ᠨᠠᠮ ᠤᠨ ᠦᠵᠡᠯ ᠰᠠᠨᠠᠭᠠᠨ ᠤ ᠪᠦᠲᠦᠭᠡᠨ ᠪᠠᠶᠢᠭᠤᠯᠤᠯᠲᠠ ᠶ᠋ᠢ ᠳᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ

  2018-12-10

    1982 ᠣᠨ ᠤ 9 ᠰᠠᠷ᠎ᠠ ᠶᠢᠨ 15 ᠤ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠪᠠᠶᠢᠩᠭᠤ ᠶᠢᠨ ᠭᠡᠰᠢᠭᠦᠳ ᠦᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠨᠠᠮ ᠤᠨ ᠠᠷᠪᠠᠨ ᠬᠣᠶᠠᠳᠤᠭᠠᠷ ᠶᠡᠬᠡ ᠬᠤᠷᠠᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠷᠤᠯᠴᠠᠵᠤ᠂ ᠬᠤᠷᠠᠯ ᠳᠤ ᠣᠷᠣᠯᠴᠠᠭᠰᠠᠳ ᠲᠤ ᠲᠥᠪ ᠬᠣᠷᠢᠶᠠᠨ ᠤ ᠪᠠᠶᠢᠷᠢᠯᠠᠭᠤᠯᠤᠭᠰᠠᠨ ᠡᠯ᠎ᠡ ᠵᠦᠢᠯ ᠦᠨ ᠪᠣᠳᠠᠲᠠᠶ ᠠᠵᠢᠯ ᠢ ᠴᠢᠩᠭ᠎ᠠ ᠠᠳᠬᠤᠬᠤ ᠬᠡᠷᠡᠭᠲᠡᠢ ᠭᠡᠵᠡᠢ᠃ 9 ᠰᠠᠷ᠎ᠠ ᠶᠢᠨ 21 ᠦ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠨᠢ ᠬᠦᠬᠡᠬᠤᠲᠠ ᠳ᠋ᠤ ᠨᠠᠮ ᠤᠨ ᠭᠡᠰᠢᠭᠦᠨ ᠤ ᠺᠠᠳ᠋ᠷᠴᠤᠳ ᠤᠨ ᠶᠡᠬᠡ ᠬᠤᠷᠠᠯ ᠢ ᠡᠷᠬᠢᠯᠡᠨ ᠶᠠᠪᠤᠭᠳᠠᠭᠤᠯᠵᠤ᠂ ᠰᠤᠷᠤᠯᠴᠠᠬᠤ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠪᠡ᠃ ᠥᠪᠡᠷᠲᠡᠭᠡᠨ ᠵᠠᠰᠠᠬᠤ ᠣᠷᠣᠨ ᠪᠣᠯᠤᠨ ᠬᠥᠬᠡᠬᠣᠲᠠ ᠶᠢᠨ ᠨᠠᠮ ᠵᠠᠰᠠᠭ ᠴᠡᠷᠢᠭ ᠦᠨ ᠤᠯᠤᠰ ᠲᠦᠷᠦ ᠶᠢᠨ ᠵᠥᠪᠯᠡᠯᠭᠡᠨ ᠦ ᠪᠠᠶᠢᠭᠤᠯᠭ᠎ᠠ ᠶᠢᠨ ᠺᠠᠳ᠋ᠷ ᠤᠨ 7000 ᠭᠠᠷᠤᠶ ᠬᠥᠮᠦᠨ ᠶᠡᠬᠡ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠨᠢᠭᠡᠳᠦᠭᠡᠷ ᠱᠦᠵᠢ ᠵᠧᠦ ᠬᠤᠢ ᠨᠦᠬᠦᠷ ᠬᠤᠷᠠᠯ ᠳᠡᠭᠡᠷ᠎ᠡ ᠨᠠᠮ ᠤᠨ ᠠᠷᠪᠠᠨ ᠬᠣᠶᠠᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠨᠠᠮ ᠤᠨ ᠠᠷᠪᠠᠨ ᠬᠣᠶᠠᠳᠤᠭᠠᠷ ᠶᠡᠬᠡ ᠬᠤᠷᠠᠯ ᠪᠣᠯ ᠮᠠᠨ ᠤ ᠤᠯᠤᠰ ᠤᠨ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠲᠡᠦᠬᠡᠨ ᠳᠡᠭᠡᠷ᠎ᠡ ᠴᠠᠭ ᠦᠶ᠎ᠡ ᠶᠢ ᠵᠠᠭᠠᠭᠯᠠᠭᠰᠠᠨ ᠪᠡᠯᠭᠡ ᠲᠡᠮᠳᠡᠭ ᠪᠠᠶᠢᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠡᠴᠠ ᠳ᠋ᠧᠩ ᠰᠢᠶᠤᠤ ᠫᠢᠩ ᠨᠥᠬᠥᠷ ᠦᠨ ᠬᠤᠷᠠᠯ ᠡᠬᠢᠯᠡᠬᠦ ᠦᠶ᠎ᠡ ᠳ᠋ᠦ ᠶᠠᠷᠢᠭᠰᠠᠨ ᠦᠭᠡ ᠶ᠋ᠢ ᠨᠠᠷᠢᠨ ᠬᠢᠨᠠᠮᠠᠭᠠᠢ ᠰᠤᠷᠤᠯᠴᠠᠬᠤ ᠶ᠋ᠢᠨ ᠬᠠᠮᠲᠤ ᠨᠠᠮ ᠤᠨ ᠠᠷᠪᠠᠨ ᠬᠣᠶᠠᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠶᠢᠯᠭᠠᠭᠰᠠᠨ ᠪᠠᠶᠢᠬᠤ ᠬᠡᠷᠡᠭᠲᠡᠢ ᠭᠡᠵᠦ ᠵᠢᠭᠠᠨ ᠭᠠᠷᠭᠠᠭᠰᠠᠨ ᠪᠠᠶᠢᠨ᠎ᠠ᠃ 10 ᠰᠠᠷ᠎ᠠ ᠶᠢᠨ ᠳᠤᠮᠳᠠᠴᠢ ᠪᠠᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠠᠶᠢᠮᠠᠭ ᠬᠤᠳᠠ ᠶᠢᠨ ᠨᠠᠮ ᠤᠨ ᠬᠣᠷᠢᠶᠠᠨ ᠤ ᠱᠦᠵᠢ ᠨᠡᠷ ᠦᠨ ᠬᠤᠷᠠᠯ ᠢ ᠬᠤᠷᠠᠯᠳᠤᠭᠤᠯᠵᠠᠢ᠃ ᠬᠤᠷᠠᠯ ᠠᠴᠠ᠂ 《 ᠠᠷᠪᠠᠨ ᠬᠣᠶᠠᠳᠤᠭᠠᠷ ᠶᠡᠬᠡ ᠬᠤᠷᠠᠯ ᠤᠨ ᠳᠤᠷᠠᠳᠤᠭᠰᠠᠨ ᠡᠯ᠎ᠡ ᠲᠦᠷᠤᠯ ᠦᠨ ᠲᠡᠮᠡᠴᠡᠬᠦ ᠬᠠᠷᠠᠯᠲᠠ ᠳ᠋ᠦ ᠨᠡᠶᠢᠴᠡᠬᠦ ᠪᠤᠲᠠᠲᠠᠢ ᠲᠥᠯᠥᠪᠵᠢᠭᠦᠯᠭᠡ ᠶ᠋ᠢ ᠴᠠᠭ ᠢ ᠠᠮᠵᠢᠨ ᠭᠠᠷᠭᠠᠭᠰᠠᠨ ᠪᠠᠶᠢᠬᠤ ᠭᠡᠷᠡᠭᠲᠡᠢ》 ᠬᠡᠮᠡᠨ ᠱᠠᠭᠠᠷᠳᠠᠵᠤ᠂ ᠡᠨᠡ ᠨᠢ ᠨᠠᠮ ᠤᠨ ᠠᠷᠪᠠᠨ ᠬᠣᠶᠠᠳᠤᠭᠠᠷ ᠶᠡᠬᠡ ᠬᠤᠷᠠᠯ ᠤᠨ ᠵᠣᠷᠢᠭ ᠰᠠᠨᠠᠭᠠᠨ ᠤ ᠰᠤᠷᠤᠯᠴᠠᠭᠤᠯᠤᠭ᠎ᠠ ᠶ᠋ᠢ ᠦᠨᠳᠦᠰᠦᠨ ᠱᠠᠲᠤᠨ ᠳ᠋ᠤ ᠨᠢᠭᠡ ᠠᠯᠬᠤᠮ ᠲᠦᠯᠬᠢᠨ ᠤᠷᠤᠭᠰᠢᠯᠠᠭᠤᠯᠤᠭᠰᠠᠨ ᠪᠦᠭᠡᠳ ᠲᠤᠤᠱᠯᠠᠭᠤᠯᠤᠨ ᠨᠠᠶᠢᠳᠠᠪᠤᠷᠢᠵᠢᠭᠤᠯᠬᠤ ᠱᠠᠲᠤᠨ ᠳᠤ ᠤᠷᠤᠭᠤᠯᠤᠭᠰᠠᠨ ᠪᠠᠶᠢᠨ᠎ᠠ᠃ ᠨᠠᠮ ᠤᠨ ᠠᠷᠪᠠᠨ ᠬᠣᠶᠠᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠤᠳᠤᠷᠢᠳᠬᠤ ᠳᠤᠭᠤᠶᠢᠯᠠᠩ ᠪᠠᠰᠠ ᠨᠠᠮ ᠤᠨ ᠠᠷᠪᠠᠨ ᠬᠣᠶᠠᠳᠤᠭᠠᠷ ᠬᠤᠭᠤᠴᠠᠭᠠᠨ ᠤ ᠲᠥᠪ ᠬᠣᠷᠢᠶᠠᠨ ᠤ ᠤᠳᠠᠭ᠎ᠠ ᠪᠦᠷᠢ ᠶᠢᠨ ᠪᠥᠬᠥᠳᠡ ᠬᠤᠷᠠᠯ ᠤᠨ ᠵᠣᠷᠢᠭ ᠰᠠᠨᠠᠭ᠎ᠠ ᠶᠢᠨ ᠲᠤᠬᠠᠢ ᠰᠤᠷᠤᠯᠴᠠᠯᠭ᠎ᠠ ᠪᠤᠯᠤᠨ ᠨᠠᠶᠢᠲᠠᠪᠦᠵᠢᠭᠤᠯᠤᠯᠲᠠ ᠶ᠋ᠢ ᠬᠢᠭᠰᠡᠨ ᠪᠠᠶᠢᠨ᠎ᠠ ᠃
    1983 ᠣᠨ ᠤ 7 ᠰᠠᠷ᠎ᠠ ᠶᠢᠨ 1 ᠦ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 62 ᠵᠢᠯ ᠦᠨ ᠣᠶ ᠪᠣᠯᠵᠤ ᠪᠠᠶᠢᠭ᠎ᠠ ᠲᠠᠰᠢᠷᠠᠮ ᠳ᠋ᠤ᠂ 《 ᠳ᠋ᠧᠩ ᠰᠢᠶᠦᠦ ᠫᠢᠩ ᠦᠨ ᠵᠣᠬᠢᠶᠠᠯ ᠤᠨ ᠲᠡᠭᠦᠪᠦᠷᠢ ( 1975 1982 ) 》  ᠨᠢ ᠪᠦᠬᠦ ᠤᠯᠤᠰ ᠲᠤ ᠡᠬᠢᠯᠡᠨ ᠬᠡᠪᠯᠡᠨ ᠲᠠᠷᠬᠠᠬᠳᠠᠪᠠ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠢᠯᠠᠩᠭᠤᠶ᠎ᠠ ᠨᠠᠮ ᠤᠨ ᠭᠡᠰᠢᠭᠦᠨ ᠺᠠᠳ᠋ᠷᠴᠤᠳ ᠨᠢ ᠪᠦᠬᠦ ᠤᠯᠤᠰ ᠤᠨ ᠪᠤᠰᠤᠳ ᠭᠠᠵᠠᠷ ᠣᠷᠣᠨ ᠲᠠᠶ ᠠᠳᠠᠯᠢ ᠪᠠᠷ ᠡᠨᠡ ᠬᠦ 《 ᠠᠭᠤᠤ ᠶᠡᠬᠡ ᠲᠡᠦᠬᠡᠨ ᠡᠷᠭᠢᠯᠲᠡ ᠶ᠋ᠢᠨ ᠦᠶ᠎ᠡ ᠶᠢᠨ ᠪᠦᠲᠦᠭᠡᠭᠳᠡᠬᠦᠨ 》 ᠢ ᠳᠠᠭᠠᠨ ᠰᠤᠷᠤᠯᠴᠠᠭᠰᠠᠨ ᠪᠠᠶᠢᠨ᠎ᠠ᠃ 7 ᠰᠠᠷ᠎ᠠ ᠶᠢᠨ 16 ᠤ ᠡᠳᠦᠷ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶᠢᠨ ᠬᠤᠷᠢᠶᠠᠨ ᠡᠴᠠ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ 《 ᠳ᠋ᠧᠩ ᠰᠢᠶᠤᠤ ᠫᠢᠩ ᠦᠨ ᠵᠣᠬᠢᠶᠠᠯ ᠤᠨ ᠲᠡᠭᠦᠪᠦᠷᠢ 》 ᠶ᠋ᠢ ᠨᠠᠷᠢᠨ ᠬᠢᠨᠠᠮᠠᠭᠠᠢ ᠰᠤᠷᠤᠯᠴᠠᠵᠤ ᠶᠠᠷᠢᠯᠴᠠᠭᠰᠠᠨ ᠪᠠᠶᠢᠨ᠎ᠠ᠃ ᠬᠤᠷᠠᠯ ᠨᠢ ᠪᠦᠬᠦ ᠣᠷᠣᠨ ᠤ ᠨᠠᠮ ᠤᠨ ᠭᠡᠰᠢᠭᠦᠨ᠂ ᠺᠠᠳ᠋ᠷ  ᠤᠯᠠᠨ ᠤ《ᠳ᠋ᠧᠩ ᠰᠢᠶᠤᠤ ᠫᠢᠩ ᠦᠨ ᠵᠣᠬᠢᠶᠠᠯ ᠤᠨ ᠲᠡᠭᠦᠪᠦᠷᠢ 》 ᠰᠤᠷᠤᠯᠴᠠᠬᠤ ᠳ᠋ᠤ ᠲᠤᠬᠢᠷᠠᠭᠤᠯᠤᠯᠲᠠ ᠬᠢᠪᠠ᠃ 8 ᠰᠠᠷ᠎ᠠ ᠶ᠋ᠢᠨ 8 ᠦ ᠡᠳᠦᠷ ᠡᠴᠠ 12 ᠤᠨ ᠡᠳᠦᠷ ᠪᠤᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠡᠴᠠ ᠪᠦᠬᠦ ᠣᠷᠣᠨ ᠤ ᠠᠶᠢᠮᠠᠭ ᠬᠤᠳᠠ ᠶᠢᠨ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠦᠨ ᠳᠠᠷᠤᠭ᠎ᠠ ᠨᠠᠷ ᠤᠨ ᠬᠤᠷᠠᠯᠳᠤᠭᠠᠨ ᠢ ᠵᠤᠬᠢᠶᠠᠨ ᠪᠠᠶᠢᠭᠤᠯᠵᠤ᠂ ᠲᠥᠪ ᠬᠣᠷᠢᠶᠠᠨ ᠤ ᠱᠦᠵᠢ ᠨᠡᠷ ᠦᠨ ᠭᠠᠵᠠᠷ ᠤᠨ ᠱᠦᠵᠢ᠂ ᠲᠥᠪ ᠬᠣᠷᠢᠶᠠᠨ ᠤ ᠤᠬᠠᠭᠤᠯᠬᠤ ᠬᠡᠯᠲᠡᠰ ᠦᠨ ᠳᠠᠷᠤᠭ᠎ᠠ ᠳ᠋ᠧᠩ ᠯᠢ ᠴᠢᠶᠦᠢᠨ ᠬᠤᠷᠠᠯ ᠤᠨ ᠬᠤᠭᠤᠴᠠᠭᠠᠨ ᠳᠤ ᠴᠢᠬᠤᠯᠠ ᠵᠢᠭᠠᠪᠤᠷᠢ ᠥᠭᠴᠦ ᠂ 《 ᠳ᠋ᠧᠩ ᠰᠢᠶᠤᠤ ᠫᠢᠩ ᠦᠨ ᠵᠣᠬᠢᠶᠠᠯ ᠤᠨ ᠲᠡᠭᠦᠪᠦᠷᠢ 》 ᠶᠢ ᠰᠤᠷᠤᠯᠴᠠᠬᠤ ᠪᠠ ᠤᠬᠠᠭᠤᠯᠬᠤ ᠠᠵᠢᠯ ᠳ᠋ᠤ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠯᠲᠠ ᠶ᠋ᠢᠨ ᠠᠵᠢᠯ ᠢ ᠬᠢᠬᠦ ᠬᠡᠷᠡᠭᠲᠡᠶ ᠭᠡᠵᠡᠢ ᠃
    1987 ᠣᠨ ᠤ 10 ᠰᠠᠷ᠎ᠠ ᠶ᠋ᠢᠨ 25 ᠦ ᠡᠳᠦᠷ ᠡᠴᠡ 11 ᠰᠠᠷ᠎ᠠ ᠶ᠋ᠢᠨ 1 ᠦ ᠡᠳᠦᠷ  ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠦᠨ ᠶᠡᠬᠡ ᠬᠤᠷᠠᠯ ᠪᠡᠭᠡᠵᠢᠩ ᠳᠦ ᠬᠤᠷᠠᠯᠳᠤᠪᠠ᠃ ᠡᠨᠡ ᠤᠳᠠᠭᠠᠨ ᠤ ᠲᠥᠯᠥᠭᠡᠯᠡᠭᠴᠢᠳ ᠦᠨ ᠶᠡᠬᠡ ᠬᠤᠷᠠᠯ ᠪᠣᠯ ᠨᠠᠮ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ ᠲᠡᠦᠬᠡᠨ ᠰᠢᠨ᠎ᠡ ᠱᠠᠲᠤᠨ ᠳᠤ ᠬᠤᠷᠠᠯᠳᠤᠭᠤᠯᠤᠭᠰᠠᠨ ᠬᠣᠶᠠᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠦᠨ ᠶᠡᠬᠡ ᠬᠤᠷᠠᠯ ᠪᠠᠶᠢᠵᠦ᠂ ᠨᠡᠶᠢᠭᠡᠮ ᠵᠢᠷᠤᠮ ᠤᠨ ᠠᠩᠬᠠᠨ ᠤ ᠱᠠᠲᠤᠨ ᠳ᠋ᠠᠬᠢ ᠤᠨᠤᠯ ᠢ ᠳᠤᠷᠠᠳᠤᠭᠰᠠᠨ ᠪᠦᠭᠡᠳ ᠨᠢᠭᠡ ᠰᠢᠷᠢᠰ ᠠᠯᠢ ᠣᠯᠠᠨ ᠤᠯᠤᠰ ᠲᠤᠢᠷᠦ ᠶᠢᠨ ᠪᠠᠶᠢᠭᠤᠯᠤᠮᠵᠢ ᠶᠢ ᠥᠭᠡᠷᠡᠴᠢᠯᠡᠬᠦ ᠬᠠᠷᠠᠯᠲᠠ ᠪᠠ ᠱᠠᠭᠠᠷᠳᠠᠯᠭ᠎ᠠ ᠶᠢ ᠳᠤᠷᠠᠳᠤᠨ ᠭᠠᠷᠭᠠᠭᠰᠠᠨ ᠨᠢ ᠨᠠᠮ ᠤᠨ ᠲᠡᠦᠬᠡᠨ ᠳᠦ ᠲᠦᠢᠯ ᠤᠨ ᠴᠢᠬᠤᠯᠠ ᠲᠡᠦᠬᠡᠲᠦ ᠠᠴᠢ ᠬᠣᠯᠪᠣᠭᠳᠠᠯ ᠲᠠᠶ ᠶᠤᠮ᠃ ᠨᠠᠮ ᠤᠨ ᠠᠷᠪᠠᠨ ᠭᠤᠷᠪᠠᠳᠤᠭᠠᠷ ᠶᠡᠬᠡ ᠬᠤᠷᠠᠯ ᠤᠨ ᠳᠠᠷᠠᠭ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠴᠡ ᠨᠠᠮ ᠤᠨ ᠠᠷᠪᠠᠨ ᠭᠤᠷᠪᠠᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ ᠡᠬᠢᠯᠡᠭᠰᠡᠨ ᠪᠠᠶᠢᠨ᠎ᠠ᠃ 1988 ᠣᠨ ᠤ 7 ᠰᠠᠷ᠎ᠠ ᠶᠢᠨ 12 ᠤᠨ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠲᠤᠰᠬᠠᠶᠢᠯᠠᠨ《 ᠨᠡᠶᠢᠭᠡᠮ ᠵᠢᠷᠤᠮ ᠤᠨ ᠠᠩᠬᠠᠨ ᠤ ᠱᠠᠲᠤᠨ ᠤ ᠤᠨᠤᠯ ᠢ ᠭᠦᠨᠵᠡᠭᠡᠢ ᠰᠤᠷᠤᠯᠴᠠᠬᠤ ᠪᠠ ᠨᠠᠮ ᠤᠨ ᠦᠨᠳᠦᠰᠦᠨ ᠱᠤᠭᠤᠮ ᠤᠨ ᠲᠤᠬᠠᠶ ᠲᠣᠬᠢᠷᠠᠭᠤᠯᠬᠤ ᠰᠠᠨᠠᠯ 》 ᠲᠤᠭᠲᠠᠭᠠᠭᠰᠠᠨ ᠪᠠᠶᠢᠨ᠎ᠠ ᠃
    1989 ᠣᠨ ᠤ 《 ᠤᠯᠤᠰ ᠲᠦᠷᠦ ᠶᠢᠨ ᠦᠢᠮᠡᠭᠡᠨ 》 ᠤ ᠳᠠᠷᠠᠭ᠎ᠠ ᠂ 1992 ᠣᠨ ᠤ 2 ᠰᠠᠷ᠎ᠠ ᠳᠤ᠂ ᠨᠠᠮ ᠤᠨ ᠲᠥᠪ ᠬᠣᠷᠢᠶᠠᠨ ᠡᠴᠠ ᠳ᠋ᠧᠩ ᠰᠢᠶᠤᠤ ᠫᠢᠩ ᠦᠨ 《 ᠡᠮᠦᠨ᠎ᠡ ᠣᠷᠣᠨ ᠳᠤ ᠲᠠᠯᠪᠢᠭᠰᠠᠨ ᠶᠠᠷᠢᠶ᠎ᠠ 》 ᠶ᠋ᠢ ᠲᠠᠷᠬᠠᠭᠠᠬᠤ ᠪᠠᠷ ᠳᠠᠮᠵᠢᠨ᠂ ᠥᠪᠥᠷ ᠮᠣᠩᠭᠣᠯ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠴᠠ ᠮᠦᠨ ᠳ᠋ᠧᠩ ᠰᠢᠶᠤᠤ ᠫᠢᠩ ᠦᠨ 《 ᠡᠮᠦᠨ᠎ᠡ ᠣᠷᠣᠨ ᠳᠤ ᠲᠠᠯᠪᠢᠭᠰᠠᠨ ᠶᠠᠷᠢᠶ᠎ᠠ 》 ᠶ᠋ᠢᠨ ᠭᠣᠣᠯ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠭᠰᠠᠨ ᠪᠦᠭᠡᠳ ᠰᠤᠷᠲᠠᠯᠴᠢᠯᠠᠵᠤ ᠥᠷᠭᠡᠨ ᠤᠯᠠᠨ ᠨᠠᠮ ᠤᠨ ᠭᠡᠰᠢᠭᠦᠨ ᠪᠠ ᠺᠠᠳ᠋ᠷᠴᠤᠳ ᠤᠨ ᠦᠵᠡᠯ ᠰᠠᠨᠠᠭᠠᠨ ᠤ ᠤᠬᠠᠮᠰᠠᠷ ᠤᠨ ᠨᠢᠭᠡᠲᠦᠯ ᠢ ᠤᠯᠠᠮ ᠨᠢᠭᠡ ᠠᠯᠬᠤᠮ ᠠᠬᠢᠭᠤᠯᠵᠠᠢ᠃ ᠨᠠᠮ ᠤᠨ ᠠᠷᠪᠠᠨ ᠭᠤᠷᠪᠠᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠪᠣᠯᠤᠨ ᠳ᠋ᠧᠩ ᠰᠢᠶᠤᠤ ᠫᠢᠩ ᠦᠨ 《 ᠡᠮᠦᠨ᠎ᠡ ᠣᠷᠣᠨ ᠳᠤ ᠲᠠᠯᠪᠢᠭᠰᠠᠨ ᠶᠠᠷᠢᠶ᠎ᠠ 》 ᠢᠨ ᠭᠣᠸᠯ ᠵᠣᠷᠢᠭ ᠰᠠᠨᠠᠭ᠎ᠠ ᠶᠢ ᠰᠤᠷᠤᠯᠴᠠᠬᠤ ᠡᠴᠠ ᠭᠠᠳᠠᠨ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠰᠠ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠥᠪ ᠬᠣᠷᠢᠶᠠᠨ ᠤ ᠤᠳᠠᠭ᠎ᠠ ᠪᠦᠷᠢ ᠶᠢᠨ ᠪᠥᠬᠥᠳᠡ ᠬᠤᠷᠠᠯ ᠤᠨ ᠵᠣᠷᠢᠭ ᠰᠠᠨᠠᠭ᠎ᠠ ᠪᠣᠯᠤᠨ ᠨᠠᠮ ᠤᠨ ᠳᠣᠲᠣᠷᠠᠬᠢ ᠲᠥᠪ ᠬᠣᠷᠢᠶᠠᠨ ᠤ ᠪᠤᠰᠤᠳ ᠵᠠᠷᠢᠮ ᠴᠢᠬᠤᠯᠠ ᠬᠤᠷᠠᠯ ᠪᠣᠯᠤᠨ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠭᠰᠠᠨ ᠪᠦᠭᠡᠳ ᠡᠷᠡᠰ ᠲᠤᠤᠱᠠᠯᠠᠭᠤᠯᠵᠦ᠂ 《 ᠵᠡᠭᠦᠨ 》 ᠦ ᠬᠢ ᠪᠠᠶᠢᠪᠠᠯ 《 ᠵᠡᠭᠦᠨ 》 ᠢ ᠠᠷᠢᠯᠭᠠᠵᠤ ᠂ 《 ᠪᠠᠷᠠᠭᠤᠨ  》  ᠪᠠᠶᠢᠪᠠᠯ《ᠪᠠᠷᠠᠭᠤᠨ》 ᠢ ᠠᠷᠢᠯᠭᠠᠵᠤ ᠂ 《 ᠵᠡᠭᠦᠨ 》 ᠦ ᠬᠦᠯᠢᠶᠡᠰᠦᠯᠡᠯ ᠢ ᠡᠪᠳᠡᠨ᠂ ᠬᠥᠷᠥᠩᠭᠡᠲᠡᠨ ᠠᠨᠭᠬᠢ ᠶᠢᠨ ᠴᠢᠯᠥᠭᠡᠵᠢᠯ ᠵᠡᠷᠭᠡ ᠪᠤᠷᠤᠭᠤ ᠦᠵᠡᠯ ᠰᠠᠨᠠᠭᠠᠨ ᠤ ᠤᠷᠤᠰᠬᠠᠯ ᠢ ᠪᠤᠷᠤᠭᠤᠰᠢᠶᠠᠨ ᠰᠢᠭᠦᠮᠵᠢᠯᠡᠬᠦ ᠶ᠋ᠢ ᠡᠷᠡᠰ ᠬᠠᠲᠠᠭᠤ ᠪᠠᠷ ᠲᠡᠮᠡᠴᠡᠬᠦ ᠪᠦᠭᠡᠳ ᠢᠯᠡᠴᠢᠯᠡᠨ ᠪᠤᠷᠤᠭᠤᠰᠢᠶᠠᠵᠦ᠂ ᠦᠵᠡᠯ ᠰᠠᠨᠠᠭᠠᠨ ᠤ ᠲᠠᠯ᠎ᠠ ᠪᠠᠷ ᠨᠠᠮ ᠤᠨ ᠲᠥᠪ ᠬᠣᠷᠢᠶ᠎ᠠ ᠲᠠᠶ ᠳᠡᠭᠡᠳᠦ ᠬᠡᠮᠵᠢᠶ᠎ᠡ ᠪᠡᠷ ᠨᠢᠭᠡᠳᠦᠯᠲᠡᠶ ᠪᠠᠶᠢᠵᠤ ᠂ ᠡᠭᠡ ᠤᠯᠤᠰ ᠤᠨ ᠤᠮᠠᠷᠠᠲᠤ ᠬᠢᠯᠢ ᠶᠢᠨ ᠦᠵᠡᠯ ᠰᠠᠨᠠᠭ᠎ᠠ ᠦᠵᠡᠯ ᠤᠬᠠᠮᠰᠠᠷ ᠤᠨ ᠬᠡᠯᠪᠡᠷᠢᠰᠢᠯ ᠦᠨ ᠹᠷᠤᠨᠲ ᠤᠨ ᠲᠤᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠢ ᠃

ᠵᠣᠬᠢᠶᠠᠭᠴᠢ:
ᠢᠷᠡᠯᠲᠡ: