ᠰᠸᠷᠡᠩ

ᠮᠣᠩᠭᠤᠯ ᠦᠨᠳᠦᠰᠦᠲᠡᠨ ᠂ 1941 ᠣᠨ ᠤ 10 ᠰᠠᠷ᠎ᠠ ᠳ᠋ᠦ ᠲᠦᠷᠦᠵᠡᠢ ᠃ ᠥᠪᠥᠷ ᠮᠣᠩᠭᠤᠯ ᠤᠨ ᠬᠣᠷᠴᠢᠨ ᠵᠡᠭᠦᠨ ᠭᠠᠷᠤᠨ ᠬᠣᠶᠢᠲᠦ ᠬᠤᠰᠢᠭᠤᠨ ᠤ ᠬᠦᠮᠦᠨ ᠃ ᠰᠣᠶᠤᠯ ᠤᠨ ᠬᠡᠮᠵᠢᠶ᠎ᠡ ᠂ ᠶᠡᠬᠡ ᠰᠤᠷᠭᠠᠭᠤᠯᠢ ᠲᠡᠭᠦᠰᠴᠠᠢ ᠃ 1959 ᠣᠨ ᠤ 9 ᠰᠠᠷ᠎ᠠ ᠳ᠋ᠦ ᠠᠵᠢᠯ ᠳ᠋ᠦ ᠣᠷᠤᠯᠴᠠᠵᠦ ᠂1973 ᠣᠨ ᠤ 1 ᠰᠠᠷ᠎ᠠ ᠳ᠋ᠦ ᠲᠤᠮᠳᠠᠲᠦ ᠤᠯᠤᠰ ᠤᠨ ᠡᠪ ᠬᠠᠮᠲᠦ ᠨᠠᠮ ᠳ᠋ᠦ ᠡᠯᠰᠡᠭᠳᠡᠪᠡ ᠃ ᠣᠳᠦ ᠥᠪᠥᠷ ᠮᠣᠩᠭᠤᠯ ᠤᠨ ᠨᠠᠮ ᠤᠨ ᠰᠤᠷᠭᠠᠭᠤᠯᠢ ᠶ᠋ᠢᠨ ᠫᠷᠤᠫᠸᠰᠰᠤᠷ ᠂ ᠦᠪᠡᠷᠲᠡᠭᠡᠨ ᠵᠠᠰᠠᠬᠤ ᠣᠷᠤᠨ ᠤ ᠨᠠᠮ ᠤᠨ ᠪᠠᠶᠢᠭᠤᠯᠤᠯᠲᠠ ᠶ᠋ᠢᠨ ᠨᠡᠶᠢᠭᠡᠮᠯᠡᠭ ᠦᠨ ᠨᠠᠷᠢᠨ ᠪᠢᠴᠢᠭ ᠦᠨ ᠲᠠᠷᠤᠭ᠎ᠠ ᠶ᠋ᠢᠨ ᠲᠤᠰᠢᠶᠠᠯ ᠢ ᠬᠠᠷᠢᠭᠤᠴᠠᠵᠦ ᠪᠠᠶᠢᠨ᠎ᠠ ᠃ ᠤᠤᠯ ᠳ᠋ᠠᠭᠠᠨ ᠳᠤᠮᠳᠠᠳᠦ ᠤᠯᠤᠰ ᠤᠨ ᠤᠯᠤᠰ ᠲᠦᠷᠦ ᠶ᠋ᠢᠨ ᠵᠦᠪᠯᠡᠯᠭᠡᠨ ᠦ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠳᠣᠯᠤᠳᠤᠭᠠᠷ ᠬᠤᠭᠤᠴᠠᠭᠠᠨ ᠤ ᠭᠡᠰᠢᠭᠦᠨ ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶ᠋ᠢᠨ ᠵᠢᠭᠠᠨ ᠰᠢᠷᠭᠠᠬᠤ ᠶᠠᠪᠤᠳᠠᠯ ᠤᠨ ᠭᠠᠵᠠᠷ ᠤᠨ ᠳᠠᠷᠤᠭ᠎ᠠ ᠂ ᠨᠠᠮ ᠤᠨ ᠲᠡᠦᠬᠡ ᠨᠠᠮ ᠤᠨ ᠪᠠᠶᠢᠭᠤᠯᠤᠯᠲᠠ ᠶ᠋ᠢᠨ ᠵᠢᠭᠠᠨ ᠰᠣᠳᠤᠯᠠᠬᠤ ᠭᠡᠯᠲᠦᠰ ᠦᠨ ᠡᠷᠬᠢᠯᠡᠭᠴᠢ ᠪᠠᠶᠢᠵᠡᠢ ᠃
ᠭᠣᠣᠯ ᠪᠦᠲᠦᠭᠡᠯ ᠂ ᠤᠯᠤᠰ ᠤᠨ ᠲᠡᠰ ᠦᠨ ᠪᠠ ᠮᠣᠵᠢ ᠣᠷᠣᠨ ᠤ ᠲᠡᠰ ᠦᠨ ᠲᠤᠰᠬᠠᠢ ᠮᠡᠷᠭᠡᠵᠢᠯ ᠦᠨ ᠰᠣᠨᠢᠨ ᠰᠡᠳᠬᠦᠯ ᠳ᠋ᠦ ᠮᠣᠩᠭᠤᠯ ᠬᠢᠲᠠᠳ ᠬᠣᠶᠠᠷ ᠬᠡᠯᠡᠨ ᠪᠡᠷ ᠡᠷᠳᠡᠮ ᠰᠢᠨᠵᠢᠯᠡᠭᠡᠨ ᠦ ᠣᠨᠤᠯ ᠤᠨ ᠦᠭᠦᠯᠡᠯ 50 ᠭᠠᠷᠤᠢ ᠨᠡᠶᠢᠲᠡᠯᠡᠵᠦ ᠂ ᠪᠠᠷᠤᠭ 30 ᠲᠦᠮᠡᠨ ᠦᠰᠦᠭ ᠲᠠᠢ ᠃
ᠠᠯᠢ ᠣᠯᠠᠨ ᠵᠣᠬᠢᠶᠠᠯ ᠦᠭᠦᠯᠡᠯ ᠨᠢ ᠲᠦᠪ ᠦᠨ ᠪᠠ ᠦᠪᠡᠷᠲᠡᠭᠡᠨ ᠵᠠᠰᠠᠬᠤ ᠣᠷᠣᠨ ᠤ ᠣᠨᠤᠯ ᠤᠨ ᠰᠣᠳᠤᠯᠭᠠᠨ ᠳ᠋ᠦ ᠨᠢᠭᠡᠳᠦᠭᠡᠷ ᠲᠡᠰ ᠪᠣᠶᠤ ᠬᠣᠶᠠᠳᠤᠭᠠᠷ ᠲᠡᠰ ᠦᠨ ᠱᠠᠩᠨᠠᠯ ᠬᠦᠷᠲᠡᠵᠡᠢ ᠃ ᠪᠠᠰᠠ《 ᠲᠤᠮᠳᠠᠲᠦ ᠤᠯᠤᠯᠰ ᠤᠨ ᠡᠪ ᠬᠠᠮᠲᠦ ᠨᠠᠮ ᠤᠨ ᠲᠡᠦᠬᠡ ( ᠳᠡᠭᠡᠳᠦ )》 ᠂ 《 ᠨᠠᠮ ᠤᠨ ᠪᠠᠶᠢᠭᠤᠯᠤᠯᠲᠠ ᠶ᠋ᠢᠨ ᠦᠨᠳᠦᠰᠦᠨ ᠣᠨᠤᠯ》 ᠂ 《 ᠳᠤᠮᠳᠠᠳᠦ ᠤᠯᠤᠯᠰ ᠤᠨ ᠡᠪ ᠬᠠᠮᠲᠦ ᠨᠠᠮ ᠤᠨ 70 ᠵᠢᠯ ᠦᠨ ᠲᠡᠮᠡᠴᠡᠯ ᠦᠨ ᠲᠡᠦᠬᠡ》 ᠂ 《 ᠲᠦᠷᠦ ᠪᠠᠷᠢᠭᠴᠢ ᠨᠠᠮ ᠤᠨ ᠪᠠᠶᠢᠭᠤᠯᠤᠯᠲᠠ》 ᠵᠡᠷᠭᠡ 4 ᠪᠦᠯᠦᠭ ᠨᠣᠮ ᠢ ( ᠪᠠᠷᠤᠭ 85 ᠲᠦᠮᠡᠨ ᠦᠰᠦᠭ ᠲᠠᠢ) ᠮᠣᠩᠭᠤᠯ ᠢᠶᠠᠷ ᠨᠠᠶᠢᠷᠠᠭᠤᠯᠤᠨ ᠪᠢᠴᠢᠵᠦ ᠨᠡᠶᠢᠲᠡᠯᠡᠭᠰᠡᠨ ᠪᠠᠶᠢᠨ᠎ᠠ ᠃
2008 ᠣᠨ ᠳ᠋ᠦ ᠥᠪᠥᠷ ᠮᠣᠩᠭᠤᠯ ᠤᠨ ᠨᠡᠶᠢᠭᠡᠮ ᠦᠨ ᠰᠢᠨᠵᠢᠯᠡᠬᠦ ᠤᠬᠠᠭᠠᠨ ᠤ ᠮᠡᠷᠭᠡᠵᠢᠯᠲᠡᠨ ᠡᠷᠳᠡᠮᠲᠡᠨ ᠦ ᠨᠡᠷᠡᠰ ᠦᠨ ᠲᠦᠯᠢ ᠳ᠋ᠦ ᠰᠤᠩᠭᠤᠭᠳᠠᠨ ᠣᠷᠤᠭᠰᠠᠨ ᠪᠠᠶᠢᠨ᠎ᠠ ᠃
ᠰᠸᠷᠡᠩ ᠤᠨ ᠪᠢᠴᠢᠭᠰᠡᠨ ᠵᠣᠬᠢᠶᠠᠯ ᠨᠤᠭᠤᠳ᠄
(2)᠂ ᠡᠬᠡ ᠣᠷᠤᠨᠴᠢ ᠦᠵᠡᠯ ᠦᠨ ᠵᠣᠷᠢᠭ ᠰᠠᠭᠠᠨ᠎ᠠ ᠪᠠᠷ ᠪᠢᠴᠢᠭᠯᠡᠭᠳᠡᠭᠰᠡᠨ ᠰᠠᠴᠤᠷᠠᠩᠭᠤᠢ ᠲᠤᠤᠯᠢᠰ( ᠰᠸᠷᠡᠩ)
(4)᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠰᠠᠶᠢᠵᠢᠷᠠᠭᠤᠯᠬᠤ ᠲᠤᠬᠠᠢ ᠦᠭᠦᠯᠡᠬᠦ ᠨᠢ
(5)᠂ ᠦᠵᠡᠯ ᠰᠠᠨᠠᠭ᠎ᠠ ᠶᠣᠰᠤ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠦᠭᠦᠯᠡᠬᠦ ᠨᠢ( ᠰᠠᠶᠢᠬᠠᠨᠴᠡᠴᠡᠭ᠂ ᠰᠸᠷᠡᠩ)
(6)᠂ ᠨᠠᠮ ᠤᠨ ᠤᠳᠤᠷᠢᠳᠤᠯᠭ᠎ᠠ ᠪᠣᠯ ᠦᠨᠳᠦᠰᠦᠲᠡᠨ ᠨᠤᠭᠦᠳ ᠤᠨ ᠬᠠᠮᠲᠦ ᠪᠠᠷ ᠴᠡᠴᠡᠭᠯᠡᠨ ᠬᠦᠭᠵᠢᠬᠦ ᠶᠢᠨ ᠦᠨᠳᠦᠰᠦᠨ ᠪᠠᠲᠤᠯᠠᠭ᠎ᠠ ᠮᠦᠨ
(8)᠂ ᠪᠡᠶ᠎ᠡ ᠪᠡᠨ ᠳᠠᠭᠠᠭᠠᠵᠦ ᠡᠵᠡᠨ ᠮᠡᠳᠡᠨ᠂ ᠦᠪᠡᠷ ᠦᠨ ᠬᠦᠴᠦ ᠪᠡᠷ ᠢᠶᠡᠨ ᠲᠠᠭ᠍ᠵᠢᠷᠡᠬᠦ ᠦᠵᠡᠯ ᠰᠠᠨᠠᠭᠠᠨ ᠤ ᠲᠤᠬᠠᠢ ᠦᠭᠦᠯᠡᠬᠦ ᠨᠢ