ᠠᠰᠬᠠᠨ

  2019-05-04



    

ᠠᠰᠬᠠᠨ ᠂ ᠪᠠᠰᠠ ᠠᠯᠲᠠᠨᠰᠠᠩ᠂ ᠯᠢ ᠶᠢᠦ ᠲᠦᠩ ᠭᠡᠳᠡᠭ ᠂ ᠮᠣᠩᠭᠣᠯ ᠦᠨᠳᠦᠰᠦᠲᠡᠨ ᠂ ᠵᠢᠷᠢᠮ ᠠᠶᠢᠮᠠᠭ ᠤᠨ ᠬᠣᠷᠴᠢᠨ ᠵᠡᠭᠦᠨ ᠭᠠᠷᠤᠨ ᠳᠤᠮᠳᠠᠳᠤᠬᠤᠰᠢᠭᠤᠨ ᠤ ᠶᠣᠯᠢᠮᠣᠳᠦ ᠲᠤᠰᠬᠤᠨ ᠤ ᠬᠥᠮᠦᠨ ᠃
    ᠠᠰᠬᠠᠨ ᠵᠠᠯᠠᠭᠤ ᠳᠠᠭᠠᠨ ᠵᠧᠩ ᠵᠢᠶᠠ ᠳᠦᠨ ᠤ ᠳᠥᠷᠪᠡᠳᠦᠭᠡᠷ ᠳᠤᠮᠳᠠᠳᠤ ᠰᠤᠷᠭᠠᠭᠤᠯᠢ  ᠳ᠋ᠤ ᠰᠤᠷᠤᠯᠴᠠᠵᠤ ᠂  ᠶᠠᠫᠣᠨ ᠤ ᠪᠠᠷᠠᠭ᠎ᠠ ᠶ᠋ᠢ ᠬᠣᠷᠢᠭᠯᠠᠬᠤ ᠲᠡᠮᠡᠴᠡᠯ ᠪᠤᠯᠵᠤ ᠪᠠᠶᠢᠬᠤ ᠳᠤ ᠣᠷᠣᠯᠴᠠᠭᠰᠠᠨ ᠡᠴᠡ ᠵᠧᠩ ᠵᠢᠶᠠ ᠳᠦᠨ ᠤ ᠳᠥᠷᠪᠡᠳᠦᠭᠡᠷ ᠲᠤᠮᠳᠠᠳᠦ ᠰᠤᠷᠭᠠᠭᠤᠯᠢ  ᠡᠴᠠ ᠬᠦᠭᠡᠭᠡᠭᠳᠡᠵᠦ᠂  ᠠᠰᠬᠠᠨ ᠪᠡᠭᠡᠵᠢᠩ ᠦᠨ ᠮᠣᠩᠭᠣᠯ ᠲᠥᠪᠡᠳ ᠦᠨ ᠰᠤᠷᠭᠠᠭᠤᠯᠢ  ᠳ᠋ᠦ ᠢᠷᠡᠭᠰᠡᠨ ᠪᠠᠶᠢᠨ᠎ᠠ ᠃
    1929 ᠣᠨ ( ᠢᠷᠭᠡᠨ ᠤᠯᠤᠰ ᠤᠨ 18 ᠣᠨ ) ᠂ ᠠᠰᠬᠠᠨ ᠨᠢ ᠶᠠᠫᠣᠨ  ᠳ᠋ᠤ ᠰᠤᠷᠤᠯᠴᠠᠵᠤ ᠪᠠᠶᠢᠬᠤ ᠬᠤᠭᠤᠴᠠᠭᠠᠨ ᠳᠠᠭᠠᠨ ᠬᠡᠰᠡᠭ ᠶᠠᠫᠣᠨ  ᠳ᠋ᠤ ᠰᠤᠷᠤᠯᠴᠠᠵᠤ ᠪᠠᠶᠢᠬᠤ ᠮᠣᠩᠭᠤᠯ ᠰᠤᠷᠤᠭᠴᠢᠳ ᠢ ᠵᠣᠬᠢᠶᠠᠨ ᠪᠠᠶᠢᠭᠤᠯᠵᠤ ᠮᠣᠩᠭᠣᠯ ᠬᠢᠲᠠᠳ ᠰᠣᠨᠢᠨ ᠰᠡᠳᠬᠦᠯ《 ᠡᠬᠡ ᠤᠯᠤᠰ》 ᠢ ᠲᠣᠣᠺᠢᠤ᠋ ᠳ᠋ᠤ ᠡᠷᠬᠢᠯᠡᠨ ᠨᠠᠶᠢᠷᠠᠭᠤᠯᠵᠤ ᠂ ᠵᠡᠭᠦᠨ ᠮᠣᠩᠭᠤᠯ ᠤᠨ ᠵᠠᠯᠠᠭᠤ ᠰᠤᠷᠤᠭᠴᠢᠳ ᠪᠠ ᠶᠠᠫᠣᠨ  ᠳ᠋ᠤ ᠰᠤᠷᠤᠯᠴᠠᠵᠤ ᠪᠠᠶᠢᠬᠤ ᠰᠤᠷᠤᠭᠴᠢᠳ ᠤᠨ ᠳᠤᠮᠳᠠ ᠲᠠᠷᠬᠠᠭᠰᠠᠨ ᠪᠢᠯᠡ ᠃
    1931 ᠣᠨ ( ᠢᠷᠭᠡᠨ ᠤᠯᠤᠰ ᠤᠨ 20 ᠳ᠋ᠤᠭᠠᠷ ᠣᠨ ) ᠂ ᠶᠠᠫᠣᠨ ᠴᠡᠷᠢᠭ ᠳᠤᠮᠳᠠᠳᠤ ᠤᠯᠤᠰ ᠤᠨ ᠵᠡᠭᠦᠨ ᠬᠣᠶᠢᠲᠤ ᠣᠷᠣᠨ ᠪᠣᠯᠤᠨ ᠥᠪᠥᠷ ᠮᠣᠩᠭᠤᠯ ᠤᠨ ᠵᠡᠭᠦᠨ ᠬᠡᠰᠡᠭ ᠭᠠᠵᠠᠷ ᠣᠷᠣᠨ ᠢ ᠳᠦᠷᠢᠮᠡᠬᠡᠶᠢᠯᠡᠨ ᠂ ᠲᠡᠷᠡᠴᠢᠯᠡᠨ ᠨᠢᠭᠡ ᠪᠦᠯᠦᠭ ᠦᠨᠳᠦᠰᠦᠲᠡᠨ  ᠤ ᠵᠥᠷᠢᠴᠡᠯ ᠂ ᠤᠷᠮ᠎ᠠ ᠰᠡᠳᠬᠢᠯᠭᠡ ᠶ᠋ᠢ ᠠᠰᠢᠭᠯᠠᠨ ᠂ ᠮᠣᠩᠭᠣᠯ ᠦᠨᠳᠦᠰᠦᠲᠡᠨ  ᠤ ᠳᠡᠭᠡᠳᠦ ᠳᠠᠪᠬᠤᠷᠭᠠᠲᠠᠨ ᠢ ᠲᠠᠲᠠᠵᠦ ᠂ ᠡᠶᠢᠮᠦ ᠬᠦᠴᠦᠨ  ᠤ ᠳᠡᠮᠵᠢᠯᠭᠡ  ᠳᠣᠣᠷ᠎ᠠ ᠂ ᠵᠠᠷᠢᠮ ᠬᠥᠮᠦᠰ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠴᠡᠷᠢᠭ》 ᠢ ᠵᠣᠬᠢᠶᠠᠨ ᠪᠠᠶᠢᠭᠤᠯᠵᠤ ᠂ ᠠᠰᠬᠠᠨ ᠴᠡᠷᠢᠭ ᠲᠦ ᠤᠷᠤᠭᠰᠠᠨ ᠪᠢᠯᠡ᠃  ᠫᠣᠩᠰᠤᠭ ᠂ ᠲᠡᠮᠦᠷᠪᠠᠭᠠᠨ᠎ᠠ ( ᠬᠣᠵᠢᠮ ᠨᠢ ᠴᠥᠮ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠬᠥᠮᠦᠰ ᠪᠣᠯᠪᠠ ) ᠡᠪ ᠬᠠᠮᠲᠤ ᠶ᠋ᠢᠨ ᠢᠨᠲ᠋ᠧᠷᠨᠠᠼᠢᠣᠨᠠᠯ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠪ ᠬᠠᠮᠲᠤ ᠶ᠋ᠢᠨ ᠢᠨᠲ᠋ᠧᠷᠨᠠᠼᠢᠣᠨᠠᠯ ᠳᠤ ᠰᠠᠭᠤᠭ᠎ᠠ ᠲᠥᠯᠦᠭᠡᠯᠡᠭᠴᠢ ᠶ᠋ᠢᠨ ᠲᠣᠮᠢᠯᠠᠯ ᠢᠶᠠᠷ《 ᠥᠪᠡᠷᠲᠡᠭᠡᠨ ᠵᠠᠰᠠᠬᠤ ᠴᠡᠷᠢᠭ 》 ᠤᠨ ᠬᠥᠳᠡᠯᠭᠡᠭᠡᠨ ᠳ᠋ᠦ ᠣᠷᠤᠯᠴᠠᠪᠠ᠃ ᠳᠠᠷᠤᠶ ᠠᠰᠬᠠᠨ ᠵᠡᠷᠭᠡ ᠬᠥᠮᠦᠰ ᠢ ᠲᠡᠮᠡᠴᠡᠨ ᠣᠯᠬᠤ ᠪᠠᠷ ᠴᠢᠷᠮᠠᠶᠢᠪᠠ᠃ 1932 ᠣᠨ ( ᠢᠷᠭᠡᠨ ᠤᠯᠤᠰ ᠤᠨ 21 ᠣᠨ ) ᠂ ᠠᠰᠬᠠᠨ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠳ᠋ᠤ ᠣᠷᠤᠪᠠ᠃ 1933 ᠣᠨ ( ᠢᠷᠭᠡᠨ ᠤᠯᠤᠰ ᠤᠨ 22 ᠣᠨ )  ᠤ 5 ᠰᠠᠷ᠎ᠠ  ᠳ᠋ᠤ ᠂ ᠫᠣᠩᠰᠤᠭ ᠵᠦᠪᠯᠠᠯᠳᠤ ᠬᠣᠯᠪᠣᠭᠠᠲᠤ ᠤᠯᠤᠰ ᠡᠴᠡ ᠬᠠᠷᠢᠵᠤ ᠢᠷᠡᠭᠡᠳ ᠡᠪ ᠬᠠᠮᠲᠤ ᠶᠢᠨ ᠢᠨᠲ᠋ᠸᠷᠨᠠᠽᠢᠤᠨᠠᠯ ᠤᠨ ᠠᠯᠤᠰ ᠳᠣᠷᠤᠨᠠᠲᠤ ᠶ᠋ᠢᠨ ᠲᠣᠪᠴᠢᠶ᠎ᠠ ᠡᠴᠡ ᠤᠯᠠᠮᠵᠢᠯᠠᠵᠤ ᠢᠷᠡᠭᠰᠡᠨ ᠨᠢᠭᠡᠳᠦᠮᠡᠯ ᠹᠷᠣᠨᠲ ᠢ ᠥᠷᠭᠡᠳᠬᠡᠬᠦ ᠂ ᠶᠠᠫᠣᠨ ᠳᠡᠭᠡᠷᠡᠮᠴᠢᠳ ᠲᠡᠶ ᠲᠡᠮᠡᠴᠡᠯ ᠶᠠᠪᠤᠭᠤᠯᠬᠤ ᠲᠤᠬᠠᠶ ᠵᠢᠭᠠᠪᠤᠷᠢ ᠭᠠᠷᠭᠠᠵᠤ ᠂ ᠠᠰᠬᠠᠨ ᠵᠡᠷᠭᠡ ᠬᠥᠮᠦᠰ ᠢ ᠬᠠᠭᠤᠷᠮᠠᠭ ᠬᠢᠩᠭᠠᠨ ᠡᠮᠦᠨ᠎ᠡ ᠮᠣᠵᠢ ᠶ᠋ᠢᠨ ᠰᠡᠷᠭᠡᠶᠢᠯᠡᠯᠲᠡ ᠶ᠋ᠢᠨ ᠴᠡᠷᠢᠭ ᠲᠦ ᠦᠷᠭᠦᠯᠵᠢᠯᠡᠨ ᠦᠯᠡᠳᠡᠵᠦ  ᠂ ᠬᠠᠤᠯᠢ ᠶᠣᠰᠣᠨ  ᠤ ᠪᠡᠶ᠎ᠡ ᠶ᠋ᠢᠨ ᠬᠢᠷᠢ ᠬᠡᠮ ᠦᠨ ᠡᠷᠡᠰ ᠲᠡᠮᠡᠴᠡᠯ ᠬᠢᠵᠦ ᠂ ᠠᠰᠬᠠᠨ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠤᠨ ᠭᠡᠰᠢᠭᠦᠨ ᠪᠣᠯᠤᠭᠰᠠᠨ ᠪᠠᠶᠢᠨ᠎ᠠ ᠃
    ᠠᠰᠬᠠᠨ ᠲᠠᠷᠠᠭ᠎ᠠ ᠨᠢ ᠪᠠᠰᠠ ᠶᠠᠫᠣᠨ ᠳ᠋ᠦ ᠰᠤᠷᠤᠯᠴᠠᠵᠤ ᠂ 1938 ᠣᠨ  ᠳ᠋ᠦ( ᠢᠷᠭᠡᠨ ᠤᠯᠤᠰ ᠤᠨ 27 ᠣᠨ )  ᠶᠠᠫᠣᠨ  ᠤ ᠬᠠᠭᠤᠷᠠᠶ ᠵᠠᠮ ᠤᠨ ᠴᠡᠷᠢᠭ ᠦᠨ ᠶᠡᠬᠡ ᠰᠤᠷᠭᠠᠭᠤᠯᠢ ᠡᠴᠡ ᠲᠡᠭᠦᠰᠪᠡ ᠃ ᠤᠯᠤᠰ ᠲᠠᠭᠠᠨ ᠪᠤᠴᠠᠵᠤ ᠢᠷᠡᠭᠰᠡᠨ  ᠤ ᠲᠠᠷᠠᠭ᠎ᠠ ᠬᠠᠭᠤᠷᠮᠠᠭ ᠮᠠᠨᠵᠤ ᠤᠯᠤᠰ ᠤᠨ ᠴᠡᠷᠢᠭ ᠦᠨ ᠶᠠᠪᠤᠳᠠᠯ ᠤᠨ ᠬᠡᠯᠲᠡᠰ ᠦᠨ ᠳᠠᠷᠤᠭ᠎ᠠ ᠶ᠋ᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠪᠥᠭᠡᠳ ᠬᠠᠭᠤᠷᠮᠠᠭ ᠬᠢᠩᠭᠠᠨ  ᠤ ᠬᠠᠭᠤᠷᠠᠶ ᠵᠠᠮ ᠤᠨ ᠸᠡᠷᠢᠭ ᠦᠨ ᠳᠠᠷᠤᠭ᠎ᠠ ᠶ᠋ᠢᠨ ᠰᠤᠷᠭᠠᠭᠤᠯᠢ ᠶᠢᠨ ᠪᠠᠶᠢᠯᠳᠤᠬᠤ ᠠᠷᠭ᠎ᠠ ᠶ᠋ᠢᠨ ᠰᠤᠷᠭᠠᠭᠴᠢ ᠂ ᠬᠠᠭᠤᠷᠮᠠᠭ ᠬᠢᠩᠭᠠᠨ ᠤ 9 ᠳ᠋ᠦᠭᠡᠷ ᠴᠡᠷᠢᠭ ᠦᠨ ᠵᠠᠬᠢᠷᠤᠯᠲᠠ ᠶ᠋ᠢᠨ ᠣᠷᠣᠨ ᠤ ᠬᠤᠷᠠᠩᠳᠠ ᠱᠲ᠋ᠠᠪ ᠤᠨ ᠳᠠᠷᠤᠭ᠎ᠠ ᠪᠠᠶᠢᠪᠠ ᠃
    1939 ᠣᠨ ( ᠢᠷᠭᠡᠨ ᠤᠯᠤᠰ ᠤᠨ 28 ᠳ᠋ᠤᠭᠠᠷ ᠣᠨ ) ᠂ ᠶᠠᠫᠣᠨ ᠴᠡᠷᠢᠭ ᠦᠨ ᠵᠥᠪᠯᠡᠯᠳᠣ ᠮᠣᠩᠭᠤᠯ ᠤᠨ ᠴᠡᠷᠢᠭ ᠢ ᠳᠠᠭᠠᠷᠢᠭᠰᠠᠨ ᠨᠣᠮᠣᠨ ᠬᠠᠨ ᠤ ᠳᠠᠶᠢᠯᠠᠯᠳᠤᠭᠠᠨ ᠡᠭᠦᠰᠴᠦ ᠂ ᠶᠠᠫᠤᠨᠴᠤᠳ ᠬᠢᠩᠭᠠᠨ ᠴᠡᠷᠢᠭ ᠢ ᠳᠠᠶᠢᠨ ᠳᠤ ᠲᠣᠮᠢᠯᠠᠨ ᠣᠷᠤᠯᠴᠠᠭᠤᠯᠪᠠ᠃ ᠡᠨᠡ ᠬᠦ ᠴᠡᠷᠢᠭ ᠠᠩᠭᠢ ᠶᠢᠨ ᠳᠣᠲᠣᠷᠠᠬᠢ ᠣᠯᠠᠩᠬᠢ ᠨᠢ ᠮᠣᠩᠭᠣᠯ ᠬᠥᠮᠦᠨ ᠪᠠᠶᠢᠪᠠ ᠃ ᠡᠨᠡ ᠬᠦ ᠪᠠᠶᠢᠳᠠᠯ ᠢ ᠦᠨᠳᠦᠰᠦᠯᠡᠨ ᠂ ᠠᠰᠬᠠᠨ ᠪᠠ ᠤᠶᠤᠨᠳᠠᠯᠠᠢ ᠵᠡᠷᠭᠡ ᠬᠥᠮᠦᠰ  ᠵᠥᠪᠯᠡᠯᠳᠦᠵᠦ ᠂ ᠶᠠᠫᠣᠨᠴᠤᠳ ᠲᠦ ᠲᠠᠯᠠᠭᠠᠷ ᠦᠷᠡᠭᠳᠡᠬᠦ ᠥᠭᠴᠦ ᠪᠣᠯᠬᠤ ᠦᠭᠡᠢ ᠭᠡᠵᠦ ᠲᠣᠭᠲᠠᠪᠠ ᠃  ᠳᠠᠷᠤᠭ᠎ᠠ ᠪᠠᠶᠢᠯᠳᠤᠭᠴᠢᠳ ᠲᠤ ᠠᠵᠢᠯ ᠬᠢᠵᠦ ᠂ ᠲᠡᠳᠡᠨ ᠢ ᠴᠠᠭ ᠤᠨ ᠪᠠᠶᠢᠳᠠᠯ ᠢ ᠲᠠᠨᠢᠵᠤ ᠂ ᠥᠪᠡᠷ ᠦᠨ ᠬᠦᠴᠦᠨ ᠢᠶ᠋ᠡᠨ ᠬᠠᠳᠠᠭᠠᠯᠠᠬᠤ ᠬᠡᠷᠡᠭᠲᠡᠶ ᠭᠡᠪᠡ ᠃ ᠦᠷ᠎ᠡ ᠳ᠋ᠦᠩ ᠳ᠋ᠦ ᠮᠠᠰᠢ ᠤᠯᠠᠨ ᠬᠥᠮᠦᠨ ᠡᠨᠡ ᠤᠳᠠᠭ᠎ᠠ ᠶ᠋ᠢᠨ ᠳᠠᠶᠢᠨ ᠳ᠋ᠤ ᠨᠠᠵᠠᠭᠠᠶ ᠪᠠᠷ ᠬᠠᠨᠳᠤᠵᠤ ᠂ ᠤᠯᠠᠨ ᠵᠦᠢᠯ ᠦᠨ ᠠᠷᠭ᠎ᠠ ᠬᠡᠯᠪᠡᠷᠢ ᠪᠡᠷ ᠳᠠᠶᠢᠨ  ᠤ ᠵᠢᠭᠰᠠᠭᠠᠯ  ᠡᠴᠠ ᠤᠬᠤᠷᠢᠪᠠ ᠂ ᠪᠠᠶᠢᠯᠳᠤᠭᠠᠨ ᠨᠢ ᠪᠦᠷᠢᠮᠦᠰᠦᠨ ᠢᠯᠠᠭᠳᠠᠵᠠᠶ ᠃ ᠶᠠᠫᠣᠨᠴᠤᠳ ᠲᠤᠶᠢᠯ ᠢᠶᠠᠷ ᠠᠭᠤᠷᠯᠠᠵᠤ ᠂ ᠵᠠᠷᠢᠮ ᠨᠢ ᠬᠢᠩᠭᠠᠨ ᠴᠡᠷᠢᠭ ᠢ ᠭᠦᠴᠦᠨ ᠢᠶᠡᠷ ᠣᠷᠣᠵᠤ ᠤᠰᠠᠳᠬᠠᠬᠤ ᠪᠠᠷ ᠵᠣᠷᠢᠵᠤ ᠪᠠᠶᠢᠯ᠎ᠠ᠃ ᠠᠰᠬᠠᠨ ᠪᠠ ᠳᠤᠭᠠᠷᠵᠠᠪ ( ᠥᠪᠥᠷ ᠮᠣᠩᠭᠤᠯ ᠤᠨ ᠡᠳ᠋ ᠦᠨ ᠵᠠᠰᠠᠭ ᠤᠨ ᠲᠢᠩᠬᠢᠮ ᠦᠨ ᠳᠠᠷᠤᠭ᠎ᠠ ᠪᠠᠶᠢᠵᠠᠶ ) ᠵᠠᠳᠠᠯᠵᠤ ᠰᠢᠨᠵᠢᠯᠡᠭᠡᠳ ᠦᠵᠡᠬᠦ ᠳᠡᠭᠡᠨ ᠂ ᠵᠠᠯᠠᠭᠤ ᠣᠹᠢᠽᠸᠷ ᠢ ᠪᠦᠯᠬᠦᠮᠳᠡᠬᠦ ᠬᠡᠷᠡᠭᠲᠡᠶ ᠂ ᠶᠠᠫᠣᠨ ᠬᠥᠮᠦᠨ ᠳ᠋ᠤ ᠬᠦᠴᠦᠨ ᠦᠭᠡᠢ ᠪᠣᠯᠭᠠᠬᠤ ᠰᠢᠯᠲᠠᠭ ᠪᠣᠯᠭᠠᠵᠤ ᠥᠭᠬᠦ ᠦᠭᠡᠶ ᠂ ᠬᠦᠴᠦ ᠪᠡᠨ ᠬᠠᠳᠠᠭᠠᠯᠠᠵᠤ ᠭᠠᠷ ᠬᠣᠭᠣᠰᠣᠨ ᠪᠠᠶᠢᠵᠦ ᠪᠣᠯᠬᠤ ᠦᠭᠡᠢ᠃ ᠶᠠᠫᠣᠨ ᠬᠥᠮᠦᠨ ᠬᠢᠩᠭᠠᠨ ᠴᠡᠷᠢᠭ ᠢ ᠲᠣᠮᠢᠯᠠᠵᠤ ᠨᠠᠢᠮᠠᠳᠤᠭᠠᠷ ᠵᠠᠮ ᠤᠨ ᠴᠡᠷᠢᠭ ᠢ ᠴᠣᠬᠢᠭᠤᠯᠪᠠ᠃ ᠬᠢᠩᠭᠠᠨ ᠴᠡᠷᠢᠭᠡᠴᠡ ᠪᠦᠷᠢᠯᠳᠦᠭᠰᠡᠨ ᠨᠢᠭᠡ ᠰᠠᠯᠠᠭ᠎ᠠ 《 ᠲᠡᠮᠦᠷ ᠴᠢᠰᠤᠲᠤ ᠴᠡᠷᠢᠭ ᠠᠩᠭᠢ 》 ᠭᠡᠵᠦ ᠡᠭᠦᠰᠴᠦ ᠰᠡᠭᠦᠯᠡᠷ ᠨᠢ ᠲᠦᠩᠯᠢᠶᠣᠤ ᠬᠦᠷᠬᠦ ᠦᠶ᠎ᠡ  ᠳ᠋ᠦ ᠂ ᠸᠠᠩᠳᠠᠨ( ᠬᠣᠵᠢᠮ ᠨᠢ ᠥᠪᠥᠷ ᠮᠣᠩᠭᠤᠯ ᠤᠨ ᠲᠠᠷᠢᠶᠠᠯᠠᠩ ᠮᠠᠯᠵᠢᠯ ᠤᠨ ᠲᠠᠯᠠᠪᠠᠢ ᠶ᠋ᠢᠨ ᠬᠠᠮᠢᠶᠠᠷᠤᠯᠲᠠ ᠶ᠋ᠢᠨ ᠲᠣᠪᠴᠢᠶᠠᠨ ᠤ ᠳᠡᠳ᠋ ᠳᠠᠷᠤᠭ᠎ᠠ ) ᠂ ᠬᠠᠹᠦᠩᠭ᠎ᠠ ᠂ ᠠᠰᠬᠠᠨ ᠤ ᠨᠠᠶᠢᠳᠠᠯᠭ᠎ᠠ ᠪᠠᠷ ᠨᠠᠶᠢᠳᠠᠵᠤ ᠂ ᠬᠡᠰᠡᠭ ᠵᠠᠯᠠᠭᠤ ᠣᠹᠢᠽᠸᠸᠷ ᠤᠨ ᠬᠤᠷᠠᠯ ᠬᠢᠵᠦ ᠂ ᠡᠭᠦᠨ  ᠤ ᠵᠣᠷᠢᠯᠭ᠎ᠠ ᠨᠢ ᠮᠣᠩᠭᠣᠯ ᠪᠠᠶᠢᠯᠳᠤᠭᠴᠢᠳ ᠶᠠᠫᠣᠨᠴᠤᠳ  ᠡᠴᠡ ᠵᠠᠶᠢᠯᠠᠰᠬᠢᠵᠦ ᠂ ᠳᠠᠬᠢᠨ ᠨᠠᠢᠮᠠᠳᠤᠭᠠᠷ ᠵᠠᠮ ᠤᠨ ᠴᠡᠷᠢᠭ ᠳ᠋ᠤ ᠶᠠᠪᠤᠳᠠᠯ ᠢ ᠣᠶᠢᠯᠠᠭᠠᠭᠤᠯᠵᠤ ᠪᠣᠯᠬᠤ ᠶᠤᠮ ᠃ ᠰᠡᠭᠦᠯᠡᠷ ᠦᠨ ᠦᠷ᠎ᠡ ᠳ᠋ᠦᠩ ᠭᠡᠪᠡᠯ ᠄ ᠬᠣᠶᠠᠷ ᠲᠠᠯ᠎ᠠ ᠪᠠᠷ ᠢᠶ᠋ᠡᠨ ᠦᠨᠡᠬᠡᠷ ᠴᠣᠬᠢᠯᠲᠠ ᠬᠢᠬᠦ ᠦᠭᠡᠢ ᠂ 《 ᠲᠡᠮᠦᠷ ᠴᠢᠰᠤᠲᠤ ᠴᠡᠷᠢᠭ ᠠᠩᠬᠢ 》  ᠶ᠋ᠢᠨ ᠠᠵᠢᠯᠯᠠᠭ᠎ᠠ ᠪᠠᠶᠢᠬᠤ ᠦᠢ᠎ᠡ  ᠳ᠋ᠦ ᠤᠷᠢᠳᠠᠪᠠᠷ ᠨᠠᠢᠮᠠᠳᠤᠭᠠᠷ ᠵᠠᠮ ᠤᠨ ᠴᠡᠷᠢᠭ ᠮᠡᠳᠡᠭᠡ ᠬᠣᠯᠪᠣᠭ᠎ᠠ ᠂ ᠨᠠᠢᠮᠠᠳᠤᠭᠠᠷ ᠵᠠᠮ ᠤᠨ ᠴᠡᠷᠢᠭ ᠲᠡᠳᠡᠨ ᠳ᠋ᠤ ᠠᠮᠤ ᠬᠦᠨᠡᠰᠦ ᠬᠠᠩᠭᠠᠵᠤ ᠂ ᠪᠠᠶᠢᠯᠳᠤᠭᠠᠨ ᠤ ᠳᠤᠮᠳᠠ 《 ᠲᠡᠮᠦᠷ ᠴᠢᠰᠤᠲᠤ ᠴᠡᠷᠢᠭ 》 ᠬᠦᠨᠳᠦ ᠵᠡᠪᠰᠡᠭ  ᠢ ᠨᠠᠢᠮᠠᠳᠤᠭᠠᠷ ᠵᠠᠮ ᠤᠨ ᠴᠡᠷᠢᠭ ᠲᠦ ᠬᠦᠷᠭᠡᠵᠦ ᠂ ᠨᠠᠢᠮᠠᠳᠤᠭᠠᠷ ᠵᠠᠮ ᠤᠨ ᠴᠡᠷᠢᠭ ᠪᠣᠯ ᠦᠯᠡᠳᠡᠭᠡᠭᠰᠡᠨ ᠬᠠᠶᠠᠭᠳᠠᠮᠠᠯ ᠬᠠᠭᠤᠴᠢᠨ ᠫᠤᠤ ᠵᠡᠪᠰᠡᠭ ᠢ ᠦᠯᠡᠳᠡᠭᠡᠵᠦ《 ᠣᠯᠵᠠ 》 ᠪᠤᠯᠭᠠᠳᠠᠭ᠃
     ᠠᠰᠬᠠᠨ ᠠᠯᠢᠪᠠ ᠲᠣᠬᠢᠶᠠᠯ ᠢ ᠠᠰᠢᠭᠯᠠᠨ ᠶᠡᠫᠤᠨ ᠢ ᠡᠰᠡᠷᠭᠦᠴᠡᠵᠦ ᠂ ᠣᠯᠠᠨ ᠵᠦᠢᠯ ᠦᠨ ᠠᠷᠭ᠎ᠠ ᠬᠡᠯᠪᠡᠷᠢ ᠪᠡᠷ ᠦᠨᠳᠦᠰᠦᠲᠡᠨ  ᠤ ᠴᠢᠯᠦᠭᠡᠯᠡᠯᠲᠡ ᠶ᠋ᠢᠨ ᠦᠢᠯᠡᠰ ᠦᠨ ᠲᠥᠯᠥᠭᠡ ᠶᠡᠬᠡ ᠬᠡᠮᠵᠢᠶᠡᠨ  ᠤ ᠬᠠᠲᠠᠭᠤᠵᠢᠯᠲᠠᠶ ᠨᠠᠷᠢᠨ ᠨᠢᠮᠪᠠᠶ ᠠᠵᠢᠯ ᠬᠢᠭᠰᠡᠨ ᠪᠠᠶᠢᠨ᠎ᠠ ᠃ ᠲᠡᠷᠡ ᠥᠪᠡᠷ ᠦᠨ ᠪᠡᠶ᠎ᠡ  ᠢᠶ᠋ᠡᠷ ᠢᠶ᠋ᠡᠨ ᠳᠠᠮᠵᠢᠭᠤᠯᠵᠤ ᠶᠠᠫᠣᠨ ᠴᠡᠷᠢᠭ ᠦᠨ ᠲᠣᠲᠤᠷᠠᠬᠢ ᠮᠣᠩᠭᠣᠯ ᠣᠹᠢᠽᠸᠷ ᠢ ᠰᠤᠷᠭᠠᠨ ᠬᠥᠮᠦᠵᠢᠭᠦᠯᠬᠦ ᠂ ᠲᠡᠳᠡᠨ ᠢ ᠪᠠᠶᠢᠳᠠᠯ ᠤᠨ ᠲᠤᠬᠠᠶ ᠰᠡᠷᠭᠡᠭ ᠲᠠᠨᠢᠯᠲᠠ ᠲᠠᠢ ᠪᠤᠯᠭᠠᠵᠤ ᠂ ᠶᠠᠫᠣᠨ ᠳᠡᠭᠡᠷᠡᠮ ᠦᠨ ᠮᠣᠩᠭᠤᠯ ᠬᠥᠮᠦᠨ ᠢᠶ᠋ᠡᠷ ᠮᠣᠩᠭᠤᠯ ᠬᠥᠮᠦᠨ ᠢ ᠴᠣᠬᠢᠭᠤᠯᠬᠤ ᠭᠡᠰᠡᠨ ᠮᠡᠬᠡᠨ ᠳ᠋ᠦ ᠤᠨᠠᠭᠠᠬᠤ ᠦᠭᠡᠢ ᠭᠡᠪᠡ᠃ ᠡᠨᠡ ᠬᠦ ᠬᠠᠭᠤᠷᠮᠠᠭ ᠬᠢᠩᠭᠠᠨ ᠴᠡᠷᠢᠭ ᠦᠨ ᠳᠠᠷᠤᠭ᠎ᠠ ᠶ᠋ᠢᠨ ᠰᠤᠷᠭᠠᠭᠤᠯᠢ ᠶ᠋ᠢᠨ ᠰᠤᠷᠭᠠᠭᠴᠢ ᠶ᠋ᠢᠨ ᠬᠣᠶᠠᠷ ᠵᠢᠯ ᠦᠨ ᠬᠤᠭᠤᠴᠠᠭᠠᠨ  ᠳ᠋ᠦ ᠲᠤᠰᠢᠶᠠᠯ  ᠬᠠᠷᠢᠭᠤᠴᠠᠵᠤ ᠂ ᠲᠡᠷᠡ ᠰᠤᠷᠤᠭᠴᠢᠳ ᠲᠤ ᠮᠣᠩᠭᠤᠯᠴᠤᠳ ᠤᠨ ᠲᠡᠦᠬᠡ ᠂ ᠳᠡᠯᠡᠬᠡᠢ ᠶ᠋ᠢᠨ ᠪᠠᠶᠢᠳᠠᠯ ᠢ ᠶᠠᠷᠢᠵᠤ ᠂ ᠦᠨᠳᠦᠰᠦᠲᠡᠨ  ᠤ ᠴᠢᠯᠦᠭᠡᠯᠡᠯᠲᠡ ᠶ᠋ᠢ ᠲᠡᠮᠡᠴᠡᠨ ᠤᠯᠬᠤ ᠦᠵᠡᠯ ᠤᠬᠠᠮᠰᠠᠷ ᠢ ᠬᠥᠮᠦᠵᠢᠭᠦᠯᠵᠦ ᠂ ᠳᠠᠪᠰᠢᠩᠭᠤᠶ ᠵᠠᠯᠠᠭᠤ ᠴᠡᠷᠢᠭ ᠦᠨ ᠳᠠᠷᠤᠭ᠎ᠠ ᠨᠠᠷ ᠰᠡᠭᠦᠯᠡᠷ ᠤᠨ ᠶᠠᠫᠤᠨ ᠢᠡᠰᠡᠷᠭᠦᠴᠡᠬᠦ ᠲᠡᠮᠡᠴᠡᠯ ᠂ ᠦᠨᠳᠦᠰᠦᠲᠡᠨ ᠤ ᠵᠡᠪᠰᠡᠭᠲᠦ ᠬᠦᠴᠦᠨ ᠢᠡᠵᠡᠮᠰᠢᠬᠦ ᠲᠠᠯ᠎ᠠ ᠪᠠᠷ ᠢᠳᠡᠪᠬᠢᠲᠡᠶ ᠦᠢᠯᠡᠳᠦᠯ ᠭᠠᠷᠭᠠᠪᠠ ᠃ ᠡᠭᠦᠨ ᠡᠴᠡ ᠭᠠᠳᠠᠨ᠎ᠠ ᠬᠠᠭᠤᠷᠮᠠᠭ ᠴᠡᠷᠢᠭ ᠦᠨ ᠲᠤᠰᠢᠶᠠᠯ ᠢᠶᠠᠨ ᠠᠰᠢᠭᠯᠠᠵᠦ ᠪᠠᠰᠠ ᠮᠦᠭᠳᠡᠨ ᠂ ᠴᠢᠶᠠᠨ ᠵᠢᠶᠠ ᠳ᠋ᠢᠶᠠᠨ ᠂ ᠵᠧᠩ ᠵᠢᠶᠠ ᠳᠦᠨ ᠂ ᠸᠠᠩ ᠤᠨ ᠰᠦᠮ᠎ᠡ ᠂ ᠲᠦᠩᠯᠢᠶᠣᠤ ᠂ ᠴᠠᠩᠴᠦ᠋ᠨ ᠵᠡᠷᠭᠡ ᠭᠠᠵᠠᠷ ᠤᠨ ᠬᠠᠭᠤᠷᠮᠠᠭ ᠴᠡᠷᠢᠭ ᠤᠨ ᠲᠣᠳᠤᠷᠠᠬᠢ ᠮᠣᠩᠭᠤᠯᠴᠤᠳ  ᠲᠠᠢ ᠥᠷᠭᠡᠨ ᠳᠡᠯᠭᠡᠷ ᠬᠠᠷᠢᠯᠴᠠᠭ᠎ᠠ ᠪᠠᠶᠢᠭᠤᠯᠬᠤ ᠶ᠋ᠢᠠᠯᠬᠤᠮ ᠠᠯᠬᠤᠮ ᠢᠶᠠᠷ ᠪᠡᠶᠡᠯᠡᠭᠦᠯᠦᠭᠰᠡᠨ ᠪᠠᠶᠢᠨ᠎ᠠ ᠃ ᠲᠡᠷᠡ ᠮᠣᠩᠭᠣᠯ ᠦᠨᠳᠦᠰᠦᠲᠡᠨ  ᠤ ᠣᠯᠠᠨ ᠲᠦᠮᠡᠨ  ᠤ ᠳᠣᠲᠣᠷ᠎ᠠ ᠭᠠᠳᠠᠨ᠎ᠠ ᠨᠡᠯᠢᠶᠡᠳ ᠶᠡᠬᠡ ᠨᠡᠷ᠎ᠡ ᠬᠦᠨᠳᠦ ᠲᠡᠶ ᠃ ᠶᠠᠫᠣᠨ ᠪᠠᠭᠤᠵᠤ ᠥᠭᠭᠦᠭᠰᠡᠨ  ᠤ ᠳᠠᠷᠠᠭ᠎ᠠ ᠂ ᠭᠣᠮᠢᠨᠳᠠᠩ ᠵᠡᠭᠦᠨ ᠮᠣᠩᠭᠣᠯ  ᠳ᠋ᠤ ᠬᠦᠯ ᠲᠣᠭᠲᠠᠵᠤ ᠴᠢᠳᠠᠬᠤ ᠶ᠋ᠢᠨ ᠲᠥᠯᠦᠭᠡ᠂ ᠮᠣᠩᠭᠣᠯ ᠦᠨᠳᠦᠰᠦᠲᠡᠨ ᠤ ᠳᠤᠮᠳᠠ ᠤᠷᠢᠶᠠᠯᠠᠬᠤ ᠬᠦᠴᠦᠨ ᠲᠠᠢ ᠬᠥᠮᠦᠨ ᠢ ᠶᠠᠭᠠᠷᠠᠵᠤ ᠡᠷᠢᠭᠰᠡᠨ ᠪᠠᠶᠢᠨ᠎ᠠ ᠃ ᠬᠠᠹᠦᠩᠭ᠎ᠠ ᠂ ᠠᠰᠬᠠᠨ ᠵᠡᠷᠭᠡ ᠬᠥᠮᠦᠰ ᠨᠢ ᠲᠡᠳᠡᠨ ᠳ᠋ᠤ ᠭᠤᠷᠪᠠᠨ ᠤᠯᠤᠰ ᠤᠨ ᠳᠣᠲᠣᠷᠠᠬᠢ ᠡᠷᠡᠯᠬᠡᠭ ᠪᠠᠭᠠᠲᠤᠷᠴᠤᠳ ᠲᠠᠢ ᠠᠳᠠᠯᠢ ᠬᠡᠮᠡᠨ ᠵᠦᠢᠷᠯᠡᠭᠳᠡᠭᠰᠡᠨ ᠪᠠᠶᠢᠨ᠎ᠠ ᠂《 ᠲᠡᠳᠡᠨᠤᠰ ‍ᠤᠨ ᠲᠣᠲᠤᠷᠠᠬᠢ ᠨᠢᠭᠡ ᠬᠥᠮᠦᠨ ᠢ ᠣᠯᠪᠠᠯ ᠵᠡᠭᠦᠨ ᠮᠣᠩᠭᠤᠯ ᠢ ᠣᠯᠵᠤ ᠪᠣᠯᠤᠨ᠎ᠠ》 ᠭᠡᠵᠦ ᠦᠵᠡᠭᠰᠡᠨ ᠪᠠᠶᠢᠨ᠎ᠠ ᠃ ᠬᠡᠯᠡᠯᠭᠡᠨ ᠦᠭᠡᠢ ᠡᠨᠡ ᠦᠶᠡᠰ ᠠᠰᠬᠠᠨ ᠠᠯᠢ ᠡᠷᠲᠡ ᠬᠤᠪᠢᠰᠬᠠᠯᠲᠤ ᠵᠣᠷᠢᠭ ᠨᠢ ᠡᠷᠡᠰ ᠪᠠᠲᠤ ᠪᠠᠶᠢᠵᠤ ᠂ ᠡᠳ᠋ ᠮᠥᠩᠭᠦ ᠡᠷᠬᠢᠮ ᠵᠡᠷᠭᠡ ᠳ᠋ᠦ ᠰᠢᠨᠤᠬᠤ ᠦᠭᠡᠢ ᠨᠢ ᠯᠠᠪᠲᠠᠢ ᠶᠤᠮ᠃
    1945 ᠣᠨ  ( ᠢᠷᠭᠡᠨ ᠤᠯᠤᠰ ᠤᠨ34 ᠣᠨ ) ᠂ ᠠᠰᠬᠠᠨ ᠵᠡᠭᠦᠨ ᠮᠣᠩᠭᠤᠯ ᠤᠨ ᠤᠯᠤᠰ ᠲᠥᠷᠦ ᠶ᠋ᠢᠨ ᠲᠥᠪ ᠸᠠᠩ ᠤᠨ ᠰᠦᠮ᠎ᠡ ( ᠣᠳᠣ ᠶ᠋ᠢᠨ ᠤᠯᠠᠭᠠᠨᠬᠣᠲᠠ ) ᠳᠤ ᠢᠷᠡᠵᠦ ᠂ ᠲᠡᠭᠦᠨ  ᠤ ᠨᠡᠷ᠎ᠡ ᠬᠦᠨᠳᠦ ᠪᠠ ᠰᠥᠰᠥ ᠵᠣᠷᠢᠭ ᠢᠶᠠᠷ ᠢᠶᠡᠨ ᠸᠠᠩ ᠤᠨ ᠰᠥᠮ᠎ᠡ ᠶ᠋ᠢᠨ ᠠᠷᠠᠳ ᠤᠨ ᠴᠠᠭᠳᠠᠭ᠎ᠠ ᠶ᠋ᠢᠨ ᠶᠡᠬᠡ ᠠᠩᠭᠢ ᠂ ᠵᠠᠮ ᠬᠠᠮᠠᠭᠠᠯᠠᠬᠤ ᠶᠡᠬᠡ ᠠᠨᠭᠭᠢ ᠂ ᠳᠣᠲᠤᠭᠠᠳᠦ ᠰᠡᠷᠭᠡᠶᠢᠯᠡᠬᠦ ᠶᠡᠷᠦᠩᠬᠡᠶ ᠠᠩᠭᠢ ᠵᠡᠷᠭᠡ ᠲᠠᠷᠠᠬᠠᠶ ᠪᠤᠲᠠᠷᠬᠠᠶ ᠬᠦᠴᠦᠨ ᠢᠶ᠋ᠡᠨ ᠪᠤᠰᠢᠭᠤ ᠲᠦᠷᠭᠡᠨ ᠢᠶᠡᠷ ᠨᠢᠭᠡᠳᠬᠡᠭᠰᠡᠨ ᠪᠠᠶᠢᠨ᠎ᠠ᠃ ᠤᠳᠠᠯ ᠦᠭᠡᠢ ᠲᠦᠴᠢᠦᠸᠠᠨ ᠰᠢᠶᠠᠨ ᠤ ᠤᠷᠪᠠᠯᠭᠠᠨ ᠳᠡᠭᠳᠡᠭᠡᠭᠰᠡᠨ ᠭᠤᠮᠢᠨᠳᠠᠩ ᠤᠨ ᠴᠡᠷᠢᠭ ᠢ ᠤᠰᠠᠳᠬᠠᠭᠰᠠᠨ ᠪᠠᠶᠢᠨ᠎ᠠ ᠂ ᠵᠥᠪᠬᠡᠨ 2 ᠰᠤᠮᠤᠨ ᠋ ᠤ ᠴᠡᠷᠢᠭ ᠦᠨ ᠬᠦᠴᠦᠨ ᠢᠶ᠋ᠡᠷ ᠭᠣᠮᠢᠨᠳᠠᠩ ᠤᠨ ᠮᠠ ᠬᠠᠢ ᠴᠸᠤᠸᠠᠨ ᠤ ᠪᠦᠯᠦᠭ ᠦᠨ ᠮᠢᠩᠭ᠎ᠠ ᠭᠠᠷᠤᠶ ᠬᠥᠮᠦᠨ ᠢ ᠤᠰᠠᠳᠬᠠᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠮᠢᠯᠠᠨ ᠢᠷᠡᠭᠦᠯᠦᠭᠰᠡᠨ ᠪᠢᠩ ᠴᠢᠤᠸᠠᠨ ᠵᠡᠷᠭᠡ ᠬᠥᠮᠦᠰ ᠢ ᠠᠪᠤᠷᠠᠭᠰᠠᠨ ᠪᠠᠶᠢᠨ᠎ᠠ᠃
    ᠡᠨᠡ ᠬᠦ ᠬᠤᠭᠤᠴᠠᠭᠠᠨ  ᠳ᠋ᠤ ᠂ ᠭᠤᠮᠢᠨᠳᠠᠩ ᠤᠨ ᠶᠠᠭᠠᠷᠠᠵᠤ ᠨᠥᠯᠥᠭᠡ ᠪᠡᠨ ᠥᠷᠭᠡᠳᠬᠡᠬᠦ ᠂ ᠨᠤᠲᠤᠭ ᠤᠰᠤ ᠪᠤᠯᠢᠶᠠᠯᠳᠤᠬᠤ ᠂ ᠵᠡᠪᠰᠡᠭᠲᠦ ᠬᠦᠴᠦᠨ ᠢ ᠪᠤᠯᠢᠶᠠᠯᠳᠤᠬᠤ ᠨᠢ ᠵᠠᠩᠭᠢᠯᠠᠭ᠎ᠠ ᠶᠢᠨ ᠨᠢᠭᠡ ᠪᠣᠯᠤᠨ᠎ᠠ ᠃ ᠡᠨᠡ ᠪᠠᠶᠢᠳᠠᠯ ᠳ᠋ᠦ ᠠᠰᠬᠠᠨ︽ ᠶᠡᠬᠡ ᠬᠦᠴᠦᠨ ᠢᠶᠡᠷ ᠣᠷᠤᠭᠤᠯᠵᠦ ᠂ ᠠᠯᠭᠤᠷ ᠰᠢᠩᠭᠡᠭᠡᠬᠦ︾ ᠪᠣᠳᠤᠯᠭ᠎ᠠ ᠶ᠋ᠢ ᠳᠤᠷᠠᠳᠴᠤ ᠂ ᠬᠤᠪᠢᠰᠬᠠᠯ ᠤᠨ ᠬᠦᠴᠦᠨ ᠢ ᠦᠳᠲᠡᠷ ᠲᠦᠷᠭᠡᠨ ᠥᠷᠭᠡᠳᠬᠡᠭᠰᠡᠨ ᠪᠠᠶᠢᠨ᠎ᠠ ᠃ ᠲᠡᠷᠡ ᠵᠢᠷᠢᠮ ᠠᠶᠢᠮᠠᠭ ᠲᠦ ᠬᠦᠷᠦᠭᠰᠡᠨ ᠦ ᠳᠠᠷᠠᠭ᠎ᠠ ᠭᠤᠷᠪᠠᠨ ᠬᠣᠰᠢᠭᠤᠨ  ᠤ ᠬᠤᠰᠢᠭᠤᠨ ᠳᠠᠷᠤᠭ᠎ᠠ ᠶᠢᠨ ᠬᠤᠷᠠᠯ ᠬᠤᠷᠠᠯᠳᠤᠭᠤᠯᠵᠤ ᠂ ᠬᠣᠰᠢᠭᠤ ᠪᠦᠷᠢ  ᠳ᠋ᠤ ᠨᠢᠭᠡ ᠳᠤᠮᠳᠠ ᠠᠩᠭᠢ ᠵᠣᠬᠢᠶᠠᠨ ᠪᠠᠶᠢᠭᠤᠯᠵᠤ ᠂ ᠰᠡᠷᠭᠡᠶᠢᠯᠡᠨ ᠬᠠᠮᠠᠭᠠᠯᠠᠬᠤ ᠴᠡᠷᠢᠭ ᠦᠨ ᠶᠡᠬᠡ ᠠᠩᠭᠢ ᠲᠣᠭᠲᠠᠭᠠᠵᠦ᠂ ᠳᠠᠷᠠᠭ᠎ᠠ ᠨᠢ ᠮᠣᠷᠢᠲᠤ ᠴᠡᠷᠢᠭ ᠦᠨ ᠬᠣᠶᠠᠳᠤᠭᠠᠷ ᠳ᠋ᠢᠸᠢᠽᠢ ᠪᠣᠯᠭᠠᠨ ᠴᠡᠭᠴᠡᠯᠡᠨ ᠪᠠᠶᠢᠭᠤᠯᠤᠭᠰᠠᠨ ᠪᠠᠶᠢᠨ᠎ᠠ ᠃ ᠡᠭᠦᠨ ᠡᠴᠡ ᠬᠣᠶᠢᠰᠢ ᠸᠠᠩ ᠤᠨ ᠰᠦᠮ᠎ᠡ ᠶᠢᠨ ᠮᠣᠷᠢᠲᠤ ᠴᠡᠷᠢᠭ ᠢ ᠨᠢᠭᠡᠳᠦᠭᠡᠷ ᠳ᠋ᠢᠸᠢᠽᠢ ᠪᠣᠯᠭᠠᠨ ᠂ ᠵᠣᠰᠣᠲᠤ ᠠᠶᠢᠮᠠᠭ ᠤᠨ ᠬᠢ ᠭᠤᠷᠪᠠᠳᠤᠭᠠᠷ ᠳ᠋ᠢᠸᠢᠽᠢ ᠭᠡᠵᠦ ᠂ ᠵᠣᠣ ᠤᠳᠠ ᠠᠶᠢᠮᠠᠭ ᠤᠨ ᠬᠢ ᠳᠥᠷᠪᠡᠳᠦᠭᠡᠷ ᠳ᠋ᠢᠸᠢᠽᠢ ᠪᠣᠯᠭᠠᠵᠤ ᠂ ᠨᠠᠤᠨ ᠮᠦᠷᠡᠨ ᠠᠶᠢᠮᠠᠭ ᠤᠨ ᠬᠢ ᠶᠢ ᠲᠠᠪᠤᠳᠤᠭᠠᠷ ᠳ᠋ᠢᠸᠢᠽᠢ ᠪᠣᠯᠭᠠᠵᠡᠢ᠃ ᠡᠨᠡ ᠪᠣᠯ ᠳᠠᠷᠤᠶ ᠥᠪᠥᠷ ᠮᠣᠩᠭᠤᠯ ᠤᠨ ᠴᠢᠯᠥᠭᠡᠯᠡᠬᠦ ᠴᠡᠷᠢᠭ ᠦᠨ ᠪᠣᠷᠣ ᠲᠥᠯᠥᠪ ᠪᠥᠷᠢᠯᠳᠦᠭᠰᠡᠨ ᠪᠣᠯᠤᠨ᠎ᠠ ᠃
    ᠡᠨᠡ ᠬᠦ ᠶᠠᠪᠤᠴᠠ  ᠳ᠋ᠦ ᠂ ᠠᠰᠬᠠᠨ ᠪᠠ ᠨᠠᠢᠮᠠᠳᠤᠭᠠᠷ ᠵᠠᠮ ᠤᠨ ᠴᠡᠷᠢᠭ ᠲᠠᠢ ᠣᠯᠠᠨᠲᠠ ᠶᠠᠪᠤᠯᠴᠠᠵᠤ ᠂ ᠮᠠᠰᠢ ᠰᠠᠢᠢᠨ ᠬᠠᠷᠢᠴᠠᠭ᠎ᠠ ᠲᠠᠶ ᠪᠣᠯᠤᠭᠰᠠᠨ ᠪᠠᠶᠢᠨ᠎ᠠ ᠃ 1946 ᠣᠨ  ᠤ( ᠢᠷᠭᠡᠨ ᠤᠯᠤᠰ ᠤᠨ35 ᠣᠨ ) 1 ᠳ᠋ᠦᠭᠡᠷ ᠰᠠᠷ᠎ᠠ  ᠳ᠋ᠤ ᠂ ᠠᠰᠬᠠᠨ ᠤᠷᠢᠯᠭ᠎ᠠ ᠪᠠᠷ ᠪᠠᠷᠠᠭᠤᠨ ᠮᠠᠨᠵᠤ ᠶ᠋ᠢᠨ ᠴᠡᠷᠢᠭ ᠦᠨ ᠲᠣᠭᠤᠷᠢᠭ ᠤᠨ ᠰᠧᠯᠢᠩ ᠯᠢᠦᠶ ᠵᠧᠩ ᠼᠤᠤ ᠂ ᠤᠯᠤᠰ ᠲᠥᠷᠦ ᠶ᠋ᠢᠨ ᠭᠡᠰᠢᠭᠦᠨ ᠯᠢ ᠹᠦ᠋ ᠴᠦᠨ ᠤ ᠰᠠᠭᠤᠭᠰᠠᠨ ᠭᠠᠵᠠᠷ ( ᠵᠧᠩ ᠵᠢᠶᠠ ᠳᠦᠨ ) ᠬᠦᠷᠴᠦ ᠪᠠᠷᠠᠭᠤᠨ ᠮᠠᠨᠵᠤ ᠬᠢᠭᠡᠳ ᠵᠡᠭᠦᠨ ᠮᠣᠩᠭᠤᠯ ᠤᠨ ᠴᠡᠷᠢᠭ ᠵᠠᠰᠠᠭ ᠤᠨ ᠠᠵᠢᠯ ᠢ ᠬᠠᠷᠢᠯᠴᠠᠨ ᠬᠠᠮᠵᠢᠯᠴᠠᠬᠤ ᠠᠰᠠᠭᠤᠳᠠᠯ ᠤᠨ ᠲᠤᠬᠠᠶ ᠬᠡᠯᠡᠯᠴᠡᠭᠡᠷ ᠲᠣᠬᠢᠷᠠᠯᠴᠠᠭᠰᠠᠨ ᠪᠠᠶᠢᠨ᠎ᠠ ᠂ ᠡᠭᠦᠨ ᠢ ᠲᠡᠦᠬᠡᠨ  ᠳ᠋ᠦ《 ᠯᠢᠦᠶ ᠠ ᠶ᠋ᠢᠨ ᠬᠡᠯᠡᠯᠴᠡᠭᠡᠷ 》 ᠭᠡᠳᠡᠭ ᠃ ᠭᠣᠣᠯ ᠠᠭᠤᠯᠭ᠎ᠠ ᠨᠢ ᠮᠣᠩᠭᠣᠯ ᠬᠢᠲᠠᠳ ᠴᠡᠷᠢᠭ ᠬᠠᠮᠲᠤᠷᠠᠵᠤ ᠂ ᠳᠡᠭᠡᠷᠡᠮ ᠢ ᠤᠰᠠᠳᠬᠠᠬᠤ ᠂ ᠬᠣᠰᠢᠭᠤ ᠰᠢᠶᠠᠨ ᠬᠤᠪᠢᠶᠠᠨ ᠵᠠᠰᠠᠬᠤ ᠪᠠ ᠴᠢᠯᠥᠭᠡᠯᠡᠬᠦ ᠴᠡᠷᠢᠭ ᠮᠣᠩᠭᠣᠯ ᠭᠠᠵᠠᠷ ᠣᠷᠣᠨ ᠳ᠋ᠦ ᠶᠠᠭᠠᠬᠢᠭᠰᠠᠨ ᠴᠤ ᠮᠣᠩᠭᠣᠯ ᠠᠷᠠᠳ ᠤᠨ ᠠᠰᠢᠭ ᠲᠤᠰᠠ ᠳ᠋ᠤ ᠬᠠᠯᠳᠠᠵᠤ ᠪᠣᠯᠬᠤ ᠦᠭᠡᠢ ᠵᠡᠷᠭᠡ ᠪᠣᠢ ᠃ ᠲᠤᠰ ᠰᠠᠷ᠎ᠠ  ᠳ᠋ᠤ ᠂ ᠵᠡᠭᠦᠨ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠭᠡᠭᠡᠨ ᠰᠦᠮ᠎ᠡ  ᠳ᠋ᠤ ᠪᠠᠶᠢᠭᠤᠯᠤᠭᠳᠠᠵᠤ ᠂ ᠵᠡᠭᠦᠨ ᠮᠣᠩᠭᠤᠯ ᠤᠨ 36 ᠬᠣᠰᠢᠭᠤᠨ  ᠤ ᠲᠥᠯᠥᠭᠡᠯᠡᠭᠴᠢ 200 ᠭᠠᠷᠤᠶ ᠬᠦᠢᠮᠣᠠ ᠬᠤᠷᠠᠯ  ᠳ᠋ᠤ ᠣᠷᠤᠯᠴᠠᠵᠦ ᠂ ᠪᠤᠶᠠᠨᠮᠠᠨᠳᠤᠬᠤ ᠲᠡᠷᠢᠭᠦᠯᠡᠭᠴᠢ ᠂ ᠬᠠᠹᠦᠩᠭ᠎ᠠ ᠨᠠᠷᠢᠨ ᠪᠢᠴᠢᠭ ᠦᠨ ᠳᠠᠷᠤᠭ᠎ᠠ ᠂ ᠠᠰᠬᠠᠨ ᠲᠣᠲᠤᠭᠠᠳᠦ ᠰᠡᠷᠭᠡᠶᠢᠯᠡᠬᠦ ᠬᠡᠯᠲᠡᠰ ᠦᠨ ᠳᠠᠷᠤᠭ᠎ᠠ ᠂ ᠵᠠᠩ ᠽᠸ ᠶᠢ ᠤᠯᠤᠰ ᠲᠥᠷᠦ ᠶ᠋ᠢᠨ ᠭᠡᠰᠢᠭᠦᠨ ᠪᠣᠯᠭᠠᠭᠰᠠᠨ ᠪᠠᠶᠢᠨ᠎ᠠ ᠃ ᠰᠡᠭᠦᠯᠡᠷ ᠨᠢ ᠵᠡᠭᠦᠨ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠴᠡᠷᠢᠭ ᠢ ᠵᠣᠬᠢᠶᠠᠨ ᠪᠠᠶᠢᠭᠤᠯᠵᠦ ᠠᠰᠬᠠᠨ ᠰᠸᠯᠢᠩ ᠦᠨ ᠲᠤᠰᠢᠶᠠᠯ ᠢ ᠬᠠᠷᠢᠭᠤᠴᠠᠵᠤ ᠂ ᠳᠠᠷᠠᠭ᠎ᠠ ᠪᠠᠷ ᠪᠠᠰᠠ ᠵᠡᠭᠦᠨ ᠮᠣᠩᠭᠤᠯ ᠤᠨ ᠴᠡᠷᠢᠭ ᠵᠠᠰᠠᠭ ᠦᠨ ᠺᠠᠲᠷ ᠤᠨ ᠰᠤᠷᠭᠠᠭᠤᠯᠢ ᠶ᠋ᠢᠨ ᠳᠡᠳ᠋ ᠵᠠᠬᠢᠷᠤᠯ ᠪᠣᠯᠵᠡᠢ ᠃ ᠥᠪᠥᠷ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ  ᠤ ᠳᠠᠷᠠᠭ᠎ᠠ ᠲᠡᠷᠡ ᠴᠡᠷᠢᠭ ᠦᠨ ᠶᠠᠪᠤᠳᠠᠯ ᠤᠨ ᠬᠡᠯᠲᠡᠰ ᠦᠨ ᠳᠠᠷᠤᠭ᠎ᠠ ᠂ ᠥᠪᠥᠷ ᠮᠣᠩᠭᠤᠯ ᠤᠨ ᠠᠷᠠᠳ ᠤᠨ ᠥᠪᠡᠷ ᠢ ᠪᠡᠨ ᠬᠠᠮᠠᠭᠠᠯᠠᠬᠤ ᠴᠡᠷᠢᠭ ᠦᠨ ᠳᠡᠳ᠋ ᠰᠧᠯᠢᠩᠶᠤᠸᠠᠨ ( ᠲᠤᠰ ᠠᠷᠮᠢ ᠬᠣᠵᠢᠮ ᠨᠢ ᠥᠪᠥᠷ ᠮᠣᠩᠭᠤᠯ ᠤᠨ ᠠᠷᠠᠳ ᠤᠨ ᠴᠢᠯᠥᠭᠡᠯᠡᠬᠦ ᠴᠡᠷᠢᠭ ᠪᠣᠯᠪᠠ ) ᠃ 4 ᠰᠠᠷ᠎ᠠ ᠳ᠋ᠤ ᠂ ᠥᠪᠥᠷ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠳᠣᠲᠣᠷ᠎ᠠ ᠰᠡᠷᠭᠡᠶᠢᠯᠡᠬᠦ ᠬᠡᠯᠲᠡᠰ ᠦᠨ ᠳᠠᠷᠤᠭ᠎ᠠ ᠂ ᠵᠡᠭᠦᠨ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠴᠡᠷᠢᠭ ᠦᠨ ᠰᠧᠯᠢᠩᠶᠤᠸᠠᠨ ᠪᠠᠶᠢᠪᠠ ᠃ 《 ᠲᠦᠷᠪᠡᠨ ᠰᠠᠷ᠎ᠠ ᠶᠢᠨ ᠭᠤᠷᠪᠠᠨ 》  ᠤ ᠬᠤᠷᠠᠯ ᠳᠡᠭᠡᠷ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ  ᠤ ᠬᠣᠯᠪᠣᠭᠠᠲᠤ ᠬᠤᠷᠠᠯ ᠤᠨ ᠪᠠᠶᠢᠩᠭᠤ ᠶ᠋ᠢᠨ ᠭᠡᠰᠢᠭᠦᠨ ᠢᠶ᠋ᠡᠷ ᠰᠤᠭᠤᠭᠳᠠᠵᠤ ᠂ ᠴᠡᠷᠢᠭ ᠦᠨ ᠶᠠᠪᠤᠳᠠᠯ ᠤᠨ ᠬᠡᠯᠲᠡᠰ ᠦᠨ ᠳᠡᠳ᠋ ᠳᠠᠷᠤᠭ᠎ᠠ ᠪᠠᠶᠢᠪᠠ ᠃ 5 ᠰᠠᠷ᠎ᠠ  ᠳ᠋ᠦ ᠂ ᠳᠤᠮᠳᠠᠳᠤ ᠤᠯᠤᠰ ᠤᠨ ᠡᠪ ᠬᠠᠮᠲᠤ ᠨᠠᠮ ᠤᠷᠢᠳ ᠬᠣᠵᠢᠳ ᠥᠪᠥᠷ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠴᠡᠷᠢᠭ ᠦᠨ ᠳᠡᠳ᠋ ᠰᠧᠯᠢᠩᠶᠤᠸᠠᠨ ᠪᠥᠭᠡᠳ ᠬᠢᠩᠭᠠᠨ ᠴᠡᠷᠢᠭ ᠦᠨ ᠲᠣᠭᠤᠷᠢᠭ ᠤᠨ ᠰᠧᠯᠢᠩᠶᠤᠸᠠᠨ ᠂ ᠯᠢᠶᠣᠤ— ᠵᠢᠢ ‍ ᠴᠡᠷᠢᠭ ᠦᠨ ᠲᠣᠭᠤᠷᠢᠭ ᠤᠨ ᠮᠣᠩᠭᠣᠯ ᠬᠢᠲᠠᠳ ᠤᠨ ᠬᠣᠯᠪᠣᠭᠠᠲᠤ ᠴᠡᠷᠢᠭ ᠦᠨ ᠰᠧᠯᠢᠩᠶᠤᠸᠠᠨ ᠪᠠᠶᠢᠪᠠ ᠃ ᠡᠨᠡ ᠬᠦ ᠬᠤᠭᠤᠴᠠᠭᠠᠨ  ᠳ᠋ᠦ ᠵᠡᠭᠦᠨ ᠬᠣᠶᠢᠲᠤ ᠣᠷᠣᠨ  ᠤ ᠠᠷᠠᠳᠴᠢᠯᠠᠭᠰᠠᠨ ᠬᠣᠯᠪᠣᠭᠠᠲᠤ ᠴᠡᠷᠢᠭ ᠲᠤ ᠬᠠᠮᠵᠢᠯᠴᠠᠵᠤ ᠂ ᠴᠡᠷᠢᠭ ᠢᠶ᠋ᠡᠨ ᠳᠠᠭᠠᠭᠤᠯᠤᠨ ᠥᠪᠥᠷ ᠮᠣᠩᠭᠤᠯ  ‍ᠤᠨ ᠵᠡᠭᠦᠨ ᠬᠡᠰᠡᠭ ᠦᠨ ᠭᠠᠵᠠᠷ ᠣᠷᠣᠨ  ᠳ᠋ᠦ ᠠᠶᠠᠯᠠᠨ ᠪᠠᠶᠢᠯᠳᠤᠵᠤ ᠂  ᠭᠤᠮᠢᠨᠳᠠᠩ ᠤᠨ ᠴᠡᠷᠢᠭ ᠴᠢᠯᠥᠭᠡᠯᠡᠭᠳᠡᠭᠰᠡᠨ ᠣᠷᠣᠨ ᠵᠦᠭ ᠳᠣᠪᠲᠣᠯᠤᠭᠰᠠᠨ ᠤᠷᠪᠠᠯᠭᠠᠨ ᠢ ᠲᠦᠪᠰᠢᠳᠬᠡᠬᠦ ᠳ᠋ᠦ ᠣᠷᠤᠯᠴᠠᠵᠠᠢ ᠃ 10 ᠰᠠᠷ᠎ᠠ ᠳ᠋ᠤ ᠂ ᠠᠰᠬᠠᠨ ᠰᠸᠯᠢᠩ ᠦᠨ ᠲᠤᠰᠢᠶᠠᠯ ᠢ ᠬᠠᠷᠢᠭᠤᠴᠠᠵᠤ ᠂ ᠲᠡᠭᠦᠨ  ᠤ ᠳᠠᠭᠠᠭᠤᠯᠤᠭᠰᠠᠨ ᠴᠡᠷᠢᠭ ᠪᠣᠯᠤᠨ ᠯᠢᠶᠣᠤ— ᠵᠢᠢ ᠴᠡᠷᠢᠭ ᠦᠨ ᠲᠣᠭᠤᠷᠢᠭ ᠤᠨ ᠳᠠᠬᠢᠨᠲᠠ ᠪᠦᠷᠢᠯᠳᠦᠭᠰᠡᠨ ᠮᠣᠩᠭᠣᠯ ᠬᠢᠲᠠᠳ ᠤᠨ ᠬᠣᠯᠪᠣᠭᠠᠲᠤ ᠴᠡᠷᠢᠭ ᠬᠠᠮᠲᠤᠪᠠᠷ ᠳᠡᠭᠡᠷᠡᠮ ᠢ ᠤᠰᠠᠳᠬᠠᠵᠤ ᠂ ᠴᠥᠬᠡᠨ ᠢᠶ᠋ᠡᠷ ᠣᠯᠠᠨ ᠢ ᠢᠯᠠᠭᠰᠠᠨ ᠪᠠᠶᠢᠯᠳᠤᠭᠠᠨ ᠢ ᠤᠯᠠᠨ ᠤᠳᠠᠭ᠎ᠠ ᠭᠠᠷᠭᠠᠭᠰᠠᠨ ᠪᠠᠶᠢᠨ᠎ᠠ ᠃ ᠡᠨᠡ ᠬᠦ ᠬᠤᠭᠤᠴᠠᠭᠠᠨ  ᠳ᠋ᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠮᠠᠨᠵᠤ ᠶ᠋ᠢᠨ ᠬᠤᠪᠢᠶᠠᠷᠢ ᠲᠣᠪᠴᠢᠶ᠎ᠠ ᠶ᠋ᠢᠨ ᠥᠪᠥᠷ ᠮᠣᠩᠭᠤᠯ ᠤᠨ ᠠᠵᠢᠯᠯᠠᠬᠤ ᠳᠤᠭᠤᠶᠢᠯᠠᠩ ᠤᠨ ᠳᠠᠷᠤᠭ᠎ᠠ ᠹᠡᠩ ᡁᠢ ᠳ᠋ᠠ ᠂ ᠥᠪᠥᠷ ᠮᠣᠩᠭᠤᠯ ᠤᠨ ᠵᠡᠭᠦᠨ ᠬᠡᠰᠡᠭ ᠦᠨ ᠭᠠᠵᠠᠷ ᠣᠷᠣᠨ ᠳᠤ ᠬᠦᠷᠴᠦ ᠨᠢᠭᠡᠳᠦᠮᠡᠯ ᠹᠷᠣᠨᠲ ᠤᠨ ᠠᠵᠢᠯ ᠢ ᠬᠢᠵᠡᠢ ᠂ ᠲᠤᠬᠠᠢ ᠶ᠋ᠢᠨ ᠦᠶ᠎ᠡ  ᠳ᠋ᠦ ᠰᠸᠯᠢᠩᠠᠰᠬᠠᠨ ᠵᠧᠩ ᠵᠢᠶᠠ ᠳᠦᠨ ᠪᠣᠯᠤᠨ ᠪᠠᠷᠠᠭᠤᠨ ᠮᠠᠨᠵᠤ ᠶ᠋ᠢᠨ ᠬᠤᠪᠢᠶᠠᠷᠢ ᠲᠣᠪᠴᠢᠶ᠎ᠠ ᠶ᠋ᠢᠨ ᠯᠢ ᠹᠦ᠋ ᠴᠦᠨ ᠂ ᠬᠤᠸᠠᠩ ᠺᠸ ᠴᠧᠩ ᠹᠡᠩ ᡁᠢ ᠳ᠋ᠠ ᠲᠠᠢ ᠬᠡᠯᠡᠯᠴᠡᠭᠡ ᠬᠢᠪᠠ ᠃ ᠦᠷ᠎ᠡ ᠳ᠋ᠦᠩ ᠳ᠋ᠤ᠂ ᠠᠰᠬᠠᠨ ᠵᠡᠭᠦᠨ ᠮᠣᠩᠭᠤᠯ ᠤᠨ ᠥᠪᠡᠷᠲᠡᠭᠡᠨ ᠵᠠᠰᠠᠬᠤ ᠴᠡᠷᠢᠭ ᠢ ᠲᠥᠯᠦᠭᠡᠯᠡᠵᠦ ᠂ ᠹᠠᠩ ᡁᠢ ᠳ᠋ᠠ ᠪᠠᠷᠠᠭᠤᠨ ᠮᠠᠨᠵᠤ ᠶ᠋ᠢᠨ ᠴᠡᠷᠢᠭ ᠦᠨ ᠲᠣᠭᠤᠷᠢᠭ ᠢ ᠲᠥᠯᠦᠭᠡᠯᠡᠵᠦ ᠬᠡᠯᠡᠯᠴᠡᠭᠡᠷ ᠲᠣᠭᠲᠠᠭᠠᠵᠡᠢ ᠂ ᠹᠠᠩ ᡁᠢ ᠳ᠋ᠠ ᠶ᠋ᠢᠨ ᠲᠤᠭᠤᠷᠪᠢᠨ ᠲᠣᠭᠲᠠᠭᠠᠭᠰᠠᠨ ᠨᠢ ᠄ ᠨᠢᠭᠡ ᠂ ᠵᠡᠭᠦᠨ ᠮᠣᠩᠭᠤᠯ ᠤᠨ ᠥᠪᠡᠷᠲᠡᠭᠡᠨ ᠵᠠᠰᠠᠬᠤ ᠴᠡᠷᠢᠭ ᠪᠠᠷᠠᠭᠤᠨ ᠮᠠᠨᠵᠤ ᠶ᠋ᠢᠨ ᠴᠡᠷᠢᠭ ᠦᠨ ᠲᠣᠭᠤᠷᠢᠭ ᠤᠨ ᠤᠳᠤᠷᠢᠳᠤᠯᠭ᠎ᠠ ᠪᠠ ᠵᠢᠯᠤᠭᠤᠳᠤᠯᠭ᠎ᠠ ᠶ᠋ᠢ ᠬᠦᠯᠢᠶᠡᠬᠦ ᠬᠡᠷᠡᠭᠲᠡᠶ ᠂ ᠮᠣᠩᠭᠤᠯ ᠤᠨ ᠠᠵᠢᠯ ᠤᠨ ᠺᠣᠮᠢᠰ ᠡᠴᠡ ᠡᠯ᠎ᠡ ᠱᠠᠲᠤᠨ  ᠤ ᠤᠯᠤᠰ ᠲᠥᠷᠦ ᠶ᠋ᠢᠨ ᠠᠵᠢᠯ ᠤᠨ ᠺᠠᠲᠷ ᠢ ᠲᠣᠮᠢᠯᠠᠵᠤ ᠪᠣᠯᠤᠨ᠎ᠠ ᠃ ᠬᠣᠶᠠᠷ ᠂ ᠪᠠᠷᠠᠭᠤᠨ ᠮᠠᠨᠵᠤ ᠶ᠋ᠢᠨ ᠴᠡᠷᠢᠭ ᠦᠨ ᠬᠤᠪᠢᠶᠠᠷᠢ ᠲᠤᠭᠤᠷᠢᠭ ᠵᠡᠭᠦᠨ ᠮᠣᠩᠭᠤᠯ ᠤᠨ ᠥᠪᠡᠷᠲᠡᠭᠡᠨ ᠵᠠᠰᠠᠬᠤ ᠴᠡᠷᠢᠭ ᠦᠨ ᠵᠡᠷ ᠵᠡᠪᠰᠡᠭ ᠪᠠ ᠰᠤᠮᠤ ᠳᠠᠷᠢ ᠪᠠ ᠠᠮᠤ ᠬᠦᠨᠡᠰᠦ ᠶ᠋ᠢ ᠪᠠᠲᠤᠯᠠᠬᠤ ᠬᠡᠯᠡᠯᠴᠡᠭᠡᠷ ᠲᠤ ᠲᠣᠭᠲᠠᠭᠰᠠᠨ ᠪᠠᠶᠢᠨ᠎ᠠ ᠃ ᠪᠠᠶᠠᠨᠲᠠᠯ᠎ᠠ ᠳ᠋ᠤ ᠯᠢ ᠴᠢᠩ ᠯᠦᠩ ᠬᠤᠰᠢᠭᠤᠨ ᠳᠠᠷᠤᠭ᠎ᠠ ᠶ᠋ᠢᠨ ᠭᠡᠷ ᠲᠦ ᠹᠠᠩ ᡁᠢ ᠳ᠋ᠠ ᠪᠣᠯᠤᠨ ᠠᠰᠬᠠᠨ ᠰᠡᠳᠬᠢᠯ ᠦᠨ ᠦᠭᠡ ᠪᠡᠨ ᠶᠠᠷᠢᠯᠴᠠᠭᠠᠳ ᠨᠢᠭᠡ ᠰᠥᠨᠢ  ᠪᠣᠯᠵᠠᠶ ᠃
    1947 ᠣᠨ ᠳ᠋ᠦ ( ᠢᠷᠭᠡᠨ ᠤᠯᠤᠰ ᠤᠨ36 ᠣᠨ ) ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠤᠨ ᠪᠠᠶᠢᠭᠤᠯᠤᠭᠳᠠᠬᠤ ᠶᠡᠬᠡ ᠬᠤᠷᠠᠯ ᠤᠨ ᠦᠶ᠎ᠡ  ᠳ᠋ᠤ ᠂ ᠠᠰᠬᠠᠨ ᠶᠠᠭ ᠲᠠᠢᠢᠨ  ᠤ ᠲᠠᠯᠠᠪᠤᠷ ᠲᠤ ᠪᠠᠶᠢᠯᠳᠤᠵᠤ ᠂ ᠶᠡᠬᠡ ᠬᠤᠷᠠᠯ ᠲᠡᠭᠦᠰᠬᠦ ᠦᠶᠡᠰ ᠲᠤ ᠲᠡᠷᠡ ᠰᠠᠶ᠋ᠢ ᠬᠠᠷᠢᠵᠤ ᠢᠷᠡᠭᠰᠡᠨ ᠪᠠᠶᠢᠨ᠎ᠠ᠂ ᠲᠡᠷᠡ ᠪᠣᠯ ᠤᠯᠠᠭᠠᠨᠬᠦᠦ  ᠂ ᠬᠠᠹᠦᠩᠭ᠎ᠠ ᠵᠡᠷᠭᠡ 19 ᠬᠥᠮᠦᠨ ᠢᠶ᠋ᠡᠷ ᠪᠦᠷᠢᠯᠳᠦᠭᠰᠡᠨ ᠵᠠᠰᠠᠭ ᠤᠨ ᠣᠷᠳᠣᠨ ᠤ ᠭᠡᠰᠢᠭᠦᠳ ᠦᠨ ᠨᠢᠭᠡ ᠨᠢ ᠮᠥᠨ ᠃ 5 ᠰᠠᠷ᠎ᠠ  ᠳ᠋ᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠬᠤ ᠦᠶ᠎ᠡ ᠳ᠋ᠤ ᠂ ᠵᠠᠰᠠᠭ ᠤᠨ ᠣᠷᠳᠣᠨ  ᠤ ᠭᠡᠰᠢᠭᠦᠨ ᠢᠶ᠋ᠡᠷ ᠰᠣᠩᠭᠣᠭᠳᠠᠭᠰᠠᠨ ᠪᠠᠶᠢᠨ᠎ᠠ ᠃ 7 ᠰᠠᠷ᠎ᠠ  ᠲᠦ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠠᠵᠢᠯ ᠤᠨ ᠺᠣᠮᠢᠰ ᠤᠨ ᠭᠡᠰᠢᠭᠦᠨ ᠪᠣᠯᠵᠡᠢ ᠃
    1948 ᠣᠨ  ᠤ ( ᠢᠷᠭᠡᠨ ᠤᠯᠤᠰ ᠤᠨ1937 ᠣᠨ ) 1 ᠰᠠᠷ᠎ᠠ ᠶ᠋ᠢᠨ 31  ᠤ ᠡᠳᠦᠷ ᠂ ᠡᠮᠦᠨᠡᠰᠢ ᠤᠮᠠᠷᠠᠰᠢ ᠪᠠᠶᠢᠯᠳᠤᠵᠦ ᠶᠠᠪᠤᠭᠰᠠᠭᠠᠷ ᠡᠪᠡᠳᠴᠢᠯᠡᠭᠰᠡᠨ ᠡᠴᠠ ᠪᠣᠯᠵᠤ ᠠᠰᠬᠠᠨ ᠠᠮᠤᠷᠯᠢᠩᠭᠤᠶ ᠪᠠᠷ ᠨᠠᠰᠤ ᠪᠠᠷᠠᠵᠠᠶ ᠂ ᠵᠥᠪᠬᠡᠨ 40 ᠨᠠᠰᠤ ᠲᠠᠢ ᠪᠠᠶᠢᠪᠠ ᠃ ᠨᠠᠮ ᠤᠨ ᠲᠥᠪ ᠬᠣᠷᠢᠶᠠᠨ  ᠤ ᠵᠡᠭᠦᠨ ᠬᠣᠶᠢᠲᠤ ᠣᠷᠣᠨ  ᠤ ᠲᠣᠪᠴᠢᠶᠠᠨ  ᠤ ᠭᠠᠰᠢᠭᠤᠳᠠᠯ ᠤᠨ ᠴᠠᠬᠢᠯᠭᠠᠨ ᠳᠠᠭᠠᠨ ᠲᠡᠭᠦᠨ ᠢ᠄ 《ᠥᠪᠥᠷ ᠮᠣᠩᠭᠤᠯ ᠤᠨ ᠠᠷᠠᠳ ᠲᠦᠮᠡᠨ  ᠤ ᠮᠠᠰᠢ ᠶᠡᠬᠡ ᠬᠣᠬᠢᠷᠠᠯ ᠂ ᠥᠪᠥᠷ ᠮᠣᠩᠭᠤᠯ ᠤᠨ ᠠᠷᠠᠳ ᠤᠨ ᠴᠢᠯᠥᠭᠡᠯᠡᠬᠦ ᠴᠡᠷᠢᠭ ᠦᠨ ᠠᠯᠳᠠᠭᠰᠠᠨ ᠨᠢᠭᠡᠨ ᠮᠠᠰᠢ ᠰᠠᠢᠢᠨ ᠵᠣᠬᠢᠶᠠᠨ ᠪᠠᠶᠢᠭᠤᠯᠤᠭᠴᠢ ᠪᠠ ᠵᠢᠯᠣᠭᠣᠳᠣᠭᠴᠢ》 ᠭᠡᠪᠡ ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠲᠡᠭᠦᠨ  ᠳ᠋ᠤ ᠦᠪᠡᠳᠡᠭᠰᠢ ᠶᠡᠬᠡ ᠭᠠᠰᠢᠭᠤᠳᠠᠯ ᠤᠨ ᠬᠤᠷᠠᠯ ᠬᠢᠵᠦ ᠭᠠᠰᠢᠭᠤᠳᠠᠵᠠᠶ ᠃1983 ᠣᠨ ᠤ4 ᠰᠠᠷ᠎ᠠ ᠶᠢᠨ7 ᠦ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠥᠪᠡᠳᠡᠭᠰᠢ ᠶᠡᠬᠡ ᠶᠣᠰᠤᠯᠠᠯ ᠶᠠᠪᠤᠭᠳᠠᠭᠤᠯᠵᠤ᠂ ᠦᠪᠡᠳᠡᠭᠰᠢ ᠶᠡᠬᠡ ᠶᠣᠰᠣᠯᠠᠯ ᠨᠢ ᠠᠰᠬᠠᠨ ᠳᠡᠳ᠋ ᠰᠸᠯᠢᠩ ᠦᠨ ᠤᠯᠠᠭᠠᠨᠬᠣᠲᠠ ᠳᠡᠬᠢ ᠴᠢᠨᠳᠠᠷ ᠢ ᠨᠡᠭᠦᠯᠭᠡᠨ ᠬᠥᠬᠡᠬᠣᠲᠠ ᠶ᠋ᠢᠨ ᠳᠠᠯᠠᠨ ᠬᠠᠷ᠎ᠠ ᠠᠭᠤᠯᠠ ᠶ᠋ᠢᠨ ᠬᠤᠪᠢᠰᠬᠠᠯ ᠤᠨ ᠨᠡᠶᠢᠲᠡ ᠶ᠋ᠢᠨ ᠤᠨᠭᠭᠤᠨ  ᠤ ᠭᠠᠵᠠᠷ ᠰᠢᠯᠵᠢᠭᠦᠯᠵᠦ ᠣᠷᠤᠰᠢᠭᠤᠯᠵᠡᠢ᠃ ᠲᠡᠭᠦᠨ ᠢ ᠨᠠᠰᠤ ᠪᠠᠷᠠᠭᠰᠠᠨ  ᠤ ᠰᠡᠭᠦᠯᠡᠷ ᠂ ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠣᠷᠢᠶ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠡᠴᠡ ᠂ ᠲᠡᠭᠦᠨ ᠦ ᠴᠢᠯᠥᠭᠡᠯᠡᠬᠦ ᠳᠠᠢᠢᠨ  ᠤ ᠳᠤᠮᠳᠠᠬᠢ ᠭᠠᠪᠢᠶ᠎ᠠ ᠵᠢᠳᠬᠦᠯ ᠢ ᠨᠤᠲᠠᠯᠠᠨ ᠂ ᠲᠡᠭᠦᠨ  ᠢ ᠬᠤᠪᠢᠰᠬᠠᠯ ᠤᠨ ᠲᠦᠯᠦᠭᠡ ᠦᠷᠡᠭᠳᠡᠭᠰᠡᠨ ᠪᠠᠭᠠᠲᠤᠷ ᠢᠶᠠᠷ ᠡᠷᠭᠦᠮᠵᠢᠯᠡᠪᠡ ᠃


ᠵᠣᠬᠢᠶᠠᠭᠴᠢ:
ᠢᠷᠡᠯᠲᠡ: