《ᠳ᠋ᠧᠩ ᠰᠢᠶᠤᠤ ᠫᠢᠩ ᠦᠨ ᠵᠣᠬᠢᠶᠠᠯ ᠤᠨ ᠲᠡᠭᠦᠪᠦᠷᠢ 》᠂ 《 ᠭᠤᠷᠪᠠ ᠶᠢ ᠡᠷᠬᠢᠮᠯᠡᠬᠦ 》ᠬᠥᠮᠦᠵᠢᠯ ᠢ ᠭᠦᠨᠵᠡᠭᠡᠢ ᠰᠤᠷᠤᠯᠴᠠᠵᠤ᠂《 ᠭᠤᠷᠪᠠ ᠶᠢ ᠲᠥᠯᠥᠭᠡᠯᠡᠬᠦ 》ᠴᠢᠬᠤᠯᠠ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠦᠨ ᠠᠵᠢᠯᠯᠠᠭ᠎ᠠ ᠶ᠋ᠢ ᠲᠤᠤᠱᠠᠯᠠᠭᠤᠯᠬᠤ ᠲᠤᠬᠠᠢ
ᠳ᠋ᠧᠩ ᠰᠢᠶᠦᠦ ᠫᠢᠩ ᠦᠨ ᠤᠨᠦᠯ ᠢ ᠰᠤᠷᠤᠯᠴᠠᠬᠤ ᠰᠢᠨ᠎ᠡ ᠥᠷᠨᠢᠯᠲᠡ ᠭᠠᠷᠪᠠ᠃
1997 ᠣᠨ ᠤ 9 ᠰᠠᠷ᠎ᠠ ᠳᠤ᠂ ᠨᠠᠮ ᠤᠨ ᠠᠷᠪᠠᠨ ᠲᠠᠪᠤᠳᠤᠭᠠᠷ ᠶᠡᠬᠡ ᠬᠤᠷᠠᠯ ᠢ ᠬᠤᠷᠠᠯᠳᠤᠪᠠ᠃ 9 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ《ᠨᠠᠮ ᠤᠨ ᠠᠷᠪᠠᠨ ᠲᠠᠪᠤᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠬᠤ ᠲᠤᠬᠠᠶ ᠲᠣᠭᠲᠠᠭᠠᠯ 》 ᠢ ᠨᠡᠶᠢᠲᠡᠯᠡᠵᠦ᠂ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠤᠳᠤᠷᠢᠳᠬᠤ ᠺᠠᠳ᠋ᠷᠴᠤᠳ ᠤᠨ ᠶᠡᠬᠡ ᠬᠤᠷᠠᠯ ᠢ ᠬᠤᠷᠠᠯᠳᠤᠭᠤᠯᠵᠤ᠂ ᠨᠠᠮ ᠤᠨ ᠠᠷᠪᠠᠨ ᠲᠠᠪᠤᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠶ ᠤᠶᠠᠯᠳᠤᠭᠤᠯᠤᠨ ᠪᠣᠳᠠᠲᠠᠶ ᠨᠠᠶᠢᠳᠠᠪᠤᠷᠢᠵᠢᠭᠤᠯᠬᠤ ᠪᠠᠶᠢᠷᠢᠯᠠᠭᠤᠯᠤᠯᠲᠠ ᠶ᠋ᠢ ᠬᠢᠵᠠᠢ᠃ 9 ᠰᠠᠷ᠎ᠠ ᠶ᠋ᠢᠨ 24 ᠦ ᠡᠳᠦᠷ ᠡᠴᠡ 29 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠤᠳᠤᠷᠢᠳᠬᠤ ᠺᠠᠳ᠋ᠷ ᠤᠨ ᠨᠣᠮ ᠤᠩᠰᠢᠬᠤ ᠬᠤᠷᠠᠯ ᠢ ᠵᠤᠬᠢᠶᠠᠨ ᠪᠠᠶᠢᠭᠤᠯᠵᠤ᠂ ᠨᠠᠮ ᠤᠨ ᠬᠣᠷᠢᠶᠠᠨ ᠤ ᠱᠦᠵᠢ ᠯᠢᠦ ᠮᠢᠩ ᠽᠤᠤ ᠡᠴᠠ ᠨᠠᠮ ᠤᠨ ᠠᠷᠪᠠᠨ ᠲᠠᠪᠤᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠠᠯᠠᠭᠤᠯᠬᠤ ᠲᠤᠬᠠᠢ ᠬᠤᠷᠠᠯ ᠳᠡᠭᠡᠷ᠎ᠡ ᠴᠢᠬᠤᠯᠠᠴᠢᠯᠠᠭᠰᠠᠨ ᠪᠠᠶᠢᠨ᠎ᠠ᠃ 10 ᠰᠠᠷ᠎ᠠ ᠶ᠋ᠢᠨ 7 ᠦ ᠡᠳᠦᠷ ᠡᠴᠡ 10 ᠰᠠᠷ᠎ᠠ ᠶ᠋ᠢᠨ 16 ᠤ ᠡᠳᠦᠷ ᠪᠤᠯᠲᠠᠯ᠎ᠠ᠂ ᠥᠪᠥᠷ ᠮᠣᠩᠭᠣᠯ ᠤᠨ ᠨᠠᠮ ᠤᠨ ᠰᠤᠷᠭᠠᠭᠤᠯᠢ ᠡᠴᠠ ᠥᠪᠥᠷ ᠮᠣᠩᠭᠣᠯ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠤᠳᠤᠷᠢᠳᠬᠤ ᠺᠠᠳ᠋ᠷᠴᠤᠳ ᠤᠨ ᠠᠷᠪᠠᠨ ᠲᠠᠪᠤᠳᠤᠭᠠᠷ ᠶᠡᠬᠡ ᠬᠤᠷᠠᠯ ᠤᠨ ᠪᠢᠴᠢᠭ ᠮᠠᠲ᠋ᠧᠷᠢᠶᠠᠯ ᠢ ᠰᠤᠷᠤᠯᠴᠠᠵᠤ ᠨᠣᠮ ᠪᠢᠴᠢᠭ ᠤᠩᠰᠢᠬᠤ ᠠᠡᠭᠬᠢ ᠶ᠋ᠢ ᠵᠤᠬᠢᠶᠠᠨ ᠪᠠᠶᠢᠭᠤᠯᠵᠤ᠂ ᠨᠡᠢᠢᠳᠡ108 ᠬᠥᠮᠦᠨ ᠰᠢᠭᠤᠳ ᠬᠠᠷᠢᠶ᠎ᠠ ᠪᠠᠶᠢᠭᠤᠯᠭ᠎ᠠ ᠶᠢᠨ ᠭᠣᠣᠯ ᠤᠳᠤᠷᠢᠳᠤᠯᠭ᠎ᠠ ᠰᠤᠷᠤᠯᠴᠠᠯᠭ᠎ᠠ ᠳᠤ ᠤᠷᠤᠯᠴᠠᠪᠠ᠃ ᠡᠨᠡ ᠣᠯᠠᠨ ᠬᠥᠮᠦᠵᠢᠯ ᠪᠣᠯᠪᠠᠰᠤᠷᠠᠯ ᠢᠶᠠᠷ ᠳᠠᠮᠵᠢᠨ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠺᠠᠳ᠋ᠷᠴᠤᠳ ᠤᠨ ᠳ᠋ᠧᠩ ᠰᠢᠶᠤᠤ ᠫᠢᠩ ᠦᠨ ᠤᠨᠤᠯ ᠤᠨ ᠠᠭᠤᠤ ᠶᠡᠬᠡ ᠲᠤᠭ ᠢ ᠥᠨᠳᠥᠷ ᠮᠠᠨᠳᠤᠭᠤᠯᠬᠤ ᠴᠢᠬᠤᠯᠠ ᠠᠴᠢ ᠬᠤᠯᠪᠤᠭᠳᠠᠯ ᠤᠨ ᠲᠤᠬᠠᠢ ᠲᠠᠨᠢᠯᠲᠠ ᠶ᠋ᠢ ᠨᠡᠮᠡᠭᠳᠡᠬᠦᠯᠦᠭᠰᠡᠨ ᠢᠶ᠋ᠡᠷ ᠪᠠᠷᠠᠬᠤ ᠦᠭᠡᠢ᠂ ᠨᠡᠶᠢᠭᠡᠮ ᠵᠢᠷᠤᠮ ᠤᠨ ᠠᠩᠬᠠᠨ ᠤ ᠱᠠᠲᠤᠨ ᠤ ᠤᠨᠤᠯ ᠤᠨ ᠲᠠᠨᠢᠯᠲᠠ ᠶ᠋ᠢ ᠴᠤ ᠭᠦᠨᠵᠡᠭᠡᠶᠢᠷᠡᠬᠦᠯᠵᠠᠢ᠃ ᠡᠭᠦᠨ ᠦ ᠤᠯᠠᠮ ᠠᠴᠠ ᠨᠡᠶᠢᠭᠡᠮ ᠵᠢᠷᠤᠮ ᠤᠨ ᠠᠩᠬᠠᠨ ᠤ ᠱᠠᠲᠤᠨ ᠳᠠᠬᠢ ᠨᠠᠮ ᠤᠨ ᠦᠨᠳᠦᠰᠦᠨ ᠱᠤᠭᠤᠮ ᠪᠣᠯᠤᠨ ᠦᠨᠳᠦᠰᠦᠨ ᠬᠥᠲᠥᠯᠪᠦᠷᠢ ᠶᠢ ᠭᠤᠶᠢᠪᠢᠰᠢ ᠦᠭᠡᠢ ᠪᠠᠷᠢᠮᠲᠠᠯᠠᠬᠤ ᠡᠷᠡᠰ ᠵᠣᠷᠢᠭ ᠢ ᠪᠠᠲᠤᠳᠬᠠᠭᠰᠠᠨ ᠪᠠᠶᠢᠨ᠎ᠠ᠃ ᠦᠵᠡᠯ ᠰᠠᠨᠠᠭ᠎ᠠ ᠪᠠᠨ ᠴᠢᠯᠥᠭᠡᠯᠡᠬᠦ ᠶ᠋ᠢᠨ ᠥᠭᠡᠷᠡᠴᠢᠯᠡᠯᠲᠡ ᠨᠡᠭᠡᠭᠡᠯᠳᠠ ᠪᠠ ᠠᠵᠤ ᠠᠬᠤᠶ ᠶᠢᠨ ᠬᠥᠭᠵᠢᠯᠲᠡ ᠶᠢᠨ ᠲᠠᠯ᠎ᠠ ᠳ᠋ᠡᠬᠢ ᠰᠢᠶᠳᠪᠦᠷᠢᠯᠡᠭᠴᠢ ᠴᠢᠨᠠᠷᠲᠠᠶ ᠠᠴᠢ ᠬᠣᠯᠪᠣᠭᠳᠠᠯ ᠲᠠᠶ ᠪᠠᠶᠢᠬᠤ ᠲᠠᠨᠢᠯᠲᠠ ᠶ᠋ᠢ ᠴᠤ ᠭᠦᠨᠵᠡᠭᠡᠶᠢᠷᠡᠭᠦᠯᠪᠡ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠦᠷᠦ ᠪᠠ ᠰᠣᠶᠣᠯ ᠢ ᠪᠦᠲᠦᠭᠡᠨ ᠪᠠᠶᠢᠭᠤᠯᠬᠤ ᠴᠢᠬᠤᠯᠠ ᠶᠡᠬᠡ ᠠᠴᠢ ᠬᠣᠯᠪᠣᠭᠳᠠᠯ ᠤᠨ ᠲᠤᠬᠠᠶ ᠲᠠᠨᠢᠯᠲᠠ ᠶ᠋ᠢ ᠴᠤ ᠭᠦᠨᠵᠡᠭᠡᠶᠢᠷᠡᠭᠦᠯᠪᠡ᠃ ᠨᠠᠮ ᠤᠨ ᠪᠠᠶᠢᠭᠤᠯᠤᠯᠲᠠ ᠶᠢᠨ ᠴᠢᠬᠤᠯᠠ ᠶᠡᠬᠡ ᠠᠴᠢ ᠬᠣᠯᠪᠣᠭᠳᠠᠯ ᠤᠨ ᠲᠤᠬᠠᠶ ᠲᠠᠨᠢᠯᠲᠠ ᠪᠠ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠲᠠᠨᠢᠯᠲᠠ ᠨᠢ ᠴᠤ ᠳᠡᠭᠡᠭᠰᠢᠯᠡᠯᠲᠡ ᠲᠠᠢ ᠪᠤᠯᠭᠠᠵᠠᠢ ᠃
1998 ᠣᠨ ᠤ 6 ᠰᠠᠷ᠎ᠠ ᠳᠤ᠂ ᠨᠠᠮ ᠤᠨ ᠲᠥᠪ ᠬᠤᠷᠢᠶᠠᠨ ᠡᠴᠠ 《 ᠪᠦᠬᠦ ᠨᠠᠮ ᠤᠨ ᠳᠣᠲᠣᠷ᠎ᠠ ᠳ᠋ᠧᠩ ᠰᠢᠶᠦᠦ ᠫᠢᠩ ᠦᠨ ᠤᠨᠦᠯ ᠢ ᠰᠤᠷᠤᠯᠴᠠᠬᠤ ᠲᠤᠬᠠᠶ ᠮᠡᠳᠡᠭᠳᠡᠯ 》 ᠢ ᠲᠠᠷᠬᠠᠭᠠᠪᠠ᠃ 1998 ᠣᠨ ᠤ 7 ᠰᠠᠷ᠎ᠠ ᠶᠢᠨ 11 ᠦ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠪᠠᠶᠢᠩᠭᠤ ᠶᠢᠨ ᠭᠡᠰᠢᠭᠦᠳ ᠦᠨ ᠬᠤᠷᠠᠯ ᠬᠤᠷᠠᠯᠳᠤᠭᠤᠯᠵᠤ ᠂ 《 ᠮᠡᠳᠡᠭᠳᠡᠯ 》 ᠦᠨ ᠵᠣᠷᠢᠭ ᠰᠠᠨᠠᠭ᠎ᠠ ᠪᠠᠷ ᠰᠤᠷᠤᠯᠴᠠᠨ᠂ ᠥᠪᠡᠷᠲᠡᠭᠡᠨ ᠵᠠᠰᠠᠬᠤ ᠣᠷᠣᠨ ᠤ ᠳ᠋ᠧᠩ ᠰᠢᠶᠦᠦ ᠫᠢᠩ ᠦᠨ ᠤᠨᠦᠯ ᠢ ᠰᠤᠷᠤᠯᠴᠠᠬᠤ ᠠᠵᠢᠯᠯᠠᠭ᠎ᠠ ᠶᠢ ᠰᠤᠳᠤᠯᠤᠨ ᠪᠠᠶᠢᠷᠢᠯᠠᠭᠤᠯᠤᠭᠰᠠᠨ ᠪᠠᠶᠢᠨ᠎ᠠ᠃ ᠨᠠᠮ ᠤᠨ ᠬᠣᠷᠢᠶᠠᠨ ᠤ ᠱᠦᠵᠢ ᠯᠢᠦ ᠮᠢᠩ ᠽᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠯᠢᠦ ᠮᠢᠩ ᠽᠤᠤ ᠡᠴᠠ《 ᠪᠥᠬᠥ ᠣᠷᠣᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠳ᠋ᠧᠩ ᠰᠢᠶᠦᠦ ᠫᠢᠩ ᠦᠨ ᠤᠨᠦᠯ ᠢ ᠰᠤᠷᠤᠯᠴᠠᠬᠤ ᠶ᠋ᠢ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠪᠣᠳᠠᠲᠠᠶ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠲᠡᠶ ᠤᠶᠠᠯᠳᠤᠭᠤᠯᠵᠦ᠂ ᠤᠯᠠᠨ ᠲᠦᠮᠡᠨ ᠦ ᠠᠩᠬᠠᠷᠤᠯ ᠲᠠᠯᠪᠢᠵᠤ ᠪᠠᠶᠢᠭ᠎ᠠ ᠬᠡᠯᠡᠯᠴᠡᠭᠡᠨ ᠶᠡᠬᠡᠲᠡᠶ ᠠᠰᠠᠭᠤᠳᠠᠯ ᠲᠠᠶ ᠤᠶᠠᠯᠳᠤᠭᠤᠯᠬᠤ ᠪᠠ ᠺᠠᠳ᠋ᠷ ᠤᠨ ᠡᠩᠨᠡᠭᠡᠨ ᠦ ᠬᠡᠪ ᠴᠢᠨᠠᠷ ᠢ ᠳᠡᠭᠡᠭᠰᠢᠯᠡᠭᠦᠯᠬᠦ ᠶᠠᠪᠤᠳᠠᠯ ᠲᠠᠶ ᠤᠶᠠᠯᠳᠤᠭᠤᠯᠬᠤ ᠬᠡᠷᠡᠭᠲᠡᠶ 》 ᠭᠡᠵᠦ ᠵᠢᠭᠠᠨ ᠭᠠᠷᠭᠠᠪᠠ᠃ 8 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠳᠠᠬᠢᠨᠲᠠ ᠪᠠᠶᠢᠩᠭᠤ ᠶᠢᠨ ᠬᠣᠷᠢᠶᠠᠨ ᠤ ᠬᠤᠷᠠᠯ ᠬᠢᠵᠦ᠂ ᠲᠥᠪ ᠦᠨ ᠵᠣᠬᠢᠶᠠᠨ ᠪᠠᠶᠢᠭᠤᠯᠬᠤ ᠬᠡᠯᠲᠡᠰ᠂ ᠲᠥᠪ ᠤᠨ ᠤᠬᠠᠭᠤᠯᠬᠤ ᠬᠡᠯᠲᠡᠰ ᠤᠨ ᠪᠡᠭᠡᠵᠢᠩ ᠳᠦ ᠬᠤᠷᠠᠯᠳᠤᠭᠰᠠᠨ ᠳ᠋ᠧᠩ ᠰᠢᠶᠦᠦ ᠫᠢᠩ ᠦᠨ ᠤᠨᠦᠯ ᠢ ᠰᠤᠷᠤᠯᠴᠠᠬᠤ ᠠᠵᠢᠯ ᠤᠨ ᠬᠤᠷᠠᠯᠳᠤᠭᠠᠨ ᠤ ᠪᠢᠴᠢᠭ ᠮᠠᠲ᠋ᠧᠷᠢᠶᠠᠯ ᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠪᠠᠶᠢᠳᠠᠯ ᠲᠠᠶ ᠤᠶᠠᠯᠳᠤᠭᠤᠯᠵᠤ᠂ ᠳ᠋ᠧᠩ ᠰᠢᠶᠦᠦ ᠫᠢᠩ ᠦᠨ ᠤᠨᠦᠯ ᠢ ᠰᠤᠷᠤᠯᠴᠠᠬᠤ ᠰᠢᠨ᠎ᠡ ᠥᠷᠨᠢᠯᠲᠡ ᠶᠢ ᠪᠣᠢ ᠪᠤᠯᠭᠠᠬᠤ ᠳ᠋ᠤ ᠰᠤᠳᠤᠯᠤᠨ ᠪᠠᠶᠢᠷᠢᠯᠠᠭᠤᠯᠤᠯᠲᠠ ᠬᠢᠪᠡ᠃ 11 ᠰᠠᠷ᠎ᠠ ᠶᠢᠨ 3 ᠋ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠰᠤᠷᠤᠯᠴᠠᠬᠤ ᠬᠤᠷᠠᠯ ᠡᠷᠬᠢᠯᠡᠨ ᠶᠠᠪᠤᠭᠳᠠᠭᠤᠯᠵᠤ᠂ ᠵᠢᠶᠠᠩ ᠽᠸ ᠮᠢᠨ ᠨᠦᠬᠦᠷ ᠦᠨ ᠳ᠋ᠧᠩ ᠰᠢᠶᠦᠦ ᠫᠢᠩ ᠦᠨ ᠤᠨᠦᠯ ᠢ ᠰᠤᠷᠤᠯᠴᠠᠬᠤ ᠠᠵᠢᠯ ᠤᠨ ᠬᠤᠷᠠᠯᠳᠤᠭᠠᠨ ᠳᠡᠭᠡᠷ᠎ᠡ ᠬᠡᠯᠡᠭᠰᠡᠨ ᠦᠭᠡ ᠶ᠋ᠢ ᠰᠤᠷᠤᠯᠴᠠᠪᠠ᠃ 1999 ᠣᠨ ᠤ 5 ᠰᠠᠷ᠎ᠠ ᠶᠢᠨ 25 ᠤ ᠡᠳᠦᠷ᠂ ᠪᠦᠬᠦ ᠣᠷᠣᠨ ᠤ ᠶᠡᠬᠡ ᠳᠡᠭᠡᠳᠦ ᠰᠤᠷᠭᠠᠭᠤᠯᠢ ᠶᠢᠨ ᠳ᠋ᠧᠩ ᠰᠢᠶᠦᠦ ᠫᠢᠩ ᠦᠨ ᠤᠨᠦᠯ ᠢ ᠰᠤᠷᠤᠯᠴᠠᠬᠤ ᠲᠤᠷᠰᠢᠯᠭ᠎ᠠ ᠰᠣᠯᠢᠯᠴᠠᠬᠤ ᠬᠤᠷᠠᠯ ᠬᠥᠬᠡᠬᠣᠲᠠ ᠳᠤ ᠬᠤᠷᠠᠯᠳᠤᠵᠤ᠂ ᠬᠤᠷᠠᠯ ᠠᠴᠠ ᠵᠢᠭᠠᠵᠤ ᠭᠠᠷᠭᠠᠭᠰᠠᠨ ᠨᠢ ᠄ 《 ᠪᠦᠬᠦ ᠣᠷᠣᠨ ᠤ ᠶᠡᠬᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠬᠢᠨ ᠵᠠᠪᠠᠯ ᠵᠠᠭᠤᠨ ᠰᠤᠨᠳᠠᠯᠠᠭᠰᠠᠨ ᠵᠠᠯᠭᠠᠮᠵᠢᠯᠠᠭᠴᠢ ᠶᠢ ᠬᠥᠮᠦᠵᠢᠭᠦᠯᠬᠦ ᠦᠨᠲᠦᠷᠴᠡ ᠡᠴᠡ᠂ ᠳ᠋ᠧᠩ ᠰᠢᠶᠤᠤ ᠫᠢᠩ ᠦᠨ ᠤᠨᠤᠯ ᠤᠨ ᠠᠭᠤᠤ ᠶᠡᠬᠡ ᠠᠴᠢ ᠬᠣᠯᠪᠣᠭᠳᠠᠯ ᠢ ᠭᠦᠢᠴᠡᠳ ᠲᠠᠨᠢᠵᠤ᠂ ᠳᠡᠭᠡᠳᠦ ᠰᠤᠷᠭᠠᠭᠤᠯᠢ ᠶᠢᠨ ᠰᠤᠷᠤᠯᠴᠠᠯᠭ᠎ᠠ ᠶ᠋ᠢ ᠥᠷᠨᠢᠭᠦᠯᠬᠦ ᠬᠡᠷᠡᠭᠲᠡᠶ》 ᠭᠡᠪᠡ᠃ 6 ᠰᠠᠷ᠎ᠠ ᠶᠢᠨ 16 ᠤ ᠡᠳᠦᠷ ᠂ ᠥᠪᠥᠷ ᠮᠣᠩᠭᠣᠯ ᠤᠨ ᠳ᠋ᠧᠩ ᠰᠢᠶᠤᠤ ᠫᠢᠩ ᠦᠨ ᠤᠨᠤᠯ ᠤᠨ ᠰᠤᠳᠤᠯᠭᠠᠨ ᠤ ᠨᠡᠶᠢᠭᠡᠮᠯᠢᠭ ᠪᠠᠶᠢᠭᠤᠯᠤᠭᠳᠠᠪᠠ ᠃
《 ᠭᠤᠷᠪᠠ ᠶᠢ ᠡᠷᠬᠢᠮᠯᠡᠬᠦ 》 ᠬᠥᠮᠦᠵᠢᠯ ᠦᠨ ᠠᠵᠢᠯᠯᠠᠭ᠎ᠠ ᠦᠷᠨᠢᠭᠦᠯᠵᠠᠢ᠃
1997 ᠤᠨ ᠡᠴᠠ 2002 ᠤᠨ ᠬᠦᠷᠲᠡᠯᠡᠬᠢ ᠲᠠᠪᠤᠨ ᠵᠢᠯ ᠳᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠤᠷᠢᠳ ᠬᠣᠵᠢᠳ ᠡᠯ᠎ᠡ ᠵᠦᠢᠯ ᠦᠨ ᠬᠡᠯᠪᠡᠷᠢ ᠪᠡᠷ ᠳ᠋ᠧᠩ ᠰᠢᠶᠦᠦ ᠫᠢᠩ ᠦᠨ ᠤᠨᠦᠯ ᠢ ᠭᠦᠨᠵᠡᠬᠡᠢ ᠰᠤᠷᠤᠯᠴᠠᠬᠤ ᠢ ᠵᠤᠬᠢᠶᠠᠨ ᠪᠠᠶᠢᠭᠤᠯᠤᠭᠰᠠᠨ ᠢᠶᠠᠷ ᠪᠠᠷᠠᠬᠤ ᠦᠭᠡᠢ᠂ 《 ᠭᠤᠷᠪᠠ ᠶᠢ ᠡᠷᠬᠢᠮᠯᠡᠬᠦ 》 ᠬᠥᠮᠦᠵᠢᠯ ᠦᠨ ᠠᠵᠢᠯᠯᠠᠭ᠎ᠠ ᠦᠷᠨᠢᠭᠦᠯᠪᠡ᠃ 1998 ᠣᠨ ᠤ 11 ᠰᠠᠷ᠎ᠠ ᠶᠢᠨ 21 ᠦ ᠡᠳᠦᠷ ᠂ ᠨᠠᠮ ᠤᠨ ᠲᠥᠪ ᠬᠣᠷᠢᠶᠠᠨ ᠤ ᠠᠯᠪᠠᠨ ᠲᠢᠩᠬᠢᠮ 《 ᠰᠢᠶᠠᠨ ᠤ ᠱᠠᠲᠤᠨ ᠠᠴᠠ ᠳᠡᠭᠡᠭᠰᠢᠬᠢ ᠨᠠᠮ ᠵᠠᠰᠠᠭ ᠤᠨ ᠤᠳᠤᠷᠢᠳᠬᠤ ᠪᠠᠭ᠂ ᠤᠳᠤᠷᠢᠳᠬᠤ ᠺᠠᠳ᠋ᠷᠴᠤᠳ ᠤᠨ ᠳᠣᠲᠣᠷ᠎ᠠ < ᠰᠤᠷᠤᠯᠴᠠᠯᠭ᠎ᠠ ᠶᠢ ᠡᠷᠬᠢᠮᠯᠡᠬᠦ᠂ ᠤᠯᠤᠰ ᠲᠦᠷᠦ ᠶᠢ ᠡᠷᠬᠢᠮᠯᠡᠬᠦ᠂ ᠲᠥᠪ ᠰᠤᠷᠲᠠᠯ ᠢ ᠡᠷᠬᠢᠮᠯᠡᠬᠦ > ᠪᠡᠷ ᠭᠣᠣᠯ ᠠᠭᠤᠯᠭ᠎ᠠ ᠪᠣᠯᠭᠠᠭᠰᠠᠨ ᠨᠠᠮᠴᠢ ᠴᠢᠨᠠᠷ ᠪᠠ ᠨᠠᠮ ᠤᠨ ᠰᠤᠷᠲᠠᠯ ᠤᠨ ᠬᠥᠮᠦᠵᠢᠯ ᠢ ᠦᠷᠨᠢᠬᠦᠯᠬᠦ ᠰᠠᠨᠠᠯ 》 ᠢ ᠭᠦᠨᠵᠡᠬᠡᠢ ᠦᠷᠨᠢᠭᠦᠯᠵᠦ᠂ 《 ᠭᠤᠷᠪᠠ ᠶᠢ ᠡᠷᠬᠢᠮᠯᠡᠬᠦ 》 ᠬᠥᠮᠦᠵᠢᠯ ᠨᠢ ᠪᠦᠬᠦ ᠤᠯᠤᠰ ᠤᠨ ᠬᠡᠪᠴᠢᠶᠡᠨ ᠳ᠋ᠦ ᠳᠡᠭᠡᠷ᠎ᠡ ᠡᠴᠡ ᠳᠣᠷᠣᠭᠰᠢ ᠦᠷᠨᠢᠭᠰᠡᠨ ᠪᠠᠶᠢᠨ᠎ᠠ᠃ 1919 ᠣᠨ ᠤ 12 ᠳ᠋ᠤᠭᠠᠷ ᠰᠠᠷ᠎ᠠ ᠶᠢᠨ 24 ᠦ ᠡᠳᠦᠷ᠂ ᠨᠠᠮ ᠤᠨ ᠲᠥᠪ ᠬᠣᠷᠢᠶ᠎ᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠢ《 ᠭᠤᠷᠪᠠ ᠶᠢ ᠡᠷᠬᠢᠮᠯᠡᠬᠦ 》 ᠬᠥᠮᠦᠵᠢᠯ ᠦᠨ ᠲᠤᠷᠰᠢᠯᠲᠠ ᠬᠢᠬᠦ ᠮᠤᠵᠢ ᠣᠷᠣᠨ ᠪᠤᠯᠭᠠᠬᠤ ᠶ᠋ᠢ ᠳᠠᠭᠠᠯᠳᠤᠨ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠡᠴᠠ ᠪᠥᠬᠥ ᠣᠷᠣᠨ ᠤ《 ᠰᠤᠷᠦᠯᠴᠡᠯᠭ᠎ᠠ ᠶᠢ ᠡᠷᠬᠢᠮᠯᠡᠬᠦ ᠂ ᠤᠯᠤᠰ ᠲᠦᠷᠦ ᠶᠢ ᠡᠷᠬᠢᠮᠯᠡᠬᠦ᠂ ᠲᠥᠪ ᠰᠤᠷᠲᠠᠯ ᠢ ᠡᠷᠬᠢᠮᠯᠡᠬᠦ 》 ᠬᠥᠮᠦᠵᠢᠯ ᠢ ᠳᠠᠶᠢᠴᠢᠯᠠᠯᠲᠠ ᠶᠢᠨ ᠶᠡᠬᠡ ᠬᠤᠷᠠᠯ ᠢ ᠭᠦᠨᠵᠡᠭᠡᠢ ᠦᠷᠨᠢᠬᠦᠯᠵᠦ᠂ ᠨᠠᠮ ᠤᠨ ᠬᠣᠷᠢᠶᠠᠨ ᠤ ᠱᠦᠵᠢ ᠯᠢᠦ ᠮᠢᠩ ᠽᠤᠤ ᠶᠡᠬᠡ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠭᠰᠠᠨ ᠪᠠᠶᠢᠨ᠎ᠠ᠃ ᠬᠤᠷᠠᠯ ᠠᠴᠠ ᠪᠦᠬᠦ ᠣᠷᠣᠨ ᠤ ᠬᠣᠰᠢᠭᠤ ᠰᠢᠶᠠᠨ ᠠᠴᠠ ᠳᠡᠭᠡᠭᠰᠢᠬᠢ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷᠴᠤᠳ ᠲᠤ ᠱᠠᠭᠠᠷᠳᠠᠯᠭ᠎ᠠ ᠲᠠᠯᠪᠢᠭᠰᠠᠨ ᠪᠥᠭᠡᠳ ᠪᠦᠬᠦ ᠣᠷᠣᠨ ᠤ 《 ᠭᠤᠷᠪᠠ ᠶᠢ ᠡᠷᠬᠢᠮᠯᠡᠬᠦ 》 ᠬᠥᠮᠦᠵᠢᠯ ᠦᠨ ᠲᠤᠷᠰᠢᠯᠲᠠ ᠶᠢᠨ ᠠᠵᠢᠯ ᠢ ᠥᠷᠨᠢᠭᠦᠯᠬᠦ ᠲᠤᠬᠠᠶ ᠪᠠᠶᠢᠷᠢᠯᠠᠭᠤᠯᠤᠯᠲᠠ ᠬᠢᠪᠠ᠃ 1999 ᠣᠨ ᠤ 1 ᠰᠠᠷ᠎ᠠ ᠶ᠋ᠢᠨ 2 ᠦ ᠡᠳᠦᠷ ᠡᠴᠡ 5 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠦ 34 ᠨᠡᠷᠡᠰ ᠤᠳᠤᠷᠢᠳᠬᠤ ᠨᠥᠬᠥᠳ ᠡᠴᠠ 4 ᠡᠳᠦᠷ ᠤᠨ ᠬᠤᠭᠤᠴᠠᠭ᠎ᠠ ᠪᠦᠬᠦᠢ ᠠᠩᠬᠠᠳᠤᠭᠠᠷ ᠤᠳᠠᠭᠠᠨ ᠤ ᠲᠥᠪᠯᠡᠷᠡᠩᠭᠦᠶ ᠰᠤᠷᠤᠯᠴᠠᠬᠤ ᠠᠵᠢᠯᠯᠠᠭ᠎ᠠ ᠬᠢᠵᠦ᠂ 《 ᠭᠤᠷᠪᠠ ᠶᠢ ᠡᠷᠬᠢᠮᠯᠡᠬᠦ 》 ᠬᠥᠮᠦᠵᠢᠯ ᠡᠭᠦᠨ ᠡᠴᠡ ᠡᠬᠢᠯᠡᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠳ᠋ᠤ ᠪᠦᠬᠦ ᠲᠠᠯ᠎ᠠ ᠪᠠᠷ ᠥᠷᠨᠢᠵᠦ ᠡᠬᠢᠯᠡᠪᠡ᠃ 1999 ᠣᠨ ᠤ 1 ᠰᠠᠷ᠎ᠠ ᠡᠴᠠ 2000 ᠤᠨ ᠤ ᠰᠡᠭᠦᠯᠴᠢ ᠪᠤᠯᠲᠠᠯ᠎ᠠ᠂ ᠥᠪᠥᠷ ᠮᠣᠩᠭᠣᠯ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠶᠡᠷᠦᠩᠬᠡᠶ ᠱᠦᠵᠢ ᠵᠢᠶᠠᠩ ᠽᠸ ᠮᠢᠨ ᠤ ᠰᠢᠷᠢᠰ ᠴᠢᠬᠤᠯᠠ ᠶᠠᠷᠢᠶ᠎ᠠ ᠲᠠᠢ ᠤᠶᠠᠯᠳᠤᠭᠤᠯᠵᠤ ᠪᠠᠶᠢᠭᠠᠳ᠂ 《 ᠭᠤᠷᠪᠠ ᠶᠢ ᠡᠷᠬᠢᠮᠯᠡᠬᠦ 》 ᠬᠥᠮᠦᠵᠢᠯ ᠢ ᠦᠷᠨᠢᠭᠦᠯᠦᠭᠰᠡᠨ ᠪᠠᠶᠢᠨ᠎ᠠ ᠃
《 ᠭᠤᠷᠪᠠ ᠶᠢ ᠲᠥᠯᠥᠭᠡᠯᠡᠬᠦ 》 ᠴᠢᠬᠤᠯᠠ ᠦᠵᠡᠯ ᠰᠠᠨᠠᠭ᠎ᠠ ᠶ᠋ᠢ ᠰᠤᠷᠤᠯᠴᠠᠨ ᠲᠤᠤᠱᠠᠯᠠᠭᠤᠯᠬᠤ᠃
2000 ᠣᠨ ᠤ 4 ᠰᠠᠷ᠎ᠠ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ 《 ᠭᠤᠷᠪᠠ ᠶᠢ ᠲᠥᠯᠥᠭᠡᠯᠡᠬᠦ 》 ᠴᠢᠬᠤᠯᠠ ᠦᠵᠡᠯ ᠰᠠᠨᠠᠭ᠎ᠠ ᠶ᠋ᠢ ᠰᠤᠷᠤᠯᠴᠠᠬᠤ ᠠᠵᠢᠯᠯᠠᠭ᠎ᠠ ᠶ᠋ᠢ ᠵᠤᠬᠢᠶᠠᠨ ᠪᠠᠶᠢᠭᠤᠯᠤᠭᠰᠠᠨ ᠪᠠᠶᠢᠨ᠎ᠠ ᠃ 2000 ᠣᠨ ᠤ 5 ᠰᠠᠷ᠎ᠠ ᠶᠢᠨ 19 ᠦ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠦᠵᠢ ᠯᠢᠦ ᠮᠢᠩ ᠽᠤᠤ᠂ ᠨᠠᠮ ᠤᠨ ᠬᠣᠷᠢᠶ᠎ᠠ ᠪᠠᠶᠢᠩᠭᠤ ᠶᠢᠨ ᠭᠡᠰᠢᠭᠦᠳ ᠦᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠵᠢᠶᠠᠩ ᠽᠸ ᠮᠢᠨ ᠤ 《 ᠭᠤᠷᠪᠠ ᠶᠢ ᠲᠥᠯᠥᠭᠡᠯᠡᠬᠦ 》 ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠬᠤ ᠲᠤᠬᠠᠢ ᠶᠠᠷᠢᠶ᠎ᠠ ᠲᠠᠯᠪᠢᠵᠦ᠂ ᠪᠦᠬᠦ ᠣᠷᠣᠨ ᠤ ᠨᠠᠮ ᠤᠨ ᠭᠡᠰᠢᠬᠦᠳ ᠦᠨ《 ᠭᠤᠷᠪᠠ ᠶᠢ ᠲᠥᠯᠥᠭᠡᠯᠡᠬᠦ 》 ᠴᠢᠬᠤᠯᠠ ᠦᠵᠡᠯ ᠰᠠᠨᠠᠭᠠᠨ ᠤ ᠪᠠᠶᠢᠷᠢ ᠰᠠᠭᠤᠷᠢ ᠪᠠ ᠠᠴᠢ ᠬᠣᠯᠪᠣᠭᠳᠠᠯ ᠤᠨ ᠲᠤᠬᠠᠶ ᠲᠠᠨᠢᠯᠲᠠ ᠪᠠᠨ ᠳᠡᠭᠡᠭᠰᠢᠯᠡᠬᠦᠯᠬᠦ ᠶ᠋ᠢ ᠱᠠᠭᠠᠷᠳᠠᠪᠠ᠃ 5 ᠰᠠᠷ᠎ᠠ ᠶᠢᠨ ᠰᠡᠭᠦᠯᠴᠢ ᠪᠡᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠮᠡᠳᠡᠭᠳᠡᠯ ᠭᠠᠷᠭᠠᠵᠤ᠂ 《 ᠭᠤᠷᠪᠠ ᠶᠢ ᠲᠥᠯᠥᠭᠡᠯᠡᠬᠦ 》 ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠤᠱᠠᠯᠠᠭᠤᠯᠬᠤ ᠲᠤᠬᠠᠢ ᠱᠠᠭᠠᠷᠳᠠᠯᠭ᠎ᠠ ᠭᠠᠷᠭᠠᠵᠤ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠪᠡᠷ ᠴᠢᠷᠮᠠᠶᠢᠵᠠᠢ᠃ 9 ᠰᠠᠷ᠎ᠠ ᠶᠢᠨ 8 ᠤ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠠᠯᠪᠠᠨ ᠲᠢᠩᠬᠢᠮ ᠡᠴᠡ 《 ᠳ᠋ᠧᠩ ᠰᠢᠶᠤᠤ ᠫᠢᠩ ᠤᠨ ᠨᠠᠮ ᠤᠨ ᠪᠠᠶᠢᠭᠤᠯᠤᠯᠲᠠ ᠶᠢᠨ ᠤᠨᠤᠯ ᠪᠠ ᠵᠢᠶᠠᠩ ᠽᠸ ᠮᠢᠨ ᠨᠥᠬᠥᠷ ᠤᠨ <ᠭᠤᠷᠪᠠ ᠶᠢ ᠲᠥᠯᠥᠭᠡᠯᠡᠬᠦ > ᠴᠢᠬᠤᠯᠠ ᠦᠵᠡᠯ ᠰᠠᠨᠠᠭ᠎ᠠ ᠶ᠋ᠢ ᠶᠡᠬᠡ ᠪᠡᠷ ᠰᠤᠷᠤᠯᠴᠠᠬᠤ ᠶᠡᠬᠡ ᠶᠠᠷᠢᠯᠴᠠᠭ᠎ᠠ ᠶᠢᠨ ᠠᠵᠢᠯᠯᠠᠭ᠎ᠠ ᠥᠷᠨᠢᠭᠦᠯᠵᠦ ᠰᠠᠨᠠᠯ 》 ᠤᠨ ᠲᠤᠬᠠᠢ ᠮᠡᠳᠡᠭᠳᠡᠯ ᠭᠠᠷᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠵᠠᠰᠠᠭ ᠤᠨ ᠤᠳᠤᠷᠢᠳᠤᠯᠭ᠎ᠠ ᠨᠠᠷ ᠤᠨ ᠪᠣᠳᠠᠲᠤ ᠪᠠᠶᠢᠳᠠᠯ ᠲᠠᠶ ᠪᠠᠨ ᠤᠶᠠᠯᠳᠤᠭᠤᠯᠤᠨ ᠶᠡᠬᠡ ᠰᠤᠷᠤᠯᠴᠠᠭᠠᠶᠡᠬᠡ ᠶᠠᠷᠢᠯᠴᠠᠭ᠎ᠠ ᠶᠢᠨ ᠠᠵᠢᠯᠯᠠᠭ᠎ᠠ ᠦᠷᠨᠢᠬᠦᠯᠬᠦ ᠶ᠋ᠢ ᠱᠠᠭᠠᠷᠳᠠᠪᠠ᠃ ᠡᠭᠦᠨ ᠡᠴᠡ ᠬᠤᠶᠢᠰᠢ ᠨᠢ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ 《 ᠭᠤᠷᠪᠠ ᠶᠢ ᠲᠥᠯᠥᠭᠡᠯᠡᠬᠦ 》 ᠴᠢᠬᠤᠯᠠ ᠦᠵᠡᠯ ᠰᠠᠨᠠᠭ᠎ᠠ ᠶᠢ ᠰᠤᠷᠤᠯᠴᠠᠬᠤ ᠲᠠᠯ᠎ᠠ ᠪᠠᠷ ᠬᠠᠯᠠᠭᠤᠨ ᠥᠷᠨᠢᠯᠲᠡ ᠲᠠᠰᠤᠷᠠᠯᠲᠠ ᠦᠭᠡᠢ ᠭᠠᠷᠤᠭᠰᠠᠨ ᠪᠠᠶᠢᠨ᠎ᠠ᠃