ᠡᠷᠬᠡᠪᠰᠢ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ

  2018-12-06

    ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠢᠯᠡᠳᠬᠡᠯ ᠳᠦ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠡᠭᠦᠷᠭᠡ ᠶᠢ ᠪᠠᠶᠢᠷᠢᠯᠠᠭᠤᠯᠤᠭᠰᠠᠨ ᠪᠠᠶᠢᠨ᠎ᠠ ᠂ ᠲᠣᠳᠣᠷᠬᠠᠶ ᠱᠠᠭᠠᠷᠳᠠᠯᠭ᠎ᠠ ᠨᠢ《  ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠴᠢᠬᠤᠯᠠ ᠪᠠᠶᠢᠷᠢᠨ ᠳᠤ  ᠲᠠᠯᠪᠢᠵᠤ ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠂ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ  ᠴᠢᠩᠭᠠᠳᠬᠠᠬᠤ ᠪᠣᠯ ᠨᠠᠮ ᠤᠨ ᠪᠠᠶᠢᠭᠤᠯᠤᠯᠲᠠ ᠶᠢᠨ ᠰᠡᠳᠬᠢᠮᠵᠢ ᠪᠠ ᠪᠠᠶᠢᠷᠢᠯᠠᠭᠤᠯᠤᠯᠲᠠ ᠶᠢᠨ ᠨᠢᠭᠡᠨ ᠴᠢᠬᠤᠯᠠ ᠶᠡᠬᠡ ᠰᠢᠨ᠎ᠡ ᠡᠭᠦᠳᠦᠯᠲᠡ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ ᠂ ᠨᠠᠮ ᠢ ᠨᠡᠩ ᠪᠠᠲᠤ ᠴᠢᠩᠭ᠎ᠠ ᠬᠦᠴᠦᠨ ᠲᠡᠶ ᠪᠣᠯᠭᠠᠨ  ᠪᠠᠶᠢᠭᠤᠯᠵᠤ᠂ ᠣᠳᠣᠬᠢ ᠪᠠ ᠠᠯᠤᠰ ᠭᠡᠳᠦ ᠶᠢᠨ ᠵᠢᠯᠣᠭᠣᠳᠬᠤ ᠠᠴᠢ ᠬᠣᠯᠪᠣᠭᠳᠠᠯ ᠲᠠᠶ ᠶᠤᠮ ᠃
    ᠨᠢᠭᠡᠳᠦᠭᠡᠷ ᠲᠦ ᠂ ᠲᠣᠳᠣᠷᠬᠠᠢ ᠪᠠᠷ ᠤᠯᠤᠰ ᠲᠦᠷᠦ ᠶᠢ  ᠡᠷᠬᠢᠮᠯᠡᠬᠦ ᠪᠣᠯ ᠮᠠᠨ ᠤ ᠨᠠᠮ ᠮᠠᠷᠺᠰ ᠤᠨ ᠦᠵᠡᠯ ᠦᠨ ᠲᠦᠷᠦ ᠶᠢᠨ ᠨᠠᠮ ᠪᠣᠯᠤᠭᠰᠠᠨ ᠤ ᠦᠨᠳᠦᠰᠦᠨ ᠱᠠᠭᠠᠷᠳᠠᠯᠭ᠎ᠠ ᠮᠥᠨ ᠃ ᠤᠯᠤᠰ ᠲᠦᠷᠦ ᠶᠢ ᠡᠷᠬᠢᠮᠯᠡᠬᠦ ᠶᠢᠨ ᠵᠣᠷᠢᠯᠲᠠ ᠨᠢ ᠪᠦᠬᠦ ᠨᠠᠮ ᠤᠨ ᠵᠣᠷᠢᠭ ᠰᠠᠨᠠᠭ᠎ᠠ ᠶᠢ ᠨᠢᠭᠡᠳᠬᠡᠵᠦ ᠂ ᠪᠦᠬᠦ ᠨᠠᠮ ᠤᠨ ᠬᠦᠴᠦᠨ ᠢ ᠨᠢᠭᠲᠠᠷᠠᠭᠤᠯᠵᠤ ᠂ ᠬᠥᠲᠥᠯᠪᠦᠷᠢ ᠪᠣᠯᠤᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠲᠡᠮᠡᠴᠡᠬᠦ ᠬᠡᠷᠡᠭᠲᠡᠶ ᠃ ᠮᠠᠨ ᠤ ᠨᠠᠮ ᠪᠠᠶᠢᠭᠤᠯᠤᠭᠳᠠᠭᠰᠠᠨ 96 ᠵᠢᠯ ᠦᠨ ᠲᠤᠷᠰᠢ ᠂  ᠠᠮᠵᠢᠯᠲᠠ ᠣᠯᠤᠭᠰᠠᠨ ᠤ ᠰᠢᠯᠲᠠᠭᠠᠨ ᠨᠢ ᠢᠮᠠᠭᠲᠠ ᠪᠦᠯᠬᠦᠮᠳᠡᠯ ᠪᠠ ᠲᠥᠪᠯᠡᠷᠡᠯ ᠨᠢᠭᠡᠳᠦᠯ ᠢ ᠢᠮᠠᠭᠲᠠ ᠪᠠᠷᠢᠮᠲᠠᠯᠠᠵᠤ ᠂ ᠥᠭᠡᠳᠡᠯᠡᠨ ᠳᠠᠪᠰᠢᠬᠤ ᠵᠣᠷᠢᠭ ᠰᠠᠨᠠᠭ᠎ᠠ ᠪᠣᠯᠤᠨ ᠬᠦᠴᠦᠷᠬᠡᠭ ᠶᠡᠬᠡ ᠬᠦᠴᠦᠨ ᠮᠥᠨ ᠂ ᠵᠦᠢᠯ ᠪᠦᠷᠢ ᠶᠢᠨ ᠨᠤᠭᠤᠷᠠᠯ ᠪᠦᠳᠦᠷᠢᠯ ᠪᠠ ᠢᠯᠠᠭᠳᠠᠯ ᠢ ᠥᠩᠭᠡᠷᠡᠭᠦᠯᠦᠭᠰᠡᠨ ᠪᠥᠭᠡᠳ ᠨᠤᠭᠤᠷᠠᠯ ᠳᠤ ᠤᠴᠠᠷᠠᠬᠤ ᠲᠤᠲᠤᠮ ᠨᠡᠩ ᠢᠯᠡᠭᠦᠦ ᠴᠢᠷᠮᠠᠶᠢᠨ ᠲᠡᠮᠡᠴᠡᠵᠦ ᠂ ᠤᠯᠤᠰ ᠲᠦᠷᠦ ᠶᠢ ᠡᠷᠬᠢᠮᠯᠡᠬᠦ ᠲᠠᠢ ᠰᠠᠯᠵᠤ ᠪᠣᠯᠤᠰᠢ ᠦᠭᠡᠢ ᠨᠢᠭᠲᠠ ᠬᠠᠷᠢᠴᠠᠭ᠎ᠠ ᠲᠠᠶ ᠃ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠰᠢ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠦᠢᠯᠡᠳᠦᠯᠭᠡ ᠳᠤᠮᠳᠠ ᠂ ᠶᠡᠷᠦᠩᠬᠡᠢ ᠱᠦᠵᠢ ᠰᠢ ᠶᠢᠨ ᠫᠢᠩ ᠲᠠᠬᠢᠨ ᠳᠠᠪᠲᠠᠨ ᠴᠢᠬᠤᠯᠠᠴᠢᠯᠠᠭᠰᠠᠨ ᠨᠢ ᠨᠠᠮ ᠤᠨ ᠤᠯᠤᠰ ᠳᠦᠷᠦ ᠶᠢᠨ ᠪᠠᠶᠢᠭᠤᠯᠤᠯᠲᠠ ᠶ᠋ᠢ ᠰᠠᠶᠢᠲᠤᠷ ᠠᠳᠬᠤᠬᠤ ᠬᠡᠷᠡᠭᠲᠡᠢ ᠃ 2014 ᠣᠨ ᠤ 10 ᠰᠠᠷ᠎ᠠ ᠳᠤ ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠣᠷᠢᠶᠠᠨ ᠤ ᠳᠥᠷᠪᠡᠳᠦᠭᠡᠷ ᠪᠥᠬᠥᠳᠡ ᠬᠤᠷᠠᠯ ᠤᠨ ᠬᠣᠶᠠᠳᠤᠭᠠᠷ ᠤᠳᠠᠭᠠᠨ ᠤ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠬᠠᠶᠢᠬᠤᠷᠬᠤ ᠦᠭᠡᠢ ᠪᠠᠶᠢᠨ᠎ᠠ  ᠂《 ᠲᠤᠯᠤᠭᠠᠨ ᠵᠦᠢᠯ ᠦᠨ ᠬᠥᠮᠦᠨ 》 ᠂ ᠺᠠᠳ᠋ᠷ ᠤᠨ ᠤᠯᠤᠰ ᠲᠦᠷᠦ ᠶᠢᠨ ᠲᠠᠯ᠎ᠠ ᠪᠠᠷ ᠠᠰᠠᠭᠤᠳᠠᠯ ᠭᠠᠷᠬᠤ ᠶᠢᠨ ᠨᠠᠮ ᠳᠤ ᠤᠴᠠᠷᠠᠭᠤᠯᠬᠤ ᠬᠣᠣᠷ ᠬᠥᠨᠥᠭᠡᠯ ᠨᠢ ᠢᠯᠵᠠᠷᠠᠯ ᠤᠨ ᠠᠰᠠᠭᠤᠳᠠᠯ ᠠᠴᠠ ᠳᠣᠣᠷ᠎ᠠ ᠦᠭᠡᠢ ᠂ ᠵᠠᠷᠢᠮ ᠨᠢ ᠲᠡᠷᠡᠴᠢᠯᠡᠨ ᠢᠯᠵᠠᠷᠠᠯ ᠤᠨ ᠠᠰᠠᠭᠤᠳᠠᠯ ᠠᠴᠠ ᠴᠤ ᠬᠦᠨᠳᠦ ᠨᠣᠴᠢᠲᠠᠶ ᠪᠠᠶᠢᠨ᠎ᠠ ᠭᠡᠪᠡ ᠃ 2017 ᠣᠨ ᠤ 2 ᠰᠠᠷ᠎ᠠ ᠳᠤ ᠂ ᠶᠡᠷᠦᠩᠬᠡᠢ ᠱᠦᠵᠢ ᠰᠢ ᠶᠢᠨ ᠫᠢᠩ ᠮᠤᠵᠢ ᠦᠨ ᠶᠠᠮᠤᠨ ᠤ ᠳᠡᠰ ᠤᠨ ᠭᠣᠣᠯ ᠤᠳᠤᠷᠢᠳᠬᠤ ᠺᠠᠳ᠋ᠷᠴᠤᠳ ᠤᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠲᠠᠯᠪᠢᠭᠰᠠᠨ ᠶᠠᠷᠢᠶᠠᠨ ᠳᠠᠭᠠᠨ ᠄ ᠮᠠᠨ ᠤ ᠨᠠᠮ ᠮᠠᠷᠺᠰ ᠤᠨ ᠦᠵᠡᠯ ᠦᠨ ᠲᠦᠷᠦ ᠶᠢᠨ ᠨᠠᠮ ᠪᠣᠯᠤᠭᠰᠠᠨ ᠤ ᠬᠤᠪᠢ ᠳᠤ ᠡᠷᠬᠡᠪᠰᠢ ᠤᠯᠤᠰ ᠲᠦᠷᠦ ᠶᠢ ᠲᠤᠭ ᠲᠡᠮᠳᠡᠭ ᠲᠣᠳᠣᠷᠬᠠᠢ ᠪᠠᠷ ᠡᠷᠬᠢᠮᠯᠡᠵᠦ ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠨᠠᠷᠢᠨ ᠬᠢᠨᠠᠮᠠᠭᠠᠢ ᠪᠠᠷ ᠥᠷᠨᠢᠭᠦᠯᠬᠦ ᠬᠡᠷᠡᠭᠲᠡᠢ ᠂ᠤᠯᠤᠰ ᠲᠦᠷᠦ ᠶᠢ ᠡᠷᠬᠢᠮᠯᠡᠬᠦ  ᠪᠣᠯ ᠮᠠᠨ ᠤ ᠨᠠᠮ ᠤᠨ ᠺᠠᠯᠼ ᠨᠥᠬᠥᠪᠥᠷᠢᠯᠡᠵᠦ ᠪᠡᠶ᠎ᠡ ᠴᠣᠭᠴᠠᠰ ᠢᠶᠠᠨ ᠴᠢᠭᠢᠷᠠᠭᠵᠢᠭᠤᠯᠬᠤ ᠦᠨᠳᠦᠰᠦᠨ ᠪᠠᠲᠤᠯᠠᠭ᠎ᠠ ᠮᠥᠨ ᠂ ᠡᠨᠡ ᠪᠣᠯ ᠮᠠᠨ ᠤ ᠨᠠᠮ ᠤᠨ ᠥᠪᠡᠷ ᠦᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠢ ᠬᠥᠮᠦᠵᠢᠭᠦᠯᠬᠦ ᠂ ᠥᠪᠡᠷ ᠢ ᠪᠡᠨ ᠴᠡᠪᠡᠷᠰᠢᠭᠦᠯᠬᠦ ᠴᠢᠳᠠᠪᠤᠷᠢ ᠶᠢ ᠴᠢᠩᠭᠠᠷᠠᠭᠤᠯᠬᠤ ᠂ ᠬᠣᠣᠷ ᠢ ᠠᠷᠢᠯᠭᠠᠨ ᠪᠠᠺᠲ᠋ᠧᠷᠢ ᠋ ᠢᠢ ᠤᠰᠠᠳᠬᠠᠬᠤ ᠤᠯᠤᠰ ᠲᠦᠷᠦ ᠶᠢᠨ ᠦᠯᠥ ᠬᠠᠯᠳᠠᠭᠠᠬᠤ ᠴᠢᠳᠠᠯ ᠢ ᠳᠡᠭᠡᠭᠰᠢᠯᠡᠭᠦᠯᠬᠦ ᠦᠨᠳᠦᠰᠦᠨ ᠠᠷᠭ᠎ᠠ ᠵᠠᠮ ᠮᠥᠨ ᠂ ᠪᠦᠬᠦ ᠨᠠᠮ ᠢᠶᠠᠷ ᠢᠶᠠᠨ ᠬᠡᠵᠢᠶ᠎ᠡ ᠤᠯᠤᠰ ᠲᠦᠷᠦ ᠶᠢ ᠡᠷᠬᠢᠮᠯᠡᠵᠦ ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠬᠡᠪ ᠦᠨ ᠪᠥᠭᠡᠳ ᠡᠷᠡᠭᠦᠯ ᠮᠠᠨᠳᠤ ᠂ ᠮᠠᠨ ᠤ ᠨᠠᠮ ᠳᠠᠷᠤᠢ ᠰᠤᠷᠲᠠᠯ ᠴᠢᠬᠡᠴᠢ ᠣᠪᠣᠷ ᠲᠥᠪ ᠂ ᠪᠦᠯᠬᠦᠮᠳᠡᠯ ᠨᠢᠭᠡᠳᠦᠯ ᠂ ᠠᠮᠢᠵᠢᠷᠠᠯ ᠤᠨ ᠬᠦᠴᠦᠨ ᠪᠢᠯᠬᠠᠵᠤ ᠂ ᠨᠠᠮ ᠤᠨ ᠦᠢᠯᠡᠰ ᠥᠷᠨᠢᠨ ᠬᠥᠭᠵᠢᠬᠦ ᠪᠣᠯᠤᠨ᠎ᠠ ︔ ᠡᠭᠦᠨ ᠲᠡᠶ ᠡᠰᠡᠷᠭᠦ ᠪᠣᠯᠪᠠᠯ ᠂ ᠠᠷᠬᠠᠭ ᠭᠡᠮ ᠡᠭᠦᠰᠴᠦ ᠂ ᠬᠥᠮᠦᠰ ᠦᠨ ᠰᠠᠨᠠᠭ᠎ᠠ ᠰᠡᠳᠬᠢᠯ ᠰᠠᠮᠠᠭᠤᠷᠠᠵᠤ ᠂ ᠲᠡᠮᠡᠴᠡᠯ ᠦᠨ ᠵᠣᠷᠢᠭ ᠢᠶᠠᠨ ᠠᠯᠳᠠᠵᠤ ᠂ ᠡᠯ᠎ᠡ ᠵᠦᠢᠯ ᠦᠨ ᠪᠤᠷᠤᠭᠤ ᠦᠵᠡᠯ ᠰᠠᠨᠠᠭ᠎ᠠ ᠶᠢ ᠴᠠᠭ ᠲᠤᠬᠠᠢ ᠳᠤᠨᠢ ᠵᠠᠯᠠᠷᠠᠭᠤᠯᠵᠤ ᠴᠢᠳᠠᠬᠤ ᠦᠭᠡᠢ ᠪᠣᠯᠣᠭᠠᠳ ᠨᠠᠮ ᠤᠨ ᠦᠢᠯᠡᠰ ᠲᠦ ᠬᠦᠨᠳᠦ ᠨᠣᠴᠢᠲᠠᠢ ᠬᠣᠬᠢᠷᠠᠯ ᠤᠴᠠᠷᠠᠭᠤᠯᠬᠤ ᠪᠣᠯᠤᠨ᠎ᠠ ᠃ ᠶᠡᠷᠦᠩᠬᠡᠢ ᠱᠦᠵᠢ ᠰᠢ ᠶᠢᠨ ᠫᠢᠩ ᠦᠨ ᠡᠳᠡᠭᠡᠷ ᠴᠢᠬᠤᠯᠠ ᠦᠵᠡᠯ ᠰᠠᠨᠠᠭ᠎ᠠ ᠪᠠ ᠬᠦᠰᠡᠯ ᠱᠠᠭᠠᠷᠳᠠᠯᠭ᠎ᠠ ᠨᠢ ᠶᠠᠷ᠎ᠠ ᠳᠡᠭᠡᠷ᠎ᠡ ᠨᠢ ᠲᠥᠭᠡᠨᠡ ᠲᠠᠯᠪᠢᠭᠰᠠᠨ ᠪᠠᠶᠢᠨ᠎ᠠ ᠂ ᠪᠢᠳᠡ ᠡᠷᠬᠡᠪᠰᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠃ ᠤᠯᠤᠰ ᠲᠦᠷᠦ ᠶᠢ ᠡᠷᠬᠢᠮᠯᠡᠬᠦ ᠪᠣᠯ ᠮᠠᠨ ᠤ ᠨᠠᠮ ᠤᠨ ᠨᠠᠮ ᠢ ᠬᠠᠮᠢᠶᠠᠷᠬᠤ᠂ ᠨᠠᠮ ᠢ ᠵᠠᠰᠠᠬᠤ ᠂ ᠨᠤᠷᠠᠭᠠᠯᠲᠠ ᠶᠢᠨ ᠴᠢᠨᠠᠷᠲᠠᠢ ᠠᠯᠳᠠᠭ᠎ᠠ ᠪᠤᠷᠤᠭᠤ ᠭᠠᠷᠭᠠᠬᠤ ᠠᠴᠠ ᠵᠠᠶᠢᠯᠠᠰᠬᠢᠵᠦ ᠴᠢᠳᠠᠬᠤ ᠦᠨᠳᠦᠰᠦᠨ ᠪᠠᠲᠤᠯᠠᠭ᠎ᠠ ᠮᠥᠨ ᠂ ᠬᠡᠵᠢᠶ᠎ᠡ ᠴᠦ ᠭᠡᠰᠡᠨ ᠬᠠᠰᠢ ᠶᠠᠰᠢ ᠪᠠᠶᠢᠵᠤ ᠪᠣᠯᠬᠤ ᠦᠭᠡᠢ ᠪᠥᠭᠡᠳ ᠭᠤᠶᠢᠪᠢᠯᠵᠠᠵᠤ ᠪᠣᠯᠬᠤ ᠦᠭᠡᠢ ᠃ ᠣᠳᠣᠬᠢ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠪᠣᠯᠤᠨ ᠨᠦᠰᠡᠷ ᠬᠦᠨᠳᠦ ᠪᠡᠷᠬᠡ ᠬᠠᠲᠠᠭᠤᠵᠢᠯᠲᠠᠶ ᠥᠭᠡᠷᠡᠴᠢᠯᠡᠯᠲᠡ ᠬᠥᠭᠵᠢᠯᠲᠡ ᠶᠢ ᠲᠤᠭᠲᠠᠭᠤᠨ ᠪᠣᠯᠭᠠᠬᠤ ᠡᠭᠦᠷᠭᠡ ᠶᠢᠨ ᠡᠮᠦᠨ᠎ᠡ ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠴᠥᠮ ᠤᠯᠤᠰ ᠲᠤᠢᠷᠦ ᠶᠢ ᠡᠷᠬᠢᠮᠯᠡᠬᠦ ᠬᠥᠪᠴᠢ ᠪᠠᠷᠢᠭᠤᠯᠤᠭᠰᠠᠨ ᠴᠢᠩᠭ᠎ᠠ  ᠳᠡᠭᠡᠷ᠎ᠡ ᠡᠴᠡ ᠴᠢᠩᠭ᠎ᠠ ᠪᠠᠶᠢᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠂ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠴᠥᠮ 《  ᠲᠦᠷᠪᠡᠨ ᠤᠬᠠᠮᠰᠠᠷ ᠲᠦᠷᠪᠡᠨ ᠢᠲᠡᠭᠡᠯ ᠋ ᠢᠢᠨᠨ ᠪᠠᠲᠤᠳᠬᠠᠵᠤ ᠂ ᠤᠯᠤᠰ ᠲᠦᠷᠦ ᠶᠢᠨ ᠲᠠᠯ᠎ᠠ ᠠᠴᠠ ᠲᠥᠯᠥᠪᠯᠡᠬᠦ ᠂ ᠪᠠᠶᠢᠷᠢᠯᠠᠭᠤᠯᠬᠤ ᠂ ᠠᠵᠢᠯ ᠢᠶᠠᠨ ᠠᠬᠢᠭᠤᠯᠬᠤ ᠂ ᠭᠠᠭᠴᠠ ᠬᠦ ᠢᠩᠭᠢᠪᠡᠯ ᠠᠵᠢᠯ ᠤᠨ ᠰᠠᠨᠠᠭᠠᠴᠢᠯᠠᠭᠠᠲᠤ ᠡᠷᠬᠡ ᠶᠢ ᠡᠵᠡᠮᠰᠢᠵᠦ ᠴᠢᠳᠠᠨ᠎ᠠ ᠂ ᠨᠤᠷᠠᠭᠠᠯᠲᠠ ᠶᠢᠨ ᠴᠢᠨᠠᠷᠲᠠᠢ ᠠᠯᠳᠠᠭ᠎ᠠ ᠪᠤᠷᠤᠭᠤ ᠭᠠᠷᠭᠠᠬᠤ ᠦᠭᠡᠢ ᠪᠠᠶᠢᠵᠤ ᠴᠢᠳᠠᠨ᠎ᠠ ᠃
    ᠬᠣᠶᠠᠳᠤᠭᠠᠷ ᠲᠤ ᠂ᠤᠯᠤᠰ ᠲᠦᠷᠦ ᠶᠢᠨ ᠪᠠᠶᠢᠭᠤᠯᠤᠯᠲᠠ ᠶ᠋ᠢ ᠳᠣᠪᠤᠶᠢᠯᠭᠠᠨ ᠴᠢᠬᠤᠯᠠᠴᠢᠯᠠᠬᠤ ᠨᠢ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠰᠢᠬᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠢᠭᠡᠨ ᠠᠮᠵᠢᠯᠲᠠ ᠲᠠᠶ ᠲᠤᠷᠰᠢᠯᠭ᠎ᠠ ᠪᠣᠯᠤᠨ᠎ᠠ ᠃ ᠨᠠᠮ ᠋ ᠦᠨ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠰᠢ ᠂ ᠪᠦᠬᠦ ᠲᠠᠯ᠎ᠠ ᠪᠠᠷ ᠨᠠᠮ ᠋ ᠢ ᠴᠢᠩᠭ᠎ᠠ ᠵᠠᠰᠠᠬᠤ ᠋ ᠢᠢ ᠲᠠᠰᠤᠷᠠᠯᠳᠠ ᠦᠬᠡᠢ ᠠᠬᠢᠭᠤᠯᠬᠤ ᠋ ᠢᠢ ᠲᠠᠭᠠᠯᠳᠤᠨ ᠂ ᠨᠠᠮ ᠋ ᠦᠨ ᠳᠣᠲᠣᠭᠠᠳᠤ ᠋ ᠳᠤ ᠣᠷᠣᠰᠢᠵᠤ ᠪᠠᠶᠢᠭ᠎ᠠ ᠲᠤᠪᠤᠢᠢᠮ᠎ᠠ ᠵᠥᠷᠢᠴᠡᠯ ᠪᠣᠯᠤᠨ ᠠᠰᠠᠭᠤᠳᠠᠯ ᠤᠯᠤᠰ ᠲᠦᠷᠤ ᠶᠢᠨ ᠲᠠᠯ᠎ᠠ ᠪᠠᠷ ᠶᠠᠪᠤᠬᠤ ᠳᠤᠳᠤᠮ ᠪᠦᠷᠢᠨ ᠭᠦᠢᠴᠡᠳ ᠢᠯᠡᠷᠡᠪᠡ ᠃ᠡᠳᠡᠭᠡᠷ ᠪᠠᠶᠢᠳᠠᠯ ᠳᠤ ᠴᠢᠭᠯᠡᠭᠦᠯᠦᠨ ᠰᠢ ᠶᠢᠨ ᠫᠢᠩ ᠨᠥᠬᠥᠷ ᠢᠶᠡᠷ ᠭᠣᠣᠯ ᠪᠣᠯᠭᠠᠭᠰᠠᠨ ᠨᠠᠮ ᠤᠨ ᠲᠥᠪ ᠬᠣᠷᠢᠢ᠎ᠠ᠂ ᠨᠠᠮ ᠋ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠤᠪᠤᠢᠢᠯᠭᠠᠨ ᠴᠢᠬᠤᠯᠠᠴᠢᠯᠠᠵᠤ ᠂ ᠨᠠᠮ ᠢ ᠬᠠᠮᠢᠶᠠᠷᠴᠤ ᠨᠠᠮ ᠢ ᠵᠠᠰᠠᠬᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ ᠂ ᠨᠠᠮ ᠤᠨ ᠳᠣᠲᠣᠭᠠᠳᠤ ᠶᠢᠨ ᠤᠯᠤᠰ ᠲᠦᠷᠤ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠵᠤ ᠂ᠤᠯᠤᠰ ᠳᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠵᠢᠷᠤᠮ ᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠦ ᠤᠯᠤᠰ ᠲᠦᠷᠦ ᠶᠢᠨ ᠤᠬᠠᠮᠰᠠᠷ ᠢᠯᠡᠳᠲᠡ ᠴᠢᠩᠭᠠᠷᠠᠵᠤ ᠂ ᠤᠯᠤᠰ ᠲᠦᠷᠦ ᠶᠢᠨ ᠤᠬᠠᠮᠰᠠᠷ ᠢᠶᠠᠨ ᠢᠯᠡᠳᠲᠡ ᠳᠡᠭᠡᠭᠰᠢᠯᠡᠭᠦᠯᠵᠦ ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠠᠭᠤᠷ ᠠᠮᠢᠰᠬᠤᠯ ᠢ ᠰᠢᠨᠡᠳᠬᠡᠵᠦ ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢ ᠠᠬᠤᠢ ᠢᠯᠡᠳᠲᠡ ᠰᠠᠶᠢᠵᠢᠷᠠᠵᠤ ᠂ ᠨᠠᠮ ᠪᠣᠯᠤᠨ ᠤᠯᠤᠰ ᠤᠨ ᠡᠯ᠎ᠡ ᠵᠦᠢᠯ ᠦᠨ ᠦᠢᠯᠡᠰ ᠦᠨ ᠬᠥᠭᠵᠢᠯᠲᠡ ᠳᠦ ᠰᠠᠢᠢᠨ ᠰᠠᠶᠢᠬᠠᠨ ᠤᠯᠤᠰ ᠲᠦᠷᠦ ᠶᠢᠨ ᠣᠷᠴᠢᠨ ᠠᠬᠤᠶ ᠪᠠ ᠤᠯᠤᠰ ᠲᠦᠷᠦ ᠶᠢᠨ ᠬᠦᠴᠦᠲᠦ ᠪᠠᠲᠤᠯᠠᠭ᠎ᠠ ᠬᠠᠩᠭᠠᠭᠰᠠᠨ ᠪᠠᠶᠢᠨ᠎ᠠ ᠃ ᠡᠳᠡᠭᠡᠷ ᠠᠮᠵᠢᠯᠲᠠᠢ ᠦᠢᠯᠡᠳᠦᠯᠭᠡ ᠨᠢ ᠪᠦᠬᠦ ᠨᠠᠮ ᠤᠨ ᠨᠥᠬᠥᠳ ᠲᠦ ᠭᠦᠨ ᠭᠦᠨᠵᠡᠭᠡᠶ ᠲᠠᠨᠢᠭᠤᠯᠵᠦ ᠂ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠮᠠᠰᠢ ᠤᠯᠠᠨ ᠠᠰᠠᠭᠤᠳᠠᠯ ᠤᠨ ᠰᠢᠯᠲᠠᠭᠠᠨ ᠨᠢ ᠴᠥᠮ ᠥᠩᠭᠡᠷᠡᠭᠰᠡᠨ ᠨᠢᠭᠡ ᠦᠶ᠎ᠡ ᠳᠦ ᠂ ᠨᠠᠮ ᠢ ᠬᠠᠮᠢᠶᠠᠷᠴᠤ᠂ ᠨᠠᠮ ᠢ ᠵᠠᠰᠠᠬᠤ ᠲᠠᠯ᠎ᠠ ᠪᠠᠷ ᠰᠤᠯᠠ ᠵᠥᠭᠡᠯᠡᠨ ᠪᠠᠶᠢᠬᠤ ᠂ ᠣᠨᠴᠠᠭᠠᠶᠢᠯᠠᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶ᠋ᠢ ᠴᠢᠩᠭ᠎ᠠ ᠠᠳᠬᠤᠭᠰᠠᠨ ᠦᠭᠡᠢ ᠡᠴᠡ ᠪᠣᠯᠵᠠᠢ ᠃ ᠨᠠᠮ ᠤᠨ ᠤᠯᠤᠰ ᠲᠦᠷᠤ ᠶᠢᠨ ᠪᠠᠶᠢᠭᠤᠯᠤᠯᠲᠠ ᠶᠢ ᠴᠢᠩᠭᠠᠳᠬᠠᠬᠤ ᠂ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠲᠤᠪᠤᠢᠢᠮ᠎ᠠ ᠠᠰᠠᠭᠤᠳᠠᠯ ᠢ ᠰᠢᠶᠳᠪᠦᠷᠢᠯᠡᠬᠦ ᠳᠦ ᠂ ᠮᠠᠨ ᠤ ᠨᠠᠮ ᠢᠶᠠᠨ ᠨᠡᠩ ᠪᠠᠲᠤ ᠴᠢᠩᠭ᠎ᠠ ᠬᠦᠴᠦᠨ ᠲᠡᠶ ᠪᠣᠯᠭᠠᠨ ᠂ ᠮᠠᠰᠢ ᠴᠢᠩᠭ᠎ᠠ ᠪᠣᠳᠠᠲᠤ ᠬᠠᠨᠳᠤᠯᠭᠠᠲᠤ ᠴᠢᠨᠠᠷ ᠂ ᠲᠤᠶᠢᠯ ᠤᠨ ᠴᠢᠬᠤᠯᠠ ᠤᠯᠤᠰ ᠲᠤᠢᠷᠦ ᠶᠢᠨ ᠠᠴᠢ ᠬᠣᠯᠪᠣᠭᠳᠠᠯ  ᠂ ᠤᠨᠤᠯ ᠤᠨ ᠤᠳᠬ᠎ᠠ ᠠᠭᠤᠯᠭ᠎ᠠ  ᠂ᠦᠢᠯᠡᠳᠦᠯᠭᠡ ᠶᠢᠨ ᠠᠴᠢ ᠬᠣᠯᠪᠣᠭᠳᠠᠯ ᠲᠠᠶ ᠶᠤᠮ ᠃
    ᠭᠤᠷᠪᠠᠳᠤᠭᠠᠷ ᠲᠤ ᠂ᠤᠯᠤᠰ ᠲᠦᠷᠦ ᠶᠢᠨ ᠪᠠᠶᠢᠭᠤᠯᠤᠯᠲᠠ ᠪᠣᠯ ᠨᠠᠮ ᠤᠨ ᠦᠨᠳᠦᠰᠦᠨ ᠴᠢᠨᠠᠷᠲᠠᠢ ᠪᠠᠶᠢᠭᠤᠯᠤᠯᠲᠠ ᠪᠣᠯᠤᠨ᠎ᠠ ᠂ ᠨᠠᠮ ᠤᠨ ᠪᠠᠶᠢᠭᠤᠯᠤᠯᠲᠠ ᠶᠢᠨ ᠴᠢᠭᠯᠡᠯ ᠪᠠ ᠥᠷ ᠡ ᠪᠦᠲᠦᠮᠵᠢ ᠶᠢ ᠲᠣᠭᠲᠠᠭᠠᠵᠤ ᠪᠠᠶᠢᠳᠠᠭ ᠃ ᠨᠠᠮ ᠤᠨ ᠤᠯᠤᠰ ᠲᠦᠷᠤ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ ᠂ ᠤᠯᠤᠰ ᠲᠦ᠋ᠷᠦ ᠶᠢᠨ ᠵᠣᠭᠰᠣᠯᠲᠠ ᠂ᠤᠯᠤᠰ ᠲᠦᠷᠦ ᠶᠢᠨ ᠴᠢᠭᠯᠡᠯᠲᠡ ᠂ ᠤᠯᠤᠰ ᠲᠦᠷᠦ ᠶᠢᠨ ᠵᠠᠷᠴᠢᠮ ᠂ ᠤᠯᠤᠰ ᠲᠦᠷᠦ ᠶᠢᠨ  ᠵᠠᠮ ᠢ ᠰᠠᠶᠢᠲᠤᠷ ᠠᠳᠬᠤᠵᠤ ᠂ ᠨᠠᠮ ᠤᠨ ᠤᠯᠤᠰ ᠲᠦᠷᠦ ᠶᠢᠨ ᠴᠢᠳᠠᠪᠤᠷᠢ ᠪᠠᠨ  ᠳᠡᠭᠡᠭᠰᠢᠯᠡᠭᠦᠯᠬᠦ ᠳ᠋ᠦ ᠬᠦᠷᠪᠡᠯ ᠨᠠᠮ ᠤᠨ ᠪᠠᠶᠢᠭᠤᠯᠤᠯᠲᠠ ᠨᠢ ᠰᠦᠭ ᠰᠦᠨᠡᠰᠦ ᠲᠠᠢ ᠪᠣᠯᠵᠤ ᠂ ᠦᠨᠳᠦᠰᠦ  ᠬᠠᠳᠬᠤᠵᠤ ᠴᠢᠳᠠᠨ᠎ᠠ᠃ ᠨᠠᠮ ᠤᠨ ᠤᠯᠤᠰ ᠲᠦᠷᠤ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ ᠂ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠂ ᠵᠣᠬᠢᠶᠠᠨ ᠪᠠᠶᠢᠭᠤᠯᠤᠯᠲᠠ ᠶᠢᠨ ᠪᠦᠳᠦᠭᠡᠨ ᠪᠠᠶᠢᠭᠤᠯᠤᠯᠲᠠ ᠂ ᠰᠤᠷᠲᠠᠯ ᠤᠨ ᠪᠠᠶᠢᠭᠤᠯᠤᠯᠲᠠ ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠠᠳᠬᠤᠪᠠᠯ ᠠᠯᠢᠪᠠ ᠪᠦᠬᠦᠨ ᠦᠢᠯᠡᠳᠦᠯ ᠲᠠᠢ ᠪᠣᠯᠤᠨ᠎ᠠ ᠃ ᠬᠠᠷᠢᠨ ᠤᠯᠤᠰ ᠲᠦᠷᠦ ᠶᠢᠨ ᠪᠠᠶᠢᠭᠤᠯᠤᠯᠲᠠ ᠶᠢ ᠰᠤᠯᠠᠷᠠᠭᠤᠯᠬᠤ ᠪᠤᠶᠤ ᠤᠯᠤᠰ ᠲᠦᠷᠦ ᠶᠢᠨ ᠪᠠᠶᠢᠭᠤᠯᠤᠯᠲᠠ ᠶᠢ ᠠᠳᠬᠤᠵᠤ ᠴᠢᠳᠠᠬᠤ ᠦᠭᠡᠢ ᠪᠣᠯ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠂ ᠵᠣᠬᠢᠶᠠᠨ ᠪᠠᠶᠢᠭᠤᠯᠤᠯᠲᠠ ᠶᠢᠨ ᠪᠦᠳᠦᠭᠡᠨ ᠪᠠᠶᠢᠭᠤᠯᠤᠯᠲᠠ  ᠂ ᠰᠤᠷᠲᠠᠯ ᠤᠨ ᠪᠠᠶᠢᠭᠤᠯᠤᠯᠲᠠ ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠨᠢ ᠳᠠᠷᠤᠶ ᠴᠢᠭᠯᠡᠯ ᠲᠣᠳᠣᠷᠬᠠᠶ ᠦᠭᠡᠢ ᠪᠣᠯᠵᠤ ᠂ ᠠᠮᠢᠨ ᠰᠦᠨᠡᠰᠦ ᠪᠡᠨ  ᠠᠯᠳᠠᠬᠤ ᠪᠣᠯᠤᠨ᠎ᠠ᠃

ᠵᠣᠬᠢᠶᠠᠭᠴᠢ:
ᠢᠷᠡᠯᠲᠡ: