ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠶ᠋ᠢ ᠲᠡᠭᠦᠯᠳᠡᠷᠵᠢᠬᠦᠵᠦ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠤᠨ ᠠᠵᠢᠯ ᠢ ᠦᠷᠨᠢᠬᠦᠯᠦᠨ᠎ᠡ

  2018-12-09

    1978 ᠣᠨ ᠤ 12 ᠰᠠᠷ᠎ᠠ ᠳᠤ᠂ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠠᠴᠠ ᠴᠸᠨ ᠶᠦᠨ ᠢᠶ᠋ᠡᠷ ᠨᠢᠭᠡᠳᠦᠭᠡᠷ ᠱᠦᠵᠢ ᠪᠤᠯᠭᠠᠭᠰᠠᠨ ᠲᠥᠪ ᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶ᠋ᠢ ᠰᠤᠩᠭᠤᠨ ᠭᠠᠷᠭᠠᠵᠤ᠂ ᠲᠥᠪ ᠦᠨ ᠳᠠᠪᠬᠤᠷᠭ᠎ᠠ ᠳᠡᠭᠡᠷ᠎ᠡ ᠡᠴᠡ ᠲᠤᠰᠬᠠᠶᠢᠵᠢᠠᠭᠰᠠᠨ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠶ᠋ᠢ ᠰᠡᠷᠭᠦᠬᠡᠭᠰᠡᠨ ᠪᠠᠶᠢᠨ᠎ᠠ᠃ 1979 ᠣᠨ ᠤ 1 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠷᠪᠠᠳᠤᠭᠠᠷ ᠬᠤᠭᠤᠴᠠᠭᠠᠨ ᠤ ᠲᠥᠪ ᠬᠣᠷᠢᠶᠠᠨ ᠤ ᠨᠠᠢᠮᠠᠳᠤᠭᠠᠷ ᠬᠤᠷᠠᠯᠳᠤᠭᠠᠨ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠵᠢᠴᠢ ᠲᠡᠭᠦᠨ ᠦ ᠪᠠᠶᠢᠩᠭᠤ ᠶᠢᠨ ᠬᠣᠷᠢᠶ᠎ᠠ (ᠬᠤᠵᠢᠮ ᠨᠢ 1983 ᠣᠨ ᠳᠤ ᠲᠦᠪ ᠬᠤᠷᠢᠶᠠᠨ ᠤ ᠮᠡᠳᠡᠭᠳᠡᠯ ᠢᠶ᠋ᠡᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠭᠡᠵᠦ ᠬᠠᠯᠠᠪᠠ) ᠶ᠋ᠢ ᠰᠤᠩᠭᠤᠨ ᠭᠠᠷᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠤᠯᠤᠰ ᠪᠠᠶᠢᠭᠤᠯᠤᠭᠳᠠᠬᠤ ᠶᠢᠨ ᠡᠮᠦᠨ᠎ᠡ ᠬᠤᠶᠢᠨ᠎ᠠ ᠪᠠᠷ᠂ ᠡᠯ᠎ᠡ ᠠᠶᠢᠮᠠᠭ ᠬᠣᠲᠠ ᠶᠢᠨ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠪᠠᠰᠠ ᠬᠣᠶᠢᠨ᠎ᠠ ᠬᠣᠶᠢᠨ᠎ᠠ ᠠᠴᠠ ᠪᠠᠨ ᠪᠠᠶᠢᠭᠤᠯᠤᠭᠳᠠᠵᠤ᠂ ᠪᠠᠶᠢᠭᠤᠯᠤᠭᠳᠠᠭᠰᠠᠨ ᠡᠬᠢᠨ ᠦ ᠦᠶ᠎ᠡ ᠳᠦ ᠴᠥᠮ 《 ᠳᠤᠮᠳᠠᠳᠤ ᠤᠯᠤᠰ ᠤᠨ ᠡᠪ ᠬᠠᠮᠲᠤ ᠨᠠᠮ ᠤᠨ …  ᠠᠶᠢᠮᠠᠭ ( ᠬᠤᠳ᠋ᠠ ) ᠶᠢᠨ ᠨᠠᠮ ᠤᠨ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ 》 ᠬᠡᠮᠡᠨ ᠨᠡᠷᠡᠶᠢᠳᠴᠦ᠂1982 ᠣᠨ ᠠᠴᠠ 1984 ᠣᠨ ᠳᠤ ᠵᠠᠯᠭᠠᠭ᠎ᠠ ᠪᠠᠷ 《 ᠳᠤᠮᠳᠠᠳᠤ ᠤᠯᠤᠰ ᠤᠨ ᠡᠪ ᠬᠠᠮᠲᠤ ᠨᠠᠮ ᠤᠨ … ᠠᠶᠢᠮᠠᠭ ( ᠬᠣᠲᠠ ) ᠶᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ 》  ᠬᠡᠮᠡᠨ ᠦᠭᠡᠷᠡᠴᠢᠯᠡᠭᠰᠡᠨ ᠪᠠᠶᠢᠨ᠎ᠠ᠃ 1979 ᠣᠨ ᠤ 2 ᠰᠠᠷ᠎ᠠ ᠶ᠋ᠢᠨ 27 ᠡᠴᠡ 3 ᠰᠠᠷ᠎ᠠ ᠶᠢᠨ 8 ᠤ ᠡᠳᠦᠷ ᠤᠨ ᠬᠤᠭᠤᠷᠤᠨᠳᠤ ᠰᠠᠶ᠋ᠢᠬᠠᠨ ᠪᠠᠶᠢᠭᠤᠯᠤᠭᠳᠠᠭᠠᠳ ᠨᠢᠭᠡ ᠰᠠᠷ᠎ᠠ ᠪᠤᠯᠵᠤ ᠪᠠᠶᠢᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠥᠬᠡᠬᠣᠲᠠ ᠳᠤ ᠠᠩᠬᠠᠳᠤᠭᠠᠷ ᠪᠥᠬᠥᠳᠡ ᠬᠤᠷᠠᠯ ᠬᠤᠷᠠᠯᠳᠤᠭᠤᠯᠵᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠨᠢᠭᠡᠳᠦᠭᠡᠷ ᠱᠦᠵᠢ ᠵᠧᠦ ᠾᠤᠶᠢ ᠢᠯᠡᠳᠬᠡᠯ ᠬᠢᠵᠠᠢ ᠃ ᠬᠤᠷᠠᠯᠳᠤᠭᠠᠨ ᠠᠴᠠ ᠲᠥᠪ ᠦᠨ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠠᠩᠬᠠᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠠᠵᠢᠯ ᠤᠨ ᠬᠤᠷᠠᠯᠳᠤᠭᠠᠨ ᠤ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ ᠪᠠᠶᠢᠭᠠᠳ᠂ ᠯᠢᠨ ᠪᠢᠶᠦᠦ᠂ 《 ᠲᠤᠢᠷᠪᠡᠠ ᠬᠥᠮᠦᠨ ᠦ ᠪᠦᠯᠦᠭ 》 ᠤᠨ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠡᠪᠳᠡᠭᠰᠡᠨ ᠶᠠᠯᠠᠲᠤ ᠠᠵᠢᠯᠯᠠᠭ᠎ᠠ ᠢ ᠢᠯᠡᠴᠢᠯᠡᠨ ᠰᠢᠭᠦᠮᠵᠢᠯᠡᠵᠦ ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠤᠨ ᠰᠢᠨᠵᠢᠵᠦ᠂ ᠨᠠᠮ ᠤᠨ ᠠᠵᠢᠯ ᠤᠨ ᠭᠣᠣᠯᠳᠠᠯᠭ᠎ᠠ ᠶ᠋ᠢᠨ ᠰᠢᠯᠵᠢᠬᠦᠯᠦᠯᠲᠠ ᠪᠠ ᠥᠪᠥᠷ ᠮᠣᠩᠭᠣᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠬᠥᠭᠵᠢᠭᠦᠯᠬᠦ ᠡᠨᠡ ᠬᠦ ᠭᠣᠣᠯ ᠡᠭᠦᠷᠭᠡ ᠶ᠋ᠢᠨ ᠲᠤᠭᠤᠷᠢᠨ ᠳ᠋ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠠᠵᠢᠯ ᠤᠨ ᠡᠭᠦᠷᠭᠡ᠂ ᠡᠷᠬᠡ ᠲᠤᠰᠢᠶᠠᠯ ᠤᠨ ᠬᠡᠪᠴᠢᠶ᠎ᠡ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠦᠵᠡᠯ ᠰᠠᠨᠠᠭ᠎ᠠ ᠣᠪᠣᠷ ᠰᠤᠷᠲᠠᠯ ᠤᠨ ᠪᠠᠶᠢᠭᠤᠯᠤᠯᠲᠠ ᠵᠡᠷᠭᠡ ᠠᠰᠠᠭᠤᠳᠠᠯ ᠤᠨ ᠲᠤᠭᠤᠷᠢᠨ ᠳ᠋ᠤ᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠠᠵᠢᠯ ᠤᠨ ᠲᠤᠬᠠᠶ ᠡᠭᠦᠷᠭᠡ᠂ ᠡᠷᠬᠡ ᠲᠤᠰᠢᠶᠠᠯ ᠤᠨ ᠬᠡᠪᠴᠢᠶ᠎ᠡ᠂ ᠪᠠᠶᠢᠭᠤᠯᠤᠮᠵᠢ ᠭᠠᠷᠭᠠᠬᠤ ᠲᠤᠬᠠᠶ ᠲᠣᠭᠲᠠᠭᠠᠯ》᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠡᠯᠡᠳᠬᠡᠬᠦ ᠱᠠᠲᠤᠨ ᠳ᠋ᠡᠬᠢ ᠠᠵᠢᠯ ᠤᠨ ᠳ᠋ᠦᠩᠨᠡᠯᠲᠡ ᠪᠠ ᠬᠣᠶᠢᠰᠢᠳᠠ ᠶᠢᠨ ᠠᠵᠢᠯ ᠤᠨ ᠲᠤᠬᠠᠶ ᠰᠠᠨᠠᠯ 》 ᠢ ᠶᠠᠷᠢᠯᠴᠠᠨ ᠪᠠᠲᠤᠯᠠᠵᠠᠢ᠃ ᠬᠤᠷᠠᠯ ᠠᠴᠠ ᠬᠡᠷᠡᠭ ᠢ ᠪᠠᠶᠢᠴᠠᠭᠠᠬᠤ ᠪᠠ ᠰᠢᠭᠦᠬᠦ ᠠᠵᠢᠯ ᠢ ᠱᠠᠯᠠᠪᠳᠠᠨ ᠠᠳᠬᠤᠬᠤ ᠲᠤᠬᠠᠢ ᠵᠢᠭᠠᠨ ᠭᠠᠷᠭᠠᠵᠤ᠂ ᠤᠳᠤᠬᠠᠨ ᠳ᠋ᠤ ᠨᠢᠭᠤᠷᠳᠠᠵᠤ ᠪᠠᠶᠢᠭ᠎ᠠ 10 ᠵᠦᠢᠯ ᠤᠨ ᠡᠷᠬᠡᠪᠰᠢ ᠠᠳᠬᠤᠬᠤ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠵᠢᠭᠰᠠᠭᠠᠨ ᠭᠠᠷᠭᠠᠭᠰᠠᠨ ᠪᠠᠶᠢᠨ᠎ᠠ᠃ ᠡᠭᠦᠨᠴᠢᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠪᠣᠳᠠᠲᠠᠶ ᠠᠵᠢᠯ ᠱᠠᠲᠤᠨ ᠳᠤ ᠤᠷᠤᠵᠤ᠂ ᠲᠡᠭᠦᠨ ᠡᠴᠡ ᠬᠣᠶᠢᠰᠢᠬᠢ ᠭᠤᠷᠪᠠᠨ ᠵᠢᠯ ᠦᠨ ᠳᠣᠲᠣᠷ᠎ᠠ ᠨᠠᠮ ᠤᠨ ᠬᠠᠤᠯᠢ ᠲᠤᠭᠲᠠᠭᠠᠯ ᠪᠤᠯᠤᠨ ᠲᠦᠷᠢᠮ ᠢ ᠲᠤᠤᠱᠯᠠᠭᠤᠯᠤᠨ᠂ ᠨᠠᠮ ᠤᠨ ᠰᠤᠷᠲᠠᠯ ᠢ ᠪᠠᠶᠢᠭᠤᠯᠤᠯᠲᠠ ᠶ᠋ᠢ ᠬᠠᠮᠠᠭᠠᠯᠠᠵᠦ᠂ ᠨᠠᠮ ᠤᠨ ᠳᠣᠲᠣᠷᠠᠬᠢ ᠲᠥᠪ ᠪᠤᠰᠤ ᠰᠤᠷᠲᠠᠯ ᠢ ᠵᠠᠯᠠᠷᠠᠭᠤᠯᠬᠤ᠂ ᠨᠠᠮ ᠤᠨ ᠳᠤᠲᠤᠭᠠᠳᠤᠬᠢ ᠢᠯᠵᠠᠷᠠᠨ ᠲᠤᠷᠤᠢᠢᠳᠠᠬᠤ ᠶ᠋ᠢ ᠤᠷᠢᠳᠴᠢᠯᠠᠨ ᠰᠡᠷᠭᠡᠶᠢᠯᠡᠬᠦ ᠲᠤᠬᠠᠢ ᠶᠡᠬᠡ ᠠᠷᠪᠢᠨ ᠠᠵᠢᠯ ᠬᠢᠭᠰᠡᠨ ᠪᠠᠶᠢᠨ᠎ᠠ ᠃

ᠵᠣᠬᠢᠶᠠᠭᠴᠢ:
ᠢᠷᠡᠯᠲᠡ: