ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠠᠪᠤᠳᠠᠯ ᠨᠢ ᠡᠭᠦᠷᠢᠳᠡ ᠵᠤᠭᠰᠤᠰᠢ ᠦᠭᠡᠢ ᠪᠠᠶᠢᠳᠠᠭ

  2018-12-07

    ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠢᠯᠡᠳᠬᠡᠯ ᠳᠦ ᠵᠢᠭᠠᠵᠤ ᠭᠠᠷᠭᠠᠭᠰᠠᠨ ᠨᠢ ᠄ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠬᠡᠵᠢᠶᠡᠳᠡ ᠳᠠᠭᠤᠰᠤᠰᠢ ᠦᠭᠡᠢ ᠶᠤᠮ 》 ᠭᠡᠵᠡᠶ ᠃ ᠡᠨᠡ ᠬᠦ ᠨᠤᠲᠠᠯᠠᠯᠲᠠ ᠨᠢ ᠭᠦᠨ ᠭᠦᠨᠵᠡᠭᠡᠶ ᠤᠳᠬ᠎ᠠ ᠠᠭᠤᠯᠭ᠎ᠠ ᠶ᠋ᠢ ᠲᠤᠰᠬᠠᠵᠤ ᠂ ᠮᠠᠨ ᠤ ᠨᠠᠮ ᠤᠨ ᠨᠠᠮ ᠤᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠶᠢᠨ ᠲᠤᠬᠠᠶ ᠰᠡᠷᠭᠡᠭ ᠲᠠᠨᠢᠯᠲᠠ ᠶ᠋ᠢ ᠳᠤᠰᠬᠠᠭᠰᠠᠨ ᠶᠤᠮ ᠃ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠲᠤ ᠴᠢᠩᠭ᠎ᠠ ᠡᠷᠡᠰ ᠵᠣᠷᠢᠭ ᠢ ᠭᠤᠶᠢᠪᠠᠰᠢ ᠦᠭᠡᠢ ᠪᠠᠲᠤᠯᠠᠵᠤ ᠂ ᠰᠢᠨ᠎ᠡ ᠴᠠᠭ ᠦᠶ᠎ᠡ ᠳᠦ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠬᠡ ᠢᠨᠵᠧᠨᠧᠷᠢᠩ ᠋ ᠢ  ᠲᠣᠭᠲᠠᠭᠠᠬᠤ ᠢᠯᠡ ᠲᠣᠳᠣ ᠭᠣᠣᠯ ᠬᠦᠭ ᠠᠶᠠᠰ ᠮᠥᠨ ᠃ ᠡᠭᠦᠨ ᠳᠦ ᠳᠣᠣᠷᠠᠬᠢ ᠮᠡᠲᠦ  ᠭᠤᠷᠪᠠᠨ ᠲᠠᠯ᠎ᠠ ᠪᠠᠷ ᠲᠠᠨᠢᠵᠤ ᠪᠣᠯᠤᠨ᠎ᠠ ᠃
    ᠨᠢᠭᠡᠳᠦᠭᠡᠷ ᠲᠦ ᠂ᠡᠨᠡ ᠪᠣᠯ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠂ ᠨᠠᠮ ᠪᠠ ᠤᠯᠤᠰ ᠣᠷᠣᠨ ᠤ ᠠᠵᠢᠯ ᠦᠢᠯᠡᠰ ᠦᠨ ᠬᠥᠭᠵᠢᠯᠲᠡ ᠳᠦ ᠦᠨᠳᠦᠰᠦᠨ ᠴᠢᠨᠠᠷᠲᠠᠶ ᠦᠢᠯᠡᠳᠦᠯ ᠢᠶᠡᠷ ᠲᠣᠭᠳᠠᠭᠠᠭᠳᠠᠭᠰᠠᠨ ᠶᠤᠮ ᠃ ᠲᠡᠮᠦᠷ ᠳᠠᠪᠲᠠᠬᠤ ᠳᠤ ᠥᠪᠡᠷ ᠢᠶᠡᠨ ᠬᠠᠲᠠᠭᠤ ᠪᠠᠶᠢᠬᠤ ᠬᠡᠷᠡᠭᠲᠡᠶ ᠂ ᠳᠤᠮᠳᠠᠳᠤ ᠤᠯᠤᠰ ᠤᠨ ᠶᠠᠪᠤᠳᠠᠯ ᠢ ᠰᠠᠶᠢᠲᠤᠷ ᠬᠢᠬᠦ ᠳᠦ ᠵᠠᠩᠭᠢᠯᠠᠭ᠎ᠠ ᠨᠢ ᠨᠠᠮ ᠳᠤ ᠪᠠᠶᠢᠨ᠎ᠠ ᠂ ᠵᠠᠩᠭᠢᠯᠠᠭ᠎ᠠ ᠨᠢ ᠨᠠᠮ ᠨᠢ ᠨᠠᠮ ᠢᠶᠠᠨ ᠬᠠᠮᠢᠶᠠᠷᠴᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠪᠤᠢ ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠣᠯ ᠨᠠᠮ ᠤᠨ ᠪᠠᠶᠢᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ ᠨᠠᠮ ᠤᠨ ᠲᠡᠦᠬᠡᠲᠦ ᠡᠭᠦᠷᠭᠡ ᠶᠢ ᠪᠡᠶᠡᠯᠡᠭᠦᠯᠬᠦ ᠦᠨᠳᠦᠰᠦᠨ ᠪᠠᠲᠤᠯᠠᠭ᠎ᠠ ᠮᠥᠨ ᠂ ᠨᠠᠮ ᠤᠨ ᠢᠷᠡᠭᠡᠳᠦᠢ ᠪᠠ ᠬᠤᠪᠢ ᠵᠠᠶᠠᠭ᠎ᠠ ᠲᠠᠶ ᠬᠣᠯᠪᠣᠭᠳᠠᠬᠤ ᠪᠠᠷ ᠪᠠᠷᠠᠬᠤ ᠦᠭᠡᠢ ᠤᠯᠤᠰ ᠣᠷᠣᠨ ᠪᠠ ᠦᠨᠳᠦᠰᠦᠲᠡᠨ ᠦ ᠠᠯᠤᠰ ᠢᠷᠡᠭᠡᠳᠦᠢ ᠶ᠋ᠢᠨ ᠬᠤᠪᠢ ᠵᠠᠶᠠᠭ᠎ᠠ ᠲᠠᠶ ᠬᠣᠯᠪᠣᠭᠳᠠᠵᠤ ᠪᠠᠶᠢᠳᠠᠭ ᠃ ᠣᠳᠣᠬᠠᠨ ᠳᠤ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠦ ᠣᠷᠣᠯ᠎ᠠ ᠂ ᠨᠠᠮ ᠠᠴᠠ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠭᠤᠤ ᠶᠡᠬᠡ ᠲᠡᠮᠡᠴᠡᠯ ᠬᠢᠵᠦ ᠂ ᠠᠭᠤᠤ ᠶᠡᠬᠡ ᠦᠢᠯᠡᠰ ᠢ ᠠᠬᠢᠭᠤᠯᠬᠤ ᠂ ᠠᠭᠤᠤ ᠶᠡᠬᠡ ᠬᠦᠰᠡᠯᠡᠩ ᠢ ᠪᠡᠶᠡᠯᠡᠭᠦᠯᠬᠦ ᠳᠦ ᠡᠷᠬᠡᠪᠰᠢ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠨ ᠲᠡᠭᠦᠯᠳᠡᠷᠵᠢᠭᠦᠯᠵᠦ ᠂ ᠡᠷᠡᠰ ᠭᠤᠶᠢᠪᠢᠰᠢ ᠦᠭᠡᠢ ᠪᠡᠷ ᠨᠠᠮ ᠢᠶᠠᠨ ᠨᠡᠩ ᠪᠠᠲᠤ  ᠴᠢᠩᠭ᠎ᠠ ᠬᠦᠴᠦᠨ ᠲᠡᠶ ᠪᠣᠯᠭᠠᠨ ᠪᠠᠶᠢᠭᠤᠯᠬᠤ ᠬᠡᠷᠡᠭᠲᠡᠶ ᠃ ᠭᠠᠭᠴᠠ ᠬᠦ ᠨᠠᠮ ᠢ ᠤᠯᠠᠮ ᠨᠢᠭᠡ ᠠᠯᠬᠤᠮ ᠰᠠᠶᠢᠲᠤᠷ ᠪᠠᠶᠢᠭᠤᠯᠵᠤ ᠂ ᠮᠠᠨ ᠤ ᠨᠠᠮ ᠤᠨ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠪᠠ ᠬᠦᠴᠦᠷᠬᠡᠭ ᠶᠡᠬᠡ ᠳᠠᠶᠢᠴᠢᠨ ᠬᠦᠴᠦᠨ ᠂ ᠮᠠᠨ ᠤ ᠨᠠᠮ ᠰᠠᠶ᠋ᠢ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠪᠦᠲᠦᠮᠵᠢᠲᠡᠢ ᠪᠡᠷ ᠴᠢᠬᠤᠯᠠ ᠶᠡᠬᠡ ᠥᠷᠢᠰᠥᠯᠳᠦᠭᠡᠨ ᠢ ᠠᠷᠭᠠᠴᠠᠵᠤ ᠂ ᠬᠦᠨᠳᠦ ᠶᠡᠬᠡ ᠠᠶᠤᠯ ᠲᠦᠭᠰᠢᠭᠦᠷᠢ ᠶᠢ ᠬᠣᠷᠢᠭᠯᠠᠵᠤ ᠂ ᠬᠦᠨᠳᠦ ᠶᠡᠬᠡ ᠬᠠᠷᠰᠢ ᠰᠠᠭᠠᠳ ᠢ ᠢᠯᠠᠨ ᠳᠠᠪᠠᠵᠤ ᠂ ᠬᠦᠨᠳᠦ ᠶᠡᠬᠡ ᠵᠥᠷᠢᠴᠡᠯ ᠢ ᠰᠢᠢᠳᠪᠦᠷᠢᠯᠡᠵᠦ ᠂ ᠲᠠᠰᠤᠷᠠᠯᠳᠡ ᠦᠭᠡᠢ ᠰᠢᠨ᠎ᠡ ᠢᠯᠠᠯᠲᠠ ᠶ᠋ᠢ ᠣᠯᠵᠤ ᠴᠢᠳᠠᠨ᠎ᠠ᠃
    ᠬᠣᠶᠠᠳᠤᠭᠠᠷ ᠲᠤ ᠂ ᠨᠠᠮ ᠤᠨ ᠳᠣᠲᠣᠭᠠᠳᠤ ᠶᠢᠨ ᠲᠤᠪᠤᠢᠢᠮ᠎ᠠ ᠵᠥᠷᠢᠴᠡᠯ ᠪᠣᠯᠤᠨ ᠠᠰᠠᠭᠤᠳᠠᠯ ᠢ ᠭᠦᠨᠵᠡᠭᠡᠢ      ᠰᠢᠢᠳᠪᠦᠷᠢᠯᠡᠬᠦ ᠬᠡᠷᠡᠭᠲᠠᠢ ᠃ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠢᠯᠡᠳᠬᠡᠯ ᠳᠦ ᠭᠦᠨᠵᠡᠭᠡᠶ ᠵᠢᠭᠠᠵᠤ ᠭᠠᠷᠭᠠᠭᠰᠠᠨ ᠨᠢ ᠄ 《 ᠨᠢᠭᠡ ᠲᠦᠷᠦ ᠶᠢᠨ ᠨᠠᠮ ᠂ ᠨᠢᠭᠡ ᠵᠠᠰᠠᠭ ᠤᠨ ᠡᠷᠬᠡ ᠶᠢᠨ ᠢᠷᠡᠭᠡᠳᠦᠢ ᠶ᠋ᠢᠨ ᠬᠤᠪᠢ ᠵᠠᠶᠠᠭ᠎ᠠ ᠨᠢ ᠬᠥᠮᠦᠰ ᠦᠨ ᠰᠡᠳᠬᠢᠯ ᠦᠨ ᠬᠠᠨᠳᠤᠰᠢ ᠪᠠᠷ ᠲᠣᠭᠲᠠᠭᠠᠭᠳᠠᠳᠠᠭ ᠃ ᠠᠷᠠᠳ ᠣᠯᠠᠨ ᠶᠠᠭᠤ ᠶᠢ ᠡᠰᠡᠷᠭᠦᠴᠡᠵᠦ ᠂ ᠶᠠᠭᠤ ᠶᠢ ᠵᠢᠭᠰᠢᠨ ᠬᠣᠷᠣᠰᠴᠤ ᠪᠠᠶᠢᠪᠠᠯ ᠂ ᠪᠢᠳᠠ ᠶᠠᠭᠤ ᠶᠢ ᠡᠷᠡᠰ ᠰᠡᠷᠭᠡᠶᠢᠯᠡᠨ ᠵᠠᠯᠠᠷᠠᠭᠤᠯᠬᠤ ᠬᠡᠷᠡᠭᠲᠡᠢ ᠃ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠰᠢ ᠂ ᠰᠢ ᠶᠢᠨ ᠫᠢᠩ ᠨᠥᠬᠥᠷ ᠢᠶᠡᠷ ᠭᠣᠣᠯ ᠪᠣᠯᠭᠠᠭᠰᠠᠨ ᠨᠠᠮ ᠤᠨ ᠲᠥᠪ ᠬᠣᠷᠢᠢ᠎ᠠ ᠤᠷᠢᠳ ᠡᠮᠦᠨ᠎ᠡ ᠪᠠᠶᠢᠭ᠎ᠠ ᠦᠭᠡᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ ᠂ ᠠᠷᠠᠳ ᠤᠯᠠᠨ ᠤ ᠲᠤᠰᠬᠠᠯ ᠬᠠᠮᠤᠭ ᠤᠨ ᠴᠢᠩᠭ᠎ᠠ ᠂ ᠨᠠᠮ ᠤᠨ ᠳᠦᠷᠦ ᠪᠠᠷᠢᠬᠤ ᠰᠠᠭᠤᠷᠢ ᠳᠤ ᠬᠠᠮᠤᠭ ᠤᠨ ᠶᠡᠬᠡ ᠰᠦᠷᠳᠡᠭᠦᠯᠦᠯ ᠪᠤᠯᠵᠤ ᠪᠠᠶᠢᠭ᠎ᠠ ᠳᠤᠪᠤᠢᠢᠮ᠎ᠠ ᠠᠰᠠᠭᠤᠳᠠᠯ ᠢ ᠰᠢᠢᠳᠪᠦᠷᠢᠯᠡᠨ ᠲᠡᠦᠬᠡᠲᠦ ᠴᠢᠨᠠᠷᠲᠠᠢ ᠠᠮᠵᠢᠯᠲᠠ ᠣᠯᠵᠤ ᠂ ᠨᠠᠮ ᠪᠠ ᠤᠯᠤᠰ ᠤᠨ ᠳᠣᠲᠣᠭᠠᠳᠤ ᠳᠤ ᠣᠷᠣᠰᠢᠵᠤ ᠪᠠᠶᠢᠭ᠎ᠠ ᠬᠦᠨᠳᠦ ᠨᠣᠴᠢᠲᠠᠶ ᠳᠠᠯᠳᠠ ᠭᠡᠮ ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠠᠭᠤᠷ ᠠᠮᠢᠰᠬᠤᠯ ᠢ ᠰᠢᠨᠡᠳᠬᠡᠵᠦ ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢ ᠠᠬᠤᠢ ᠢᠯᠡᠳᠲᠡ ᠰᠠᠶᠢᠵᠢᠷᠠᠵᠤ ᠂ ᠠᠷᠠᠳ ᠤᠯᠠᠨ  ᠳᠡᠭᠡᠳᠦ ᠬᠡᠮᠵᠢᠶ᠎ᠡ ᠪᠡᠷ ᠦᠨᠡᠯᠡᠪᠡ ᠃ ᠭᠡᠪᠡᠴᠦ ᠪᠠᠰᠠ ᠰᠡᠷᠭᠡᠭ ᠢᠶᠡᠷ ᠲᠠᠨᠢᠵᠤ ᠤᠯᠬᠤ ᠬᠡᠷᠡᠭᠲᠡᠶ ᠂ ᠨᠠᠮ ᠳᠤ ᠲᠤᠯᠭᠠᠷᠠᠵᠤ ᠪᠠᠶᠢᠭ᠎ᠠ ᠲᠦᠷᠦ ᠪᠠᠷᠢᠬᠤ ᠣᠷᠴᠢᠨ ᠨᠥᠬᠥᠴᠡᠯ ᠨᠠᠷᠢᠨ ᠪᠤᠳᠤᠯᠢᠶᠠᠨᠲᠠᠶ ᠂ ᠨᠠᠮ ᠤᠨ ᠲᠡᠷᠢᠭᠦᠨ ᠦ ᠴᠢᠨᠠᠷ ᠢ ᠨᠥᠯᠥᠭᠡᠯᠡᠬᠦ ᠂ ᠨᠠᠮ ᠤᠨ ᠴᠡᠪᠡᠷ ᠴᠢᠨᠠᠷ ᠢ ᠰᠤᠯᠠᠷᠠᠭᠤᠯᠬᠤ ᠬᠦᠴᠦᠨ ᠵᠦᠢᠯ ᠦᠳ ᠴᠦ ᠪᠤᠳᠤᠯᠢᠶᠠᠨᠲᠠᠢ ᠪᠠᠶᠢᠵᠤ ᠂ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠦᠵᠡᠯ ᠰᠠᠨᠠᠭ᠎ᠠ ᠨᠢ ᠴᠡᠪᠡᠷ ᠪᠤᠰᠤ ᠂ ᠵᠣᠬᠢᠶᠠᠨ ᠪᠠᠶᠢᠭᠤᠯᠤᠯᠲᠠ ᠨᠢ ᠴᠡᠪᠡᠷ ᠪᠤᠰᠤ ᠂ ᠰᠤᠷᠲᠠᠯ ᠴᠡᠪᠡᠷ ᠪᠤᠰᠤ ᠪᠠᠶᠢᠬᠤ ᠵᠡᠷᠭᠡ ᠳᠤᠪᠤᠢᠢᠮ᠎ᠠ ᠠᠰᠠᠭᠤᠳᠠᠯ ᠢ ᠦᠨᠳᠦᠰᠦᠨ ᠡᠴᠡ ᠨᠢ ᠰᠢᠶᠳᠪᠦᠷᠢᠯᠡᠵᠦ ᠴᠢᠳᠠᠭᠠᠳᠤᠶ ᠃ ᠵᠠᠷᠢᠮ ᠨᠠᠮ ᠤᠨ ᠭᠡᠰᠢᠭᠦᠨ ᠂ ᠺᠠᠳ᠋ᠷᠴᠤᠳ ᠤᠨ ᠡᠪ ᠬᠠᠮᠲᠤ ᠶᠣᠰᠣᠨ ᠤ ᠠᠯᠤᠰ ᠤᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠨᠢ ᠪᠠᠰᠠ ᠴᠥᠭᠡᠨ ᠪᠤᠰᠤ ᠪᠠᠯᠠᠷᠬᠠᠶ ᠲᠠᠨᠢᠯᠲᠠ ᠲᠠᠶ ᠪᠠᠶᠢᠵᠤ ᠂ ᠶᠢᠷᠲᠢᠨᠴᠦ ᠶᠢᠨ ᠦᠵᠡᠯᠲᠡ ᠂ ᠠᠮᠢᠳᠤᠷᠠᠬᠤᠶ ᠶᠢᠨ ᠦᠵᠡᠯᠲᠡ ᠂ ᠦᠷᠳᠡᠭ ᠦᠨ ᠦᠵᠡᠯᠲᠡ ᠭᠡᠬᠦ ᠡᠨᠡ ᠬᠦ 《 ᠶᠡᠷᠦᠩᠬᠡᠢ ᠨᠡᠭᠡᠭᠡᠯᠭᠡ 》 ᠶᠢᠨ ᠠᠰᠠᠭᠤᠳᠠᠯ ᠢ ᠴᠤ ᠪᠦᠷᠢᠨ ᠰᠢᠶᠳᠪᠦᠷᠢᠯᠡᠵᠦ ᠴᠢᠳᠠᠭ᠎ᠠ ᠦᠭᠡᠢ᠂ ᠳᠦᠷᠪᠡᠨ ᠢᠲᠡᠭᠡᠯ 》 ᠪᠣᠯᠤᠨ ᠲᠦᠷᠪᠡᠨ ᠤᠬᠠᠮᠰᠠᠷ  》 ᠋ ᠴᠢᠩᠭ᠎ᠠ ᠪᠤᠰᠤ ᠠᠰᠠᠭᠤᠳᠠᠯ ᠮᠥᠨ ᠯᠡ ᠨᠡᠯᠢᠶᠡᠳ ᠲᠤᠪᠤᠢᠢᠮ᠎ᠠ ᠪᠠᠶᠢᠨ᠎ᠠ ᠃ ᠵᠠᠷᠢᠮ ᠨᠠᠮ ᠤᠨ ᠭᠡᠰᠢᠭᠦᠨ ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠦᠭᠡᠢ ᠂ ᠵᠠᠰᠠᠭ ᠤᠨ ᠶᠠᠪᠤᠳᠠᠯ ᠳᠤ ᠵᠠᠯᠬᠠᠭᠤᠷᠠᠨ ᠬᠣᠶᠢᠷᠭᠣᠰᠢᠵᠤ ᠂ 《 ᠨᠣᠶᠠᠨ ᠰᠠᠭᠤᠭᠠᠳ ᠠᠵᠢᠯ ᠬᠢᠬᠦ ᠦᠭᠡᠢ 》 ᠦᠵᠡᠭᠳᠡᠯ ᠨᠡᠶᠢᠳᠡᠮ ᠣᠷᠣᠰᠢᠵᠤ ᠂ ᠴᠥᠭᠡᠨ ᠪᠤᠰᠤ ᠺᠠᠳ᠋ᠷᠴᠤᠳ ᠤᠨ ᠬᠡᠪ ᠴᠢᠨᠠᠷ ᠴᠢᠳᠠᠪᠤᠷᠢ ᠪᠠ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ᠂ ᠰᠢᠨ᠎ᠡ ᠱᠠᠭᠠᠷᠳᠠᠯᠭ᠎ᠠ ᠳᠤ ᠵᠣᠬᠢᠴᠠᠬᠤ ᠦᠭᠡᠢ ᠪᠠᠶᠢᠨ᠎ᠠ ᠃ ᠵᠠᠷᠢᠮ ᠬᠦᠷᠢᠶᠡᠨ ᠳᠡᠬᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠪᠠᠰᠠ ᠨᠡᠯᠢᠶᠡᠳ ᠪᠠᠭᠤᠷᠠᠶ ᠪᠠᠶᠢᠵᠤ ᠂ ᠵᠠᠷᠢᠮ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤᠷᠤᠢ ᠰᠤᠯᠠ ᠵᠠᠳᠠᠭᠠᠶ ᠪᠠᠶᠢᠬᠤ ᠂ ᠵᠠᠷᠢᠮ ᠨᠠᠮ ᠤᠨ ᠭᠡᠰᠢᠭᠦᠳ ᠦᠨ ᠬᠣᠰᠢᠭᠤᠴᠢ ᠵᠢᠱᠢᠶᠡᠴᠢ ᠦᠢᠯᠡᠳᠦᠯ ᠭᠦᠢᠴᠡᠳ ᠦᠭᠡᠢ ᠃ 《 ᠳᠥᠷᠪᠡᠨ ᠰᠤᠷᠲᠠᠯ 》 ᠤᠨ ᠠᠰᠠᠭᠤᠳᠠᠯ ᠢ ᠪᠦᠲᠦᠮᠵᠢᠲᠡᠶ ᠬᠣᠷᠢᠭᠯᠠᠨ ᠵᠣᠭᠰᠣᠭᠠᠵᠤ ᠴᠢᠳᠠᠭᠠᠳᠤᠶ ᠪᠠᠶᠢᠬᠤ ᠂ ᠭᠡᠪᠡᠴᠦ ᠡᠷᠡᠭᠦᠯ ᠪᠤᠰᠤ ᠰᠤᠷᠲᠠᠯ ᠨᠢ ᠮᠣᠳᠣ ᠨᠢ ᠤᠨᠠᠪᠠᠯ ᠦᠨᠳᠦᠰᠦ ᠨᠢ ᠪᠠᠰᠠ ᠪᠠᠶᠢᠭᠰᠠᠭᠠᠷ ᠂ ᠲᠠᠬᠢᠨ ᠢᠯᠡᠷᠡᠬᠦ ᠭᠡᠳᠡᠷᠬᠦ ᠤᠷᠤᠰᠬᠠᠯ ᠤᠨ ᠳᠠᠯᠳᠠ ᠭᠡᠮ ᠪᠠ ᠳᠠᠷᠤᠯᠲᠠ ᠮᠥᠨ ᠬᠦ ᠣᠷᠣᠰᠢᠵᠤ ᠪᠤᠢ ᠂ ᠨᠢᠭᠤᠭᠳᠠᠮᠠᠯ ᠴᠢᠨᠠᠷᠲᠠᠢ ᠲᠠᠯᠲᠠ ᠴᠢᠨᠠᠷᠲᠠᠢ ᠪᠤᠯᠵᠤ ᠬᠤᠪᠢᠷᠠᠭᠰᠠᠠ ᠰᠢᠨ᠎ᠡ ᠠᠰᠠᠭᠤᠳᠠᠯ ᠪᠠᠶᠢᠨ ᠪᠠᠶᠢᠨ ᠭᠠᠷᠴᠤ ᠪᠠᠶᠢᠨ᠎ᠠ ᠃ ᠢᠯᠵᠠᠷᠠᠯ ᠢ ᠡᠰᠡᠷᠭᠦᠴᠡᠬᠦ ᠲᠡᠮᠡᠴᠡᠯ ᠦᠨ ᠪᠠᠶᠢᠳᠠᠯ ᠮᠥᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠶᠤᠮ ᠃ ᠡᠳᠡᠭᠡᠷ ᠨᠢ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠡᠭᠦᠷᠭᠡ ᠬᠦᠨᠳᠦ᠂ ᠵᠠᠮ ᠬᠤᠯᠡ  ᠪᠠᠶᠢᠭᠰᠠᠭᠠᠷ ᠢ ᠬᠠᠷᠠᠭᠤᠯᠵᠤ   ᠪᠠᠶᠢᠨ᠎ᠠ ᠂ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ ᠂ ᠪᠠᠶᠢᠯᠳᠤᠬᠤ ᠪᠣᠳᠣᠯᠭ᠎ᠠ ᠶᠢᠨ ᠪᠠᠲᠤ ᠬᠦᠴᠦᠨ ᠢᠶᠡᠨ ᠪᠠᠷᠢᠮᠲᠠᠯᠠᠨ᠎ᠠ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ ᠂ ᠦᠵᠡᠯ ᠰᠠᠨᠠᠭᠠᠨ ᠤ ᠲᠠᠯ᠎ᠠ ᠪᠠᠷ ᠂ ᠤᠯᠤᠰ ᠲᠦᠷᠦ ᠶᠢᠨ ᠲᠠᠯ᠎ᠠ ᠪᠠᠷ ᠂ ᠵᠣᠬᠢᠶᠠᠨ ᠪᠠᠶᠢᠭᠤᠯᠤᠯᠲᠠ  ᠶ᠋ᠢᠨ ᠲᠠᠯ᠎ᠠ ᠳ᠋ᠤ ᠂ ᠣᠪᠣᠷ ᠰᠤᠷᠲᠠᠯ ᠂ ᠳᠦᠷᠢᠮ ᠦᠨ ᠲᠠᠯ᠎ᠠ ᠪᠠᠷ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠡᠯ᠎ᠡ ᠵᠦᠢᠯ ᠦᠨ ᠵᠥᠷᠢᠴᠡᠯ ᠪᠠ ᠠᠰᠠᠭᠤᠳᠠᠯ ᠢ ᠰᠡᠷᠭᠡᠶᠢᠯᠡᠬᠦ ᠪᠠ ᠰᠢᠶᠳᠪᠦᠷᠢᠯᠡᠬᠦ ᠬᠡᠷᠡᠭᠲᠡᠶ ᠃
    ᠭᠤᠷᠪᠠᠳᠤᠭᠠᠷ ᠲᠤ ᠂ ᠡᠨᠡ ᠪᠣᠯ《 ᠲᠦᠷᠪᠡᠨ ᠶᠡᠬᠡ ᠰᠢᠯᠭᠠᠯᠲᠠ 》 ᠂ 《 ᠲᠦᠷᠪᠡᠨ ᠵᠦᠢᠯ ᠦᠨ ᠠᠶᠤᠯ ᠲᠦᠭᠰᠢᠭᠦᠷᠢ ᠵᠠᠶᠢᠯᠠᠰᠢ ᠦᠭᠡᠢ ᠰᠣᠩᠭᠣᠯᠲᠠ ᠮᠥᠨ ᠃ ᠨᠠᠮ ᠳᠤ ᠲᠤᠯᠭᠠᠷᠠᠵᠤ ᠪᠠᠶᠢᠭ᠎ᠠ ᠳᠡᠯᠡᠬᠡᠶ ᠶᠢᠨ ᠣᠷᠴᠢᠨ ᠨᠥᠬᠥᠴᠡᠯ ᠪᠠ ᠨᠡᠶᠢᠭᠡᠮ ᠦᠨ ᠣᠷᠴᠢᠨ ᠠᠬᠤᠶ ᠳᠤ ᠭᠠᠷᠤᠭᠰᠠᠨ ᠴᠢᠬᠤᠯᠠ ᠶᠡᠬᠡ ᠪᠥᠭᠡᠳ ᠭᠦᠨ ᠭᠦᠨᠵᠡᠭᠡᠶ ᠬᠤᠪᠢᠷᠠᠯᠲᠠ ᠭᠠᠷᠴᠤ ᠂ ᠨᠠᠮ ᠤᠨ ᠭᠡᠰᠢᠭᠦᠨ ᠦ ᠡᠩᠨᠡᠭᠡᠨ ᠦ ᠪᠠᠶᠢᠳᠠᠯ ᠪᠠ ᠪᠦᠲᠦᠴᠡ ᠨᠢ ᠴᠦ ᠮᠠᠰᠢ ᠶᠡᠬᠡ ᠬᠤᠪᠢᠷᠠᠯᠲᠠ ᠭᠠᠷᠴᠤ ᠂ ᠡᠨᠡ ᠨᠢ ᠨᠠᠮ ᠤᠨ ᠬᠥᠭᠵᠢᠯᠲᠡ ᠳᠦ ᠰᠢᠨ᠎ᠡ ᠠᠮᠢᠳᠤ ᠰᠣᠷᠭᠣᠭ ᠬᠦᠴᠦᠨ ᠴᠢᠳᠠᠯ᠂ ᠰᠢᠨ᠎ᠡ ᠴᠠᠭ ᠲᠣᠬᠢᠶᠠᠯ ᠢ ᠠᠮᠵᠢᠨ ᠂ ᠪᠠᠰᠠ ᠰᠢᠨ᠎ᠡ ᠠᠶᠤᠯ ᠲᠦᠭᠰᠢᠭᠦᠷᠢ᠂ ᠰᠢᠨ᠎ᠡ ᠥᠷᠢᠰᠥᠯᠳᠦᠭᠡᠨ ᠲᠤᠯᠭᠠᠷᠠᠵᠤ ᠪᠠᠶᠢᠨ᠎ᠠ ᠃  ᠲᠣᠣᠷ ᠰᠥᠯᠵᠢᠶ᠎ᠡ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠦᠨ ᠦᠳᠲᠡᠷ ᠲᠦᠷᠭᠡᠨ  ᠬᠥᠭᠵᠢᠯᠲᠡ ᠨᠢ ᠨᠠᠮ ᠤᠨ ᠤᠳᠤᠷᠢᠳᠬᠤ ᠴᠢᠳᠠᠪᠤᠷᠢ ᠪᠠ ᠵᠠᠰᠠᠬᠤ ᠪᠠᠷᠢᠬᠤ ᠲᠦᠪᠰᠢᠨ ᠳᠤ ᠨᠡᠩ ᠥᠨᠳᠥᠷ ᠱᠠᠭᠠᠷᠳᠠᠯᠭ᠎ᠠ ᠳᠤᠷᠠᠳᠪᠠ ᠃ ᠨᠠᠮ ᠳᠤ ᠲᠤᠯᠭᠠᠷᠠᠵᠤ ᠪᠠᠶᠢᠭ᠎ᠠ ᠲᠥᠷᠥ ᠪᠠᠷᠢᠬᠤ ᠰᠢᠯᠭᠠᠯᠲᠠ ᠂ ᠥᠭᠡᠷᠡᠴᠢᠯᠡᠯᠲᠡ ᠨᠡᠭᠡᠭᠡᠯᠲᠡ ᠶᠢᠨ ᠰᠢᠯᠭᠠᠯᠲᠠ ᠂ ᠵᠠᠬ᠎ᠠ ᠳᠡᠯᠭᠡᠭᠦᠷ ᠦᠨ ᠠᠵᠤ ᠠᠬᠤᠶ ᠶᠢᠨ ᠰᠢᠯᠭᠠᠯᠲᠠ ᠂ ᠭᠠᠳᠠᠭᠠᠳᠤ ᠣᠷᠴᠢᠨ ᠨᠥᠬᠥᠴᠡᠯ ᠦᠨ ᠰᠢᠯᠭᠠᠯᠲᠠ ᠪᠣᠯ ᠮᠥᠨ ᠯᠡ ᠤᠷᠲᠤ ᠬᠤᠭᠤᠴᠠᠭ᠎ᠠ ᠪᠠᠷ ᠂ ᠪᠤᠳᠤᠯᠢᠶᠠᠨ ᠲᠠᠶ ᠂ ᠤᠶᠤᠨ ᠰᠠᠨᠠᠭ᠎ᠠ ᠬᠣᠶᠢᠷᠭᠣᠰᠢᠬᠤ ᠠᠶᠤᠯ ᠂ ᠴᠢᠳᠠᠪᠤᠷᠢ ᠬᠦᠷᠦᠯᠴᠡᠬᠦ ᠦᠭᠡᠢ ᠠᠶᠤᠯ ᠂ ᠤᠯᠠᠨ ᠲᠦᠮᠡᠨ ᠡᠴᠡ ᠬᠥᠨᠳᠡᠶᠢᠷᠡᠬᠦ ᠠᠶᠤᠯ ᠂ ᠨᠠᠵᠠᠭᠠᠶᠢᠷᠠᠨ ᠢᠯᠵᠠᠷᠠᠬᠤ ᠠᠶᠤᠯ ᠪᠦᠬᠦ ᠨᠠᠮ ᠤᠨ ᠡᠮᠦᠨ᠎ᠡ ᠨᠡᠩ ᠬᠤᠷᠴᠠ ᠰᠢᠷᠦᠭᠦᠨ ᠢᠶᠡᠷ ᠬᠦᠨᠳᠦ ᠬᠡᠴᠡᠭᠦᠦ ᠪᠠᠶᠢᠨ᠎ᠠ ᠃ ᠪᠢᠳᠡ《 ᠲᠦᠷᠪᠡᠨ ᠶᠡᠬᠡ ᠰᠢᠯᠭᠠᠯᠲᠠ 》 ᠂ 《 ᠲᠦᠷᠪᠡᠨ ᠵᠦᠢᠯ ᠦᠨ ᠠᠶᠤᠯ ᠲᠦᠭᠰᠢᠭᠦᠷᠢ 》 ᠶ᠋ᠢ ᠠᠷᠭᠠᠴᠠᠵᠤ ᠂ ᠨᠠᠮ ᠤᠨ ᠥᠪᠡᠷ ᠢ ᠪᠡᠨ ᠴᠡᠪᠡᠷᠰᠢᠭᠦᠯᠬᠦ ᠂ ᠥᠪᠡᠰᠦᠪᠡᠨ ᠲᠡᠭᠦᠯᠳᠡᠷᠵᠢᠬᠦ ᠂ᠥᠪᠡᠷ ᠢ ᠪᠡᠨ ᠰᠢᠨᠡᠴᠢᠯᠡᠬᠦ ᠂ ᠲᠤᠰ ᠪᠡᠶ᠎ᠡ ᠪᠡᠨ ᠳᠡᠭᠡᠭᠰᠢᠯᠡᠭᠦᠯᠬᠦ ᠴᠢᠳᠠᠪᠤᠷᠢ᠂ ᠡᠷᠬᠡᠪᠰᠢ ᠨᠠᠮ ᠤᠨ ᠪᠠᠶᠢᠭᠤᠯᠤᠯᠲᠠ ᠶᠢ ᠴᠥᠬᠥᠷᠡᠰᠢ ᠦᠭᠡᠢ ᠰᠠᠶᠢᠲᠤᠷ ᠠᠳᠬᠤᠵᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠡᠩ  ᠭᠦᠨᠵᠡᠭᠡᠶᠢᠷᠡᠭᠦᠯᠬᠦ ᠬᠡᠷᠡᠭᠲᠡᠢ ᠃
    ᠶᠡᠷᠦᠩᠬᠡᠶᠢᠯᠡᠪᠡᠯ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠨᠡ ᠬᠦ ᠦᠨᠳᠦᠰᠦᠨ ᠠᠰᠠᠭᠤᠳᠠᠯ ᠳᠡᠭᠡᠷ᠎ᠡ ᠂ ᠪᠢᠳᠡ ᠶᠠᠭᠠᠬᠢᠭᠰᠠᠨ ᠴᠤ ᠰᠡᠳᠬᠢᠯ ᠬᠠᠨᠤᠵᠤ ᠰᠡᠩᠬᠡᠯᠵᠡᠨ ᠠᠭᠠᠰᠢᠯᠠᠵᠤ ᠂ ᠰᠣᠬᠣᠷ ᠪᠠᠯᠠᠶ ᠪᠠᠷ ᠪᠠᠶᠠᠷᠯᠠᠵᠤ ᠪᠣᠯᠬᠤ ᠦᠭᠡᠢ ᠂ ᠥᠨᠢ ᠡᠭᠦᠷᠢᠳᠡ ᠦᠭᠡᠢ ᠬᠢᠬᠦ ᠬᠠᠳᠠᠨ ᠵᠣᠷᠢᠭ ᠂ ᠰᠢᠨᠲᠠᠷᠠᠰᠢ ᠦᠬᠡᠢ ᠴᠢᠳᠠᠮᠠᠭᠠᠶ ᠪᠠᠷ ᠠᠵᠢᠯᠯᠠᠵᠤ᠂ ᠴᠢᠳᠠᠮᠠᠭᠠᠶ ᠪᠠᠷ ᠪᠦᠲᠦᠭᠡᠵᠦ ᠂ ᠨᠠᠮ ᠢ ᠬᠠᠮᠢᠶᠠᠷᠴᠤ᠂ ᠨᠠᠮ ᠢ ᠵᠠᠰᠠᠬᠤ ᠡᠷᠭᠢ ᠱᠤᠷᠠᠭ ᠢ ᠴᠢᠩᠭᠠᠷᠠᠭᠤᠯᠵᠤ ᠂ ᠨᠡᠩ  ᠴᠢᠩᠭ᠎ᠠᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠡᠳᠬᠢᠴᠡ ᠠᠷᠭ᠎ᠠ ᠬᠡᠮᠵᠢᠶ᠎ᠡ ᠨᠢ ᠨᠡᠩ ᠰᠢᠨᠵᠢᠯᠡᠬᠦ ᠤᠬᠠᠭᠠᠨᠴᠢ ᠂ ᠨᠡᠩ ᠨᠢᠭᠲᠠ ᠂ ᠨᠡᠩ ᠪᠦᠲᠦᠮᠵᠢᠲᠡᠢ ᠪᠣᠯᠭᠠᠵᠤ ᠂ ᠨᠠᠮ ᠤᠨ ᠢᠮᠠᠭᠲᠠ ᠠᠷᠠᠳ ᠲᠦᠮᠡᠨ ᠲᠡᠶ ᠪᠤᠳᠤᠯ ᠰᠡᠳᠬᠢᠯ ᠢᠶᠡᠨ ᠬᠣᠯᠪᠣᠵᠤ ᠂ ᠠᠷᠠᠳ ᠲᠦᠮᠡᠨ ᠲᠡᠶ ᠬᠠᠮᠲᠤ ᠠᠵᠢᠯᠯᠠᠵᠤ ᠂ ᠳᠤᠮᠳᠠᠳᠤ ᠤᠯᠤᠰ ᠤᠨ ᠠᠷᠠᠳ ᠲᠦᠮᠡᠨ ᠦ ᠠᠭᠤᠤ ᠶᠡᠬᠡ ᠬᠦᠰᠡᠯᠡᠩ ᠢ ᠠᠴᠢᠶᠠᠯᠠᠭᠰᠠᠨ ᠣᠩᠭᠣᠴᠠ ᠳᠠᠪᠠᠯᠭᠠᠨ ᠢ ᠰᠦᠷᠦᠨ ᠤᠷᠤᠭᠰᠢᠯᠠᠵᠤ ᠂ ᠭᠡᠷᠡᠯ ᠰᠠᠴᠤᠷᠠᠩᠭᠤᠢ ᠲᠡᠷᠲᠡᠭᠡ ᠡᠷᠭᠢ ᠲᠡᠰᠢ ᠢᠯᠠᠯᠲᠠ ᠲᠠᠶ ᠪᠠᠷ ᠤᠷᠤᠭᠰᠢᠯᠠᠵᠤ  ᠴᠢᠳᠠᠬᠤ ᠶ᠋ᠢ ᠪᠠᠲᠤᠯᠠᠬᠤ ᠬᠡᠷᠡᠭᠲᠡᠢ᠃

ᠵᠣᠬᠢᠶᠠᠭᠴᠢ:
ᠢᠷᠡᠯᠲᠡ: