ᠨᠠᠮ ᠤᠨ ᠠᠵᠢᠯ ᠤᠨ ᠭᠣᠣᠯᠳᠠᠯᠭ᠎ᠠ ᠶᠢ ᠨᠡᠶᠢᠭᠡᠮ ᠵᠢᠷᠦᠮᠲᠦ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠳᠡᠭᠡᠷ᠎ᠡ ᠰᠢᠯᠵᠢᠭᠦᠯᠦᠭᠰᠡᠨ ᠨᠢ
1976 ᠣᠨ ᠤ 10 ᠰᠠᠷ᠎ᠠ ᠳ᠋ᠤ᠂ ᠨᠠᠮ ᠤᠨ ᠲᠥᠪ ᠬᠣᠷᠢᠶ᠎ᠠ ᠨᠠᠮ ᠪᠠ ᠠᠷᠠᠳ ᠲᠦᠮᠡᠨ ᠤ ᠵᠣᠷᠢᠭ ᠰᠠᠨᠠᠭ᠎ᠠ ᠶ᠋ᠢ ᠬᠡᠷᠡᠭᠵᠢᠭᠦᠯᠦᠨ᠂ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠴᠤ ᠸᠠᠩ ᠬᠣᠩ ᠸᠸᠨ᠂ ᠵᠠᠩ ᠴᠦᠨ ᠴᠢᠶᠣᠤ᠂ ᠵᠢᠶᠠᠩ ᠴᠢᠩ᠂ ᠶᠣᠣ ᠸᠸᠨ ᠶᠤᠸᠠᠨ᠂ 《 ᠲᠤᠢᠷᠪᠡᠠ ᠬᠥᠮᠦᠨ ᠦ ᠪᠦᠯᠦᠭ 》 ᠤᠨ ᠬᠤᠪᠢᠰᠬᠠᠯ ᠤᠨ ᠡᠰᠡᠷᠭᠦᠦ ᠪᠦᠯᠦᠭ ᠢ ᠪᠤᠳᠠ ᠨᠢᠷᠭᠢᠵᠦ᠂ 《ᠰᠣᠶᠣᠯ ᠤᠨ ᠶᠡᠬᠡ ᠬᠤᠪᠢᠰᠬᠠᠯ 》 ᠤᠨ ᠠᠷᠪᠠᠨ ᠵᠢᠯ ᠤᠨ ᠰᠠᠮᠠᠭᠤᠷᠠᠯ ᠢ ᠡᠴᠦᠰᠯᠡᠭᠦᠯᠵᠦ᠂ ᠳᠤᠮᠳᠠᠳᠤ ᠤᠯᠤᠰ ᠤᠨ ᠨᠡᠶᠢᠭᠡᠮ ᠵᠢᠷᠤᠮᠲᠤ ᠬᠤᠪᠢᠰᠬᠠᠯ ᠪᠣᠯᠤᠨ ᠨᠡᠶᠢᠭᠡᠮ ᠵᠢᠷᠤᠮᠲᠤ ᠪᠦᠳᠦᠭᠡᠨ ᠪᠠᠶᠢᠭᠤᠯᠤᠯᠲᠠ ᠨᠢ ᠲᠡᠦᠬᠡᠨ ᠬᠥᠭᠵᠢᠯᠲᠡ ᠶ᠋ᠢᠨ ᠰᠢᠨ᠎ᠡ ᠨᠢᠭᠡᠨ ᠴᠠᠭ ᠦᠶ᠎ᠡ ᠳ᠋ᠦ ᠠᠬᠢᠨ ᠤᠷᠤᠭᠰᠠᠨ ᠪᠠᠶᠢᠨ᠎ᠠ ᠃
1978 ᠣᠨ ᠤ 12 ᠰᠠᠷ᠎ᠠ ᠳ᠋ᠤ᠂ ᠳᠤᠮᠳᠠᠳᠤ ᠤᠯᠤᠰ ᠤᠨ ᠡᠪ ᠬᠠᠮᠲᠤ ᠨᠠᠮ ᠡᠴᠠ ᠠᠯᠤᠰ ᠭᠡᠳᠦ ᠶ᠋ᠢᠨ ᠲᠡᠦᠬᠡᠲᠦ ᠠᠴᠢ ᠬᠣᠯᠪᠣᠭᠳᠠᠯ ᠪᠦᠬᠦᠢ ᠠᠷᠪᠠᠨ ᠨᠢᠭᠡᠳᠦᠭᠡᠷ ᠬᠤᠭᠤᠴᠠᠭᠠᠨ ᠦ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠢ ᠬᠤᠷᠠᠯᠳᠤᠭᠤᠯᠵᠦ᠂ 《 ᠰᠣᠶᠣᠯ ᠤᠨ ᠶᠡᠬᠡ ᠬᠤᠪᠢᠰᠬᠠᠯ 》 ᠤᠨ ᠬᠤᠭᠤᠴᠠᠭᠠᠨ ᠳ᠋ᠠᠬᠢ ᠪᠤᠯᠤᠨ ᠡᠭᠦᠨ ᠡᠴᠡ ᠡᠮᠦᠨᠡᠬᠢ 《 ᠵᠡᠭᠦᠨ 》 ᠦ ᠠᠯᠳᠠᠭ᠎ᠠ ᠶ᠋ᠢ ᠦᠨᠳᠦᠰᠦᠨ ᠡᠴᠡ ᠨᠢ ᠵᠠᠯᠠᠷᠠᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠵᠦ᠂ ᠦᠨᠡᠨ ᠡᠴᠡ ᠵᠥᠪ ᠢ ᠡᠷᠢᠨ᠂ ᠪᠦᠯᠬᠦᠮᠳᠡᠨ ᠨᠢᠭᠡᠳᠴᠦ ᠬᠠᠮᠲᠤ ᠪᠠᠷ ᠤᠷᠤᠭᠰᠢᠯᠠᠬᠤ ᠵᠢᠯᠣᠭᠣᠳᠬᠤ ᠴᠢᠭᠯᠡᠯᠲᠡ ᠢ ᠪᠦᠷᠢᠯᠳᠦᠭᠦᠯᠵᠦ᠂ ᠪᠦᠬᠦ ᠨᠠᠮ ᠤᠨ ᠠᠵᠢᠯ ᠤᠨ ᠭᠣᠣᠯᠳᠠᠯᠭ᠎ᠠ ᠶ᠋ᠢ ᠨᠡᠶᠢᠭᠡᠮ ᠵᠢᠷᠤᠮᠲᠤ ᠤᠳᠤᠬᠢᠴᠢᠯᠠᠭᠰᠠᠨ ᠪᠦᠳᠦᠭᠡᠨ ᠪᠠᠶᠢᠭᠤᠯᠤᠯᠲᠠ ᠳᠡᠭᠡᠷ᠎ᠡ ᠰᠢᠯᠵᠢᠭᠦᠯᠦᠭᠰᠡᠨ ᠪᠠᠶᠢᠨ᠎ᠠ ᠃ ᠭᠤᠷᠪᠠᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠤᠯᠠᠮᠵᠢᠯᠠᠨ ᠲᠤᠤᠱᠠᠯᠠᠭᠤᠯᠬᠤ ᠶ᠋ᠢᠨ ᠲᠦᠯᠦᠭᠡ ᠂ ᠥᠪᠥᠷ ᠮᠣᠩᠭᠣᠯ ᠤᠨ ᠨᠠᠮ ᠤᠨ ᠬᠤᠷᠢᠶᠠᠨ ᠡᠴᠠ 1979 ᠤᠨ ᠤ 1 ᠰᠠᠷ᠎ᠠ ᠶ᠋ᠢᠨ 4 ᠦ ᠡᠳᠦᠷ ᠡᠴᠡ 23 ᠦ ᠡᠳᠦᠷ ᠪᠤᠯᠲᠠᠯ᠎ᠠ ᠠᠶᠢᠮᠠᠭ ᠬᠣᠲᠠ᠂ ᠬᠣᠰᠢᠭᠤ ᠰᠢᠶᠠᠨ ᠤ ᠨᠠᠮ ᠤᠨ ᠬᠣᠷᠢᠶᠠᠨ ᠤ ᠤᠳᠤᠷᠢᠳᠤᠯᠭ᠎ᠠ ᠣᠷᠣᠯᠴᠠᠭᠰᠠᠨ ᠠᠵᠢᠯ ᠤᠨ ᠬᠤᠷᠠᠯ ᠢ ᠬᠤᠷᠠᠯᠳᠤᠭᠤᠯᠵᠤ᠂ ᠪᠦᠬᠦ ᠨᠠᠮ ᠤᠨ ᠠᠵᠢᠯ ᠤᠨ ᠭᠣᠣᠯᠳᠠᠯᠭ᠎ᠠ ᠶᠢᠨ ᠰᠢᠯᠵᠢᠯᠲᠡ ᠶ᠋ᠢ ᠬᠡᠷᠬᠢᠨ ᠵᠦᠪ ᠤᠨᠤᠪᠴᠢᠲᠠᠢ ᠪᠠᠷ ᠤᠶᠢᠯᠠᠭᠠᠬᠤ᠂ ᠵᠦᠪ ᠪᠤᠷᠤᠭᠤ ᠶ᠋ᠢ ᠢᠯᠭᠠᠨ ᠲᠠᠨᠢᠬᠤ᠂ ᠦᠯᠡᠳᠡᠭᠳᠡᠯ ᠠᠰᠠᠭᠤᠳᠠᠯ ᠢ ᠰᠠᠶᠢᠲᠤᠷ ᠰᠢᠶᠳᠪᠦᠷᠢᠯᠡᠬᠦ ᠲᠤᠬᠠᠢ᠂ ᠲᠥᠷᠥ ᠶ᠋ᠢᠨ ᠪᠣᠳᠣᠯᠭ᠎ᠠ ᠶ᠋ᠢ ᠨᠠᠶᠢᠳᠠᠪᠤᠷᠢᠵᠢᠭᠤᠯᠬᠤ᠂ ᠡᠯ᠎ᠡ ᠱᠠᠲᠤᠨ ᠤ ᠤᠳᠤᠷᠢᠳᠬᠤ ᠪᠠᠭ ᠤᠨ ᠪᠠᠶᠢᠭᠤᠯᠤᠯᠲᠠ ᠶ᠋ᠢ ᠴᠢᠩᠭᠠᠳᠬᠠᠨ᠂ ᠨᠠᠮ ᠤᠨ ᠦᠨᠡᠨ ᠡᠴᠡ ᠵᠥᠪ ᠢ ᠡᠷᠢᠬᠦ ᠰᠤᠷᠲᠠᠯ ᠢ ᠰᠡᠷᠭᠦᠭᠡᠨ ᠪᠠᠳᠠᠷᠠᠭᠤᠯᠵᠤ᠂ ᠲᠦᠪᠰᠢᠷᠡᠨ ᠪᠦᠯᠬᠦᠮᠳᠡᠭᠰᠡᠨ ᠤᠯᠤᠰ ᠲᠦᠷᠦ ᠶ᠋ᠢᠨ ᠪᠠᠶᠢᠳᠠᠯ ᠢ ᠪᠡᠬᠢᠵᠢᠭᠦᠯᠦᠨ ᠬᠥᠭᠵᠢᠭᠦᠯᠵᠦ᠂ ᠠᠯᠢ ᠲᠦᠷᠭᠡᠨ ᠢᠶᠠᠷ ᠥᠪᠥᠷ ᠮᠣᠩᠭᠣᠯ ᠤᠨ ᠠᠵᠤ ᠠᠬᠤᠶ ᠶ᠋ᠢᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠵᠡᠷᠭᠡ ᠴᠢᠬᠤᠯᠠ ᠶᠡᠬᠡ ᠠᠰᠠᠭᠤᠳᠠᠯ ᠳ᠋ᠦ ᠨᠠᠷᠢᠨ ᠬᠢᠨᠠᠮᠠᠭᠠᠶ ᠰᠤᠳᠤᠯᠭᠠᠨ ᠬᠢᠭᠰᠡᠨ ᠪᠠᠶᠢᠨ᠎ᠠ ᠃
ᠨᠠᠮ ᠤᠨ ᠲᠦᠪ ᠬᠤᠷᠢᠶᠠᠨ ᠤ ᠨᠢᠭᠡᠲᠦᠯᠲᠠᠢ ᠪᠠᠶᠢᠷᠢᠯᠠᠭᠤᠯᠤᠯᠲᠠ ᠪᠠ ᠤᠳᠤᠷᠢᠳᠤᠯᠭ᠎ᠠ ᠶᠢᠨ ᠳᠣᠣᠷ᠎ᠠ᠂ ᠥᠪᠥᠷ ᠮᠣᠩᠭᠣᠯ ᠤᠨ ᠨᠠᠮ ᠤᠨ ᠬᠣᠷᠢᠶ᠎ᠠ ᠪᠣᠯᠤᠨ ᠵᠠᠰᠠᠭ ᠤᠨ ᠣᠷᠳᠣᠨ ᠡᠴᠠ ᠪᠦᠬᠦ ᠣᠷᠣᠨ ᠤ ᠨᠠᠮ ᠤᠨ ᠭᠡᠰᠢᠭᠦᠳ ᠂ ᠺᠠᠳ᠋ᠷ ᠬᠢᠭᠡᠳ ᠤᠯᠠᠨ ᠲᠦᠮᠡᠨ ᠢ ᠳᠠᠶᠢᠴᠢᠯᠠᠨ᠂ ᠯᠢᠨ ᠪᠢᠶᠤᠤ᠂ 《 ᠲᠤᠢᠷᠪᠡᠠ ᠬᠥᠮᠦᠨ ᠤ ᠪᠦᠯᠦᠭ 》 ᠤᠨ ᠬᠤᠪᠢᠰᠬᠠᠯ ᠤᠨ ᠡᠰᠡᠷᠭᠦᠦ ᠪᠦᠯᠦᠭ ᠢ ᠪᠠᠶᠢᠴᠠᠭᠠᠨ ᠠᠷᠢᠯᠭᠠᠬᠤ ᠠᠵᠢᠯ ᠢ ᠨᠠᠷᠢᠨ ᠬᠢᠨᠠᠮᠠᠭᠠᠢ ᠦᠷᠨᠢᠬᠦᠯᠵᠦ᠂ ᠲᠤᠶᠢᠯᠪᠤᠷᠢᠲᠠᠶ ᠢᠯᠡᠴᠢᠯᠡᠨ ᠪᠤᠷᠤᠭᠤᠰᠢᠶᠠᠭᠰᠠᠨ ᠪᠥᠭᠡᠳ ᠯᠢᠨ ᠪᠢᠶᠦᠦ᠂ 《 ᠲᠤᠢᠷᠪᠡᠠ ᠬᠥᠮᠦᠨ ᠤ ᠪᠦᠯᠦᠭ 》 ᠤᠨ ᠨᠠᠮ ᠤᠨ ᠡᠷᠬᠡ ᠶ᠋ᠢ ᠡᠵᠡᠷᠬᠡᠨ ᠪᠤᠯᠢᠶᠠᠬᠤ ᠭᠡᠰᠡᠨ ᠬᠤᠪᠢᠰᠬᠠᠯ ᠤᠨ ᠡᠰᠡᠷᠭᠦᠦ ᠣᠪ ᠮᠡᠬᠡ ᠶᠢᠨ ᠪᠣᠯᠤᠨ ᠲᠡᠭᠦᠨ ᠤ ᠥᠪᠥᠷ ᠮᠣᠩᠭᠣᠯ ᠣᠷᠣᠨ ᠳ᠋ᠠᠬᠢ ᠠᠶᠢᠮᠠᠭ ᠪᠦᠯᠦᠭ ᠤᠨ ᠭᠣᠣᠯᠯᠠᠭᠴᠢ ᠬᠦᠴᠦᠨ ᠤ ᠶᠠᠯᠠᠲᠤ ᠠᠵᠢᠯᠯᠠᠭ᠎ᠠ ᠶ᠋ᠢ ᠢᠯᠡᠴᠢᠯᠡᠵᠦ᠂ ᠯᠢᠨ ᠪᠢᠶᠤᠤ᠂ 《 ᠲᠦᠷᠪᠡᠨ ᠬᠥᠮᠦᠨ ᠤ ᠪᠦᠯᠦᠭ 》 ᠬᠤᠪᠢᠰᠬᠠᠯ ᠤᠨ ᠡᠰᠡᠷᠭᠦᠦ ᠪᠦᠯᠦᠭ ᠪᠣᠯᠤᠨ ᠳᠡᠲᠡᠨ ᠢ ᠳᠠᠭᠠᠭᠰᠠᠳ ᠡᠴᠠ ᠥᠪᠥᠷ ᠮᠣᠩᠭᠣᠯ ᠣᠷᠣᠨ ᠳ᠋ᠤ ᠪᠤᠢ ᠪᠤᠯᠭᠠᠭᠰᠠᠨ 《 ᠤᠯᠠᠭᠠᠨᠬᠦᠦ ᠶ᠋ᠢᠨ ᠨᠠᠮ ᠤᠨ ᠡᠰᠡᠷᠭᠦᠦ ᠤᠯᠤᠰ ᠡᠴᠠ ᠪᠠᠨ ᠤᠷᠪᠠᠭᠰᠠᠨ ᠪᠦᠯᠦᠭ 》 ᠂ 《 ᠥᠪᠥᠷ ᠮᠣᠩᠭᠣᠯ ᠤᠨ ᠬᠣᠶᠠᠳᠤᠭᠠᠷ ᠰᠠᠷ᠎ᠠ ᠶ᠋ᠢᠨ ᠰᠥᠷᠭᠡᠦ ᠤᠷᠤᠰᠬᠠᠯ 》 ᠂ 《 ᠰᠢᠨ᠎ᠡ ᠥᠪᠥᠷ ᠠᠷᠠᠳ ᠤᠨ ᠨᠠᠮ 》 ᠭᠡᠬᠦ ᠭᠤᠷᠪᠠᠨ ᠶᠡᠬᠡ ᠬᠢᠯᠢᠰ ᠬᠡᠷᠡᠭ ᠢ ᠴᠠᠭᠠᠳᠬᠠᠨ ᠥᠭᠴᠦ᠂ ᠦᠨᠡᠨ ᠢ ᠡᠷᠢᠵᠦ ᠪᠤᠲᠠᠲᠠᠢ ᠶ᠋ᠢ ᠪᠠᠷᠢᠮᠲᠠᠯᠠᠵᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ ᠵᠠᠷᠴᠢᠮ ᠢᠶᠠᠷ ᠪᠤᠰᠤᠳ ᠬᠢᠯᠢᠰ ᠬᠦᠵᠢᠷ᠂ ᠬᠠᠭᠤᠷᠮᠠᠭ᠂ ᠪᠤᠷᠤᠭᠤ ᠬᠡᠷᠡᠭ ᠢ ᠴᠠᠭᠠᠳᠬᠠᠬᠤ ᠠᠵᠢᠯ ᠢ ᠦᠷᠨᠢᠬᠦᠯᠵᠦ᠂ ᠬᠤᠤᠷ ᠠᠮᠰᠠᠭᠰᠠᠨ ᠺᠠᠳ᠋ᠷ ᠣᠯᠠᠨ ᠲᠦᠮᠡᠨ ᠳ᠋ᠤ ᠬᠢᠯᠢᠰ ᠬᠦᠵᠢᠷ ᠢ ᠨᠢᠴᠠᠭᠠᠳᠬᠠᠵᠤ ᠥᠭᠴᠡᠶ᠃ ᠬᠡᠳᠦᠨ ᠠᠷᠪᠠᠨ ᠲᠦᠮᠡᠨ ᠬᠣᠬᠢᠷᠠᠯ ᠠᠮᠰᠠᠭᠴᠢ ᠳ᠋ᠦ ᠲᠦᠷᠦ ᠶ᠋ᠢᠨ ᠪᠤᠳᠤᠯᠭ᠎ᠠ ᠶ᠋ᠢ ᠨᠠᠶᠢᠳᠠᠪᠦᠷᠢᠵᠢᠭᠤᠯᠤᠨ ᠦᠭᠴᠦ᠂ 7000 ᠭᠠᠷᠤᠶ ᠺᠠᠳ᠋ᠷᠴᠤᠳ ᠤᠨ ᠨᠠᠮ ᠤᠨ ᠬᠠᠷᠢᠶ᠎ᠠ᠂ ᠠᠯᠪᠠᠨ ᠲᠤᠰᠢᠶᠠᠯ ᠢ ᠨᠢ ᠰᠡᠷᠭᠦᠭᠡᠨ ᠦᠭᠭᠦᠭᠰᠡᠨ ᠪᠦᠭᠡᠳ ᠪᠤᠷᠤᠭᠤ ᠳ᠋ᠦᠩᠨᠡᠯᠲᠡ ᠶ᠋ᠢ ᠵᠠᠯᠠᠷᠠᠭᠤᠯᠵᠤ᠂ 6000 ᠭᠠᠷᠤᠶ ᠬᠡᠪ ᠤᠨ ᠪᠤᠰᠤ ᠪᠠᠶᠢᠳᠠᠯ ᠢᠶᠠᠷ ᠦᠬᠦᠭᠰᠡᠨ ᠺᠠᠳ᠋ᠷ ᠨᠠᠷ ᠲᠤ ᠵᠣᠬᠢᠰᠲᠠᠶ ᠳ᠋ᠦᠩᠨᠡᠯᠲᠡ ᠦᠭᠭᠦᠭᠦ ᠶ᠋ᠢᠨ ᠳᠠᠭᠠᠤ 《ᠰᠣᠶᠣᠯ ᠤᠨ ᠶᠡᠬᠡ ᠬᠤᠪᠢᠰᠬᠠᠯ 》 ᠡᠴᠠ ᠡᠮᠦᠨᠡᠬᠢ ᠬᠤᠶᠠᠷ ᠲᠦᠮᠡᠨ ᠲᠡᠦᠬᠡ ᠶ᠋ᠢᠨ ᠬᠠᠭᠤᠴᠢᠨ ᠬᠡᠷᠡᠭ ᠢ ᠪᠠᠶᠢᠴᠠᠭᠠᠵᠤ ᠰᠢᠢᠳᠪᠦᠷᠢᠯᠡᠭᠰᠡᠨ ᠪᠠᠶᠢᠨ᠎ᠠ᠃ ᠡᠯ᠎ᠡ ᠱᠠᠲᠤᠨ ᠤ ᠤᠳᠤᠷᠢᠳᠬᠤ ᠪᠠᠭ ᠤᠨ ᠬᠢᠨ ᠢ ᠲᠣᠬᠢᠷᠠᠭᠤᠯᠬᠤ ᠶ᠋ᠢᠨ ᠳᠠᠭᠠᠤ ᠴᠡᠭᠴᠡᠯᠡᠵᠦ᠂ ᠦᠨᠡᠨ ᠶᠣᠰᠣᠨ ᠤ ᠪᠠᠷᠢᠮᠵᠢᠶᠠᠨ ᠤ ᠠᠰᠠᠭᠤᠳᠠᠯ ᠤᠨ ᠲᠤᠬᠠᠶ ᠭᠦᠨᠵᠡᠭᠡᠢ ᠶᠠᠷᠢᠯᠴᠠᠭ᠎ᠠ ᠦᠷᠨᠢᠭᠦᠯᠵᠦ᠂ 《 ᠵᠡᠭᠦᠨ 》 ᠤ ᠨᠥᠯᠥᠭᠡ ᠶ᠋ᠢ ᠤᠯᠠᠮ ᠨᠢᠭᠡ ᠠᠯᠬᠤᠮ ᠠᠷᠢᠯᠭᠠᠵᠤ ᠂ ᠦᠨᠡᠨ ᠡᠴᠡ ᠵᠥᠪ ᠢ ᠡᠷᠢᠬᠦ ᠦᠵᠡᠯ ᠰᠠᠨᠠᠭᠠᠨ ᠤ ᠱᠤᠭᠤᠮ ᠢ ᠰᠡᠷᠭᠦᠭᠡᠭᠰᠡᠨ ᠪᠠᠶᠢᠨ᠎ᠠ ᠃
ᠠᠵᠢᠯ ᠤᠨ ᠭᠣᠣᠯᠳᠠᠯᠭ᠎ᠠ ᠪᠠᠨ ᠠᠵᠤ ᠠᠬᠤᠶ ᠶ᠋ᠢᠨ ᠪᠦᠳᠦᠭᠡᠠ ᠪᠠᠶᠢᠭᠤᠯᠤᠯᠲᠠ ᠪᠠᠷ ᠭᠣᠣᠯ ᠪᠤᠯᠭᠠᠭᠰᠠᠨ ᠵᠠᠮ ᠳ᠋ᠤ ᠰᠢᠯᠵᠢᠭᠦᠯᠦᠨ ᠠᠪᠴᠢᠷᠠᠬᠤ ᠶ᠋ᠢᠨ ᠲᠦᠯᠦᠭᠡ᠂ ᠥᠪᠥᠷ ᠮᠣᠩᠭᠣᠯ ᠤᠨ ᠨᠠᠮ ᠤᠨ ᠬᠤᠷᠢᠶᠠᠨ ᠡᠴᠠ ᠨᠠᠮ ᠤᠨ ᠲᠥᠪ ᠬᠣᠷᠢᠶᠠᠨ ᠤ ᠱᠤᠭᠤᠮ᠂ ᠴᠢᠭᠯᠡᠯᠲᠡ᠂ ᠲᠦᠷᠦ ᠶ᠋ᠢᠨ ᠪᠤᠳᠤᠯᠭ᠎ᠠ ᠶᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠦ ᠪᠣᠳᠠᠲᠤ ᠪᠠᠶᠢᠳᠠᠯ ᠲᠠᠢ ᠤᠶᠠᠯᠳᠤᠭᠤᠯᠤᠨ 《 ᠮᠠᠯ ᠠᠵᠤ ᠠᠬᠤᠶ ᠪᠠᠷ ᠭᠣᠣᠯ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠤᠢ ᠰᠢᠭᠤᠶ ᠶ᠋ᠢ ᠤᠶᠠᠯᠳᠤᠭᠤᠯᠤᠨ᠂ ᠪᠣᠳᠠᠲᠠᠶ ᠪᠠᠶᠢᠳᠠᠯ ᠳ᠋ᠤᠨᠢ ᠲᠤᠬᠢᠷᠠᠭᠤᠯᠵᠤ ᠲᠤᠰ ᠲᠤᠰ ᠤᠨ ᠬᠢᠨ ᠭᠣᠣᠯᠳᠠᠯᠭ᠎ᠠ ᠶ᠋ᠢ ᠪᠠᠳᠠᠷᠠᠭᠤᠯᠵᠤ᠂ ᠣᠯᠠᠨ ᠲᠥ᠋ᠷᠥᠯ ᠤᠨ ᠡᠵᠡᠩᠨᠡᠯᠲᠡ᠂ ᠪᠦᠬᠦ ᠲᠠᠯ᠎ᠠ ᠪᠠᠷ ᠬᠦᠭᠵᠢᠭᠦᠯᠬᠦ 》 ᠬᠣᠷᠢᠨ ᠲᠠᠪᠤᠨ ᠦᠰᠦᠭ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶ᠋ᠢᠨ ᠴᠢᠭᠯᠡᠯᠲᠡ ᠶ᠋ᠢ ᠳᠤᠷᠠᠳᠤᠨ ᠭᠠᠷᠭᠠᠵᠦ᠂ ᠰᠡᠭᠦᠯᠡᠷ ᠨᠢ ᠲᠥᠪ ᠡᠴᠠ 《 ᠤᠢ ᠮᠠᠯ ᠢᠶᠠᠷ ᠭᠣᠣᠯᠯᠠᠭᠤᠯᠬᠤ ᠂ ᠣᠯᠠᠨ ᠲᠦᠷᠦᠯ ᠢᠶ᠋ᠡᠷ ᠡᠵᠡᠩᠨᠡᠬᠦ 》 ᠬᠡᠮᠡᠨ ᠨᠠᠢᠮᠠᠨ ᠦᠰᠦᠭ ᠢᠶᠠᠷ ᠬᠤᠷᠢᠶᠠᠩᠭᠤᠶᠢᠯᠠᠭᠰᠠᠨ ᠴᠢᠭᠯᠡᠯᠲᠡ ᠶ᠋ᠢ ᠳᠤᠷᠠᠳᠤᠨ ᠭᠠᠷᠭᠠᠭᠰᠠᠨ ᠪᠢᠯᠠ᠃ ᠡᠨᠡ ᠬᠦ ᠴᠢᠭᠯᠡᠯᠲᠡ ᠶ᠋ᠢ ᠦᠨᠳᠦᠰᠦᠯᠡᠨ᠂ ᠥᠪᠥᠷ ᠮᠣᠩᠭᠣᠯ ᠤᠨ ᠨᠠᠮ ᠤᠨ ᠬᠣᠷᠢᠶ᠎ᠠ ᠪᠠ ᠵᠠᠰᠠᠭ ᠤᠨ ᠣᠷᠳᠣᠨ ᠡᠴᠠ ᠥᠪᠥᠷ ᠮᠣᠩᠭᠣᠯ ᠤᠨ ᠠᠵᠤ ᠠᠬᠤᠶ ᠶ᠋ᠢ ᠬᠦᠭᠵᠢᠬᠦᠯᠬᠦ ᠪᠦᠬᠦ ᠴᠣᠭᠴᠠ ᠶ᠋ᠢᠨ ᠲᠥᠰᠦᠪᠯᠡᠯ ᠢ ᠳᠤᠷᠠᠳᠤᠨ ᠭᠠᠷᠭᠠᠵᠠᠶ᠄ ᠳᠠᠷᠤᠢ ᠳᠡᠭᠦᠯᠳᠡᠷ ᠢᠲᠡᠭᠡᠯ ᠵᠣᠷᠢᠭ ᠢ ᠪᠤᠢ ᠪᠣᠯᠭᠠᠵᠤ᠂ ᠪᠠᠶᠢᠭᠠᠯᠢ ᠶ᠋ᠢᠨ ᠡᠬᠢ ᠪᠠᠶᠠᠯᠢᠭ ᠵᠡᠷᠭᠡ ᠡᠯ᠎ᠡ ᠲᠠᠯ᠎ᠠ ᠶ᠋ᠢᠨ ᠳᠠᠪᠠᠭᠤᠯᠢᠭ ᠪᠠ ᠪᠡᠶᠡᠴᠢ ᠴᠢᠳᠠᠮᠠᠭᠠᠶ ᠴᠢᠨᠠᠷ ᠢ ᠭᠦᠢᠴᠡᠳ ᠪᠠᠳᠠᠷᠠᠭᠤᠯᠬᠤ ᠬᠡᠷᠡᠭᠲᠡᠶ᠃ ᠨᠢᠭᠡᠳᠦᠭᠡᠷ ᠠᠯᠬᠤᠮ ᠳ᠋ᠦ᠂ ᠲᠠᠪᠤᠨ ᠵᠢᠯ ᠤᠨ ᠳᠣᠲᠣᠷ᠎ᠠ ᠬᠥᠮᠦᠨ ᠠᠮᠠ ᠶ᠋ᠢᠨ ᠲᠡᠭᠰᠢᠳᠬᠡᠭᠰᠡᠨ ᠠᠵᠤ ᠦᠢᠯᠡᠳᠪᠦᠷᠢ ᠲᠠᠷᠢᠶᠠᠯᠠᠩ ᠤᠨ ᠶᠡᠷᠦᠩᠬᠡᠢ ᠦᠢᠯᠡᠳᠬᠦᠨ ᠢ ᠲᠡᠦᠬᠡ ᠶ᠋ᠢᠨ ᠬᠠᠮᠤᠭ ᠦᠨᠳᠦᠷ ᠬᠢᠷᠢ ᠬᠡᠮᠵᠢᠶ᠎ᠡ ᠪᠤᠯᠲᠠᠯ᠎ᠠ ᠰᠡᠷᠭᠦᠭᠡᠨ᠎ᠡ᠃ ᠬᠣᠶᠠᠳᠤᠭᠠᠷ ᠠᠯᠬᠤᠮ ᠳ᠋ᠦ᠂ ᠠᠷᠪᠠᠨ ᠵᠢᠯ ᠤᠨ ᠳᠣᠲᠣᠷ᠎ᠠ ᠠᠵᠤ ᠦᠢᠯᠡᠳᠪᠦᠷᠢ ᠶ᠋ᠢᠨ ᠶᠡᠷᠦᠩᠬᠡᠢ ᠦᠢᠯᠡᠳᠬᠦᠨ ᠬᠦᠮᠦᠨ ᠪᠦᠷᠢ ᠶ᠋ᠢᠨ ᠲᠡᠭᠰᠢᠳᠬᠡᠭᠰᠡᠨ ᠨᠤᠷᠮ᠎ᠠ ᠪᠠᠷ ᠪᠦᠬᠦ ᠤᠯᠤᠰ ᠤᠨ ᠡᠯ᠎ᠡ ᠮᠤᠵᠢ᠂ ᠬᠣᠲᠠ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ᠂ ᠲᠡᠷᠢᠭᠦᠨ ᠤ ᠡᠩᠨᠡᠭᠡᠨ ᠳ᠋ᠤ ᠤᠷᠤᠭᠰᠠᠨ ᠪᠠᠶᠢᠬᠤ ᠬᠡᠷᠡᠭᠲᠡᠢ᠃ ᠡᠭᠦᠨ ᠤ ᠲᠤᠯᠠᠳᠠ᠂ ᠨᠡᠯᠢᠶᠡᠳ ᠡᠷᠲᠡ ᠲᠠᠷᠢᠶᠠᠯᠠᠬᠤ ᠮᠠᠯᠵᠢᠬᠤ ᠣᠷᠣᠨ ᠳ᠋ᠤ ᠡᠷᠦᠭᠡᠳᠦ ᠳᠠᠭᠠᠭᠠᠴᠢᠯᠠᠭᠤᠯᠬᠤ ᠬᠠᠷᠢᠭᠤᠴᠠᠯᠭ᠎ᠠ ᠶ᠋ᠢᠨ ᠳᠦᠷᠢᠮ ᠢ ᠬᠡᠷᠡᠭᠵᠢᠭᠦᠯᠦᠭᠰᠡᠨ ᠪᠥᠭᠡᠳ ᠨᠣᠣᠰᠣᠨ ᠨᠡᠬᠡᠮᠡᠯ ᠤᠨ ᠠᠵᠤ ᠦᠢᠯᠡᠳᠪᠦᠷᠢ ᠪᠠᠷ ᠭᠣᠣᠯ ᠪᠣᠯᠭᠠᠭᠰᠠᠨ ᠪᠣᠯᠪᠠᠰᠤᠷᠠᠭᠤᠯᠬᠤ ᠠᠵᠤ ᠦᠢᠯᠡᠳᠪᠦᠷᠢ ᠶ᠋ᠢᠨ ᠰᠢᠰᠲ᠋ᠧᠮ ᠢ ᠴᠢᠩᠭᠠᠳᠬᠠᠭᠰᠠᠨ ᠪᠠᠶᠢᠨ᠎ᠠ᠃ ᠡᠭᠦᠨ ᠦ ᠬᠠᠮᠲᠤ᠂ ᠥᠪᠥᠷ ᠮᠣᠩᠭᠣᠯ ᠤᠨ ᠨᠠᠮ ᠤᠨ ᠬᠣᠷᠢᠶ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠᠨ ᠠᠴᠠ ᠳᠠᠬᠢᠨ ᠲᠣᠭᠲᠠᠭᠠᠭᠰᠠᠨ ᠤᠯᠤᠰ ᠲᠦᠷᠦ ᠶ᠋ᠢᠨ ᠱᠤᠭᠤᠮ ᠪᠠ ᠵᠣᠬᠢᠶᠠᠨ ᠪᠠᠶᠢᠭᠤᠯᠤᠯᠲᠠ ᠶ᠋ᠢᠨ ᠱᠤᠭᠤᠮ ᠢ ᠦᠨᠳᠦᠰᠦᠯᠡᠨ ᠡᠯ᠎ᠡ ᠱᠠᠲᠤᠨ ᠤ ᠤᠳᠤᠷᠢᠳᠬᠤ ᠪᠠᠭ ᠲᠤ ᠳᠤᠬᠢᠷᠠᠭᠤᠯᠤᠯᠲᠠ ᠬᠢᠵᠦ᠂ ᠺᠠᠳ᠋ᠷ ᠤᠨ ᠡᠩᠨᠡᠭᠡ ᠶ᠋ᠢ ᠬᠤᠪᠢᠰᠬᠠᠯᠵᠢᠭᠤᠯᠬᠤ᠂ ᠵᠠᠯᠠᠭᠤᠵᠢᠭᠤᠯᠬᠤ᠂ ᠮᠡᠳᠡᠯᠭᠡᠵᠢᠭᠦᠯᠬᠦ᠂ ᠲᠤᠰᠬᠠᠶᠢᠵᠢᠭᠤᠯᠬᠤ ᠠᠵᠢᠯ ᠢ ᠨᠢᠭᠡ ᠠᠯᠬᠤᠮ ᠲᠦᠯᠬᠢᠨ ᠤᠷᠤᠭᠰᠢᠯᠠᠭᠤᠯᠵᠤ ᠂ ᠨᠢᠭᠡ ᠪᠦᠯᠦᠭ ᠨᠠᠮᠴᠢ ᠴᠢᠨᠠᠷ ᠢᠶ᠋ᠡᠷ ᠴᠢᠩᠭ᠎ᠠ᠂ ᠣᠪᠣᠷ ᠰᠤᠷᠲᠠᠯ ᠲᠥᠪ ᠴᠢᠬᠡᠴᠢ ᠪᠠᠶᠢᠳᠠᠭ᠂ ᠲᠤᠰᠬᠠᠶ ᠮᠡᠷᠭᠡᠵᠢᠯ ᠤᠨ ᠮᠡᠳᠡᠯᠭᠡ ᠪᠠ ᠡᠭᠦᠳᠦᠨ ᠨᠡᠭᠡᠭᠡᠬᠦ ᠵᠣᠷᠢᠭ ᠰᠠᠨᠠᠭ᠎ᠠ ᠲᠠᠢ ᠵᠠᠯᠠᠭᠤ ᠺᠠᠳ᠋ᠷᠴᠤᠳ ᠢ ᠡᠯ᠎ᠡ ᠱᠠᠲᠤᠨ ᠤ ᠤᠳᠤᠷᠢᠳᠬᠤ ᠪᠠᠶᠢᠷᠢᠨ ᠳ᠋ᠤ ᠭᠠᠷᠭᠠᠭᠰᠠᠨ ᠪᠠᠶᠢᠨ᠎ᠠ ᠃
1984 ᠤᠨ ᠤ 10 ᠰᠠᠷ᠎ᠠ ᠳ᠋ᠤ᠂ ᠨᠠᠮ ᠤ ᠨᠠᠷᠪᠠᠨ ᠬᠣᠶᠠᠳᠤᠭᠠᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠡᠴᠠ 《ᠠᠵᠤ ᠠᠬᠤᠶ ᠶ᠋ᠢᠨ ᠪᠠᠶᠢᠭᠤᠯᠤᠮᠵᠢ ᠶ᠋ᠢ ᠥᠭᠡᠷᠡᠴᠢᠯᠡᠬᠦ ᠲᠤᠬᠠᠶ ᠨᠠᠮ ᠤᠨ ᠲᠥᠪ ᠬᠣᠷᠢᠶᠠᠨ ᠤ ᠰᠢᠶᠳᠪᠦᠷᠢ 》 ᠶ᠋ᠢ ᠪᠠᠲᠤᠯᠠᠨ ᠲᠤᠭᠲᠠᠭᠠᠭᠰᠠᠨ ᠪᠠᠶᠢᠨ᠎ᠠ᠃ ᠲᠤᠰ ᠵᠢᠯ ᠤᠨ12 ᠰᠠᠷ᠎ᠠ ᠳ᠋ᠤ᠂ ᠥᠪᠥᠷ ᠮᠣᠩᠭᠣᠯ ᠤᠨ ᠨᠠᠮ ᠤᠨ ᠬᠤᠷᠢᠶᠠᠨ ᠡᠴᠠ ᠳᠥᠷᠪᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠢ ᠬᠤᠷᠠᠯᠳᠤᠭᠤᠯᠵᠤ᠂ ᠥᠪᠥᠷ ᠮᠣᠩᠭᠣᠯ ᠤᠨ ᠠᠵᠤ ᠠᠬᠤᠶ ᠶ᠋ᠢᠨ ᠬᠥᠭᠵᠢᠯᠲᠡ ᠶ᠋ᠢᠨ ᠶᠡᠷᠦᠩᠬᠡᠶ ᠪᠠᠶᠢᠯᠳᠤᠬᠤ ᠪᠤᠳᠤᠯᠭ᠎ᠠ ᠶ᠋ᠢᠨ ᠦᠵᠡᠯ ᠰᠠᠨᠠᠭ᠎ᠠ ᠶ᠋ᠢ ᠲᠤᠭᠲᠠᠭᠠᠭᠰᠠᠨ ᠪᠠᠶᠢᠨ᠎ᠠ ᠳᠠᠷᠤᠢ᠄ ᠥᠭᠡᠷᠡᠴᠢᠯᠡᠯᠲᠡ ᠬᠢᠬᠦ ᠶ᠋ᠢ ᠪᠠᠷᠢᠮᠲᠠᠯᠠᠵᠤ ᠂ ᠳᠣᠲᠣᠭᠠᠳᠤ ᠪᠠᠨ ᠠᠮᠢᠳᠤᠯᠢᠭ ᠪᠤᠯᠭᠠᠵᠤ᠂ ᠭᠠᠳᠠᠭᠰᠢ ᠨᠡᠭᠡᠭᠡᠯᠳᠠ ᠬᠢᠬᠦ ᠳ᠋ᠡᠬᠡᠨ ᠡᠬᠢ ᠪᠠᠶᠠᠯᠢᠭ ᠤᠨ ᠳᠠᠪᠠᠭᠤᠯᠢᠭ ᠢᠶᠡᠨ ᠭᠦᠢᠴᠡᠳ ᠪᠠᠳᠠᠷᠠᠭᠤᠯᠤᠨ᠂ ᠪᠦᠬᠦ ᠲᠠᠯ᠎ᠠ ᠪᠠᠷ ᠨᠡᠭᠡᠭᠡᠨ ᠬᠥᠭᠵᠢᠭᠦᠯᠬᠦ ᠬᠡᠷᠡᠭᠲᠡᠢ ᠬᠡᠰᠡᠨ ᠪᠠᠶᠢᠨ᠎ᠠ᠃ ᠡᠨᠡ ᠬᠦ ᠪᠠᠶᠢᠯᠳᠤᠬᠤ ᠪᠤᠳᠤᠯᠭ᠎ᠠ ᠶ᠋ᠢᠨ ᠦᠵᠡᠯ ᠰᠠᠨᠠᠭ᠎ᠠ ᠶ᠋ᠢ ᠦᠨᠳᠦᠰᠦᠯᠡᠨ᠂ ᠪᠦᠬᠦ ᠣᠷᠣᠨ ᠤ ᠠᠵᠤ ᠠᠬᠤᠶ ᠶ᠋ᠢᠨ ᠪᠦᠳᠦᠭᠡᠨ ᠪᠠᠶᠢᠭᠤᠯᠤᠯᠲᠠ ᠨᠢ 《ᠤᠢ ᠮᠠᠯ ᠢᠶᠠᠷ ᠭᠣᠣᠯᠯᠠᠭᠤᠯᠬᠤ᠂ ᠤᠯᠠᠨ ᠲᠦᠷᠦᠯ ᠤᠨ ᠡᠵᠡᠩᠨᠡᠯᠲᠡ ᠶ᠋ᠢ ᠬᠦᠭᠵᠢᠬᠦᠯᠬᠦ》 ᠵᠢᠯᠣᠭᠣᠳᠬᠤ ᠴᠢᠭᠯᠡᠯᠲᠡ ᠶ᠋ᠢ ᠦᠷᠭᠦᠯᠵᠢᠯᠡᠨ ᠲᠤᠤᠱᠠᠯᠠᠭᠤᠯᠵᠤ᠂ ᠬᠥᠳᠡᠭᠡ ᠲᠣᠰᠬᠣᠨ ᠮᠠᠯᠵᠢᠬᠤ ᠣᠷᠣᠨ ᠤ ᠲᠠᠸᠠᠷ ᠤᠨ ᠦᠢᠯᠡᠳᠪᠦᠷᠢᠯᠡᠯ ᠢ ᠶᠡᠬᠡᠪᠡᠷ ᠬᠥᠭᠵᠢᠭᠦᠯᠵᠦ᠂ ᠵᠠᠮ ᠬᠠᠷᠢᠯᠴᠠᠭ᠎ᠠ᠂ ᠡᠨᠧᠷᠭᠢ ᠶ᠋ᠢᠨ ᠰᠤᠷᠪᠤᠯᠵᠢ ᠪᠣᠯᠤᠨ ᠤᠶᠤᠨ ᠮᠡᠳᠡᠯᠭᠡ ᠶ᠋ᠢ ᠨᠡᠭᠡᠭᠡᠨ ᠬᠥᠭᠵᠢᠭᠦᠯᠬᠦ ᠪᠡᠷ ᠭᠣᠣᠯᠳᠠᠯᠭ᠎ᠠ ᠪᠣᠯᠭᠠᠨ᠂ ᠤᠳᠤ ᠪᠠᠶᠢᠭ᠎ᠠ ᠠᠵᠤ ᠠᠬᠤᠶᠢᠯᠠᠯ ᠤᠨ ᠲᠠᠯᠳᠠ ᠪᠣᠯᠤᠯᠴᠠᠭ᠎ᠠ᠂ ᠰᠢᠨᠡᠴᠢᠯᠡᠯᠲᠡ᠂ ᠦᠭᠡᠷᠡᠴᠢᠯᠡᠯᠲᠡ᠂ ᠲᠧᠭᠨᠢᠭ ᠮᠡᠷᠭᠡᠵᠢᠯ ᠦᠨ ᠳᠠᠪᠰᠢᠯᠲᠠ ᠶ᠋ᠢ ᠲᠦᠯᠬᠢᠨ ᠤᠷᠤᠭᠰᠢᠯᠠᠭᠤᠯᠵᠤ᠂ ᠵᠠᠰᠠᠭ ᠢ ᠴᠣᠮᠬᠠᠳᠬᠠᠬᠤ᠂ ᠡᠷᠬᠡ ᠶ᠋ᠢ ᠪᠠᠭᠤᠯᠭᠠᠵᠦ᠂ ᠳᠠᠭᠠᠭᠠᠴᠢᠯᠠᠯᠲᠠ ᠶ᠋ᠢ ᠶᠠᠪᠤᠭᠳᠠᠭᠤᠯᠵᠤ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠨᠡᠮᠡᠭᠳᠡᠬᠦᠯᠦᠨ᠂ ᠠᠵᠤ ᠠᠬᠤᠶ ᠶ᠋ᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠣᠷᠸ᠎ᠠ ᠠᠵᠤ ᠠᠬᠤᠶ ᠶ᠋ᠢ ᠬᠦᠴᠦᠨ ᠢ ᠦᠨᠡᠨ ᠬᠦ ᠰᠠᠶᠢᠲᠤᠷ ᠬᠢᠬᠦ ᠶ᠋ᠢ ᠪᠡᠶᠡᠯᠡᠬᠦᠯᠵᠦ᠂ ᠬᠤᠮᠠᠬᠢ ᠠᠵᠤ ᠠᠬᠤᠶ ᠶ᠋ᠢᠨ ᠲᠠᠯ᠎ᠠ ᠪᠠᠷ ᠴᠢᠯᠥᠭᠡᠲᠡᠶ ᠶᠠᠪᠤᠯᠴᠠᠨ ᠠᠮᠢᠳᠤᠯᠢᠭ ᠢᠶᠠᠷ ᠡᠷᠬᠢᠯᠡᠵᠦ᠂ ᠬᠤᠳᠠ ᠶ᠋ᠢᠨ ᠠᠵᠤ ᠠᠬᠤᠶ ᠰᠣᠶᠣᠯ ᠤᠨ ᠲᠥᠪ ᠪᠣᠯᠬᠤ ᠦᠢᠯᠡᠳᠦᠯ ᠢ ᠨᠢ ᠪᠠᠳᠠᠷᠠᠭᠤᠯᠵᠤ᠂ ᠬᠤᠳ᠋ᠠ ᠪᠠᠷ ᠲᠦᠰᠢᠭ ᠪᠣᠯᠭᠠᠭᠰᠠᠨ᠂ ᠠᠳᠠᠯᠢ ᠪᠤᠰᠤ ᠬᠡᠪᠴᠢᠶᠡᠨ ᠦ᠂ ᠨᠡᠭᠡᠭᠡᠯᠲᠡᠲᠦ ᠮᠠᠶᠢᠭ ᠤᠨ ᠪᠤᠯᠤᠨ ᠰᠦᠯᠵᠢᠶᠡᠨ ᠤ ᠮᠠᠶᠢᠭ ᠤᠨ ᠠᠵᠤ ᠠᠬᠤᠢ ᠶ᠋ᠢᠨ ᠤᠷᠤᠨ ᠢ ᠪᠤᠢ ᠪᠤᠯᠭᠠᠨ᠎ᠠ ᠃