ᠳᠤᠮᠳᠠᠳᠤ ᠤᠯᠤᠰ ᠦᠨ ᠡᠪ ᠬᠠᠮᠲᠤ ᠨᠠᠮ ᠤᠨ ᠿᠸ ᠾᠸ ᠴᠠᠬᠠᠷ ᠰᠦᠶᠶᠤᠸᠠᠨ ᠪᠤᠭᠤᠲᠤ ᠶᠢᠨ ᠳᠥᠷᠪᠡᠨ ᠣᠨᠴᠠᠭᠠᠢ ᠣᠷᠣᠨ ᠤ ᠬᠣᠷᠢᠶ᠎ᠠ ᠵᠢᠴᠢ ᠰᠦᠶᠶᠤᠸᠠᠨ ᠣᠨᠴᠠᠭᠠᠢ ᠣᠷᠣᠨ ᠤ ᠣᠷᠣᠨ ᠨᠤᠲᠤᠭ ᠤᠨ ᠬᠣᠷᠢᠶᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠬᠤᠪᠢᠰᠤᠯ ( 1925 — 1927 ᠣᠨ )
ᠨᠢᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠿᠸᠢ ᠾᠸ ᠣᠨᠴᠠᠭᠠᠶ ᠣᠷᠣᠨ ᠤ ᠠᠵᠢᠯ ᠤᠨ ᠺᠣᠮᠢᠰ (1925.3-1925.10)
ᠬᠠᠷᠢᠭᠤᠴᠠᠯᠭᠠᠲᠠᠨ ᠴᠧᠨ ᠵᠢᠩ ᠬᠤᠦ ( ᠯᠢ ᠲᠶᠸ ᠷᠠᠨ )
ᠳ᠋ᠦ᠋ ᠵᠧᠨ ᠱᠧᠩ ( ᠰᠡᠭᠦᠯᠡᠷ ᠨᠢ ᠤᠷᠪᠠᠵᠠᠶ )
ᠬᠣᠶᠠᠷ᠂ ᠳᠤᠮᠳᠠᠳᠤ ᠤᠯᠤᠰ ᠦ᠋ᠨ ᠡᠪ ᠬᠠᠮᠲᠤ ᠨᠠᠮ ᠤᠨ ᠴᠠᠬᠠᠷ ᠣᠨᠴᠣᠭᠣᠶ ᠣᠷᠣᠨ ᠤ ᠠᠵᠢᠯ ᠤᠨ ᠺᠣᠮᠢᠰ (1925.3-1925.10)
ᠬᠠᠷᠢᠭᠤᠴᠠᠯᠭᠠᠲᠠᠨ ᠵᠠᠩ ᠯᠢᠶᠠᠩ ᠬᠠᠨ ( ᠮᠣᠩᠭᠣᠯ ᠦᠨᠳᠦᠰᠦᠲᠡᠨ )
ᠶᠠᠩ ᠬᠤᠩ ᠲᠤᠤ
ᠭᠤᠷᠪᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠤ ᠣᠨᠴᠠᠭᠠᠶ ᠣᠷᠣᠨ ᠤ ᠠᠵᠢᠯ ᠤᠨ ᠺᠣᠮᠢᠰ ( 1925.3-1925.10 )
ᠬᠠᠷᠢᠭᠤᠴᠠᠯᠭᠠᠲᠠᠨ ᠵᠠᠶᠠᠭᠠᠲᠠᠶ ( ᠮᠣᠩᠭᠣᠯ ᠦᠨᠳᠦᠰᠦᠲᠡᠨ )
ᠰᠦᠢᠶᠤᠸᠠᠨ ᠤ ᠣᠨᠴᠠᠭᠠᠶ ᠣᠷᠣᠨ ᠤ ᠠᠵᠢᠯ ᠤᠨ ᠺᠣᠮᠢᠰ ᠤᠨ ᠳᠤᠤᠷᠠᠬᠢ ᠬᠠᠷᠢᠶ᠎ᠠ ᠲᠠᠪᠤᠨ ᠬᠣᠰᠢᠭᠤ ᠰᠢᠶᠠᠨ ᠤ ᠠᠵᠢᠯᠯᠠᠬᠤ ᠺᠣᠮᠢᠰ ᠤᠨ (ᠮᠠᠲ᠋ᠧᠷᠢᠶᠠᠯ ᠳᠤᠲᠠᠮᠠᠭ ᠤᠴᠢᠷ ᠡᠴᠠ ᠲᠤᠰ ᠲᠠᠪᠤᠨ ᠬᠣᠰᠢᠭᠤ ᠰᠢᠶᠠᠨ ᠤ ᠠᠵᠢᠯᠯᠠᠬᠤ ᠬᠣᠷᠢᠶ᠎ᠠ ᠡᠬᠢᠯᠡᠭᠰᠡᠨ ᠪᠠ ᠳᠠᠭᠤᠰᠤᠭᠰᠠᠨ ᠴᠠᠭ ᠬᠤᠭᠤᠴᠠᠭ᠎ᠠ ᠵᠢᠴᠢ ᠠᠵᠢᠯᠯᠠᠭ᠎ᠠ ᠠᠭᠤᠯᠭ᠎ᠠ ᠨᠢ ᠲᠣᠳᠣᠷᠬᠠᠶ ᠥᠬᠡᠶ ᠪᠠᠶᠢᠭᠰᠠᠭᠠᠷ ᠃ ) ᠲᠤᠰ ᠲᠤᠰ ᠄
1᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠭᠠᠯᠢᠴᠢᠨ ᠰᠢᠶᠠᠨ ᠤ ᠠᠵᠢᠯᠯᠠᠬᠤ ᠺᠣᠮᠢᠰ
ᠱᠦᠵᠢ ᠯᠢ ᠷᠦᠢ
2᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠣᠷᠢᠨᠭᠡᠷ ᠰᠢᠶᠠᠨ ᠤ ᠠᠵᠢᠯᠯᠠᠬᠤ ᠺᠣᠮᠢᠰ
ᠲᠦᠷ ᠴᠠᠭ ᠤᠨ ᠱᠦᠵᠢ ᠸᠠᠨ ᠲᠤᠤ
3᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠵᠢᠯᠯᠠᠬᠤ ᠺᠣᠮᠢᠰ
ᠱᠦᠵᠢ ᠵᠸ᠋ᠨ ᠳ᠋ᠡᠢ ᠸᠠᠩ
4᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠢᠰᠦ᠋ᠢ ᠰᠢᠶᠠᠨ ᠤ ᠠᠵᠢᠯᠯᠠᠬᠤ ᠺᠣᠮᠢᠰ
ᠱᠦᠵᠢ ᠵᠤᠤ ᠱᠸᠦ ᠧᠨ
5᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠬᠣᠰᠢᠭᠤᠨ ᠤ ᠠᠵᠢᠯ ᠤᠨ ᠺᠣᠮᠢᠰ
ᠬᠠᠷᠢᠭᠤᠴᠠᠯᠭᠠᠲᠠᠨ ᠴᠥᠩ ᠳ᠋ᠸ ᠴᠸᠨ
ᠰᠦᠨ ᠴᠸ᠋ᠩ ᠶᠸ
ᠰᠦᠢᠶᠤᠸᠠᠨ ᠤ ᠣᠨᠴᠠᠭᠠᠶ ᠣᠷᠣᠨ ᠤ ᠠᠵᠢᠯ ᠤᠨ ᠬᠣᠷᠢᠶᠠᠨ ᠤ ᠪᠠᠶᠢᠭᠤᠯᠭ᠎ᠠ ᠳ᠋ᠤ ᠰᠠᠭᠤᠷᠢᠰᠢᠨ ᠰᠠᠭᠤᠭ᠎ᠠ ᠭᠠᠵᠠᠷ ᠨᠢ ᠬᠦᠢᠰᠦ᠋ᠢ ᠶ᠋ᠢᠨ ᠬᠠᠭᠤᠴᠢᠨ ᠬᠤᠲᠠ ᠴᠢᠶᠤᠤ ᠡᠯ ᠴᠢ ᠰᠦᠮ᠎ᠡ (ᠤᠳᠤ ᠶ᠋ᠢᠨ ᠬᠥᠬᠡᠬᠣᠲᠠ ᠶᠢᠨ ᠬᠠᠭᠤᠴᠢᠨ ᠬᠣᠳ᠋ᠠ ) ᠃
ᠲᠦᠷᠪᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠠᠵᠢᠯ ᠤᠨ ᠺᠣᠮᠢᠰ ( 1925.3-1925.10 )
ᠬᠠᠷᠢᠭᠤᠴᠠᠯᠭᠠᠲᠠᠨ ᠯᠢ ᠢᠦᠢ ᡁᠢ ( ᠮᠣᠩᠭᠣᠯ ᠦᠨᠳᠦᠰᠦᠲᠡᠨ )
ᠲᠠᠪᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠤ ᠣᠨᠴᠠᠭᠠᠶ ᠣᠷᠣᠨ ᠤ ᠣᠷᠣᠨ ᠨᠤᠲᠤᠭ ᠤᠨ ᠬᠣᠷᠢᠶ᠎ᠠ (1926.9-1927.9 )
1925 ᠣᠨ ᠤ 10 ᠰᠠᠷ᠎ᠠ ᠳ᠋ᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠮᠠᠷᠠᠲᠤ ᠶ᠋ᠢᠨ ᠬᠣᠷᠢᠶ᠎ᠠ ᠪᠣᠯᠤᠨ ᠴᠢᠭᠤᠯᠤᠯᠳ᠋ᠦ ᠬᠠᠭᠠᠯᠭ᠎ᠠ ᠶ᠋ᠢᠨ ᠲᠤᠰᠬᠠᠶ ᠣᠷᠣᠨ ᠦ ᠨᠠᠮ ᠤᠨ ᠬᠣᠷᠢᠶ᠎ᠠ ᠵᠠᠯᠭᠠᠭ᠎ᠠ ᠪᠠᠷ ᠪᠠᠶᠢᠭᠤᠯᠤᠭᠳᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠮᠠᠷᠠᠲᠤ ᠶ᠋ᠢᠨ ᠬᠤᠷᠢᠶ᠎ᠠ ᠪᠠ ᠴᠢᠭᠤᠯᠭᠠᠲᠤ ᠬᠠᠭᠠᠯᠭ᠎ᠠ ᠶ᠋ᠢᠨ ᠨᠠᠮ ᠤᠨ ᠬᠣᠷᠢᠶ᠎ᠠ ᠶᠢᠨ ᠳᠠᠪᠬᠤᠷ ᠤᠳᠤᠷᠢᠳᠤᠯᠭ᠎ᠠ ᠳᠤᠤᠷ᠎ᠠ᠂ ᠰᠦᠢᠶᠤᠸᠠᠨ ᠣᠷᠣᠨ ᠨᠢ ᠤᠷᠢᠳ ᠬᠤᠵᠢᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠤ ᠣᠨᠴᠠᠭᠠᠶ ᠡᠭᠦᠷ ᠪᠠ ᠳᠤᠮᠳᠠᠳᠤ ᠤᠯᠤᠰ ᠤ ᠨᠡᠪ ᠬᠠᠮᠲᠤ ᠨᠠᠮ ᠤᠨ 《 ᠪᠠᠷᠠᠭᠤᠨ ᠬᠣᠶᠢᠲᠤ ᠶ᠋ᠢᠨ ᠢᠷᠭᠡᠨ ᠦ ᠰᠣᠨᠢᠨ 》 ᠤ ᠡᠭᠦᠷ ᠢ ᠪᠠᠶᠢᠭᠤᠯᠤᠭᠰᠠᠨ ᠪᠠᠶᠢᠨ᠎ᠠ᠃ ᠰᠦᠢᠶᠤᠸᠠᠨ ᠤ ᠣᠨᠴᠠᠭᠠᠶ ᠨᠠᠮ ᠤᠨ ᠡᠭᠦᠷ ᠤᠨ ᠱᠦᠵᠢ ᠯᠦ ᠽᠦᠸᠸ ᠯᠢᠨ᠂ ᠤᠬᠠᠭᠤᠯᠬᠤ ᠭᠡᠰᠢᠭᠦᠨ ᠶᠠᠩ ᠱᠤ ᠰᠢᠶᠤᠤ᠂ ᠨᠠᠮ ᠤᠨ ᠡᠭᠦᠷ ᠤᠨ ᠭᠡᠰᠢᠭᠦᠨ ᠵᠠᠶᠠᠭᠠᠲᠠᠶ ( ᠮᠣᠩᠭᠣᠯ ᠦᠨᠳᠦᠰᠦᠲᠡᠨ)᠂ ᠫᠸᠩ ᠵᠧᠨ ᠭᠠᠩ᠂ ᠯᠢᠦ ᠶᠢᠨ ᠷᠧᠨ ᠵᠡᠷᠭᠡ᠃ 《ᠪᠠᠷᠠᠭᠤᠨ ᠬᠣᠶᠢᠲᠤ ᠶ᠋ᠢᠨ ᠢᠷᠭᠡᠨ ᠦ ᠰᠣᠨᠢᠨ》 ᠤ ᠨᠠᠮ ᠤᠨ ᠡᠭᠦᠷ ᠤᠨ ᠱᠦᠵᠢ ᠵᠢᠶᠠᠩ ᠲᠢᠩ ᠰᠦᠩ( ᠬᠣᠵᠢᠮ ᠨᠢ ᠨᠠᠮ ᠡᠴᠡ ᠡᠴᠠᠰᠠᠯᠪᠠ ) ᠂ ᠳᠡᠳ᠋ ᠱᠦᠵᠢ ᠮᠠ ᠵᠢᠶ ᠯᠢᠶᠠᠩ᠂ ᠨᠠᠮ ᠤᠨ ᠡᠭᠦᠷ ᠤᠨ ᠭᠡᠰᠢᠭᠦᠨ ᠨᠢ ᠬᠤ ᠶᠢᠩ ᠴᠦ᠋᠂ ᠳ᠋ᠢᠩ ᠪᠤᠤ ᠴᠢᠤᠸᠠᠨ᠂ ᠯᠢᠦ ᠭᠤᠸᠠᠨ ᠢ (ᠯᠢᠦ ᠵᠢᠩ ᠰᠢ) ᠵᠡᠷᠭᠡ᠃
1926 ᠣᠨ ᠤ 7 ᠰᠠᠷ᠎ᠠ ᠳ᠋ᠤ᠂ ᠢᠷᠭᠡᠨ ᠤ ᠬᠤᠪᠢᠰᠬᠠᠯᠲᠤ ᠴᠡᠷᠢᠭ ᠭᠤᠸᠠᠩᠳᠦ᠋ᠩ ᠠᠴᠠ ᠤᠮᠠᠷᠠᠰᠢ ᠳᠠᠶᠢᠯᠠᠨ ᠮᠤᠷᠳᠠᠪᠠ᠃ ᠤᠮᠠᠷᠠᠲᠤ ᠶ᠋ᠢᠨ ᠴᠡᠷᠢᠭ ᠤᠨ ᠡᠷᠬᠡᠲᠡᠨ ᠡᠦ ᠫᠸᠢ ᠹᠦ᠋ ᠴᠡᠷᠢᠭ ᠮᠣᠷᠢ ᠪᠠᠨ ᠲᠠᠢᠢᠴᠢᠯᠠᠵᠦ᠂ ᠨᠢᠭᠡ ᠲᠠᠯ᠎ᠠ ᠪᠠᠷ ᠢᠷᠭᠡᠨ ᠤ ᠬᠤᠪᠢᠰᠬᠠᠯᠲᠤ ᠴᠡᠷᠢᠭ ᠤᠨ ᠤᠮᠠᠷᠠᠰᠢ ᠳᠠᠶᠢᠯᠠᠬᠤ ᠳ᠋ᠤ ᠡᠰᠡᠷᠬᠦᠴᠡᠯᠡᠨ ᠪᠠᠶᠢᠯᠳᠤᠬᠤ ᠪᠠᠷ ᠪᠡᠯᠡᠳᠬᠡᠵᠦ᠂ ᠨᠦᠬᠦᠬᠡ ᠲᠠᠯ᠎ᠠ ᠪᠠᠷ ᠵᠡᠭᠦᠨ ᠬᠣᠶᠢᠲᠤ ᠶᠢᠨ᠂ ᠱᠠᠨ ᠰᠢ ᠶᠢᠨ ᠪᠠ ᠱᠠᠨᠳᠦ᠋ᠩ ᠤᠨ ᠡᠯ᠎ᠡ ᠪᠦᠯᠦᠭ ᠤᠨ ᠴᠡᠷᠢᠭ ᠤᠨ ᠡᠷᠬᠡᠲᠡᠨ ᠲᠠᠢ ᠬᠠᠮᠳᠤᠷᠠᠨ᠂ 《 ᠤᠯᠠᠭᠠᠨ ᠢ ᠳᠠᠶᠢᠯᠠᠬᠤ》 ᠨᠡᠷ᠎ᠡ ᠪᠡᠷ ᠹᠸᠩ ᠢᠦᠢ ᠰᠢᠶᠠᠩ ᠳ᠋ᠦ ᠪᠦ᠋ᠬᠦ ᠲᠠᠯ᠎ᠠ ᠶ᠋ᠢᠨ ᠴᠡᠷᠢᠭ ᠦᠨ ᠪᠦᠰᠡᠯᠡᠯᠲᠡ ᠶᠠᠪᠤᠭᠤᠯᠵᠤ᠂᠂ ᠪᠡᠭᠡᠵᠢᠩ ᠲᠠᠶᠠᠨᠵᠢᠨ ᠵᠢᠴᠢ ᠲᠡᠭᠦᠨ ᠡᠴᠡ ᠤᠮᠠᠷᠠᠰᠢᠬᠢ ᠭᠠᠵᠠᠷ ᠢ ᠨᠢᠭᠡᠨ ᠦᠶ᠎ᠡ ᠬᠤᠪᠢᠰᠬᠠᠯ ᠤᠨ ᠡᠰᠡᠷᠭᠦᠦ ᠳᠣᠣᠷ᠎ᠠ ᠣᠷᠤᠭᠤᠯᠤᠭᠰᠠᠨ ᠪᠠᠶᠢᠨ᠎ᠠ᠃1926 ᠣᠨ ᠤ 8 ᠰᠠᠷ᠎ᠠ ᠳ᠋ᠤ᠂ ᠫᠸ᠋ᠩ ᠢᠦᠢ ᠰᠢᠶᠠᠩ ᠦᠨ ᠪᠠᠷᠠᠭᠤᠨ ᠬᠣᠶᠢᠲᠤ ᠣᠷᠣᠨ ᠦ ᠴᠡᠷᠢᠭ ᠨᠢ ᠨᠠᠨᠺᠸᠦ ᠳᠤ ᠪᠦᠬᠦ ᠹᠷᠣᠨᠲ᠋ ᠪᠡᠷ ᠢᠶ᠋ᠡᠨ ᠢᠯᠠᠭᠳᠠᠯ ᠳ᠋ᠦ ᠤᠴᠠᠷᠠᠵᠠᠶ᠃ 9 ᠰᠠᠷ᠎ᠠ ᠶ᠋ᠢᠨ ᠳᠤᠮᠳᠠᠴᠢ ᠪᠠᠷ ᠳᠤᠮᠳᠠᠳᠤ ᠤᠯᠤᠰ ᠤᠨ ᠡᠪ ᠬᠠᠮᠲᠤᠴᠤᠳ ᠤᠨ ᠬᠠᠪᠰᠤᠷᠤᠯᠭ᠎ᠠ ᠳᠣᠣᠷ᠎ᠠ᠂ ᠡᠮᠦᠨᠡᠲᠦ ᠣᠷᠣᠨ ᠦ ᠤᠮᠠᠷᠠᠰᠢ ᠳᠠᠶᠢᠯᠠᠯᠲᠠ ᠶ᠋ᠢ ᠠᠷᠭᠠᠴᠠᠬᠤ ᠶ᠋ᠢᠨ ᠲᠦᠯᠦᠭᠡ᠂ ᠹᠸᠩ ᠢᠦᠢ ᠰᠢᠶᠠᠩ ᠵᠦᠪᠯᠡᠯᠲᠦ ᠳ᠋ᠦ ᠰᠤᠷᠤᠯᠴᠠᠬᠤ ᠪᠠᠨ ᠪᠤᠯᠢᠵᠤ᠂ ᠤᠯᠤᠰ ᠲᠠᠭᠠᠨ ᠬᠠᠷᠢᠵᠦ ᠠᠯᠳᠠᠷᠲᠤ 《ᠦᠶᠤᠸᠠᠨ ᠤ ᠲᠠᠩᠭᠠᠷᠢᠭᠯᠠᠯᠲᠠ》 ᠬᠢᠭᠰᠡᠨ ᠪᠠᠶᠢᠨ᠎ᠠ᠃ ᠡᠨᠡ ᠦᠢ᠎ᠡ ᠳ᠋ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠭᠤᠯᠤᠯᠳᠤ ᠬᠠᠭᠠᠯᠭ᠎ᠠ ᠶ᠋ᠢᠨ ᠲᠤᠰᠬᠠᠶ ᠣᠷᠣᠨ ᠦ ᠨᠠᠮ ᠤᠨ ᠬᠣᠷᠢᠶ᠎ᠠ ᠂ ᠥᠪᠥᠷ ᠮᠣᠩᠭᠣᠯ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠣᠷᠢᠶ᠎ᠠ ᠪᠠ ᠲᠡᠭᠦᠨ ᠤ ᠴᠡᠷᠢᠭ ᠨᠢ ᠴᠦᠮ ᠹᠸᠩ ᠤᠨ ᠴᠡᠷᠢᠭ ᠢ ᠳᠠᠭᠠᠵᠤ ᠪᠠᠷᠠᠭᠤᠨᠰᠢ ᠤᠬᠤᠷᠢᠭᠰᠠᠨ ᠪᠠᠶᠢᠨ᠎ᠠ ᠃ ᠰᠦᠢᠶᠤᠸᠠᠨ ᠣᠷᠣᠨ ᠨᠢ ᠡᠶᠢᠮᠦᠷᠬᠦᠦ ᠨᠠᠷᠢᠨ ᠪᠤᠳᠤᠯᠢᠶᠠᠨᠲᠠᠶ ᠪᠠᠶᠢᠳᠠᠯ ᠤᠨ ᠳᠣᠣᠷ᠎ᠠ ᠴᠢᠬᠤᠯᠠ ᠪᠠᠶᠢᠷᠢ ᠰᠠᠭᠤᠷᠢ ᠲᠠᠢ ᠪᠠᠶᠢᠭᠰᠠᠨ ᠶᠤᠮ᠃ ᠡᠨᠡ ᠬᠦ ᠪᠠᠶᠢᠳᠠᠯ ᠳ᠋ᠤ ᠴᠢᠭᠯᠡᠭᠦᠯᠦᠨ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠮᠠᠷᠠᠲᠤ ᠶ᠋ᠢᠨ ᠬᠤᠷᠢᠶᠠᠨ ᠡᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠤ ᠣᠨᠴᠠᠭᠠᠶ ᠣᠷᠣᠨ ᠤ ᠣᠷᠣᠨ ᠨᠤᠲᠤᠭ ᠤᠨ ᠬᠣᠷᠢᠶ᠎ᠠ ᠪᠠᠶᠢᠭᠤᠯᠬᠤ ᠪᠠᠷ ᠲᠣᠭᠲᠠᠭᠠᠪᠠ ᠃
1926 ᠣᠨ ᠤ 10 ᠰᠠᠷ᠎ᠠ ᠳ᠋ᠤ᠂ ᠯᠢᠨ ᠰᠢᠶᠠᠩ ᠵᠢᠷᠭᠤᠳᠤᠭᠠᠷ ᠬᠤᠭᠤᠴᠠᠭᠠᠨ ᠤ ᠭᠤᠸᠠᠩᠵᠧᠦ ᠶ᠋ᠢᠨ ᠲᠠᠷᠢᠶᠠᠴᠢᠨ ᠦ ᠬᠥᠳᠡᠯᠭᠡᠭᠡᠨ ᠤ ᠪᠣᠯᠪᠠᠰᠤᠷᠠᠭᠤᠯᠬᠤ ᠭᠠᠵᠠᠷ ᠡᠴᠠ ᠲᠡᠭᠦᠰᠴᠦ ᠰᠦᠢᠶᠤᠸᠠᠨ ᠳ᠋ᠤ ᠬᠠᠷᠢᠵᠤ ᠢᠷᠡᠪᠡ᠃ ᠤᠷᠤᠨ ᠨᠤᠲᠤᠭ ᠤᠨ ᠨᠠᠮ ᠤᠨ ᠬᠣᠷᠢᠶ᠎ᠠ ᠲᠤᠬᠢᠷᠠᠭᠤᠯᠤᠯᠲᠠ ᠬᠢᠵᠦ᠂ ᠯᠢᠨ ᠰᠢᠶᠠᠩ ᠤᠬᠠᠭᠤᠯᠬᠤ ᠬᠡᠯᠲᠡᠰ ᠤᠨ ᠳᠠᠷᠤᠭ᠎ᠠ ᠶ᠋ᠢᠨ ᠲᠤᠰᠢᠶᠠᠯ ᠢ ᠬᠠᠷᠢᠭᠤᠴᠠᠪᠠ᠃ ᠲᠤᠰ ᠵᠢᠯ ᠤᠨ ᠡᠴᠦᠰ ᠲᠦ ᠯᠢ ᠱᠢ ᠵᠢᠶᠧ ᠡᠮᠡᠭᠲᠡᠶᠢᠴᠦᠳ ᠤᠨ ᠬᠡᠯᠲᠡᠰ ᠤᠨ ᠠᠵᠢᠯ ᠢ ᠬᠠᠷᠢᠭᠤᠴᠠᠭᠰᠠᠨ ᠪᠠᠶᠢᠨ᠎ᠠ᠃ ᠰᠦᠢᠶᠤᠸᠠᠨ ᠮᠤᠵᠢ ᠶ᠋ᠢᠨ ᠲᠤᠰᠬᠠᠶ ᠣᠷᠣᠨ ᠦ ᠨᠠᠮ ᠤᠨ ᠬᠣᠷᠢᠶ᠎ᠠ ᠨᠢ ᠬᠦᠢᠰᠦ᠋ᠢ ᠰᠢᠶᠠᠨ ᠤ ᠨᠠᠮ ᠤᠨ ᠬᠣᠷᠢᠶ᠎ᠠ᠂ ᠬᠦᠢᠰᠦ᠋ᠢ ᠵᠢᠨ ᠪᠠᠷᠠᠭᠤᠨ ᠬᠡᠰᠡᠭ ᠣᠷᠣᠨ ᠤ ᠬᠤᠷᠢᠶ᠎ᠠ ᠡᠴᠡ ᠭᠠᠳᠠᠨ᠎ᠠ᠂ ᠪᠠᠰᠠ ᠪᠤᠲᠠᠴᠢ ᠵᠡᠷᠭᠡ 16 ᠡᠭᠦᠷ ᠢ ᠬᠠᠮᠢᠶᠠᠷᠠᠵᠦ ᠪᠠᠶᠢᠪᠠ ᠃
1927 ᠤᠨ ᠤ 4 ᠰᠠᠷ᠎ᠠ ᠶ᠋ᠢᠨ ᠰᠡᠭᠦᠯᠴᠢ ᠡᠴᠡ ᠬᠤᠶᠢᠰᠢ᠂ ᠯᠦ ᠽᠦᠸᠸ ᠯᠢᠨ ᠰᠦᠢᠶᠤᠸᠠᠨ ᠮᠤᠵᠢ ᠶ᠋ᠢᠨ ᠲᠤᠰᠬᠠᠶ ᠣᠷᠣᠨ ᠦ ᠨᠠᠮ ᠤᠨ ᠬᠣᠷᠢᠶᠠᠨ ᠤ ᠱᠦᠵᠢ ᠪᠤᠯᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶ᠋ᠢᠨ ᠲᠤᠰᠢᠶᠠᠯ ᠢ ᠡᠭᠦᠷᠭᠡᠯᠡᠭᠰᠡᠨ ᠪᠠᠶᠢᠨ᠎ᠠ᠃ ᠡᠨᠡ ᠦᠢ᠎ᠡ ᠳ᠋ᠤ᠂ ᠰᠦᠢᠶᠤᠸᠠᠨ ᠳ᠋ᠤ ᠰᠠᠬᠢᠨ ᠰᠠᠭᠤᠭᠰᠠᠨ ᠱᠠᠩ ᠵᠸ᠋ᠨ ᠦ ᠱᠠᠨ ᠰᠢ ᠶᠢᠨ ᠴᠡᠷᠢᠭ ᠤᠳ ᠵᠢᠶᠠᠩ ᠵᠢᠶᠸ ᠱᠸ ᠶ᠋ᠢ ᠳᠠᠭᠠᠭᠰᠠᠨ ᠠᠴᠠ ᠰᠦᠢᠶᠤᠸᠠᠨ ᠤᠷᠤᠨ ᠨᠢ ᠴᠠᠭᠠᠨ ᠤ ᠰᠦᠷᠳᠡᠭᠦᠯᠦᠯ ᠢᠶᠠᠷ ᠪᠦᠷᠬᠦᠵᠦ᠂ ᠲᠤᠰᠬᠠᠶ ᠣᠷᠣᠨ ᠤ ᠨᠠᠮ ᠤᠨ ᠬᠣᠷᠢᠶᠠᠨ ᠤ ᠪᠦᠷᠢᠯᠳᠦᠬᠦᠨ ᠨᠢ ᠳᠠᠯᠳᠠ ᠨᠢᠭᠤᠬᠤ ᠪᠤᠶᠤ ᠡᠰᠡᠬᠦᠯ᠎ᠡ ᠲᠦᠭᠰᠢᠭᠦᠷᠢᠲᠦ ᠪᠠᠶᠢᠳᠠᠯ ᠤᠨ ᠳᠤᠤᠷ᠎ᠠ ᠤᠬᠤᠷᠢᠨ ᠶᠠᠪᠤᠭᠰᠠᠨ ᠪᠠᠶᠢᠨ᠎ᠠ᠃ 1927 ᠣᠨ ᠤ 9 ᠰᠠᠷ᠎ᠠ ᠳ᠋ᠤ᠂ ᠯᠦ ᠽᠦᠸᠸ ᠯᠢᠨ ᠰᠦᠢᠶᠤᠸᠠᠨ ᠠᠴᠠ ᠰᠠᠯᠠᠵᠦ ᠂ ᠰᠦᠢᠶᠤᠸᠠᠨ ᠮᠤᠵᠢ ᠶ᠋ᠢᠨ ᠲᠤᠰᠬᠠᠶ ᠣᠷᠣᠨ ᠦ ᠨᠠᠮ ᠤᠨ ᠬᠣᠷᠢᠶ᠎ᠠ ᠪᠠᠶᠢᠬᠤ ᠦᠭᠡᠢ ᠪᠤᠯᠵᠠᠢ ᠃
ᠱᠦᠵᠢ ᠰᠢᠶᠦᠩ ᠸᠸᠢ ᠭᠸᠨ (1926.9 -1927.4 )
ᠯᠦ ᠽᠦᠸᠸ ᠯᠢᠨ ( 1926.9 -1927.4 )
ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠦ ᠽᠦᠸᠸ ᠯᠢᠨ ( ᠬᠠᠪᠰᠤᠷᠭᠠᠨ ᠬᠠᠷᠢᠭᠤᠴᠠᠨ᠎ᠠ )
ᠤᠬᠠᠭᠤᠯᠬᠤ ᠬᠡᠯᠲᠡᠰ ᠤᠨ ᠳᠠᠷᠤᠭ᠎ᠠ ᠶᠠᠩ ᠱᠦ ᠰᠢᠶᠤᠤ ( 1926.9-1926.10 )
ᠯᠢᠨ ᠰᠢᠶᠠᠩ (1926.10 -1927.9 )
ᠣᠷᠣᠨ ᠨᠤᠲᠤᠭ ᠤᠨ ᠨᠠᠮ ᠤᠨ ᠬᠣᠷᠢᠶᠠᠨ ᠤ ᠳᠣᠲᠣᠷᠠᠬᠢ ᠪᠤᠰᠤᠳ ᠪᠠᠶᠢᠭᠤᠯᠤᠮᠵᠢ ᠄
1᠂ ᠤᠯᠤᠰ ᠠᠷᠠᠳ ᠤᠨ ᠬᠥᠳᠡᠯᠭᠡᠭᠡᠨ ᠤ ᠵᠥᠪᠯᠡᠯ
ᠡᠷᠬᠢᠯᠡᠭᠴᠢ ᠵᠠᠶᠠᠭᠠᠲᠠᠶ ( ᠮᠣᠩᠭᠣᠯ ᠦᠨᠳᠦᠰᠦᠲᠡᠨ )
2᠂ ᠠᠵᠢᠯᠲᠠᠨ ᠠᠵᠢᠯᠴᠢᠨ ᠤ ᠬᠥᠳᠡᠯᠭᠡᠭᠡᠨ ᠤ ᠵᠥᠪᠯᠡᠯ
ᠡᠷᠬᠢᠯᠡᠭᠴᠢ ᠯᠦ ᠽᠦᠸᠸ ᠯᠢᠨ
ᠳᠡᠳ᠋ ᠡᠷᠬᠢᠯᠡᠭᠴᠢ ᠶᠠᠩ ᠱᠦ ᠰᠢᠶᠤᠤ
3᠂ ᠡᠮᠡᠭᠲᠡᠶᠢᠴᠦᠳ ᠤᠨ ᠬᠡᠯᠲᠡᠰ ᠵᠢᠶᠠ ᠢᠤᠢ ᠴᠢᠨ( ᠡᠮᠡᠭᠲᠡᠶ )
ᠯᠢ ᠱᠢ ᠵᠢᠶ᠋ᠸᠢ ( ᠡᠮᠡᠭᠲᠡᠶ )
ᠣᠷᠣᠨ ᠨᠤᠲᠤᠭ ᠤᠨ ᠨᠠᠮ ᠤᠨ ᠬᠤᠷᠢᠶᠠᠨ ᠤ ᠬᠠᠷᠢᠶ᠎ᠠ ᠵᠣᠬᠢᠶᠠᠨ ᠪᠠᠶᠢᠭᠤᠯᠤᠯᠲᠠ ᠄
1᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠢᠰᠦ᠋ᠢ ᠰᠢᠶᠠᠨ ᠤ ᠬᠣᠷᠢᠶ᠎ᠠ
ᠱᠦᠵᠢ ᠯᠦ ᠽᠦᠸᠸ ᠯᠢᠨ
2᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠢᠰᠦ᠋ᠢ ᠰᠢᠶᠠᠨ ᠤ ᠪᠠᠷᠠᠭᠤᠨ ᠬᠡᠰᠡᠭ ᠤᠨ ᠬᠣᠷᠢᠶ᠎ᠠ
ᠱᠦᠵᠢ ᠸᠠᠩ ᠵᠢᠶᠠᠨ ᠬᠦᠡᠭ
ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠸᠸᠨ ᠯᠢ
ᠤᠬᠠᠭᠤᠯᠬᠤ ᠬᠡᠯᠲᠡᠰ ᠤᠨ ᠳᠠᠷᠤᠭ᠎ᠠ ᠬᠤᠤ ᠵᠢᠶᠦ᠋ᠨ ᠸᠸᠨ( ᠣᠷᠣᠯᠠᠭᠤᠯᠬᠤ )
ᠭᠡᠰᠢᠭᠦᠨ ᠴᠢᠶ᠋ᠸ ᠵᠢᠩ ᠱᠦ