ᠹᠦᠸᠸᠳ᠋ᠢᠩ

ᠹᠦᠸ᠋ᠸ ᠳ᠋ᠢᠩ (1905 ︱1993 ) ᠂ ᠮᠣᠩᠭᠣᠯ ᠦᠨᠳᠦᠰᠦᠲᠡᠨ ᠂ ᠥᠪᠥᠷ ᠮᠣᠩᠭᠣᠯ ᠤᠨ ᠲᠦᠮᠡᠳ ᠬᠤᠰᠢᠭᠤᠨ ᠤ ᠬᠥᠮᠦᠨ ᠂ ᠨᠢᠭᠡᠨ ᠶᠠᠳᠠᠭᠤ ᠲᠠᠷᠢᠶᠠᠴᠢᠨ ᠤ ᠭᠡᠷ ᠪᠦᠯᠢ ᠳ᠋ᠤ ᠲᠦᠷᠦᠵᠠᠢ᠃ 1919 ᠣᠨ ᠳ᠋ᠤ ᠬᠦᠢᠰᠦ᠋ᠢ ᠶᠢᠨ ( ᠤᠳᠤ ᠶ᠋ᠢᠨ ᠬᠥᠬᠡᠬᠣᠲᠠ ) ᠲᠦᠮᠡᠳ ᠤᠨ ᠥᠨᠳᠥᠷ ᠵᠡᠷᠭᠡ ᠶ᠋ᠢᠨ ᠪᠠᠭ᠎ᠠ ᠰᠤᠷᠭᠠᠭᠤᠯᠢ ᠳ᠋ᠦ ᠰᠢᠯᠭᠠᠨ ᠤᠷᠤᠵᠠᠢ ᠃ ︽ ᠲᠠᠪᠤᠨ ᠰᠠᠷ᠎ᠠ ᠶ᠋ᠢᠨ ᠲᠦᠷᠪᠡᠨ︾ ᠦ ᠬᠥᠳᠡᠯᠭᠡᠭᠡᠨ ᠤ ᠦᠶ᠎ᠡ ᠳ᠋ᠤ ᠂ 14 ᠨᠠᠰᠤᠲᠠᠶ ᠹᠦᠸᠸ ᠳ᠋ᠢᠩ ᠰᠤᠷᠤᠭᠴᠢᠳ ᠤᠨ ᠰᠦᠷᠲᠦ ᠵᠢᠭᠰᠠᠭᠠᠯ ᠤᠨ ᠡᠩᠨᠡᠭᠡᠨ ᠳ᠋ᠤ ᠵᠤᠭᠰᠤᠵᠤ ᠂ ᠰᠡᠳᠬᠢᠯ ᠳ᠋ᠤ ᠪᠠᠨ ᠡᠬᠡ ᠣᠷᠣᠨᠴᠢ ᠂ ᠡᠵᠡᠷᠬᠡᠭ ᠲᠦᠷᠢᠮᠡᠭᠡᠢᠢᠲᠡᠨ ᠪᠠ ᠹᠸᠤᠳᠠᠯ ᠢ ᠡᠰᠡᠷᠭᠦᠴᠡᠭᠰᠡᠨ ᠦᠷ᠎ᠡ ᠶ᠋ᠢ ᠲᠠᠷᠢᠭᠰᠠᠨ ᠪᠠᠶᠢᠨ᠎ᠠ ᠃ 1922 ᠣᠨ ᠳ᠋ᠤ ᠶᠠᠫᠣᠨ ᠲᠠᠢ ᠰᠥᠯᠪᠡᠭᠡᠯᠳᠦᠭᠰᠡᠨ ᠴᠠᠬᠢᠯᠭᠠᠨ ᠳ᠋ᠧᠩ ᠤᠨ ᠺᠣᠮᠫᠠᠨᠢ ᠶ᠋ᠢ ᠪᠠᠯᠪᠠᠴᠢᠬᠤ ᠂ 1923 ᠣᠨ ᠳ᠋ᠤ ᠶᠠᠫᠣᠨ ᠤ ᠪᠠᠷᠠᠭ᠎ᠠ ᠶ᠋ᠢ ᠬᠤᠳᠠᠯᠳᠤᠳᠠᠭ《 ᠱᠸ᠋ᠩ ᠵᠢᠢ 》 ᠬᠠᠷᠢ ᠶ᠋ᠢᠨ ᠪᠠᠩᠬᠢ ᠶ᠋ᠢ ᠪᠠᠯᠪᠠᠴᠢᠬᠤ ᠲᠠᠮᠡᠴᠡᠯ ᠳᠤ ᠂ ᠹᠦᠸᠸ ᠳ᠋ᠢᠩ ᠪᠣᠯ ᠴᠥᠮ ᠢᠳᠡᠪᠬᠢᠲᠡᠶ ᠤᠬᠠᠭᠤᠯᠤᠭᠴᠢ ᠪᠠ ᠣᠷᠣᠯᠴᠠᠭᠴᠢ ᠮᠥᠨ ᠃ 1923 ᠣᠨ ᠤ ᠨᠠᠮᠤᠷ ᠪᠡᠭᠡᠵᠢᠩ ᠤᠨ ᠮᠣᠩᠭᠣᠯ ᠲᠥᠪᠡᠳ ᠤᠨ ᠰᠤᠷᠭᠠᠭᠤᠯᠢ ᠳ᠋ᠤ ᠰᠢᠯᠭᠠᠨ ᠣᠷᠣᠵᠤ ᠂ ᠳ᠋ᠦᠸᠸᠰᠦᠩ ᠨᠢᠶᠠᠨ ᠂ ᠯᠢ ᠢᠦᠢ ᡁᠢ ᠂ ᠵᠠᠶᠠᠭᠠᠲᠠᠶ ᠂ ᠺᠦᠢ ᠪᠢ ᠵᠤᠤ ᠴᠸᠩ ᠲᠠᠢ ᠬᠠᠮᠲᠤ ᠳᠤᠮᠳᠠᠳᠤ ᠰᠤᠷᠭᠠᠭᠤᠯᠢ ᠶ᠋ᠢᠨ ᠳᠥᠷᠪᠡᠳᠦᠭᠡᠷ ᠠᠩᠭᠢ ᠳ᠋ᠦ ᠬᠤᠪᠢᠶᠠᠭᠳᠠᠵᠠᠢ ᠃ ᠵᠣᠯ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠳᠦᠨ ᠪᠠᠶᠢᠭᠤᠯᠤᠭᠴᠢ ᠶ᠋ᠢᠨ ᠨᠢᠭᠡ ᠪᠣᠯᠬᠤ ᠯᠢ ᠳ᠋ᠡ ᠵᠤᠤ ᠶᠢᠨ ᠰᠤᠷᠭᠠᠯ ᠢ ᠰᠤᠨᠤᠰᠴᠤ᠂ ᠳ᠋ᠧᠩ ᠵᠦᠩ ᠰᠢᠶᠠ ᠂ ᠵᠤᠤ ᠱᠢ ᠶᠠᠨ ᠵᠡᠷᠭᠡ ᠡᠴᠡ ᠰᠡᠩᠭᠡᠭᠡᠷᠡᠬᠦᠯᠦᠯ ᠤᠯᠤᠭᠰᠠᠨ ᠪᠠᠶᠢᠨ᠎ᠠ ᠃ ᠰᠢᠦᠸᠡᠠ ᠡᠦ ᠮᠸᠠ ᠬᠠᠭᠠᠯᠭ᠎ᠠ ᠶ᠋ᠢᠨ ᠯᠢᠦᠶ ᠽᠣ ᠭᠸ ᠳ᠋ᠦ ᠮᠠᠷᠺᠰ ᠤᠨ ᠦᠵᠡᠯ ᠤᠨ ᠰᠤᠳᠤᠯᠬᠤ ᠳᠤᠭᠤᠶᠢᠯᠠᠩ ᠳ᠋ᠤ ᠤᠷᠤᠯᠴᠠᠵᠠᠢ ᠃ ᠪᠡᠭᠡᠵᠢᠩ ᠶᠡᠬᠡ ᠰᠤᠷᠭᠠᠭᠤᠯᠢ ᠶ᠋ᠢᠨ ᠭᠤᠷᠪᠠᠳᠤᠭᠠᠷ ᠬᠦᠷᠢᠶᠡᠨ ᠳ᠋ᠤ ᠯᠢ ᠳ᠋ᠡ ᠵᠤᠤ ᠶ᠋ᠢᠨ ᠢᠯᠡᠳᠬᠡᠯ ᠢ ᠰᠤᠨᠤᠰᠴᠤ ᠂ ᠴᠤᠭᠯᠠᠭᠠᠨ ᠳ᠋ᠤ ᠤᠷᠤᠯᠴᠠᠭᠰᠠᠨ ᠪᠠᠶᠢᠨ᠎ᠠ ᠃ 1923 ᠣᠨ ᠳ᠋ᠤ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠵᠠᠯᠠᠭᠤᠴᠤᠳ ᠤᠨ ᠡᠪᠯᠡᠯ ᠳ᠋ᠤ ᠣᠷᠣᠵᠤ ᠂ 1924 ᠣᠨ ᠳ᠋ᠤ ᠨᠠᠮ ᠳ᠋ᠤ ᠵᠢᠩᠬᠢᠨᠢ ᠢᠶᠠᠷ ᠣᠷᠤᠵᠦ ᠃ 1925 ᠣᠨ ᠤ ᠬᠠᠪᠤᠷ ᠂ ᠺᠦᠢ ᠪᠢ ᠂ ᠵᠣᠤ ᠴᠸ᠋ᠩ ᠲᠠᠢ ᠬᠠᠮᠲᠦ ᠪᠥᠬᠥᠳᠡ ᠨᠠᠶᠢᠷᠠᠮᠳᠠᠬᠤ ᠮᠣᠩᠭᠣᠯ ᠠᠷᠠᠳ ᠤᠯᠤᠰ ᠤᠨ ᠤᠯᠠᠭᠠᠨᠪᠠᠭᠠᠲᠤᠷ ᠲᠤ ᠣᠴᠢᠵᠤ ᠂ ᠡᠪ ᠬᠠᠮᠲᠤ ᠶ᠋ᠢᠨ ᠢᠨᠲ᠋ᠧᠷᠨᠠᠼᠢᠣᠨᠠᠯ ᠤᠨ ᠡᠷᠬᠢᠯᠡᠭᠰᠡᠨ ᠨᠠᠮ ᠤᠨ ᠰᠤᠷᠭᠠᠭᠤᠯᠢ ᠳ᠋ᠤ ᠰᠤᠷᠤᠯᠴᠠᠪᠠ ᠃ 1926 ᠣᠨ ᠳ᠋ᠤ ᠮᠣᠰᠺᠸᠠ ᠶ᠋ᠢᠨ ᠳᠣᠷᠣᠨᠠᠳᠠᠬᠢᠨ ᠦ ᠶᠡᠬᠡ ᠰᠤᠷᠭᠠᠭᠤᠯᠢ ᠳ᠋ᠦ ᠰᠤᠷᠤᠯᠴᠠᠪᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠷᠭᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠬᠡ ᠬᠤᠷᠠᠯ ᠨᠢ ᠮᠣᠰᠺᠸᠠ ᠳ᠋ᠦ ᠬᠤᠷᠠᠯᠳᠤᠵᠤ ᠂ ᠹᠦᠸ᠋ᠸ ᠳ᠋ᠢᠩ ᠪᠣᠯᠤᠨ ᠤᠯᠠᠭᠠᠨᠬᠦᠦ ᠬᠤᠷᠠᠯᠳᠤᠭᠠᠨ ᠤ ᠪᠢᠴᠢᠭ ᠮᠠᠲ᠋ᠧᠷᠢᠶᠠᠯ ᠢ ᠣᠷᠴᠢᠭᠤᠯᠬᠤ ᠠᠵᠢᠯ ᠳ᠋ᠤ ᠤᠷᠤᠯᠴᠠᠭᠰᠠᠨ ᠪᠠᠶᠢᠨ᠎ᠠ᠃ 1929 ᠣᠨ ᠳ᠋ᠤ ᠡᠪ ᠬᠠᠮᠲᠤ ᠶ᠋ᠢᠨ ᠢᠨᠲ᠋ᠧᠷᠨᠠᠼᠢᠣᠨᠠᠯ ᠶ᠋ᠢᠨ ᠲᠤᠮᠢᠯᠠᠯᠲᠠ ᠪᠠᠷ ᠤᠯᠠᠭᠠᠨᠬᠦᠦ ᠂ ᠲᠡᠮᠦᠷᠪᠠᠭᠠᠨ᠎ᠠ ᠂ ᠫᠣᠩᠰᠤᠭ ᠵᠡᠷᠭᠡ ᠵᠦᠪᠯᠠᠯᠳᠤ ᠬᠣᠯᠪᠣᠭᠠᠲᠤ ᠤᠯᠤᠰ ᠡᠴᠠ ᠤᠯᠤᠰ ᠲᠠᠭᠠᠨ ᠪᠤᠴᠠᠨ ᠢᠷᠡᠪᠡ ᠃ ᠲᠡᠮᠦᠷᠪᠠᠭᠠᠨ᠎ᠠ ᠂ ᠫᠣᠩᠰᠤᠭ ᠥᠪᠥᠷ ᠮᠣᠩᠭᠣᠯ ᠤᠨ ᠵᠡᠭᠦᠨ ᠬᠡᠰᠡᠭ ᠲᠤ ᠪᠤᠴᠠᠪᠠ ᠃ ᠹᠦᠸᠸ ᠳ᠋ᠢᠩ ᠪᠣᠯᠤᠨ ᠤᠯᠠᠭᠠᠨᠬᠦᠦ ᠵᠢᠴᠢ ᠮᠤᠩᠭᠤᠯ ᠤᠯᠤᠰ ᠡᠴᠠ ᠤᠯᠤᠰ ᠲᠤ ᠪᠠᠨ ᠪᠤᠴᠠᠭᠰᠠᠨ ᠺᠦᠢ ᠪᠢ ᠂ ᠯᠢ ᠰᠸᠨ ᠥᠪᠥᠷ ᠮᠣᠩᠭᠣᠯ ᠤᠨ ᠪᠠᠷᠠᠭᠤᠨ ᠬᠡᠰᠡᠭ ᠲᠤ ᠤᠴᠢᠵᠦ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠵᠣᠬᠢᠶᠠᠨ ᠪᠠᠶᠢᠭᠤᠯᠤᠯᠲᠠ ᠶ᠋ᠢᠨ ᠠᠵᠢᠯ ᠢ ᠰᠡᠷᠭᠦᠭᠡᠵᠦ ᠂ ᠥᠪᠥᠷ ᠮᠣᠩᠭᠣᠯ ᠤᠨ ᠪᠠᠷᠠᠭᠤᠨ ᠮᠣᠩᠭᠣᠯ ᠤᠨ ᠠᠵᠢᠯ ᠤᠨ ᠺᠣᠮᠢᠰ ᠪᠠᠶᠢᠭᠤᠯᠵᠤ ᠂ ᠲᠡᠷᠡ ᠱᠦᠵᠢ ᠶ᠋ᠢᠨ ᠲᠤᠰᠢᠶᠠᠯ ᠢ ᠬᠠᠷᠢᠭᠤᠴᠠᠵᠤ ᠂ ᠳᠠᠯᠠᠨ ᠬᠠᠷ᠎ᠠ ᠠᠭᠤᠯᠠ ᠶ᠋ᠢᠨ ᠬᠣᠶᠢᠲᠤ ᠲᠠᠯ᠎ᠠ ᠳ᠋ᠦ ᠪᠠᠶᠢᠭ᠎ᠠ ᠬᠥᠳᠡᠭᠡ ᠲᠣᠰᠬᠣᠨ ᠪᠠ ᠮᠠᠯᠵᠢᠬᠤ ᠣᠷᠣᠨ ᠢ ᠬᠠᠷᠢᠭᠤᠴᠠᠵᠦ ᠪᠠᠶᠢᠵᠠᠢ ᠃ 1930 ᠣᠨ ᠳ᠋ᠤ ᠨᠠᠮ ᠤᠨ ᠲᠥᠪ ᠬᠣᠷᠢᠶᠠᠨ ᠤ ᠵᠢᠭᠠᠪᠤᠷᠢ ᠪᠠᠷ ᠂ ᠮᠣᠰᠺᠸᠠ ᠳ᠋ᠤ ᠬᠦᠷᠴᠦ ᠂ ᠡᠪ ᠬᠠᠮᠲᠤ ᠶ᠋ᠢᠨ ᠢᠨᠲ᠋ᠧᠷᠨᠠᠼᠢᠣᠨᠠᠯ ᠤᠨ ᠳᠣᠷᠣᠨᠠᠳᠠᠬᠢᠨ ᠤ ᠬᠡᠯᠲᠡᠰ ᠶ᠋ᠢᠨ ᠨᠣᠮᠣᠬᠠᠨ ᠳᠠᠯᠠᠶ ᠰᠤᠳᠤᠯᠬᠤ ᠬᠦᠷᠢᠶᠡᠯᠡᠩ ᠳ᠋ᠦ ᠠᠵᠢᠯᠯᠠᠵᠤ ᠂ 1938 ᠣᠨ ᠡᠴᠡ ᠬᠣᠶᠢᠰᠢ ᠵᠦᠪᠯᠡᠯᠳᠦ ᠬᠣᠯᠪᠣᠭᠠᠲᠤ ᠤᠯᠤᠰ ᠤᠨ ᠨᠡᠭᠦᠷᠡᠰᠦᠨ ᠠᠭᠤᠷᠬᠠᠶ ᠶ᠋ᠢᠨ ᠲᠧᠭᠨᠢᠭ ᠮᠡᠷᠭᠡᠵᠢᠯ ᠤᠨ ᠠᠵᠢᠯ ᠢ ᠡᠷᠬᠢᠯᠡᠵᠦ ᠂ 1955 ᠣᠨ ᠪᠣᠯᠲᠠᠯ᠎ᠠ ᠠᠵᠢᠯᠯᠠᠪᠠ᠃ 1957 ᠣᠨ ᠤ 5 ᠰᠠᠷ᠎ᠠ ᠳ᠋ᠤ ᠤᠯᠤᠰ ᠲᠠᠭᠠᠨ ᠪᠤᠴᠠᠵᠤ ᠂ ᠪᠡᠭᠡᠵᠢᠩ ᠳ᠋ᠤ ᠵᠧᠦ ᠡᠳᠯᠠᠶ ᠂ ᠳ᠋ᠧᠩ ᠰᠢᠶᠤᠤ ᠫᠢᠩ ᠵᠡᠷᠭᠡ ᠲᠥᠪ ᠤᠨ ᠤᠳᠤᠷᠢᠳᠬᠤ ᠨᠥᠬᠥᠳ ᠬᠦᠯᠢᠶᠡᠨ ᠠᠪᠴᠤ ᠠᠭᠤᠯᠵᠠᠪᠠ ᠃ 1958 ᠣᠨ ᠤ 3 ᠰᠠᠷ᠎ᠠ ᠳ᠋ᠤ ᠥᠪᠥᠷ ᠮᠣᠩᠭᠣᠯ ᠤᠨ ᠠᠵᠤ ᠦᠢᠯᠡᠳᠪᠦᠷᠢ ᠶ᠋ᠢᠨ ᠲᠢᠩᠬᠢᠮ ᠤᠨ ᠶᠡᠷᠦᠩᠬᠡᠶ ᠢᠨᠵᠧᠨᠧᠷ ᠵᠢᠴᠢ ᠥᠪᠥᠷ ᠮᠣᠩᠭᠣᠯ ᠤᠨ ᠨᠡᠭᠦᠷᠡᠰᠦᠨ ᠤ ᠬᠠᠮᠢᠶᠠᠷᠤᠯᠲᠠ ᠶ᠋ᠢᠨ ᠲᠤᠪᠴᠢᠶᠠᠨ ᠤ ᠳᠡᠳ᠋ ᠲᠣᠪᠴᠢᠶᠠᠨ ᠳᠠᠷᠤᠭ᠎ᠠ ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠶ᠋ᠢᠨ ᠲᠤᠰᠢᠶᠠᠯ ᠢ ᠬᠠᠷᠢᠭᠤᠴᠠᠵᠤ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠶ ᠶ᠋ᠢᠨ ᠪᠦᠳᠦᠭᠡᠨ ᠪᠠᠶᠢᠭᠤᠯᠤᠯᠲᠠ ᠶ᠋ᠢᠨ ᠦᠢᠯᠡᠰ ᠤᠨ ᠲᠥᠯᠥᠭᠡ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠃ ᠹᠦᠸᠸ ᠳ᠋ᠢᠩ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠰᠠᠶᠢᠨ ᠭᠡᠰᠢᠭᠦᠨ ᠂ ᠲᠡᠭᠦᠨ ᠦ 70 ᠭᠠᠷᠤᠶ ᠵᠢᠯ ᠤᠨ ᠬᠤᠪᠢᠰᠬᠠᠯᠲᠤ ᠵᠠᠮ ᠪᠣᠯ ᠡᠬᠡ ᠣᠷᠣᠨ ᠳᠠᠭᠠᠨ ᠦᠨᠡᠨᠴᠢ ᠨᠠᠮ ᠳ᠋ᠠᠭᠠᠨ ᠦᠨᠡᠨᠴᠢ ᠬᠤᠪᠢᠰᠬᠠᠯ ᠤᠨ ᠵᠠᠮ ᠪᠤᠯᠬᠤ ᠶᠤᠮ ᠃