《ᠰᠤᠶᠤᠯ ᠤᠨ ᠬᠣᠪᠢᠰᠬᠠᠯ》 ᠴᠠᠭ ᠦᠶ᠎ᠡ ᠳᠦ ᠥᠪᠥᠷ ᠮᠣᠩᠭᠤᠯ ᠤᠨ ᠤᠳᠤᠷᠢᠳᠬᠤ ᠪᠠᠶᠢᠭᠤᠯᠤᠮᠵᠢ ᠶᠢᠨ ᠤᠯᠠᠷᠠᠯ ᠬᠣᠪᠢᠰᠬᠠᠯ

  2019-06-18

    1966 ᠣᠨ ᠤ 5 ᠰᠠᠷ᠎ᠠ ᠳ᠋ᠤ᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠᠨ ᠤ ᠮᠡᠳᠡᠭᠳᠡᠯ 》 ( ᠳᠠᠷᠤᠶ 《 5 · 16 》 ᠤᠨ ᠮᠡᠳᠡᠭᠳᠡᠯ 》 ᠭᠠᠷᠴᠤ᠂ 《 ᠰᠣᠶᠣᠯ ᠤᠨ ᠶᠡᠬᠡ ᠬᠤᠪᠢᠰᠬᠠᠯ 》 ᠤᠨ ᠬᠥᠰᠢᠭᠡ ᠢ ᠨᠡᠭᠡᠭᠡᠭᠰᠡᠨ ᠪᠠᠶᠢᠨ᠎ᠠ᠃ ᠲᠤᠰ ᠵᠢᠯ ᠤᠨ 8 ᠰᠠᠷ᠎ᠠ ᠳ᠋ᠤ᠂ ᠳᠤᠮᠳᠠᠳᠤ ᠤᠯᠤᠰ ᠤᠨ ᠡᠪ ᠬᠠᠮᠲᠤ ᠨᠠᠮ  ᠤᠨ ᠨᠠᠶᠮᠠᠳᠤᠭᠠᠷ ᠬᠤᠭᠤᠴᠠᠭᠠᠨ ᠤ ᠲᠥᠪ ᠬᠣᠷᠢᠶᠠᠨ ᠤ ᠠᠷᠪᠠᠨ ᠨᠢᠭᠡᠳᠦᠭᠡᠷ ᠪᠥᠬᠥᠳᠡ ᠬᠤᠷᠠᠯ ᠡᠴᠠ 《ᠦᠭᠡᠶᠢᠭᠦᠦ ᠠᠩᠬᠢ ᠶ᠋ᠢᠨ ᠰᠣᠶᠣᠯ ᠤᠨ ᠶᠡᠬᠡ ᠬᠤᠪᠢᠰᠬᠠᠯ ᠤᠨ ᠲᠤᠬᠠᠶ ᠲᠣᠭᠲᠠᠭᠠᠯ 》 (ᠳᠠᠷᠤᠢ ᠠᠷᠪᠠᠨ  ᠵᠢᠷᠭᠤᠭᠠᠨ ᠵᠣᠷᠪᠣᠰ ) ᠢ ᠪᠠᠲᠤᠯᠠᠨ ᠲᠤᠭᠲᠠᠭᠠᠭᠰᠠᠨ ᠪᠠᠶᠢᠨ᠎ᠠ᠃ ᠡᠨᠡ ᠬᠣᠶᠠᠷ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠶᠠᠪᠤᠳᠠᠯ ᠨᠢ 《 ᠰᠣᠶᠣᠯ ᠤᠨ ᠶᠡᠬᠡ ᠬᠤᠪᠢᠰᠬᠠᠯ 》 ᠨᠢ ᠪᠦᠬᠦ ᠲᠠᠯ᠎ᠠ ᠪᠠᠷ ᠦᠷᠨᠢᠭᠰᠡᠨ ᠢ ᠬᠠᠷᠠᠭᠤᠯᠵᠤ ᠪᠤᠢ ᠃
    ᠠᠷᠪᠠᠨ ᠵᠢᠯ  ᠤᠨ 《ᠰᠣᠶᠣᠯ  ᠤᠨ ᠶᠡᠬᠡ ᠬᠤᠪᠢᠰᠬᠠᠯ 》 ᠨᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ᠂ ᠵᠠᠰᠠᠭ᠂ ᠴᠡᠷᠢᠭ ᠤᠨ ᠥᠷᠭᠡᠨ ᠤᠯᠠᠨ ᠺᠠᠳ᠋ᠷ ᠪᠠ ᠦᠨᠳᠦᠰᠦᠲᠡᠨ ᠨᠦᠭᠦᠳ ᠤᠨ ᠠᠷᠠᠳ ᠲᠦᠮᠡᠨ  ᠲᠤ ᠤᠯᠤᠰ ᠪᠠᠶᠢᠭᠤᠯᠤᠭᠳᠠᠭᠰᠠᠨ ᠡᠴᠡ ᠨᠠᠰᠢᠬᠢ ᠬᠠᠮᠤᠭ ᠤᠨ ᠬᠦᠨᠳᠦ ᠨᠣᠴᠢᠲᠠᠶ ᠬᠣᠣᠷ ᠬᠥᠨᠥᠭᠡᠯ ᠳ᠋ᠤ  ᠤᠴᠠᠷᠠᠭᠤᠯᠵᠤ᠂ ᠢᠯᠠᠩᠭᠤᠶ᠎ᠠ《 ᠤᠯᠠᠭᠠᠨᠬᠦᠦ ᠶᠢᠨ ᠨᠠᠮ ᠤᠨ ᠡᠰᠡᠷᠭᠦᠦ ᠤᠯᠤᠰ ᠠᠴᠠ ᠪᠠᠨ ᠤᠷᠪᠠᠭᠰᠠᠨ ᠪᠦᠯᠦᠭ》᠂《 ᠦᠪᠦᠷ ᠮᠣᠩᠭᠤᠯ ᠤᠨ ᠬᠣᠶᠠᠳᠤᠭᠠᠷ ᠰᠠᠷ᠎ᠠ ᠶᠢᠨ ᠰᠦᠷᠭᠦᠦ ᠤᠷᠤᠰᠬᠠᠯ》᠂ 《 ᠰᠢᠨ᠎ᠡ ᠥᠪᠥᠷ ᠠᠷᠠᠳ ᠤᠨ ᠨᠠᠮ 》 ᠢ ᠮᠠᠯᠲᠠᠬᠤ ᠬᠥᠳᠡᠯᠭᠡᠭᠡᠨ ᠳᠤᠮᠳᠠ ᠬᠣᠷ᠎ᠠ ᠬᠦᠨᠦᠭᠡᠯ ᠨᠡᠩ ᠬᠦᠨᠲᠦ ᠨᠣᠴᠢᠲᠠᠢ ᠪᠠᠶᠢᠵᠦ ᠂ 《ᠰᠣᠶᠣᠯ ᠤᠨ ᠶᠡᠬᠡ ᠬᠤᠪᠢᠰᠬᠠᠯ 》 ᠤᠨ ᠬᠦᠨᠳᠦ ᠭᠠᠮᠰᠢᠭᠳᠠᠭᠰᠠᠨ ᠣᠷᠣᠨ ᠪᠤᠯᠵᠠᠢ ᠃
    ᠡᠨᠡ ᠬᠤᠭᠤᠴᠠᠭᠠᠨ ᠳ᠋ᠤ᠂ ᠥᠪᠥᠷ ᠮᠣᠩᠭᠣᠯ ᠤᠨ ᠨᠠᠮ ᠤᠨ ᠬᠤᠷᠢᠶᠠᠨ ᠤ ᠤᠳᠤᠷᠢᠳᠬᠤ ᠪᠠᠶᠢᠭᠤᠯᠤᠮᠵᠢ ᠪᠠ ᠠᠵᠢᠯᠯᠠᠬᠤ ᠪᠠᠶᠢᠭᠤᠯᠤᠮᠵᠢ ᠶᠢᠨ ᠤᠯᠠᠷᠢᠯ ᠬᠤᠪᠢᠰᠤᠯ  ᠢ ᠲᠦᠷᠪᠡᠨ ᠱᠠᠲᠤᠨ ᠳ᠋ᠦ ᠬᠤᠪᠢᠶᠠᠵᠦ ᠪᠤᠯᠤᠨ᠎ᠠ ᠃ 
    ᠠᠩᠬᠠᠳᠤᠭᠠᠷ ᠱᠠᠲᠤ ᠨᠢ 1966 ᠣᠨ ᠤ 5 ᠰᠠᠷ᠎ᠠ ᠶ᠋ᠢᠨ 《ᠰᠣᠶᠣᠯ  ᠤᠨ ᠶᠡᠬᠡ ᠬᠤᠪᠢᠰᠬᠠᠯ 》 ᠡᠴᠡ 1967 ᠣᠨ ᠤ 11 ᠰᠠᠷ᠎ᠠ ᠳ᠋ᠤ ᠬᠤᠪᠢᠰᠬᠠᠯ ᠤᠨ ᠵᠥᠪᠯᠡᠯ ᠪᠠᠶᠢᠭᠤᠯᠤᠭᠳᠠᠭᠰᠠᠨ ᠦᠶ᠎ᠡ ᠬᠦᠷᠲᠡᠯ᠎ᠡ᠃ ᠬᠣᠶᠠᠳᠤᠭᠠᠷ ᠱᠠᠳᠤ ᠨᠢ 1967 ᠣᠨ  ᠤ 11 ᠰᠠᠷ᠎ᠠ ᠳ᠋ᠤ ᠬᠤᠪᠢᠰᠬᠠᠯᠲᠤ ᠤᠨ ᠵᠦᠪᠯᠡᠯ ᠪᠠᠶᠢᠭᠤᠯᠤᠭᠳᠠᠭᠰᠠᠨ ᠡᠴᠠ ᠠᠪᠤᠭᠠᠳ 1969 ᠤᠨ ᠤ 12 ᠰᠠᠷ᠎ᠠ ᠳ᠋ᠤ ᠴᠡᠷᠢᠭ ᠦᠨ ᠵᠠᠬᠢᠷᠭ᠎ᠠ ᠶ᠋ᠢ ᠬᠡᠷᠡᠭᠵᠢᠬᠦᠯᠬᠦ ᠬᠦᠷᠲᠡᠯ᠎ᠡ᠃ ᠭᠤᠷᠪᠠᠳᠤᠭᠠᠷ ᠱᠠᠳᠤ ᠨᠢ 1969 ᠤᠨ ᠤ 12 ᠰᠠᠷ᠎ᠠ ᠶ᠋ᠢᠨ ᠴᠡᠷᠢᠭ ᠢᠶ᠋ᠡᠷ ᠵᠠᠬᠢᠷᠬᠤ ᠡᠴᠡ 1971 ᠣᠨ ᠤᠨ 5 ᠰᠠᠷ᠎ᠠ ᠳ᠋ᠤ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠬᠤᠷᠠᠯᠳᠤᠬᠤ ᠬᠦᠷᠲᠡᠯ᠎ᠡ᠃ ᠳᠥᠷᠪᠡᠳᠦᠭᠡᠷ ᠱᠠᠳᠤ ᠨᠢ 1971 ᠣᠨ ᠤ 5 ᠰᠠᠷ᠎ᠠ ᠳ᠋ᠤ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠬᠤᠷᠠᠯᠳᠤᠭᠰᠠᠨ ᠡᠴᠠ 1976 ᠣᠨ ᠤ 10  ᠰᠠᠷ᠎ᠠ ᠳ᠋ᠤ 《ᠲᠤᠢᠷᠪᠡᠠ ᠬᠥᠮᠦᠨ ᠤ ᠪᠦᠯᠦᠭ 》 ᠢ ᠪᠤᠳᠠ ᠨᠢᠷᠭᠢᠵᠦ᠂ 《 ᠰᠣᠶᠣᠯ  ᠤᠨ ᠶᠡᠬᠡ ᠬᠤᠪᠢᠰᠬᠠᠯ 》 ᠳᠠᠭᠤᠰᠤᠭᠰᠠᠨ ᠬᠦᠷᠲᠡᠯ᠎ᠡ ᠪᠤᠯᠤᠨ᠎ᠠ ᠃


ᠵᠣᠬᠢᠶᠠᠭᠴᠢ:
ᠢᠷᠡᠯᠲᠡ: