᠽᠸ ᠳ᠋ᠦᠩ ᠂ ᠶᠡᠷᠦᠩᠬᠡᠶ ᠰᠧᠯᠢᠩ ᠵᠤ ᠳ᠋ᠸ ᠳ᠋ᠤ ᠄ ᠪᠢᠳᠡ ᠤᠷᠭᠢᠯᠤᠮ᠎ᠠ ᠬᠠᠯᠠᠭᠤᠨ ᠰᠡᠳᠬᠢᠯᠭᠡ ᠪᠡᠷ ᠂ ᠲᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠡᠨ ᠢᠯᠡᠳᠬᠡᠶ᠎ᠡ ᠃ ᠭᠤᠷᠪᠠᠨ ᠵᠠᠭᠤ ᠭᠠᠷᠤᠶ ᠵᠢᠯ ᠤᠨ ᠲᠤᠷᠰᠢ ᠂ ᠮᠣᠩᠭᠣᠯ ᠦᠨᠳᠦᠰᠦᠲᠡᠨ ᠨᠢ ᠬᠢᠲᠠᠳ ᠤᠨ ᠳᠡᠭᠡᠷᠡᠩᠭᠦᠶ ᠦᠵᠡᠯ ᠤᠨ ᠳᠠᠷᠤᠯᠠᠯ ᠢ ᠠᠮᠰᠠᠵᠤ ᠂ ᠵᠣᠪᠠᠭᠤᠷᠢ ᠪᠠᠶᠢᠭᠠᠳ ᠬᠡᠯᠡᠵᠦ ᠴᠢᠳᠠᠬᠤ ᠦᠭᠡᠢ ᠪᠠᠶᠢᠭᠰᠠᠨ᠃ ᠭᠠᠭᠴᠠᠬᠦ ᠲᠠ ᠨᠠᠷ ᠤᠨ ᠤᠳᠤᠷᠢᠳᠤᠯᠭ᠎ᠠ ᠶ᠋ᠢᠨ ᠳᠤᠤᠷᠠᠬᠢ ᠳᠤᠮᠳᠠᠳᠤ ᠤᠯᠤᠰ ᠤᠨ ᠡᠪ ᠬᠠᠮᠲᠤ ᠨᠠᠮ ᠪᠠ ᠠᠷᠠᠳ ᠤᠨ ᠴᠢᠯᠥᠭᠡᠯᠡᠬᠦ ᠴᠡᠷᠢᠭ ᠂ ᠡᠨᠡ ᠬᠦ ᠲᠡᠦᠬᠡᠨ ᠬᠡᠪ ᠤᠨ ᠪᠤᠰᠤ ᠬᠠᠷᠢᠴᠠᠭ᠎ᠠ ᠨᠢ ᠰᠠᠶ᠋ᠢ ᠪᠦᠷᠢᠮᠦᠰᠦᠨ ᠬᠤᠪᠢᠷᠠᠵᠤ᠂ ᠦᠨᠡᠨ ᠬᠦ ᠦᠨᠳᠦᠰᠦᠲᠡᠨ ᠨᠦᠭᠦᠳ ᠡᠷᠬᠡ ᠲᠡᠭᠰᠢ ᠪᠠᠶᠢᠬᠤ ᠵᠣᠷᠢᠭ ᠰᠠᠨᠠᠭ᠎ᠠ ᠢᠶᠠᠷ ᠮᠣᠩᠭᠣᠯ ᠦᠨᠳᠦᠰᠦᠲᠡᠨ ᠤ ᠬᠥᠭᠵᠢᠯᠲᠡ ᠨᠢ ᠲᠤᠶᠢᠯᠪᠤᠷᠢᠲᠠᠶ ᠴᠢᠯᠥᠭᠡᠯᠡᠯᠲᠡ ᠶ᠋ᠢ ᠤᠯᠵᠠᠢ ᠃ ᠥᠨᠥᠳᠦᠷ ᠂ ᠮᠠᠨ ᠤ ᠥᠪᠥᠷ ᠮᠣᠩᠭᠣᠯ ᠤᠨ ᠠᠷᠠᠳ ᠤᠨ ᠲᠥᠯᠥᠭᠡᠯᠡᠭᠴᠢᠳ ᠡᠨᠳᠡ ᠬᠦᠷᠦᠯᠴᠡᠨ ᠢᠷᠡᠵᠦ ᠂ ᠂ ᠥᠪᠡᠷ ᠤᠨ ᠦᠨᠳᠦᠰᠦᠲᠡᠨ ᠤ ᠬᠣᠢ᠌ᠰᠢᠳᠠ ᠶ᠋ᠢᠨ ᠬᠤᠪᠢ ᠵᠠᠶᠠᠭᠠᠨ ᠦ ᠪᠡᠨ ᠲᠤᠬᠠᠶ ᠵᠥᠪᠳᠡᠯᠴᠡᠨ ᠶᠠᠷᠢᠯᠴᠠᠬᠤ ᠪᠤᠯᠣᠭᠰᠠᠨ ᠨᠢ ᠴᠦᠮ ᠲᠠ ᠪᠦᠬᠦᠨ ᠦ ᠭᠠᠪᠢᠶ᠎ᠠ᠃ ᠲᠠᠨ ᠤ ᠰᠣᠳᠣ ᠮᠡᠷᠭᠡᠨ ᠤᠳᠤᠷᠢᠳᠤᠯᠭ᠎ᠠ ᠤᠨ ᠳᠣᠣᠷ᠎ᠠ ᠂ ᠥᠪᠥᠷ ᠮᠣᠩᠭᠣᠯ ᠤᠨ ᠦᠨᠳᠦᠰᠦᠲᠡᠨ ᠤ ᠢᠷᠡᠭᠡᠳᠦᠶ ᠭᠡᠭᠡᠨ ᠰᠠᠷᠠᠭᠤᠯ ᠭᠡᠳᠡᠭ ᠲᠦ ᠢᠲᠡᠭᠡᠵᠦ ᠪᠠᠶᠢᠨ᠎ᠠ ᠃ ᠪᠢᠳᠡ ᠡᠨᠳᠡ ᠲᠠᠨ ᠤ ᠵᠢᠭᠠᠪᠤᠷᠢ ᠶ᠋ᠢ ᠵᠢᠷᠤᠮᠯᠠᠨ ᠬᠦᠯᠢᠶᠡᠬᠦ ᠵᠤᠷᠢᠭ ᠢᠶᠡᠨ ᠢᠯᠡᠳᠬᠡᠵᠦ ᠪᠠᠶᠢᠨ᠎ᠠ᠂ ᠦᠨᠳᠦᠰᠦᠲᠡᠨ ᠤ ᠳᠣᠲᠣᠭᠠᠳᠤ ᠲᠠᠢ ᠪᠦᠯᠬᠦᠮᠳᠡᠵᠦ ᠶ᠋ᠢᠨ ᠬᠠᠮᠲᠤ ᠪᠦᠬᠦ ᠤᠯᠤᠰ ᠤᠨ ᠡᠯ᠎ᠡ ᠦᠨᠳᠦᠰᠦᠲᠡᠨ ᠤ ᠬᠠᠮᠵᠢᠯᠴᠠᠵᠤ ᠂ ᠵᠢᠶᠠᠩ ᠵᠢᠶᠸ ᠱᠢ ᠶ᠋ᠢᠨ ᠳᠣᠪᠲᠣᠯᠤᠯᠲᠠ ᠶ᠋ᠢ ᠲᠤᠶᠢᠯᠪᠤᠷᠢᠲᠠᠶ ᠪᠤᠳᠠ ᠨᠢᠷᠭᠢᠨᠠ ᠂ ᠡᠨᠭᠬᠡ ᠲᠠᠶᠢᠪᠤᠩ ᠠᠷᠠᠳᠴᠢᠯᠠᠭᠰᠠᠨ ᠰᠢᠨ᠎ᠡ ᠳᠤᠮᠳᠠᠳᠤ ᠤᠯᠤᠰ ᠪᠤᠯᠤᠨ ᠰᠢᠨ᠎ᠡ ᠥᠪᠥᠷ ᠮᠣᠩᠭᠣᠯ ᠢ ᠪᠠᠶᠢᠭᠤᠯᠬᠤ ᠶ᠋ᠢ ᠨᠲᠥᠯᠥᠭᠡ ᠲᠡᠮᠡᠴᠡᠵᠦ ᠂ ᠵᠣᠷᠢᠯᠭ᠎ᠠ ᠳᠠᠭᠠᠨ ᠬᠦᠷᠬᠦ ᠦᠭᠡᠢ ᠪᠣᠯ ᠵᠣᠭᠰᠣᠬᠤ ᠦᠭᠡᠢ 》 ᠭᠡᠰᠡᠨ ᠪᠦᠭᠡᠳ ᠶᠡᠬᠡ ᠬᠤᠷᠠᠯ ᠡᠴᠡ ᠪᠠᠰᠠ ᠲᠤᠰ ᠡᠳᠦᠷ ᠲᠤ ᠂ ᠰᠲ᠋ᠠᠯᠢᠨ ᠂ ᠴᠣᠶᠢᠪᠠᠯᠰᠠᠩ ᠴᠠᠬᠢᠯᠭᠠᠨ ᠮᠡᠳᠡᠭᠡ ᠶᠠᠪᠤᠭᠤᠯᠵᠠᠢ ᠃
29 ᠤ ᠡᠳᠦᠷ ᠂ ᠥᠪᠥᠷ ᠮᠣᠩᠭᠣᠯ ᠤᠨ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠡᠴᠠ ᠰᠤᠩᠭᠤᠭᠤᠯᠢ ᠶ᠋ᠢᠨ ᠶᠠᠪᠤᠴᠠ ᠶ᠋ᠢ ᠶᠠᠪᠤᠭᠳᠠᠭᠤᠯᠵᠠᠢ ᠃ ᠥᠪᠥᠷ ᠮᠣᠩᠭᠣᠯ ᠤᠨ ᠲᠦᠷ ᠴᠠᠭ