ᠬᠤᠤ ᠸᠧᠶ ᠮᠢᠨ

  2018-11-28

05.jpg

   


    ᠬᠤᠤ ᠸᠧᠶ ᠮᠢᠨ ᠂ ᠡᠷᠡᠭᠲᠡᠶ ᠂ ᠮᠣᠩᠭᠣᠯ ᠦᠨᠳᠦᠰᠦᠲᠡᠨ ᠂ ᠮᠣᠩᠭᠣᠯ ᠨᠡᠷ᠎ᠡ ᠨᠢ ᠣᠳᠬᠣᠨᠪᠢᠯᠢᠭ᠌ ᠂ 1934 ᠣᠨ ᠤ 2 ᠰᠠᠷ᠎ᠠ ᠳᠤ ᠲᠥᠷᠥᠵᠡᠢ ᠂ ᠥᠪᠥᠷ ᠮᠣᠩᠭᠣᠯ ᠤᠨ ᠶᠡᠬᠡ ᠵᠣᠣ ᠠᠶᠢᠮᠠᠭ ᠤᠨ ᠬᠠᠩᠭᠢᠨ ᠬᠣᠰᠢᠭᠤᠨ ᠤ ᠬᠥᠮᠦᠨ ᠃ 1957 ᠣᠨ ᠤ 10 ᠰᠠᠷ᠎ᠠ ᠳᠤ ᠥᠪᠥᠷ ᠮᠣᠩᠭᠣᠯ ᠤᠨ ᠶᠡᠬᠡ ᠰᠤᠷᠭᠠᠭᠤᠯᠢ ᠶᠢᠨ ᠲᠡᠦᠬᠡᠨ ᠰᠠᠯᠪᠤᠷᠢ ᠳ᠋ᠦ ᠰᠢᠯᠭᠠᠨ ᠣᠷᠣᠵᠤ ᠰᠤᠷᠤᠯᠴᠠᠵᠡᠢ᠃ ᠠᠵᠢᠯ ᠤᠨ ᠬᠡᠷᠡᠭᠴᠡᠭᠡ ᠡᠴᠡ ᠪᠤᠯᠵᠦ ᠂ 1958 ᠣᠨ ᠳᠤ ᠠᠵᠢᠯ ᠤᠨ ᠬᠠᠷᠠᠭᠠᠨ ᠡᠴᠡ ᠪᠣᠯᠵᠦ ᠨᠢᠭᠡ ᠲᠠᠯ᠎ᠠ ᠪᠠᠷ ᠰᠤᠷᠤᠯᠴᠠᠵᠤ ᠂ ᠨᠢᠭᠡ ᠲᠠᠯ᠎ᠠ ᠪᠠᠷ  ᠠᠵᠢᠯᠯᠠᠭᠰᠠᠨ ᠪᠠᠶᠢᠨ᠎ᠠ ᠂ ᠨᠢᠭᠡ ᠲᠠᠯ᠎ᠠ ᠢᠶᠠᠷ ᠮᠣᠩᠭᠣᠯ ᠲᠡᠦᠬᠡ ᠰᠤᠳᠤᠯᠬᠤ ᠠᠵᠢᠯ ᠢ ᠬᠢᠭᠰᠡᠨ ᠪᠠᠶᠢᠨ᠎ᠠ ᠃ 1962 ᠣᠨ ᠤ 7 ᠰᠠᠷ᠎ᠠ ᠳᠤ ᠤᠤᠯ ᠠᠩᠭᠢ ᠶᠢᠨ ᠰᠤᠷᠤᠭᠴᠢᠳ ᠲᠠᠢ ᠬᠠᠮᠲᠦ ᠰᠤᠷᠤᠯᠭ᠎ᠠ ᠲᠡᠭᠦᠰᠭᠡᠵᠦ ᠂ ᠣᠳᠣ ᠪᠣᠯᠲᠠᠯ᠎ᠠ ᠦᠷᠭᠦᠯᠵᠢᠯᠡᠨ ᠳᠡᠭᠡᠳᠦ ᠰᠤᠷᠭᠠᠭᠤᠯᠢ ᠳᠤ ᠪᠠᠨ ᠪᠠᠭᠰᠢᠯᠠᠭᠰᠠᠨ ᠪᠠᠶᠢᠨ᠎ᠠ ᠃
    ᠬᠤᠤ ᠸᠧᠶ ᠮᠢᠨ ᠫᠷᠦᠹᠸᠰᠰᠤᠷ ᠭᠣᠣᠯᠳᠠᠭᠤ ᠥᠪᠥᠷ ᠮᠣᠩᠭᠣᠯ ᠣᠷᠣᠨ ᠳᠤ ᠨᠠᠮ ᠤᠨ ᠲᠡᠦᠬᠡ ᠂ ᠬᠤᠪᠢᠰᠬᠠᠯ ᠤᠨ ᠲᠡᠦᠬᠡ ᠂ ᠣᠷᠴᠢᠨ ᠤᠳᠤ ᠦᠶ᠎ᠡ ᠶᠢᠨ ᠲᠡᠦᠬᠡ ᠪᠠ ᠣᠷᠴᠢᠨ ᠣᠳᠣ ᠦᠶ᠎ᠡ  ᠶᠢᠨ ᠮᠣᠩᠭᠣᠯ ᠲᠡᠦᠬᠡ ᠂ ᠦᠨᠳᠦᠰᠦᠲᠡᠨ ᠦ ᠣᠨᠣᠯ ᠂ ᠦᠨᠳᠦᠰᠦᠲᠡᠨ ᠦ ᠲᠦᠷᠦ ᠶᠢᠨ ᠪᠤᠳᠤᠯᠭ᠎ᠠ ᠶᠢᠨ ᠰᠤᠳᠤᠯᠭᠠᠨ ᠪᠠ ᠵᠢᠭᠠᠨ ᠰᠤᠷᠭᠠᠬᠤ ᠂ ᠨᠠᠮ ᠤᠨ ᠠᠵᠢᠯ ᠪᠠ ᠵᠠᠰᠠᠭ ᠵᠠᠬᠢᠷᠭᠠᠨ ᠤ ᠠᠵᠢᠯ ᠢ ᠬᠠᠪᠰᠤᠷᠭᠠᠨ ᠬᠢᠵᠦ ᠪᠠᠶᠢᠨ᠎ᠠ ᠃

    ᠬᠤᠤ ᠸᠧᠶ ᠮᠢᠨ ᠤ ᠪᠢᠴᠢᠭᠰᠡᠨ ᠵᠣᠬᠢᠶᠠᠯ ᠨᠤᠭᠤᠳ᠄

(1)᠂  ᠦᠨᠳᠦᠰᠦᠲᠡᠨ ᠦ ᠪᠦᠯᠬᠦᠮᠳᠡᠯ  ᠶ᠋ᠢᠨ ᠤᠯᠠᠮᠵᠢᠯᠠᠯ ᠢ ᠵᠠᠯᠭᠠᠮᠵᠢᠯᠠᠵᠤ ᠂ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢᠨ ᠦᠢᠯᠡᠰ ᠢ ᠪᠠᠳᠠᠷᠠᠭᠤᠯᠵᠤ
(2)᠂ ᠤᠯᠠᠭᠠᠨᠬᠦᠦ ᠥᠪᠥᠷ ᠮᠣᠩᠭᠣᠯ ᠳᠤ ᠦᠨᠳᠦᠰᠦᠲᠡᠨ ᠦ ᠣᠷᠣᠨ ᠤ ᠥᠪᠡᠷᠲᠡᠭᠡᠨ ᠵᠠᠰᠠᠬᠤ ᠶᠢ ᠬᠡᠷᠡᠭᠵᠢᠭᠦᠯᠬᠦ ᠠᠭᠤᠤ ᠶᠡᠬᠡ ᠦᠢᠯᠡᠳᠦᠯᠭᠡ
(3)᠂ ᠤᠯᠠᠭᠠᠨᠬᠦᠦ ᠋ ᠢᠢᠨ  ᠰᠤᠳᠤᠯᠭᠠᠨ ᠰᠤᠯᠠ ᠲᠡᠮᠳᠡᠭᠯᠡᠯ
(4)᠂ ᠥᠪᠥᠷ ᠮᠣᠩᠭᠣᠯ ᠣᠷᠣᠨ ᠤ ᠬᠤᠪᠢᠰᠬᠠᠯ ᠪᠠ ᠪᠦᠳᠤᠭᠡᠨ ᠪᠠᠶᠢᠭᠤᠯᠤᠯᠲᠠ ᠶᠢᠨ ᠭᠡᠷᠡᠯ ᠰᠠᠴᠤᠷᠠᠩᠭᠤᠶ ᠬᠡᠪ ᠳᠠᠭᠤᠷᠢᠶᠠᠯ
(5)᠂《 ᠶᠠᠫᠣᠨ ᠪᠣᠯᠤᠨ ᠥᠪᠥᠷ ᠮᠣᠩᠭᠣᠯ  》| ᠶᠠᠫᠣᠨ ᠤ ᠥᠪᠥᠷ ᠮᠣᠩᠭᠣᠯ  ᠳ᠋ᠡᠬᠢ ᠺᠣᠯᠣᠨᠢᠴᠢᠯᠠᠯ ᠤᠨ ᠨᠣᠶᠠᠷᠬᠠᠯ  ᠶ᠋ᠢ ᠰᠣᠳᠤᠯᠠᠬᠤ ᠬᠦᠴᠦᠲᠦ ᠪᠦᠳᠦᠭᠡᠯ
(6)᠂  ᠳᠤᠮᠳᠠᠳᠤ ᠤᠯᠤᠰ ᠤᠨ ᠪᠠᠷᠠᠭᠤᠨ ᠣᠷᠤᠨ  ᠢ ᠶᠡᠬᠡᠪᠡᠷ ᠨᠡᠭᠡᠭᠡᠨ ᠬᠥᠭᠵᠢᠭᠦᠯᠬᠦ ᠪᠠ ᠮᠣᠩᠭᠣᠯ ᠦᠨᠳᠦᠰᠦᠲᠡᠨ ᠦ ᠬᠥᠭᠵᠢᠯ ᠶ᠋ᠢᠨ ᠲᠤᠬᠠᠢ ᠶᠠᠷᠢᠯᠴᠠᠬᠤ ᠎|   ᠴᠥᠭᠡᠨ ᠲᠣᠭᠠᠲᠤ ᠦᠨᠳᠦᠰᠦᠲᠡᠨ ᠦ 《 ᠤᠯᠤᠰ ᠲᠦᠷᠦᠴᠢᠯᠡᠬᠦ 》 ᠪᠠ ᠦᠨᠳᠦᠰᠦᠲᠡᠨ ᠦ 《 ᠬᠠᠮᠲᠤᠪᠠᠷ ᠵᠠᠰᠠᠬᠤ 》 ᠶ᠋ᠢᠬᠠᠪᠰᠤᠷᠭᠠᠨ ᠰᠢᠭᠦᠮᠵᠢᠯᠡᠬᠦ
(7)᠂  ᠪᠠᠷᠠᠭᠤᠨ ᠣᠷᠤᠨ ᠢ ᠶᠡᠬᠡᠪᠡᠷ ᠨᠡᠭᠡᠭᠡᠨ ᠬᠥᠭᠵᠢᠭᠦᠯᠬᠦ ᠪᠠ ᠮᠣᠩᠭᠣᠯ ᠦᠨᠳᠦᠰᠦᠲᠡᠨ ᠦ  ᠲᠤᠬᠠᠢ ᠥᠴᠦᠬᠡᠨ ᠮᠢᠨᠦ  ᠰᠠᠨᠠᠭ᠎ᠠ ᠪᠣᠲᠤᠯ
(8)᠂ ᠠᠷᠠᠳᠴᠢᠯᠠᠭᠰᠠᠨ ᠬᠤᠪᠢᠰᠬᠠᠯ ᠤᠨ ᠦᠶ᠎ᠡ ᠳᠦ ᠮᠠᠤ ᠽᠸ ᠳ᠋ᠦᠩ ᠦᠨ ᠦᠵᠡᠯ ᠰᠠᠨᠠᠭᠠᠨ ᠤ ᠦᠨᠳᠦᠰᠦᠲᠡᠨ ᠦ ᠤᠨᠤᠯ ᠨᠢ ᠥᠪᠥᠷ ᠮᠣᠩᠭᠣᠯ ᠋ ᠳ᠋ᠡᠬᠢ ᠦᠢᠯᠡᠳᠦᠯᠭᠡ
(9)᠂ ᠥᠪᠥᠷ ᠮᠣᠩᠭᠣᠯ ᠤᠨ ᠬᠤᠪᠢᠰᠬᠠᠯ ᠤᠨ ᠲᠡᠦᠬᠡ ᠶᠢᠨ ᠬᠣᠪᠣᠷ ᠨᠠᠨᠳᠢᠨ ᠰᠤᠷᠪᠤᠯᠵᠢ ᠪᠢᠴᠢᠭ ᠎|  ᠸᠠᠩ ‍ᠳ᠋ᠦᠸᠸ ᠨᠥᠬᠥᠷ ᠦᠨ 《 ᠲᠠᠪᠢᠨ ᠵᠢᠯ ᠦᠨ ᠬᠠᠪᠤᠷ ᠨᠠᠮᠤᠷ 》 ᠶ᠋ᠢ ᠣᠩᠰᠢᠬᠤ
(10)᠂ ᠤᠯᠤᠰ ᠪᠠᠶᠢᠭᠤᠯᠤᠭᠳᠠᠭᠰᠠᠨ ᠠᠴᠠ ᠨᠠᠰᠢ ᠂ ᠮᠠᠨ ᠤ ᠤᠯᠤᠰ ᠤᠨ ᠮᠣᠩᠭᠣᠯ ᠲᠡᠦᠬᠡ ᠶᠢᠨ ᠰᠤᠳᠤᠯᠭᠠᠨ ᠤ ᠲᠣᠶᠢᠮᠣ ᠪᠠᠶᠢᠳᠠᠯ
(11)᠂ ᠨᠢᠭᠡᠳᠦᠭᠡᠷ ᠤᠳᠠᠭ᠎ᠠ ᠂  ᠬᠣᠶᠠᠳᠤᠭᠠᠷ ᠤᠳᠠᠭᠠᠨ ᠤ ᠤᠯᠤᠰ ᠤᠨ ᠳᠣᠲᠣᠭᠠᠳᠤ ᠶᠢᠨ ᠬᠤᠪᠢᠰᠬᠠᠯᠲᠤ ᠳᠠᠶᠢᠨ ᠦ ᠦᠶ᠎ᠡ ᠳ᠋ᠡᠬᠢ ᠥᠪᠥᠷ ᠮᠣᠩᠭᠣᠯ ᠤᠨ ᠠᠷᠠᠳ ᠤᠨ ᠬᠤᠪᠢᠰᠬᠠᠯᠲᠤ ᠨᠠᠮ

ᠵᠣᠬᠢᠶᠠᠭᠴᠢ:
ᠢᠷᠡᠯᠲᠡ: