ᠵᠠᠶᠠᠭᠠᠲᠠᠶ

  2019-05-15

   


    ᠵᠠᠶᠠᠭᠠᠲᠠᠶ ( 1901 ︱1968) ᠂ ᠡᠷᠭᠦᠭᠰᠡᠨ ᠨᠡᠷ᠎ᠡ ᠨᠢ ᠳ᠋ᠠᠶ ᠹᠸᠩ ᠂ ᠬᠡᠷᠡᠭᠯᠡᠵᠦ ᠥᠩᠭᠡᠷᠡᠭᠰᠡᠨ ᠨᠡᠷ᠎ᠡ ᠵᠣᠣ ᠳ᠋ᠠᠨ ᠱᠸᠤ ᠂ ᠵᠤᠤ ᠹᠦ᠋ ᠂ ᠵᠤᠤ ᠶᠠᠨᠱᠸᠣ ᠂ ᠸᠠᠩ ᠰᠢ ᠂ ᠠᠴᠢᠯᠢᠶ᠋ᠸᠸ ᠂  ᠪᠦ᠋ ᠯᠤᠤ ᠨᠢᠩ ᠵᠡᠷᠭᠡ᠃ ᠮᠣᠩᠭᠣᠯ ᠦᠨᠳᠦᠰᠦᠲᠡᠨ ᠂ 1901 ᠣᠨ ᠳ᠋ᠦ ᠳᠦᠷᠦᠵᠦ ᠂ ᠥᠪᠥᠷ ᠮᠣᠩᠭᠣᠯ  ᠤᠨ ᠲᠦᠮᠡᠳ ᠬᠤᠰᠢᠭᠤᠨ ᠤ ᠬᠦᠮᠦᠨ᠃
    1915 ᠣᠨ  ᠳ᠋ᠦ ᠲᠦᠮᠡᠳ ᠤᠨ ᠳᠡᠭᠡᠳᠦ ᠵᠡᠷᠭᠡ ᠶ᠋ᠢᠨ ᠪᠠᠭ᠎ᠠ ᠰᠤᠷᠭᠠᠭᠤᠯᠢ ᠳ᠋ᠦ ᠤᠷᠤᠵᠤ᠂ 1920 ᠣᠨ ᠳ᠋ᠤ ᠬᠦᠢᠰᠦ᠋ᠢ ᠳᠤᠮᠳᠠᠳᠤ ᠰᠤᠷᠭᠠᠭᠤᠯᠢ  ᠳ᠋ᠤ ᠣᠷᠣᠵᠤ ᠂ 1923 ᠣᠨ  ᠤ ᠨᠠᠮᠤᠷ ᠪᠡᠭᠡᠵᠢᠩ  ᠤᠨ ᠮᠣᠩᠭᠣᠯ ᠲᠥᠪᠡᠳ  ᠤᠨ ᠰᠤᠷᠭᠠᠭᠤᠯᠢ ᠳ᠋ᠤ ᠤᠷᠤᠪᠠ ᠃ 1924 ᠣᠨ ᠳ᠋ᠤ ᠳᠤᠮᠳᠠᠳᠤ ᠤᠯᠤᠰ  ᠤᠨ ᠨᠡᠶᠢᠭᠡᠮ ᠵᠢᠷᠤᠮᠲᠤ ᠵᠠᠯᠠᠭᠤᠴᠤᠳ  ᠤᠨ ᠡᠪᠯᠡᠯ ᠳ᠋ᠤ ᠤᠷᠤᠵᠤ ᠂ ᠵᠢᠯ  ᠤᠨ ᠡᠴᠦᠰ ᠲᠦ ᠰᠦᠢᠶᠤᠸᠠᠨ ᠳ᠋ᠤ ᠬᠠᠷᠢᠵᠦ ᠢᠷᠭᠡᠨ  ᠤ ᠬᠤᠷᠠᠯᠳᠤᠭᠠᠨ ᠤ ᠬᠥᠳᠡᠯᠭᠡᠭᠡᠨ ᠢ ᠳᠠᠶᠢᠴᠢᠯᠠᠪᠠ ᠃ 1927 ᠣᠨ ᠳ᠋ᠤ ᠂ ᠪᠡᠭᠡᠵᠢᠩ ᠳ᠋ᠤ ᠬᠤᠷᠠᠯᠳᠤᠭᠤᠯᠤᠭᠰᠠᠨ ᠢᠷᠭᠡᠨ ᠤ ᠬᠤᠷᠠᠯ  ᠢ ᠠᠬᠢᠭᠤᠯᠬᠤ ᠡᠪᠯᠡᠯ  ᠤᠨ ᠪᠦᠬᠦ ᠤᠯᠤᠰ  ᠤᠨ ᠲᠥᠯᠥᠭᠡᠯᠡᠭᠴᠢᠳ  ᠤᠨ ᠶᠡᠬᠡ ᠬᠤᠷᠠᠯ ᠳ᠋ᠤ ᠤᠷᠤᠯᠴᠠᠪᠠ ᠃ ᠮᠥᠨ ᠵᠢᠯ ᠳ᠋ᠤ ᠳᠤᠮᠳᠠᠳᠤ ᠤᠯᠤᠰ  ᠤᠨ ᠡᠪ ᠬᠠᠮᠲᠤ ᠨᠠᠮ ᠳ᠋ᠤ ᠤᠷᠤᠪᠠ ᠂ ᠳᠤᠮᠳᠠᠳᠤ ᠤᠯᠤᠰ  ᠤᠨ ᠡᠪ ᠬᠠᠮᠲᠤ ᠨᠠᠮ  ᠤᠨ ᠰᠦᠢᠶᠤᠸᠠᠨ  ᠤ ᠣᠨᠴᠠᠭᠠᠶ ᠣᠷᠣᠨ ᠦ ᠠᠵᠢᠯᠯᠠᠬᠤ ᠬᠣᠷᠢᠶᠠᠨ  ᠤ ᠱᠦᠵᠢ ᠶ᠋ᠢᠨ ᠲᠤᠰᠢᠶᠠᠯ ᠢ ᠬᠠᠷᠢᠭᠤᠴᠠᠬᠤ ᠶ᠋ᠢᠨ ᠳᠠᠭᠠᠤ ᠂ ᠳᠤᠮᠳᠠᠳᠤ ᠤᠯᠤᠰ  ᠤᠨ ᠭᠣᠮᠢᠨᠳᠠᠩ  ᠤᠨ ᠰᠦᠢᠶᠤᠸᠠᠨ  ᠤ ᠣᠨᠴᠣᠭᠣᠶ ᠨᠤᠲᠤᠭ  ᠤᠨ ᠨᠠᠮ  ᠤᠨ ᠵᠠᠬᠢᠷᠭ᠎ᠠ ᠶ᠋ᠢ ᠵᠤᠬᠢᠶᠠᠨ ᠪᠠᠶᠢᠭᠤᠯᠤᠭᠰᠠᠨ ᠪᠥᠭᠡᠳ ᠭᠦᠢᠴᠡᠳᠬᠡᠬᠦ ᠭᠡᠰᠢᠭᠦᠨ ᠪᠠᠶᠢᠪᠠ ᠃ 10 ᠰᠠᠷ᠎ᠠ ᠳ᠋ᠤ ᠂ ᠴᠢᠭᠤᠯᠭᠠᠲᠤ ᠬᠠᠭᠠᠯᠭ᠎ᠠ ᠳ᠋ᠤ ᠬᠤᠷᠠᠯᠳᠤᠭᠰᠠᠨ ᠥᠪᠥᠷ ᠮᠣᠩᠭᠣᠯ ᠤᠨ ᠠᠷᠠᠳ  ᠤᠨ ᠬᠤᠪᠢᠰᠬᠠᠯᠲᠤ ᠨᠠᠮ  ᠤᠨ ᠠᠩᠬᠠᠳᠤᠭᠠᠷ ᠤᠳᠠᠭᠠᠨ  ᠤ ᠲᠥᠯᠥᠭᠡᠯᠡᠭᠴᠢᠳ  ᠤᠨ ᠶᠡᠬᠡ ᠬᠤᠷᠠᠯ  ᠳ᠋ᠤ  ᠤᠷᠤᠯᠴᠠᠵᠤ᠂ ᠣᠷᠣᠯᠠᠭᠴᠢ ᠭᠦᠢᠴᠡᠳᠬᠡᠬᠦ ᠭᠡᠰᠢᠭᠦᠨ ᠢᠶᠠᠷ ᠰᠤᠩᠭᠤᠭᠳᠠᠵᠠᠢ᠃ ᠲᠤᠰ ᠵᠢᠯ  ᠤᠨ ᠡᠪᠦᠯ ᠂ ᠴᠢᠭᠤᠯᠤᠯᠳᠦ ᠬᠠᠭᠠᠯᠭ᠎ᠠ  ᠳ᠋ᠤ ᠥᠪᠥᠷ ᠮᠣᠩᠭᠣᠯ  ᠤᠨ ᠲᠠᠷᠢᠶᠠᠴᠢᠨ ᠠᠵᠢᠯᠴᠢᠨ ᠴᠡᠷᠢᠭ  ᠤᠨ ᠶᠡᠬᠡ ᠬᠣᠯᠪᠣᠭ᠎ᠠ ᠪᠠᠶᠢᠭᠤᠯᠤᠭᠳᠠᠬᠤ ᠶᠡᠬᠡ ᠬᠤᠷᠠᠯ  ᠳ᠋ᠤ ᠣᠷᠣᠯᠴᠠᠵᠤ ᠂ ᠲᠥᠪ  ᠤᠨ ᠭᠦᠢᠴᠡᠳᠬᠡᠬᠦ ᠬᠣᠷᠢᠶᠠᠨ  ᠤ ᠭᠡᠰᠢᠭᠦᠨ  ᠢᠶᠠᠷ ᠰᠣᠩᠭᠣᠭᠳᠠᠵᠠᠶ ᠃ 1926 ᠣᠨ  ᠤ 1 ᠰᠠᠷ᠎ᠠ  ᠳ᠋ᠤ᠂ ᠭᠤᠸᠠᠩᠵᠧᠦ ᠳ᠋ᠤ ᠳᠤᠮᠳᠠᠳᠤ ᠤᠯᠤᠰ  ᠤᠨ ᠭᠣᠮᠢᠨᠳᠠᠩ ᠤᠨ ᠬᠣᠶᠠᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ  ᠤᠨ ᠶᠡᠬᠡ ᠬᠤᠷᠠᠯ ᠳ᠋ᠤ ᠤᠷᠤᠯᠴᠠᠪᠠ ᠃
    1927 ᠣᠨ  ᠳ᠋ᠤ ᠂ ᠮᠣᠰᠺᠸᠠ  ᠳ᠋ᠤ ᠣᠴᠢᠵᠤ ᠳᠣᠷᠣᠨᠠᠳᠠᠬᠢᠨ  ᠤ ᠶᠡᠬᠡ ᠰᠤᠷᠭᠠᠭᠤᠯᠢ  ᠳ᠋ᠤ ᠰᠤᠷᠤᠯᠴᠠᠪᠠ  ᠃ 1934 ᠣᠨ ᠳ᠋ᠤ ᠥᠪᠥᠷ ᠮᠣᠩᠭᠣᠯ  ᠳ᠋ᠤ ᠪᠠᠨ ᠢᠷᠡᠵᠦ ᠨᠢᠭᠤᠴᠠ ᠠᠵᠢᠯ ᠬᠢᠵᠠᠢ᠃ ᠮᠣᠩᠭᠣᠯ ᠠᠷᠠᠳ ᠤᠯᠤᠰ  ᠤᠨ ᠳᠤᠮᠳᠠᠳᠤ ᠶ᠋ᠢᠨ ᠬᠠᠷᠢᠶᠠᠲᠤ ᠨᠠᠷ  ᠤᠨ ᠺᠯᠦ᠋ᠪ 《 ᠠᠵᠢᠯᠴᠢᠨ  ᠤ ᠵᠠᠮ 》 ᠤᠨ ᠨᠠᠶᠢᠷᠠᠭᠤᠯᠤᠭᠴᠢ ᠪᠠ ᠳᠤᠮᠳᠠᠳᠤ ᠶ᠋ᠢᠨ ᠬᠠᠷᠢᠶᠠᠲᠤ ᠵᠦᠴᠦᠭᠡ  ᠶ᠋ᠢᠨ ᠤᠳᠤᠷᠢᠳᠤᠭᠠᠴᠢ ᠪᠠᠶᠢᠭᠰᠠᠨ ᠶᠤᠮ ᠃
    1946 ᠣᠨ ᠳ᠋ᠦ ᠤᠯᠤᠰ ᠲᠠᠭᠠᠨ ᠪᠤᠴᠠᠵᠤ ᠢᠷᠡᠭᠡᠳ ᠂ ᠤᠷᠢᠳ ᠬᠣᠵᠢᠳ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ  ᠤ ᠲᠦ᠋ᠷ ᠴᠠᠭ  ᠤᠨ ᠵᠥᠪᠯᠡᠯᠭᠡᠨ  ᠤ ᠬᠤᠷᠠᠯ  ᠤᠨ ᠳᠡᠳ᠋ ᠳᠠᠷᠤᠭ᠎ᠠ ᠂ ᠥᠪᠥᠷ ᠮᠣᠩᠭᠣᠯ  ᠤᠨ ᠡᠪ ᠬᠠᠮᠲᠤ ᠨᠠᠮ  ᠤᠨ ᠠᠵᠢᠯ  ᠤᠨ ᠬᠣᠷᠢᠶᠠᠨ  ᠤ ᠣᠷᠣᠯᠠᠭᠴᠢ ᠭᠡᠰᠢᠭᠦᠨ ᠂ ᠳᠤᠮᠳᠠᠳᠤ ᠤᠯᠤᠰ  ᠤᠨ ᠡᠪ ᠬᠠᠮᠲᠤ ᠨᠠᠮ  ᠤᠨ ᠬᠦᠯᠦᠨ ᠪᠣᠶᠢᠷ ᠨᠤᠨ ᠮᠦᠷᠡᠨ ᠠᠶᠢᠮᠠᠭ  ᠤᠨ ᠨᠠᠮ ᠤᠨ ᠬᠣᠷᠢᠶᠠᠨ  ᠤ ᠱᠦᠵᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶ᠋ᠢᠨ ᠭᠣᠣᠯ ᠴᠠᠬᠠᠷ ᠠᠶᠢᠮᠠᠭ ᠤᠨ ᠠᠵᠢᠯ  ᠤᠨ ᠬᠣᠷᠢᠶᠠᠨ ᠤ ᠱᠦᠵᠢ ᠂ ᠨᠠᠮ  ᠤᠨ ᠲᠥᠪ ᠬᠣᠷᠢᠶᠠᠨ  ᠤ ᠥᠪᠥᠷ ᠮᠣᠩᠭᠣᠯ  ᠤᠨ ᠬᠤᠪᠢᠶᠠᠷᠢ ᠲᠣᠪᠴᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ ᠪᠠᠶᠢᠵᠠᠶ ᠃
    1950 ᠣᠨ ᠳ᠋ᠤ ᠂ ᠪᠥᠬᠥᠳᠡ ᠨᠠᠶᠢᠷᠠᠮᠳᠠᠬᠤ ᠮᠣᠩᠭᠣᠯ ᠠᠷᠠᠳ ᠤᠯᠤᠰ ᠲᠤ ᠰᠠᠭᠤᠭ᠎ᠠ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠠᠩᠬᠠᠳᠠᠭᠴᠢ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠃ 1954 ᠣᠨ ᠳ᠋ᠤ ᠲᠤᠰᠢᠶᠠᠯ ᠡᠴᠠ ᠪᠠᠨ ᠪᠠᠭᠤᠵᠦ ᠤᠯᠤᠰ ᠲᠠᠭᠠᠨ ᠪᠤᠴᠠᠵᠤ ᠢᠷᠡᠭᠡᠳ ᠂ ᠳᠤᠮᠳᠠᠳᠤ ᠤᠯᠤᠰ  ᠤᠨ ᠡᠪ ᠬᠠᠮᠲᠤ ᠨᠠᠮ  ᠤᠨ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ  ᠤ ᠬᠣᠷᠢᠶᠠᠨ  ᠦ ᠪᠠᠶᠢᠩᠭᠤ ᠶ᠋ᠢᠨ ᠭᠡᠰᠢᠭᠦᠨ ᠪᠥᠭᠡᠳ ᠨᠢᠭᠡᠳᠦᠮᠡᠯ ᠹᠷᠣᠨᠲ᠋  ᠤᠨ ᠬᠡᠯᠲᠡᠰ  ᠤᠨ ᠳᠠᠷᠤᠭ᠎ᠠ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠂ ᠤᠯᠤᠰ ᠲᠦᠷᠦ  ᠶ᠋ᠢᠨ ᠵᠥᠪᠯᠡᠯᠭᠡᠨ ᠦ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ  ᠤ ᠵᠦᠪᠯᠡᠯᠭᠡᠨ  ᠤ ᠭᠡᠰᠢᠭᠦᠨ ᠂ ᠳᠡᠳ᠋ ᠲᠡᠷᠢᠭᠦᠯᠡᠭᠴᠢ ᠂ ᠨᠠᠮ  ᠤᠨ ᠲᠥᠪ ᠬᠣᠷᠢᠶᠠᠨ  ᠤ ᠬᠢᠨᠠᠨ ᠪᠠᠶᠢᠴᠠᠭᠠᠬᠤ ᠬᠣᠷᠢᠶᠠᠨ  ᠤ ᠭᠡᠰᠢᠭᠦᠨ ᠂ ᠪᠦᠬᠦ ᠤᠯᠤᠰ  ᠤᠨ ᠤᠯᠤᠰ ᠲᠦᠷᠦ  ᠶ᠋ᠢᠨ ᠵᠥᠪᠯᠡᠯᠭᠡᠨ ᠦ ᠪᠠᠶᠢᠩᠭᠤ ᠶᠢᠨ ᠭᠡᠰᠢᠭᠦᠨ ᠵᠡᠷᠭᠡ ᠲᠤᠰᠢᠶᠠᠯ ᠢᠡ ᠭᠦᠷᠭᠡᠯᠡᠪᠡ ᠃ ᠨᠢᠭᠡᠳᠦᠭᠡᠷ ᠂ ᠬᠣᠶᠠᠳᠤᠭᠠᠷ ᠂ ᠭᠤᠷᠪᠠᠳᠤᠭᠠᠷ ᠬᠤᠭᠤᠴᠠᠭᠠᠨ   ᠦ ᠪᠦᠬᠦ ᠤᠯᠤᠰ  ᠤᠨ ᠠᠷᠠᠳ  ᠤᠨ ᠲᠥᠯᠥᠭᠡᠯᠡᠭᠴᠢ ᠪᠠ ᠳᠤᠮᠳᠠᠳᠤ ᠤᠯᠤᠰ  ᠤᠨ ᠡᠪ ᠬᠠᠮᠲᠤ ᠨᠠᠮ ᠤᠨ《 ᠨᠠᠶᠮᠠᠳᠤᠭᠠᠷ ᠶᠡᠬᠡ ᠬᠤᠷᠠᠯ 》  ᠤᠨ ᠲᠥᠯᠥᠭᠡᠯᠡᠭᠴᠢ ᠮᠥᠨ ᠃
    1968 ᠣᠨ  ᠤ 3 ᠰᠠᠷ᠎ᠠ ᠶ᠋ᠢᠨ 12 ᠤᠨ ᠳᠦᠷ ᠬᠥᠬᠡᠬᠣᠲᠠ  ᠳ᠋ᠦ 67 ᠲᠠᠶ ᠨᠠᠰᠤ ᠨᠥᠭᠴᠢᠪᠡ ᠃

ᠵᠣᠬᠢᠶᠠᠭᠴᠢ:
ᠢᠷᠡᠯᠲᠡ: