ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ
ᠶᠡᠷᠦᠩᠬᠡᠢ ᠱᠦᠵᠢ ᠰᠢ ᠵᠢᠨ ᠫᠢᠩ ᠦᠨ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠢᠯᠡᠳᠬᠡᠯ ᠳᠦ ᠳᠤᠷᠠᠳᠤᠭᠰᠠᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ᠂ ᠡᠨᠡ ᠬᠦ ᠱᠠᠭᠠᠷᠳᠠᠯᠭ᠎ᠠ ᠶᠢ ᠬᠥᠭᠵᠢᠭᠡᠨ ᠪᠠᠶᠠᠰᠬᠠᠵᠤ᠂ ᠡᠯᠪᠡᠭ ᠳᠡᠯᠪᠡᠭ ᠠᠭᠤᠯᠬᠤᠨ ᠲᠠᠶ᠂ ᠮᠠᠷᠺᠰ ᠤᠨ ᠦᠵᠡᠯ ᠦᠨ ᠲᠥᠷᠥ ᠪᠠᠷᠢᠭᠴᠢ ᠨᠠᠮ ᠤᠨ ᠤᠯᠤᠰ ᠲᠥᠷᠥ ᠶᠢᠨ ᠰᠢᠨᠵᠢ ᠴᠢᠨᠠᠷ ᠪᠠ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠶᠡᠬᠡ ᠰᠡᠳᠬᠢᠴᠡ᠂ ᠶᠡᠬᠡ ᠠᠷᠭ᠎ᠠ ᠪᠤᠳᠤᠯᠭ᠎ᠠ ᠂ ᠢᠯᠡ ᠲᠣᠳᠣ ᠴᠠᠭ ᠦᠶ᠎ᠡ ᠶᠢᠨ ᠣᠨᠴᠠᠯᠢᠭ ᠪᠠ ᠴᠣ ᠰᠢᠨ᠎ᠡ ᠣᠨᠣᠯ ᠤᠨ ᠣᠨᠴᠠᠯᠢᠭ ᠲᠠᠢ᠂ ᠡᠨᠡ ᠪᠣᠯ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠬᠥᠲᠥᠯᠪᠦᠷᠢ ᠪᠠ ᠶᠡᠷᠦᠩᠬᠡᠶ ᠵᠢᠷᠤᠮᠯᠠᠯ ᠮᠥᠨ᠃ ᠡᠨᠡ ᠬᠦ ᠶᠡᠷᠦᠩᠬᠡᠶ ᠱᠠᠭᠠᠷᠳᠠᠯᠭ᠎ᠠ ᠶᠢ ᠰᠤᠷᠤᠯᠴᠠᠨ ᠣᠶᠢᠯᠠᠭᠠᠵᠤ᠂ ᠭᠣᠣᠯᠳᠠᠯᠭ᠎ᠠ ᠲᠠᠶ ᠳᠣᠣᠷᠠᠬᠢ ᠲᠠᠪᠤᠨ ᠲᠠᠯ᠎ᠠ ᠶᠢ ᠡᠵᠡᠮᠰᠢᠬᠦ ᠬᠡᠷᠡᠭᠲᠡᠶ ᠃
ᠨᠢᠭᠡᠳᠦᠭᠡᠷ ᠲᠦ᠂ 《 ᠬᠣᠶᠠᠷ ᠢ ᠪᠠᠷᠢᠮᠲᠠᠯᠠᠬᠤ 》 ᠦᠨᠳᠦᠰᠦᠨ ᠴᠢᠭᠯᠡᠯᠲᠡ ᠪᠣᠯᠬᠤ ᠶᠤᠮ᠃ ᠬᠠᠮᠤᠭ ᠲᠦᠷᠦᠭᠦᠨ ᠳ᠋ᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠡᠨᠡ ᠪᠣᠯ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠦᠨᠳᠦᠰᠦᠨ ᠡᠭᠦᠰᠦᠯᠲᠡ ᠪᠠ ᠲᠡᠭᠦᠰᠬᠡᠯ ᠮᠦᠨ᠃ ᠴᠡᠷᠢᠭ ᠠᠷᠠᠳ ᠬᠠᠮᠲᠤ ᠪᠠᠷ ᠰᠤᠷᠤᠯᠴᠠᠵᠤ᠂ ᠳᠦᠷᠪᠡᠨ ᠵᠦᠭ ᠨᠠᠢᠮᠠᠨ ᠵᠣᠪᠬᠢᠰ ᠲᠤ ᠨᠠᠮ ᠠᠯᠢᠪᠠ ᠶᠢ ᠤᠳᠤᠷᠢᠳᠤᠨ᠎ᠠ᠃ ᠶᠡᠷᠦᠩᠬᠡᠢ ᠱᠦᠵᠢ ᠰᠢ ᠶᠢᠨ ᠫᠢᠩ ᠲᠠᠬᠢᠨ ᠳᠠᠪᠲᠠᠨ ᠴᠢᠬᠤᠯᠠᠴᠢᠯᠠᠭᠰᠠᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠮᠥᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠤᠨ ᠬᠠᠮᠤᠭ ᠤᠨ ᠶᠡᠬᠡ ᠳᠠᠪᠠᠭᠤᠯᠢᠭ ᠮᠥᠨ᠃ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠢᠯᠡᠳᠬᠡᠯ ᠳᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠦᠨᠳᠦᠰᠦᠨ ᠴᠢᠭᠯᠡᠯᠲᠡ ᠪᠣᠯᠭᠠᠨ ᠲᠣᠭᠲᠠᠭᠠᠵᠤ᠂ ᠮᠠᠨ ᠤ ᠨᠠᠮ ᠤᠨ ᠤᠯᠤᠰ ᠲᠤᠢᠷᠦ ᠶᠢᠨ ᠪᠠᠲᠤ ᠴᠢᠩᠭ᠎ᠠ ᠢᠲᠡᠭᠡᠯ ᠮᠥᠨ᠂ ᠡᠨᠡ ᠨᠢ ᠨᠠᠮ ᠤᠨ ᠪᠠᠶᠢᠭᠤᠯᠤᠯᠲᠠ ᠶᠢᠨ ᠤᠭ ᠰᠠᠨᠠᠭ᠎ᠠ ᠮᠥᠨ ᠃
ᠳᠠᠷᠠᠭ᠎ᠠ ᠳ᠋ᠦᠨᠢ᠂ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠣᠯ ᠨᠠᠮ ᠤᠨ ᠪᠠᠶᠢᠭᠤᠯᠤᠯᠲᠠ ᠶᠢᠨ ᠴᠢᠭᠯᠡᠯᠲᠡ ᠪᠣᠯᠤᠨ ᠱᠠᠭᠠᠷᠳᠠᠯᠭ᠎ᠠ ᠮᠥᠨ᠃ ᠨᠠᠮ ᠢ ᠴᠢᠩᠭ᠎ᠠ ᠵᠠᠰᠠᠬᠤ ᠠᠵᠢᠯ ᠤᠨ ᠳᠤᠮᠳᠠ ᠡᠮᠦᠨ᠎ᠡ 《 ᠪᠦᠬᠦ ᠲᠠᠯ᠎ᠠ 》 ᠭᠡᠳᠡᠭ ᠬᠣᠶᠠᠷ ᠦᠭᠡ ᠶᠢ ᠨᠡᠮᠡᠭᠡᠳ᠂ ᠲᠡᠷᠡ ᠨᠢ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠭᠠᠰᠢᠬᠢ ᠨᠠᠮ ᠤᠨ ᠪᠠᠶᠢᠭᠤᠯᠤᠯᠲᠠ ᠶᠢᠨ ᠦᠢᠯᠡᠳᠦᠯᠭᠡ ᠶᠢᠨ ᠲᠤᠷᠰᠢᠯᠭ᠎ᠠ ᠶᠢᠨ ᠵᠢᠮ᠎ᠡ ᠶᠣᠰᠣᠴᠢ ᠴᠢᠨᠠᠷ ᠢ ᠡᠵᠡᠮᠰᠢᠵᠦ᠂ ᠨᠠᠮ ᠤᠨ ᠪᠠᠶᠢᠭᠤᠯᠤᠯᠲᠠ ᠶᠢ ᠵᠢᠯᠣᠭᠣᠳᠬᠤ ᠴᠢᠭᠯᠡᠯᠲᠡ ᠶᠢᠨ ᠴᠠᠭ ᠦᠶ᠎ᠡ ᠲᠡᠶ ᠵᠡᠷᠭᠡᠪᠡᠷ ᠤᠷᠤᠭᠰᠢᠯᠠᠬᠤ ᠶᠢ ᠪᠡᠶᠡᠯᠡᠭᠦᠯᠪᠡ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠲᠠᠢ ᠡᠷᠬᠡᠪᠰᠢ ᠨᠢᠭᠲᠠ ᠤᠶᠠᠯᠳᠤᠭᠤᠯᠤᠨ ᠂ 《 ᠬᠣᠶᠠᠷ ᠢ ᠪᠠᠷᠢᠮᠲᠠᠯᠠᠬᠤ 》 ᠦᠨᠳᠦᠰᠦᠨ ᠴᠢᠭᠯᠡᠯᠲᠡ ᠪᠡᠷ ᠪᠠᠶᠢᠷᠢᠯᠠᠭᠤᠯᠵᠤ᠂ ᠠᠬᠢᠭᠤᠯᠵᠤ᠂ ᠰᠢᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ᠂ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠡᠭᠦᠳᠦᠨ ᠪᠦᠲᠦᠭᠡᠬᠦ ᠬᠦᠴᠦᠨ᠂ ᠳᠣᠲᠣᠭᠠᠳᠤ ᠪᠠᠷᠢᠯᠳᠤᠯ ᠤᠨ ᠬᠦᠴᠦ᠂ ᠳᠠᠶᠢᠴᠢᠨ ᠬᠦᠴᠦᠨ ᠪᠠ ᠤᠳᠤᠷᠢᠳᠬᠤ ᠬᠦᠴᠦᠨ᠂ ᠤᠷᠢᠶᠠᠯᠠᠬᠤ ᠬᠦᠴᠦᠨ ᠢ ᠴᠢᠩᠭᠠᠳᠬᠠᠬᠤ ᠬᠡᠷᠡᠭᠲᠡᠢ ᠃
ᠬᠣᠶᠠᠳᠤᠭᠠᠷ ᠲᠤ᠂ 《ᠳᠦᠷᠪᠡᠨ ᠪᠣᠯᠭᠠᠬᠤ 》 ᠠᠵᠢᠯ ᠤᠨ ᠰᠡᠳᠬᠢᠮᠵᠢ ᠶ᠋ᠢ ᠴᠢᠩᠭᠠᠳᠬᠠᠵᠤ᠂ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠴᠢᠳᠠᠪᠤᠷᠢ ᠶᠢᠨ ᠪᠠᠶᠢᠭᠤᠯᠤᠯᠲᠠ᠂ ᠲᠡᠷᠢᠭᠦᠨ ᠦ ᠴᠢᠨᠠᠷ ᠪᠠ ᠴᠡᠪᠡᠷ ᠴᠢᠨᠠᠷ ᠤᠨ ᠪᠠᠶᠢᠭᠤᠯᠤᠯᠲᠠ ᠪᠠᠷ ᠭᠣᠣᠯ ᠰᠢᠵᠢᠮ ᠪᠣᠯᠭᠠᠵᠤ᠂ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠤᠨ ᠢᠯᠡᠳᠬᠡᠯ ᠦᠨ ᠬᠠᠮᠢᠶ᠎ᠠ ᠪᠦᠬᠦᠢ ᠥᠭᠦᠯᠡᠯᠲᠡ ᠮᠥᠨ᠂ ᠢᠯᠠᠩᠭᠤᠶ᠎ᠠ ᠤᠷᠲᠤ ᠬᠤᠭᠤᠴᠠᠭ᠎ᠠ ᠪᠠᠷ ᠲᠦᠷᠦ ᠪᠠᠷᠢᠬᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠨᠠᠮ ᠤᠨ ᠡᠮᠦᠨ᠎ᠡ ᠬᠠᠷᠠᠭᠤᠯᠵᠤ᠂ 《 ᠬᠡᠵᠢᠶᠡᠳᠡ ᠵᠣᠭᠰᠣᠰᠢ ᠦᠭᠡᠢ 》 ᠦᠵᠡᠯ ᠰᠠᠨᠠᠭᠠᠨ ᠤ ᠠᠭᠤᠯᠤᠭᠳᠠᠬᠤᠨ ᠪᠠ ᠦᠢᠯᠡᠳᠦᠯᠭᠡ ᠶᠢᠨ ᠤᠳᠤᠷᠢᠳᠤᠮᠵᠢ ᠪᠣᠯᠭᠠᠬᠤ ᠬᠡᠷᠡᠭᠲᠡᠢ᠃ 《 ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ 》᠂ ᠡᠨᠡ ᠪᠣᠯ ᠨᠠᠮ ᠤᠨ ᠪᠠᠶᠢᠭᠤᠯᠤᠯᠲᠠ ᠶᠢᠨ ᠲᠡᠦᠬᠡ ᠶᠢᠨ ᠲᠤᠬᠠᠶ᠂ ᠢᠯᠠᠩᠭᠤᠶ᠎ᠠ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠭᠠᠰᠢᠬᠢ ᠨᠠᠮ ᠤᠨ ᠪᠠᠶᠢᠭᠤᠯᠤᠯᠲᠠ ᠶᠢᠨ ᠡᠷᠬᠢᠮ ᠨᠠᠨᠳᠢᠨ ᠲᠤᠷᠰᠢᠯᠭ᠎ᠠ ᠶᠢ ᠰᠢᠨᠵᠢᠯᠡᠬᠦ ᠤᠬᠠᠭᠠᠨᠴᠢ ᠪᠠᠷ ᠳ᠋ᠦᠩᠨᠡᠭᠰᠡᠨ ᠪᠠ ᠣᠨᠣᠯ ᠤᠨ ᠲᠠᠯ᠎ᠠ ᠠᠴᠠ ᠳᠡᠭᠡᠭᠰᠢᠯᠡᠭᠦᠯᠦᠭᠰᠡᠨ ᠢ ᠬᠠᠷᠠᠭᠤᠯᠵᠤ᠂ ᠮᠠᠷᠺᠰ ᠤᠨ ᠦᠵᠡᠯ ᠦᠨ ᠲᠦᠷᠦ ᠪᠠᠷᠢᠭᠴᠢ ᠨᠠᠮ ᠤᠨ ᠪᠠᠶᠢᠭᠤᠯᠤᠯᠲᠠ ᠶᠢᠨ ᠦᠨᠳᠦᠰᠦᠨ ᠵᠦᠢᠯ ᠢ ᠠᠳᠬᠤᠵᠤ᠂ ᠵᠠᠩᠭᠢᠯᠠᠭ᠎ᠠ ᠶᠢᠨ ᠴᠡᠭ ᠂ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠠᠳᠬᠤᠪᠠᠯ ᠠᠯᠢᠪᠠ ᠪᠦᠬᠦᠨ ᠦᠢᠯᠡᠳᠦᠯ ᠢᠶᠡᠨ ᠦᠵᠡᠭᠦᠯᠬᠦ ᠨᠢ ᠯᠠᠪᠲᠠᠶ ᠶᠤᠮ ᠃ 《 ᠬᠠᠳᠠᠨ ᠪᠠᠲᠤ ᠬᠦᠰᠡᠯᠡᠩ ᠢᠲᠡᠭᠡᠯ ᠵᠣᠷᠢᠭ ᠪᠠ ᠵᠣᠷᠢᠯᠲᠠ ᠪᠠᠨ ᠪᠠᠲᠤᠳᠬᠠᠬᠤ ᠪᠠᠷ ᠦᠨᠳᠦᠰᠦ ᠰᠠᠭᠤᠷᠢ 》 ᠂ ᠲᠡᠷᠡ ᠪᠣᠯ ᠡᠪ ᠬᠠᠮᠲᠤᠴᠤᠳ ᠤᠨ ᠤᠭ ᠰᠠᠨᠠᠭ᠎ᠠ ᠪᠠ ᠤᠯᠤᠰ ᠲᠦᠷᠦ ᠶᠢᠨ ᠰᠦᠭ ᠰᠦᠨᠡᠰᠦ ᠮᠥᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠠᠰᠤᠷᠠᠯᠳ᠋ᠠ ᠦᠭᠡᠢ ᠡᠷᠡᠰ ᠪᠠᠲᠤ ᠮᠠᠷᠺᠰ ᠤᠨ ᠦᠵᠡᠯ ᠦᠨ ᠲᠤᠬᠠᠢ ᠢᠲᠡᠭᠡᠯ ᠪᠢᠰᠢᠷᠡᠯ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠦ ᠦᠢᠯᠡᠴᠢᠯᠡᠬᠦ ᠵᠣᠷᠢᠯᠲᠠ ᠶᠢ ᠢᠮᠠᠭᠲᠠ ᠪᠠᠲᠤ ᠴᠡᠭᠡᠵᠢᠯᠡᠵᠦ ᠂ ᠤᠬᠠᠮᠰᠠᠷ ᠠᠴᠠ ᠪᠠᠨ ᠡᠪ ᠬᠠᠮᠲᠤ ᠶᠣᠰᠣᠨ ᠤ ᠠᠯᠤᠰ ᠬᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠦᠨ ᠪᠠᠲᠤ ᠴᠢᠩᠭ᠎ᠠ ᠰᠢᠲᠦᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠶᠣᠰᠣᠲᠠᠶ ᠃ 《 ᠪᠦᠬᠦ ᠨᠠᠮ ᠤᠨ ᠢᠳᠡᠪᠬᠢᠵᠢᠯ ᠢ ᠳᠠᠶᠢᠴᠢᠯᠠᠬᠤ᠂ ᠰᠠᠨᠠᠭᠠᠴᠢᠯᠠᠭᠠᠲᠤ ᠴᠢᠨᠠᠷ ᠢᠶᠠᠷ ᠬᠦᠴᠦᠯᠡᠬᠦ ᠴᠡᠭ ᠪᠣᠯᠭᠠᠵᠤ᠂ ᠲᠡᠷᠡ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠬᠡ ᠦᠢᠯᠡᠰ ᠢ ᠪᠦᠲᠦᠭᠡᠬᠦ ᠳᠦ ᠡᠷᠬᠡᠪᠰᠢ ᠨᠠᠮ ᠤᠨ ᠭᠡᠰᠢᠭᠦᠨ ᠦ ᠪᠡᠶᠡᠴᠢ ᠴᠣᠭᠴᠠ ᠶᠢᠨ ᠪᠠᠶᠢᠷᠢ ᠰᠠᠭᠤᠷᠢ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ᠂ ᠬᠠᠮᠤᠭ ᠶᠡᠬᠡ ᠬᠡᠮᠵᠢᠶ ᠠ ᠪᠠᠷ ᠳᠠᠢᠢᠴᠢᠯᠠᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠢᠳᠡᠪᠬᠢᠵᠢᠯ ᠢ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠪᠣᠯᠭᠠᠨ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠂ ᠦᠢᠯᠡᠰ ᠪᠦᠲᠦᠭᠡᠬᠦ ᠳᠡᠭᠡᠨ ᠴᠢᠳᠠᠮᠠᠭᠠᠢ ᠰᠠᠢᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠶ ᠃
ᠭᠤᠷᠪᠠᠳᠤᠭᠠᠷ ᠲᠤ᠂ 《 5 + 2 》 ᠬᠡᠮᠡᠬᠦ ᠶᠡᠷᠦᠩᠬᠡᠶ ᠪᠠᠶᠢᠷᠢᠰᠢᠯ ᠢ ᠲᠣᠭᠲᠠᠭᠠᠵᠠᠶ ᠃ 《ᠨᠠᠮ ᠤᠨ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠦᠳᠦᠭᠡᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠲᠦᠷᠢᠮ ᠦᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠲᠡᠭᠦᠨ ᠦ ᠳᠤᠮᠳᠠ ᠲᠤᠤᠱᠯᠠᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠬᠡᠷᠡᠭᠲᠡᠢ 》 ᠂ ᠡᠨᠡ ᠪᠣᠯ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠢᠯᠡᠳᠬᠡᠯ ᠳᠦ ᠨᠠᠮ ᠤᠨ ᠪᠠᠶᠢᠭᠤᠯᠤᠯᠲᠠ ᠶᠢᠨ ᠶᠡᠷᠦᠩᠬᠡᠶ ᠪᠠᠶᠢᠷᠢᠯᠠᠭᠤᠯᠤᠯᠲᠠ ᠶᠢ ᠲᠣᠭᠲᠠᠭᠠᠭᠰᠠᠨ ᠨᠢᠭᠡᠨ ᠴᠢᠬᠤᠯᠠ ᠶᠡᠬᠡ ᠤᠨᠤᠯ ᠤᠨ ᠪᠠ ᠦᠢᠯᠡᠳᠦᠯᠭᠡ ᠶᠢᠨ ᠰᠢᠨ᠎ᠡ ᠡᠭᠦᠳᠦᠯᠲᠡ ᠮᠦᠨ᠂ ᠰᠢᠨ᠎ᠡ ᠴᠠᠭ ᠦᠶ᠎ᠡ ᠳᠦ ᠪᠦᠬᠦ ᠲᠠᠯ᠎ᠠ ᠪᠠᠷ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠳᠤ ᠴᠢᠬᠤᠯᠠ ᠠᠴᠢ ᠬᠣᠯᠪᠣᠭᠳᠠᠯ ᠲᠠᠶ ᠶᠤᠮ᠃ ᠤᠷᠳᠤ ᠬᠤᠭᠤᠴᠠᠭ᠎ᠠ ᠪᠠᠷ ᠬᠡᠷᠡᠭᠯᠡᠭᠡᠳ ᠢᠷᠡᠭᠰᠡᠨ 《ᠦᠵᠡᠯ ᠰᠠᠨᠠᠭ᠎ᠠ ᠤᠯᠤᠰ ᠲᠤᠢᠷᠦ ᠶᠢᠨ ᠪᠠᠶᠢᠭᠤᠯᠤᠯᠲᠠ 》 ᠶᠢ ᠤᠯᠤᠰ ᠲᠦᠷᠦ ᠶᠢᠨ ᠪᠠᠶᠢᠭᠤᠯᠤᠯᠲᠠ ᠪᠠ ᠦᠵᠡᠯ ᠰᠠᠨᠠᠭᠠᠨ ᠤ ᠪᠠᠶᠢᠭᠤᠯᠤᠯᠲᠠ ᠭᠡᠵᠦ ᠢᠯᠭᠠᠳᠠᠭ᠂ ᠡᠭᠦᠨ ᠳᠦ ᠤᠯᠤᠰ ᠲᠦᠷᠦ ᠶᠢᠨ ᠪᠠᠶᠢᠭᠤᠯᠤᠯᠲᠠ ᠶᠢᠨ ᠨᠠᠮ ᠤᠨ ᠡᠯ᠎ᠡ ᠵᠦᠢᠯ ᠦᠨ ᠪᠦᠳᠦᠭᠡᠨ ᠪᠠᠶᠢᠭᠤᠯᠤᠯᠲᠠ ᠳᠤᠮᠳᠠ ᠶᠡᠷᠦᠩᠬᠡᠶᠢᠯᠡᠨ ᠵᠠᠬᠢᠷᠬᠤ ᠪᠣᠯᠤᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠶ᠃ ᠰᠢᠨ᠎ᠡ ᠪᠡᠷ ᠨᠡᠮᠡᠭᠳᠡᠬᠦ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠬᠠᠷᠠᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠨᠢ ᠰᠠᠬᠢᠯᠭ᠎ᠠ ᠪᠠᠲᠤ ᠲᠦᠷᠢᠮ ᠲᠣᠭᠲᠠᠭᠠᠯ ᠢ ᠡᠮᠦᠨ᠎ᠡ ᠨᠢ ᠰᠢᠨ᠎ᠡ ᠰᠣᠷᠭᠣᠭ ᠲᠤᠷᠰᠢᠯᠭ᠎ᠠ ᠶᠢ ᠢᠯᠡᠷᠡᠭᠦᠯᠦᠭᠰᠡᠨ ᠪᠠᠶᠢᠨ᠎ᠠ᠃ ᠨᠠᠮ ᠤᠨ ᠡᠯ᠎ᠡ ᠵᠦᠢᠯ ᠦᠨ ᠪᠠᠶᠢᠭᠤᠯᠤᠯᠲᠠ ᠳᠤ ᠲᠤᠤᠱᠯᠠᠭᠤᠯᠬᠤ᠂ ᠲᠦᠷᠢᠮ ᠦᠨ ᠪᠠᠶᠢᠭᠤᠯᠤᠯᠲᠠ ᠶᠢ ᠪᠦᠬᠦ ᠶᠠᠪᠤᠴᠠ ᠳᠤ ᠲᠤᠤᠱᠯᠠᠭᠤᠯᠵᠤ᠂ ᠳᠦᠷᠢᠮ ᠦᠨ ᠪᠠᠶᠢᠭᠤᠯᠤᠯᠲᠠ ᠶᠢ ᠴᠢᠩᠭᠠᠳᠬᠠᠬᠤ ᠶᠢᠨ ᠳᠣᠲᠣᠭᠠᠳᠤ ᠲᠣᠭᠲᠠᠭᠠᠯᠲᠤ ᠴᠢᠨᠠᠷ᠂ ᠲᠦᠷᠢᠮ ᠦᠨ ᠪᠠᠶᠢᠭᠤᠯᠤᠯᠲᠠ ᠶᠢᠨ ᠴᠢᠬᠤᠯᠠ ᠪᠠᠶᠢᠷᠢ ᠰᠠᠭᠤᠷᠢ ᠪᠠ ᠦᠢᠯᠡᠳᠦᠯ ᠨᠢ ᠨᠡᠩ ᠲᠤᠪᠤᠢᠢᠮ᠎ᠠ ᠪᠤᠯᠵᠤ ᠪᠠᠶᠢᠨ᠎ᠠ ᠃ 《 ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ 》 ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ ᠂ ᠮᠠᠨ ᠤ ᠨᠠᠮ ᠤᠨ ᠡᠷᠡᠰ ᠭᠤᠶᠢᠪᠢᠰᠢ ᠥᠬᠡᠶ ᠪᠡᠷ ᠰᠤᠷᠲᠠᠯ ᠢ ᠴᠡᠭᠴᠡᠯᠡᠬᠦ ᠡᠷᠡᠰ ᠵᠣᠷᠢᠭ ᠢ ᠬᠠᠷᠠᠭᠤᠯᠤᠭᠰᠠᠨ ᠪᠠᠶᠢᠨ᠎ᠠ ᠃
ᠳᠥᠷᠪᠡᠳᠦᠭᠡᠷ ᠲᠦ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠨᠢ ᠲᠤᠯᠭᠠᠮ᠎ᠠ ᠡᠭᠦᠷᠭᠡ ᠮᠥᠨ᠃ ᠣᠳᠣᠬᠢ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠦᠨ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠠᠨᠠᠶ᠂ ᠵᠠᠷᠢᠮ ᠨᠢ 《 ᠬᠣᠶᠠᠷ ᠨᠢᠭᠤᠷ ᠲᠠᠢ》᠂ ᠶᠡᠬᠡ ᠲᠠᠯ᠎ᠠ ᠳᠤ ᠥᠢᠯᠡᠴᠢᠯᠡᠬᠦ ᠬᠦᠷᠦᠯᠴᠡᠬᠦ ᠦᠭᠡᠢ ᠪᠠᠶᠢᠨ᠎ᠠ᠂ ᠵᠠᠷᠢᠮ ᠨᠢ ᠬᠡᠯᠪᠡᠷᠢ ᠶᠢᠨ ᠦᠵᠡᠯ ᠢ ᠶᠠᠪᠤᠭᠤᠯᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ᠃ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠢᠯᠡᠳᠬᠡᠯ ᠳᠦ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠡᠨᠡ ᠨᠢ ᠨᠠᠮ ᠤᠨ ᠪᠠᠶᠢᠭᠤᠯᠤᠯᠲᠠ ᠶᠢᠨ ᠠᠵᠢᠯ ᠢ ᠨᠢᠭᠲᠠ ᠤᠶᠠᠯᠳᠤᠭᠤᠯᠤᠨ ᠂ ᠰᠢᠨ᠎ᠡ ᠴᠠᠭ ᠦᠶ᠎ᠡ ᠶᠢᠨ ᠨᠠᠮ ᠪᠣᠯᠤᠨ ᠤᠯᠤᠰ ᠤᠨ ᠡᠯ᠎ᠡ ᠵᠦᠢᠯ ᠦᠨ ᠠᠵᠢᠯ ᠤᠨ ᠪᠠᠶᠢᠷᠢᠯᠠᠭᠤᠯᠤᠯᠲᠠ ᠶᠢ ᠶᠠᠪᠤᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ ᠃
ᠲᠠᠪᠤᠳᠤᠭᠠᠷ ᠲᠦ᠂ 《 ᠲᠠᠪᠤᠨ ᠦᠭᠡ 》 ᠶᠢᠨ ᠶᠡᠷᠦᠩᠬᠡᠶ ᠬᠠᠷᠠᠯᠲᠠ᠃ 《 ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠦ ᠶᠠᠪᠤᠬᠤ᠂ ᠠᠷᠠᠳ ᠲᠦᠮᠡᠨ ᠦᠨᠡᠨ ᠰᠡᠳᠬᠢᠯ ᠡᠴᠡ ᠪᠡᠨ ᠬᠦᠷᠢᠶᠡᠯᠡᠬᠦ᠂ ᠵᠣᠷᠢᠭᠲᠠᠢ ᠪᠠᠷ ᠥᠪᠡᠷ ᠦᠨ ᠪᠡᠶ᠎ᠡ ᠳᠡᠭᠡᠨ ᠬᠤᠪᠢᠰᠬᠠᠯ ᠬᠢᠬᠦ᠂ ᠡᠯ᠎ᠡ ᠵᠦᠢᠯ ᠦᠨ ᠰᠠᠯᠬᠢᠨ ᠳᠠᠪᠠᠯᠭᠠᠨ ᠤ ᠰᠢᠯᠭᠠᠯᠲᠠ ᠶᠢ ᠳᠠᠭᠠᠭᠠᠵᠤ᠂ ᠴᠤᠭ ᠪᠠᠳᠠᠷᠠᠩᠭᠤᠢ ᠮᠠᠷᠺᠰ ᠤᠨ ᠦᠵᠡᠯ ᠦᠨ ᠲᠥᠷᠦ ᠶ᠋ᠢᠨ ᠨᠠᠮ ᠪᠠᠶᠢᠬᠤ 》᠂ ᠡᠨᠡ ᠪᠣᠯ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠬᠠᠷᠠᠯᠲᠠ ᠳᠤ ᠴᠢᠭᠯᠡᠭᠦᠯᠦᠭᠰᠡᠨ ᠨᠢᠭᠡᠨ ᠰᠢᠨ᠎ᠡ ᠬᠤᠷᠢᠶᠠᠩᠭᠤᠶᠢᠯᠠᠯ ᠮᠥᠨ᠃ 《 ᠲᠠᠪᠤᠨ ᠦᠭᠡ 》 ᠨᠢ ᠲᠤᠰ ᠲᠤᠰ ᠤᠨ ᠢᠶᠠᠨ ᠪᠠᠶᠠᠯᠢᠭ ᠠᠭᠤᠯᠤᠭᠳᠠᠬᠤᠨ ᠲᠠᠶ᠂ ᠨᠡᠩ ᠴᠦ ᠨᠢᠭᠡᠨ ᠨᠢᠭᠡᠳᠦᠮᠡᠯ ᠴᠣᠭᠴᠠ ᠶᠤᠮ᠂ ᠮᠠᠨ ᠤ ᠨᠠᠮ ᠮᠠᠷᠺᠰ ᠤᠨ ᠦᠵᠡᠯ ᠦᠨ ᠲᠦᠷᠦ ᠪᠠᠷᠢᠭᠴᠢ ᠨᠠᠮ ᠤᠨ ᠲᠡᠷᠢᠭᠦᠨ ᠦ ᠴᠢᠨᠠᠷ ᠴᠡᠪᠡᠷ ᠴᠢᠨᠠᠷ ᠢ ᠪᠠᠳᠠᠷᠠᠭᠤᠯᠤᠨ᠂ ᠮᠠᠨ ᠤ ᠨᠠᠮ ᠤᠨ ᠴᠠᠭ ᠦᠶ᠎ᠡ ᠶᠢᠨ ᠤᠷᠤᠰᠬᠠᠯ ᠢ ᠬᠥᠲᠥᠯᠥᠨ ᠳᠠᠭᠠᠭᠤᠯᠬᠤ᠂ ᠴᠠᠭ ᠦᠶ᠎ᠡ ᠲᠡᠶ ᠵᠡᠷᠭᠡ ᠪᠡᠷ ᠤᠷᠤᠭᠰᠢᠯᠠᠬᠤ ᠬᠡᠪ ᠰᠤᠷᠲᠠᠯ ᠂ ᠵᠣᠷᠢᠭ ᠰᠥᠰᠥ ᠶᠢ ᠬᠠᠷᠠᠭᠠᠤᠯᠵᠤ ᠂ ᠮᠠᠨ ᠤ ᠨᠠᠮ ᠤᠨ ᠠᠷᠠᠳ ᠲᠦᠮᠡᠨ ᠳᠦ ᠵᠣᠯ ᠵᠢᠷᠭᠠᠯ ᠣᠯᠭᠣᠵᠤ ᠂ ᠳᠤᠮᠳᠠᠳᠤ ᠶᠢᠨ ᠦᠨᠳᠦᠰᠦᠲᠡᠨ ᠦ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠨᠠᠮ ᠪᠠᠶᠢᠭᠤᠯᠬᠤ ᠠᠩᠬᠠᠨ ᠤ ᠵᠣᠷᠢᠯᠲᠠ ᠮᠥᠨ ᠃