ᠳ᠋ᠦᠸᠸ ᠰᠦᠩ ᠨᠢᠶᠠᠨ

ᠳ᠋ᠦᠸ᠋ᠸ ᠰᠦᠩ ᠨᠢᠶᠠᠨ ᠨᠡᠷ᠎ᠡ ᠱᠸᠦ ᠂ ᠮᠣᠩᠭᠣᠯ ᠦᠨᠳᠦᠰᠦᠲᠡᠨ ᠂ ᠲᠦᠮᠡᠳ ᠬᠣᠰᠢᠭᠤᠨ ᠤ ᠮᠠᠶᠢᠬᠠᠨ ᠪᠠᠶᠢᠰᠢᠩ ᠭᠠᠴᠠᠭᠠᠨ ᠤ ᠬᠥᠮᠦᠨ ᠃
1918 ᠣᠨ ( ᠢᠷᠭᠡᠨ ᠤᠯᠤᠰ ᠤᠨ ᠠᠷᠪᠠᠨ ᠳᠣᠯᠣᠳᠤᠭᠠᠷ ᠣᠨ ) ᠳ᠋ᠤ ᠱᠢ ᠸᠠᠩ ᠮᠢᠶᠣᠣ ᠰᠦᠮ᠎ᠡ ᠶᠢᠨ ᠮᠣᠩᠭᠣᠯ ᠪᠠᠭ᠎ᠠ ᠰᠤᠷᠭᠠᠭᠤᠯᠢ ᠳ᠋ᠤ ᠤᠷᠤᠵᠤ᠂ ᠰᠡᠭᠦᠯᠡᠷ ᠨᠢ ᠲᠦᠮᠡᠳ ᠥᠨᠳᠥᠷ ᠵᠡᠷᠭᠡ ᠶ᠋ᠢᠨ ᠪᠠᠭ᠎ᠠ ᠰᠤᠷᠭᠠᠭᠤᠯᠢ ᠳ᠋ᠦ ᠰᠢᠯᠵᠢᠵᠦ ᠣᠷᠤᠭᠰᠠᠨ ᠪᠠᠶᠢᠪᠠ ᠃ 《 ᠲᠠᠪᠤᠨ ᠰᠠᠷ᠎ᠠ ᠶ᠋ᠢᠨ ᠳᠦᠷᠪᠠᠨ ᠦ ᠬᠥᠳᠡᠯᠭᠡᠭᠡᠨ 》 ᠤ ᠲᠡᠷᠡᠭ᠎ᠠ ᠂ ᠲᠡᠷᠡ ᠬᠦᠢᠰᠦ᠋ᠢ ᠵᠢᠨ ᠡᠵᠡᠷᠬᠡᠭ ᠳᠦᠷᠢᠮᠡᠬᠡᠶᠢᠲᠡᠨ ᠢ ᠡᠰᠡᠷᠭᠦᠴᠡᠬᠦ ᠡᠬᠡ ᠣᠷᠣᠨᠴᠢ ᠰᠤᠷᠤᠭᠴᠢᠳ ᠤᠨ ᠬᠥᠳᠡᠯᠭᠡᠭᠡᠨ ᠳ᠋ᠤ ᠤᠷᠤᠯᠴᠠᠪᠠ᠃ 1923 ᠣᠨ ᠳ᠋ᠤ ( ᠢᠷᠭᠡᠨ ᠤᠯᠤᠰ ᠤᠨ12 ᠤᠨ) ᠂ ᠳ᠋ᠦᠸ᠋ᠸ ᠰᠦᠩ ᠨᠢᠶᠠᠨ ᠶᠠᠫᠣᠨ ᠤ ᠪᠠᠷᠠᠭ᠎ᠠ ᠶ᠋ᠢ ᠬᠣᠷᠢᠭᠯᠠᠬᠤ ᠲᠡᠮᠡᠴᠡᠯ ᠳ᠋ᠦ ᠢᠳᠡᠪᠬᠢᠲᠠᠢ ᠤᠷᠤᠯᠴᠠᠵᠤ᠂ ᠱᠸᠩ ᠵᠢᠢ ᠬᠠᠷᠢ ᠶ᠋ᠢᠨ ᠪᠠᠩᠬᠢ ᠶ᠋ᠢ ᠪᠠᠯᠪᠠᠴᠢᠬᠤ ᠡᠭᠡ ᠣᠷᠣᠨᠴᠢ ᠠᠵᠢᠯᠯᠠᠭ᠎ᠠ ᠳ᠋ᠤ ᠤᠷᠤᠯᠴᠠᠭᠰᠠᠨ ᠪᠠᠶᠢᠨ᠎ᠠ᠃ 9 ᠰᠠᠷ᠎ᠠ ᠳ᠋ᠤ᠂ ᠪᠡᠭᠡᠵᠢᠩ ᠤᠨ ᠮᠣᠩᠭᠣᠯ ᠲᠥᠪᠡᠳ ᠤᠨ ᠰᠤᠷᠭᠠᠭᠤᠯᠢ ᠳ᠋ᠤ ᠬᠦᠷᠴᠦ ᠰᠤᠷᠤᠯᠴᠠᠪᠠ ᠃ 1924 ᠣᠨ ( ᠢᠷᠭᠡᠨ ᠤᠯᠤᠰ ᠤᠨ13 ᠣᠨ ) ᠳ᠋ᠤ ᠂ ᠮᠣᠩᠭᠣᠯ ᠲᠥᠪᠡᠳ ᠤᠨ ᠰᠤᠷᠭᠠᠭᠤᠯᠢ ᠨᠢ ᠨᠢᠭᠡ ᠦᠶ᠎ᠡ ᠥᠪᠡᠷ ᠤᠨ ᠵᠠᠷᠤᠳᠠᠯ ᠢᠶᠠᠷ ᠢᠶᠡᠨ ᠰᠤᠷᠤᠯᠴᠠᠬᠤ ᠪᠣᠯᠤᠭᠰᠠᠨ ᠳᠤ ᠲᠠᠷᠡ ᠂ ᠬᠦᠢᠰᠦ᠋ᠢ ᠂ ᠳ᠋ᠤ ᠪᠤᠴᠠᠨ ᠪᠠᠭᠰᠢ ᠶ᠋ᠢᠨ ᠰᠤᠷᠭᠠᠭᠤᠯᠢ ᠳ᠋ᠦ ᠰᠢᠯᠭᠠᠭᠤᠯᠤᠨ ᠣᠷᠣᠪᠠ ᠃ 8 ᠰᠠᠷ᠎ᠠ ᠳ᠋ᠦ᠂ ᠪᠠᠰᠠ ᠮᠣᠩᠭᠣᠯ ᠲᠥᠪᠡᠳ ᠤᠨ ᠰᠤᠷᠭᠠᠭᠤᠯᠢ ᠳᠤ ᠡᠭᠡᠭᠦᠯᠦᠨ ᠤᠴᠢᠭᠰᠠᠨ ᠪᠠᠶᠢᠨ᠎ᠠ᠃
ᠮᠣᠩᠭᠣᠯ ᠲᠥᠪᠡᠳ ᠤᠨ ᠰᠤᠷᠭᠠᠭᠤᠯᠢ ᠳ᠋ᠤ ᠪᠠᠶᠢᠬᠤ ᠳ᠋ᠠᠭᠠᠨ ᠂ ᠳ᠋ᠦᠸ᠋ᠸ ᠰᠦᠩ ᠨᠢᠶᠠᠨ ᠳᠤᠮᠳᠠᠳᠤ ᠤᠯᠤᠰ ᠦ᠋ᠨ ᠡᠪ ᠬᠠᠮᠲᠤ ᠨᠠᠮ ᠤᠨ ᠤᠮᠠᠷᠠᠲᠤ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ ᠤᠨ ᠯᠢ ᠳ᠋ᠡ ᠵᠣᠣ ᠂ ᠳ᠋ᠧᠩ ᠵᠦᠩ ᠰᠢᠶᠠ ᠂ ᠵᠤᠤ ᠱᠢ ᠶᠠᠨ ᠵᠡᠷᠭᠡ ᠬᠥᠮᠦᠰ ᠤᠨ ᠬᠠᠯᠠᠮᠵᠢᠯᠠᠯ ᠪᠠ ᠰᠤᠷᠭᠠᠯ ᠢ ᠬᠦᠷᠲᠡᠵᠦ ᠂ ᠦᠵᠡᠯ ᠰᠠᠨᠠᠭ᠎ᠠ ᠤᠬᠠᠮᠰᠠᠷ ᠢᠶᠡᠨ ᠲᠡᠰᠦᠷᠡᠯᠳᠠ ᠤᠢᠭᠡᠢ ᠳᠡᠭᠡᠭᠰᠢᠯᠡᠭᠦᠯᠵᠦ ᠂ 1923 ᠣᠨ ᠳ᠋ᠤ ᠨᠡᠶᠢᠭᠡᠮ ᠵᠢᠷᠤᠮ ᠤᠨ ᠵᠠᠯᠠᠭᠤᠴᠤᠳ ᠤᠨ ᠡᠪᠯᠡᠯ ᠳ᠋ᠤ ᠤᠷᠤᠭᠰᠠᠨ ᠪᠥᠭᠡᠳ ᠡᠪᠯᠡᠯ ᠤᠨ ᠡᠭᠦᠷ ᠤᠨ ᠬᠠᠷᠢᠭᠤᠴᠠᠯᠭᠠᠲᠠᠨ ᠪᠠᠶᠢᠪᠠ ᠃ 1924 ᠣᠨ ᠳ᠋ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠤᠯᠵᠠᠢ ᠃ ᠡᠨᠡ ᠬᠤᠭᠤᠴᠠᠭᠠᠨ ᠳ᠋ᠦ ᠂ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠡᠭᠡᠵᠢᠩ ᠬᠣᠲᠠ ᠶ᠋ᠢᠨ ᠰᠢ ᠴᠧᠩ ᠲᠣᠭᠣᠷᠢᠭ ᠤᠨ ᠤᠬᠠᠭᠤᠯᠤᠭᠴᠢ ᠶ᠋ᠢᠨ ᠲᠤᠰᠢᠶᠠᠯ ᠢ ᠬᠠᠷᠢᠭᠤᠴᠠᠵᠤ ᠪᠠᠶᠢᠪᠠ ᠃ ᠲᠡᠭᠦᠨ ᠤ ᠭᠣᠣᠯᠯᠠᠨ ᠨᠠᠶᠢᠷᠠᠭᠤᠯᠤᠭᠰᠠᠨ 《 ᠮᠣᠩᠭᠣᠯ ᠲᠠᠷᠢᠶᠠᠴᠢᠨ 》 ᠰᠡᠳᠬᠦᠯ ᠂ 1925 ᠤᠨ ᠤ 4 ᠰᠠᠷ᠎ᠠ ᠶ᠋ᠢᠨ 28 ᠦ ᠡᠳᠦᠷ ᠂ ᠬᠡᠪᠯᠡᠯ ᠳ᠋ᠦ ᠭᠠᠷᠤᠭᠰᠠᠨ ᠪᠠᠶᠢᠨ᠎ᠠ ᠃ 1925 ᠣᠨ ᠤ( ᠢᠷᠭᠡᠨ ᠤᠯᠤᠰ ᠤᠨ14 ᠣᠨ ) 10 ᠰᠠᠷ᠎ᠠ ᠳ᠋ᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠮᠠᠷᠠᠲᠤ ᠣᠷᠣᠨ ᠤ ᠨᠠᠮ ᠤᠨ ᠬᠤᠷᠢᠶᠠᠨ ᠡᠴᠠ ᠳ᠋ᠦᠸ᠋ᠸ ᠰᠦᠩ ᠨᠢᠶᠠᠨ ᠢ ᠲᠤᠮᠢᠯᠠᠨ ᠵᠦᠪᠯᠡᠯᠳᠤ ᠬᠣᠯᠪᠣᠭᠠᠲᠤ ᠤᠯᠤᠰ ᠤᠨ ᠮᠣᠰᠺᠸᠠ ᠳᠠᠬᠢ ᠵᠦᠩᠱᠠᠨ ᠶᠡᠬᠡ ᠰᠤᠷᠭᠠᠭᠤᠯᠢ ᠳ᠋ᠤ ᠰᠤᠷᠤᠯᠴᠠᠭᠤᠯᠪᠠ᠃ ᠳᠠᠷᠠᠭ᠎ᠠ ᠵᠢᠯ ᠳ᠋ᠤᠨᠢ ᠤᠯᠤᠰ ᠲᠠᠭᠠᠨ ᠪᠤᠴᠠᠭᠰᠠᠨ ᠤ ᠲᠠᠷᠠᠭ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠣᠨᠴᠠᠭᠠᠶ ᠣᠷᠣᠨ ᠤ ᠠᠵᠢᠯᠯᠠᠬᠤ ᠬᠣᠷᠢᠶᠠᠨ ᠤ ᠱᠦᠵᠢ ᠪᠤᠯᠵᠠᠢ ᠃ ᠨᠢᠭᠡ ᠵᠢᠯ ᠤᠨ ᠬᠣᠭᠣᠷᠣᠨᠳᠣ ᠂ ᠳ᠋ᠦᠸ᠋ᠸ ᠰᠦᠩ ᠨᠢᠶᠠᠨ ᠲᠠᠷᠢᠶᠠᠯᠠᠬᠤ ᠮᠠᠯᠵᠢᠬᠤ ᠣᠷᠣᠨ ᠳ᠋ᠤ 82 ᠲᠠᠷᠢᠶᠠᠴᠢᠨ ᠤ ᠡᠪᠯᠡᠯ ᠢ ᠵᠤᠬᠢᠶᠠᠨ ᠪᠠᠶᠢᠭᠤᠯᠵᠤ ᠂ ᠨᠤᠲᠤᠭ ᠤᠨ ᠳᠡᠰ ᠦᠨ ᠲᠠᠷᠢᠶᠠᠴᠢᠨ ᠦ ᠡᠪᠯᠡᠯ 4 ᠂ ᠰᠢᠶᠠᠨ ᠤ ᠱᠠᠲᠤᠨ ᠤ ᠲᠠᠷᠢᠶᠠᠴᠢᠨ ᠤ ᠡᠪᠯᠡᠯ 1 ᠵᠤᠬᠢᠶᠠᠨ ᠪᠠᠶᠢᠭᠤᠯᠵᠠᠢ ᠃
1927 ᠣᠨ ᠤ ( ᠢᠷᠭᠡᠨ ᠤᠯᠤᠰ ᠤᠨ16 ᠣᠨ ︶ 4 ᠰᠠᠷ᠎ᠠ ᠳ᠋ᠤ ᠂ ᠳ᠋ᠦᠸ᠋ᠸ ᠰᠦᠩ ᠨᠢᠶᠠᠨ ᠿᠸ ᠾᠸ ᠴᠠᠬᠠᠷ ᠂ ᠰᠦᠢᠶᠤᠸᠠᠨ ᠭᠤᠷᠪᠠᠨ ᠣᠨᠴᠠᠭᠠᠶ ᠣᠷᠣᠨ ᠤ ᠲᠥᠯᠥᠭᠡᠯᠡᠭᠴᠢ ᠶ᠋ᠢᠨ ᠬᠤᠪᠢ ᠪᠠᠷ ᠦᠬᠠᠨ ᠳ᠋ᠤ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠬᠡ ᠬᠤᠷᠠᠯ ᠳ᠋ᠤ ᠤᠷᠤᠯᠴᠠᠵᠤ ᠂ ᠦᠬᠠᠨ ᠳ᠋ᠤ ᠪᠠᠶᠢᠭᠰᠠᠨ ᠬᠤᠭᠤᠴᠠᠭᠠᠨ ᠳ᠋ᠠᠭᠠᠨ ᠂ ᠲᠡᠷᠡ ᠪᠠᠰᠠ ᠭᠣᠮᠢᠨᠳᠠᠩ ᠤᠨ ᠲᠥᠪ ᠬᠣᠷᠢᠶᠠᠨ ᠤ ᠭᠠᠵᠠᠷ ᠲᠠᠷᠢᠶᠠᠨ ᠤ ᠵᠦᠪᠯᠡᠯ ᠦᠨ ᠬᠤᠷᠠᠯᠳᠤᠭᠤᠯᠤᠭᠰᠠᠨ ᠥᠷᠭᠡᠳᠬᠡᠭᠰᠡᠨ ᠬᠤᠷᠠᠯᠳᠤᠭᠠᠨ ᠳ᠋ᠤ ᠤᠷᠤᠯᠴᠠᠭᠰᠠᠨ ᠪᠠᠶᠢᠨ᠎ᠠ᠃ ᠬᠤᠷᠠᠯ ᠤᠨ ᠳᠠᠷᠠᠭ᠎ᠠ ᠂ ᠳ᠋ᠦᠸ᠋ᠸ ᠰᠦᠩ ᠨᠢᠶᠠᠨ ᠴᠢᠭᠣᠯᠣᠯᠳᠣ ᠬᠠᠭᠠᠯᠭ᠎ᠠ ᠳ᠋ᠦ ᠬᠠᠷᠢᠵᠤ ᠢᠷᠡᠭᠡᠳ ᠲᠡᠷᠡ ᠳᠠᠷᠤᠢ ᠳ᠋ᠤ ᠨᠢ ᠪᠠᠷᠢᠪᠴᠢᠯᠠᠭᠳᠠᠪᠠ ᠃ ᠲᠡᠷᠡ ᠡᠪ ᠬᠠᠮᠲᠤᠴᠤᠳ ᠤᠨ ᠰᠦᠰᠦ ᠵᠤᠷᠢᠭ ᠢᠶᠠᠷ᠂ ᠳᠠᠶᠢᠰᠤᠨ ᠳ᠋ᠤ ᠵᠣᠷᠢᠭᠲᠠᠶ ᠶᠤᠵᠤᠯᠠᠯ ᠶᠠᠪᠤᠭᠤᠯᠤᠨ ᠂ ᠥᠴᠦᠬᠡᠨ ᠴᠦ ᠨᠤᠭᠤᠷᠠᠵᠤ ᠦᠭᠭᠦᠭᠰᠡᠨ ᠦᠭᠡᠢ ᠶᠤᠮ ᠃ ᠡᠴᠦᠰ ᠲᠦ ᠂ ᠳᠠᠶᠢᠰᠤᠨ ᠡᠴᠠ ᠨᠢᠭᠡ ᠲᠣᠬᠣᠶ ᠤᠷᠲᠤ ᠪᠠᠶᠢᠳᠠᠭ ᠲᠤᠮᠤ ᠲᠡᠮᠦᠷ ᠬᠠᠳᠠᠭᠠᠰᠤ ᠶ᠋ᠢ ᠰᠣᠷᠣᠭᠤᠯᠵᠤ ᠂ ᠲᠡᠭᠦᠨ ᠢ ᠠᠮᠢᠳᠤ ᠪᠠᠷ ᠨᠢ ᠴᠢᠭᠤᠯᠤᠯᠲᠤ ᠬᠠᠭᠠᠯᠭ᠎ᠠ ᠶ᠋ᠢᠨ ᠳ᠋ᠠ ᠵᠢᠩ ᠮᠸᠨ ᠬᠤᠲᠠ ᠶ᠋ᠢᠨ ᠬᠡᠷᠡᠮ ᠳᠡᠭᠡᠷ᠎ᠡ ᠬᠠᠳᠠᠵᠤ ᠠᠯᠠᠭᠰᠠᠨ ᠪᠠᠶᠢᠨ᠎ᠠ ᠃ ᠲᠤᠬᠠᠶ ᠶ᠋ᠢᠨ ᠵᠢᠯ ᠳ᠋ᠦ ᠵᠥᠪᠬᠡᠨ 22 ᠨᠠᠰᠤᠲᠠᠶ ᠃