ᠪᠤᠶᠠᠨᠮᠠᠨᠳᠤᠬᠤ

  2019-05-31



   ᠪᠤᠶᠠᠨᠮᠠᠨᠳᠤᠬᠤ (1896 ︱1983 ) ᠂ ᠬᠢᠲᠠᠳ ᠨᠡᠷ᠎ᠡ  ᠨᠢ ᠪᠤᠤ ᠶᠦᠨ ᠸᠸᠢ ᠂ ᠡᠷᠭᠦᠭᠰᠡᠨ ᠨᠡᠷ᠎ᠡ ᠨᠢ ᠪᠦᠦ ᠴᠧᠨ ᠂ 1896 ᠣᠨ  ᠳ᠋ᠦ ᠲᠦᠷᠦᠵᠦ ᠂ ᠤᠤᠯ  ᠤᠨ ᠬᠣᠷᠴᠢᠨ ᠵᠡᠭᠦᠨ ᠭᠠᠷ  ᠤᠨ ᠬᠤᠶᠢᠲᠦ ᠬᠣᠰᠢᠭᠤ ( ᠪᠢᠩᠲᠦ ᠸᠠᠩ ᠬᠣᠰᠢᠭᠤ ) ᠶᠢᠨ ᠬᠥᠮᠦᠨ ᠂ ᠮᠣᠩᠭᠣᠯ ᠦᠨᠳᠦᠰᠦᠲᠡᠨ  ᠃ ᠪᠠᠭ᠎ᠠ ᠶ᠋ᠢᠨ ᠦᠢ᠎ᠡ ᠳ᠋ᠡᠬᠡᠨ ᠬᠡᠷ  ᠤᠨ ᠰᠤᠷᠭᠠᠭᠤᠯᠢ ᠪᠤᠯᠤᠨ ᠪᠠᠭ᠎ᠠ ᠰᠤᠷᠭᠠᠭᠤᠯᠢ ᠳ᠋ᠦ ᠮᠣᠩᠭᠣᠯ ᠬᠢᠲᠠᠳ ᠬᠤᠶᠠᠷ ᠬᠡᠯᠡ ᠶ᠋ᠢ ᠰᠤᠷᠤᠯᠴᠠᠭᠰᠠᠨ ᠪᠠᠶᠢᠨ᠎ᠠ ᠃ ᠬᠣᠵᠢᠮ ᠨᠢ ᠮᠦᠭᠳᠡᠨ ᠦ ᠮᠤᠵᠢ ᠶ᠋ᠢᠨ ᠮᠣᠩᠭᠣᠯ ᠳᠤᠮᠳᠠᠳᠤ ᠰᠤᠷᠭᠠᠭᠤᠯᠢ ᠳ᠋ᠦ ᠪᠠᠲᠤᠯᠠᠭᠳᠠᠨ ᠬᠦᠷᠭᠡᠭᠳᠡᠵᠦ᠂ ᠲᠡᠭᠦᠰᠦᠭᠰᠡᠨ  ᠤ ᠳᠠᠷᠠᠭ᠎ᠠ ᠨᠤᠲᠤᠭ ᠬᠤᠰᠢᠭᠤᠨ ᠳ᠋ᠠᠭᠠᠨ ᠪᠤᠴᠠᠵᠤ ᠳᠤᠮᠳᠠᠳᠤ ᠪᠠᠭ᠎ᠠ ᠰᠤᠷᠭᠠᠭᠤᠯᠢ ᠳ᠋ᠤ ᠪᠠᠭᠰᠢᠯᠠᠭᠰᠠᠨ ᠪᠠᠶᠢᠨ᠎ᠠ ᠃
    ᠵᠠᠯᠠᠭᠤ ᠦᠶ᠎ᠡ ᠳ᠋ᠡᠬᠡᠨ ᠪᠤᠶᠠᠨᠮᠠᠨᠳᠤᠬᠤ ᠮᠠᠰᠢ ᠤᠯᠠᠨ ᠨᠠᠶᠢᠵᠠ ᠨᠠᠷ ᠪᠠ ᠳᠠᠪᠰᠢᠩᠭᠤᠶ ᠬᠥᠮᠦᠰ ᠲᠠᠢ ᠲᠠᠨᠢᠯᠴᠠᠵᠤ ᠂ ᠦᠨᠳᠦᠰᠦᠲᠡᠨ  ᠤ ᠦᠵᠡᠯ  ᠤᠨ ᠦᠵᠡᠯ ᠰᠠᠨᠠᠭ᠎ᠠ ᠰᠤᠶᠤᠭᠠᠯᠠᠵᠦ ᠡᠬᠢᠯᠡᠭᠰᠡᠨ ᠪᠠᠶᠢᠨ᠎ᠠ ᠃ 1925 ᠣᠨ ᠳ᠋ᠤ ᠵᠡᠭᠦᠨ ᠮᠣᠩᠭᠣᠯ  ᠤᠨ ᠲᠥᠯᠥᠭᠡᠯᠡᠭᠴᠢ  ᠶ᠋ᠢᠨ ᠪᠠᠷ ᠴᠢᠭᠤᠯᠤᠯᠳᠦ ᠬᠠᠭᠠᠯᠭ᠎ᠠ ᠳᠤ ᠬᠤᠷᠠᠯᠳᠤᠭᠰᠠᠨ ᠥᠪᠥᠷ ᠮᠣᠩᠭᠣᠯ ᠤᠨ ᠠᠷᠠᠳ  ᠤᠨ ᠬᠤᠪᠢᠰᠬᠠᠯᠲᠤ ᠨᠠᠮ  ᠢ ᠪᠠᠶᠢᠭᠤᠯᠬᠤ ᠶᠡᠬᠡ ᠬᠤᠷᠠᠯ ᠳ᠋ᠦ ᠤᠷᠤᠯᠴᠠᠭᠰᠠᠨ ᠪᠠᠶᠢᠨ᠎ᠠ᠃
    1926 ᠣᠨ  ᠳ᠋ᠤ ᠂ ᠪᠤᠶᠠᠨᠮᠠᠨᠳᠤᠬᠤ ᠲᠤᠤ ᠴᠠᠩ ᠳ᠋ᠤᠤ ᠶᠢᠨ ᠦ ᠵᠠᠬᠢᠷᠭ᠎ᠠ ᠳᠦ ᠪᠢᠴᠢᠭᠡᠴᠢ ᠶᠢᠨ ᠦ ᠲᠤᠰᠢᠶᠠᠯ  ᠢ ᠡᠭᠦᠷᠭᠡᠯᠡᠵᠦ ᠂ ᠳᠤᠮᠳᠠᠳᠤ ᠰᠤᠷᠭᠠᠭᠤᠯᠢ  ᠶ᠋ᠢᠨ ᠮᠣᠩᠭᠣᠯ ᠬᠡᠯᠡᠨ ᠦ ᠪᠠᠭᠰᠢ ᠶ᠋ᠢᠨ ᠠᠵᠢᠯ ᠢ ᠬᠠᠪᠰᠤᠷᠭᠠᠨ ᠬᠠᠷᠢᠭᠤᠴᠠᠭᠰᠠᠨ ᠪᠠᠶᠢᠨ᠎ᠠ᠃ 1928 ᠣᠨ  ᠳ᠋ᠤ ᠂ ᠲᠡᠷᠡ ᠵᠡᠭᠦᠨ ᠬᠣᠶᠢᠲᠤ ᠶ᠋ᠢᠨ ᠡᠷᠬᠡ ᠪᠠᠷᠢᠭᠴᠢᠳ ᠡᠴᠡ ᠴᠠᠩᠴᠦ᠋ᠨ  ᠳ᠋ᠦ ᠬᠤᠷᠠᠯᠳᠤᠭᠰᠠᠨ ᠸᠠᠩ ᠭᠦᠩ ᠤᠨ ᠬᠤᠷᠠᠯ ᠳ᠋ᠤ ᠤᠷᠤᠯᠴᠠᠭᠰᠠᠨ ᠤ ᠬᠠᠮᠲᠤ ᠬᠤᠷᠠᠯ ᠳᠡᠭᠡᠷ᠎ᠡ ᠰᠤᠷᠭᠠᠨ ᠬᠥᠮᠦᠵᠢᠯ ᠢ ᠡᠷᠬᠢᠯᠡᠨ ᠮᠤᠩᠭᠤᠯ ᠦᠨᠳᠦᠰᠦᠲᠡᠨ ᠢᠶ᠋ᠡᠨ ᠬᠥᠭᠵᠢᠭᠦᠯᠦᠨ ᠮᠠᠨᠳᠤᠭᠤᠯᠬᠤ ᠶᠠᠷᠢᠶ᠎ᠠ ᠲᠠᠯᠪᠢᠵᠦ ᠂ ᠸᠠᠩ ᠭᠦᠩ ᠨᠡᠷ  ᠤᠨ ᠠᠩᠬᠠᠷᠤᠯ ᠢ ᠲᠠᠲᠠᠭᠰᠠᠨ ᠪᠠᠶᠢᠨ᠎ᠠ ᠃
    ︽ ᠶᠢᠰᠦᠨ ᠰᠠᠷ᠎ᠠ  ᠶ᠋ᠢᠨ ᠠᠷᠪᠠᠨ ᠨᠠᠶᠮᠠᠨ ︾ ᠦ ᠬᠡᠷᠡᠭ ᠬᠤᠪᠢᠰᠤᠯ  ᠤᠨ ᠲᠠᠷᠠᠭ᠎ᠠ ᠂ ᠪᠤᠶᠠᠨᠮᠠᠨᠳᠤᠬᠤ ᠪᠣᠯᠤᠨ ᠨᠢᠭᠡ ᠪᠦᠯᠦᠭ ᠲᠠᠪᠰᠢᠭᠰᠠᠨ ᠵᠠᠯᠠᠭᠤᠴᠤᠳ ᠬᠠᠮᠲᠤ ᠳ᠋ᠠᠭᠠᠨ《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠴᠡᠷᠢᠭ 》 ᠳ᠋ᠤ ᠤᠷᠤᠯᠴᠠᠵᠤ ᠂  ᠡᠨᠡ ᠪᠦᠯᠦᠭ ᠴᠡᠷᠢᠭ ᠠᠩᠬᠢ ᠪᠠᠷ ᠳᠠᠮᠵᠢᠨ ᠥᠪᠥᠷ ᠮᠣᠩᠭᠣᠯ ᠶᠢᠨ ᠲᠤᠰᠠᠭᠠᠷ ᠲᠤᠭᠲᠠᠨᠢᠭᠤᠯᠤᠨ᠎ᠠ ᠬᠡᠮᠡᠨ ᠤᠷᠤᠯᠳᠤᠭᠰᠠᠨ ᠪᠤᠯᠪᠠᠴᠤ ᠡᠴᠦᠰ ᠲᠦ ᠢᠯᠠᠭᠳᠠᠭᠰᠠᠨ ᠪᠠᠶᠢᠨ᠎ᠠ᠃  ᠵᠠᠯᠭᠠᠭᠠᠳ ᠲᠡᠷᠡ ᠬᠠᠭᠤᠷᠮᠠᠭ ᠮᠠᠨᠵᠤ  ᠶ᠋ᠢᠨ ᠵᠠᠰᠠᠭ ᠤᠨ ᠣᠷᠳᠣᠨ  ᠳ᠋ᠤ ᠲᠤᠰᠢᠶᠠᠯ ᠬᠠᠷᠢᠭᠤᠴᠠᠵᠤ ᠂ ᠤᠷᠢᠳ ᠬᠣᠵᠢᠳ ᠬᠠᠭᠤᠷᠮᠠᠭ ᠬᠢᠩᠭᠠᠨ ᠡᠮᠦᠨ᠎ᠡ ᠮᠤᠵᠢ  ᠶ᠋ᠢᠨ ᠵᠠᠬᠢᠷᠭ᠎ᠠ ᠶ᠋ᠢᠨ ᠠᠷᠠᠳ ᠤᠨ ᠶᠠᠪᠤᠳᠠᠯ  ᠤᠨ ᠲᠢᠩᠬᠢᠮ  ᠤᠨ ᠳᠠᠷᠤᠭ᠎ᠠ ᠂ ᠬᠠᠭᠤᠷᠮᠠᠭ ᠬᠢᠩᠭᠠᠨ ᠶᠡᠷᠦᠩᠬᠡᠶ ᠮᠤᠵᠢ ᠶ᠋ᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠠᠢ᠃ ᠦᠨᠳᠦᠰᠦᠲᠡᠨ  ᠤ ᠠᠰᠢᠭ ᠲᠤᠰᠠ  ᠶ᠋ᠢ ᠬᠠᠮᠠᠭᠠᠯᠠᠬᠤ ᠶ᠋ᠢᠨ ᠲᠥᠯᠥᠭᠡ ᠡᠳᠦᠶ ᠲᠡᠳᠦᠶ ᠬᠡᠷᠡᠭ ᠶᠠᠪᠤᠳᠠᠯ ᠬᠢᠵᠦ ᠥᠩᠭᠡᠷᠡᠭᠰᠡᠨ ᠪᠦᠭᠡᠳ ᠫᠣᠩᠰᠤᠭ ᠂ ᠲᠡᠮᠦᠷᠪᠠᠭᠠᠨ᠎ᠠ ᠵᠡᠷᠭᠡ ᠬᠤᠪᠢᠰᠬᠠᠯᠴᠢᠳ ᠢ ᠬᠠᠮᠠᠭᠠᠯᠠᠵᠤ ᠦᠩᠭᠡᠷᠡᠭᠰᠡᠨ ᠡᠴᠡ ᠪᠤᠯᠵᠤ ᠲᠤᠬᠠᠶ  ᠶ᠋ᠢᠨ ᠦᠢ᠎ᠡ  ᠳ᠋ᠦ ᠵᠣᠬᠢᠬᠤ ᠤᠯᠤᠰ ᠲᠦᠷᠦ ᠶ᠋ᠢᠨ ᠨᠦᠯᠦᠭᠡ ᠳᠤᠰᠬᠠᠯ ᠲᠠᠢ ᠬᠦᠮᠦᠨ ᠪᠤᠯᠬᠤ ᠶᠤᠮ ᠃
    1946 ᠣᠨ  ᠳ᠋ᠤ᠂ ᠵᠡᠭᠦᠨ ᠮᠣᠩᠭᠣᠯ ᠤᠨ ᠠᠷᠠᠳ  ᠤᠨ ᠲᠥᠯᠥᠭᠡᠯᠡᠭᠴᠢᠳ ᠤᠨ ᠬᠤᠷᠠᠯ ᠳᠡᠭᠡᠷ᠎ᠡ ᠂ ᠪᠤᠶᠠᠨᠮᠠᠨᠳᠤᠬᠤ ᠵᠡᠭᠦᠨ ᠮᠣᠩᠭᠣᠯ  ᠤᠨ ᠠᠷᠠᠳ  ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ  ᠤ ᠲᠡᠷᠢᠭᠦᠯᠡᠭᠴᠢ ᠪᠠᠷ  ᠰᠤᠩᠭᠤᠭᠳᠠᠭᠰᠠᠨ ᠪᠠᠶᠢᠨ᠎ᠠ᠃ ᠵᠠᠯᠭᠠᠭᠠᠳ ᠪᠠᠰᠠ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠬᠥᠳᠡᠯᠭᠡᠭᠡᠨ  ᠤ ᠬᠣᠯᠪᠣᠭᠠᠲᠤ ᠬᠤᠷᠠᠯ  ᠤᠨ ᠳᠡᠳ᠋ ᠲᠡᠷᠢᠭᠦᠯᠡᠭᠴᠢ ᠪᠠᠷ ᠰᠤᠩᠭᠤᠭᠳᠠᠵᠠᠢ ᠃ 1947 ᠣᠨ  ᠤ 5 ᠰᠠᠷ᠎ᠠ ᠳ᠋ᠤ ᠂ ᠥᠪᠥᠷ ᠮᠣᠩᠭᠣᠯ  ᠤᠨ ᠠᠷᠠᠳ ᠤᠨ ᠲᠥᠯᠥᠭᠡᠯᠡᠭᠴᠢᠳ  ᠤᠨ ᠶᠡᠬᠡ ᠬᠤᠷᠠᠯ ᠳᠡᠭᠡᠷ᠎ᠡ ᠂ ᠵᠥᠪᠯᠡᠯᠭᠡᠨ  ᠤ ᠬᠤᠷᠠᠯ  ᠤᠨ ᠳᠠᠷᠤᠭ᠎ᠠ ᠪᠠᠷ ᠰᠣᠩᠭᠣᠭᠳᠠᠪᠠ ᠃ ᠬᠤᠪᠢᠰᠬᠠᠯ  ᠤᠨ ᠰᠢᠨ᠎ᠡ ᠪᠠᠶᠢᠳᠠᠯ  ᠤᠨ ᠳᠣᠣᠷ᠎ᠠ ᠂ ᠲᠡᠷᠡ ᠪᠡᠷ 《 ᠳᠣᠲᠣᠭᠠᠳᠤ ᠭᠠᠳᠠᠭᠠᠳᠤ ᠮᠣᠩᠭᠣᠯ ᠢ ᠨᠡᠶᠢᠯᠡᠭᠦᠯᠬᠦ 》 ᠶ᠋ᠢᠨ ᠲᠤᠬᠠᠶ ᠭᠡᠢ ᠬᠦᠰᠡᠯ ᠢᠶᠠᠨ  ᠲᠠᠶᠠᠭᠳᠠᠵᠤ ᠂ ᠳᠤᠮᠳᠠᠳᠤ ᠤᠯᠤᠰ ᠤᠨ ᠡᠪ ᠬᠠᠮᠲᠤ ᠨᠠᠮ  ᠤᠨ ᠤᠳᠤᠷᠢᠳᠤᠯᠭ᠎ᠠ ᠶ᠋ᠢ ᠡᠬᠢᠯᠡᠨ ᠬᠦᠯᠢᠶᠡᠨ ᠠᠪᠤᠭᠰᠠᠨ ᠪᠠᠶᠢᠨ᠎ᠠ ᠃
    ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ  ᠤ ᠳᠠᠷᠠᠭ᠎ᠠ ᠂ ᠪᠤᠶᠠᠨᠮᠠᠨᠳᠤᠬᠤ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ  ᠤᠨ ᠣᠷᠳᠣᠨ ᠤ ᠵᠥᠪᠯᠡᠭᠴᠢᠳ  ᠤᠨ ᠲᠠᠰᠤᠭ  ᠤᠨ ᠡᠷᠬᠢᠯᠡᠭᠴᠢ ᠪᠠᠷ ᠲᠤᠮᠢᠯᠠᠭᠳᠠᠵᠤ᠂ ᠶᠡᠬᠡ ᠬᠡᠮᠵᠢᠶᠡᠨ  ᠤ ᠪᠠᠶᠢᠴᠠᠭᠠᠨ ᠰᠤᠳᠤᠯᠬᠤ ᠠᠵᠢᠯ  ᠢ ᠬᠢᠭᠰᠡᠨ ᠪᠠᠶᠢᠨ᠎ᠠ ᠃ 《 ᠰᠣᠶᠣᠯ  ᠤᠨ ᠶᠡᠬᠡ ᠬᠤᠪᠢᠰᠬᠠᠯ 》  ᠤᠨ ᠳᠤᠮᠳᠠ ᠬᠢᠯᠢᠰ ᠬᠣᠣᠷᠯᠠᠯ ᠳ᠋ᠤ ᠤᠴᠠᠷᠠᠵᠤ ᠰᠡᠭᠦᠯᠡᠷ ᠨᠢ ᠴᠠᠭᠠᠳᠬᠠᠭᠳᠠᠵᠠᠢ ᠃ 1983 ᠣᠨ  ᠳ᠋ᠤ ᠡᠪᠡᠳᠴᠢᠨ ᠢᠶᠠᠷ ᠨᠠᠰᠤ ᠪᠠᠷᠠᠪᠠ ᠃

ᠵᠣᠬᠢᠶᠠᠭᠴᠢ:
ᠢᠷᠡᠯᠲᠡ: