ᠡᠪ ᠬᠠᠮᠲᠤ ᠨᠠᠮ ᠤᠨ ᠭᠡᠰᠢᠭᠦᠨ ᠤ ᠲᠡᠷᠢᠬᠦᠨ ᠦ ᠴᠢᠨᠠᠷ ᠢ ᠪᠠᠲᠤᠯᠠᠬᠤ ᠰᠤᠷᠭᠠᠨ ᠬᠦᠮᠦᠵᠢᠯ ᠦᠨ ᠠᠵᠢᠯᠯᠠᠭ᠎ᠠ ᠶ᠋ᠢ ᠭᠦᠨᠵᠡᠭᠡᠶ ᠲᠦᠯᠬᠢᠨ ᠠᠬᠢᠭᠤᠯᠤᠨ᠎ᠠ

  2018-12-13

    ᠨᠠᠮ ᠤᠨ ᠲᠡᠷᠢᠭᠦᠨ ᠦ ᠴᠢᠨᠠᠷ ᠤᠨ ᠪᠠᠶᠢᠭᠤᠯᠤᠯᠲᠠ ᠪᠣᠯ ᠡᠨᠡ ᠬᠦ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠠᠵᠢᠯ ᠢ ᠦᠷᠨᠢᠬᠦᠯᠬᠦ ᠶ᠋ᠢᠨ ᠴᠢᠬᠤᠯᠠ ᠭᠠᠷᠳᠠᠴᠠ ᠪᠤᠯᠬᠤ ᠶᠤᠮ᠃ ᠲᠡᠷᠢᠭᠦᠨ ᠦ ᠴᠢᠨᠠᠷ ᠢ ᠪᠠᠷᠢᠮᠲᠠᠯᠠᠬᠤ ᠬᠥᠮᠦᠵᠢᠯ ᠦᠨ ᠠᠵᠢᠯᠯᠠᠭ᠎ᠠ ᠶᠢ ᠯᠠᠪᠳᠠᠭᠤᠨ ᠪᠠᠲᠤᠲᠠᠶ ᠪᠠᠷ ᠳᠥᠯᠭᠢᠨ ᠠᠬᠢᠭᠤᠯᠬᠤ ᠪᠠᠷ ᠳᠠᠮᠵᠢᠨ᠂ ᠪᠦᠬᠦ ᠣᠷᠣᠨ ᠤ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠭᠡᠰᠢᠭᠦᠨ ᠦ ᠤᠬᠠᠮᠰᠠᠷ ᠨᠢ ᠤᠯᠠᠮ ᠨᠢᠭᠡ ᠠᠯᠬᠤᠮ ᠳᠡᠭᠡᠭᠰᠢᠯᠡᠯᠲᠡ ᠲᠠᠢ ᠪᠤᠯᠵᠤ ᠂ ᠬᠣᠰᠢᠭᠤᠴᠢ ᠵᠢᠱᠢᠶᠡᠴᠢ ᠦᠶᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠰᠤᠷᠲᠠᠯ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ ᠃
    2005 ᠣᠨ ᠤ 1 ᠰᠠᠷ᠎ᠠ ᠶᠢᠨ 8 ᠤ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠭᠡᠰᠢᠭᠦᠨ ᠦ ᠲᠡᠷᠢᠭᠦᠨ ᠦ ᠴᠢᠨᠠᠷ ᠢ ᠪᠠᠷᠢᠮᠲᠠᠯᠠᠬᠤ ᠬᠥᠮᠦᠵᠢᠯ ᠦᠨ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠠᠩᠬᠠᠳᠤᠭᠠᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠤᠨ᠂ ᠪᠥᠬᠥ ᠤᠷᠤᠨ ᠤ ᠨᠠᠮ ᠤᠨ ᠭᠡᠰᠢᠭᠦᠨ ᠦ ᠲᠡᠷᠢᠭᠦᠨ ᠦ ᠴᠢᠨᠠᠷ ᠢ ᠪᠠᠷᠢᠮᠲᠠᠯᠠᠬᠤ ᠬᠥᠮᠦᠵᠢᠯ ᠦᠨ ᠠᠵᠢᠯ ᠢ ᠰᠤᠳᠤᠯᠤᠨ ᠪᠠᠶᠢᠷᠢᠯᠠᠭᠤᠯᠪᠠ᠃ 1 ᠰᠠᠷ᠎ᠠ ᠶᠢᠨ 16 ᠤ ᠡᠳᠦᠷ᠂ ᠪᠥᠬᠥ ᠣᠷᠣᠨ ᠤ ᠡᠪ ᠬᠠᠮᠲᠤ ᠨᠠᠮ ᠤᠨ ᠭᠡᠰᠢᠭᠦᠨ ᠦ ᠲᠡᠷᠢᠭᠦᠨ ᠦ ᠴᠢᠨᠠᠷ ᠢ ᠪᠠᠷᠢᠮᠲᠠᠯᠠᠬᠤ ᠬᠥᠮᠦᠵᠢᠯ ᠦᠨ ᠠᠵᠢᠯᠯᠠᠭ᠎ᠠ ᠶᠢᠨ ᠠᠵᠢᠯ ᠤᠨ ᠬᠤᠷᠠᠯᠳᠤᠭᠠᠨ ᠬᠤᠷᠠᠯᠳᠤᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠷᠬᠡᠪᠰᠢ ᠲᠥᠪ ᠬᠣᠷᠢᠶᠠᠨ ᠤ ᠰᠢᠶᠳᠪᠦᠷᠢᠲᠦ ᠪᠤᠳᠤᠯᠭ᠎ᠠ ᠶᠢᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ᠂ 2005 ᠣᠨ ᠤ 1 ᠰᠠᠷ᠎ᠠ ᠡᠴᠠ ᠡᠬᠢᠯᠡᠵᠦ ᠂ ᠵᠢᠯ ᠬᠠᠭᠠᠰ ᠤᠨ ᠬᠤᠭᠤᠴᠠᠭ᠎ᠠ ᠬᠡᠷᠡᠭᠰᠡᠵᠦ᠂ ᠪᠦᠬᠦ ᠨᠠᠮ ᠤᠨ ᠳᠣᠲᠣᠷ᠎ᠠ 《 ᠭᠤᠷᠪᠠ ᠶᠢ ᠲᠥᠯᠥᠭᠡᠯᠡᠬᠦ 》 ᠴᠢᠬᠤᠯᠠ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠪᠡᠷ ᠭᠣᠣᠯ ᠠᠭᠤᠯᠭ᠎ᠠ ᠪᠣᠯᠭᠠᠭᠰᠠᠨ ᠡᠪ ᠬᠠᠮᠲᠤ ᠨᠠᠮ ᠤᠨ ᠭᠡᠰᠢᠭᠦᠨ ᠦ ᠲᠡᠷᠢᠭᠦᠨ ᠦ ᠴᠢᠨᠠᠷ ᠢ ᠪᠠᠲᠤᠯᠠᠬᠤ ᠲᠤᠬᠠᠶ ᠰᠤᠷᠭᠠᠨ ᠬᠥᠮᠦᠵᠢᠯ ᠦᠨ ᠠᠵᠢᠯᠯᠠᠭ᠎ᠠ ᠶᠢ ᠥᠷᠨᠢᠭᠦᠯᠦᠨ᠎ᠡ᠃ ᠡᠨᠡ ᠪᠣᠯ 《 ᠭᠤᠷᠪᠠ ᠶᠢ ᠡᠷᠬᠢᠮᠯᠡᠬᠦ 》 ᠲᠤᠬᠠᠶ ᠲᠥᠪᠯᠡᠷᠡᠭᠦᠯᠦᠭᠰᠡᠨ ᠬᠥᠮᠦᠵᠢᠯ᠂ 《 ᠭᠤᠷᠪᠠ ᠶᠢ ᠲᠥᠯᠥᠭᠡᠯᠡᠬᠦ 》 ᠴᠢᠬᠤᠯᠠ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠦᠨ ᠠᠵᠢᠯᠯᠠᠭ᠎ᠠ ᠶᠢᠨ ᠳᠠᠷᠠᠭᠠᠬᠢ ᠨᠠᠮ ᠤᠨ ᠲᠥᠪ ᠬᠤᠷᠢᠶᠠᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠠᠰᠠ ᠨᠢᠭᠡᠨ ᠴᠢᠬᠤᠯᠠ ᠶᠡᠬᠡ ᠰᠢᠶᠳᠪᠦᠷᠢᠲᠦ ᠪᠤᠳᠤᠯᠭ᠎ᠠ ᠮᠥᠨ ᠃ ᠲᠤᠰ ᠤᠳᠠᠭᠠᠨ ᠤ ᠲᠡᠷᠢᠭᠦᠨ ᠦ ᠴᠢᠨᠠᠷ ᠤᠨ ᠬᠥᠮᠦᠵᠢᠯ ᠦᠨ ᠠᠵᠢᠯᠯᠠᠭ᠎ᠠ ᠤᠨ ᠡᠭᠦᠷᠭᠡ ᠬᠦᠨᠳᠦ᠂ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ᠂ ᠨᠡᠶᠢᠭᠡᠮ ᠤᠨ ᠪᠦᠬᠦ ᠲᠠᠯ᠎ᠠ ᠲᠡᠶ ᠬᠤᠯᠪᠤᠭᠳᠠᠭᠰᠠᠨ ᠤᠴᠢᠷ ᠡᠴᠠ ᠨᠠᠮ ᠤᠨ ᠬᠣᠷᠢᠶᠠᠨ ᠠᠴᠠ ᠠᠳᠬᠤᠬᠤ ᠪᠠᠷ ᠦᠯᠦ ᠪᠠᠷᠠᠮ ᠵᠠᠰᠠᠭ ᠤᠨ ᠣᠷᠳᠣᠨ ᠴᠤ ᠠᠳᠬᠤᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠣᠷᠢᠶ᠎ᠠ ᠵᠠᠰᠠᠭ ᠤᠨ ᠣᠷᠳᠣᠨ ᠨᠢ ᠮᠠᠰᠢ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ᠃ ᠭᠠᠭᠴᠠ ᠬᠦ ᠲᠡᠷᠢᠭᠦᠨ ᠦ ᠴᠢᠨᠠᠷ ᠢ ᠪᠠᠷᠢᠮᠲᠠᠯᠠᠬᠤ ᠬᠥᠮᠦᠵᠢᠯ ᠦᠨ ᠠᠵᠢᠯᠯᠠᠭ᠎ᠠ ᠪᠣᠯᠤᠨ ᠬᠤᠪᠢᠨ ᠤ ᠲᠤᠬᠠᠶᠢᠯᠠᠭᠰᠠᠨ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠡᠯ᠎ᠡ ᠲᠠᠯ᠎ᠠ ᠶᠢᠨ ᠬᠢᠨ ᠦ ᠢᠳᠡᠪᠬᠢᠵᠢᠯ ᠢ ᠭᠦᠢᠴᠡᠳ ᠲᠡᠢᠢᠴᠢᠯᠡᠠ᠂ ᠡᠯ᠎ᠡ ᠲᠠᠯ᠎ᠠ ᠶᠢᠨ ᠬᠦᠴᠦᠨ ᠢ ᠲᠥᠪᠯᠡᠷᠡᠭᠦᠯᠵᠦ᠂ ᠬᠠᠷᠢᠭᠤᠴᠠᠯᠭ᠎ᠠ ᠶᠢ ᠬᠥᠮᠦᠨ ᠳᠦᠨᠢ ᠳᠠᠭᠠᠭᠠᠯᠭᠠᠬᠤ᠂ ᠠᠵᠢᠯ ᠢ ᠪᠣᠳᠠᠲᠠᠶ ᠬᠢᠵᠦ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ ᠂ ᠵᠡᠬᠦᠨ ᠪᠠᠷᠠᠭᠤᠨ ᠬᠠᠮᠵᠢᠯᠴᠠᠵᠤ᠂ ᠰᠡᠳᠬᠢᠯ ᠨᠢᠭᠡᠳᠦᠨ ᠬᠦᠴᠦ ᠪᠡᠨ ᠬᠠᠮᠲᠤᠳᠬᠠᠵᠤ ᠰᠤᠷᠭᠠᠨ ᠬᠥᠮᠦᠵᠢᠯ ᠢ ᠰᠠᠶᠢᠲᠤᠷ ᠠᠳᠬᠤᠵᠤ᠂ ᠤᠬᠠᠭᠤᠯᠭ᠎ᠠ ᠶᠢᠨ ᠠᠵᠢᠯᠯᠠᠭᠠᠨ ᠤ ᠤᠳᠤᠷᠢᠳᠤᠯᠭ᠎ᠠ ᠶᠢᠨ ᠪᠠᠶᠢᠷᠢᠰᠢᠯ ᠪᠠ ᠶᠡᠬᠡ ᠠᠵᠢᠯ ᠦᠢᠯᠡᠰ ᠢᠶᠡᠨ ᠳᠡᠭᠡᠳᠦᠯᠡᠪᠡᠯ ᠰᠠᠶ᠋ᠢ ᠲᠡᠷᠢᠭᠦᠨ ᠦ ᠴᠢᠨᠠᠷ ᠢ ᠪᠠᠷᠢᠮᠲᠠᠯᠠᠬᠤ ᠬᠥᠮᠦᠵᠢᠯ ᠦᠨ ᠠᠵᠢᠯᠯᠠᠭ᠎ᠠ ᠤᠨ ᠵᠢᠱᠢᠭᠰᠡᠨ ᠬᠡᠮᠵᠢᠶᠡᠨ ᠳ᠋ᠦ ᠬᠦᠷᠬᠦ ᠶ᠋ᠢ ᠦᠨᠡᠨ ᠬᠦ ᠪᠠᠲᠤᠯᠠᠵᠦ ᠴᠢᠳᠠᠨ᠎ᠠ᠃ ᠬᠤᠷᠠᠯ ᠡᠴᠠ  《ᠥᠪᠥᠷ ᠮᠣᠩᠭᠣᠯ ᠤᠨ ᠨᠠᠮ ᠤᠨ ᠬᠤᠷᠢᠶᠠᠨ ᠡᠴᠠ ᠨᠠᠮ ᠤᠨ ᠭᠡᠰᠢᠭᠦᠨ ᠦ ᠲᠡᠷᠢᠭᠦᠨ ᠦ ᠴᠢᠨᠠᠷ ᠢ ᠪᠠᠷᠢᠮᠲᠠᠯᠠᠬᠤ ᠬᠥᠮᠦᠵᠢᠯ ᠦᠨ ᠠᠵᠢᠯᠯᠠᠭ᠎ᠠ ᠶᠢᠨ ᠲᠤᠬᠠᠶ ᠬᠡᠷᠡᠭᠵᠢᠭᠦᠯᠬᠦ ᠲᠥᠰᠦᠯ 》 ᠂ 《 ᠪᠦᠬᠦ ᠣᠷᠣᠨ ᠤ ᠠᠩᠬᠠᠳᠠᠭᠴᠢ  ᠪᠦᠯᠦᠭ ᠲᠡᠷᠢᠭᠦᠨ ᠦ ᠴᠢᠨᠠᠷ ᠤᠨ ᠬᠥᠮᠦᠵᠢᠯ ᠦᠨ ᠠᠵᠢᠯᠯᠠᠭ᠎ᠠ ᠶ᠋ᠢ ᠬᠡᠷᠡᠭᠵᠢᠭᠦᠯᠬᠦ ᠰᠠᠨᠠᠯ 》 ᠂ 《 ᠥᠪᠥᠷ ᠮᠣᠩᠭᠣᠯ ᠤᠨ ᠨᠠᠮ ᠤᠨ ᠬᠣᠷᠢᠶᠠᠨ ᠤ ᠪᠠᠶᠢᠩᠭᠤ ᠶᠢᠨ ᠬᠤᠷᠢᠶᠠᠨ ᠡᠴᠠ ᠡᠪ ᠬᠠᠮᠲᠤ ᠨᠠᠮ ᠤᠨ ᠭᠡᠰᠢᠭᠦᠨ ᠦ ᠲᠡᠷᠢᠭᠦᠨ ᠦ ᠴᠢᠨᠠᠷ ᠢ ᠪᠠᠷᠢᠮᠲᠠᠯᠠᠬᠤ ᠬᠥᠮᠦᠵᠢᠯ ᠦᠨ ᠠᠵᠢᠯᠯᠠᠭ᠎ᠠ ᠶ᠋ᠢ ᠬᠡᠷᠡᠭᠵᠢᠭᠦᠯᠬᠦ ᠰᠠᠨᠠᠯ 》 ᠢ  ᠶᠠᠷᠢᠯᠴᠠᠨ ᠪᠠᠲᠤᠯᠠᠪᠠ᠃ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠷᠢᠭᠦᠨ ᠦ ᠴᠢᠨᠠᠷ ᠢ ᠪᠠᠷᠢᠮᠲᠠᠯᠠᠬᠤ ᠬᠥᠮᠦᠵᠢᠯ ᠦᠨ ᠠᠵᠢᠯᠯᠠᠭ᠎ᠠ ᠨᠢ ᠪᠦᠯᠦᠭ ᠬᠤᠪᠢᠶᠠᠨ᠂ ᠱᠠᠳᠤ ᠬᠤᠪᠢᠶᠠᠨ ᠶᠠᠪᠤᠭᠳᠠᠭᠤᠯᠬᠤ ᠪᠠᠷ ᠳᠠᠮᠵᠢᠨ ᠡᠮᠬᠢ ᠳᠢᠭᠯᠢᠮ ᠲᠡᠶ ᠶᠠᠪᠤᠭᠳᠠᠵᠤ ᠪᠠᠶᠢᠨ᠎ᠠ ᠃
    ᠠᠯᠢ ᠡᠷᠲᠡ 2004 ᠣᠨ ᠤ 10 ᠰᠠᠷ᠎ᠠ ᠶᠢᠨ 27 ᠤ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠲᠣᠭᠲᠠᠭᠠᠯ ᠭᠠᠷᠭᠠᠵᠤ ᠂ ᠪᠦᠬᠦ ᠣᠷᠣᠨ ᠤ ᠨᠠᠮ ᠤᠨ ᠭᠡᠰᠢᠭᠦᠨ᠂ ᠢᠯᠠᠩᠭᠤᠶ᠎ᠠ ᠤᠳᠤᠷᠢᠳᠬᠤ ᠺᠠᠳ᠋ᠷᠴᠤᠳ ᠤᠨ ᠳᠤᠮᠳᠠ᠂ ᠨᠢᠦ ᠢᠦᠢ ᠷᠦ᠋ ᠨᠥᠬᠥᠷ ᠡᠴᠡ ᠳᠠᠭᠠᠨ ᠰᠤᠷᠤᠯᠴᠠᠬᠤ ᠠᠵᠢᠯᠯᠠᠭ᠎ᠠ ᠶᠢ ᠥᠷᠭᠡᠨ ᠳᠡᠯᠭᠡᠷᠡᠩᠭᠦᠶ ᠭᠦᠨ ᠭᠦᠨᠵᠡᠭᠡᠶ ᠦᠷᠨᠢᠬᠦᠯᠬᠦ ᠬᠡᠷᠡᠭᠲᠡᠢ ᠬᠡᠮᠡᠨ ᠱᠠᠭᠠᠷᠳᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠦᠵᠢ ᠴᠥ᠋ ᠪᠥᠸᠧ ᠡᠴᠠ ᠨᠢᠦ ᠢᠦᠢ ᠷᠦ᠋ ᠨᠦᠬᠦᠷ ᠦᠨ ᠦᠢᠯᠡ ᠶᠠᠪᠤᠳᠠᠯ ᠤᠨ ᠰᠣᠨᠢᠨ ᠮᠡᠳᠡᠭᠡᠨ ᠦ ᠰᠤᠷᠪᠤᠯᠵᠢᠯᠠᠬᠤ ᠪᠦᠯᠬᠦᠮ ᠦᠨ ᠰᠤᠷᠪᠤᠯᠵᠢᠯᠠᠭ᠎ᠠ ᠶ᠋ᠢ ᠬᠦᠯᠢᠶᠡᠨ ᠠᠪᠴᠠᠢ᠃ 11 ᠰᠠᠷ᠎ᠠ ᠶᠢᠨ 30 ᠤ ᠡᠳᠦᠷ᠂ ᠨᠢᠦ ᠢᠦᠢ ᠷᠦ᠋ ᠨᠥᠬᠥᠷ ᠦᠨ ᠲᠡᠷᠢᠭᠦᠨ ᠦ ᠦᠢᠯᠡ ᠠᠵᠢᠯᠯᠠᠭ᠎ᠠ ᠶᠢᠨ ᠠᠩᠬᠠᠨ ᠤ ᠲᠠᠯᠠᠪᠠᠢ ᠶ᠋ᠢᠨ ᠮᠡᠳᠡᠭᠦᠯᠦᠯᠲᠡ ᠶᠢᠨ ᠬᠤᠷᠠᠯ ᠨᠢ ᠪᠡᠭᠡᠵᠢᠩ ᠦᠨ ᠠᠷᠠᠳ ᠤᠨ ᠶᠡᠬᠡ ᠬᠤᠷᠠᠯ ᠤᠨ ᠲᠠᠩᠬᠢᠮ ᠳᠤ ᠦᠪᠡᠳᠡᠭᠰᠢ ᠶᠡᠬᠡᠪᠡᠷ ᠶᠠᠪᠤᠭᠳᠠᠵᠤ᠂ ᠬᠤᠤ ᠵᠢᠨ ᠲᠤᠤ ᠶᠡᠷᠦᠩᠬᠡᠶ ᠱᠦᠵᠢ ᠡᠴᠠ ᠥᠪᠡᠷ ᠦᠨ ᠪᠡᠶ᠎ᠡ ᠪᠡᠷ ᠢᠶᠡᠨ ᠮᠡᠳᠡᠭᠦᠯᠦᠯᠲᠡ ᠬᠢᠬᠦ ᠪᠦᠯᠬᠦᠮ ᠦᠨ ᠪᠦᠷᠢᠯᠳᠦᠬᠦᠨ ᠨᠡᠷ ᠢ ᠬᠦᠯᠢᠶᠡᠨ ᠠᠪᠴᠤ ᠠᠭᠤᠯᠵᠠᠪᠠ᠃ 2005 ᠣᠨ ᠤ 1 ᠰᠠᠷ᠎ᠠ ᠶᠢᠨ 29 ᠦ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠲᠡᠷᠢᠭᠦᠨ ᠦ ᠴᠢᠨᠠᠷ ᠤᠨ ᠬᠥᠮᠦᠵᠢᠯ ᠦᠨ ᠠᠵᠢᠯᠯᠠᠭ᠎ᠠ ᠶᠢ ᠤᠳᠤᠷᠢᠳᠬᠤ ᠳᠤᠭᠤᠶᠢᠯᠠᠩ 《 ᠨᠢᠦ ᠢᠦᠢ ᠷᠦ᠋  ᠨᠦᠬᠦᠷ ᠡᠴᠡ ᠳᠠᠭᠠᠨ ᠰᠤᠷᠤᠯᠴᠠᠵᠤ ᠂  < ᠰᠠᠶᠢᠨ ᠺᠠᠳ᠋ᠷ᠂ ᠳᠣᠲᠣᠨᠣ ᠬᠥᠮᠦᠨ > 》 ᠭᠡᠬᠦ ᠬᠦᠳᠡᠯᠭᠡᠭᠡᠨ ᠢ ᠵᠤᠬᠢᠶᠠᠨ ᠪᠠᠶᠢᠭᠤᠯᠵᠤ᠂ ᠪᠦᠬᠦ ᠣᠷᠣᠨ ᠤ ᠥᠷᠭᠡᠨ ᠤᠯᠠᠨ ᠡᠪ ᠬᠠᠮᠲᠤ ᠨᠠᠮ ᠤᠨ ᠭᠡᠰᠢᠭᠦᠨ ᠢ ᠳᠠᠭᠠᠨ ᠰᠤᠷᠤᠯᠴᠠᠵᠤ ᠦᠯᠢᠭᠡᠷ ᠳᠠᠭᠤᠷᠢᠶᠠᠯ ᠪᠤᠯᠭᠠᠨ᠂ ᠪᠣᠳᠠᠲᠤ ᠠᠵᠢᠯᠯᠠᠭ᠎ᠠ ᠶᠠᠪᠤᠭᠤᠯᠬᠤ ᠪᠠᠷ ᠤᠷᠢᠶᠠᠯᠠᠵᠦ᠂ ᠨᠢᠦ ᠢᠦᠢ ᠷᠦ᠋  ᠨᠦᠬᠦᠷ ᠦᠨ ᠵᠣᠷᠢᠭ ᠰᠠᠨᠠᠭ᠎ᠠ ᠶᠢ ᠨᠠᠮ ᠤᠨ ᠭᠡᠰᠢᠭᠦᠨ ᠺᠠᠳ᠋ᠷ ᠤᠨ ᠣᠯᠠᠨ ᠲᠦᠮᠡᠨ ᠳᠦ ᠦᠶᠯᠡᠴᠢᠯᠡᠬᠦ ᠂ ᠠᠵᠢᠯ ᠢᠶᠠᠨ ᠲᠦᠯᠬᠢᠨ ᠠᠬᠢᠭᠤᠯᠬᠤ ᠬᠦᠴᠦᠷᠬᠡᠭ ᠶᠡᠬᠡ ᠬᠥᠳᠡᠯᠭᠡᠭᠴᠢ ᠬᠦᠴᠦᠨ ᠪᠤᠯᠭᠠᠵᠠᠢ ᠃

ᠵᠣᠬᠢᠶᠠᠭᠴᠢ:
ᠢᠷᠡᠯᠲᠡ: