《ᠵᠡᠭᠦᠨ》 ᠤ᠋ ᠦᠵᠡᠯ ᠰᠠᠨᠠᠭᠠᠨ ᠤ᠋ ᠨᠥᠯᠦᠭᠡ ᠶ᠋ᠢ ᠪᠦᠬᠦ ᠲᠠᠯ᠎ᠠ ᠪᠡᠷ ᠠᠷᠢᠯᠭᠠᠨ ᠴᠡᠪᠡᠷᠯᠡᠬᠦ
ᠦᠵᠡᠯ ᠰᠠᠨᠠᠭ᠎ᠠ ᠪᠣᠯ ᠦᠢᠯᠡ ᠡᠠᠵᠢᠯᠯᠠᠭᠠ ᠶᠢᠨ ᠵᠢᠯᠣᠭᠣᠳᠤᠮᠵᠢ᠃
《 ᠰᠣᠶᠣᠯ ᠤᠨ ᠶᠡᠬᠡ ᠬᠤᠪᠢᠰᠬᠠᠯ 》 ᠳᠠᠭᠤᠰᠤᠭᠰᠠᠨ ᠤ ᠳᠠᠷᠠᠭ᠎ᠠ᠂ ᠨᠠᠮ ᠤᠨ ᠲᠡᠷᠢᠭᠦᠨ ᠴᠢᠬᠤᠯᠠ ᠡᠭᠦᠷᠭᠡ ᠪᠣᠯ ᠳᠠᠷᠤᠶ ᠦᠵᠡᠯ ᠰᠠᠨᠠᠭᠠᠨ ᠤ ᠬᠦᠷᠢᠶᠡᠨ ᠳᠦ 《 ᠳᠦᠷᠪᠡᠨ ᠬᠥᠮᠦᠨ ᠦ ᠪᠦᠯᠦᠭ 》 ᠦᠨ ᠬᠣᠣᠷ ᠨᠥᠯᠥᠭᠡ ᠶᠢ ᠲᠤᠶᠢᠯᠪᠤᠷᠢᠲᠠᠶ ᠠᠷᠢᠯᠭᠠᠵᠤ᠂ ᠯᠢᠨ ᠪᠢᠶᠦᠦ᠂ 《 ᠳᠦᠷᠪᠡᠨ ᠬᠥᠮᠦᠨ ᠦ ᠪᠦᠯᠦᠭ 》 ᠦᠨ ᠬᠤᠪᠢᠰᠬᠠᠯ ᠤᠨ ᠡᠰᠡᠷᠭᠦᠦ ᠪᠦᠯᠦᠭ ᠦᠨ ᠲᠣᠩᠭᠣᠷᠤᠭᠤᠯᠤᠭᠰᠠᠨ ᠦᠵᠡᠯ ᠰᠠᠨᠠᠭᠠᠨ ᠤ ᠱᠤᠭᠤᠮ ᠢ ᠰᠡᠷᠭᠦᠭᠡᠬᠦ ᠶᠠᠪᠤᠳᠠᠯ ᠪᠤᠯᠤᠨ᠎ᠠ ᠃
1978 ᠣᠨ ᠤ 5 ᠰᠠᠷ᠎ᠠ ᠶᠢᠨ 11 ᠦ ᠡᠳᠦᠷ᠂ 《 ᠭᠤᠸᠠᠩ ᠮᠢᠩ ᠡᠳᠦᠷ ᠦᠨ ᠰᠣᠨᠢᠨ 》 ᠡᠴᠠ ᠣᠨᠴᠠ ᠤᠷᠢᠭᠰᠠᠨ ᠰᠢᠭᠦᠮᠵᠢᠯᠡᠭᠴᠢ ᠶᠢᠨ《 ᠦᠢᠯᠡᠳᠦᠯᠭᠡ ᠪᠣᠯ ᠦᠨᠡᠨ ᠶᠣᠰᠣ ᠶᠢ ᠰᠢᠯᠭᠠᠬᠤ ᠴᠤᠷ ᠤᠨ ᠭᠠᠭᠴᠠ ᠪᠠᠷᠢᠮᠵᠢᠶ᠎ᠠ ᠮᠥᠨ 》 ᠭᠡᠳᠡᠭ ᠦᠭᠦᠯᠡᠯ ᠢ ᠨᠡᠶᠢᠲᠡᠯᠡᠵᠦ ᠂ ᠪᠦᠬᠦ ᠨᠠᠮ᠂ ᠪᠦᠬᠦ ᠤᠯᠤᠰ ᠤᠨ ᠬᠡᠪᠴᠢᠶᠡᠨ ᠳᠦ ᠬᠠᠭᠠᠰ ᠵᠢᠯ ᠦᠨ ᠬᠤᠭᠤᠴᠠᠭ᠎ᠠ ᠲᠠᠶ ᠦᠨᠡᠨ ᠶᠣᠰᠣᠨ ᠤ ᠪᠠᠷᠢᠮᠵᠢᠶ᠎ᠠ ᠶᠢᠨ ᠠᠰᠠᠭᠤᠳᠠᠯ ᠤᠨ ᠲᠤᠬᠠᠢ ᠶᠡᠬᠡ ᠶᠠᠷᠢᠯᠴᠠᠭ᠎ᠠ ᠦᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠤᠨ ᠠᠭᠤᠤ ᠶᠡᠬᠡ ᠲᠡᠦᠬᠡᠨ ᠡᠷᠭᠢᠯᠲᠡ ᠶᠢ ᠪᠡᠶᠡᠯᠡᠭᠦᠯᠬᠦ ᠦᠵᠡᠯ ᠰᠠᠨᠠᠭᠠᠨ ᠤ ᠤᠳᠤᠷᠢᠳᠤᠮᠵᠢ ᠪᠣᠯᠵᠠᠶ᠃ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠡᠨᠡ ᠠᠰᠠᠭᠤᠳᠠᠯ ᠤᠨ ᠲᠤᠬᠠᠶ ᠶᠠᠷᠢᠯᠴᠠᠭᠠᠨ ᠢ ᠡᠬᠢᠯᠡᠩᠭᠦᠳᠡ ᠪᠡᠨ ᠮᠠᠰᠢ ᠠᠩᠬᠠᠷᠤᠭᠰᠠᠨ ᠪᠠᠶᠢᠨ᠎ᠠ᠃ ᠡᠳᠡᠭᠡᠷ ᠶᠠᠪᠤᠳᠠᠯ ᠪᠣᠯ ᠨᠢᠭᠡᠨ ᠴᠢᠬᠤᠯᠠ ᠶᠡᠬᠡ ᠤᠨᠤᠯ ᠤᠨ ᠴᠢᠨᠠᠷᠲᠠᠶ ᠵᠠᠷᠴᠢᠮ ᠤᠨ ᠠᠰᠠᠭᠤᠳᠠᠯ ᠪᠤᠯᠬᠤ ᠶ᠋ᠢ ᠲᠠᠨᠢᠭᠰᠠᠨ ᠢᠶᠠᠷ ᠪᠠᠷᠠᠬᠤ ᠦᠭᠡᠢ ᠮᠦᠨ ᠴᠤ ᠤᠯᠤᠰ ᠲᠦᠷᠦ ᠶᠢᠨ ᠠᠰᠠᠭᠤᠳᠠᠯ ᠪᠠ ᠪᠣᠳᠠᠲᠠᠶ ᠠᠵᠢᠯ ᠤᠨ ᠴᠢᠬᠤᠯᠠ ᠶᠠᠪᠤᠳᠠᠯ ᠲᠠᠢ ᠬᠤᠯᠪᠤᠭᠳᠠᠬᠤ ᠴᠢᠬᠤᠯᠠ ᠬᠡᠷᠡᠭ ᠶᠠᠪᠤᠳᠠᠯ ᠪᠤᠯᠬᠤ ᠲᠤᠬᠠᠢ ᠲᠠᠨᠢᠭᠰᠠᠨ ᠪᠠᠶᠢᠨ᠎ᠠ ᠃ ᠡᠶᠢᠮᠦ ᠡᠴᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠡᠯ᠎ᠡ ᠱᠠᠲᠤᠨ ᠤ ᠨᠠᠮ ᠤᠨ ᠬᠣᠷᠢᠶ᠎ᠠ ᠪᠣᠯᠤᠨ ᠬᠠᠷᠢᠭᠤᠴᠠᠯᠭᠠᠲᠠᠨ ᠺᠠᠳ᠋ᠷ ᠨᠠᠷ ᠲᠤ ᠡᠨᠡ ᠠᠰᠠᠭᠤᠳᠠᠯ ᠤᠨ ᠲᠤᠬᠠᠶ ᠶᠠᠷᠢᠯᠴᠠᠭᠠᠨ ᠢ ᠠᠩᠬᠠᠷᠤᠭᠤᠯᠵᠤ᠂ ᠴᠢᠷᠮᠠᠶᠢᠨ ᠰᠤᠷᠤᠯᠴᠠᠨ᠂ ᠬᠢᠨᠠᠮᠠᠭᠠᠶ ᠪᠣᠳᠣᠯᠬᠢᠯᠠᠬᠤ ᠬᠡᠷᠡᠭᠲᠡᠶ》 ᠭᠡᠵᠡᠢ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠤᠳᠤᠷᠢᠳᠬᠤ ᠺᠠᠳ᠋ᠷ ᠭᠡᠰᠢᠭᠦᠳ ᠤᠳ ᠢ ᠢᠳᠡᠪᠬᠢᠲᠠᠢ ᠪᠠᠷ ᠵᠤᠬᠢᠶᠠᠨ ᠪᠠᠶᠢᠭᠤᠯᠵᠤ᠂ ᠬᠣᠯᠪᠣᠭᠳᠠᠯ ᠪᠦᠬᠦᠢ ᠶᠠᠷᠢᠶ᠎ᠠ ᠪᠠ ᠵᠣᠬᠢᠶᠠᠯ ᠢ ᠰᠤᠷᠤᠯᠴᠠᠭᠤᠯᠬᠤ ᠶ᠋ᠢᠨ ᠬᠠᠮᠲᠤ ᠥᠪᠥᠷ ᠮᠣᠩᠭᠣᠯ ᠤᠨ ᠨᠠᠮ ᠤᠨ ᠰᠤᠷᠭᠠᠭᠤᠯᠢ ᠡᠴᠠ 21 ᠳ᠋ᠦᠭᠡᠷ ᠬᠤᠭᠤᠴᠠᠭᠠᠨ ᠤ ᠳᠤᠮᠳᠠᠳᠤ ᠵᠡᠷᠭᠡ ᠶᠢᠨ ᠠᠨᠭᠬᠢ ᠪᠤᠯᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠺᠠᠳ᠋ᠷ ᠤᠨ ᠤᠨᠤᠯ ᠰᠤᠷᠤᠯᠴᠠᠬᠤ ᠠᠩᠬᠢ ᠶᠢ ᠡᠷᠬᠢᠯᠡᠵᠦ᠂ ᠦᠨᠡᠨ ᠶᠣᠰᠣᠨ ᠤ ᠪᠠᠷᠢᠮᠵᠢᠶ᠎ᠠ ᠶᠢᠨ ᠠᠰᠠᠭᠤᠳᠠᠯ ᠤᠨ ᠲᠤᠬᠠᠶ ᠰᠤᠷᠤᠯᠴᠠᠭᠤᠯᠬᠤ ᠪᠠᠷ ᠳᠠᠮᠵᠢᠭᠤᠯᠵᠤ ᠦᠵᠡᠯ ᠰᠠᠨᠠᠭ᠎ᠠ ᠤᠨᠤᠯ ᠤᠨ ᠲᠠᠯ᠎ᠠ ᠪᠠᠷ ᠬᠢ ᠰᠠᠮᠠᠭᠤᠷᠠᠯ ᠢ ᠵᠠᠰᠠᠨ ᠵᠦᠭᠰᠢᠷᠡᠬᠦᠯᠬᠦ ᠶ᠋ᠢ ᠤᠯᠠᠮ ᠨᠢᠭᠡ ᠠᠯᠬᠤᠮ ᠲᠦᠯᠬᠢᠨ ᠠᠬᠢᠭᠤᠯᠤᠭᠰᠠᠨ ᠪᠠᠶᠢᠨ᠎ᠠ᠃ 1978 ᠣᠨ ᠤ 9 ᠰᠠᠷ᠎ᠠ ᠳᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠦᠷᠭᠦᠯᠵᠢᠯᠡᠨ 6 ᠤᠳᠠᠭ᠎ᠠ ᠰᠤᠷᠤᠯᠴᠠᠵᠤ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠦᠨᠡᠨ ᠶᠣᠰᠣᠨ ᠤ ᠪᠠᠷᠢᠮᠵᠢᠶ᠎ᠠ ᠶᠢᠨ ᠠᠰᠠᠭᠤᠳᠠᠯ ᠤᠨ ᠲᠤᠬᠠᠶ ᠭᠦᠨᠵᠡᠭᠡᠶ ᠶᠠᠷᠢᠯᠴᠠᠵᠠᠢ᠃ 10 ᠰᠠᠷ᠎ᠠ ᠶᠢᠨ 8 ᠤ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠦᠨᠡᠨ ᠶᠣᠰᠣᠨ ᠤ ᠪᠠᠷᠢᠮᠵᠢᠶ᠎ᠠ ᠶᠢᠨ ᠠᠰᠠᠭᠤᠳᠠᠯ ᠤᠨ ᠲᠤᠬᠠᠶ ᠶᠠᠷᠢᠯᠴᠠᠬᠤ ᠶ᠋ᠢ ᠳᠡᠮᠵᠢᠬᠦ ᠪᠡᠨ ᠢᠯᠡ ᠪᠡᠷ ᠢᠯᠡᠳᠬᠡᠭᠰᠡᠨ ᠪᠠᠶᠢᠨ᠎ᠠ᠃ ᠡᠨᠡ ᠬᠦ ᠬᠤᠭᠤᠴᠠᠭᠠᠨ ᠳᠤ᠂ 《 ᠥᠪᠥᠷ ᠮᠣᠩᠭᠣᠯ ᠤᠨ ᠡᠳᠦᠷ ᠦᠨ ᠰᠣᠨᠢᠨ 》᠂ 《 ᠦᠢᠯᠡᠳᠦᠯᠭᠡ 》 ᠰᠡᠳᠬᠦᠯ ᠡᠴᠠ ᠪᠠᠰᠠ ᠶᠠᠷᠢᠯᠴᠠᠭᠠᠨ ᠤ ᠵᠣᠬᠢᠶᠠᠯ ᠢ ᠰᠣᠩᠭᠣᠨ ᠨᠡᠶᠢᠲᠡᠯᠡᠭᠰᠡᠨ ᠪᠤᠶᠤ ᠰᠢᠯᠵᠢᠭᠦᠯᠦᠨ ᠨᠡᠶᠢᠲᠡᠯᠡᠭᠰᠡᠨ ᠪᠠᠶᠢᠨ᠎ᠠ᠃ ᠭᠡᠪᠡᠴᠦ᠂ 《 ᠬᠣᠶᠠᠷ ᠪᠦᠬᠦᠨ 》 ᠦ ᠪᠤᠷᠤᠭᠤ ᠦᠵᠡᠯ ᠰᠠᠨᠠᠭᠠᠨ ᠤ ᠨᠥᠯᠥᠭᠡᠯᠡᠯ ᠳᠤᠤᠷ᠎ᠠ᠂ ᠦᠨᠡᠨ ᠶᠣᠰᠣᠨ ᠤ ᠪᠠᠷᠢᠮᠵᠢᠶ᠎ᠠ ᠶᠢᠨ ᠠᠰᠠᠭᠤᠳᠠᠯ ᠤᠨ ᠲᠤᠬᠠᠶ ᠶᠡᠬᠡ ᠶᠠᠷᠢᠯᠴᠠᠭᠠᠨ ᠨᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠳ᠋ᠦ ᠬᠦᠴᠦᠷᠬᠡᠭ ᠶᠡᠬᠡ ᠦᠵᠡᠯ ᠰᠠᠨᠠᠭ᠎ᠠ ᠪᠠᠨ ᠴᠢᠯᠥᠭᠡᠯᠡᠬᠦ ᠤᠷᠤᠰᠬᠠᠯ ᠪᠤᠯᠤᠨ ᠪᠦᠷᠢᠯᠳᠦᠵᠦ ᠴᠢᠳᠠᠭᠰᠠᠨ ᠦᠭᠡᠢ᠃
ᠪᠦᠬᠦ ᠤᠯᠤᠰ ᠤᠨ ᠬᠡᠪᠴᠢᠶᠡᠨ ᠳ᠋ᠦ ᠦᠨᠡᠨ ᠶᠣᠰᠣᠨ ᠤ ᠪᠠᠷᠢᠮᠵᠢᠶ᠎ᠠ ᠶᠢᠨ ᠲᠤᠬᠠᠶ ᠶᠠᠷᠢᠯᠴᠠᠭ᠎ᠠ ᠤᠯᠠᠮ ᠨᠢᠭᠡ ᠠᠯᠬᠤᠮ ᠭᠦᠨᠵᠡᠭᠡᠶᠢᠷᠡᠬᠦ ᠶ᠋ᠢ ᠳᠠᠭᠠᠯᠳᠤᠨ᠂ 1978 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠢ ᠡᠷᠬᠢᠯᠡᠨ ᠶᠠᠪᠤᠭᠳᠠᠭᠤᠯᠵᠤ ᠂ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠬᠤ ᠲᠡᠦᠬᠡ ᠶᠢᠨ ᠬᠥᠰᠢᠭᠡ ᠶᠢ ᠰᠡᠬᠦᠭᠰᠡᠨ ᠪᠠᠶᠢᠨ᠎ᠠ᠃ ᠪᠥᠬᠥᠳᠡ ᠨᠠᠶᠢᠷᠠᠮᠳᠠᠬᠤ ᠤᠯᠤᠰ ᠤᠨ ᠲᠡᠦᠬᠡᠨ ᠬᠥᠭᠵᠢᠯᠲᠡ ᠨᠢ ᠰᠢᠨ᠎ᠡ ᠨᠢᠭᠡᠨ ᠴᠠᠭ ᠦᠶ᠎ᠡ ᠳᠦ ᠳᠦᠷᠢᠨ ᠣᠷᠣᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠨ ᠳᠡᠭᠡᠷᠡᠬᠢ ᠨᠢᠭᠡᠨ ᠡᠷᠬᠢᠯᠲᠡ ᠶᠢᠨ ᠴᠡᠭ ᠪᠤᠯᠤᠭᠰᠠᠨ ᠪᠠᠶᠢᠨ᠎ᠠ᠃ ᠨᠠᠮ ᠤᠨ ᠠᠷᠪᠠᠳᠤᠭᠠᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠤᠨ ᠳᠠᠷᠠᠭ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠦᠨᠡᠨ ᠶᠣᠰᠣᠨ ᠤ ᠪᠠᠷᠢᠮᠵᠢᠶ᠎ᠠ ᠶᠢᠨ ᠠᠰᠠᠭᠤᠳᠠᠯ ᠤᠨ ᠶᠡᠬᠡ ᠶᠠᠷᠢᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠬᠦ ᠶ᠋ᠢᠨ ᠬᠠᠮᠲᠤ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠯᠢᠨ ᠪᠢᠶᠦᠦ ᠪᠤᠯᠤᠨ《ᠲᠤᠢᠷᠪᠡᠠ ᠬᠥᠮᠦᠨ ᠦ ᠪᠦᠯᠦᠭ 》 ᠤᠨ ᠬᠤᠪᠢᠰᠬᠠᠯ ᠤᠨ ᠡᠰᠡᠷᠭᠦᠦ ᠪᠦᠯᠦᠭ ᠢ ᠢᠯᠡᠴᠢᠯᠡᠨ ᠪᠤᠷᠤᠭᠤᠰᠢᠶᠠᠬᠤ᠂ ᠳᠦ᠋ᠷᠪᠡᠨ ᠦᠨᠳᠦᠰᠦᠨ ᠵᠠᠷᠴᠢᠮ ᠢ ᠪᠠᠷᠢᠮᠲᠠᠯᠠᠬᠤ᠂ ᠮᠠᠤ ᠽᠸ ᠳ᠋ᠦᠩ ᠤᠨ ᠭᠠᠪᠢᠶ᠎ᠠ ᠵᠢᠳᠬᠦᠯ ᠪᠠ ᠡᠨᠳᠡᠯ ᠪᠤᠯᠤᠨ ᠲᠡᠦᠬᠡ ᠶᠢᠨ ᠲᠤᠷᠰᠢᠯᠭ᠎ᠠ ᠶᠢ ᠵᠦᠪ ᠢᠶ᠋ᠡᠷ ᠳ᠋ᠦᠩᠨᠡᠬᠦ ᠲᠠᠢ ᠨᠢᠭᠲᠠ ᠤᠶᠠᠯᠳᠤᠭᠤᠯᠵᠤ᠂ ᠦᠨᠡᠨ ᠬᠡᠷᠡᠭ ᠡᠴᠡ ᠵᠥᠪ ᠢ ᠡᠷᠢᠬᠦ ᠦᠵᠡᠯ ᠰᠠᠨᠠᠭᠠᠨ ᠤ ᠱᠤᠭᠤᠮ ᠤᠨ ᠳᠠᠬᠢᠨ ᠴᠤᠭᠴᠠᠯᠠᠯᠲᠠ ᠶ᠋ᠢ ᠤᠯᠠᠮ ᠨᠢᠭᠡ ᠠᠯᠬᠤᠮ ᠲᠦᠯᠬᠢᠨ ᠠᠬᠢᠭᠤᠯᠤᠭᠰᠠᠨ ᠪᠦᠭᠡᠳ ᠵᠢᠯᠣᠭᠣᠳᠬᠤ ᠦᠵᠡᠯ ᠰᠠᠨᠠᠭᠠᠨ ᠤ ᠲᠠᠯ᠎ᠠ ᠪᠠᠷ ᠬᠢ ᠰᠠᠮᠠᠭᠤᠷᠠᠯ ᠢ ᠵᠠᠰᠠᠨ ᠵᠦᠭᠰᠢᠷᠡᠭᠦᠯᠬᠦ ᠠᠵᠢᠯ ᠤᠨ ᠭᠦᠨᠵᠡᠭᠡᠶᠢᠷᠡᠨ ᠬᠦᠭᠵᠢᠭᠰᠡᠨ ᠨᠢ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠬᠢ ᠬᠢᠯᠢᠰ ᠬᠤᠳᠠᠯ ᠪᠤᠷᠤᠭᠤ ᠬᠡᠷᠡᠭ ᠢ ᠴᠠᠭᠠᠳᠬᠠᠬᠤ ᠠᠵᠢᠯ ᠪᠠ ᠨᠠᠮ ᠤᠨ ᠪᠤᠰᠤᠳ ᠠᠵᠢᠯ ᠢ ᠣᠯᠠᠮ ᠨᠢᠭᠡ ᠠᠯᠬᠤᠮ ᠴᠢᠨᠠᠭᠰᠢᠳᠠ ᠲᠦᠯᠬᠢᠨ ᠠᠬᠢᠭᠤᠯᠤᠭᠰᠠᠨ ᠪᠠᠶᠢᠨ᠎ᠠ ᠃
1979 ᠣᠨ ᠤ 1 ᠰᠠᠷ᠎ᠠ ᠶ᠋ᠢᠨ 5 ᠦ ᠡᠳᠦᠷ ᠡᠴᠡ 24 ᠤ ᠡᠳᠦᠷ ᠪᠤᠯᠲᠠᠯ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠠᠶᠢᠨ᠎ᠠ᠃ ᠡᠨᠡ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠡᠴᠠ ᠥᠪᠡᠷᠲᠡᠭᠡᠨ ᠵᠠᠰᠠᠬᠤ ᠣᠷᠣᠨ ᠤ ᠪᠦᠬᠦ ᠵᠢᠯ ᠤᠨ ᠤᠬᠠᠭᠤᠯᠬᠤ ᠠᠵᠢᠯ ᠳ᠋ᠤ ᠪᠠᠶᠢᠷᠢᠯᠠᠭᠤᠯᠤᠯᠲᠠ ᠪᠠ ᠲᠤᠬᠢᠷᠠᠭᠤᠯᠤᠯᠳᠠ ᠬᠢᠵᠦ᠂ 《ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠥᠶ ᠨᠢᠭᠡᠴᠡ ᠳᠦ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠶᠢ ᠥᠷᠭᠡᠨ ᠳᠡᠯᠭᠡᠷ ᠤᠬᠠᠭᠤᠯᠤᠨ ᠲᠤᠤᠱᠯᠠᠭᠤᠯᠬᠤ ᠶ᠋ᠢᠨ ᠬᠠᠮᠲᠤ ᠦᠨᠡᠨ ᠶᠣᠰᠣᠨ ᠤ ᠪᠠᠷᠢᠮᠵᠢᠶᠡᠨ ᠤ ᠠᠰᠠᠭᠤᠳᠠᠯ ᠤᠨ ᠲᠤᠬᠠᠶ ᠶᠠᠷᠢᠯᠴᠠᠭ᠎ᠠ ᠶ᠋ᠢ ᠬᠢᠨᠠᠮᠠᠭᠠᠢ ᠦᠷᠨᠢᠬᠦᠯᠵᠦ ᠂ ᠦᠵᠡᠯ ᠰᠠᠨᠠᠭ᠎ᠠ ᠪᠠᠨ ᠲᠥᠪ ᠪᠣᠯᠭᠠᠬᠤ ᠲᠠᠨᠢᠯᠲᠠ ᠶ᠋ᠢ ᠪᠤᠢ ᠪᠤᠯᠭᠠᠭᠰᠠᠨ ᠪᠠᠶᠢᠨ᠎ᠠ 》᠃ 7 ᠰᠠᠷ᠎ᠠ ᠶᠢᠨ 26 ᠤ ᠡᠳᠦᠷ ᠡᠴᠠ 8 ᠰᠠᠷ᠎ᠠ ᠶ᠋ᠢᠨ 5 ᠦ ᠡᠳᠦᠷ ᠪᠤᠯᠲᠠᠯ᠎ᠠ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠡᠴᠠ《ᠦᠨᠡᠨ ᠶᠣᠰᠣᠨ ᠤ ᠪᠠᠷᠢᠮᠵᠢᠶᠠᠨ ᠤ ᠠᠰᠠᠭᠤᠳᠠᠯ ᠤᠨ ᠲᠤᠬᠠᠶ ᠰᠠᠭᠤᠳᠠᠯ ᠤᠨ ᠬᠤᠷᠠᠯ 》 ᠢ ᠡᠷᠬᠢᠯᠡᠨ ᠶᠠᠪᠤᠭᠳᠠᠭᠤᠯᠵᠤ᠂ ᠦᠨᠡᠨ ᠶᠣᠰᠣᠨ ᠤ ᠪᠠᠷᠢᠮᠵᠢᠶᠠᠨ ᠤ ᠠᠰᠠᠭᠤᠳᠠᠯ ᠤᠨ ᠲᠤᠬᠠᠶ ᠶᠠᠷᠢᠯᠴᠠᠭᠠᠨ ᠤ ᠴᠢᠬᠤᠯᠠ ᠠᠴᠢ ᠬᠣᠯᠪᠣᠭᠳᠠᠯ ᠤᠨ ᠲᠤᠬᠠᠢ ᠴᠢᠬᠤᠯᠠᠴᠢᠯᠠᠵᠤ᠂ ᠦᠨᠡᠨ ᠶᠣᠰᠣᠨ ᠤ ᠪᠠᠷᠢᠮᠵᠢᠶᠠᠨ ᠤ ᠲᠤᠬᠠᠶ ᠶᠠᠷᠢᠯᠴᠠᠭ᠎ᠠ ᠥᠷᠨᠢᠭᠦᠯᠬᠦ ᠱᠠᠭᠠᠷᠳᠠᠯᠭ᠎ᠠ ᠪᠣᠯᠤᠨ ᠡᠭᠦᠷᠭᠡ ᠶ᠋ᠢ ᠤᠯᠠᠮ ᠨᠢᠭᠡ ᠠᠯᠬᠤᠮ ᠦᠷᠨᠢᠬᠦᠯᠬᠦ ᠶ᠋ᠢ ᠳᠤᠷᠠᠳᠴᠤ᠂ 《ᠶᠠᠷᠢᠯᠴᠠᠭ᠎ᠠ ᠶ᠋ᠢ ᠦᠨᠳᠦᠰᠦᠨ ᠱᠠᠲᠤ ᠪᠤᠯᠤᠨ ᠮᠠᠯᠵᠢᠬᠤ ᠤᠷᠤᠨ ᠦᠭᠡᠳᠡ ᠲᠦᠯᠬᠢᠨ ᠠᠬᠢᠭᠤᠯᠬᠤ》᠂ 《 ᠡᠯ᠎ᠡ ᠱᠠᠲᠤᠨ ᠤ ᠨᠠᠮ ᠤᠨ ᠰᠤᠷᠭᠠᠭᠤᠯᠢ ᠡᠴᠠ ᠦᠨᠡᠨ ᠶᠣᠰᠣᠨ ᠤ ᠪᠠᠷᠢᠮᠵᠢᠶᠠᠨ ᠤ ᠠᠰᠠᠭᠤᠳᠠᠯ ᠢ ᠨᠢᠭᠡᠨ ᠴᠢᠬᠤᠯᠠ ᠬᠢᠴᠢᠶᠡᠯ ᠪᠤᠯᠭᠠᠬᠤ 》 ᠶ᠋ᠢ ᠴᠤ ᠪᠠᠭᠲᠠᠭᠠᠲᠠᠭ᠃ 9 ᠰᠠᠷ᠎ᠠ ᠶ᠋ᠢᠨ ᠳᠤᠮᠳᠠᠴᠢ ᠪᠠᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠦᠬᠥ ᠭᠡᠰᠢᠭᠦᠳ ᠦᠨ ᠥᠷᠭᠡᠳᠬᠡᠭᠰᠡᠨ ᠬᠤᠷᠠᠯ ᠢ ᠬᠤᠷᠠᠯᠳᠤᠭᠤᠯᠵᠦ᠂ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠠᠴᠠ ᠨᠠᠰᠢᠬᠢ ᠲᠡᠦᠬᠡ ᠶᠢ ᠡᠷᠬᠢᠴᠡᠭᠦᠯᠦᠭᠰᠡᠨ ᠪᠥᠭᠡᠳ ᠪᠦᠬᠦ ᠣᠷᠣᠨ ᠤ ᠦᠨᠡᠨ ᠶᠣᠰᠣᠨ ᠤ ᠪᠠᠷᠢᠮᠵᠢᠶᠠᠨ ᠤ ᠲᠤᠬᠠᠶ ᠶᠠᠷᠢᠯᠴᠠᠭ᠎ᠠ ᠶᠢᠨ ᠠᠮᠵᠢᠯᠲᠠ ᠶ᠋ᠢ ᠬᠦᠢᠴᠡᠳ ᠨᠤᠲᠠᠯᠠᠵᠤ᠂ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠦᠨᠡᠨ ᠶᠣᠰᠣᠨ ᠤ ᠪᠠᠷᠢᠮᠵᠢᠶᠠᠨ ᠤ ᠠᠰᠠᠭᠤᠳᠠᠯ ᠤᠨ ᠶᠠᠷᠢᠯᠴᠠᠭᠠᠨ ᠢ ᠲᠤᠬᠠᠶ ᠭᠦᠨᠵᠡᠭᠡᠢ ᠦᠷᠨᠢᠬᠦᠯᠬᠦ ᠲᠤᠬᠠᠢ ᠲᠣᠭᠲᠠᠭᠠᠯ 》 ᠶ᠋ᠢ ᠪᠠᠲᠤᠯᠠᠪᠠ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠪᠠᠰᠠ《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠦᠨᠡᠨ ᠶᠣᠰᠣᠨ ᠤ ᠪᠠᠷᠢᠮᠵᠢᠶᠠᠨ ᠤ ᠶᠠᠷᠢᠯᠴᠠᠭᠠᠨ ᠤ ᠬᠢᠴᠢᠶᠡᠯ ᠨᠥᠬᠥᠪᠥᠷᠢᠯᠡᠬᠦ ᠲᠤᠬᠠᠶ ᠲᠣᠭᠲᠠᠭᠠᠯ 》 ᠬᠡᠮᠡᠬᠦ ᠮᠡᠳᠡᠭᠳᠡᠯ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠦᠨᠡᠨ ᠶᠣᠰᠣᠨ ᠤ ᠪᠠᠷᠢᠮᠵᠢᠶᠠᠨ ᠤ ᠠᠰᠠᠭᠤᠳᠠᠯ ᠤᠨ ᠲᠤᠬᠠᠶ ᠶᠡᠬᠡ ᠶᠠᠷᠢᠯᠴᠠᠭ᠎ᠠ ᠥᠷᠨᠢᠭᠦᠯᠵᠦ ᠪᠠᠶᠢᠭ᠎ᠠ ᠣᠳᠣᠬᠢ ᠪᠠᠶᠢᠳᠠᠯ ᠢ ᠵᠢᠭᠠᠵᠤ ᠭᠠᠷᠭᠠᠬᠤ ᠳ᠋ᠠᠭᠠᠨ ︽ ᠪᠥᠬᠥ ᠣᠷᠣᠨ ᠤ ᠦᠨᠡᠨ ᠶᠣᠰᠣᠨ ᠤ ᠪᠠᠷᠢᠮᠵᠢᠶᠠᠨ ᠤ ᠠᠰᠠᠭᠤᠳᠠᠯ ᠤᠨ ᠲᠤᠬᠠᠶ ᠶᠠᠷᠢᠯᠴᠠᠭ᠎ᠠ ᠦᠷᠨᠢᠭᠦᠯᠦᠭᠰᠡᠨ ᠨᠢ ᠬᠡᠳᠦᠶᠢᠪᠡᠷ ᠨᠡᠯᠢᠶᠡᠳ ᠮᠡᠳᠡᠭᠳᠡᠬᠦᠶᠢᠴᠡ ᠠᠮᠵᠢᠯᠲᠠ ᠤᠯᠤᠭᠰᠠᠨ ᠪᠤᠯᠪᠠᠴᠤ ᠬᠥᠭᠵᠢᠯᠲᠡ ᠨᠢ ᠲᠤᠩ ᠲᠡᠩᠴᠡᠭᠦᠷᠢ ᠦᠭᠡᠢ᠂ ᠴᠥᠭᠡᠨ ᠪᠤᠰᠤ ᠨᠢᠭᠡᠴᠡ ᠶᠢᠨ ᠤᠳᠤᠷᠢᠳᠬᠤ ᠪᠠᠭ ᠡᠴᠠ ᠡᠨᠡᠬᠦ ᠶᠠᠪᠤᠳᠠᠯ ᠢ ᠮᠦᠨ ᠭᠦᠢᠴᠡᠳ ᠴᠢᠬᠤᠯᠠᠴᠢᠯᠠᠨ ᠦᠵᠡᠭᠡ ᠥᠬᠡᠢ᠂ ᠤᠨᠴᠠᠭᠠᠶᠢᠯᠠᠨ ᠬᠣᠶᠠᠷ ᠪᠤᠷᠤᠭᠤ ᠦᠵᠡᠯ ᠰᠠᠨᠠᠭᠠᠨ ᠤ ᠤᠷᠤᠰᠬᠠᠯ ᠤᠨ ᠬᠠᠷᠰᠢᠯᠠᠯ ᠡᠴᠠ ᠪᠤᠯᠵᠤ᠂ ᠡᠨᠡ ᠬᠦ ᠶᠠᠷᠢᠯᠴᠠᠭ᠎ᠠ ᠨᠢ ᠰᠠᠶᠢᠲᠤᠷ ᠭᠦᠨᠵᠡᠭᠡᠶᠢᠷᠡᠵᠦ ᠲᠡᠶᠢᠯᠦᠭᠰᠡᠨ ᠦᠭᠡᠢ ᠪᠦᠭᠡᠳ ᠨᠡᠶᠢᠳᠡᠮ ᠦᠷᠨᠢᠭᠳᠡᠭᠰᠡᠨ ᠦᠭᠡᠢ ᠶᠤᠮ᠃ ᠨᠠᠮ ᠤᠨ ᠲᠥᠪ ᠬᠣᠷᠢᠶᠠᠨ ᠤ ᠱᠠᠭᠠᠷᠳᠠᠯᠭ᠎ᠠ ᠪᠠ ᠪᠣᠳᠠᠲᠠᠶ ᠠᠵᠢᠯ ᠤᠨ ᠬᠡᠷᠡᠭᠴᠡᠭᠡ ᠡᠴᠡ ᠳᠤᠩ ᠶᠡᠬᠡ ᠵᠥᠷᠢᠶ᠎ᠡ ᠲᠡᠶ ᠪᠠᠶᠢᠨ᠎ᠠ》 ᠭᠡᠵᠠᠢ᠃ ᠡᠨᠡ ᠬᠦ ᠰᠠᠭᠤᠷᠢᠨ ᠳᠡᠭᠡᠷ᠎ᠡ᠂ ᠲᠤᠰ 《 ᠲᠣᠭᠲᠠᠭᠠᠯ 》 ᠨᠢ ᠦᠨᠡᠨ ᠶᠣᠰᠣᠨ ᠤ ᠪᠠᠷᠢᠮᠵᠢᠶᠠᠨ ᠤ ᠲᠤᠬᠠᠶ ᠶᠠᠷᠢᠯᠴᠠᠭᠠᠨ ᠤ ᠬᠢᠴᠢᠶᠡᠯ ᠨᠦᠬᠦᠬᠦ ᠠᠰᠠᠭᠤᠳᠠᠯ ᠤᠨ ᠲᠤᠬᠠᠶ ᠪᠣᠳᠠᠲᠠᠶ ᠱᠠᠭᠠᠷᠳᠠᠯᠭ᠎ᠠ ᠶ᠋ᠢ ᠬᠢᠭᠰᠡᠨ ᠪᠠᠶᠢᠨ᠎ᠠ᠃ 9 ᠰᠠᠷ᠎ᠠ ᠶᠢᠨ 21 ᠦ ᠡᠳᠦᠷ᠂ 《ᠥᠪᠥᠷ ᠮᠣᠩᠭᠣᠯ ᠤᠨ ᠡᠳᠦᠷ ᠦᠨ ᠰᠣᠨᠢᠨ》 ᠪᠠᠰᠠ ᠵᠣᠬᠢᠶᠠᠯ ᠨᠡᠶᠢᠲᠡᠯᠡᠵᠦ ᠵᠢᠭᠠᠵᠤ ᠭᠠᠷᠭᠠᠭᠰᠠᠨ ᠨᠢ᠄ 《 ᠬᠢᠴᠢᠶᠡᠯ ᠨᠥᠬᠥᠬᠦ ᠨᠢ ᠵᠠᠪᠠᠯ ᠭᠤᠤᠯ ᠵᠦᠢᠯ ᠢ ᠨᠦᠬᠦᠭᠰᠡᠨ ᠪᠠᠶᠢᠬᠤ ᠬᠡᠷᠡᠭᠲᠡᠢ᠂ ᠦᠵᠡᠯ ᠰᠠᠨᠠᠭᠠᠨ ᠤ ᠲᠠᠯ᠎ᠠ ᠪᠠᠷ ᠠᠪᠴᠤ ᠬᠡᠯᠡᠪᠡᠯ ᠂ ᠢᠯᠠᠩᠭᠤᠶ᠎ᠠ ᠤᠳᠤᠷᠢᠳᠬᠤ ᠺᠠᠳ᠋ᠷ ᠲᠦ ᠠᠪᠴᠤ ᠬᠡᠯᠡᠪᠡᠯ᠂ ᠡᠶᠢᠮᠦ ᠬᠣᠶᠠᠷ ᠠᠰᠠᠭᠤᠳᠠᠯ ᠢ ᠭᠣᠣᠯᠴᠢᠯᠠᠨ ᠰᠢᠶᠳᠪᠦᠷᠢᠯᠡᠬᠦ ᠬᠡᠷᠡᠭᠲᠡᠶ᠃ ᠳᠠᠷᠤᠢ᠂ ᠨᠢᠭᠡ ᠨᠢ < ᠬᠤᠶᠠᠷ ᠪᠦᠬᠦᠨ > ᠲᠠᠢ ᠵᠠᠭᠠᠭ ᠢᠶᠡᠨ ᠲᠤᠳᠤᠳᠬᠠᠵᠤ᠂ ᠶᠠᠮᠠᠷ ᠨᠢ ᠦᠨᠡᠨ ᠬᠦ ᠥᠨᠳᠥᠷ ᠮᠠᠨᠳᠤᠭᠤᠯᠬᠤ᠂ ᠶᠠᠮᠠᠷ ᠨᠢ ᠬᠤᠳᠠᠯ ᠮᠠᠨᠳᠤᠭᠤᠯᠬᠤ᠂ ᠮᠠᠤ ᠽᠸ ᠳ᠋ᠦᠩ ᠦᠨ ᠦᠵᠡᠯ ᠰᠠᠨᠠᠭ᠎ᠠ ᠳ᠋ᠤ ᠵᠥᠪ ᠢᠶᠡᠷ ᠬᠠᠨᠳᠤᠬᠤ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ᠃ ᠨᠦᠬᠦᠭᠡ ᠨᠢ ᠯᠢᠨ ᠪᠢᠶᠤᠤ᠂ <ᠳᠦᠷᠪᠡᠨ ᠬᠥᠮᠦᠨ ᠦ ᠪᠦᠯᠦᠭ 〉 ᠤᠨ ᠬᠡᠲᠦᠷᠬᠡᠢ 〈ᠵᠡᠭᠦᠨ〉 ᠦ ᠱᠤᠭᠤᠮ ᠤᠨ ᠬᠣᠣᠷ ᠨᠥᠯᠥᠭᠡ ᠶᠢ ᠦᠷᠭᠦᠯᠵᠢᠯᠡᠨ ᠠᠷᠢᠯᠭᠠᠨ ᠴᠡᠪᠡᠷᠯᠡᠵᠦ᠂ ᠦᠨᠡᠨ ᠬᠦ <ᠵᠡᠭᠦᠨ > ᠦ ᠱᠤᠭᠤᠮ ᠬᠦᠯᠢᠶᠡᠰᠦᠯᠡᠯ ᠡᠴᠡ ᠴᠢᠯᠦᠭᠡᠯᠡᠭᠰᠡᠨ ᠪᠠᠶᠢᠬᠤ ᠬᠡᠷᠡᠭᠲᠡᠢ》 ᠭᠡᠪᠡ᠃ 11 ᠰᠠᠷ᠎ᠠ ᠶᠢᠨ 22 ᠦ ᠡᠳᠦᠷ᠂ 《ᠥᠪᠥᠷ ᠮᠣᠩᠭᠣᠯ ᠤᠨ ᠡᠳᠦᠷ ᠦᠨ ᠰᠣᠨᠢᠨ 》 ᠳᠤ ᠲᠠᠬᠢᠨ ᠨᠢᠭᠡ ᠵᠣᠬᠢᠶᠠᠯ ᠨᠡᠶᠢᠲᠡᠯᠡᠵᠦ᠂ 《ᠬᠢᠴᠢᠶᠡᠯ ᠨᠥᠬᠥᠬᠦ ᠶᠢ ᠠᠵᠢᠯᠯᠠᠭ᠎ᠠ ᠳᠡᠭᠡᠷ᠎ᠡ ᠪᠡᠨ ᠨᠠᠶᠢᠳᠠᠪᠤᠷᠢᠵᠢᠭᠤᠯᠬᠤ ᠬᠡᠷᠡᠭᠲᠡᠶ 》 ᠭᠡᠰᠡᠨ ᠪᠠᠶᠢᠨ᠎ᠠ᠃ ᠪᠦᠬᠦ ᠣᠷᠣᠨ ᠤ ᠦᠨᠡᠨ ᠶᠣᠰᠣᠨ ᠤ ᠪᠠᠷᠢᠮᠵᠢᠶᠠᠨ ᠤ ᠠᠰᠠᠭᠤᠳᠠᠯ ᠤᠨ ᠲᠤᠬᠠᠶ ᠶᠠᠷᠢᠯᠴᠠᠭ᠎ᠠ ᠨᠢ ᠨᠡᠶᠢᠲᠡᠮ ᠳ᠋ᠡᠬᠡᠨ ᠭᠦᠨᠵᠡᠭᠡᠶ ᠦᠷᠨᠢᠭᠦᠯᠦᠭᠳᠡᠨ᠂ ᠡᠯ᠎ᠡ ᠠᠶᠢᠮᠠᠭ ᠬᠤᠳᠠ᠂ ᠬᠣᠰᠢᠭᠤ ᠰᠢᠶᠠᠨ ᠦ ᠨᠠᠮ ᠤᠨ ᠵᠣᠬᠢᠶᠠᠨ ᠪᠠᠶᠢᠭᠤᠯᠤᠯᠲᠠ ᠡᠴᠡ ᠤᠯᠠᠨ ᠵᠦᠢᠯ ᠦᠨ ᠬᠡᠯᠪᠡᠷᠢ ᠪᠡᠷ ᠤᠬᠠᠭᠤᠯᠭ᠎ᠠ ᠶ᠋ᠢᠨ ᠠᠵᠢᠯ ᠢ ᠦᠷᠨᠢᠭᠦᠯᠦᠭᠰᠡᠨ ᠪᠠᠶᠢᠨ᠎ᠠ ᠃