ᠬᠠᠹᠦᠩᠭ᠎ᠠ

ᠬᠠᠹᠦᠩᠭ᠎ᠠ (1908 ︱1970 ) ᠂ ᠥᠭᠡᠷ᠎ᠡ ᠨᠡᠷ᠎ᠡ ᠨᠢ ᠲᠸᠩ ᠱᠢᠤᠢ ᠸᠸᠨ ᠂ ᠮᠣᠩᠭᠣᠯ ᠦᠨᠳᠦᠰᠦᠲᠡᠨ ᠂ 1908 ᠣᠨ ᠳ᠋ᠦ ᠵᠢᠷᠢᠮ ᠠᠶᠢᠮᠠᠭ ᠤᠨ ᠬᠣᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠶᠣᠯᠢᠮᠣᠳᠦ ᠰᠣᠮᠤᠨ ᠤ ᠭᠤᠸᠠᠮᠣᠳᠦ ᠭᠠᠴᠠᠭᠠᠨ ᠤ ᠬᠦᠮᠦᠨ ᠃ ᠲᠡᠷᠡ ᠠᠷᠪᠠᠨ ᠵᠢᠷᠭᠤᠭᠠᠨ ᠨᠠᠰᠤᠨ ᠡᠴᠡ ᠪᠡᠨ ᠡᠬᠢᠯᠡᠨ ᠬᠣᠰᠢᠭᠤᠨ ᠦ ᠵᠠᠰᠠᠭ ᠵᠠᠬᠢᠷᠭᠠᠨ ᠳ᠋ᠤ ᠲᠠᠭᠠᠨ ᠰᠣᠷᠬᠤ ᠪᠢᠴᠢᠭᠡᠴᠢ ᠪᠠᠶᠢᠵᠦ᠂ 1929 ᠣᠨ ᠳ᠋ᠤ ᠮᠦᠭᠳᠡᠨ ᠤ ᠵᠡᠭᠦᠨ ᠬᠣᠶᠢᠲᠤ ᠣᠷᠣᠨ ᠤ ᠮᠣᠩᠭᠣᠯ ᠬᠣᠰᠢᠭᠤᠨ ᠤ ᠪᠠᠭᠰᠢ ᠶ᠋ᠢᠨ ᠰᠤᠷᠭᠠᠭᠤᠯᠢ ᠳ᠋ᠦ ᠰᠤᠷᠤᠯᠴᠠᠪᠠ ᠃ ᠰᠤᠷᠤᠭᠴᠢ ᠶ᠋ᠢᠨ ᠦᠶ᠎ᠡ ᠶ᠋ᠢᠨ ᠬᠠᠹᠦᠩᠭ᠎ᠠ ᠂ ᠭᠣᠮᠢᠨᠳᠠᠩ ᠤᠨ ᠬᠠᠷᠠᠩᠭᠤᠶ ᠨᠣᠶᠠᠷᠬᠠᠯ ᠬᠢᠭᠡᠳ ᠭᠠᠳᠠᠭᠠᠳᠤ ᠶ᠋ᠢᠨ ᠡᠵᠡᠷᠬᠡᠭ ᠲᠦᠷᠢᠮᠡᠬᠡᠶᠢᠲᠡ ᠦᠨ ᠳᠤᠮᠳᠠᠳᠤ ᠤᠯᠤᠰ ᠢ ᠪᠤᠭᠤᠯᠴᠢᠯᠠᠭᠰᠠᠨ ᠪᠠᠶᠢᠳᠠᠯ ᠳ᠋ᠤ ᠮᠠᠰᠢ ᠶᠡᠭᠡ ᠬᠤᠷᠤᠰᠤᠨ᠂ ᠡᠭᠦᠨ ᠡᠴᠠ ᠲᠡᠷᠡ ᠦᠨᠳᠦᠰᠦᠲᠡᠨ ᠢᠶᠡᠨ ᠴᠢᠯᠥᠭᠡᠯᠡᠵᠦ ᠂ ᠳᠤᠮᠳᠠᠳᠤ ᠤᠯᠤᠰ ᠢᠶᠡᠨ ᠬᠥᠭᠵᠢᠭᠦᠯᠦᠨ ᠮᠠᠨᠳᠤᠭᠤᠯᠬᠤ ᠦᠢᠯᠡᠰ ᠢ ᠥᠪᠡᠷ ᠤᠨ ᠬᠦᠰᠡᠯᠡᠩ ᠪᠠ ᠲᠡᠮᠡᠴᠡᠬᠦ ᠬᠠᠷᠠᠯᠲᠠ ᠪᠤᠯᠭᠠᠭᠰᠠᠨ ᠪᠠᠶᠢᠨ᠎ᠠ ᠃ 《 ᠶᠢᠰᠦᠨ ᠰᠠᠷ᠎ᠠ ᠶ᠋ᠢᠨ ᠠᠷᠪᠠᠨ ᠨᠠᠶᠮᠠᠨ 》 ᠤ ᠬᠡᠷᠡᠭ ᠬᠤᠪᠢᠰᠤᠯ ᠤᠨ ᠳᠠᠷᠠᠭ᠎ᠠ ᠂ ᠲᠡᠷᠡ ᠦᠵᠡᠰᠬᠦᠯᠡᠩᠲᠦ ᠰᠠᠶᠢᠬᠠᠨ ᠠᠭᠤᠯᠠ ᠤᠰᠤ ᠬᠡᠰᠡᠭᠯᠡᠭᠳᠡᠨ᠂ ᠠᠷᠠᠳ ᠲᠦᠮᠡᠨ ᠦ ᠠᠮᠢᠳᠤᠷᠠᠯ ᠤᠨ ᠭᠤᠨᠢᠭᠲᠤ ᠪᠠᠶᠢᠳᠠᠯ ᠳᠤ ᠣᠷᠤᠭᠰᠠᠨ ᠢ ᠨᠢᠳᠦ ᠪᠡᠷ ᠢᠶ᠋ᠡᠨ ᠦᠵᠡᠵᠦ ᠲᠤᠶᠢᠯ ᠢᠶᠠᠷ ᠰᠡᠳᠬᠢᠯ ᠡᠪᠬᠡᠷᠡᠬᠦ ᠳ᠋ᠡᠬᠡᠨ《 ᠥᠪᠥᠷ ᠮᠣᠩᠭᠣᠯ ᠢ ᠲᠤᠰᠠᠭᠠᠷᠯᠠᠭᠤᠯᠬᠤ ᠴᠡᠷᠢᠭ 》 ( ᠬᠣᠵᠢᠮ ᠨᠢ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠴᠡᠷᠢᠭ 》 ᠭᠡᠵᠦ ᠦᠭᠡᠷᠡᠴᠢᠯᠡᠵᠡᠢ ) ᠲᠤ ᠤᠷᠤᠯᠴᠠᠵᠤ ᠂ ᠭᠤᠷᠪᠠᠳᠤᠭᠠᠷ ᠠᠷᠮᠢ ᠶ᠋ᠢᠨ ᠨᠠᠷᠢᠨ ᠪᠢᠴᠢᠭ ᠤᠨ ᠳᠠᠷᠤᠭ᠎ᠠ ᠶ᠋ᠢᠨ ᠲᠤᠰᠢᠶᠠᠯ ᠢ ᠬᠠᠷᠢᠭᠤᠴᠠᠪᠠ ᠃ ᠬᠡᠷᠡᠭ ᠳᠡᠭᠡᠷ᠎ᠡ ᠪᠡᠨ ᠡᠨᠡ ᠰᠠᠯᠠᠭ᠎ᠠ ᠴᠡᠷᠢᠭ ᠪᠣᠯ ᠮᠣᠩᠭᠣᠯ ᠤᠨ ᠵᠠᠯᠢᠬᠠᠶ ᠭᠠᠨᠵᠤᠷᠵᠠᠪ ᠤᠨ ᠪᠠᠶᠢᠭᠤᠯᠤᠭᠰᠠᠨ ᠪᠠᠶᠢᠵᠦ᠂ ᠥᠪᠥᠷ ᠮᠣᠩᠭᠣᠯ ᠢ ᠭᠣᠮᠢᠨᠳᠠᠩ ᠤᠨ ᠨᠤᠶᠠᠷᠬᠠᠯ ᠡᠴᠠ ᠵᠠᠳᠠᠷᠠᠭᠤᠯᠵᠤ ᠂ ᠲᠤᠰᠠᠭᠠᠷ ᠲᠤᠭᠲᠠᠨᠢᠬᠤ ᠪᠠᠷ ᠵᠣᠷᠢᠯᠲᠠ ᠪᠣᠯᠭᠠᠵᠤ ᠂ ᠡᠨᠡ ᠬᠦ ᠵᠣᠷᠢᠯᠲᠠ ᠨᠢ ᠮᠦᠭᠳᠡᠨ ᠳ᠋ᠦ ᠪᠠᠶᠢᠭ᠎ᠠ ᠨᠢᠭᠡ ᠪᠦᠯᠦᠭ ᠣᠷᠭᠢᠯᠤᠮ᠎ᠠ ᠬᠠᠯᠠᠭᠤᠨ ᠰᠡᠳᠬᠢᠯᠭᠡ ᠲᠠᠢ ᠰᠤᠷᠤᠭᠴᠢᠳ ᠢ ᠮᠡᠬᠡᠯᠡᠭᠰᠡᠨ ᠪᠠᠶᠢᠨ᠎ᠠ᠂ ᠡᠭᠦᠨ ᠳ᠋ᠦ ᠬᠠᠹᠦᠩᠭ᠎ᠠ ᠴᠤ ᠪᠠᠭᠲᠠᠨ᠎ᠠ ᠃ ᠡᠨᠡ ᠦᠶ᠎ᠡ ᠳ᠋ᠤ ᠂ ᠮᠣᠰᠺᠸᠠ ᠶ᠋ᠢᠨ ᠳᠣᠷᠣᠨᠠᠳᠠᠬᠢᠨ ᠦ ᠶᠡᠬᠡ ᠰᠤᠷᠭᠠᠭᠤᠯᠢ ᠡᠴᠡ ᠪᠤᠴᠠᠵᠤ ᠢᠷᠡᠭᠰᠡᠨ ᠨᠠᠶᠢᠵᠠ ᠫᠣᠩᠰᠤᠭ ᠪᠠ ᠲᠡᠮᠦᠷᠪᠠᠭᠠᠨ᠎ᠠ《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠴᠡᠷᠢᠭ 》 ᠪᠠᠶᠢᠭᠤᠯᠤᠭᠳᠠᠭᠰᠠᠨ ᠢ ᠰᠤᠨᠤᠰᠤᠭᠠᠳ ᠪᠠᠶᠢᠳᠠᠯ ᠢ ᠮᠡᠳᠡᠬᠦ ᠪᠡᠷ ᠢᠷᠡᠵᠦ᠂ ᠬᠤᠪᠢ ᠲᠠᠪᠢᠯᠠᠩ ᠲᠠᠢ ᠪᠠᠷ ᠬᠠᠹᠦᠩᠭ᠎ᠠ ᠲᠠᠢ ᠲᠠᠨᠢᠯᠴᠠᠭᠰᠠᠨ ᠪᠠᠶᠢᠨ᠎ᠠ᠃ ᠡᠨᠡ ᠭᠤᠷᠪᠠᠨ ᠠᠯᠤᠰ ᠤᠨ ᠪᠤᠳᠤᠯᠭ᠎ᠠ ᠲᠠᠢ ᠬᠦᠮᠦᠰ ᠶᠠᠷᠢᠯᠴᠠᠬᠤ ᠳ᠋ᠤ ᠪᠠᠨ ᠮᠠᠰᠢ ᠤᠷᠮ᠎ᠠ ᠲᠠᠢ ᠪᠠᠶᠢᠵᠦ ᠂ ᠲᠡᠳᠡᠨ ᠤ ᠰᠤᠳᠤᠯᠭᠠᠨ ᠤ ᠦᠵᠡᠬᠦ ᠪᠡᠷ ᠂ ᠨᠢᠭᠡ ᠦᠢᠯᠡᠰ ᠢ ᠪᠦᠲᠦᠭᠡᠶ᠎ᠡ ᠭᠡᠪᠡᠯ ᠡᠷᠬᠡᠪᠰᠢ ᠵᠣᠬᠢᠬᠤ ᠵᠡᠪᠰᠡᠭᠲᠦ ᠬᠦᠴᠦᠨ ᠪᠠᠶᠢᠬᠤ ᠬᠡᠷᠡᠭᠲᠡᠢ ᠭᠡᠵᠠᠢ ᠃ ᠲᠤᠬᠠᠶ ᠶ᠋ᠢᠨ ᠦᠢ᠎ᠡ ᠳ᠋ᠦ ᠂ ᠬᠠᠹᠦᠩᠭ᠎ᠠ ᠶ᠋ᠢᠨ ᠠᠪᠤ ᠨᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠴᠡᠷᠢᠭ ᠤᠨ ᠬᠣᠶᠠᠳᠤᠭᠠᠷ ᠴᠡᠷᠢᠭ ᠤᠨ ᠳᠠᠷᠤᠭ᠎ᠠ ᠮᠦᠨ ᠃ ᠢᠩᠭᠢᠬᠦᠯᠡᠷ ᠂ ᠬᠠᠹᠦᠩᠭ᠎ᠠ ᠡᠨᠡ ᠬᠦ ᠠᠰᠢᠭᠲᠠᠶ ᠨᠥᠬᠥᠴᠡᠯ ᠢ ᠠᠰᠢᠭᠯᠠᠨ ᠂ ᠲᠡᠮᠦᠷᠪᠠᠭᠠᠨ᠎ᠠ ᠶ᠋ᠢ ᠠᠪᠤ ᠶ᠋ᠢᠨ ᠢᠶ᠋ᠡᠨ ᠳᠡᠷᠭᠡᠳᠡ ᠲᠤᠬᠢᠷᠠᠭᠤᠯᠵᠤ ᠂ ᠱᠲ᠋ᠠᠪᠴᠢ ᠶ᠋ᠢᠨ ᠲᠤᠰᠢᠶᠠᠯ ᠤᠯᠭᠤᠵᠠᠢ᠃ ᠡᠨᠡ ᠨᠢ ᠳᠡᠲᠡᠨ ᠤ ᠬᠤᠪᠢᠰᠬᠠᠯᠲᠤ ᠠᠵᠢᠯᠯᠠᠭ᠎ᠠ ᠬᠢᠬᠦ ᠳ᠋ᠦ ᠲᠤᠷᠰᠢᠯᠭ᠎ᠠ ᠬᠠᠩᠭᠠᠭᠰᠠᠨ ᠪᠠᠶᠢᠨ᠎ᠠ ᠃ 1932 ᠣᠨ ᠤ 4 ᠰᠠᠷ᠎ᠠ ᠳ᠋ᠤ᠂ ᠬᠠᠹᠦᠩᠭ᠎ᠠ ᠡᠴᠠ ᠥᠪᠥᠷ ᠮᠣᠩᠭᠣᠯ ᠤᠨ ᠠᠷᠠᠳ ᠤᠨ ᠬᠤᠪᠢᠰᠬᠠᠯᠲᠤ ᠨᠠᠮ ᠳ᠋ᠤ ᠤᠷᠤᠯᠴᠠᠵᠤ ᠂ ᠡᠨᠡ ᠵᠢᠯ ᠠᠯᠳᠠᠷᠲᠤ ︽ ᠬᠦᠭᠡ ᠲᠤᠬ ᠤᠨ ᠳᠠᠭᠤᠯᠤᠯ ︾ ᠢ ᠪᠢᠴᠢᠭᠰᠡᠨ ᠪᠠᠶᠢᠨ᠎ᠠ᠃ ᠲᠤᠬᠠᠢ ᠶ᠋ᠢᠨ ᠦᠶ᠎ᠡ ᠶ᠋ᠢᠨ ᠪᠠᠶᠢᠳᠠᠯ ᠪᠠ ᠬᠤᠪᠢᠰᠬᠠᠯ ᠤᠨ ᠬᠡᠷᠡᠭᠴᠡᠭᠡ ᠡᠴᠡ ᠪᠤᠯᠵᠤ᠂ ᠵᠣᠬᠢᠶᠠᠨ ᠪᠠᠢ᠌ᠭᠤᠯᠤᠯᠲᠠ ᠡᠴᠠ ᠲᠡᠭᠦᠨ ᠢ ᠲᠤᠮᠢᠯᠠᠨ ᠬᠠᠭᠤᠷᠮᠠᠭ ᠵᠠᠰᠠᠭ ᠤᠨ ᠣᠷᠳᠤᠨ ᠳ᠋ᠤ ᠠᠵᠢᠯᠯᠠᠭᠤᠯᠵᠦ ᠬᠠᠭᠤᠷᠮᠠᠭ ᠮᠠᠨᠵᠤ ᠶ᠋ᠢᠨ ᠨᠤᠶᠠᠨ ᠤ ᠪᠡᠶ᠎ᠡ ᠭᠡᠮ ᠢᠶᠠᠷ ᠬᠠᠯᠬᠠᠪᠴᠢ ᠪᠤᠯᠭᠠᠵᠦ ᠂ ᠨᠢᠭᠤᠴᠠ ᠠᠵᠢᠯ ᠥᠷᠨᠢᠭᠦᠯᠵᠡᠶ ᠃ ᠲᠡᠷᠡ ᠤᠷᠢᠳ ᠬᠣᠵᠢᠳ ᠬᠠᠭᠤᠷᠮᠠᠭ ᠮᠠᠨᠵᠤ ᠶ᠋ᠢᠨ ᠬᠢᠩᠭᠠᠨ ᠪᠠᠷᠠᠭᠤᠨ ᠮᠤᠵᠢ ᠂ ᠬᠢᠩᠭᠠᠨ ᠲᠣᠪᠴᠢᠶ᠎ᠠ ᠂ ᠬᠠᠭᠤᠷᠮᠠᠭ ᠮᠠᠨᠵᠤ ᠤᠯᠤᠰ ᠤᠨ ᠲᠥᠷᠥ ᠶ᠋ᠢᠨ ᠶᠠᠪᠤᠳᠠᠯ ᠤᠨ ᠬᠤᠷᠢᠶ᠎ᠠ ᠂ ᠬᠢᠩᠭᠠᠨ ᠶᠡᠷᠦᠩᠬᠡᠶ ᠮᠤᠵᠢ ᠶ᠋ᠢᠨ ᠵᠠᠬᠢᠷᠭ᠎ᠠ ᠂ ᠬᠠᠭᠤᠷᠮᠠᠭ ᠮᠠᠨᠵᠤ ᠤᠯᠤᠰ ᠤᠨ ᠶᠠᠫᠣᠨ ᠳᠤ ᠰᠠᠭᠤᠭ᠎ᠠ ᠡᠯᠴᠢᠨ ᠰᠠᠶᠢᠳ ᠤᠨ ᠭᠠᠵᠠᠷ ᠤᠨ ᠨᠠᠷᠢᠨ ᠪᠢᠴᠢᠭᠡᠴᠢ ᠂ ᠵᠥᠪᠳᠡᠭᠴᠢ ᠳᠠᠷᠤᠭ᠎ᠠ ᠂ ᠬᠡᠷᠡᠭ ᠡᠷᠬᠢᠯᠡᠭᠴᠢ ᠳᠠᠷᠤᠭ᠎ᠠ ᠵᠡᠷᠭᠡ ᠲᠤᠰᠢᠶᠠᠯ ᠢ ᠬᠠᠷᠢᠭᠤᠴᠠᠵᠤ ᠪᠠᠶᠢᠵᠠᠶ ᠃ ᠡᠷᠬᠡ ᠲᠤᠰᠢᠶᠠᠯ ᠤᠨ ᠢᠶᠡᠨ ᠲᠦᠬᠦᠮ ᠢ ᠠᠰᠢᠭᠯᠠᠨ ᠂ ᠲᠡᠷᠡ ᠶᠠᠫᠣᠨ ᠢ ᠡᠰᠡᠷᠭᠦᠴᠡᠬᠦ ᠶ᠋ᠢᠨ ᠲᠥᠯᠥᠭᠡ ᠯᠤᠲᠤ ᠶᠡᠬᠡ ᠬᠤᠪᠢ ᠨᠡᠮᠡᠷᠢ ᠪᠡᠨ ᠦᠵᠡᠭᠦᠯᠦᠭᠰᠡᠨ ᠪᠠᠶᠢᠨ᠎ᠠ ᠃ ᠲᠡᠷᠡ ᠬᠠᠭᠤᠷᠮᠠᠭ ᠮᠠᠨᠵᠤ ᠤᠯᠤᠰ ᠤᠨ ᠦᠶ᠎ᠡ ᠳ᠋ᠤ ᠶᠠᠫᠣᠨ ᠳ᠋ᠤ ᠰᠠᠭᠤᠭ᠎ᠠ ᠡᠯᠴᠢᠨ ᠰᠠᠶᠢᠳ ᠤᠨ ᠭᠠᠵᠠᠷ ᠤᠨ ᠠᠵᠢᠯ ᠳᠤ ᠪᠠᠶᠢᠬᠤ ᠳ᠋ᠠᠭᠠᠨ ᠤᠯᠤᠰ ᠤᠨ ᠳᠣᠲᠣᠭᠠᠳᠤ ᠶ᠋ᠢᠨ ᠨᠢᠭᠡᠨ ᠵᠠᠬᠢᠳᠠᠯ ᠢ ᠤᠯᠤᠭᠰᠠᠨ ᠪᠠᠶᠢᠨ᠎ᠠ ᠃ ᠵᠠᠬᠢᠳᠠᠯ ᠢ ᠪᠢᠲᠡᠭᠦᠦ ᠦᠭᠡ ᠪᠠᠷ ᠪᠢᠴᠢᠭᠳᠡᠵᠦ ᠂ ᠨᠠᠮ ᠤᠨ ᠨᠢᠭᠤᠴᠠ ᠠᠵᠢᠯᠲᠠᠨ ᠲᠡᠮᠦᠷᠪᠠᠭᠠᠨ᠎ᠠ ᠪᠠᠷᠢᠪᠴᠢᠯᠠᠭᠳᠠᠭᠰᠠᠨ ᠢ ᠮᠡᠳᠡᠭᠳᠡᠭᠰᠡᠨ ᠪᠠᠶᠢᠨ᠎ᠠ ᠃ ᠬᠠᠹᠦᠩᠭ᠎ᠠ ᠲᠡᠷᠡᠷ ᠳᠠᠷᠤᠢ ᠳ᠋ᠤ ᠨᠢ ᠨᠢᠭᠡᠨ ᠭᠠᠳᠠᠭᠠᠳᠦ ᠳ᠋ᠤ ᠰᠤᠷᠤᠯᠴᠠᠵᠤ ᠪᠠᠶᠢᠭ᠎ᠠ ᠤᠬᠠᠭᠠᠨ ᠰᠠᠮᠠᠭᠤᠷᠠᠭᠰᠠᠨ ᠰᠤᠷᠤᠭᠴᠢ ᠶ᠋ᠢ ᠬᠠᠮᠠᠭᠠᠯᠠᠨ ᠬᠦᠷᠭᠡᠬᠦ ᠭᠡᠰᠡᠨ ᠨᠡᠷ᠎ᠡ ᠪᠡᠷ ᠤᠯᠤᠰ ᠲᠠᠭᠠᠨ ᠪᠤᠴᠠᠨ ᠢᠷᠡᠪᠡ ᠃ ᠳᠠᠯᠳᠠᠭᠤᠷ ᠬᠦᠮᠦᠨ ᠲᠤᠮᠢᠯᠠᠨ ᠶᠠᠫᠣᠨ ᠬᠥᠮᠦᠨ ᠲᠠᠢ ᠨᠡᠯᠢᠶᠡᠳ ᠰᠠᠢᠢᠨ ᠬᠠᠷᠢᠴᠠᠭ᠎ᠠ ᠲᠠᠢ ᠬᠦᠮᠦᠨ ᠢ ᠲᠤᠮᠢᠯᠠᠵᠤ ᠠᠭᠤᠯᠵᠠᠭᠤᠯᠤᠨ ᠲᠡᠮᠦᠷᠪᠠᠭᠠᠨ᠎ᠠ ᠶᠢ ᠪᠠᠲᠤᠯᠠᠵᠤ ᠰᠤᠯᠠᠯᠠᠭᠤᠯᠤᠭᠰᠠᠨ ᠶᠤᠮ ᠃ 《 ᠨᠠᠢᠮᠠᠳᠤᠭᠠᠷ ᠰᠠᠷ᠎ᠠ ᠶ᠋ᠢᠨ ᠠᠷᠪᠠᠨ ᠲᠠᠪᠤᠨ 》 ᠴᠢᠯᠥᠭᠡᠯᠡᠭᠳᠡᠭᠰᠡᠨ ᠦ ᠳᠠᠷᠠᠭ᠎ᠠ ᠂ ᠬᠠᠹᠦᠩᠭ᠎ᠠ ᠡᠴᠡ ᠭᠣᠮᠢᠨᠳᠠᠩ ᠤᠨ ᠢᠯᠵᠠᠷᠠᠮᠠᠯ ᠨᠣᠶᠠᠷᠬᠠᠯ ᠡᠴᠠ ᠠᠩᠬᠢᠵᠠᠷᠠᠭᠤᠯᠬᠤ ᠠᠵᠢᠯᠯᠠᠭ᠎ᠠ ᠳ᠋ᠤ ᠤᠷᠤᠯᠴᠠᠨ ᠂ ᠮᠠᠨ ᠤᠨ ᠠᠮ ᠤᠨ ᠥᠪᠥᠷ ᠮᠣᠩᠭᠣᠯ ᠤᠨ ᠵᠡᠭᠦᠨ ᠬᠡᠰᠡᠭ ᠤᠨ ᠭᠠᠵᠠᠷ ᠣᠷᠣᠨ ᠂ ᠵᠡᠭᠦᠨ ᠬᠣᠶᠢᠲᠤ ᠣᠷᠣᠨ ᠳ᠋ᠦ ᠬᠤᠪᠢᠰᠬᠠᠯ ᠤᠨ ᠰᠠᠭᠤᠷᠢᠨ ᠭᠠᠵᠠᠷ ᠪᠠᠶᠢᠭᠤᠯᠬᠤ ᠳ᠋ᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠃ 1948 ᠣᠨ ᠤ 8 ᠰᠠᠷ᠎ᠠ ᠶᠢᠨ18 ᠦ ᠡᠳᠦᠷ᠂ ᠸᠠᠩ ᠤᠨ ᠰᠦᠮ᠎ᠡ ᠳ᠋ᠤ《 ᠥᠪᠥᠷ ᠮᠣᠩᠭᠣᠯ ᠤᠨ ᠠᠷᠠᠳ ᠤᠨ ᠴᠢᠯᠥᠭᠡᠯᠡᠬᠦ ᠲᠤᠩᠬᠠᠭ 》 ᠨᠡᠶᠢᠲᠡᠯᠡᠵᠦ ᠂ 《 ᠥᠪᠥᠷ ᠮᠣᠩᠭᠣᠯ ᠤᠨ ᠠᠷᠠᠳ ᠲᠦᠮᠡᠨ ᠤ ᠴᠢᠯᠦᠭᠡᠯᠡᠯᠲᠡ ᠶ᠋ᠢᠨ ᠵᠦᠪᠯᠡᠯ 》 ᠵᠤᠬᠢᠶᠠᠨ ᠪᠠᠶᠢᠭᠤᠯᠵᠤ ᠂ ᠥᠪᠥᠷ ᠮᠣᠩᠭᠣᠯ ᠤᠨ ᠠᠷᠠᠳ ᠤᠨ ᠬᠤᠪᠢᠰᠬᠠᠯᠲᠤ ᠨᠠᠮ ᠢ ᠰᠡᠷᠭᠦᠭᠡᠵᠦ ᠂ ᠵᠡᠭᠦᠨ ᠮᠣᠩᠭᠣᠯ ᠤᠨ ᠶᠡᠷᠦᠩᠬᠡᠶ ᠵᠠᠬᠢᠷᠭ᠎ᠠ ᠪᠠᠶᠢᠭᠤᠯᠵᠤ ᠂ ᠬᠠᠹᠦᠩᠭ᠎ᠠ ᠨᠠᠷᠢᠨ ᠪᠢᠴᠢᠭ ᠤᠨ ᠳᠠᠷᠤᠭ᠎ᠠ ᠢᠶᠠᠷ ᠰᠤᠩᠭᠤᠭᠳᠠᠵᠠᠢ ᠃ ᠳᠠᠬᠢᠨ ᠪᠠᠶᠢᠭᠤᠯᠤᠭᠳᠠᠭᠰᠠᠨ ᠤ ᠳᠠᠷᠠᠭᠠᠬᠢ ᠥᠪᠥᠷ ᠮᠣᠩᠭᠣᠯ ᠤᠨ ᠠᠷᠠᠳ ᠤᠨ ᠬᠤᠪᠢᠰᠬᠠᠯᠲᠤ ᠨᠠᠮ ᠤᠨ ᠵᠡᠭᠦᠨ ᠮᠣᠩᠭᠣᠯ ᠤᠨ ᠬᠤᠷᠢᠶ᠎ᠠ ᠬᠦᠮᠦᠨ ᠲᠤᠮᠢᠯᠠᠨ ᠴᠠᠩᠴᠦ᠋ᠨ ᠳᠤ ᠬᠦᠷᠴᠦ ᠵᠦᠪᠯᠡᠯᠳᠦ ᠬᠣᠯᠪᠣᠭᠠᠲᠤ ᠤᠯᠤᠰ ᠤᠨ ᠤᠯᠠᠭᠠᠨ ᠴᠡᠷᠢᠭ ᠲᠠᠢ ᠬᠠᠷᠢᠴᠠᠭ᠎ᠠ ᠬᠣᠯᠪᠣᠭ᠎ᠠ ᠠᠪᠴᠤ ᠂ ᠬᠣᠶᠠᠷ ᠲᠠᠯ᠎ᠠ ᠪᠠᠷ ᠪᠠᠨ ᠰᠠᠨᠠᠯ ᠨᠢᠭᠡᠳᠦᠭᠰᠡᠨ ᠪᠠᠶᠢᠨ᠎ᠠ ᠄ ᠳᠠᠷᠤᠢ ᠵᠦᠪᠯᠡᠯᠳᠦ ᠬᠣᠯᠪᠣᠭᠠᠲᠤ ᠤᠯᠤᠰ ᠡᠴᠠ ᠣᠯᠵᠠᠯᠠᠭᠳᠠᠭᠰᠠᠨ ᠤᠨ ᠬᠠᠭᠤᠷᠮᠠᠭ ᠴᠡᠷᠢᠭ ᠤᠨ ᠳᠤᠲᠤᠷᠠᠬᠢ ᠮᠣᠩᠭᠣᠯ ᠪᠠᠶᠢᠯᠳᠤᠭᠴᠢ ᠶ᠋ᠢ ᠰᠤᠯᠠᠯᠠᠵᠦ ᠂ ᠵᠡᠪᠰᠡᠭ ᠣᠯᠭᠣᠵᠤ ᠂ ᠵᠡᠪᠰᠡᠭᠲᠦ ᠬᠦᠴᠦᠨ ᠢ ᠪᠠᠶᠢᠭᠤᠯᠬᠤ ᠬᠡᠷᠡᠭᠲᠡᠢ ᠭᠡᠰᠡᠨ ᠪᠠᠶᠢᠨ᠎ᠠ᠃ ᠡᠨᠡ ᠬᠦ ᠵᠡᠪᠰᠡᠭᠲᠦ ᠴᠡᠷᠢᠭ ᠠᠩᠬᠢ ᠨᠢ ᠥᠪᠥᠷ ᠮᠣᠩᠭᠣᠯ ᠤᠨ ᠵᠡᠭᠦᠨ ᠬᠡᠰᠡᠭ ᠤᠨ ᠭᠠᠵᠠᠷ ᠣᠷᠣᠨ ᠪᠣᠯᠤᠨ ᠪᠠᠶ ᠴᠧᠩ ᠣᠷᠴᠢᠮ ᠢᠶᠠᠷ ᠠᠶᠠᠯᠠᠨ ᠳᠡᠭᠡᠷᠡᠮ ᠢ ᠤᠰᠠᠳᠬᠠᠬᠤ ᠠᠵᠢᠯᠯᠠᠭ᠎ᠠ ᠬᠢᠵᠦ ᠂ ᠲᠡᠨᠳᠡᠬᠢ ᠨᠡᠶᠢᠭᠡᠮ ᠤᠨ ᠡᠮᠬᠢ ᠵᠢᠷᠤᠮ ᠢ ᠲᠣᠭᠲᠠᠪᠤᠷᠢᠵᠢᠭᠤᠯᠬᠤ ᠶ᠋ᠢᠨ ᠲᠥᠯᠥᠭᠡ ᠪᠠ ᠡᠳᠡᠭᠡᠷ ᠭᠠᠵᠠᠷ ᠣᠷᠣᠨ ᠢ ᠴᠢᠯᠦᠭᠡᠯᠡᠬᠦ ᠳ᠋ᠦ ᠴᠢᠬᠤᠯᠠ ᠶᠡᠬᠡ ᠦᠢᠯᠡᠳᠦᠯ ᠢᠶ᠋ᠡᠨ ᠪᠠᠳᠠᠷᠠᠭᠤᠯᠵᠠᠶ ᠃ ᠬᠣᠵᠢᠮ ᠨᠢ ᠡᠨᠡ ᠬᠦ ᠵᠡᠪᠰᠡᠭᠲᠦ ᠴᠡᠷᠢᠭ ᠠᠩᠬᠢ ᠪᠠᠷ ᠰᠠᠭᠤᠷᠢ ᠪᠣᠯᠭᠠᠵᠤ ᠂ ᠥᠪᠥᠷ ᠮᠣᠩᠭᠣᠯ ᠤᠨ ᠮᠣᠷᠢᠲᠤ ᠴᠡᠷᠢᠭ ᠤᠨ 1 ᠳ᠋ᠦᠭᠡᠷ ᠳ᠋ᠢᠸᠢᠽᠢ ᠢ ᠪᠠᠶᠢᠭᠤᠯᠤᠭᠰᠠᠨ ᠪᠠᠶᠢᠨ᠎ᠠ ᠃ ᠡᠨᠡ ᠦᠶ᠎ᠡ ᠳ᠋ᠤ ᠮᠠᠨ ᠤ ᠨᠠᠮ ᠸᠠᠩ ᠤᠨ ᠰᠦᠮ᠎ᠡ ᠳ᠋ᠤ ᠨᠠᠢᠮᠠᠳᠤᠭᠠᠷ ᠵᠠᠮ ᠤᠨ ᠴᠡᠷᠢᠭ ᠤᠨ ᠬᠡᠷᠡᠭ ᠡᠷᠬᠢᠯᠡᠬᠦ ᠭᠠᠵᠠᠷ ᠭᠠᠷᠭᠠᠪᠠ ᠃1946 ᠣᠨ ᠤ 1 ᠰᠠᠷ᠎ᠠ ᠳ᠋ᠤ ᠂ ᠭᠡᠭᠡᠨ ᠰᠦᠮ᠎ᠡ ᠳ᠋ᠤ ᠪᠤᠴᠠᠨ ᠢᠷᠡᠭᠡᠳ ᠬᠤᠷᠠᠯ ᠬᠤᠷᠠᠯᠳᠤᠭᠤᠯᠵᠤ ᠂ ᠵᠡᠭᠦᠨ ᠮᠣᠩᠭᠣᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠢ ᠪᠠᠶᠢᠭᠤᠯᠤᠭᠳᠠᠭᠰᠠᠨ ᠪᠠᠶᠢᠨ᠎ᠠ ᠃ ᠬᠠᠹᠦᠩᠭ᠎ᠠ ᠨᠠᠷᠢᠨ ᠪᠢᠴᠢᠭ ᠤᠨ ᠳᠠᠷᠤᠭ᠎ᠠ ᠶ᠋ᠢᠨ ᠲᠤᠰᠢᠶᠠᠯ ᠢ ᠬᠠᠷᠢᠭᠤᠴᠠᠪᠠ ᠃ ᠡᠭᠦᠨ ᠤ ᠤᠯᠠᠮ ᠡᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠵᠡᠭᠦᠨ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠢ ᠦᠷᠨᠢᠭᠦᠯᠦᠭᠰᠡᠨ ᠪᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠳᠠᠬᠤ ᠳ᠋ᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ ᠃ 1946 ᠣᠨ ᠦ 4 ᠰᠠᠷ᠎ᠠ ᠳ᠋ᠦ ᠂ ᠬᠠᠹᠦᠩᠭ᠎ᠠ ᠵᠡᠭᠦᠨ ᠮᠣᠩᠭᠣᠯ ᠤᠨ ᠲᠥᠯᠥᠭᠡᠯᠡᠭᠴᠢ ᠶ᠋ᠢᠨ ᠨᠢᠭᠡ ᠪᠣᠯᠤᠭᠰᠠᠨ ᠦ ᠬᠤᠪᠢ ᠳᠤ ᠂ ᠴᠧᠩᠳ᠋ᠧ ᠳ᠋ᠦ ᠬᠤᠷᠠᠯᠳᠤᠭᠤᠯᠤᠭᠰᠠᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠢ ᠨᠢᠭᠡᠳᠬᠡᠬᠦ ᠬᠤᠷᠠᠯ ᠳ᠋ᠦ ᠤᠷᠤᠯᠴᠠᠭᠰᠠᠨ ᠪᠠᠶᠢᠨ᠎ᠠ᠃ ᠬᠤᠷᠠᠯ ᠳᠡᠭᠡᠷ᠎ᠡ ᠂ ᠲᠡᠷᠡ ᠢᠳᠡᠪᠬᠢᠲᠡᠶ ᠪᠡᠷ ᠨᠠᠮ ᠤᠨ ᠤᠳᠤᠷᠢᠳᠤᠯᠭ᠎ᠠ ᠳᠣᠣᠷᠠᠬᠢ ᠥᠪᠥᠷ ᠮᠣᠩᠭᠣᠯ ᠣᠷᠣᠨ ᠤ ᠥᠪᠡᠷᠲᠡᠭᠡᠨ ᠵᠠᠰᠠᠬᠤ ᠢ ᠬᠡᠷᠡᠭᠵᠢᠬᠦᠯᠬᠦ ᠶ᠋ᠢ ᠬᠦᠷᠢᠶᠡᠯᠡᠵᠦ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠢᠶᠠᠷ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠨᠢᠭᠡᠳᠦᠯᠲᠡᠶ ᠤᠳᠤᠷᠢᠳᠬᠤ ᠪᠠᠶᠢᠭᠤᠯᠤᠯᠭ᠎ᠠ ᠪᠣᠯᠭᠠᠬᠤ ᠵᠡᠷᠭᠡ ᠠᠭᠤᠯᠭ᠎ᠠ ᠶᠢ ᠬᠦᠯᠢᠶᠠᠨ ᠠᠪᠤᠭᠰᠠᠨ ᠪᠠᠶᠢᠨ᠎ᠠ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠤᠨ ᠪᠠᠶᠢᠩᠭᠤ ᠶ᠋ᠢᠨ ᠭᠡᠰᠢᠭᠦᠨ ᠂ ᠬᠣᠯᠪᠣᠭᠠᠲᠤ ᠬᠤᠷᠠᠯ ᠤᠨ ᠤᠬᠠᠭᠤᠯᠬᠤ ᠬᠡᠯᠲᠡᠰ ᠤᠨ ᠳᠠᠷᠤᠭ᠎ᠠ ᠂ ᠵᠡᠭᠦᠨ ᠮᠣᠩᠭᠣᠯ ᠤᠨ ᠶᠡᠷᠦᠩᠬᠡᠶ ᠬᠤᠪᠢᠶᠠᠷᠢ ᠬᠤᠷᠠᠯ ᠤᠨ ᠡᠷᠬᠢᠯᠡᠭᠴᠢ ᠪᠣᠯᠪᠠ ᠃ ᠬᠤᠷᠠᠯ ᠤᠨ ᠬᠤᠭᠤᠴᠠᠭᠠᠨ ᠳ᠋ᠤ ᠂ ᠤᠯᠠᠭᠠᠨᠬᠦᠦ ᠂ ᠯᠢᠦ ᠴᠦᠨ ᠤ ᠲᠠᠨᠢᠯᠴᠠᠭᠤᠯᠭ᠎ᠠ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠳ᠋ᠤ ᠤᠷᠤᠪᠠ ᠃ ᠬᠤᠷᠠᠯ ᠤᠨ ᠲᠠᠷᠠᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠮᠤᠵᠢ ᠶ᠋ᠢᠨ ᠠᠵᠢᠯᠯᠠᠬᠤ ᠬᠣᠷᠢᠶ᠎ᠠ ᠶ᠋ᠢᠨ ᠭᠡᠰᠢᠭᠦᠨ ᠂ ᠬᠢᠩᠭᠠᠨ ᠮᠤᠵᠢ ᠶ᠋ᠢᠨ ᠵᠠᠰᠠᠭ ᠤᠨ ᠣᠷᠳᠣᠨ ᠤ ᠭᠡᠰᠢᠭᠦᠨ ᠂ ᠬᠢᠩᠭᠠᠨ ᠴᠡᠷᠢᠭ ᠤᠨ ᠲᠣᠭᠣᠷᠢᠭ ᠤᠨ ᠤᠯᠤᠰ ᠲᠦᠷᠦ ᠶ᠋ᠢᠨ ᠭᠡᠰᠢᠭᠦᠨ ᠵᠡᠷᠭᠡ ᠲᠤᠰᠢᠶᠠᠯ ᠢ ᠬᠠᠷᠢᠭᠤᠴᠠᠵᠤ ᠂ ᠨᠠᠮ ᠤᠨ ᠤᠳᠤᠷᠢᠳᠤᠯᠭ᠎ᠠ ᠳᠣᠣᠷ᠎ᠠ ᠂ ᠤᠯᠡᠠ ᠲᠦᠮᠡᠨ ᠢ ᠰᠠᠶᠢᠲᠤᠷ ᠳᠠᠶᠢᠴᠢᠯᠠᠵᠦ ᠂ ᠦᠨᠳᠦᠰᠦᠲᠡᠨ ᠤ ᠥᠪᠡᠷᠲᠡᠭᠡᠨ ᠵᠠᠰᠠᠬᠤ ᠬᠥᠳᠡᠯᠭᠡᠭᠡᠨ ᠢ ᠭᠦᠨᠵᠡᠭᠡᠶ ᠥᠷᠨᠢᠭᠦᠯᠵᠦ ᠂ ᠵᠠᠯᠢᠬᠠᠶᠢᠴᠤᠳ ᠢ ᠡᠰᠡᠷᠭᠦᠴᠡᠨ ᠠᠷᠢᠭᠤᠳᠬᠠᠨ ᠪᠤᠳ᠋ᠤᠬᠤ ᠲᠡᠮᠡᠴᠡᠯ ᠪᠠ ᠭᠠᠵᠠᠷ ᠲᠠᠷᠢᠶᠠᠨ ᠤ ᠥᠭᠡᠷᠡᠴᠢᠯᠡᠯᠲᠡ ᠶ᠋ᠢᠨ ᠬᠥᠳᠡᠯᠭᠡᠭᠡᠨ ᠳ᠋ᠦ ᠢᠳᠡᠪᠬᠢᠲᠡᠶ ᠤᠷᠤᠯᠴᠠᠭᠰᠠᠨ ᠪᠦᠭᠡᠳ ᠠᠮᠧᠷᠢᠺᠠ ᠵᠢᠶᠠᠩ ᠵᠢᠶᠸ ᠱᠢ ᠶ᠋ᠢᠨ ᠲᠡᠷᠰᠯᠡᠭᠦᠴᠦᠳ ᠪᠠ ᠦᠨᠳᠦᠰᠦᠲᠡᠨ ᠢ ᠬᠠᠭᠠᠴᠠᠭᠤᠯᠬᠤ ᠡᠲᠡᠭᠡᠳ ᠲᠠᠢ ᠡᠷᠡᠰ ᠲᠡᠮᠡᠴᠡᠯ ᠬᠢᠵᠦ ᠂ ᠬᠠᠭᠤᠴᠢᠨ ᠵᠠᠰᠠᠭ ᠢ ᠥᠭᠡᠷᠡᠴᠢᠯᠡᠬᠦ ᠪᠠ ᠠᠷᠠᠳ ᠤᠨ ᠵᠡᠪᠰᠡᠭᠲᠦ ᠬᠦᠴᠦᠨ ᠢ ᠪᠠᠶᠢᠭᠤᠯᠬᠤ ᠳᠤ ᠯᠤᠲᠤ ᠶᠡᠬᠡ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠤ ᠳᠠᠷᠠᠭ᠎ᠠ ᠂ ᠲᠡᠷᠡ ᠤᠷᠢᠳ ᠬᠣᠵᠢᠳ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠭᠡᠰᠢᠭᠦᠨ ᠂ ᠤᠬᠠᠭᠤᠯᠬᠤ ᠬᠡᠯᠲᠡᠰ ᠦᠨ ᠣᠷᠤᠯᠠᠭᠴᠢ ᠳᠠᠷᠤᠭ᠎ᠠ ᠪᠠᠶᠢᠭᠰᠠᠨ ᠪᠥᠭᠡᠳ ᠰᠤᠷᠭᠠᠨ ᠬᠥᠮᠦᠵᠢᠯ ᠤᠨ ᠬᠡᠯᠲᠡᠰ ᠤᠨ ᠳᠠᠷᠤᠭ᠎ᠠ ᠂ ᠰᠣᠶᠣᠯ ᠰᠤᠷᠭᠠᠨ ᠬᠥᠮᠦᠵᠢᠯ ᠤᠨ ᠺᠣᠮᠢᠰ ᠤᠨ ᠡᠷᠬᠢᠯᠡᠭᠴᠢ ᠵᠡᠷᠭᠡ ᠲᠤᠰᠢᠶᠠᠯ ᠢ ᠬᠠᠷᠢᠭᠤᠴᠠᠵᠤ ᠪᠠᠶᠢᠪᠠ ᠃ ᠥᠪᠡᠷᠲᠡᠭᠡᠨ ᠵᠠᠰᠠᠬᠤ ᠣᠷᠣᠨ ᠤ ᠪᠦᠳᠦᠭᠡᠨ ᠪᠠᠶᠢᠭᠤᠯᠤᠯᠲᠠ ᠂ ᠦᠨᠳᠦᠰᠦᠲᠡᠨ ᠦ ᠪᠦᠯᠬᠦᠮᠳᠡᠯ ᠢ ᠪᠡᠬᠢᠵᠢᠭᠦᠯᠬᠦ ᠶ᠋ᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠦ ᠰᠣᠶᠣᠯ ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠬᠦ ᠵᠢᠴᠢ ᠳᠡᠯᠡᠬᠡᠶ ᠶ᠋ᠢᠨ ᠡᠨᠭᠭᠡ ᠲᠠᠶᠢᠪᠤᠩ ᠢ ᠬᠠᠮᠠᠭᠠᠯᠠᠬᠤ ᠦᠢᠯᠡᠰ ᠲᠤ ᠮᠠᠰᠢ ᠶᠡᠬᠡ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠃ 1965 ᠣᠨ ᠤ 1 ᠰᠠᠷ᠎ᠠ ᠳ᠋ᠤ᠂ ᠪᠦᠬᠦ ᠤᠯᠤᠰ ᠤᠨ ᠤᠯᠤᠰ ᠲᠦᠷᠦ ᠶ᠋ᠢᠨ ᠵᠥᠪᠯᠡᠯᠭᠡᠨ ᠦ ᠳᠥᠷᠪᠡᠳᠦᠭᠡᠷ ᠬᠤᠭᠤᠴᠠᠭᠠᠨ ᠤ ᠪᠠᠶᠢᠩᠭᠤ ᠶ᠋ᠢᠨ ᠬᠣᠷᠢᠶᠠᠨ ᠦ ᠭᠡᠰᠢᠭᠦᠨ ᠢᠶᠠᠷ ᠰᠤᠩᠭᠤᠭᠳᠠᠭᠰᠠᠨ ᠪᠠᠶᠢᠨ᠎ᠠ ᠃ ᠰᠣᠶᠣᠯ ᠤᠨ ᠶᠡᠬᠡ ᠬᠤᠪᠢᠰᠬᠠᠯ ᠤᠨ ᠳᠤᠮᠳᠠ ᠂ ᠲᠡᠷᠡ ᠬᠣᠣᠷᠯᠠᠭᠳᠠᠵᠤ ᠂ 1970 ᠤᠨ ᠤ 11 ᠰᠠᠷ᠎ᠠ ᠶ᠋ᠢᠨ 29 ᠦ ᠡᠳᠦᠷ ᠬᠥᠬᠡᠬᠣᠲᠠ ᠳ᠋ᠦ ᠨᠠᠰᠤ ᠪᠠᠷᠠᠵᠠᠶ ᠃ ᠲᠤᠰ ᠵᠢᠯ 63 ᠨᠠᠰᠤᠲᠠᠶ ᠃ 《ᠳᠦᠷᠪᠡᠨ ᠬᠥᠮᠦᠨ ᠤᠨ ᠪᠦᠯᠦᠭ 》 ᠢ ᠪᠤᠲᠠ ᠨᠢᠷᠭᠡᠭᠰᠡᠨ ᠤ ᠳᠠᠷᠠᠭ᠎ᠠ ᠂ ᠨᠠᠮ ᠤᠨ ᠲᠥᠪ ᠬᠣᠷᠢᠶ᠎ᠠ ᠡᠴᠠ 1979 ᠣᠨ ᠤ 4 ᠰᠠᠷ᠎ᠠ ᠶ᠋ᠢᠨ 27 ᠦ ᠡᠳᠦᠷ ᠪᠡᠭᠡᠵᠢᠩ ᠳᠤ ᠭᠠᠰᠢᠭᠤᠳᠠᠯ ᠤᠨ ᠬᠤᠷᠠᠯ ᠬᠢᠵᠦ᠂ ᠲᠡᠭᠦᠨ ᠤ ᠨᠢᠭᠡ ᠨᠠᠰᠤᠨ ᠦ ᠭᠠᠪᠢᠶ᠎ᠠ ᠵᠢᠳᠬᠦᠯ ᠢ ᠨᠤᠲᠠᠯᠠᠨ ᠂ ᠲᠡᠭᠦᠨ ᠤ ᠨᠡᠷ᠎ᠡ ᠲᠦᠷᠦ ᠶ᠋ᠢ ᠰᠡᠷᠭᠦᠭᠡᠭᠰᠡᠨ ᠪᠥᠭᠡᠳ ᠲᠡᠭᠦᠨ ᠤ ᠴᠢᠨᠳᠠᠷ ᠢ ᠪᠡᠭᠡᠵᠢᠩ ᠤᠨ ᠪᠠ ᠪᠦᠦ ᠱᠠᠨ ᠳᠠᠬᠢ ᠬᠤᠪᠢᠰᠬᠠᠯᠴᠢᠳ ᠶ᠋ᠢᠨ ᠨᠡᠶᠢᠲᠡ ᠶ᠋ᠢᠨ ᠨᠤᠩᠭᠤᠨ ᠳ᠋ᠤ ᠲᠠᠯᠪᠢᠭᠰᠠᠨ ᠪᠠᠶᠢᠨ᠎ᠠ ᠃