ᠺᠦᠢ ᠪᠢ

  2019-05-18



   ᠺᠦᠢ ᠪᠢ (1903 ︱1986 ) ᠂ ᠡᠷᠭᠦᠭᠰᠡᠨ ᠨᠡᠷ᠎ᠡ ᠽᠢ ᠵᠠᠩ ᠂ ᠡᠷᠡᠭᠲᠡᠶ ᠂ ᠮᠣᠩᠭᠣᠯ ᠦᠨᠳᠦᠰᠦᠲᠡᠨ ᠥᠪᠥᠷ ᠮᠣᠩᠭᠣᠯ  ᠤᠨ ᠲᠦᠮᠡᠳ ᠬᠤᠰᠢᠭᠤᠨᠪᠣᠤ ᠲᠦᠩ ᠾᠸ ᠭᠠᠴᠠᠭᠠᠨ  ᠤ ᠨᠢᠭᠡᠨ ᠶᠠᠳᠠᠭᠤ ᠲᠠᠷᠢᠶᠠᠴᠢᠨ  ᠤ ᠭᠡᠷ ᠲᠦ ᠲᠥᠷᠥᠵᠡᠶ ᠃
    ᠺᠦᠢ ᠪᠢ ᠠᠯᠢ ᠡᠷᠲᠡ ᠬᠥᠬᠡᠬᠣᠲᠠ ᠶ᠋ᠢᠨ ᠲᠦᠮᠡᠳ  ᠤᠨ ᠥᠨᠳᠥᠷ ᠵᠡᠷᠭᠡ ᠶ᠋ᠢᠨ ᠪᠠᠭ᠎ᠠ ᠰᠤᠷᠭᠠᠭᠤᠯᠢ ᠳ᠋ᠦ ᠪᠢᠴᠢᠭ ᠦᠵᠡᠵᠡᠶ ᠃ 《 ᠲᠠᠪᠤᠨ ᠰᠠᠷ᠎ᠠ  ᠶ᠋ᠢᠨ ᠳᠥᠷᠪᠡᠨ︾ ᠦ ᠬᠥᠳᠡᠯᠭᠡᠭᠡᠨ  ᠤ ᠦᠶ᠎ᠡ  ᠳ᠋ᠤ ᠬᠦᠬᠡᠬᠤᠲᠠ ᠶ᠋ᠢᠨ ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠵᠦ ᠤᠯᠤᠰ ᠢᠶᠡᠨ ᠬᠠᠶᠢᠷᠠᠯᠠᠬᠤ ᠠᠵᠢᠯᠯᠠᠭ᠎ᠠ  ᠳ᠋ᠦ ᠣᠷᠣᠯᠴᠠᠵᠤ ᠥᠩᠭᠡᠷᠡᠭᠰᠡᠨ ᠶᠤᠮ ᠃ 1923 ᠣᠨ  ᠤ ᠨᠠᠮᠤᠷ ᠂ ᠪᠡᠭᠡᠵᠢᠩ  ᠤᠨ ᠮᠣᠩᠭᠣᠯ ᠲᠥᠪᠡᠳ ᠤᠨ ᠰᠤᠷᠭᠠᠭᠤᠯᠢ  ᠳ᠋ᠤ ᠰᠢᠯᠭᠠᠨ ᠣᠷᠣᠵᠤ ᠮᠠᠷᠺᠰ  ᠤᠨ ᠦᠵᠡᠯ ᠤᠨ ᠬᠤᠪᠢᠰᠬᠠᠯᠲᠤ ᠦᠵᠡᠯ ᠰᠠᠨᠠᠭ᠎ᠠ ᠶᠢ ᠬᠦᠯᠢᠶᠡᠨ ᠠᠪᠤᠭᠰᠠᠨ ᠶᠤᠮ᠃ 1924 ᠣᠨ  ᠳ᠋ᠤ ᠳᠤᠮᠳᠠᠳᠤ ᠤᠯᠤᠰ  ᠤᠨ ᠨᠡᠶᠢᠭᠡᠮ ᠵᠢᠷᠤᠮ  ᠤᠨ ᠵᠠᠯᠠᠭᠤᠴᠤᠳ ᠤᠨ ᠡᠪᠯᠡᠯ  ᠳ᠋ᠤ ᠡᠯᠰᠡᠭᠳᠡᠨ ᠣᠷᠣᠪᠠ ᠃ ᠵᠢᠯ  ᠤᠨ ᠳᠣᠣᠷ᠎ᠠ ᠂ ᠵᠠᠶᠠᠭᠠᠲᠠᠶ ᠂ ᠭᠤᠮᠪᠤᠵᠠᠪᠠ᠂  ᠵᠤᠤ ᠴᠸᠩ ᠲᠠᠢ ᠬᠠᠮᠲᠤ ᠪᠠᠷᠰᠦᠢᠶᠤᠸᠠᠨ ᠳ᠋ᠤ ᠪᠤᠴᠠᠭᠠᠳ ᠢᠷᠭᠡᠨ ᠦ ᠬᠤᠷᠠᠯ ᠤᠨ ᠬᠦᠳᠡᠯᠭᠡᠭᠡᠨ ᠢ ᠵᠤᠬᠢᠶᠠᠨ ᠪᠠᠶᠢᠭᠤᠯᠵᠤ ᠂《 ᠰᠦᠢᠶᠤᠸᠠᠨ ᠤ ᠢᠷᠭᠡᠨ  ᠤ ᠬᠤᠷᠠᠯᠳᠤᠭᠠᠨ  ᠢ ᠠᠬᠢᠭᠤᠯᠬᠤ ᠬᠤᠷᠠᠯ  ᠤᠨ ᠲᠥᠯᠥᠭᠡᠯᠡᠭᠴᠢ 》  ᠪᠠᠷ  ᠰᠤᠩᠭᠤᠭᠳᠠᠵᠠᠢ ᠃ 1927 ᠣᠨ  ᠤ 3 ᠰᠠᠷ᠎ᠠ ᠳ᠋ᠤ ᠪᠡᠭᠡᠵᠢᠩ  ᠳ᠋ᠤ ᠢᠷᠭᠡᠨ ᠤ ᠬᠤᠷᠠᠯ ᠢ ᠠᠬᠢᠭᠤᠯᠬᠤ ᠡᠪᠯᠡᠯ  ᠤᠨ ᠪᠦᠬᠦ ᠤᠯᠤᠰ  ᠤᠨ ᠲᠥᠯᠥᠭᠡᠯᠡᠭᠴᠢᠳ ᠤᠨ ᠶᠡᠬᠡ ᠬᠤᠷᠠᠯ ᠳ᠋ᠤ ᠤᠷᠤᠯᠴᠠᠵᠠᠢ ᠃ ᠲᠤᠰ ᠵᠢᠯ ᠳᠤ ᠳᠤᠮᠳᠠᠳᠤ ᠤᠯᠤᠰ  ᠤᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠪᠥᠭᠡᠳ ᠥᠪᠥᠷ ᠮᠣᠩᠭᠣᠯ ᠤᠨ ᠬᠠᠮᠤᠭ ᠤᠨ ᠡᠷᠲᠡᠨ ᠤ ᠬᠤᠪᠢᠰᠬᠠᠯᠲᠤ ᠰᠡᠳᠬᠦᠯ  《 ᠮᠣᠩᠭᠣᠯ ᠲᠠᠷᠢᠶᠠᠴᠢᠨ 》 ᠢ ᠡᠷᠬᠢᠯᠡᠨ ᠨᠠᠶᠢᠷᠠᠭᠤᠯᠤᠭᠰᠠᠨ ᠪᠠᠶᠢᠨ᠎ᠠ ᠃  ᠳᠡᠮᠡᠢ ᠤᠳᠠᠯ ᠦᠭᠡᠢ ᠂ ᠨᠠᠮ ᠡᠴᠡ ᠲᠡᠭᠦᠨ ᠢ ᠪᠥᠬᠥᠳᠡ ᠨᠠᠶᠢᠷᠠᠮᠳᠠᠬᠤ ᠮᠣᠩᠭᠣᠯ ᠠᠷᠠᠳ ᠤᠯᠤᠰ ᠲᠤ ᠣᠴᠢᠵᠤ ᠰᠤᠷᠤᠯᠴᠠᠭᠤᠯᠤᠨ ᠂ 1927 ᠣᠨ  ᠤᠨ ᠡᠬᠢ ᠪᠡᠷ ᠤᠯᠤᠰ ᠲᠠᠭᠠᠨ ᠪᠤᠴᠠᠵᠤ ᠢᠷᠡᠭᠡᠳ ᠂ ᠥᠪᠥᠷ ᠮᠣᠩᠭᠣᠯ ᠤᠨ ᠠᠷᠠᠳ  ᠤᠨ ᠬᠤᠪᠢᠰᠬᠠᠯᠲᠤ ᠴᠡᠷᠢᠭ  ᠤᠨ ᠮᠣᠷᠢᠲᠤ ᠴᠡᠷᠢᠭ  ᠤᠨ ᠨᠢᠭᠡᠳᠦᠭᠡᠷ ᠪᠠᠲ᠋ᠯᠢᠶᠣᠨ ᠪᠣᠯᠤᠨ ᠶᠠᠪᠠᠭᠠᠨ ᠴᠡᠷᠢᠭ  ᠤᠨ ᠨᠢᠭᠡᠳᠦᠭᠡᠷ ᠬᠣᠷᠢᠶᠠᠨ  ᠤ ᠨᠠᠮ  ᠤᠨ ᠲᠥᠯᠥᠭᠡᠯᠡᠭᠴᠢ  ᠶ᠋ᠢᠨ ᠠᠵᠢᠯ ᠢ ᠬᠠᠪᠰᠤᠷᠭᠠᠨ  ᠬᠠᠷᠢᠭᠤᠴᠠᠪᠠ᠃ 1929 ᠣᠨ  ᠳ᠋ᠤ ᠳᠤᠮᠳᠠᠳᠤ ᠤᠯᠤᠰ  ᠤᠨ ᠡᠪ ᠬᠠᠮᠲᠤ ᠨᠠᠮ  ᠤᠨ ᠪᠠᠷᠠᠭᠤᠨ ᠮᠣᠩᠭᠣᠯ  ᠤᠨ ᠠᠵᠢᠯᠯᠠᠬᠤ ᠬᠤᠷᠢᠶᠠᠨ ᠤ ᠭᠡᠰᠢᠭᠦᠨ ᠤ ᠠᠵᠢᠯ ᠢ ᠬᠠᠷᠢᠭᠤᠴᠠᠵᠤ ᠂ ᠬᠥᠬᠡᠬᠣᠲᠠ ᠂ ᠪᠤᠭᠤᠲᠤ ᠣᠷᠴᠢᠮ ᠤᠷᠳ᠋ᠤ ᠬᠤᠭᠤᠴᠠᠭᠠᠨ᠎ᠠ ᠨᠢᠭᠤᠴᠠ ᠠᠵᠢᠯ ᠬᠢᠭᠰᠡᠨ ᠪᠠᠶᠢᠨ᠎ᠠ ᠃ ᠶᠠᠫᠣᠨ ᠢ ᠡᠰᠡᠷᠭᠦᠴᠡᠬᠦ ᠳᠠᠢᠢᠨ  ᠤ ᠦᠶ᠎ᠡ  ᠳ᠋ᠤ ᠂ ᠺᠦᠢ ᠪᠢ ᠂ ᠳᠤᠮᠳᠠᠳᠤ ᠤᠯᠤᠰ  ᠤᠨ ᠡᠪ ᠬᠠᠮᠲᠤ ᠨᠠᠮ  ᠤᠨ ᠲᠦᠮᠡᠳ ᠬᠣᠰᠢᠭᠤᠨ  ᠤ ᠮᠣᠩᠭᠣᠯ  ᠤᠨ ᠠᠵᠢᠯ ᠤᠨ ᠬᠣᠷᠢᠶᠠᠨ  ᠤ ᠬᠠᠷᠢᠭᠤᠴᠠᠯᠭᠠᠲᠠᠨ ᠂ ᠳᠤᠮᠳᠠᠳᠤ ᠤᠯᠤᠰ ᠤᠨ ᠡᠪ ᠬᠠᠮᠲᠤ ᠨᠠᠮ  ᠤᠨ ᠰᠦᠢᠶᠤᠸᠠᠨ  ᠤ ᠪᠠᠷᠠᠭᠤᠨᠳᠠᠬᠢ ᠲᠤᠰᠬᠠᠶ ᠣᠷᠣᠨ ᠤ ᠨᠠᠮ  ᠬᠤᠷᠢᠶ᠎ᠠ ᠶ᠋ᠢᠨ ᠮᠣᠩᠭᠣᠯ ᠠᠷᠠᠳ ᠤᠨ ᠬᠡᠯᠲᠡᠰ  ᠤᠨ ᠳᠠᠷᠤᠭ᠎ᠠ ᠤᠨ ᠲᠤᠰᠢᠶᠠᠯ ᠢ ᠬᠠᠷᠢᠭᠤᠴᠠᠵᠤ ᠂ ᠮᠣᠩᠭᠣᠯ ᠦᠨᠳᠦᠰᠦᠲᠡᠨ ᠤ ᠠᠵᠢᠯ  ᠢ ᠥᠷᠨᠢᠭᠦᠯᠵᠦ ᠂ ᠮᠣᠩᠭᠣᠯ ᠦᠨᠳᠦᠰᠦᠲᠡᠨ ᠤ ᠶᠠᠫᠣᠨ  ᠢ ᠡᠰᠡᠷᠭᠦᠴᠡᠬᠦ ᠶᠢ ᠳᠠᠶᠢᠴᠢᠯᠠᠨ ᠂ ᠮᠣᠩᠭᠣᠯ ᠦᠨᠳᠦᠰᠦᠲᠡᠨ ᠤ ᠺᠠᠳ᠋ᠷ  ᠢ  ᠬᠦᠮᠦᠵᠢᠭᠦᠯᠦᠨ ᠂ ᠬᠠᠭᠤᠷᠮᠠᠭ ᠴᠡᠷᠢᠭ  ᠤᠨ ᠠᠵᠢᠯ ᠢ ᠬᠢᠵᠦ ᠪᠠᠶᠢᠵᠠᠢ ᠃ 1945 ᠤᠨ ᠳ᠋ᠤ ᠶᠠᠨ ᠠᠨ ᠳᠦ ᠳᠤᠮᠳᠠᠳᠤ ᠤᠯᠤᠰ  ᠤᠨ ᠡᠪ ᠬᠠᠮᠲᠤ ᠨᠠᠮ  ᠤᠨ ᠳᠣᠯᠣᠳᠤᠭᠠᠷ ᠶᠡᠬᠡ ᠬᠤᠷᠠᠯ ᠳ᠋ᠤ ᠤᠷᠤᠯᠴᠠᠪᠠ ᠃
    ᠶᠠᠫᠣᠨ  ᠢ ᠡᠰᠡᠷᠭᠦᠴᠡᠬᠦ ᠲᠠᠢᠢᠨ ᠢᠯᠠᠯᠲᠠ ᠤᠯᠬᠤ ᠡᠴᠡ ᠡᠮᠦᠨ᠎ᠡ ᠂ ᠺᠦᠢ ᠪᠢ ᠥᠪᠥᠷ ᠮᠣᠩᠭᠣᠯ ᠳ᠋ᠠᠭᠠᠨ ᠬᠠᠷᠢᠨ ᠥᠪᠥᠷ ᠮᠣᠩᠭᠣᠯ  ᠤᠨ ᠴᠢᠯᠥᠭᠡᠯᠡᠯᠲᠡ ᠶ᠋ᠢᠨ ᠦᠢᠯᠡᠰ ᠲᠦ ᠣᠷᠣᠯᠴᠠᠵᠤ ᠂  ᠤᠨᠴᠠᠭᠠᠶᠢᠯᠠᠨ ᠨᠠᠮ  ᠤᠨ ᠤᠳᠤᠷᠢᠳᠤᠭᠰᠠᠨ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠬᠥᠳᠡᠯᠭᠡᠭᠡᠨ ᠳ᠋ᠤ ᠤᠷᠤᠯᠴᠠᠭᠰᠠᠨ ᠪᠠᠶᠢᠨ᠎ᠠ᠃ ᠤᠷᠢᠳ ᠬᠣᠵᠢᠳ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠬᠥᠳᠡᠯᠭᠡᠭᠡᠨ  ᠤ ᠬᠣᠯᠪᠣᠭᠠᠲᠤ ᠬᠤᠷᠠᠯ  ᠤᠨ ᠪᠠᠶᠢᠩᠭᠤ ᠶ᠋ᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠂ ᠳᠤᠮᠳᠠᠳᠤ ᠤᠯᠤᠰ  ᠤᠨ ᠡᠪ ᠬᠠᠮᠲᠤ ᠨᠠᠮ ᠤᠨ ᠪᠠ ᠪᠠᠶᠠᠨᠲᠠᠯ᠎ᠠ ᠠᠶᠢᠮᠠᠭ ᠂ ᠤᠯᠠᠭᠠᠨᠴᠠᠪ ᠠᠶᠢᠮᠠᠭ ᠤᠨ ᠠᠵᠢᠯᠯᠠᠬᠤ ᠬᠣᠷᠢᠶᠠᠨ  ᠤ ᠱᠦᠵᠢ ᠂ ᠪᠠᠶᠠᠨᠲᠠᠯ᠎ᠠ ᠤᠯᠠᠭᠠᠨᠴᠠᠪ ᠣᠷᠣᠨ ᠤ ᠴᠡᠷᠢᠭ  ᠤᠨ ᠲᠣᠭᠣᠷᠢᠭ  ᠤᠨ ᠤᠯᠤᠰ ᠲᠦᠷᠦ  ᠶ᠋ᠢᠨ ᠭᠡᠰᠢᠭᠦᠨ ᠂ ᠰᠢᠯᠢ  ᠶ᠋ᠢᠨ ᠭᠣᠣᠯ ᠴᠠᠬᠠᠷ  ᠤᠨ ᠠᠵᠢᠯ  ᠤᠨ  ᠬᠤᠷᠢᠶᠠᠨ ᠤ ᠱᠦᠵᠢ ᠪᠣᠯᠤᠨ ᠰᠢᠯᠢ ᠶ᠋ᠢᠨ ᠭᠣᠣᠯ ᠴᠠᠬᠠᠷ ᠤᠨ ᠵᠠᠰᠠᠭ ᠵᠠᠬᠢᠷᠭᠠᠨ  ᠤ ᠵᠥᠪᠯᠡᠯ  ᠤᠨ ᠡᠷᠬᠢᠯᠡᠭᠴᠢ ᠂ ᠰᠢᠯᠢ  ᠶ᠋ᠢᠨ ᠭᠣᠣᠯ ᠴᠠᠬᠠᠷ ᠤᠨ ᠴᠡᠷᠢᠭ  ᠤᠨ ᠲᠣᠭᠣᠷᠢᠭ ᠤᠨ ᠤᠯᠤᠰ ᠲᠦᠷᠦ  ᠶ᠋ᠢᠨ ᠭᠡᠰᠢᠭᠦᠨ ᠂ ᠳᠤᠮᠳᠠᠳᠤ ᠤᠯᠤᠰ  ᠤᠨ ᠡᠪ ᠬᠠᠮᠲᠤ ᠨᠠᠮ ᠤᠨ ᠾᠧᠪᠧᠶ ᠷᠸᠾᠸ ᠴᠠᠬᠠᠷ ᠺᠣᠮᠢᠰ ᠤᠨ ᠭᠡᠰᠢᠭᠦᠨ ᠂ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠵᠠᠰᠠᠭ  ᠤᠨ ᠣᠷᠳᠣᠨ ᠤ ᠭᠡᠰᠢᠭᠦᠨ ᠪᠠ ᠠᠷᠠᠳ  ᠤᠨ ᠶᠠᠪᠤᠳᠠᠯ  ᠤᠨ ᠬᠡᠯᠲᠡᠰ  ᠤᠨ ᠳᠠᠷᠤᠭ᠎ᠠ ᠂ ᠥᠪᠥᠷ ᠮᠣᠩᠭᠣᠯ  ᠤᠨ ᠡᠪ ᠬᠠᠮᠲᠤ ᠨᠠᠮ  ᠤᠨ ᠠᠵᠢᠯ  ᠤᠨ ᠬᠣᠷᠢᠶᠠᠨ ᠤ ᠭᠡᠰᠢᠭᠦᠨ ᠵᠡᠷᠭᠡ ᠲᠤᠰᠢᠶᠠᠯ  ᠢ ᠬᠠᠷᠢᠭᠤᠴᠠᠵᠤ ᠪᠠᠶᠢᠵᠠᠶ ᠃
    ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ  ᠤ ᠳᠠᠷᠠᠭ᠎ᠠ ᠂ ᠺᠦᠢ ᠪᠢ ᠨᠥᠬᠥᠷ ᠳᠤᠮᠳᠠᠳᠤ ᠤᠯᠤᠰ  ᠤᠨ ᠡᠪ ᠬᠠᠮᠲᠤ ᠨᠠᠮ  ᠤᠨ ᠥᠪᠥᠷ ᠮᠣᠩᠭᠣᠯ ᠰᠦᠢᠶᠤᠸᠠᠨ ᠤ ᠬᠤᠪᠢᠶᠠᠷᠢ ᠲᠣᠪᠴᠢᠶᠠᠨ  ᠤ ᠪᠠᠶᠢᠩᠭᠤ ᠶ᠋ᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ  ᠤᠨ ᠳᠠᠷᠤᠭ᠎ᠠ ᠂ ᠨᠠᠮ  ᠤᠨ ᠲᠥᠪ ᠬᠣᠷᠢᠶᠠᠨ ᠤ ᠥᠪᠥᠷ ᠮᠣᠩᠭᠣᠯ  ᠤᠨ ᠬᠤᠪᠢᠶᠠᠷᠢ ᠲᠣᠪᠴᠢᠶᠠᠨ  ᠤ ᠳᠡᠳ᠋ ᠱᠦᠵᠢ ᠂ ᠳᠤᠮᠳᠠᠳᠤ ᠤᠯᠤᠰ  ᠤᠨ ᠡᠪ ᠬᠠᠮᠲᠤ ᠨᠠᠮ ᠤᠨ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ  ᠤ ᠬᠣᠷᠢᠶᠠᠨ  ᠤ ᠳᠡᠳ᠋ ᠱᠦᠵᠢ ᠂ ᠱᠦᠵᠢ  ᠶ᠋ᠢᠨ ᠭᠠᠵᠠᠷ ᠤᠨ ᠱᠦᠵᠢ ᠪᠥᠭᠡᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ  ᠤ ᠬᠢᠨᠠᠨ ᠪᠠᠶᠢᠴᠠᠭᠠᠬᠤ ᠬᠤᠷᠢᠶᠠᠨ ᠤ ᠱᠦᠵᠢ ᠪᠣᠯᠤᠨ᠎ᠠ ᠃ ᠰᠦᠢᠶᠤᠸᠠᠨ ᠮᠤᠵᠢ ᠶ᠋ᠢᠨᠠᠷᠠᠳ  ᠤᠨ ᠵᠠᠰᠠᠭ  ᠤᠨᠣᠷᠳᠣᠨ  ᠤ ᠳᠡᠳ᠋ ᠲᠡᠷᠢᠭᠦᠯᠡᠭᠴᠢ ᠂ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ  ᠤ ᠠᠷᠠᠳ  ᠤᠨ ᠵᠠᠰᠠᠭ ᠤᠨ ᠣᠷᠳᠣᠨ  ᠤ ᠳᠡᠳ᠋ ᠲᠡᠷᠢᠭᠦᠯᠡᠭᠴᠢ ᠃ ᠪᠦᠬᠦ ᠤᠯᠤᠰ  ᠤᠨ ᠠᠷᠠᠳ ᠤᠨ ᠲᠥᠯᠥᠭᠡᠯᠡᠭᠴᠢᠳ  ᠤᠨ ᠶᠡᠬᠡ ᠬᠤᠷᠠᠯ  ᠤᠨ ᠦᠨᠳᠦᠰᠦᠲᠡᠨ  ᠤ ᠵᠦᠪᠯᠡᠯ  ᠤᠨ ᠳᠡᠳ᠋ ᠡᠷᠬᠢᠯᠡᠭᠴᠢ ᠂ ᠤᠯᠤᠰ ᠲᠦᠷᠦ ᠶ᠋ᠢᠨ ᠵᠥᠪᠯᠡᠯᠭᠡᠨ  ᠦ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ  ᠤ ᠳᠥᠷᠪᠡᠳᠦᠭᠡᠷ ᠬᠤᠭᠤᠴᠠᠭᠠᠨ ᠤ ᠲᠡᠷᠢᠭᠦᠯᠡᠭᠴᠢ ᠪᠠ ᠳᠤᠮᠳᠠᠳᠤ ᠤᠯᠤᠰ  ᠤᠨ ᠡᠪ ᠬᠠᠮᠲᠤ ᠨᠠᠮ  ᠤᠨ ᠥᠪᠥᠷ ᠮᠣᠩᠭᠣᠯ  ᠤᠨ ᠤᠯᠤᠰ ᠲᠥᠷᠥ ᠶ᠋ᠢᠨ ᠵᠥᠪᠯᠡᠯᠭᠡᠨ  ᠦ ᠨᠠᠮ  ᠤᠨ ᠤᠳᠤᠷᠢᠳᠬᠤ ᠳᠤᠭᠤᠶᠢᠯᠠᠩ ᠤᠨ ᠱᠦᠵᠢ ᠂ ᠨᠠᠮ ᠤᠨ ᠲᠥᠪ ᠬᠣᠷᠢᠶᠠᠨ ᠤ ᠵᠥᠪᠯᠡᠭᠴᠢᠳ ᠤᠨ ᠬᠣᠷᠢᠶᠠᠨ ᠤ ᠭᠡᠰᠢᠭᠦᠨ ᠪᠠ ᠲᠠᠪᠤᠳᠤᠭᠠᠷ ᠬᠤᠭᠤᠴᠠᠭᠠᠨ  ᠤ ᠪᠦᠬᠦ ᠤᠯᠤᠰ ᠤᠨ ᠠᠷᠠᠳ  ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠪᠠᠶᠢᠩᠭᠤ  ᠶ᠋ᠢᠨ ᠬᠣᠷᠢᠶᠠᠨ  ᠦ ᠭᠡᠰᠢᠭᠦᠨ ᠮᠥᠨ ᠃ ᠳᠤᠮᠳᠠᠳᠤ ᠤᠯᠤᠰ  ᠤᠨ ᠡᠪ ᠬᠠᠮᠲᠤ ᠨᠠᠮ  ᠤᠨ ᠠᠷᠪᠠᠨ ᠬᠣᠶᠠᠳᠤᠭᠠᠷ ᠬᠤᠭᠤᠴᠠᠭᠠᠨ ᠤ ᠲᠥᠪ ᠬᠣᠷᠢᠶᠠᠨ ᠤ ᠳᠥᠷᠪᠡᠳᠦᠭᠡᠷ ᠪᠥᠬᠥᠳᠡ ᠬᠤᠷᠠᠯ ᠳᠡᠭᠡᠷ᠎ᠡ ᠂ ᠺᠦᠢ ᠪᠢ ᠨᠥᠬᠥᠷ ᠪᠥᠬᠥᠳᠡ ᠬᠤᠷᠠᠯ ᠳ᠋ᠤ ᠭᠤᠶᠤᠴᠢᠯᠠᠯ ᠡᠷᠭᠦᠵᠦ᠂ ᠲᠥᠪ  ᠤᠨ ᠵᠥᠪᠯᠡᠭᠴᠢᠳ ᠤᠨ ᠬᠣᠷᠢᠶᠠᠨ  ᠤ ᠭᠡᠰᠢᠭᠦᠨ  ᠤ ᠲᠤᠰᠢᠶᠠᠯ ᠡᠴᠠ ᠪᠠᠨ ᠪᠠᠭᠤᠪᠠ ᠃
     1986 ᠤᠨ ᠤ 2 ᠰᠠᠷ᠎ᠠ ᠶ᠋ᠢᠨ 9 ᠦ ᠡᠳᠦᠷ᠂ ᠺᠦᠢ ᠪᠢ  ᠨᠦᠬᠦᠷ ᠨᠠᠶᠠᠨ ᠭᠤᠷᠪᠠᠨ ᠨᠠᠰᠣᠲᠠᠢ ᠡᠪᠡᠳᠴᠢᠨ ᠢᠶ᠋ᠡᠷ ᠨᠠᠰᠤ ᠪᠠᠷᠠᠪᠠ ᠃

ᠵᠣᠬᠢᠶᠠᠭᠴᠢ:
ᠢᠷᠡᠯᠲᠡ: