ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠰᠤᠷᠤᠯᠴᠠᠨ ᠲᠤᠤᠱᠯᠠᠭᠤᠯᠬᠤ ᠪᠠ ᠲᠡᠷᠢᠬᠦᠨ ᠦ ᠬᠢ ᠶ᠋ᠢ ᠡᠭᠦᠳᠴᠦ ᠰᠢᠯᠢᠳᠡᠭ ᠢ ᠪᠤᠢ ᠪᠤᠯᠭᠠᠬᠤ ᠠᠵᠢᠯᠯᠠᠭ᠎ᠠ ᠶ᠋ᠢ ᠦᠷᠨᠢᠬᠦᠯᠬᠦ
ᠨᠢᠭᠡ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠰᠤᠷᠤᠯᠴᠠᠨ ᠲᠤᠤᠱᠯᠠᠭᠤᠯᠬᠤ
ᠲᠥᠪ ᠦᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠰᠤᠷᠤᠯᠴᠠᠨ ᠲᠤᠤᠱᠠᠯᠠᠭᠤᠯᠬᠤ ᠦᠵᠡᠯ ᠰᠠᠨᠠᠭ᠎ᠠ ᠤ ᠣᠨᠣᠯ ᠤᠨ ᠪᠠᠶᠢᠭᠤᠯᠤᠯᠲᠠ ᠶᠢᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠭᠠᠰᠠᠨ ᠪᠠᠶᠢᠨ᠎ᠠ᠃ 2007 ᠤᠨ ᠤ10 ᠰᠠᠷ᠎ᠠ ᠶ᠋ᠢᠨ 25 ᠦ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠡᠴᠡ ᠠᠷᠪᠠᠨ ᠳᠣᠯᠣᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠠᠯᠠᠭᠤᠯᠬᠤ ᠤᠳᠤᠷᠢᠳᠬᠤ ᠺᠠᠳ᠋ᠷᠴᠤᠳ ᠤᠨ ᠶᠡᠬᠡ ᠬᠤᠷᠠᠯ ᠬᠤᠷᠠᠯᠳᠤᠭᠤᠯᠤᠭᠰᠠᠨ ᠪᠠᠶᠢᠨ᠎ᠠ᠃ ᠴᠦ᠋ ᠪᠦᠸ᠋ᠸᠢ ᠡᠴᠡ᠂ ᠣᠳᠣᠬᠠᠨ ᠳᠤ ᠪᠠ ᠬᠣᠶᠢᠰᠢᠳᠠ ᠶᠢᠨ ᠨᠢᠭᠡ ᠬᠤᠭᠤᠴᠠᠭᠠᠨ ᠳᠤ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠦ ᠡᠮᠦᠨ᠎ᠡ ᠲᠠᠯᠪᠢᠭᠳᠠᠵᠤ ᠪᠠᠶᠢᠭ᠎ᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯ ᠨᠠᠮ ᠤᠨ ᠠᠷᠪᠠᠨ ᠳᠣᠯᠣᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ᠂ ᠤᠬᠠᠭᠤᠯᠬᠤ ᠪᠠ ᠲᠤᠤᠱᠯᠠᠭᠤᠯᠤᠨ ᠨᠠᠶᠢᠳᠠᠪᠦᠷᠢᠭᠤᠯᠬᠤ ᠂ ᠨᠠᠮ ᠤᠨ ᠠᠷᠪᠠᠨ ᠳᠣᠯᠣᠳᠤᠭᠠᠷ ᠶᠡᠬᠡ ᠬᠤᠷᠠᠯ ᠠᠴᠠ ᠲᠣᠭᠲᠠᠭᠠᠭᠰᠠᠨ ᠲᠡᠮᠡᠴᠡᠬᠦ ᠬᠠᠷᠠᠯᠲᠠ ᠪᠠ ᠠᠵᠢᠯ ᠤᠨ ᠡᠭᠦᠷᠭᠡ ᠶᠢ ᠴᠢᠷᠮᠠᠶᠢᠨ ᠪᠡᠶᠡᠯᠡᠬᠦᠯᠬᠦ ᠶᠠᠪᠤᠳᠠᠯ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠢᠨ ᠣᠶᠢᠷ᠎ᠠ ᠶᠢᠨ ᠬᠤᠭᠤᠴᠠᠭᠠᠨ ᠳ᠋ᠤ ᠰᠤᠷᠤᠯᠴᠠᠨ ᠲᠤᠤᠱᠯᠠᠭᠤᠯᠬᠤ ᠲᠤᠬᠠᠢ ᠪᠠᠶᠢᠷᠢᠯᠠᠭᠤᠯᠤᠯᠲᠠ ᠬᠢᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠂ ᠡᠯ᠎ᠡ ᠪᠠᠶᠢᠭᠤᠯᠤᠯᠭ᠎ᠠ ᠨᠢᠭᠡᠴᠡ ᠶᠢᠨ ᠬᠢᠨ ᠲᠥᠪ ᠦᠨ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠲᠣᠰ ᠤᠷᠤᠨ ᠤ ᠪᠠᠨ ᠪᠣᠳᠠᠲᠠᠶ ᠲᠠᠶ ᠪᠠᠨ ᠤᠶᠠᠯᠳᠤᠭᠤᠯᠤᠨ᠂ ᠳᠠᠷᠤᠶ ᠲᠦᠷᠭᠡᠨ ᠪᠠᠶᠢᠷᠢᠯᠠᠭᠤᠯᠤᠯᠲᠠ ᠶ᠋ᠢ ᠬᠢᠵᠦ᠂ ᠠᠷᠪᠠᠨ ᠳᠣᠯᠣᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠳᠠᠷᠤᠢ ᠲᠦᠷᠭᠡᠨ ᠤᠯᠠᠮᠵᠢᠯᠠᠵᠤ᠂ ᠥᠷᠭᠡᠨ ᠣᠯᠠᠨ ᠨᠠᠮ ᠤᠨ ᠭᠡᠰᠢᠭᠦᠨ ᠪᠣᠯᠤᠨ ᠺᠠᠳ᠋ᠷ ᠤᠯᠠᠨ ᠲᠦᠮᠡᠨ ᠦ ᠳᠤᠮᠳᠠ ᠳᠡᠯᠭᠡᠷᠡᠭᠦᠯᠬᠦ ᠬᠡᠷᠡᠭᠲᠡᠶ᠃ ᠴᠥ᠋ ᠪᠥᠸᠧ ᠱᠠᠭᠠᠷᠳᠠᠭᠰᠠᠨ ᠨᠢ᠂ ᠨᠠᠮ ᠤᠨ ᠠᠷᠪᠠᠨ ᠳᠣᠯᠣᠳᠤᠭᠠᠷ ᠶᠡᠬᠡ ᠬᠤᠷᠠᠯ ᠤᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠰᠤᠳᠤᠯᠤᠨ ᠤᠩᠰᠢᠵᠤ᠂ ᠶᠡᠷᠦᠩᠬᠡᠶ ᠱᠦᠵᠢ ᠬᠤᠤ ᠵᠢᠨ ᠲᠤᠤ ᠶᠢᠨ ᠨᠠᠮ ᠤᠨ ᠠᠷᠪᠠᠨ ᠳᠣᠯᠣᠳᠤᠭᠠᠷ ᠬᠤᠭᠤᠴᠠᠭᠠᠨ ᠤ ᠲᠥᠪ ᠬᠣᠷᠢᠶᠠᠨ ᠤ ᠠᠩᠬᠠᠳᠤᠭᠠᠷ ᠪᠥᠬᠥᠳᠡ ᠬᠤᠷᠠᠯ ᠳᠡᠭᠡᠷ᠎ᠡ ᠳᠤᠷᠠᠳᠤᠭᠰᠠᠨ 《 ᠵᠢᠷᠭᠤᠭᠠᠨ ᠡᠷᠬᠡᠪᠰᠢ 》 ᠶᠢᠨ ᠱᠠᠭᠠᠷᠳᠠᠯᠭ᠎ᠠ ᠶᠤᠰᠤᠭᠠᠷ ᠂ ᠬᠡᠵᠢᠶ᠎ᠡ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠬᠡ ᠲᠤᠭ ᠢ ᠥᠨᠳᠥᠷ ᠮᠠᠨᠳᠤᠭᠤᠯᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠬᠦᠴᠦᠨ ᠴᠢᠳᠠᠯ ᠢᠶᠠᠨ ᠨᠢᠭᠲᠠᠷᠠᠭᠤᠯᠬᠤ ᠬᠡᠷᠡᠭᠲᠡᠢ᠃ ᠰᠢᠨᠵᠢᠯᠡᠬᠦ ᠡᠣᠬᠠᠭᠠᠠᠴᠢ ᠬᠥᠭᠵᠢᠯᠲᠡ ᠶᠢᠨ ᠡᠣᠢᠵᠠᠯᠳᠠ ᠶᠢ ᠭᠦᠨᠵᠡᠭᠡᠶ ᠲᠤᠤᠱᠯᠠᠭᠤᠯᠤᠨ ᠨᠠᠢᠢᠳᠠᠪᠤᠷᠢᠵᠢᠭᠣᠯᠵᠪ ᠂ ᠬᠦᠴᠦ ᠲᠠᠯᠪᠢᠨ ᠵᠣᠬᠢᠰ ᠦᠭᠡᠢ ᠵᠦᠢᠯᠡᠰ ᠪᠠ ᠰᠢᠨᠵᠢᠯᠡᠬᠦ ᠤᠬᠠᠭᠠᠨᠴᠢ ᠦᠵᠡᠯᠲᠡ ᠳ᠋ᠦ ᠦᠯᠦ ᠵᠤᠬᠢᠴᠠᠬᠤ ᠦᠵᠡᠯ ᠰᠠᠨᠠᠭ᠎ᠠ ᠤᠶᠢᠯᠭᠠᠭᠳᠠᠬᠤᠨ ᠢ ᠦᠭᠡᠷᠡᠴᠢᠯᠡᠵᠦ᠂ ᠰᠢᠨᠵᠢᠯᠡᠬᠦ ᠤᠬᠠᠭᠠᠨᠴᠢ ᠬᠥᠭᠵᠢᠯᠲᠡ ᠶᠢ ᠨᠥᠯᠥᠭᠡᠯᠡᠨ ᠬᠢᠵᠠᠭᠠᠷᠯᠠᠵᠤ ᠪᠠᠶᠢᠭ᠎ᠠ ᠲᠤᠪᠤᠢᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠠᠤᠭ᠎ᠠ ᠬᠠᠷᠠᠯᠲᠠ ᠶᠢ ᠭᠤᠶᠢᠪᠢᠰᠢ ᠦᠭᠡᠢ ᠪᠡᠷ ᠪᠠᠷᠢᠮᠲᠠᠯᠠᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠦᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠬᠦᠭᠵᠢᠯᠲᠡ ᠶ᠋ᠢᠨ ᠰᠡᠳᠬᠢᠴᠡ ᠪᠡᠨ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠶᠡᠷᠦᠩᠬᠡᠶᠢᠯᠡᠭᠰᠡᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠡᠯ᠎ᠡ ᠵᠦᠢᠯ ᠦᠨ ᠠᠵᠢᠯ ᠢ ᠵᠣᠬᠢᠴᠠᠭᠤᠯᠤᠨ ᠠᠬᠢᠭᠤᠯᠤᠨ᠎ᠠ᠃ ᠦᠵᠡᠯ ᠰᠠᠨᠠᠭ᠎ᠠ ᠪᠠᠨ ᠴᠢᠯᠦᠭᠡᠯᠡᠬᠦ᠂ ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠬᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠦᠨ ᠠᠵᠤ ᠠᠬᠤᠶ ᠶᠢᠨ ᠥᠭᠡᠷᠡᠴᠢᠯᠡᠯᠲᠡ ᠶᠢᠨ ᠴᠢᠭᠯᠡᠯ᠂ ᠭᠠᠳᠠᠭᠰᠢ ᠨᠡᠭᠡᠭᠡᠯᠳᠡ ᠬᠢᠬᠦ᠂ ᠤᠯᠤᠰ ᠤᠨ ᠦᠨᠳᠦᠰᠦᠨ ᠪᠤᠳᠤᠯᠭ᠎ᠠ ᠶᠢ ᠭᠤᠶᠢᠪᠠᠰᠢ ᠦᠭᠡᠢ ᠪᠠᠷᠢᠮᠲᠠᠯᠠᠨ᠎ᠠ᠃ ᠠᠷᠠᠳ ᠲᠦᠮᠡᠨ ᠦ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶ᠋ᠢ ᠪᠠᠲᠤᠯᠠᠵᠦ᠂ ᠠᠷᠠᠳ ᠤᠨ ᠳᠣᠲᠣᠭᠠᠳᠤ ᠶᠢᠨ ᠵᠥᠷᠢᠴᠡᠯ ᠪᠠ ᠡᠶ᠎ᠡ ᠵᠣᠬᠢᠴᠠᠯ ᠦᠭᠡᠢ ᠬᠦᠴᠦᠨ ᠵᠦᠢᠯ ᠶ᠋ᠢ ᠰᠢᠢᠳᠪᠦᠷᠢᠯᠡᠬᠦ ᠬᠡᠷᠡᠭᠲᠡᠢ ᠃
2008 ᠤᠨ ᠤ 9 ᠰᠠᠷ᠎ᠠ ᠡᠴᠠ 2010 ᠤᠨ ᠤ 3 ᠰᠠᠷ᠎ᠠ ᠪᠤᠯᠲᠠᠯ᠎ᠠ᠂ ᠵᠢᠯ ᠬᠠᠭᠠᠰ ᠤᠨ ᠬᠤᠭᠤᠴᠠᠭ᠎ᠠ ᠶ᠋ᠢ ᠬᠡᠷᠡᠭᠰᠡᠵᠦ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ 7.16 ᠲᠦᠮᠡᠨ ᠨᠠᠮ ᠤᠨ ᠵᠣᠬᠢᠶᠠᠨ ᠪᠠᠶᠢᠭᠤᠯᠤᠯᠲᠠ᠂133 ᠲᠦᠮᠡᠨ ᠭᠠᠷᠤᠶ ᠨᠠᠮ ᠤᠨ ᠭᠡᠰᠢᠭᠦᠳ ᠢ ᠳᠡᠭᠡᠷ᠎ᠡ ᠡᠴᠡ ᠳᠣᠷᠣᠭᠰᠢ ᠭᠤᠷᠪᠠᠨ ᠪᠦᠯᠦᠭ ᠬᠤᠪᠢᠶᠠᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠭᠦᠨᠵᠡᠭᠡᠶ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶ᠋ᠢ ᠦᠷᠨᠢᠬᠦᠯᠵᠦ᠂ ᠵᠢᠱᠢᠭᠰᠡᠨ ᠵᠣᠷᠢᠯᠭ᠎ᠠ ᠳᠠᠭᠠᠨ ᠬᠦᠷᠴᠦ᠂ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ ᠃
ᠬᠣᠶᠠᠷ᠂ ᠲᠡᠷᠢᠬᠦᠨ ᠦ ᠬᠢ ᠶ᠋ᠢ ᠡᠭᠦᠳᠴᠦ ᠰᠢᠯᠢᠳᠡᠭ ᠢ ᠪᠤᠢ ᠪᠤᠯᠭᠠᠬᠤ ᠪᠠᠷ ᠴᠢᠷᠮᠠᠶᠢᠭᠰᠠᠨ ᠠᠵᠢᠯᠯᠠᠭ᠎ᠠ ᠦᠷᠨᠢᠬᠦᠯᠬᠦ
ᠲᠥᠪ ᠬᠣᠷᠢᠶᠠᠨ ᠤ ᠱᠠᠭᠠᠷᠳᠠᠯᠭ᠎ᠠ ᠶᠣᠰᠣᠭᠠᠷ᠂ 2010 ᠣᠨ ᠤ 4 ᠰᠠᠷ᠎ᠠ ᠡᠴᠡ ᠡᠬᠢᠯᠡᠵᠦ᠂ ᠪᠦᠬᠦ ᠨᠠᠮ ᠢᠶᠠᠷ ᠢᠶᠠᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠳ ᠦᠨ ᠳᠤᠮᠳᠠ᠂ ᠲᠡᠷᠢᠬᠦᠨ ᠦ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠠ ᠰᠢᠯᠢᠳᠡᠭ ᠨᠠᠮ ᠤᠨ ᠭᠡᠰᠢᠭᠦᠨ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠦᠷᠨᠢᠭᠦᠯᠵᠠᠢ᠃ ᠲᠤᠰ ᠠᠵᠢᠯᠯᠠᠭᠠᠨ ᠨᠢ ᠰᠡᠳᠦᠪ ᠬᠠᠷᠢᠭᠤᠯᠬᠤ ᠳᠡᠭᠡᠷ᠎ᠡ ᠬᠣᠶᠠᠷ ᠴᠠᠭ ᠤᠨ ᠬᠡᠰᠡᠭ ᠲᠦ ᠬᠤᠪᠢᠶᠠᠵᠠᠢ᠄ 2010 ᠣᠨ ᠤ 4 ᠰᠠᠷ᠎ᠠ ᠡᠴᠠ ᠡᠬᠢᠯᠡᠵᠦ᠂ ᠨᠠᠮ ᠪᠠᠶᠢᠭᠤᠯᠤᠭᠳᠠᠭᠰᠠᠨ 90 ᠵᠢᠯ ᠦᠨ ᠣᠢ ᠶᠢ ᠤᠭᠲᠤᠬᠤ ᠲᠤᠭᠤᠷᠢᠨ ᠳ᠋ᠤ ᠰᠢᠨ᠎ᠡ ᠶ᠋ᠢ ᠡᠭᠦᠳᠴᠦ ᠰᠢᠯᠢᠳᠡᠭ ᠢ ᠬᠦᠭᠡᠭᠡᠴᠡᠯᠳᠦᠬᠦ ᠪᠡᠷ ᠴᠢᠷᠮᠠᠶᠢᠭᠰᠠᠨ ᠠᠵᠢᠯᠯᠠᠭ᠎ᠠ ᠶᠢᠨ ᠦᠷᠨᠢᠭᠦᠯᠪᠡ᠃ 2011ᠣᠨ ᠤ 7 ᠰᠠᠷ᠎ᠠ ᠡᠴᠡ ᠡᠬᠢᠯᠡᠵᠦ᠂ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠤᠨ ᠪᠠᠶᠢᠷᠢᠯᠠᠭᠤᠯᠤᠯᠲᠠ ᠶᠢᠨ ᠲᠣᠭᠣᠷᠢᠨ ᠳᠤ ᠲᠡᠷᠢᠬᠦᠨ ᠦ ᠬᠢ ᠶ᠋ᠢ ᠡᠭᠦᠳᠴᠦ ᠰᠢᠯᠢᠳᠡᠭ ᠢ ᠪᠤᠢ ᠪᠤᠯᠭᠠᠬᠤ ᠪᠠᠷ ᠴᠢᠷᠮᠠᠶᠢᠭᠰᠠᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ ᠃
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠡᠨᠡ ᠬᠦ ᠠᠵᠢᠯᠯᠠᠭ᠎ᠠ ᠶᠢ ᠥᠷᠨᠢᠭᠦᠯᠬᠦ ᠲᠤᠬᠠᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠪᠤᠢ᠃ 2010 ᠤᠨ ᠤ 4 ᠰᠠᠷ᠎ᠠ ᠶ᠋ᠢᠨ 28 ᠦ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶᠢᠨ ᠬᠤᠷᠢᠶᠠᠨ ᠠᠴᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠳᠤ ᠡᠨᠡ ᠬᠦ ᠠᠵᠢᠯᠯᠠᠭ᠎ᠠ ᠶᠢ 《 ᠬᠡᠷᠡᠭᠵᠢᠭᠦᠯᠬᠦ ᠰᠠᠨᠠᠯ 》 ᠪᠠ 《 ᠠᠵᠢᠯ ᠤᠨ ᠲᠥᠰᠦᠯ 》 ᠢ ᠬᠢᠨᠠᠨ ᠶᠠᠷᠢᠯᠴᠠᠵᠤ ᠂ ᠲᠡᠷᠢᠬᠦᠨ ᠦ ᠬᠢ ᠶ᠋ᠢ ᠡᠭᠦᠳᠴᠦ ᠰᠢᠯᠢᠳᠡᠭ ᠢ ᠪᠤᠢ ᠪᠤᠯᠭᠠᠬᠤ ᠪᠠᠷ ᠴᠢᠷᠮᠠᠶᠢᠭᠰᠠᠨ ᠠᠵᠢᠯᠯᠠᠭ᠎ᠠ ᠳ᠋ᠦ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ 4 ᠰᠠᠷ᠎ᠠ ᠶᠢᠨ 28 ᠤ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠪᠦᠬᠦ ᠣᠷᠣᠨ ᠤ ᠲᠡᠷᠢᠭᠦᠨ ᠦ ᠬᠢ ᠶᠢ ᠡᠭᠦᠳᠴᠦ ᠰᠢᠯᠢᠳᠡᠭ ᠢ ᠪᠤᠢ ᠪᠤᠯᠭᠠᠬᠤ ᠠᠵᠢᠯᠯᠠᠭ᠎ᠠ ᠶᠢᠨ ᠳᠠᠶᠢᠴᠢᠯᠠᠯᠲᠠ ᠶᠢᠨ ᠶᠡᠬᠡ ᠬᠤᠷᠠᠯ ᠢ ᠬᠤᠷᠠᠯᠳᠤᠭᠤᠯᠵᠤ᠂ ᠲᠡᠷᠢᠬᠦᠨ ᠦ ᠬᠢ ᠶ᠋ᠢ ᠡᠭᠦᠳᠴᠦ᠂ ᠰᠢᠯᠢᠳᠡᠭ ᠢ ᠪᠤᠢ ᠪᠤᠯᠭᠠᠬᠤ ᠪᠠᠷ ᠴᠢᠷᠮᠠᠶᠢᠭᠰᠠᠨ ᠠᠵᠢᠯᠯᠠᠭ᠎ᠠ ᠳ᠋ᠤ ᠪᠦᠬᠦ ᠲᠠᠯ᠎ᠠ ᠶ᠋ᠢᠨ ᠪᠠᠶᠢᠷᠢᠯᠠᠭᠤᠯᠤᠯᠲᠠ ᠶ᠋ᠢ ᠬᠢᠪᠡ᠃ ᠲᠡᠷᠢᠭᠦᠨ ᠦ ᠬᠢ ᠶᠢ ᠡᠭᠦᠳᠴᠦ ᠰᠢᠯᠢᠳᠡᠭ ᠢ ᠪᠤᠢ ᠪᠤᠯᠭᠠᠬᠤ ᠠᠵᠢᠯᠯᠠᠭ᠎ᠠ ᠶᠢᠨ ᠠᠴᠢ ᠬᠣᠯᠪᠣᠭᠳᠠᠯ ᠤᠨ ᠲᠤᠬᠠᠶ᠂ ᠭᠦᠨ ᠭᠦᠨᠵᠡᠭᠡᠶ ᠠᠯᠤᠰ ᠭᠡᠳᠤ ᠶᠢᠨ ᠨᠥᠯᠥᠭᠡ ᠶ᠋ᠢᠨ ᠲᠤᠬᠠᠢ ᠭᠦᠨᠵᠡᠭᠡᠶ ᠲᠠᠨᠢᠬᠤ ᠳ᠋ᠤ ᠳᠤᠲᠤᠷᠬᠠᠢ ᠳᠤᠷᠠᠳᠤᠯᠭ᠎ᠠ ᠬᠢᠪᠡ᠃ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢᠨ ᠦᠷ᠎ᠡ ᠪᠦᠲᠦᠭᠡᠯ ᠢ ᠪᠡᠬᠢᠵᠢᠭᠦᠯᠦᠨ ᠥᠷᠭᠡᠳᠬᠡᠬᠦ ᠦᠨᠳᠦᠷᠴᠡ ᠡᠴᠡ᠂ ᠰᠢᠨᠵᠢᠯᠡᠬᠦ ᠤᠬᠠᠭᠠᠨᠴᠢ ᠬᠥᠭᠵᠢᠯᠲᠡ ᠶᠢ ᠲᠦᠯᠬᠢᠨ ᠠᠬᠢᠭᠤᠯᠬᠤ᠂ ᠨᠡᠶᠢᠭᠡᠮ ᠦᠨ ᠡᠶ᠎ᠡ ᠵᠣᠬᠢᠴᠠᠯ ᠢ ᠠᠬᠢᠭᠤᠯᠬᠤ ᠦᠨᠳᠦᠷᠴᠡ ᠡᠴᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠂ ᠨᠠᠮ ᠤᠨ ᠭᠡᠰᠢᠭᠦᠨ ᠴᠢᠳᠠᠪᠤᠷᠢ ᠶᠢ ᠳᠡᠭᠡᠭᠰᠢᠯᠡᠭᠦᠯᠬᠦ ᠦᠨᠳᠦᠷᠴᠡ ᠲᠡᠷᠢᠭᠦᠨ ᠦ ᠬᠢ ᠶᠢ ᠡᠭᠦᠳᠴᠦ ᠰᠢᠯᠢᠳᠡᠭ ᠢ ᠪᠤᠢ ᠪᠤᠯᠭᠠᠬᠤ ᠠᠵᠢᠯᠯᠠᠭ᠎ᠠ ᠶᠢᠨ ᠴᠢᠬᠤᠯᠠ ᠴᠢᠨᠠᠷ ᠢ ᠬᠦᠢᠴᠡᠳ ᠤᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠡᠨᠡ ᠬᠦ ᠠᠵᠢᠯᠯᠠᠭ᠎ᠠ ᠶᠢ ᠦᠨᠡᠨ ᠬᠦ ᠰᠠᠶᠢᠲᠤᠷ ᠠᠳᠬᠤᠵᠤ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ᠃ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢᠨ ᠴᠡᠭᠴᠡᠯᠡᠨ ᠰᠠᠶᠢᠵᠢᠷᠠᠭᠤᠯᠬᠤ ᠰᠡᠭᠦᠯᠴᠢ ᠶᠢᠨ ᠬᠤᠭᠤᠴᠠᠭᠠᠨ ᠤ ᠠᠵᠢᠯ ᠲᠠᠢ ᠨᠢᠭᠲᠠ ᠤᠶᠠᠯᠳᠤᠭᠤᠯᠤᠨ᠂ ᠳᠣᠪᠣᠶᠢᠭᠰᠠᠨ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠪᠠ ᠰᠢᠨᠵᠢᠯᠡᠬᠦ ᠤᠬᠠᠭᠠᠨᠴᠢ ᠬᠥᠭᠵᠢᠯᠲᠡ ᠶᠢ ᠲᠦᠯᠬᠢᠨ ᠠᠬᠢᠭᠤᠯᠬᠤ᠂ ᠨᠡᠶᠢᠭᠡᠮ ᠤᠨ ᠵᠦᠷᠢᠴᠡᠯ ᠢ ᠵᠤᠬᠢᠴᠠᠭᠤᠯᠬᠤ ᠪᠠ ᠡᠶ᠎ᠡ ᠵᠤᠬᠢᠴᠠᠩᠭᠤᠢ ᠪᠠᠶᠢᠳᠠᠯ ᠢ ᠲᠤᠭᠲᠠᠭᠤᠨ ᠪᠠᠶᠢᠯᠭᠠᠬᠤ ᠠᠷᠠᠳ ᠤᠯᠠᠨ ᠳᠤ ᠦᠢᠯᠡᠴᠢᠯᠡᠬᠦ ᠪᠠ ᠠᠷᠠᠳ ᠢ ᠪᠠᠶᠠᠵᠢᠭᠤᠯᠤᠨ ᠣᠷᠣᠨ ᠢᠶᠠᠨ ᠬᠦᠴᠦᠷᠬᠡᠭᠵᠢᠭᠦᠯᠬᠦ ᠂ ᠦᠨᠳᠦᠰᠦᠨ ᠱᠠᠲᠤᠨ ᠤ ᠵᠤᠬᠢᠶᠠᠨ ᠪᠠᠶᠢᠭᠤᠯᠤᠯᠲᠠ ᠶ᠋ᠢ ᠬᠦᠴᠦᠷᠬᠡᠭᠵᠢᠬᠦᠯᠬᠦ ᠭᠡᠬᠦ 5 ᠵᠦᠢᠯ ᠦᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠴᠢᠩᠭᠠᠳᠬᠠᠬᠤ ᠭᠣᠣᠯ ᠡᠭᠦᠷᠭᠡ ᠤᠨ ᠲᠤᠭᠤᠷᠢᠨ ᠳ᠋ᠤ ᠲᠡᠷᠢᠬᠦᠨ ᠦ ᠬᠢ ᠶ᠋ᠢ ᠡᠭᠦᠳᠴᠦ ᠰᠢᠯᠢᠳᠡᠭ ᠢ ᠪᠤᠢ ᠪᠤᠯᠭᠠᠬᠤ ᠪᠠᠷ ᠴᠢᠷᠮᠠᠶᠢᠭᠰᠠᠨ ᠠᠵᠢᠯᠯᠠᠭ᠎ᠠ ᠦᠷᠨᠢᠭᠦᠯᠦᠨ᠎ᠡ᠃ ᠭᠣᠣᠯ ᠰᠡᠳᠦᠪ ᠪᠡᠨ ᠭᠦᠨᠵᠡᠭᠡᠶᠢᠷᠡᠬᠦᠯᠬᠦ ᠪᠣᠯᠤᠨ ᠰᠢᠨ᠎ᠡ ᠶᠢ ᠡᠭᠦᠳᠴᠤ᠂ ᠲᠦᠷᠦᠯ ᠬᠤᠪᠢᠶᠠᠨ ᠵᠢᠯᠣᠭᠣᠳᠬᠤ ᠶᠢ ᠬᠡᠷᠡᠭᠵᠢᠭᠦᠯᠵᠦ᠂ ᠵᠢᠱᠢᠶ᠎ᠡ ᠦᠵᠡᠭᠦᠯᠦᠨ ᠳᠠᠶᠢᠴᠢᠯᠠᠬᠤ᠂ ᠤᠯᠠᠨ ᠲᠦᠮᠡᠨ ᠢ ᠲᠡᠳᠡᠨ ᠣᠷᠣᠯᠴᠠᠭᠤᠯᠵᠤ᠂ ᠡᠨᠡᠬᠦ ᠲᠠᠪᠤᠨ ᠲᠠᠯ᠎ᠠ ᠶ᠋ᠢ ᠨᠢᠭᠡᠳᠦᠯᠲᠡᠶ ᠲᠥᠯᠥᠪᠯᠡᠨ ᠨᠡᠶᠢᠲᠡ ᠳᠦᠨᠢ ᠬᠠᠷᠠᠭᠠᠯᠵᠠᠨ᠎ᠠ᠃ ᠭᠣᠣᠯᠳᠠᠯᠭ᠎ᠠ ᠲᠠᠶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠂ ᠰᠢᠮᠳᠠᠭᠤᠯᠤᠨ ᠪᠠᠶᠢᠴᠠᠭᠠᠨ ᠵᠢᠭᠠᠨ ᠵᠢᠯᠣᠭᠣᠳᠬᠤ ᠪᠠ ᠶᠠᠷᠢᠶ᠎ᠠ ᠬᠡᠯᠡᠯᠴᠡᠭᠡᠨ ᠦ ᠠᠵᠢᠯ ᠢ ᠵᠢᠭᠠᠨ ᠵᠢᠯᠤᠭᠤᠳᠬᠤ ᠶ᠋ᠢ ᠴᠢᠩᠭᠠᠳᠬᠠᠵᠤ᠂ ᠲᠡᠷᠢᠭᠦᠨ ᠦ ᠬᠢ ᠶᠢ ᠡᠭᠦᠳᠴᠦ ᠰᠢᠯᠢᠳᠡᠭ ᠢ ᠪᠤᠢ ᠪᠤᠯᠭᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠬᠦᠯᠬᠦ ᠬᠡᠷᠡᠭᠲᠡᠶ ᠃ ᠳᠠᠶᠢᠴᠢᠯᠠᠯᠲᠠ ᠶᠢᠨ ᠶᠡᠬᠡ ᠬᠤᠷᠠᠯ ᠲᠡᠭᠦᠰᠦᠭᠰᠡᠨ ᠦ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠲᠡᠷᠢᠭᠦᠨ ᠦ ᠬᠢ ᠶᠢ ᠡᠭᠦᠳᠴᠦ ᠰᠢᠯᠢᠳᠡᠭ ᠢ ᠪᠤᠢ ᠪᠤᠯᠭᠠᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠡᠴᠡ ᠶᠠᠷᠢᠯᠴᠠᠬᠤ ᠬᠤᠷᠠᠯ ᠬᠤᠷᠠᠯᠳᠤᠭᠤᠯᠵᠤ᠂ ᠬᠣᠯᠪᠣᠭᠳᠠᠯ ᠪᠥᠬᠦᠢ ᠪᠣᠳᠠᠲᠠᠶ ᠠᠵᠢᠯ ᠢ ᠰᠤᠳᠤᠯᠤᠨ ᠪᠠᠶᠢᠷᠢᠯᠠᠭᠤᠯᠵᠤ᠂ ᠪᠦᠬᠦ ᠣᠷᠣᠨ ᠤ ᠬᠢ ᠶᠢ ᠰᠢᠯᠢᠳᠡᠭ ᠢ ᠪᠤᠢ ᠪᠤᠯᠭᠠᠬᠤ ᠪᠠᠷ ᠴᠢᠷᠮᠠᠶᠢᠭᠰᠠᠨ ᠠᠵᠢᠯᠯᠠᠭ᠎ᠠ ᠶ᠋ᠢᠨ ᠲᠤᠬᠠᠢ ᠰᠤᠳᠤᠯᠤᠨ ᠶᠠᠷᠢᠯᠴᠠᠭᠰᠠᠨ ᠪᠠᠶᠢᠨ᠎ᠠ ᠃