ᠤᠯᠠᠭᠠᠨᠬᠦᠦ

ᠤᠯᠠᠭᠠᠨᠬᠦᠦ (1906︱1988 ) ᠂ ᠬᠡᠷᠡᠭᠯᠡᠵᠦ ᠥᠩᠭᠡᠷᠡᠭᠰᠡᠨ ᠨᠡᠷ᠎ᠡ ᠶᠦᠨ ᠽᠸ ᠂ ᠶᠦᠨ ᠱᠢ ᠢᠦᠢ ᠂ ᠨᠢᠭᠤᠴᠠ ᠨᠡᠷ᠎ᠡ ᠴᠧᠨ ᠶᠦᠨ ᠵᠠᠩ ᠂ ᠤᠷᠤᠰ ᠬᠡᠯᠡᠨ ᠤ ᠨᠡᠷ᠎ᠡ ᠯᠠᠰᠸᠸᠢᠴᠢ ᠂ ᠮᠣᠩᠭᠣᠯ ᠦᠨᠳᠦᠰᠦᠲᠡᠨ ᠂ ᠬᠥᠬᠡᠬᠣᠲᠠ ᠶ᠋ᠢᠨ ᠲᠦᠮᠡᠳ ᠬᠤᠰᠢᠭᠤ ᠶ᠋ᠢᠨ ( ᠣᠳᠣ ᠶ᠋ᠢᠨ ᠬᠥᠬᠡᠬᠣᠲᠠ ᠶ᠋ᠢᠨ ᠲᠦᠮᠡᠳ ᠵᠡᠭᠦᠨ ᠬᠣᠰᠢᠭᠤ ) ᠳᠠᠪᠤᠨ ᠰᠠᠶᠢᠨ ᠭᠠᠴᠠᠭᠠᠨ ᠤ ᠬᠥᠮᠦᠨ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠢ᠎ᠡ ᠳ᠋ᠤ ᠤᠷᠲᠤ ᠬᠤᠭᠤᠴᠠᠭᠠᠨ ᠤ ᠰᠢᠯᠭᠠᠯᠲᠠ ᠶ᠋ᠢ ᠥᠩᠭᠡᠷᠡᠭᠡᠭᠰᠡᠨ ᠡᠪ ᠬᠠᠮᠲᠤ ᠶᠣᠰᠣᠨ ᠤ ᠪᠠᠶᠢᠯᠳᠤᠭᠴᠢ ᠂ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶ᠋ᠢᠨ ᠴᠠᠭ ᠦᠢ᠎ᠡ ᠳ᠋ᠦ ᠨᠠᠮ ᠪᠠ ᠲᠥᠷᠦ ᠶ᠋ᠢᠨ ᠰᠢᠯᠢᠳᠡᠭ ᠤᠳᠤᠷᠢᠳᠤᠭᠴᠢ ᠂ ᠦᠭᠡᠶᠢᠭᠦᠦ ᠠᠩᠬᠢ ᠶ᠋ᠢᠨ ᠭᠠᠷᠮᠠᠭᠠᠶ ᠬᠤᠪᠢᠰᠬᠠᠯᠴᠢ ᠂ ᠦᠨᠳᠦᠰᠦᠲᠡᠨ ᠤ ᠠᠵᠢᠯ ᠤᠨ ᠰᠢᠯᠭᠠᠷᠠᠭᠰᠠᠨ ᠤᠳᠤᠷᠢᠳᠤᠭᠴᠢ ᠮᠥᠨ ᠃
ᠤᠯᠠᠭᠠᠨᠬᠦᠦ ᠠᠯᠢ ᠡᠷᠲᠡ ᠵᠠᠯᠠᠭᠤ ᠪᠠᠭ᠎ᠠ ᠡᠴᠠ ᠪᠠᠨ ᠳᠠᠪᠰᠢᠩᠭᠤᠶ ᠦᠵᠡᠯ ᠰᠠᠨᠠᠭ᠎ᠠ ᠶ᠋ᠢ ᠬᠦᠯᠢᠶᠡᠨ ᠠᠪᠴᠤ ᠂ ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠬᠦ ᠣᠷᠣᠨᠴᠢ ᠰᠤᠷᠤᠭᠴᠢᠳ ᠤᠨ ᠬᠥᠳᠡᠯᠭᠡᠭᠡᠨ ᠳ᠋ᠤ ᠢᠳᠡᠪᠬᠢᠲᠡᠢ ᠣᠷᠤᠯᠴᠠᠵᠠᠢ ᠃ 1923 ᠣᠨ ᠤ ᠵᠤᠨ᠂ ᠬᠦᠢᠰᠦ᠋ᠢ ᠶᠢᠨ ᠲᠦᠮᠡᠳ ᠦᠨ ᠥᠨᠳᠥᠷ ᠵᠡᠷᠭᠡ ᠶ᠋ᠢᠨ ᠪᠠᠭ᠎ᠠ ᠰᠤᠷᠭᠠᠭᠤᠯᠢ ᠪᠠᠨ ᠲᠡᠭᠦᠰᠬᠡᠵᠦ ᠂ ᠪᠡᠭᠡᠵᠢᠩ ᠦᠨ ᠮᠣᠩᠭᠣᠯ ᠲᠥᠪᠡᠳ ᠦᠨ ᠰᠤᠷᠭᠠᠭᠤᠯᠢ ᠳ᠋ᠦ ᠰᠢᠯᠭᠠᠨ ᠣᠷᠤᠵᠦ ᠂ ᠯᠢ ᠳ᠋ᠡ ᠵᠤᠤ ᠂ ᠵᠤᠤ ᠱᠢ ᠶᠠᠨ ᠂ ᠳ᠋ᠧᠩ ᠵᠥᠩ ᠰᠢᠶᠠ ᠵᠡᠷᠭᠡ ᠡᠪ ᠬᠠᠮᠲᠤᠴᠤᠳ ᠤᠨ ᠨᠥᠯᠥᠭᠡᠯᠡᠯ ᠪᠠ ᠵᠢᠯᠣᠭᠣᠳᠣᠯᠭ᠎ᠠ ᠳᠣᠣᠷ᠎ᠠ ᠂ ᠮᠠᠷᠺᠰ ᠤᠨ ᠦᠵᠡᠯ ᠢ ᠰᠤᠳᠤᠯᠬᠤ ᠳᠤᠭᠤᠶᠢᠯᠠᠩ ᠳ᠋ᠦ ᠣᠷᠣᠯᠴᠠᠵᠤ ᠂ ᠮᠠᠷᠺᠰ ᠯᠧᠨᠢᠨ ᠤ ᠦᠵᠡᠯ ᠦᠨ ᠣᠨᠤᠯ ᠢ ᠨᠠᠷᠢᠨ ᠬᠢᠨᠠᠮᠠᠭᠠᠶ ᠰᠤᠷᠤᠯᠴᠠᠵᠠᠶ ᠃ ᠲᠤᠰ ᠵᠢᠯ ᠦᠨ12 ᠰᠠᠷ᠎ᠠ ᠳ᠋ᠦ ᠂ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠵᠠᠯᠠᠭᠤᠴᠤᠳ ᠤᠨ ᠡᠪᠯᠡᠯ ᠳ᠋ᠤ ᠡᠯᠰᠡᠭᠳᠡᠨ ᠣᠷᠣᠪᠠ ᠃ 1924 ᠣᠨ ᠤ 4 ᠰᠠᠷ᠎ᠠ ᠳ᠋ᠤ ᠳ᠋ᠦᠸᠸ ᠰᠦᠩ ᠨᠢᠶᠠᠨ ᠂ ᠺᠦᠢ ᠪᠢ ᠵᠡᠷᠭᠡ ᠬᠥᠮᠦᠰ ᠲᠠᠢ ᠥᠪᠥᠷ ᠮᠣᠩᠭᠣᠯ ᠣᠷᠣᠨ ᠤ ᠠᠩᠬᠠᠳᠠᠭᠴᠢ ᠮᠣᠩᠭᠣᠯ ᠦᠨᠳᠦᠰᠦᠲᠡᠨ ᠤ ᠬᠤᠪᠢᠰᠬᠠᠯ ᠤᠨ ᠰᠡᠳᠬᠦᠯ ᠪᠣᠯᠬᠤ 《 ᠮᠣᠩᠭᠣᠯ ᠲᠠᠷᠢᠶᠠᠴᠢᠨ 》 ᠢ ᠡᠷᠬᠢᠯᠡᠨ ᠨᠠᠶᠢᠷᠠᠭᠤᠯᠤᠭᠰᠠᠨ ᠪᠠᠶᠢᠨ᠎ᠠ ᠃
1925 ᠣᠨ ᠤ 6 ᠰᠠᠷ᠎ᠠ ᠳ᠋ᠤ ᠂ ᠵᠠᠶᠠᠭᠠᠲᠠᠶ ᠲᠠᠶ ᠬᠠᠮᠲᠤ᠂ ᠬᠦᠢᠰᠦ᠋ᠢ ᠭᠠᠵᠠᠷ ᠣᠷᠣᠨ ᠤ ᠱᠠᠩᠬᠠᠢ ᠶᠢᠨ 《 ᠲᠠᠪᠤᠨ ᠰᠠᠷ᠎ᠠ ᠶ᠋ᠢᠨ ᠭᠤᠴᠢᠨ 》 ᠤ ᠬᠦᠳᠡᠯᠭᠡᠭᠡᠨ ᠢ ᠲᠡᠮᠵᠢᠵᠦ ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠭᠰᠡᠨ ᠡᠭᠡ ᠣᠷᠣᠨᠴᠢ ᠬᠥᠳᠡᠯᠭᠡᠭᠡᠨ ᠢ ᠤᠳᠤᠷᠢᠳᠤᠭᠰᠠᠨ ᠪᠠᠶᠢᠨ᠎ᠠ᠃ ᠲᠤᠰ ᠵᠢᠯ ᠦᠨ 9 ᠰᠠᠷ᠎ᠠ ᠳ᠋ᠦ ᠂ ᠳ᠋ᠦᠸᠸ ᠰᠦᠩ ᠨᠢᠶᠠᠨ ᠤ ᠲᠠᠨᠢᠯᠴᠠᠭᠤᠯᠭ᠎ᠠ ᠪᠠᠷ ᠳᠠᠮᠵᠢᠵᠤ ᠳᠤᠮᠳᠠᠳᠤ ᠤᠯᠤᠰ ᠤᠨ ᠡᠪ ᠬᠠᠮᠲᠤ ᠨᠠᠮ ᠳ᠋ᠤ ᠣᠷᠤᠭᠰᠠᠨ ᠪᠠᠶᠢᠨ᠎ᠠ᠃ 10 ᠰᠠᠷ᠎ᠠ ᠳ᠋ᠤ ᠂ ᠪᠡᠭᠡᠵᠢᠩ ᠳ᠋ᠤ ᠰᠠᠭᠤᠭ᠎ᠠ ᠮᠣᠩᠭᠣᠯ ᠰᠤᠷᠤᠭᠴᠢ ᠶ᠋ᠢᠨ ᠲᠥᠯᠦᠭᠡᠯᠡᠭᠴᠢ ᠶ᠋ᠢᠨ ᠬᠢᠷᠢ ᠬᠡᠮ ᠢᠶ᠋ᠡᠷ ᠴᠢᠭᠤᠯᠤᠯᠳᠦ ᠬᠠᠭᠠᠯᠭ᠎ᠠ ᠳ᠋ᠦ ᠬᠦᠷᠴᠦ ᠠᠩᠬᠠᠳᠤᠭᠠᠷ ᠤᠳᠠᠭᠠᠨ ᠤ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠦᠨ ᠲᠥᠯᠦᠭᠡᠯᠡᠭᠴᠢᠳ ᠦᠨ ᠶᠡᠬᠡ ᠬᠤᠷᠠᠯ ᠳ᠋ᠤ ᠣᠷᠤᠯᠴᠠᠵᠠᠢ ᠃ ᠬᠤᠷᠠᠯ ᠤᠨ ᠲᠠᠷᠠᠭ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠮᠠᠷᠠᠲᠤ ᠶ᠋ᠢᠨ ᠬᠣᠷᠢᠶ᠎ᠠ ᠶ᠋ᠢᠨ ᠰᠣᠩᠭᠣᠨ ᠲᠤᠮᠢᠯᠠᠯᠲᠠ ᠢᠶᠠᠷ ᠵᠦᠪᠯᠡᠯᠲᠦ ᠬᠣᠯᠪᠣᠭᠠᠲᠤ ᠤᠯᠤᠰ ᠤᠨ ᠮᠣᠰᠺᠸᠠ ᠳ᠋ᠡᠬᠢ ᠵᠦᠩ ᠱᠠᠨ ᠶᠡᠬᠡ ᠰᠤᠷᠭᠠᠭᠤᠯᠢ ᠳ᠋ᠦ ᠰᠤᠷᠤᠯᠴᠠᠪᠠ ᠃ 1928 ᠣᠨ ᠤ ᠡᠬᠢ ᠪᠡᠷ ᠂ ᠰᠤᠷᠤᠯᠭ᠎ᠠ ᠲᠡᠭᠦᠰᠦᠭᠰᠡᠨ ᠤ ᠲᠠᠷᠠᠭ᠎ᠠ ᠮᠣᠰᠺᠸᠠ ᠳ᠋ᠤ ᠦᠯᠡᠳᠡᠵᠦ ᠂ ᠳᠣᠷᠣᠨᠠᠳᠠᠬᠢᠨ ᠤ ᠶᠡᠬᠡ ᠰᠤᠷᠭᠠᠭᠤᠯᠢ ᠂ ᠵᠦᠩᠱᠠᠨ ᠶᠡᠬᠡ ᠰᠤᠷᠭᠠᠭᠤᠯᠢ ᠳ᠋ᠤ ᠬᠢᠴᠢᠶᠡᠯ ᠵᠢᠭᠠᠬᠤ ᠪᠠ ᠣᠷᠴᠢᠭᠤᠯᠭ᠎ᠠ ᠬᠢᠵᠦ ᠪᠠᠶᠢᠵᠡᠢ᠃ ᠲᠤᠰ ᠵᠢᠯ ᠦᠨ6 ᠰᠠᠷ᠎ᠠ ᠳ᠋ᠦ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠷᠭᠤᠳᠤᠭᠠᠷ ᠶᠡᠬᠡ ᠬᠤᠷᠠᠯ ᠤᠨ ᠪᠢᠴᠢᠭ ᠮᠠᠲ᠋ᠸᠷᠢᠶᠠᠯ ᠢ ᠣᠷᠴᠢᠭᠤᠯᠬᠤ ᠠᠵᠢᠯ ᠳᠤ ᠣᠷᠤᠯᠴᠠᠪᠠ ᠃ 1929 ᠣᠨ ᠤ 6 ᠰᠠᠷ᠎ᠠ ᠳ᠋ᠤ ᠂ ᠲᠡᠷᠡ ᠹᠦᠸᠸ ᠳ᠋ᠢᠩ ᠂ ᠫᠣᠩᠰᠤᠭ ᠂ ᠲᠡᠮᠦᠷᠪᠠᠭᠠᠨ᠎ᠠ ᠵᠡᠷᠭᠡ ᠬᠥᠮᠦᠰ ᠲᠡᠶ ᠨᠢᠭᠤᠴᠠ ᠪᠠᠷ ᠤᠯᠤᠰ ᠲᠠᠭᠠᠨ ᠪᠤᠴᠠᠵᠤ ᠢᠷᠡᠬᠦ ᠵᠠᠮ ᠳ᠋ᠠᠭᠠᠨ᠂ ᠪᠥᠬᠥᠳᠡ ᠨᠠᠶᠢᠷᠠᠮᠳᠠᠬᠤ ᠮᠣᠩᠭᠣᠯ ᠠᠷᠠᠳ ᠤᠯᠤᠰ ᠲᠤ ᠪᠣᠯᠪᠠᠰᠤᠷᠠᠯ ᠬᠦᠷᠲᠡᠭᠰᠡᠨ ᠺᠦᠢ ᠪᠢ ᠵᠡᠷᠭᠡ ᠬᠥᠮᠦᠰ ᠲᠡᠶ ᠠᠭᠤᠯᠵᠠᠭᠰᠠᠨ ᠤ ᠳᠠᠷᠠᠭ᠎ᠠ ᠬᠠᠮᠲᠤ ᠪᠠᠷ ᠤᠯᠤᠰ ᠲᠠᠭᠠᠨ ᠪᠤᠴᠠᠪᠠ ᠃ ᠤᠯᠤᠰ ᠲᠠᠭᠠᠨ ᠬᠠᠷᠢᠬᠤ ᠵᠠᠮ ᠳᠠᠭᠠᠨ ᠂ ᠲᠡᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠮᠣᠩᠭᠤᠯ ᠤᠨ ᠠᠵᠢᠯ ᠤᠨ ᠺᠣᠮᠢᠰ ᠢ ᠪᠠᠶᠢᠭᠤᠯᠵᠤ ᠂ ᠤᠷᠢᠳ ᠬᠣᠵᠢᠳ ᠠᠵᠢᠯᠯᠠᠬᠤ ᠬᠣᠷᠢᠶ᠎ᠠ ᠶ᠋ᠢᠨ ᠵᠣᠬᠢᠶᠠᠨ ᠪᠠᠶᠢᠭᠤᠯᠬᠤ ᠭᠡᠰᠢᠭᠦᠨ ᠂ ᠱᠦᠵᠢ ᠪᠥᠭᠡᠳ ᠥᠪᠥᠷ ᠮᠣᠩᠭᠤᠯ ᠤᠨ ᠪᠠᠷᠠᠭᠤᠨ ᠬᠡᠰᠡᠭ ᠦᠨ ᠭᠠᠵᠠᠷ ᠣᠷᠣᠨ ᠤ ᠲᠠᠷᠢᠶᠠᠴᠢᠨ ᠤ ᠡᠪᠯᠡᠯ ᠢ ᠵᠣᠬᠢᠶᠠᠨ ᠪᠠᠶᠢᠭᠤᠯᠵᠦ ᠂ ᠤᠯᠠᠨ ᠲᠦᠮᠡᠨ ᠢ ᠳᠠᠶᠢᠴᠢᠯᠠᠬᠤ ᠂ ᠬᠤᠪᠢᠰᠬᠠᠯ ᠤᠨ ᠨᠢᠭᠤᠴᠠ ᠲᠡᠮᠡᠴᠡᠯ ᠢ ᠥᠷᠨᠢᠭᠦᠯᠵᠦ ᠪᠠᠶᠢᠵᠠᠢ ᠃ 1931 ᠣᠨ ᠤ ᠨᠠᠮᠤᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠬᠣᠶᠢᠲᠤ ᠣᠷᠣᠨ ᠤ ᠲᠤᠰᠬᠠᠶ ᠬᠣᠷᠢᠶᠠᠨ ᠤ ᠱᠦᠵᠢ ᠸᠠᠩ ᠷᠦᠸᠸ ᠹᠸᠢ ᠵᠢᠨ ᠤᠳᠤᠷᠢᠳᠤᠯᠭ᠎ᠠ ᠳᠣᠣᠷ᠎ᠠ ᠂ ᠥᠪᠥᠷ ᠮᠣᠩᠭᠤᠯ ᠤᠨ ᠪᠠᠷᠠᠭᠤᠨ ᠬᠡᠰᠡᠭ ᠦᠨ ᠭᠠᠵᠠᠷ ᠣᠷᠣᠨ ᠤ ᠨᠠᠮ ᠤᠨ ᠠᠵᠢᠯ ᠢ ᠬᠢᠵᠦ ᠂ ᠴᠡᠷᠢᠭ ᠦᠨ ᠲᠡᠭᠡᠭᠡᠪᠦᠷᠢ ᠂ ᠴᠢᠮᠡᠭᠡ ᠮᠡᠳᠡᠭᠡ ᠪᠠ ᠦᠨᠳᠦᠰᠦᠲᠡᠨ ᠤ ᠠᠵᠢᠯ ᠢ ᠦᠷᠭᠦᠯᠵᠢᠯᠡᠨ ᠬᠢᠵᠦ ᠂ ᠲᠤᠶᠢᠯ ᠤᠨ ᠬᠠᠲᠠᠭᠤᠵᠢᠯᠲᠠᠶ ᠨᠥᠬᠥᠴᠡᠯ ᠳᠣᠣᠷ᠎ᠠ ᠵᠣᠬᠢᠶᠠᠨ ᠪᠠᠶᠢᠭᠤᠯᠤᠯᠲᠠ ᠶ᠋ᠢᠨ ᠲᠤᠰᠢᠶᠠᠭᠰᠠᠨ ᠡᠭᠦᠷᠭᠡ ᠶ᠋ᠢ ᠪᠡᠶᠡᠯᠡᠭᠦᠯᠦᠭᠰᠡᠨ ᠪᠠᠶᠢᠨ᠎ᠠ ᠃ 1936 ᠣᠨ ᠤ 2 ᠰᠠᠷ᠎ᠠ ᠶ᠋ᠢᠨ 21 ᠤ ᠡᠳᠦᠷ ᠂ ᠶᠦᠨ ᠵᠢᠶ ᠰᠢᠶᠠᠨ ᠵᠡᠷᠭᠡ ᠬᠥᠮᠦᠰ ᠤᠨ ᠨᠢᠭᠤᠴᠠ ᠠᠵᠢᠯᠯᠠᠭ᠎ᠠ ᠪᠠᠷ ᠳᠠᠮᠵᠢᠭᠤᠯᠤᠨ ᠮᠣᠩᠭᠣᠯ ᠤᠨ ᠣᠷᠣᠨ ᠨᠤᠲᠤᠭ ᠤᠨ ᠥᠪᠡᠷᠲᠡᠭᠡᠨ ᠵᠠᠰᠠᠬᠤ ᠲᠥᠷᠦ ᠶ᠋ᠢᠨ ᠶᠠᠪᠤᠳᠠᠯ ᠤᠨ ᠵᠦᠪᠯᠡᠯ ᠦᠨ ᠠᠮᠤᠷ ᠢ ᠬᠠᠮᠠᠭᠠᠯᠠᠬᠤ ᠠᠩᠬᠢ ᠶ᠋ᠢ ᠤᠳᠤᠷᠢᠳᠴᠤ 《 ᠪᠠᠲᠤᠬᠠᠭᠠᠯᠭ᠎ᠠ ᠶ᠋ᠢᠨ ᠪᠣᠰᠤᠯᠭ᠎ᠠ》 ᠭᠠᠷᠭᠠᠵᠡᠢ ᠂ ᠮᠣᠩᠭᠣᠯ ᠦᠨᠳᠦᠰᠦᠲᠡᠨ ᠤ ᠵᠡᠪᠰᠡᠭᠲᠦ ᠬᠦᠴᠦᠨ ᠢᠶ᠋ᠡᠷ ᠶᠠᠫᠤᠨ ᠢ ᠡᠰᠡᠷᠭᠦᠴᠡᠬᠦ ᠠᠩᠬᠠᠨ ᠤ ᠫᠤᠤ ᠶ᠋ᠢ ᠲᠠᠯᠪᠢᠭᠰᠠᠨ ᠪᠠᠶᠢᠨ᠎ᠠ ᠃ 1937 ᠣᠨ ᠤ ᠡᠬᠢ ᠪᠡᠷ ᠂ ᠲᠡᠷᠡ ᠹᠦ᠋ ᠽᠦ᠋ᠸᠸ ᠢ ᠶ᠋ᠢᠨ ᠮᠣᠩᠭᠣᠯ ᠬᠣᠰᠢᠭᠤᠨ ᠤ ᠠᠮᠤᠷ ᠢ ᠬᠠᠮᠠᠭᠠᠯᠠᠬᠤ ᠶᠡᠷᠦᠩᠬᠡᠶ ᠠᠩᠬᠢ ᠶ᠋ᠢ ᠵᠣᠬᠢᠶᠠᠨ ᠪᠠᠶᠢᠭᠤᠯᠬᠤ ᠲᠣᠬᠢᠶᠠᠯ ᠢ ᠠᠰᠢᠭᠯᠠᠵᠤ ᠂ ᠮᠣᠩᠭᠣᠯ ᠬᠣᠰᠢᠭᠤᠨ ᠤ ᠠᠮᠤᠷ ᠢ ᠬᠠᠮᠠᠭᠠᠯᠠᠬᠤ ᠶᠡᠷᠦᠩᠬᠡᠶ ᠠᠨᠭᠭᠢ ᠳᠣᠲᠣᠷ᠎ᠠ ᠡᠪ ᠬᠠᠮᠲᠤ ᠨᠠᠮ ᠤᠨ ᠨᠢᠭᠤᠴᠠ ᠺᠣᠮᠢᠰ ᠢ ᠪᠠᠶᠢᠭᠤᠯᠵᠤ ᠂ ᠨᠠᠮ ᠤᠨ ᠬᠣᠷᠢᠶᠠᠨ ᠤ ᠱᠦᠵᠢ ᠶ᠋ᠢᠨ ᠠᠵᠢᠯ ᠢ ᠬᠠᠷᠢᠭᠤᠴᠠᠵᠤ ᠂ ᠨᠢᠭᠤᠴᠠ ᠠᠵᠢᠯ ᠢᠶᠡᠨ ᠥᠷᠨᠢᠭᠦᠯᠵᠦ ᠂ ᠮᠣᠩᠭᠣᠯ ᠦᠨᠳᠦᠰᠦᠲᠡᠨ ᠤ ᠵᠡᠪᠰᠡᠭᠲᠦ ᠬᠦᠴᠦᠨ ᠤ ᠪᠦᠯᠬᠦᠮᠳᠡᠵᠦ ᠪᠠᠶᠢᠭᠠᠳ ᠶᠠᠫᠤᠨ ᠢ ᠡᠰᠡᠷᠭᠦᠴᠡᠬᠦ ᠤᠯᠤᠰ ᠲᠥᠷᠦ ᠶ᠋ᠢᠨ ᠱᠤᠭᠤᠮ ᠢ ᠪᠠᠲᠤᠯᠠᠭᠰᠠᠨ ᠪᠠᠶᠢᠨ᠎ᠠ ᠃
ᠶᠠᠫᠤᠨ ᠢ ᠡᠰᠡᠷᠭᠦᠴᠡᠬᠦ ᠳᠠᠶᠢᠨ ᠡᠭᠦᠰᠦᠭᠰᠡᠨ ᠤ ᠳᠠᠷᠠᠭ᠎ᠠ ᠂ ᠮᠣᠩᠭᠣᠯ ᠬᠣᠰᠢᠭᠤᠨ ᠤ ᠠᠮᠤᠷ ᠢ ᠬᠠᠮᠠᠭᠠᠯᠠᠬᠤ ᠶᠡᠷᠦᠩᠬᠡᠶ ᠠᠩᠭᠢ ᠶᠢ ᠮᠣᠩᠭᠣᠯ ᠬᠣᠰᠢᠭᠤᠨ ᠤ ᠲᠤᠰᠠᠭᠠᠷ ᠪᠠᠷᠢᠭᠠᠳᠠ ᠪᠣᠯᠭᠠᠨ ᠥᠭᠡᠷᠡᠴᠢᠯᠡᠨ ᠪᠠᠶᠢᠭᠤᠯᠤᠭᠠᠳ ᠲᠡᠷᠡ ᠤᠯᠤᠰ ᠲᠦᠷᠦ ᠶ᠋ᠢᠨ ᠬᠡᠯᠲᠡᠰ ᠦᠨ ᠣᠷᠣᠯᠠᠭᠴᠢ ᠳᠡᠳ᠋ ᠡᠷᠬᠢᠯᠡᠭᠴᠢ ᠪᠥᠭᠡᠳ ᠡᠪ ᠬᠠᠮᠲᠤ ᠨᠠᠮ ᠤᠨ ᠨᠢᠭᠤᠴᠠ ᠨᠠᠮ ᠤᠨ ᠬᠣᠷᠢᠶᠠᠨ ᠤ ᠱᠦᠵᠢ ᠶ᠋ᠢᠨ ᠲᠤᠰᠢᠶᠠᠯ ᠢ ᠬᠠᠷᠢᠭᠤᠴᠠᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠶᠠᠫᠤᠨ ᠢᠡᠰᠡᠷᠭᠦᠴᠡᠨ ᠤᠯᠤᠰ ᠢᠶᠡᠨ ᠠᠪᠤᠷᠠᠬᠤ ᠠᠷᠪᠠᠨ ᠵᠦᠢᠯᠳᠦ ᠶᠡᠬᠡ ᠬᠥᠲᠦᠯᠪᠦᠷᠢ ᠶ᠋ᠢ ᠡᠷᠡᠰ ᠲᠤᠤᠱᠯᠠᠭᠤᠯᠵᠤ ᠂ ᠡᠨᠡ ᠬᠦ ᠴᠡᠷᠢᠭ ᠠᠩᠭᠢ ᠶᠢ ᠲᠤᠬᠠᠢ ᠶ᠋ᠢᠨ ᠦᠶ᠎ᠡ ᠶ᠋ᠢᠨ ᠮᠣᠩᠭᠣᠯ ᠦᠨᠳᠦᠰᠦᠲᠡᠨ ᠤ ᠳᠣᠲᠣᠷᠠᠬᠢ ᠬᠠᠮᠤᠭ ᠤᠨ ᠲᠣᠮᠣ ᠶᠠᠫᠤᠨ ᠢ ᠡᠰᠡᠷᠭᠦᠴᠡᠬᠦ ᠵᠡᠪᠰᠡᠭᠲᠦ ᠬᠦᠴᠦᠨ ᠪᠣᠯᠭᠠᠨ ᠪᠠᠶᠢᠭᠤᠯᠬᠤ ᠳ᠋ᠦ ᠴᠢᠬᠤᠯᠠ ᠦᠢᠯᠡᠳᠦᠯ ᠦᠵᠡᠭᠦᠯᠦᠭᠰᠡᠨ ᠶᠤᠮ ᠃ 1938 ᠣᠨ ᠤ ᠡᠬᠢ ᠪᠡᠷ ᠂ ᠮᠣᠩᠭᠣᠯ ᠬᠣᠰᠢᠭᠤᠨ ᠤ ᠲᠤᠰᠠᠭᠠᠷ ᠪᠠᠷᠢᠭᠠᠳᠠ ᠨᠢ ᠶᠡᠬᠡ ᠵᠤᠤ ᠠᠶᠢᠮᠠᠭ ᠲᠤ ᠬᠦᠷᠴᠦ᠂ ᠲᠤᠰ ᠵᠢᠯ ᠦᠨ 5 ᠰᠠᠷ᠎ᠠ ᠳ᠋ᠦ᠂ ᠮᠣᠩᠭᠣᠯ ᠬᠣᠰᠢᠭᠤᠨ ᠤ ᠲᠤᠰᠠᠭᠠᠷ ᠪᠠᠷᠢᠭᠠᠳᠠ ᠶ᠋ᠢ ᠂ ᠢᠷᠭᠡᠨ ᠤ ᠬᠤᠪᠢᠰᠬᠠᠯᠲᠤ ᠴᠡᠷᠢᠭ ᠦᠨ ᠰᠢᠨ᠎ᠡ ᠪᠡᠷ ᠪᠠᠶᠢᠭᠤᠯᠤᠭᠰᠠᠨ ᠭᠤᠷᠪᠠᠳᠤᠭᠠᠷ ᠳ᠋ᠢᠸᠢᠽᠢ ᠪᠣᠯᠭᠠᠨ ᠥᠭᠡᠷᠡᠴᠢᠯᠡᠵᠦ ᠂ ᠤᠯᠠᠭᠠᠨᠬᠦᠦ ᠤᠯᠤᠰ ᠲᠥᠷᠦ ᠶ᠋ᠢᠨ ᠬᠡᠯᠲᠡᠰ ᠦᠨ ᠣᠷᠣᠯᠠᠭᠴᠢ ᠡᠷᠬᠢᠯᠡᠭᠴᠢ ᠂ ᠡᠪ ᠬᠠᠮᠲᠤ ᠨᠠᠮ ᠤᠨ ᠨᠢᠭᠤᠴᠠ ᠨᠠᠮ ᠤᠨ ᠬᠣᠷᠢᠶᠠᠨ ᠤ ᠱᠦᠵᠢ ᠪᠡᠷ ᠰᠤᠩᠭᠤᠭᠳᠠᠵᠠᠢ ᠃ ᠲᠡᠷᠡ ᠴᠡᠷᠢᠭ ᠠᠩᠭᠢ ᠳᠤ ᠨᠢᠭᠡᠨ ᠢᠵᠢ ᠪᠦᠷᠢᠨ ᠲᠤᠢᠬᠦᠷ ᠤᠯᠤᠰ ᠲᠥᠷᠦ ᠶ᠋ᠢᠨ ᠠᠵᠢᠯ ᠤᠨ ᠰᠢᠰᠲ᠋ᠸᠮ ᠢ ᠪᠤᠢ ᠪᠣᠯᠭᠠᠵᠤ ᠂ ᠴᠡᠷᠢᠭ ᠠᠩᠬᠢ ᠶ᠋ᠢᠨ ᠤᠯᠤᠰ ᠲᠦᠷᠦ ᠦᠵᠡᠯ ᠰᠠᠨᠠᠭᠠᠨ ᠤ ᠠᠵᠢᠯ ᠪᠠ ᠣᠷᠣᠨ ᠨᠤᠲᠤᠭ ᠤᠨ ᠤᠯᠠᠨ ᠲᠦᠮᠡᠨ ᠤ ᠠᠵᠢᠯ ᠢ ᠦᠷᠨᠢᠬᠦᠯᠵᠦ ᠂ ᠣᠷᠳᠤᠰ ᠤᠨ ᠥᠨᠳᠦᠷᠯᠢᠭ ᠦᠨ ᠶᠠᠫᠤᠨ ᠢ ᠡᠰᠡᠷᠭᠦᠴᠡᠬᠦ ᠲᠡᠮᠡᠴᠡᠯ ᠢ ᠪᠠᠷᠢᠮᠲᠠᠯᠠᠵᠡᠢ ᠃ 1939 ᠣᠨ ᠤ ᠬᠠᠪᠤᠷ ᠡᠴᠡ 1941 ᠣᠨ ᠤ ᠵᠤᠨ ᠂ ᠭᠤᠷᠪᠠᠳᠤᠭᠠᠷ ᠳ᠋ᠢᠸᠢᠽᠢ ᠶ᠋ᠢᠨ ᠳᠠᠷᠤᠭ᠎ᠠ ᠪᠠᠷ ᠬᠠᠢ ᠹᠸ᠋ᠩ ᠳᠦ ᠬᠠᠮᠵᠢᠯᠴᠢᠨ ᠴᠡᠷᠢᠭ ᠠᠡᠭᠬᠢ ᠪᠠᠨ ᠵᠢᠯᠣᠭᠣᠳᠴᠤ ᠂ ᠶᠠᠫᠣᠨ ᠴᠡᠷᠢᠭ ᠬᠠᠭᠤᠷᠮᠠᠭ ᠴᠡᠷᠢᠭ ᠦᠨ ᠶᠡᠬᠡ ᠵᠣᠤ ᠠᠶᠢᠮᠠᠭ︵ ᠣᠳᠦ ᠶᠢᠨ ᠣᠷᠳᠤᠰ ᠬᠣᠲᠠ︶ ᠲᠤ ᠶᠠᠪᠣᠭᠤᠯᠤᠭᠰᠠᠨ ᠣᠯᠠᠨ ᠤᠳᠠᠭ᠎ᠠ ᠶᠢᠨ ᠳᠠᠭᠠᠷᠢᠯᠲᠠ ᠶᠢ ᠴᠣᠬᠢᠨ ᠤᠬᠤᠷᠠᠭᠤᠯᠤᠭᠰᠠᠨ ᠪᠠᠶᠢᠨ᠎ᠠ ᠃ 1941 ᠣᠨ ᠤ 8 ᠰᠠᠷ᠎ᠠ ᠳ᠋ᠤ ᠂ ᠨᠠᠮ ᠤᠨ ᠲᠥᠪ ᠬᠣᠷᠢᠶᠠᠨ ᠤ ᠲᠣᠭᠲᠠᠭᠠᠯ ᠶᠣᠰᠣᠭᠠᠷ ᠂ ᠤᠯᠠᠭᠠᠨᠬᠦᠦ ᠶᠠᠨ ᠠᠨ ᠳ᠋ᠤ ᠣᠴᠢᠵᠦ ᠂ ᠤᠷᠢᠳ ᠬᠣᠵᠢᠳ ᠶᠠᠨ ᠠᠨ ᠤ ᠦᠨᠳᠦᠰᠦᠲᠡᠨ ᠤ ᠳᠡᠭᠡᠳᠦ ᠰᠤᠷᠭᠠᠭᠤᠯᠢ ᠶ᠋ᠢᠨ ᠰᠤᠷᠭᠠᠨ ᠬᠥᠮᠦᠵᠢᠯ ᠦᠨ ᠳᠠᠷᠤᠭ᠎ᠠ ᠂ ᠱᠠᠨᠰᠢ ᠭᠠᠨᠰᠦ ᠨᠢᠩᠰᠢᠶᠠ ᠶ᠋ᠢᠨ ᠬᠢᠵᠠᠭᠠᠷ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠦᠨ ᠡᠷᠬᠢᠯᠡᠭᠴᠢ ᠭᠡᠰᠢᠭᠦᠨ ᠦ ᠲᠤᠰᠢᠶᠠᠯ ᠢ ᠬᠠᠷᠢᠭᠤᠴᠠᠵᠦ᠂ ᠡᠯ᠎ᠡ ᠦᠨᠳᠦᠰᠦᠲᠡᠨ ᠤ ᠪᠦᠯᠬᠦᠮᠳᠡᠵᠦ ᠶᠠᠫᠤᠨ ᠢ ᠡᠰᠡᠷᠭᠦᠴᠡᠬᠦ ᠦᠨᠳᠦᠰᠦᠲᠡᠨ ᠤ ᠺᠠᠲᠷ ᠢ ᠦᠯᠡᠮᠵᠢᠬᠡᠨ ᠬᠥᠮᠦᠵᠢᠭᠦᠯᠵᠦ ᠥᠭᠴᠡᠶ ᠃ 1945 ᠣᠨ ᠤ 4 ᠰᠠᠷ᠎ᠠ ᠳ᠋ᠤ ᠂ ᠤᠯᠠᠭᠠᠨᠬᠦᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠣᠯᠣᠳᠤᠭᠠᠷ ᠶᠡᠬᠡ ᠬᠤᠷᠠᠯ ᠳᠡᠭᠡᠷ᠎ᠡ ᠨᠠᠮ ᠤᠨ ᠲᠥᠪ ᠬᠣᠷᠢᠶᠠᠨ ᠤ ᠣᠷᠣᠯᠠᠭᠴᠢ ᠭᠡᠰᠢᠭᠦᠨ ᠢᠶ᠋ᠡᠷ ᠰᠣᠩᠭᠣᠭᠳᠠᠪᠠ ᠃ 7 ᠰᠠᠷ᠎ᠠ ᠳ᠋ᠤ ᠂ ᠰᠢᠨ᠎ᠡ ᠪᠡᠷ ᠪᠠᠶᠢᠭᠤᠯᠤᠭᠳᠠᠭᠰᠠᠨ ᠰᠦᠢᠶᠤᠸᠠᠨ ᠮᠣᠩᠭᠤᠯ ᠤᠨ ᠵᠠᠰᠠᠭ ᠤᠨ ᠣᠷᠳᠣᠨ ᠤ ᠲᠡᠷᠢᠭᠦᠯᠡᠭᠴᠢ ᠪᠣᠯᠪᠠ᠃
ᠶᠠᠫᠤᠨ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ ᠤ ᠲᠠᠷᠠᠭ᠎ᠠ ᠂ ᠤᠯᠠᠭᠠᠨᠬᠦᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠨ ᠰᠢ ᠴᠠᠬᠠᠷ ᠡᠾᠸᠪᠸᠢ ᠢᠢᠨ ᠬᠢᠵᠠᠭᠠᠷ ᠣᠷᠣᠨ ᠤ ᠲᠥᠪ ᠦᠨ ᠲᠣᠪᠴᠢᠶᠠᠨ ᠤ ᠭᠡᠰᠢᠭᠦᠨ ᠢᠶᠠᠷ ᠰᠤᠩᠭᠤᠭᠳᠠᠵᠡᠢ ᠃ 1945 ᠣᠨ ᠤ 10 ᠰᠠᠷ᠎ᠠ ᠳ᠋ᠤ ᠂ ᠠᠵᠢᠯ ᠤᠨ ᠳᠤᠭᠤᠶᠢᠯᠠᠩ ᠢ ᠳᠠᠭᠠᠭᠤᠯᠤᠨ ᠂ ᠰᠥᠨᠢᠳ ᠪᠠᠷᠠᠭᠤᠨ ᠬᠣᠰᠢᠭᠤ ᠳᠤ ᠬᠦᠷᠴᠦ ᠂ ᠨᠠᠮ ᠤᠨ ᠦᠨᠳᠦᠰᠦᠲᠡᠨ ᠤ ᠥᠪᠡᠷᠲᠡᠭᠡᠨ ᠵᠠᠰᠠᠬᠤ ᠲᠥᠷᠦ ᠶ᠋ᠢᠨ ᠪᠣᠳᠤᠯᠭ᠎ᠠ ᠶ᠋ᠢ ᠢᠳᠡᠪᠬᠢᠲᠡᠶ ᠤᠬᠠᠭᠤᠯᠵᠤ ᠂ ᠴᠥᠭᠡᠨ ᠲᠣᠭᠠᠨ ᠤ ᠬᠥᠮᠦᠰ ᠬᠠᠭᠠᠴᠠᠯ ᠭᠠᠷᠭᠠᠬᠤ ᠬᠤᠤᠪᠢᠯᠳᠤᠯᠭ᠎ᠠ ᠪᠡᠷ ᠭᠤᠷᠢᠳᠠᠯᠭ᠎ᠠ ᠶᠢ ᠢᠯᠡᠴᠢᠯᠡᠵᠦ ᠂ ᠥᠷᠭᠡᠨ ᠤᠯᠠᠨ ᠡᠬᠡ ᠣᠷᠣᠨᠴᠢ ᠵᠠᠯᠠᠭᠤᠴᠤᠳ ᠲᠠᠢ ᠪᠦᠯᠬᠦᠮᠳᠡᠵᠦ ᠂ 《 ᠥᠪᠥᠷ ᠮᠣᠩᠭᠤᠯ ᠤᠨ ᠠᠷᠠᠳ ᠤᠨ ᠪᠥᠬᠥᠳᠡ ᠨᠠᠶᠢᠷᠠᠮᠳᠠᠬᠤ ᠤᠯᠤᠰ ᠤᠨ ᠲᠦᠷ ᠴᠠᠭ ᠤᠨ ᠵᠠᠰᠠᠭ ᠤᠨ ᠣᠷᠳᠣᠨ 》 ᠤ ᠠᠰᠠᠭᠤᠳᠠᠯ ᠢ ᠲᠦᠷᠭᠡᠨ ᠰᠢᠢᠳᠪᠦᠷᠢᠯᠡᠵᠡᠢ᠃ 11 ᠰᠠᠷ᠎ᠠ ᠶ᠋ᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠢ ᠴᠢᠭᠤᠯᠤᠯᠲᠤ ᠬᠠᠭᠠᠯᠭ᠎ᠠ ᠳ᠋ᠤ ᠪᠠᠶᠢᠭᠤᠯᠠᠵᠦ ᠂ ᠤᠯᠠᠭᠠᠨᠬᠦᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠤᠨ ᠭᠦᠢᠴᠡᠳᠬᠡᠬᠦ ᠬᠣᠷᠢᠶᠠᠨ ᠤ ᠲᠡᠷᠢᠭᠦᠯᠡᠭᠴᠢ ᠪᠥᠭᠡᠳ ᠪᠠᠶᠢᠩᠭᠤ ᠶ᠋ᠢᠨ ᠬᠣᠷᠢᠶᠠᠨ ᠤ ᠲᠡᠷᠢᠭᠦᠯᠡᠭᠴᠢ ᠪᠠᠷ ᠰᠤᠩᠭᠤᠭᠳᠠᠭᠰᠠᠨ ᠪᠥᠭᠡᠳ ᠴᠡᠷᠢᠭ ᠦᠨ ᠶᠠᠪᠤᠳᠠᠯ ᠤᠨ ᠬᠡᠯᠲᠡᠰ ᠦᠨ ᠳᠠᠷᠤᠭ᠎ᠠ ᠂ ᠥᠪᠥᠷ ᠮᠣᠩᠭᠤᠯ ᠤᠨ ᠴᠡᠷᠢᠭ ᠦᠨ ᠶᠠᠪᠤᠳᠠᠯ ᠤᠯᠤᠰ ᠲᠥᠷᠦ ᠶ᠋ᠢᠨ ᠳᠡᠭᠡᠳᠦ ᠰᠤᠷᠭᠠᠭᠤᠯᠢ ᠶ᠋ᠢᠨ ᠵᠠᠬᠢᠷᠤᠯ ᠪᠣᠯᠵᠦ ᠂ ᠭᠣᠸᠯᠳᠠᠭᠤ ᠥᠪᠥᠷ ᠮᠣᠩᠭᠤᠯ ᠤᠨ ᠦᠨᠳᠦᠰᠦᠲᠡᠨ ᠤ ᠥᠪᠡᠷᠲᠡᠭᠡᠨ ᠵᠠᠰᠠᠬᠤ ᠬᠥᠳᠡᠯᠭᠡᠭᠡᠨ ᠤ ᠠᠵᠢᠯ ᠢ ᠬᠢᠬᠦ ᠪᠣᠯᠵᠡᠢ᠃
1946 ᠣᠨ ᠤ ᠡᠬᠢ ᠪᠡᠷ ᠂ ᠤᠯᠠᠭᠠᠨᠬᠦᠦ ᠪᠡᠶ᠎ᠡ ᠪᠡᠷ ᠢᠶᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠤᠨ ᠲᠥᠯᠦᠭᠡᠯᠡᠭᠴᠢ ᠶ᠋ᠢᠨ ᠪᠦᠯᠬᠦᠮ ᠵᠡᠭᠦᠨ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠲᠥᠯᠦᠭᠡᠯᠡᠭᠴᠢᠳ ᠦᠨ ᠪᠦᠯᠬᠦᠮ ᠢ ᠳᠠᠭᠠᠭᠤᠯᠵᠦ ᠬᠡᠯᠡᠯᠴᠡᠭᠡ ᠬᠢᠵᠦ ᠂ ᠥᠪᠥᠷ ᠮᠣᠩᠭᠣᠯ ᠣᠷᠣᠨ ᠤ ᠵᠡᠭᠦᠨ ᠪᠠᠷᠠᠭᠤᠨ ᠬᠡᠰᠡᠭ ᠦᠨ ᠥᠪᠡᠷᠲᠡᠭᠡᠨ ᠵᠠᠰᠠᠬᠤ ᠬᠥᠳᠡᠯᠭᠡᠭᠡᠨ ᠢ ᠨᠢᠭᠡᠳᠬᠡᠬᠦ ᠠᠰᠠᠭᠤᠳᠠᠯ ᠢ ᠰᠢᠢᠳᠪᠦᠷᠢᠯᠡᠬᠦ ᠬᠤᠷᠠᠯ ᠢ ᠠᠮᠵᠢᠯᠲᠠ ᠲᠠᠢ ᠪᠠᠷ ᠬᠤᠷᠠᠯᠳᠤᠭᠤᠯᠵᠦ᠂ ᠡᠨᠡ ᠨᠢ ᠲᠠᠷᠤᠢ ᠥᠪᠥᠷ ᠮᠣᠩᠭᠤᠯ ᠤᠨ ᠬᠤᠪᠢᠰᠬᠠᠯ ᠤᠨ ᠲᠡᠦᠬᠡᠨ ᠳᠡᠭᠡᠷ᠎ᠡ ᠴᠢᠬᠤᠯᠠ ᠠᠴᠢ ᠬᠣᠯᠪᠣᠭᠳᠠᠯ ᠪᠦᠬᠦᠢ 《 ᠲᠥᠷᠪᠡᠨ ᠰᠠᠷ᠎ᠠ ᠶ᠋ᠢᠨ ᠭᠤᠷᠪᠠᠨ ᠤ ᠬᠤᠷᠠᠯ 》 ᠪᠣᠯᠤᠨ᠎ᠠ᠃ ᠬᠤᠷᠠᠯ ᠡᠴᠠ ᠲᠣᠭᠲᠠᠭᠠᠭᠰᠠᠨ ᠨᠢ ᠵᠡᠭᠦᠨ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠢ ᠬᠦᠴᠦᠨ ᠦᠭᠡᠢ ᠪᠣᠯᠭᠠᠬᠤ ᠪᠠᠷ ᠲᠤᠭᠲᠠᠭᠠᠵᠦ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠣᠯᠪᠣᠭᠠᠲᠤ ᠬᠤᠷᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠨᠢᠭᠡᠳᠦᠯᠲᠡᠶ ᠤᠳᠤᠷᠢᠳᠬᠤ ᠪᠠᠶᠢᠭᠤᠯᠭ᠎ᠠ ᠮᠥᠨ ᠪᠣᠯᠬᠤ ᠶᠢ ᠪᠠᠲᠤᠯᠠᠵᠡᠢ ᠃ 《 ᠲᠥᠷᠪᠡᠨ ᠰᠠᠷ᠎ᠠ ᠶ᠋ᠢᠨ ᠭᠤᠷᠪᠠᠨ ᠤ ᠬᠤᠷᠠᠯ》 ᠨᠢ ᠨᠢᠭᠡᠳᠦᠯᠲᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠪᠠᠶᠢᠭᠤᠯᠬᠤ ᠰᠠᠭᠤᠷᠢ ᠶ᠋ᠢ ᠲᠠᠯᠪᠢᠭᠰᠠᠨ ᠪᠠᠶᠢᠨ᠎ᠠ ᠃
1947 ᠣᠨ ᠤ 4 ᠡᠴᠡ 5 ᠰᠠᠷ᠎ᠠ ᠳᠤ ᠂ ᠤᠯᠠᠭᠠᠨᠬᠦᠦ ᠶ᠋ᠢᠨ ᠡᠷᠬᠢᠯᠡᠯ ᠳᠣᠣᠷ᠎ᠠ ᠂ ᠥᠪᠥᠷ ᠮᠣᠩᠭᠤᠯ ᠤᠨ ᠠᠷᠠᠳ ᠤᠨ ᠲᠥᠯᠦᠭᠡᠯᠡᠭᠴᠢᠳ ᠦᠨ ᠬᠤᠷᠠᠯ ( ᠳᠠᠷᠤᠶ 《 ᠲᠠᠪᠤᠨ ᠰᠠᠷ᠎ᠠ ᠶ᠋ᠢᠨ ᠨᠢᠭᠡᠨ 》 ᠤ ᠶᠡᠬᠡ ᠬᠤᠷᠠᠯ ᠢ ᠬᠡᠯᠡᠵᠦ ᠪᠤᠢ ) ᠠᠮᠵᠢᠯᠲᠠ ᠲᠠᠶ ᠪᠠᠷ ᠡᠷᠬᠢᠯᠡᠨ ᠬᠤᠷᠠᠯᠳᠤᠭᠤᠯᠵᠤ ᠂ ᠳᠤᠮᠳᠠᠳᠤ ᠤᠯᠤᠰ ᠤᠨ ᠠᠩᠬᠠᠨ ᠤ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠡᠷᠬᠡ ᠶ᠋ᠢ ᠵᠠᠷᠯᠠᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠪᠤᠢ ᠪᠣᠯᠤᠭᠰᠠᠨ ᠢ ᠲᠤᠩᠬᠠᠭᠯᠠᠭᠰᠠᠨ ᠪᠠᠶᠢᠨ᠎ᠠ᠃ ᠤᠯᠠᠭᠠᠨᠬᠦᠦ ᠤᠷᠢᠳ ᠬᠣᠵᠢᠳ ᠡᠪ ᠬᠠᠮᠲᠤ ᠨᠠᠮ ᠤᠨ ᠲᠥᠪ ᠬᠣᠷᠢᠶᠠᠨ ᠤ ᠵᠡᠭᠦᠨ ᠬᠣᠶᠢᠲᠤ ᠣᠷᠣᠨ ᠤ ᠲᠣᠪᠴᠢᠶᠠᠨ ᠤ ᠭᠡᠰᠢᠭᠦᠨ᠂ ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠣᠷᠢᠶᠠᠨ ᠤ ᠱᠦᠵᠢ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠲᠡᠷᠢᠭᠦᠯᠡᠭᠴᠢ ᠪᠠᠶᠢᠪᠠ ᠃ ᠲᠡᠷᠡ ᠨᠠᠮ ᠤᠨ ᠲᠥᠪ ᠬᠣᠷᠢᠶᠠᠨ ᠤ ᠵᠢᠭᠠᠪᠤᠷᠢ ᠶᠣᠰᠣᠭᠠᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶ᠋ᠢ ᠪᠠᠷᠢᠮᠲᠠᠯᠠᠵᠤ ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠥᠷᠦ ᠶ᠋ᠢᠨ ᠪᠣᠳᠤᠯᠭ᠎ᠠ ᠶ᠋ᠢ ᠪᠠᠷᠢᠮᠲᠠᠯᠠᠵᠤ ᠂ ᠤᠯᠤᠰ ᠤᠨ ᠨᠢᠭᠡᠲᠦᠯ ᠢ ᠪᠠᠷᠢᠮᠲᠠᠯᠠᠨ᠂ ᠲᠡᠰᠪᠦᠷᠢ ᠬᠠᠲᠠᠭᠤᠵᠢᠯᠲᠠᠶ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠪᠦᠯᠬᠦᠮᠳᠡᠯ ᠨᠢᠭᠡᠲᠦᠯ ᠦᠨ ᠰᠢᠨ᠎ᠡ ᠪᠠᠶᠢᠳᠠᠯ ᠢ ᠪᠤᠢ ᠪᠣᠯᠭᠠᠵᠠᠶ ᠃ 1947 ᠣᠨ ᠡᠴᠡ1949 ᠣᠨ ᠳᠤ ᠂ ᠤᠯᠠᠭᠠᠨᠬᠦᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠪᠠᠶᠢᠭᠤᠯᠤᠯᠲᠠ ᠂ ᠴᠡᠷᠢᠭ ᠦᠨ ᠪᠠᠶᠢᠭᠤᠯᠤᠯᠲᠠ ᠂ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠠᠵᠤ ᠠᠬᠤᠶ ᠰᠣᠶᠤᠯ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠣᠨ ᠤ ᠭᠠᠵᠠᠷ ᠲᠠᠷᠢᠶᠠᠨ ᠤ ᠥᠭᠡᠷᠡᠴᠢᠯᠡᠯᠲᠡ ᠪᠣᠯᠤᠨ ᠮᠠᠯᠵᠢᠬᠤ ᠣᠷᠣᠨ ᠤ ᠠᠷᠠᠳᠴᠢᠯᠠᠭᠰᠠᠨ ᠥᠭᠡᠷᠡᠴᠢᠯᠡᠯᠲᠡ ᠶ᠋ᠢᠨ ᠡᠭᠦᠷᠭᠡ ᠶ᠋ᠢ ᠪᠡᠶᠡᠯᠡᠭᠦᠯᠦᠭᠰᠡᠨ ᠪᠠᠶᠢᠨ᠎ᠠ ᠃ ᠮᠠᠯᠵᠢᠬᠤ ᠣᠷᠣᠨ ᠤ ᠠᠷᠠᠳᠴᠢᠯᠠᠭᠰᠠᠨ ᠥᠭᠡᠷᠡᠴᠢᠯᠡᠯᠲᠡ ᠶ᠋ᠢᠨ ᠳᠤᠮᠳᠠ ᠮᠠᠯᠵᠢᠬᠤ ᠣᠷᠣᠨ ᠤ ᠣᠨᠴᠠᠯᠢᠭ ᠲᠤ ᠨᠡᠶᠢᠴᠡᠬᠦ 《 ᠭᠤᠷᠪᠠᠨ ᠦᠭᠡᠢ ᠬᠣᠶᠠᠷ ᠲᠤ ᠠᠰᠢᠭᠲᠠᠶ 》 ( ᠲᠡᠮᠡᠴᠡᠬᠦ ᠦᠭᠡᠢ ᠬᠤᠪᠢᠶᠠᠬᠤ ᠦᠭᠡᠢ ᠂ ᠠᠨᠭᠬᠢ ᠢᠯᠭᠠᠬᠤ ᠦᠭᠡᠢ ᠂ ᠮᠠᠯ ᠤᠨ ᠡᠵᠡᠨ ᠬᠥᠯᠥᠰᠥᠨ ᠮᠠᠯᠴᠢᠨ ᠬᠣᠶᠠᠭᠤᠯᠠ ᠳ᠋ᠤ ᠠᠰᠢᠭᠲᠠᠢ︶ ᠲᠥᠷᠦ ᠶ᠋ᠢᠨ ᠪᠣᠳᠤᠯᠭ᠎ᠠ ᠶ᠋ᠢ ᠳᠤᠷᠠᠳᠤᠨ ᠭᠠᠷᠭᠠᠵᠤ ᠂ ᠡᠯ᠎ᠡ ᠦᠨᠳᠦᠰᠦᠲᠡᠨ ᠪᠠ ᠮᠣᠩᠭᠣᠯ ᠦᠨᠳᠦᠰᠦᠲᠡᠨ ᠤ ᠡᠯ᠎ᠡ ᠳᠠᠪᠬᠤᠷᠭ᠎ᠠ ᠬᠢᠨ ᠲᠠᠢ ᠦᠷᠭᠡᠨ ᠢᠶᠡᠷ ᠪᠦᠯᠬᠦᠮᠳᠡᠵᠦ᠂ ᠮᠠᠯᠵᠢᠬᠤ ᠣᠷᠣᠨ ᠤ ᠦᠢᠯᠡᠳᠪᠦᠷᠢᠯᠡᠯ ᠲᠦᠷᠭᠡᠨ ᠬᠥᠭᠵᠢᠯᠲᠡ ᠲᠡᠶ ᠪᠣᠯᠪᠠ ᠃
1949 ᠣᠨ ᠤ9 ᠰᠠᠷ᠎ᠠ ᠶᠢᠨ21︱30 ᠤ ᠡᠳᠦᠷ ᠬᠦᠷᠲᠡᠯ᠎ᠡ ᠂ ᠤᠯᠠᠭᠠᠨᠬᠦᠦ ᠪᠡᠭᠡᠵᠢᠩ ᠳ᠋ᠤ ᠬᠤᠷᠠᠯᠳᠤᠭᠰᠠᠨ ᠤᠯᠤᠰ ᠤᠨ ᠠᠷᠠᠳ ᠤᠨ ᠤᠯᠤᠰ ᠲᠥᠷᠦ ᠶ᠋ᠢᠨ ᠵᠥᠪᠯᠡᠯᠭᠡᠨ ᠤ ᠠᠩᠬᠠᠳᠤᠭᠠᠷ ᠪᠥᠬᠥᠳᠡ ᠬᠤᠷᠠᠯᠳᠤᠭᠠᠨ ᠳ᠋ᠦ ᠣᠷᠤᠯᠴᠠᠵᠤ ᠂ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠲᠥᠪ ᠵᠠᠰᠠᠭ ᠤᠨ ᠣᠷᠳᠣᠨ ᠤ ᠭᠡᠰᠢᠭᠦᠨ ᠪᠠ ᠵᠦᠪᠯᠡᠯᠭᠡᠨ ᠦ ᠭᠡᠰᠢᠭᠦᠨ ᠢᠶᠡᠷ ᠰᠤᠩᠭᠤᠭᠳᠠᠪᠠ ᠤᠯᠤᠰ ᠤᠨ ᠠᠷᠠᠳ ᠤᠨ ᠤᠯᠤᠰ ᠲᠥᠷᠦ ᠶ᠋ᠢᠨ ᠵᠥᠪᠯᠡᠯᠭᠡᠨ ᠤ ᠪᠦᠬᠦ ᠤᠯᠤᠰ ᠤᠨ ᠬᠣᠷᠢᠶᠠᠨ ᠤ ᠭᠡᠰᠢᠭᠦᠨ ᠂ ᠪᠦᠬᠦ ᠤᠯᠤᠰ ᠤᠨ ᠬᠣᠷᠢᠶᠠᠨ ᠤ ᠠᠩᠬᠠᠳᠤᠭᠠᠷ ᠬᠤᠷᠠᠯᠳᠤᠭᠠᠨ ᠤᠯᠤᠰ ᠤᠨ ᠠᠷᠠᠳ ᠤᠨ ᠤᠯᠤᠰ ᠲᠥᠷᠦ ᠶ᠋ᠢᠨ ᠵᠥᠪᠯᠡᠯᠭᠡᠨ ᠤ ᠪᠦᠬᠦ ᠤᠯᠤᠰ ᠤᠨ ᠬᠣᠷᠢᠶᠠᠨ ᠤ ᠪᠠᠶᠢᠩᠭᠤ ᠶ᠋ᠢᠨ ᠬᠣᠷᠢᠶᠠᠨ ᠤ ᠭᠡᠰᠢᠭᠦᠨ ᠢᠶ᠋ᠡᠷ ᠰᠣᠩᠭᠣᠭᠳᠠᠪᠠ ᠃ 10 ᠰᠠᠷ᠎ᠠ ᠶᠢᠨ9 ᠦ ᠡᠳᠦᠷ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠦ ᠪᠦᠬᠦ ᠤᠯᠤᠰ ᠤᠨ ᠬᠣᠷᠢᠶᠠᠨ ᠤ ᠪᠠᠶᠢᠩᠭᠤ ᠶᠢᠨ ᠭᠡᠰᠢᠭᠦᠨ ᠢᠶᠡᠷ ᠰᠤᠩᠭᠤᠭᠳᠠᠪᠠ᠃10 ᠰᠠᠷ᠎ᠠ ᠶ᠋ᠢᠨ 19 ᠤ ᠡᠳᠦᠷ ᠂ ᠲᠥᠪ ᠦᠨ ᠦᠨᠳᠦᠰᠦᠲᠡᠨ ᠤ ᠬᠡᠷᠡᠭ ᠡᠷᠬᠢᠯᠡᠬᠦ ᠺᠣᠮᠢᠰ ᠤᠨ ᠳᠡᠳ᠋ ᠡᠷᠬᠢᠯᠡᠭᠴᠢ ᠪᠠᠷ ᠲᠣᠮᠢᠯᠠᠭᠳᠠᠭᠰᠠᠨ ᠪᠠᠶᠢᠨ᠎ᠠ᠃
ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳ᠋ᠤ ᠂ ᠤᠯᠠᠭᠠᠨᠬᠦᠦ ᠤᠷᠢᠳ ᠬᠣᠵᠢᠳ ᠨᠠᠮ ᠤᠨ ᠲᠥᠪ ᠬᠣᠷᠢᠶᠠᠨ ᠤ ᠥᠪᠥᠷ ᠮᠣᠩᠭᠤᠯ ᠤᠨ ᠬᠤᠪᠢᠶᠠᠷᠢ ᠲᠣᠪᠴᠢᠶ᠎ᠠ ᠶ᠋ᠢᠨ ᠱᠦᠵᠢ ᠶ᠋ᠢᠨ ᠲᠤᠰᠢᠶᠠᠯ ᠢ ᠬᠠᠷᠢᠭᠤᠴᠠᠵᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠂ ᠥᠪᠥᠷ ᠮᠣᠩᠭᠤᠯ ᠤᠨ ᠴᠡᠷᠢᠭ ᠦᠨ ᠲᠣᠭᠤᠷᠢᠭ ᠤᠨ ᠰᠧᠯᠢᠩᠶᠤᠸᠠᠨ ᠪᠥᠭᠡᠳ ᠤᠯᠤᠰ ᠲᠥᠷᠦ ᠶ᠋ᠢᠨ ᠭᠡᠰᠢᠭᠦᠨ ᠂ ᠰᠦᠢᠶᠤᠸᠠᠨ ᠮᠣᠵᠢ ᠶ᠋ᠢᠨ ᠴᠡᠷᠢᠭ ᠵᠠᠰᠠᠭ ᠤᠨ ᠺᠣᠮᠢᠰ ᠤᠨ ᠳᠡᠳ᠋ ᠲᠡᠷᠢᠭᠦᠯᠡᠭᠴᠢ ᠂ ᠰᠦᠢᠶᠤᠸᠠᠨ ᠮᠣᠵᠢ ᠶ᠋ᠢᠨ ᠴᠡᠷᠢᠭ ᠦᠨ ᠲᠣᠭᠤᠷᠢᠭ ᠤᠨ ᠳᠡᠳ᠋ ᠰᠧᠯᠢᠩᠶᠤᠸᠠᠨ ᠂ ᠨᠠᠮ ᠤᠨ ᠲᠥᠪ ᠬᠣᠷᠢᠶᠠᠨ ᠶᠢᠨ ᠰᠦᠢᠶᠤᠸᠠᠨ ᠥᠪᠥᠷ ᠮᠣᠩᠭᠤᠯ ᠤᠨ ᠬᠤᠪᠢᠶᠠᠷᠢ ᠲᠣᠪᠴᠢᠶᠠᠨ ᠤ ᠱᠦᠵᠢ ᠂ ᠰᠦᠢᠶᠤᠸᠠᠨ ᠮᠣᠵᠢ ᠶ᠋ᠢᠨ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠪᠠᠶᠢᠪᠠ ᠃
ᠡᠨᠡ ᠬᠦ ᠬᠤᠭᠤᠴᠠᠭᠠᠨ ᠳ᠋ᠤ ᠂ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠣᠷᠢᠶᠠᠨ ᠤ᠂ ᠳᠤᠷᠠᠳᠤᠭᠰᠠᠨ 《 ᠲᠡᠦᠬᠡ ᠶ᠋ᠢ ᠬᠦᠨᠳᠦᠳᠬᠡᠵᠦ ᠂ ᠣᠳᠣᠬᠢ ᠪᠠᠶᠢᠳᠠᠯ ᠢ ᠬᠠᠷᠠᠭᠠᠯᠵᠠᠬᠤ 》 ᠵᠠᠷᠴᠢᠮ ᠪᠠ ᠪᠣᠳᠠᠲᠠᠶ ᠰᠠᠨᠠᠭᠤᠯᠭ᠎ᠠ ᠶᠣᠰᠤᠭᠠᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶ᠋ᠢᠨ ᠵᠠᠭᠠᠭ ᠱᠣᠭᠤᠮ ᠢ ᠠᠩᠬ᠎ᠠ ᠠᠯᠬᠤᠮ ᠲᠣᠭᠲᠠᠭᠠᠭᠰᠠᠨ ᠪᠦᠭᠡᠳ ᠃ ᠬᠦᠢᠰᠦ᠋ᠢ ᠬᠣᠲᠠ( ᠣᠳᠣ ᠶ᠋ᠢᠨ ᠬᠥᠬᠡᠬᠣᠲᠠ ) ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠪᠣᠯᠭᠠᠵᠡᠢ ᠃1954 ᠣᠨ ᠤ3 ᠰᠠᠷ᠎ᠠ ᠶᠢᠨ6 ᠦ ᠡᠳᠦᠷ᠂ ᠰᠦᠢᠶᠤᠸᠠᠨ ᠮᠤᠵᠢ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠢᠩᠬᠢᠨᠢ ᠪᠡᠷ ᠨᠡᠶᠢᠯᠡᠵᠦ ᠂ ᠰᠦᠢᠶᠤᠸᠠᠨ ᠮᠣᠵᠢ ᠶ᠋ᠢᠨ ᠪᠠᠶᠢᠭᠤᠯᠤᠮᠵᠢ ᠶ᠋ᠢ ᠬᠦᠴᠦᠨ ᠦᠭᠡᠢ ᠪᠣᠯᠭᠠᠵᠦ ᠂ ᠤᠤᠯ ᠤᠨ ᠰᠦᠢᠶᠤᠸᠠᠨ ᠮᠣᠵᠢ ᠶᠢᠨ ᠬᠠᠷᠢᠶᠠᠲᠤ ᠣᠷᠤᠨ ᠢ ᠨᠢᠭᠡᠳᠦᠯᠲᠡᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠦ ᠣᠷᠤᠭᠤᠯᠵᠦ ᠂ ᠰᠦᠢᠶᠤᠸᠠᠨ ᠮᠣᠵᠢ ᠶ᠋ᠢᠨ ᠴᠡᠷᠢᠭ ᠵᠠᠰᠠᠭ ᠤᠨ ᠺᠣᠮᠢᠰ ᠂ ᠰᠦᠢᠶᠤᠸᠠᠨ ᠮᠣᠵᠢ ᠶ᠋ᠢᠨ ᠠᠷᠠᠳ ᠤᠨ ᠵᠠᠰᠠᠭ ᠤᠨ ᠣᠷᠳᠣᠨ᠂ ᠰᠦᠢᠶᠤᠸᠠᠨ ᠮᠣᠵᠢ ᠶ᠋ᠢᠨ ᠡᠯ᠎ᠡ ᠡᠲᠡᠭᠡᠳ ᠦᠨ ᠠᠷᠠᠳ ᠤᠨ ᠲᠥᠯᠦᠭᠡᠯᠡᠭᠴᠢᠳ ᠦᠨ ᠬᠤᠷᠠᠯᠳᠤᠭᠠᠨ ᠤ ᠵᠥᠪᠯᠡᠯᠭᠡᠨ ᠤ ᠺᠣᠮᠢᠰ ᠢ ᠬᠠᠮᠲᠤ ᠳᠤᠨᠢ ᠬᠦᠴᠦᠨ ᠤᠢᠭᠡᠢ ᠪᠣᠯᠭᠠᠪᠠ ᠃ ᠲᠤᠰ ᠵᠢᠯ ᠦᠨ 4 ᠰᠠᠷ᠎ᠠ ᠶ᠋ᠢᠨ 25 ᠤ ᠡᠳᠦᠷ ᠂ ᠠᠷᠠᠳ ᠤᠨ ᠲᠥᠪ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠬᠣᠷᠢᠶᠠᠨ ᠤ ᠵᠥᠪᠰᠢᠶᠡᠷᠡᠯ ᠢᠶ᠋ᠡᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠦᠢᠰᠦ᠋ᠢ ᠬᠣᠲᠠ ᠶᠢ ᠠᠯᠪᠠᠨ ᠶᠣᠰᠣᠭᠠᠷ ᠬᠦᠬᠡᠬᠣᠲᠠ ᠪᠣᠯᠭᠠᠨ ᠨᠡᠷᠡᠶᠢᠳᠦᠵᠡᠢ᠃ ᠡᠨᠳᠡ ᠬᠦᠷᠦᠭᠡᠳ ᠬᠦᠬᠡᠬᠣᠲᠠ ᠪᠠᠷ ᠭᠤᠤᠯ ᠪᠣᠯᠭᠠᠭᠰᠠᠨ᠂ ᠵᠡᠭᠦᠨ ᠪᠠᠷᠠᠭᠤᠨ ᠬᠡᠰᠡᠭ ᠨᠢ ᠨᠢᠭᠡᠳᠦᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠦᠨᠳᠦᠰᠦᠨ ᠳᠡᠭᠡᠨ ᠪᠦᠷᠢᠯᠳᠦᠪᠡ᠃
ᠵᠡᠭᠦᠨ ᠬᠡᠰᠡᠭ ᠨᠢ ᠨᠢᠭᠡᠳᠦᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠤ ᠳᠠᠷᠠᠭ᠎ᠠ ᠂ ᠤᠯᠠᠭᠠᠨᠬᠦᠦ ᠤᠷᠢᠳ ᠬᠣᠵᠢᠳ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠭᠡᠰᠢᠭᠦᠨ ᠂ ᠤᠯᠤᠰ ᠤᠨ ᠪᠠᠲᠤᠯᠠᠨ ᠬᠠᠮᠠᠭᠠᠯᠠᠯᠲᠠ ᠶ᠋ᠢᠨ ᠬᠣᠷᠢᠶᠠᠨ ᠤ ᠭᠡᠰᠢᠭᠦᠨ ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠦᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠡᠷᠬᠢᠯᠡᠭᠴᠢ ᠭᠡᠰᠢᠭᠦᠨ ᠂ ᠲᠥᠪ ᠦᠨ ᠦᠨᠳᠦᠰᠦᠲᠡᠨ ᠤ ᠳᠡᠭᠡᠳᠦ ᠰᠤᠷᠭᠠᠭᠤᠯᠢ ᠶ᠋ᠢᠨ ᠳᠠᠷᠤᠭ᠎ᠠ ᠂ ᠨᠠᠮ ᠤᠨ ᠲᠥᠪ ᠬᠣᠷᠢᠶᠠᠨ ᠤ ᠤᠮᠠᠷᠠᠲᠤ ᠣᠷᠣᠨ ᠤ ᠲᠣᠪᠴᠢᠶᠠᠨ ᠤ ᠳᠡᠳ᠋ ᠱᠦᠵᠢ ᠂ ᠨᠠᠮ ᠤᠨ ᠲᠥᠪ ᠬᠣᠷᠢᠶᠠᠨ ᠤ ᠥᠪᠥᠷ ᠮᠣᠩᠭᠤᠯ ᠤᠨ ᠬᠤᠪᠢᠶᠠᠷᠢ ᠲᠣᠪᠴᠢᠶ᠎ᠠ ᠶ᠋ᠢᠨ ᠱᠦᠵᠢ ᠂ ᠲᠥᠷᠦ ᠶ᠋ᠢᠨ ᠶᠠᠪᠤᠳᠠᠯ ᠤᠨ ᠬᠣᠷᠢᠶᠠᠨ ᠤ ᠳᠡᠳ᠋ ᠶᠡᠷᠦᠩᠬᠡᠶ ᠰᠠᠶᠢᠳ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠨᠢᠭᠡᠳᠦᠭᠡᠷ ᠱᠦᠵᠢ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ( ᠠᠷᠠᠳ ᠤᠨ ᠵᠥᠪᠯᠡᠯ ) ᠤ ᠲᠡᠷᠢᠭᠦᠯᠡᠭᠴᠢ ᠂ ᠥᠪᠥᠷ ᠮᠣᠩᠭᠤᠯ ᠤᠨ ᠴᠡᠷᠢᠭ ᠦᠨ ᠲᠣᠭᠤᠷᠢᠭ ᠤᠨ ᠰᠧᠯᠢᠩᠶᠤᠸᠠᠨ ᠪᠥᠭᠡᠳ ᠤᠯᠤᠰ ᠲᠥᠷᠦ ᠶ᠋ᠢᠨ ᠭᠡᠰᠢᠭᠦᠨ ᠂ ᠥᠪᠥᠷ ᠮᠣᠩᠭᠤᠯ ᠤᠨ ᠶᠡᠬᠡ ᠰᠤᠷᠭᠠᠭᠤᠯᠢ ᠶ᠋ᠢᠨ ᠵᠠᠬᠢᠷᠤᠯ ᠂ ᠨᠠᠮ ᠤᠨ ᠲᠥᠪ ᠬᠣᠷᠢᠶᠠᠨ ᠤ ᠤᠮᠠᠷᠠᠲᠤ ᠣᠷᠣᠨ ᠤ ᠲᠣᠪᠴᠢᠶ᠎ᠠ ᠶ᠋ᠢᠨ ᠬᠣᠶᠠᠳᠤᠭᠠᠷ ᠱᠦᠵᠢ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠦ ᠶ᠋ᠢᠨ ᠵᠥᠪᠯᠡᠯᠭᠡᠨ ᠤ ᠲᠡᠷᠢᠭᠦᠯᠡᠭᠴᠢ ᠵᠡᠷᠭᠡ ᠲᠤᠰᠢᠶᠠᠯ ᠢ ᠡᠭᠦᠷᠭᠡᠯᠡᠵᠦ ᠪᠠᠶᠢᠵᠠᠶ ᠃ 1955 ᠣᠨ ᠳ᠋ᠤ ᠂ ᠤᠯᠠᠭᠠᠨᠬᠦᠦ ᠳᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠬᠤᠷᠠᠩᠳᠠ ᠭᠸᠨ᠋ᠸᠷᠠᠯ ᠴᠣᠯᠠ ᠣᠯᠭᠤᠵᠤ ᠂ ᠨᠢᠭᠡᠳᠦᠭᠡᠷ ᠳᠡᠰ ᠦᠨ ᠴᠢᠯᠦᠭᠡᠯᠡᠯᠲᠡ ᠶ᠋ᠢᠨ ᠣᠳᠣᠨ ᠮᠧᠳᠠᠯ ᠬᠦᠷᠲᠡᠭᠡᠪᠡ ᠃ 1956 ᠣᠨ ᠤ 9 ᠰᠠᠷ᠎ᠠ ᠳ᠋ᠤ ᠂ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠢᠮᠠᠳᠤᠭᠠᠷ ᠤᠳᠠᠭᠠᠨ ᠤ ᠲᠥᠯᠦᠭᠡᠯᠡᠭᠴᠢᠳ ᠦᠨ ᠶᠡᠬᠡ ᠬᠤᠷᠠᠯ ᠳᠡᠭᠡᠷ᠎ᠡ ᠨᠠᠮ ᠤᠨ ᠲᠥᠪ ᠬᠣᠷᠢᠶᠠᠨ ᠤ ᠭᠡᠰᠢᠭᠦᠨ ᠢᠶ᠋ᠡᠷ ᠰᠣᠩᠭᠤᠭᠳᠠᠭᠰᠨ ᠪᠦᠭᠡᠳ ᠂ ᠳᠤᠮᠳᠠᠳᠤ ᠮᠣᠩᠭᠤᠯ ᠤᠨ ᠡᠪ ᠬᠠᠮᠲᠤ ᠨᠠᠮ ᠤᠨ ᠨᠠᠢᠮᠠᠳᠤᠭᠠᠷ ᠬᠤᠭᠤᠴᠠᠭᠠᠨ ᠤ ᠲᠥᠪ ᠬᠣᠷᠢᠶᠠᠨ ᠤ ᠠᠩᠬᠠᠳᠤᠭᠠᠷ ᠬᠤᠷᠠᠯᠳᠤᠭᠠᠨ ᠳᠡᠭᠡᠷ᠎ᠡ ᠂ ᠡᠪ ᠬᠠᠮᠲᠤ ᠨᠠᠮ ᠤᠨ ᠲᠥᠪ ᠬᠣᠷᠢᠶᠠᠨ ᠤ ᠤᠯᠤᠰ ᠲᠥᠷᠦ ᠶ᠋ᠢᠨ ᠲᠣᠪᠴᠢᠶᠠᠨ ᠤ ᠣᠷᠣᠯᠠᠭᠴᠢ ᠭᠡᠰᠢᠭᠦᠨ ᠢᠶ᠋ᠡᠷ ᠰᠤᠩᠭᠤᠭᠳᠠᠪᠠ ᠃
ᠡᠨᠡ ᠬᠦ ᠬᠤᠭᠤᠴᠠᠭᠠᠨ ᠳ᠋ᠤ ᠂ ᠲᠡᠷᠡ ᠦᠨᠳᠦᠰᠦᠲᠡᠨ ᠤ ᠠᠵᠢᠯ ᠤᠨ ᠲᠥᠯᠥᠭᠡ ᠢᠳᠡᠪᠬᠢᠲᠡᠶ ᠪᠡᠷ ᠴᠢᠷᠮᠠᠶᠢᠭᠰᠠᠭᠠᠷ ᠢᠷᠡᠭᠰᠡᠨ ᠶᠤᠮ ᠂ ᠳᠤᠮᠳᠠᠳᠤ ᠮᠣᠩᠭᠤᠯ ᠤᠨ ᠡᠪ ᠬᠠᠮᠲᠤ ᠨᠠᠮ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠥᠷᠦ ᠶ᠋ᠢᠨ ᠪᠣᠳᠤᠯᠭ᠎ᠠ ᠶ᠋ᠢ ᠪᠦᠲᠦᠭᠡᠯᠴᠢ ᠪᠡᠷ ᠬᠡᠷᠡᠭᠵᠢᠭᠦᠯᠬᠦ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠵᠢᠷᠤᠮᠲᠤ ᠥᠭᠡᠷᠡᠴᠢᠯᠡᠯᠲᠡ ᠪᠠ ᠨᠡᠶᠢᠭᠡᠮ ᠵᠢᠷᠤᠮᠲᠤ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠠᠯᠢ ᠤᠯᠠᠨ ᠴᠢᠬᠤᠯᠠ ᠶᠡᠬᠡ ᠠᠰᠠᠭᠤᠳᠠᠯ ᠢ ᠰᠢᠢᠳᠪᠦᠷᠢᠯᠡᠵᠦ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠣᠯ ᠬᠢᠲᠠᠳ ᠡᠯ᠎ᠡ ᠦᠨᠳᠦᠰᠦᠲᠡᠨ ᠤ ᠠᠷᠠᠳ ᠲᠦᠮᠡᠨ ᠢ ᠪᠦᠯᠬᠦᠮᠳᠡᠨ ᠳᠠᠭᠠᠭᠤᠯᠵᠤ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠠ ᠪᠠᠶᠢᠭᠤᠯᠤᠯᠲᠠ ᠶ᠋ᠢᠨ ᠳᠤᠮᠳᠠ ᠠᠤᠭ᠎ᠠ ᠶᠡᠬᠡ ᠠᠮᠵᠢᠯᠲᠠ ᠣᠯᠤᠭᠰᠠᠨ ᠪᠠᠶᠢᠨ᠎ᠠ ᠃
ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ ᠂ ᠨᠡᠶᠢᠭᠡᠮ ᠵᠢᠷᠤᠮᠲᠤ ᠪᠦᠳᠦᠭᠡᠨ ᠪᠠᠶᠢᠭᠤᠯᠤᠯᠲᠠ ᠬᠢᠬᠦ ᠡᠯ᠎ᠡ ᠲᠠᠯ᠎ᠠ ᠶ᠋ᠢᠨ ᠪᠦᠳᠦᠭᠡᠨ ᠪᠠᠶᠢᠭᠤᠯᠤᠯᠲᠠ ᠶ᠋ᠢᠨ ᠴᠢᠳᠠᠪᠤᠷᠢᠲᠠᠨ ᠢ ᠦᠯᠡᠮᠵᠢ ᠤᠯᠠᠨ ᠨᠡᠩ ᠴᠤ ᠴᠢᠬᠤᠯᠠ ᠲᠠᠶ ᠪᠠᠶᠢᠬᠤ ᠶᠢ ᠭᠦᠨᠵᠡᠭᠡᠢ ᠲᠠᠨᠢᠵᠦ ᠂ 1950 ᠣᠨ ᠳ᠋ᠤ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢ ᠠᠵᠢᠯ ᠢ ᠦᠷᠭᠦᠯᠵᠢᠯᠡᠨ ᠰᠠᠶᠢᠲᠤᠷ ᠡᠷᠬᠢᠯᠡᠬᠦ ᠬᠡᠷᠡᠭᠲᠡᠶ ᠭᠡᠵᠦ ᠴᠢᠬᠤᠯᠠᠴᠢᠯᠠᠭᠰᠠᠨ ᠪᠢᠯᠠ ᠂ ᠪᠥᠬᠦᠲᠠᠯᠠ ᠪᠠᠷ ᠲᠥᠯᠥᠪᠵᠢᠭᠦᠯᠭᠡ ᠬᠢᠵᠦ ᠂ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠺᠠᠳ᠋ᠷ ᠢ ᠡᠭᠡᠯᠵᠢᠯᠡᠨ ᠬᠤᠭᠤᠴᠠᠭ᠎ᠠ ᠪᠦᠯᠦᠭ ᠬᠤᠪᠢᠶᠠᠵᠤ ᠨᠠᠮ ᠤᠨ ᠰᠤᠷᠭᠠᠭᠤᠯᠢ ᠳ᠋ᠦ ᠰᠤᠷᠤᠯᠴᠠᠭᠤᠯᠬᠤ ᠶᠢ ᠴᠢᠬᠤᠯᠠᠴᠢᠯᠠᠨ ᠱᠠᠭᠠᠷᠳᠠᠵᠡᠢ᠃ ᠪᠠᠰᠠ ᠠᠵᠤ ᠠᠬᠤᠢ ᠶ᠋ᠢᠨ ᠪᠦᠳᠦᠭᠡᠨ ᠪᠠᠶᠢᠭᠤᠯᠤᠯᠲᠠ ᠪᠠ ᠰᠣᠶᠤᠯ ᠤᠨ ᠪᠦᠳᠦᠭᠡᠨ ᠪᠠᠶᠢᠭᠤᠯᠤᠯᠲᠠ ᠶ᠋ᠢᠨ ᠬᠡᠷᠡᠭᠴᠡᠭᠡ ᠶᠢ ᠦᠨᠳᠦᠰᠦᠯᠡᠵᠦ ᠂ ᠲᠡᠷᠡ ᠺᠠᠲᠷ ᠢ ᠬᠥᠮᠦᠵᠢᠭᠦᠯᠬᠦ ᠭᠣᠣᠯᠳᠠᠯᠭ᠎ᠠ ᠪᠠᠨ ᠴᠠᠭ ᠲᠤᠬᠠᠶ ᠳᠤᠨᠢ ᠲᠤᠬᠢᠷᠠᠭᠤᠯᠤᠨ ᠲᠥᠯᠥᠪᠯᠡᠭᠡ ᠲᠡᠶ ᠪᠡᠷ ᠡᠯ᠎ᠡ ᠲᠥᠷᠦᠯ ᠦᠨ ᠳᠡᠭᠡᠳᠦ ᠵᠡᠷᠭᠡ ᠶ᠋ᠢᠨ ᠰᠤᠷᠭᠠᠭᠤᠯᠢ ᠪᠠ ᠳᠤᠮᠳᠠᠳᠤ ᠵᠡᠷᠭᠡ ᠶ᠋ᠢᠨ ᠲᠤᠰᠬᠠᠶ ᠮᠡᠷᠭᠡᠵᠢᠯ ᠦᠨ ᠰᠤᠷᠭᠠᠭᠤᠯᠢ ᠶᠢ ᠡᠭᠦᠰᠭᠡᠨ ᠪᠠᠶᠢᠭᠤᠯᠤᠭᠰᠠᠨ ᠪᠠᠶᠢᠨ᠎ᠠ᠃ 1965 ᠣᠨ ᠪᠣᠯᠲᠠᠯ᠎ᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠡᠯ᠎ᠡ ᠲᠥᠷᠦᠯ ᠦᠨ ᠶᠡᠬᠡ ᠰᠤᠷᠭᠠᠭᠤᠯᠢ ᠳᠡᠭᠡᠳᠦ ᠰᠤᠷᠭᠠᠭᠤᠯᠢ7 ᠪᠠᠶᠢᠵᠦ᠂ ᠳᠡᠭᠡᠳᠦ ᠳᠤᠮᠳᠠ ᠵᠡᠷᠭᠡ ᠶ᠋ᠢᠨ ᠡᠯ᠎ᠡ ᠲᠥᠷᠦᠯ ᠦᠨ ᠪᠥᠳᠥᠭᠡᠨ ᠪᠠᠶᠢᠭᠤᠯᠤᠯᠲᠠ ᠶ᠋ᠢᠨ ᠴᠢᠳᠠᠪᠤᠷᠢᠲᠠᠨ ᠢ ᠬᠥᠮᠦᠵᠢᠭᠦᠯᠬᠦ ᠰᠤᠷᠭᠠᠨ ᠬᠥᠮᠦᠵᠢᠯ ᠦᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠵᠦ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠣᠯᠤᠨ ᠬᠣᠵᠢᠮ ᠤᠨ ᠬᠦᠭᠵᠢᠯᠲᠡ ᠶᠢᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ ᠴᠢᠳᠠᠭᠰᠠᠨ ᠪᠠᠶᠢᠨ᠎ᠠ᠃
1954 ᠣᠨ ᠳ᠋ᠤ ᠪᠦᠬᠦ ᠤᠯᠤᠰ ᠤᠨ ᠭᠣᠣᠯᠳᠠᠯᠭ᠎ᠠ ᠪᠣᠯᠬᠤ ᠪᠠᠶᠢᠭᠤᠯᠤᠯᠲᠠ ᠶ᠋ᠢᠨ ᠨᠢᠭᠡ ᠨᠢ ᠪᠣᠯᠬᠤ ᠪᠣᠭᠤᠲᠤ ᠶ᠋ᠢᠨ ᠪᠤᠯᠤᠳ ᠲᠡᠮᠦᠷ ᠦᠨ ᠺᠣᠮᠫᠠᠨᠢ ᠢ ᠪᠦᠳᠤᠭᠡᠨ ᠪᠠᠶᠢᠭᠤᠯᠵᠤ ᠡᠬᠢᠯᠡᠵᠡᠶ ᠃ ᠪᠦᠳᠦᠭᠡᠨ ᠪᠠᠶᠢᠭᠤᠯᠤᠯᠲᠠ ᠶ᠋ᠢᠨ ᠡᠬᠢᠨ ᠤ ᠬᠤᠭᠤᠴᠠᠭᠠᠨ ᠳ᠋ᠦ ᠂ ᠤᠯᠠᠭᠠᠨᠬᠦᠦ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠪᠣᠭᠤᠲᠤ ᠶ᠋ᠢᠨ ᠪᠣᠯᠣᠳ ᠲᠡᠮᠦᠷ ᠦᠨ ᠺᠣᠮᠫᠠᠨᠢ ᠶ᠋ᠢᠨ ᠪᠦᠳᠦᠭᠡᠨ ᠪᠠᠶᠢᠭᠤᠯᠤᠯᠲᠠ ᠶ᠋ᠢᠨ ᠲᠠᠰᠤᠷᠠᠯᠲᠠ ᠦᠭᠡᠢ ᠪᠠᠷ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠵᠦ ᠦᠭᠴᠦ ᠪᠠᠶᠢᠵᠡᠢ᠃ 1959 ᠣᠨ ᠤ 10 ᠰᠠᠷ᠎ᠠ ᠶ᠋ᠢᠨ 15 ᠤ ᠡᠳᠦᠷ ᠂ ᠲᠡᠷᠡ ᠨᠠᠮ ᠤᠨ ᠲᠥᠪ ᠬᠣᠷᠢᠶᠠᠨ ᠤ ᠳᠡᠳ᠋ ᠲᠡᠷᠢᠭᠦᠯᠡᠭᠴᠢ ᠂ ᠲᠥᠷᠦ ᠶ᠋ᠢᠨ ᠶᠠᠪᠤᠳᠠᠯ ᠤᠨ ᠬᠣᠷᠢᠶᠠᠨ ᠤ ᠶᠡᠷᠦᠩᠬᠡᠶ ᠰᠠᠶᠢᠳ ᠵᠧᠦ ᠡᠳ ᠯᠠᠶ ᠲᠠᠢ ᠬᠠᠮᠲᠤ ᠪᠠᠷ ᠲᠤᠰᠬᠠᠶᠢᠯᠠᠨ ᠪᠣᠭᠤᠲᠦ ᠳᠤ ᠬᠦᠷᠴᠦ᠂ ᠨᠢᠭᠡᠳᠦᠭᠡᠷ ᠥᠨᠳᠥᠷ ᠵᠤᠤᠬ᠎ᠠ ᠶ᠋ᠢᠨ ᠲᠡᠮᠤᠷ ᠭᠠᠷᠭᠠᠬᠤ ᠦᠪᠡᠳᠡᠭᠰᠢ ᠶᠡᠬᠡ ᠶᠣᠰᠣᠯᠠᠯ ᠳ᠋ᠦ ᠣᠷᠤᠯᠴᠠᠭᠰᠠᠨ ᠪᠥᠭᠡᠳ ᠪᠢᠴᠢᠭᠡᠰᠦ ᠪᠢᠴᠢᠵᠦ ᠪᠠᠶᠠᠷ ᠬᠦᠷᠭᠡᠵᠡᠶ ᠃
︽ ᠰᠣᠶᠤᠯ ᠤᠨ ᠶᠡᠬᠡ ᠬᠤᠪᠢᠰᠬᠠᠯ 》 ᠤᠨ ᠡᠬᠢᠨ ᠤ ᠬᠤᠭᠤᠴᠠᠭᠠᠨ ᠳ᠋ᠤ ᠂ ᠤᠯᠠᠭᠠᠨᠬᠦᠦ ᠳᠠᠭᠠᠷᠢᠯᠲᠠ ᠳ᠋ᠤ ᠤᠴᠠᠷᠠᠵᠤ ᠂ ᠥᠪᠡᠷ ᠦᠨ ᠬᠠᠭᠠᠰ ᠨᠠᠰᠤ ᠪᠠᠷ ᠢᠶᠠᠨ ᠴᠢᠷᠮᠠᠶᠢᠨ ᠠᠵᠢᠯᠯᠠᠭᠰᠠᠨ ᠠᠵᠢᠯ ᠤᠨ ᠪᠠᠶᠢᠷᠢ ᠡᠴᠡ ᠪᠡᠨ ᠰᠠᠯᠵᠦ ᠬᠤᠪᠢᠰᠬᠠᠯ ᠤᠨ ᠡᠰᠡᠷᠭᠦᠦ ᠯᠢᠨ ᠪᠢᠶᠣᠣ ᠂ ᠵᠢᠶᠠᠩ ᠴᠢᠩ ᠦᠨ ᠪᠦᠯᠦᠭ ᠲᠠᠢ᠂ ᠪᠠᠲᠤ ᠵᠣᠭᠰᠣᠯᠲᠠ ᠲᠠᠶ ᠂ ᠳᠤᠭ ᠳᠡᠮᠳᠡᠭ ᠲᠣᠳᠣᠷᠬᠠᠶ ᠂ ᠡᠷᠡᠰ ᠲᠡᠮᠡᠴᠡᠯ ᠬᠢᠵᠦ ᠂ ᠠᠬᠠᠮᠠᠳ ᠨᠢᠭᠡ ᠦᠶ᠎ᠡ ᠶ᠋ᠢᠨ ᠦᠭᠡᠶᠢᠭᠦᠦ ᠠᠩᠬᠢ ᠶ᠋ᠢᠨ ᠬᠤᠪᠢᠰᠬᠠᠯᠴᠢ ᠶ᠋ᠢᠨ ᠰᠢᠯᠢᠳᠡᠭ ᠵᠠᠩ ᠴᠢᠨᠠᠷ ᠢ ᠪᠠ ᠡᠪ ᠬᠠᠮᠲᠤ ᠨᠠᠮ ᠤᠨ ᠭᠡᠰᠢᠭᠦᠳ ᠤᠨ ᠶᠠᠭᠤ ᠡᠴᠠ ᠴᠤ ᠠᠶᠤᠬᠤ ᠦᠭᠡᠢ ᠬᠤᠪᠢᠰᠬᠠᠯᠲᠤ ᠵᠣᠷᠢᠭ ᠰᠠᠨᠠᠭ᠎ᠠ ᠲᠠᠶ ᠪᠠᠶᠢᠬᠤ ᠬᠡᠷᠡᠭᠲᠡᠶ ᠃
1973 ᠣᠨ ᠤ 8 ᠰᠠᠷ᠎ᠠ ᠳ᠋ᠤ ᠂ ᠲᠡᠭᠦᠨ ᠦ ᠠᠵᠢᠯ ᠰᠡᠷᠭᠦᠭᠡᠭᠳᠡᠳ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠳᠤᠭᠠᠷ ᠤᠳᠠᠭᠠᠨ ᠤ ᠲᠥᠯᠦᠭᠡᠯᠡᠭᠴᠢᠳ ᠦᠨ ᠶᠡᠬᠡ ᠬᠤᠷᠠᠯ ᠳᠡᠭᠡᠷ᠎ᠡ ᠨᠠᠮ ᠤᠨ ᠲᠥᠪ ᠬᠣᠷᠢᠶᠠᠨ ᠤ ᠭᠡᠰᠢᠭᠦᠨ ᠢᠶ᠋ᠡᠷ ᠲᠠᠬᠢᠨᠲᠠ ᠰᠤᠩᠭᠤᠭᠳᠠᠪᠠ ᠃ 1975 ᠣᠨ ᠤ 1 ᠰᠠᠷ᠎ᠠ ᠳ᠋ᠤ ᠂ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠳ᠋ᠤ ᠣᠷᠤᠯᠴᠠᠵᠦ ᠂ ᠪᠥᠬᠦ ᠤᠯᠤᠰ ᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶᠠᠨ ᠤ ᠳᠡᠳ᠋ ᠬᠤᠷᠢᠶᠠᠨ ᠳᠠᠷᠤᠭ᠎ᠠ ᠪᠠᠷ ᠰᠣᠩᠭᠣᠭᠳᠠᠵᠠᠶ ᠃ ᠭᠤᠤᠯᠳᠠᠭᠤ ᠭᠠᠳᠠᠭᠠᠳᠤ ᠲᠠᠶ ᠨᠥᠬᠦᠷᠰᠡᠭ ᠢᠶ᠋ᠡᠷ ᠬᠠᠮᠲᠤᠷᠠᠨ ᠠᠵᠢᠯᠯᠠᠬᠤ ᠰᠣᠯᠢᠯᠴᠠᠭ᠎ᠠ ᠪᠣᠯᠤᠨ ᠲᠠᠷᠢᠶᠠᠯᠠᠩ ᠮᠠᠯ ᠠᠵᠤ ᠠᠬᠤᠢ ᠶ᠋ᠢᠨ ᠪᠠᠶᠢᠴᠠᠭᠠᠨ ᠰᠤᠳᠤᠯᠬᠤ ᠠᠵᠢᠯ ᠢ ᠬᠢᠵᠦ ᠪᠠᠶᠢᠪᠠ ᠃
1977 ᠣᠨ ᠤ 6 ᠰᠠᠷ᠎ᠠ ᠳ᠋ᠤ ᠂ ᠡᠪ ᠬᠠᠮᠲᠤ ᠨᠠᠮ ᠤᠨ ᠲᠥᠪ ᠬᠣᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠦᠨ ᠳᠠᠷᠤᠭ᠎ᠠ ᠪᠣᠯᠵᠡᠢ᠃ ᠲᠤᠰ ᠵᠢᠯ ᠦᠨ 8 ᠰᠠᠷ᠎ᠠ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠢᠭᠡᠳᠦᠭᠡᠷ ᠤᠳᠠᠭᠠᠨ ᠤ ᠲᠥᠯᠦᠭᠡᠯᠡᠭᠴᠢᠳ ᠦᠨ ᠶᠡᠬᠡ ᠬᠤᠷᠠᠯ ᠳ᠋ᠦ ᠣᠷᠤᠯᠴᠠᠵᠤ ᠂ ᠨᠠᠮ ᠤᠨ ᠲᠥᠪ ᠬᠣᠷᠢᠶᠠᠨ ᠤ ᠭᠡᠰᠢᠭᠦᠨ ᠂ ᠲᠥᠪ ᠬᠣᠷᠢᠶᠠᠨ ᠤ ᠤᠯᠤᠰ ᠲᠥᠷᠦ ᠶ᠋ᠢᠨ ᠲᠣᠪᠴᠢᠶᠠᠨ ᠤ ᠭᠡᠰᠢᠭᠦᠨ ᠢᠶ᠋ᠡᠷ ᠰᠤᠩᠭᠤᠭᠳᠠᠭᠰᠠᠨ ᠶᠤᠮ᠃ 1978 ᠣᠨ ᠤ 1 ᠰᠠᠷ᠎ᠠ ᠳ᠋ᠤ ᠪᠦᠬᠦ ᠤᠯᠤᠰ ᠤᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠪᠣᠯᠤᠨ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠥᠷᠦ ᠶ᠋ᠢᠨ ᠵᠥᠪᠯᠡᠯᠭᠡᠨ ᠤ ᠬᠤᠷᠠᠯ ᠳᠡᠭᠡᠷ᠎ᠡ ᠂ ᠤᠷᠢᠳ ᠪᠦᠬᠦᠤᠯᠤᠰ ᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶᠠᠨ ᠤ ᠳᠡᠳ᠋ ᠬᠣᠷᠢᠶᠠᠨ ᠳᠠᠷᠤᠭ᠎ᠠ ᠂ ᠤᠯᠤᠰ ᠲᠥᠷᠦ ᠶ᠋ᠢᠨ ᠵᠥᠪᠯᠡᠯᠭᠡᠨ ᠤ ᠪᠦᠬᠦ ᠤᠯᠤᠰ ᠤᠨ ᠵᠦᠪᠯᠡᠯᠭᠡᠨ ᠤ ᠳᠡᠳ᠋ ᠲᠡᠷᠢᠭᠦᠯᠡᠭᠴᠢ ᠪᠡᠷ ᠰᠤᠩᠭᠤᠭ᠍ᠳᠠᠵᠡᠢ᠃ 1982 ᠣᠨ ᠤ 9 ᠰᠠᠷ᠎ᠠ ᠳ᠋ᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠬᠣᠶᠠᠳᠤᠭᠠᠷ ᠤᠳᠠᠭᠠᠨ ᠤ ᠲᠥᠯᠦᠭᠡᠯᠡᠭᠴᠢᠳ ᠦᠨ ᠶᠡᠬᠡ ᠬᠤᠷᠠᠯ ᠳ᠋ᠤ ᠣᠷᠤᠯᠴᠠᠵᠤ ᠂ ᠨᠠᠮ ᠤᠨ ᠲᠥᠪ ᠬᠣᠷᠢᠶᠠᠨ ᠤ ᠭᠡᠰᠢᠭᠦᠨ ᠂ ᠲᠥᠪ ᠬᠣᠷᠢᠶᠠᠨ ᠤ ᠤᠯᠤᠰ ᠲᠥᠷᠦ ᠶ᠋ᠢᠨ ᠲᠣᠪᠴᠢᠶᠠᠨ ᠤ ᠭᠡᠰᠢᠭᠦᠨ ᠢᠶ᠋ᠡᠷ ᠰᠤᠩᠭᠤᠭᠳᠠᠭᠰᠠᠨ ᠪᠠᠶᠢᠨ᠎ᠠ ᠃ 1983 ᠣᠨ ᠤ 6 ᠰᠠᠷ᠎ᠠ ᠳ᠋ᠤ ᠂ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠦᠨ ᠬᠤᠷᠠᠯ ᠳᠡᠭᠡᠷ᠎ᠡ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠡᠳ᠋ ᠲᠡᠷᠢᠭᠦᠯᠡᠭᠴᠢ ᠪᠠᠷ ᠰᠤᠩᠭᠤᠭᠳᠠᠵᠡᠢ ᠃ 1988 ᠣᠨ ᠤ 4 ᠰᠠᠷ᠎ᠠ ᠳ᠋ᠤ ᠂ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠳᠡᠭᠡᠷ᠎ᠡ ᠂ ᠪᠥᠬᠦ ᠤᠯᠤᠰ ᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶᠠᠨ ᠤ ᠳᠡᠳ᠋ ᠬᠣᠷᠢᠶᠠᠨ ᠳᠠᠷᠤᠭ᠎ᠠ ᠪᠠᠷ ᠰᠤᠩᠭᠤᠭᠳᠠᠭᠰᠠᠨ ᠪᠠᠶᠢᠨ᠎ᠠ ᠃
1981 ︱ 1984 ᠣᠨ ᠳ᠋ᠤ᠂ ᠤᠯᠠᠭᠠᠨᠬᠦᠦ 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠬᠠᠤᠯᠢ 》 ᠢ ᠡᠷᠬᠢᠯᠡᠨ ᠨᠣᠣᠷᠠᠭᠯᠠᠭᠰᠠᠨ ᠶᠠᠪᠤᠴᠠ ᠳ᠋ᠤ ᠮᠠᠰᠢ ᠤᠯᠠᠨ ᠬᠣᠪᠣᠷ ᠨᠠᠨᠳᠢᠨ ᠰᠠᠨᠠᠯ ᠳᠤᠷᠠᠳᠤᠭᠰᠠᠨ ᠪᠠᠶᠢᠨ᠎ᠠ ᠃ ᠡᠨᠡ ᠬᠦ ᠴᠢᠬᠤᠯᠠ ᠦᠨᠳᠦᠰᠦᠨ ᠬᠠᠤᠯᠢ ᠴᠠᠭᠠᠵᠠ ᠨᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠥᠷᠢᠮ ᠢ ᠲᠡᠭᠦᠯᠳᠡᠷᠵᠢᠭᠦᠯᠦᠨ ᠰᠠᠶᠢᠵᠢᠷᠠᠭᠤᠯᠬᠤ ᠳᠦ ᠂ ᠳᠤᠮᠳᠠᠳᠤ ᠤᠯᠤᠰ ᠤᠨ ᠨᠡᠶᠢᠭᠡᠮ ᠵᠢᠷᠤᠮᠲᠤ ᠠᠷᠠᠳᠴᠢᠯᠠᠯ ᠪᠠ ᠬᠠᠤᠯᠢ ᠳᠥᠷᠢᠮ ᠦᠨ ᠪᠠᠶᠢᠭᠤᠯᠤᠯᠲᠠ ᠶ᠋ᠢ ᠠᠬᠢᠭᠤᠯᠬᠤ ᠳ᠋ᠦ ᠴᠥᠮ ᠴᠢᠬᠤᠯᠠ ᠠᠴᠢ ᠬᠣᠯᠪᠣᠭᠳᠠᠯ ᠲᠠᠶ ᠶᠤᠮ ᠃ ᠲᠡᠷᠡ ᠲᠥᠪ ᠦᠨ ᠲᠥᠯᠦᠭᠡᠯᠡᠭᠴᠢᠳ ᠦᠨ ᠪᠥᠯᠬᠦᠮ ᠦᠨ ᠳᠠᠷᠤᠭ᠎ᠠᠶᠢᠨ ᠬᠣᠪᠢ ᠪᠠᠷ ᠬᠥᠬᠡᠬᠣᠲᠠ ᠳ᠋ᠦ ᠬᠦᠷᠴᠦ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 40 ᠵᠢᠯ ᠦᠨ ᠣᠢ ᠶ᠋ᠢ ᠪᠡᠯᠭᠡᠯᠡᠬᠦ ᠶᠣᠰᠣᠯᠠᠯ ᠳᠤ ᠣᠷᠤᠯᠴᠠᠭᠰᠠᠨ ᠪᠢᠯᠡ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠦᠨᠳᠦᠰᠦᠲᠡᠨ ᠡᠯ᠎ᠡ ᠡᠲᠡᠭᠡᠳ ᠦᠨ ᠠᠷᠠᠳ ᠤᠯᠠᠨ ᠤ ᠬᠠᠯᠠᠭᠤᠨ ᠤᠭᠲᠤᠯᠭ᠎ᠠ ᠶ᠋ᠢ ᠬᠦᠷᠲᠡᠵᠡᠢ ᠃ ᠪᠠᠶᠠᠷ ᠤᠨ ᠶᠣᠰᠤᠯᠠᠯ ᠤᠨ ᠳᠠᠷᠠᠭ᠎ᠠ ᠂ ᠲᠡᠷᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠦ 15 ᠡᠳᠦᠷ ᠦᠨ ᠪᠠᠶᠢᠴᠠᠭᠠᠨ ᠦᠵᠡᠬᠦ ᠠᠵᠢᠯ ᠢ ᠬᠢᠵᠦ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶ᠋ᠢᠨ ᠲᠦᠷᠭᠡᠨ ᠬᠥᠭᠵᠢᠯᠲᠡ ᠳ᠋ᠦ ᠪᠦᠲᠦᠭᠡᠯᠴᠢ ᠴᠢᠨᠠᠷᠲᠠᠶ ᠵᠢᠭᠠᠪᠤᠷᠢ ᠳᠤᠷᠠᠳᠤᠨ ᠭᠠᠷᠭᠠᠵᠠᠶ ᠃
1988 ᠣᠨ ᠤ 12 ᠰᠠᠷ᠎ᠠ ᠶ᠋ᠢᠨ 8 ᠳ᠋ᠦ ᠡᠪᠡᠳᠴᠢᠯᠡᠭᠡᠳ ᠡᠮᠨᠡᠭᠦᠯᠦᠭᠰᠡᠨ ᠪᠣᠯᠪᠠᠴᠤ ᠪᠡᠭᠡᠵᠢᠩ ᠳ᠋ᠤ ᠨᠠᠰᠤ ᠪᠠᠷᠠᠪᠠ ᠂ ᠨᠠᠰᠤᠨ ᠰᠡᠭᠦᠳᠡᠷ ᠨᠠᠶᠠᠨ ᠬᠣᠶᠠᠷᠲᠠᠶ ᠃