ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠦᠨ ᠠᠵᠤ ᠠᠬᠤᠶ ᠶᠢᠨ ᠡᠬᠢᠨ ᠦ ᠦᠶ᠎ᠡ ᠶᠢᠨ ᠨᠠᠮ ᠤᠨ ᠪᠠᠶᠢᠭᠤᠯᠤᠯᠲᠠ
( ᠨᠢᠭᠡ) ᠲᠥᠪ ᠬᠣᠷᠢᠶᠠᠨ ᠤ ᠵᠣᠷᠢᠭ ᠰᠠᠨᠠᠭ᠎ᠠ ᠪᠤᠯᠤᠨ 《 ᠳ᠋ᠧᠩ ᠰᠢᠶᠤᠤ ᠫᠢᠩ ᠦᠨ ᠵᠣᠬᠢᠶᠠᠯ ᠤᠨ ᠲᠡᠭᠦᠪᠦᠷᠢ 》 ᠶ᠋ᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠤᠭᠰᠠ ᠨᠢ
1992 ᠣᠨ ᠤ 10 ᠰᠠᠷ᠎ᠠ ᠳᠤ ᠂ ᠨᠠᠮ ᠤᠨ ᠠᠷᠪᠠᠨ ᠳᠥᠷᠪᠡᠳᠦᠭᠡᠷ ᠶᠡᠬᠡ ᠬᠤᠷᠠᠯ ᠤᠨ ᠳᠠᠷᠠᠭ᠎ᠠ᠂ ᠨᠠᠮ ᠤᠨ ᠲᠥᠪ ᠬᠣᠷᠢᠶᠠᠨ ᠤ ᠱᠠᠭᠠᠷᠳᠠᠯᠭ᠎ᠠ ᠶᠣᠰᠣᠭᠠᠷ᠂ ᠮᠦᠨ ᠴᠦ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠶ ᠨᠢᠭᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢᠨ ᠲᠠᠯ᠎ᠠ ᠪᠠᠷ ᠠᠯᠢ ᠤᠯᠠᠨ ᠠᠷᠭ᠎ᠠ ᠬᠡᠮᠵᠢᠶ᠎ᠡ ᠶᠢ ᠠᠪᠤᠭᠰᠠᠨ ᠪᠥᠭᠡᠳ ᠠᠯᠢ ᠣᠯᠠᠨ ᠠᠵᠢᠯᠯᠠᠭ᠎ᠠ ᠥᠷᠨᠢᠭᠦᠯᠵᠦ᠂ ᠭᠣᠣᠯ ᠠᠭᠤᠯᠭ᠎ᠠ ᠨᠢ ᠨᠠᠮ ᠤᠨ ᠠᠷᠪᠠᠨ ᠳᠥᠷᠪᠡᠳᠦᠭᠡᠷ ᠶᠡᠬᠡ ᠬᠤᠷᠠᠯ᠂ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠳᠤᠮᠳᠠ᠂ ᠳᠦᠷᠪᠡᠳᠦᠭᠡᠷ ᠪᠦᠭᠦᠳᠡ ᠬᠤᠷᠠᠯ᠂ ᠳᠠᠪᠤᠳᠤᠭᠠᠷ ᠪᠦᠭᠦᠳᠡ ᠬᠤᠷᠠᠯ ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠠᠯᠠᠭᠤᠯᠵᠤ᠂ 《 ᠳ᠋ᠧᠩ ᠰᠢᠶᠤᠤ ᠫᠢᠩ ᠦᠨ ᠵᠣᠬᠢᠶᠠᠯ ᠤᠨ ᠲᠡᠭᠦᠪᠦᠷᠢ 》 ᠶ᠋ᠢ ᠰᠤᠷᠤᠯᠴᠠᠪᠠ ᠃
1992 ᠣᠨ ᠤ 10 ᠰᠠᠷ᠎ᠠ ᠶᠢᠨ 22 ᠤᠨ ᠡᠳᠦᠷ᠂ ᠨᠠᠮ ᠤᠨ ᠠᠷᠪᠠᠨ ᠳᠥᠷᠪᠡᠳᠦᠭᠡᠷ ᠶᠡᠬᠡ ᠬᠤᠷᠠᠯ ᠳᠠᠭᠤᠰᠤᠭᠠᠳ ᠨᠢᠭᠡ ᠰᠠᠷ᠎ᠠ ᠪᠣᠯᠤᠭᠰᠠᠨ ᠤ ᠳᠠᠷᠠᠭ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶᠢᠨ ᠭᠡᠰᠢᠭᠦᠳ ᠦᠨ ( ᠥᠷᠭᠡᠳᠬᠡᠭᠰᠡᠨ ) ᠬᠤᠷᠠᠯ ᠬᠤᠷᠠᠯᠳᠤᠵᠤ᠂ ᠨᠠᠮ ᠤᠨ ᠠᠷᠪᠠᠨ ᠳᠥᠷᠪᠡᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠯᠠᠮᠵᠢᠯᠠᠭᠰᠠᠨ ᠢᠶᠠᠷ ᠪᠠᠷᠠᠬᠤ ᠦᠭᠡᠢ ᠪᠦᠬᠦ ᠣᠷᠣᠨ ᠤ ᠰᠤᠷᠤᠯᠴᠠᠯᠭ᠎ᠠ ᠲᠤᠤᠱᠯᠠᠭᠤᠯᠤᠨ ᠨᠠᠶᠢᠳᠠᠪᠦᠷᠢᠵᠢᠭᠤᠯᠬᠤ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠵᠡᠶ᠃ ᠬᠤᠷᠠᠯ ᠠᠴᠠ᠄《 ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠡᠷᠬᠡᠪᠰᠢ ᠥᠷᠭᠡᠨ ᠤᠯᠠᠨ ᠨᠠᠮ ᠤᠨ ᠭᠡᠰᠢᠭᠦᠨ ᠪᠠ ᠤᠯᠠᠨ ᠲᠦᠮᠡᠨ ᠦ ᠤᠯᠤᠰ ᠲᠦᠷᠦ ᠶᠢᠨ ᠬᠠᠯᠠᠭᠤᠨ ᠰᠡᠳᠬᠢᠯᠭᠡ ᠶ᠋ᠢ ᠨᠠᠮ ᠤᠨ ᠠᠷᠪᠠᠨ ᠳᠥᠷᠪᠡᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠬᠤ ᠳᠡᠭᠡᠷ᠎ᠡ ᠬᠥᠲᠥᠯᠥᠨ ᠠᠪᠴᠢᠷᠠᠵᠤ᠂ ᠰᠤᠷᠤᠯᠴᠠᠯᠭ᠎ᠠ ᠶᠢᠨ ᠳᠤᠮᠳᠠ ᠢᠳᠡᠪᠬᠢ ᠴᠢᠨᠠᠷ᠂ ᠪᠦᠲᠦᠭᠡᠯᠴᠢ ᠴᠢᠨᠠᠷ ᠢ ᠬᠥᠲᠥᠯᠥᠨ ᠵᠢᠯᠣᠭᠣᠳᠴᠤ ᠪᠠᠶᠢᠭᠠᠳ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠡᠭᠡᠷ᠎ᠡ ᠰᠢᠯᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠶ ᠪᠠᠨ ᠤᠶᠠᠯᠳᠤᠭᠤᠯᠤᠨ᠂ ᠨᠠᠮ ᠤᠨ ᠠᠷᠪᠠᠨ ᠳᠥᠷᠪᠡᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ》 ᠭᠡᠵᠦ ᠵᠢᠭᠠᠨ ᠭᠠᠷᠭᠠᠵᠠᠢ᠃ 1993 ᠣᠨ ᠤ 7 ᠰᠠᠷ᠎ᠠ ᠶᠢᠨ 1 ᠦ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠡᠴᠠ ᠬᠡᠰᠡᠭ ᠤᠨᠦᠯ ᠤᠨ ᠠᠵᠢᠯᠲᠠᠳ ᠪᠠ ᠨᠠᠮ ᠤᠨ ᠠᠵᠢᠯᠳᠡᠨ ᠤ ᠶᠠᠷᠢᠯᠴᠠᠬᠤ ᠬᠤᠷᠠᠯ ᠢ ᠡᠷᠬᠢᠯᠡᠨ ᠶᠠᠪᠤᠭᠳᠠᠭᠤᠯᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠄ 《 ᠡᠷᠬᠡᠪᠰᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠳᠦᠭᠡᠨ ᠪᠠᠶᠢᠭᠤᠯᠬᠤ ᠤᠨᠤᠯ ᠢᠶᠠᠷ ᠪᠦᠬᠦ ᠨᠠᠮ ᠢ ᠵᠡᠪᠰᠡᠭᠯᠡᠬᠦ ᠬᠡᠷᠡᠭᠲᠡᠶ 》 ᠭᠡᠪᠡ᠃
1993 ᠣᠨ ᠤ 11 ᠰᠠᠷ᠎ᠠ ᠶᠢᠨ 22 ᠤᠨ ᠡᠳᠦᠷ᠂ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠳᠠᠭᠤᠰᠤᠭᠰᠠᠨ ᠨᠢᠭᠡ ᠭᠠᠷᠠᠭ ᠤᠨ ᠳᠠᠷᠠᠭ᠎ᠠ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠡᠴᠠ ᠲᠡᠷᠡ ᠳᠠᠷᠤᠶ ᠳ᠋ᠤᠨᠢ ᠶᠡᠬᠡ ᠬᠤᠷᠠᠯ ᠬᠤᠷᠠᠯᠳᠤᠭᠤᠯᠵᠤ᠂ ᠲᠥᠪ ᠬᠣᠷᠢᠶᠠᠨ ᠤ ᠪᠥᠬᠥᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠰ ᠤᠳᠠᠭᠠᠨ ᠤ ᠲᠥᠪ ᠬᠣᠷᠢᠶᠠᠨ ᠤ ᠪᠥᠬᠥᠳᠡ ᠬᠤᠷᠠᠯ ᠳᠡᠭᠡᠷ᠎ᠡ ᠪᠠᠲᠤᠯᠠᠭᠰᠠᠨ《 ᠳᠤᠮᠳᠠᠳᠤ ᠤᠯᠤᠰ ᠤᠨ ᠡᠪ ᠬᠠᠮᠲᠤ ᠨᠠᠮ ᠤᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠦᠨ ᠠᠵᠤ ᠠᠬᠤᠶ ᠶᠢᠨ ᠪᠠᠶᠢᠭᠤᠯᠤᠯ ᠢ ᠪᠠᠶᠢᠭᠤᠯᠬᠤ ᠠᠰᠠᠭᠤᠳᠠᠯ ᠤᠳ ᠤᠨ ᠲᠤᠬᠠᠶ ᠲᠣᠭᠲᠠᠭᠠᠯ》 ᠢ ᠲᠡᠦᠬᠡ ᠶᠢᠨ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠶ ᠭᠡᠵᠦ ᠴᠢᠩᠭᠠᠳᠬᠠᠬᠰᠠᠨ ᠪᠠᠶᠢᠨ᠎ᠠ᠃ ᠶᠡᠬᠡ ᠬᠤᠷᠠᠯ ᠠᠴᠠ《ᠠᠷᠪᠠᠨ ᠳᠥᠷᠪᠡᠳᠦᠭᠡᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ》 ᠶᠢ ᠰᠤᠷᠤᠯᠴᠠᠬᠤ ᠶ᠋ᠢ《 ᠳ᠋ᠧᠩ ᠰᠢᠶᠤᠤ ᠫᠢᠩ ᠦᠨ ᠵᠣᠬᠢᠶᠠᠯ ᠤᠨ ᠲᠡᠭᠦᠪᠦᠷᠢ 》 ᠶᠢᠨ ᠭᠤᠷᠪᠠᠳᠤᠭᠠᠷ ᠪᠤᠳᠢ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠪᠣᠳᠠᠲᠤ ᠪᠠᠶᠢᠳᠠᠯ ᠲᠠᠶ ᠤᠶᠠᠯᠳᠤᠭᠤᠯᠤᠨ᠂ ᠨᠠᠮ ᠤᠨ ᠤᠳᠤᠷᠢᠳᠤᠯᠭ᠎ᠠ ᠶᠢ ᠴᠢᠨᠠᠭᠰᠢᠳᠠ ᠴᠢᠩᠭᠠᠳᠬᠠᠨ ᠦᠭᠡᠷᠡᠴᠢᠯᠡᠵᠦ᠂ ᠤᠶᠤᠨ ᠤ ᠪᠣᠯᠪᠠᠰᠤᠨ ᠤ ᠪᠠᠶᠢᠭᠤᠯᠤᠯᠲᠠ ᠪᠣᠯᠤᠨ ᠬᠠᠤᠯᠢ ᠲᠦᠷᠢᠮ ᠦᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ ᠭᠡᠰᠡᠨ ᠪᠠᠶᠢᠨ᠎ᠠ ᠃ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠳᠡᠭᠡᠷ᠎ᠡ ᠬᠤᠷᠠᠯ ᠬᠢᠵᠦ ᠬᠠᠮᠲᠤ ᠶᠢᠨ ᠰᠤᠷᠤᠯᠴᠠᠯᠭ᠎ᠠ ᠬᠢᠬᠦ ᠡᠴᠡ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ᠂ ᠵᠠᠰᠠᠭ ᠤᠨ ᠣᠷᠳᠣᠨ ᠨᠢ ᠪᠠᠰᠠ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠺᠠᠳ᠋ᠷ ᠢ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠳᠤ ᠤᠬᠠᠭᠤᠯᠭ᠎ᠠ ᠶᠢᠨ ᠠᠵᠢᠯ ᠬᠢᠵᠠᠢ᠃ 1994 ᠣᠨ ᠤ 2 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠮᠢᠩᠭ᠎ᠠ ᠰᠢᠬᠠᠮ ᠺᠠᠳ᠋ᠷ ᠢ ᠲᠤᠬᠢᠷᠠᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠬᠦᠯᠵᠦ ᠂ 18 ᠬᠣᠰᠢᠭᠤ ᠰᠢᠶᠠᠨ ᠤ ᠮᠠᠯᠵᠢᠬᠤ ᠲᠠᠷᠢᠶᠠᠯᠠᠬᠤ ᠣᠷᠣᠨ ᠪᠠ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠳ᠋ᠦ ᠨᠢᠭᠡ ᠵᠢᠯ ᠦᠨ ᠬᠤᠭᠤᠴᠠᠭ᠎ᠠ ᠲᠠᠶ ᠠᠵᠢᠯ ᠥᠷᠨᠢᠭᠦᠯᠵᠦ᠂ 《 ᠳ᠋ᠧᠩ ᠰᠢᠶᠤᠤ ᠫᠢᠩ ᠦᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠤᠯ 》 ᠢ ᠰᠤᠷᠤᠯᠴᠠᠬᠤ ᠶᠢ ᠲᠣᠰ ᠤᠳᠠᠭᠠᠨ ᠤ 《 ᠺᠠᠳ᠋ᠷᠴᠤᠳ ᠦᠨᠳᠦᠰᠦᠨ ᠱᠠᠲᠤᠨ ᠳᠤ ᠪᠠᠭᠤᠬᠤ 》 ᠠᠵᠢᠯ ᠤᠨ ᠭᠣᠣᠯ ᠡᠭᠦᠷᠭᠡ ᠶᠢᠨ ᠨᠢᠭᠡ ᠪᠤᠯᠭᠠᠨ ᠵᠢᠭᠰᠠᠭᠠᠵᠠᠢ ᠃
1994 ᠣᠨ ᠤ 9 ᠰᠠᠷ᠎ᠠ ᠶ᠋ᠢᠨ 25 ᠦ ᠡᠳᠦᠷ ᠡᠴᠡ 28 ᠤ ᠡᠳᠦᠷ ᠪᠤᠯᠲᠠᠯ᠎ᠠ᠂ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠥᠪ ᠬᠣᠷᠢᠶᠠᠨ ᠤ ᠳᠥᠷᠪᠡᠳᠦᠭᠡᠷ ᠪᠥᠬᠥᠳᠡ ᠬᠤᠷᠠᠯ ᠬᠤᠷᠠᠯᠳᠤᠵᠤ᠂ 《 ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠳᠦᠨ ᠴᠢᠬᠤᠯᠠ ᠶᠡᠬᠡ ᠠᠰᠠᠭᠤᠳᠠᠯ ᠤᠨ ᠲᠤᠬᠠᠶ ᠨᠠᠮ ᠤᠨ ᠲᠥᠪ ᠬᠣᠷᠢᠶᠠᠨ ᠤ ᠲᠣᠭᠲᠠᠭᠠᠯ 》 ᠢ ᠪᠠᠲᠤᠯᠠᠨ ᠨᠡᠶᠢᠲᠡᠯᠡᠪᠡ᠃ 10 ᠰᠠᠷ᠎ᠠ ᠶ᠋ᠢᠨ16 ᠦ ᠡᠳᠦᠷ ᠡᠴᠡ 18 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠨᠢ ᠲᠠᠪᠤᠳᠤᠭᠠᠷ ᠬᠤᠭᠤᠴᠠᠭᠠᠨ ᠤ ᠠᠷᠪᠠᠳᠤᠭᠠᠷ ᠤᠳᠠᠭᠠᠨ ᠤ ᠪᠥᠬᠥ ᠭᠡᠰᠢᠭᠦᠳ ( ᠥᠷᠭᠡᠳᠬᠡᠭᠰᠡᠨ ) ᠤᠨ ᠬᠤᠷᠠᠯ ᠢ ᠬᠤᠷᠠᠯᠳᠤᠭᠤᠯᠵᠤ ᠂ ᠠᠷᠪᠠᠨ ᠳᠥᠷᠪᠡᠳᠦᠭᠡᠷ ᠬᠤᠭᠤᠴᠠᠭᠠᠨ ᠤ ᠲᠥᠪ ᠬᠣᠷᠢᠶᠠᠨ ᠤ ᠳᠥᠷᠪᠡᠳᠦᠭᠡᠷ ᠪᠥᠬᠥᠳᠡ ᠬᠤᠷᠠᠯ ᠤᠨ ᠲᠣᠭᠲᠠᠭᠠᠯ ᠢ ᠰᠤᠷᠤᠯᠴᠠᠭᠰᠠᠨ ᠪᠥᠭᠡᠳ ᠲᠤᠤᠱᠯᠠᠭᠤᠯᠬᠤ ᠰᠠᠨᠠᠯ ᠢ ᠰᠤᠳᠤᠯᠤᠨ ᠲᠤᠭᠲᠠᠭᠠᠵᠠᠢ᠃ ᠬᠤᠷᠠᠯ ᠠᠴᠠ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ( ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠳᠦᠨ ᠠᠰᠠᠭᠤᠳᠠᠯ ᠤᠨ ᠲᠤᠬᠠᠶ ᠲᠣᠭᠲᠠᠭᠠᠯ ) ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ 》 ᠋ ᠢ ᠲᠤᠭᠲᠠᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠦᠵᠢ ᠯᠢᠦ ᠮᠢᠩ ᠽᠤᠤ ᠡᠴᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠪᠠᠶᠢᠭᠤᠯᠤᠯᠲᠠ ᠶᠢ ᠰᠢᠨ᠎ᠡ ᠬᠡᠮᠵᠢᠶᠡᠨ ᠳᠦ ᠳᠡᠭᠡᠭᠰᠢᠯᠡᠭᠦᠯᠬᠦ ᠲᠤᠬᠠᠢ ᠵᠢᠭᠠᠵᠤ ᠭᠠᠷᠭᠠᠭᠰᠠᠨ ᠨᠢ᠄ 《 ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ᠰᠢᠨ᠎ᠡ ᠪᠠᠶᠢᠳᠠᠯ ᠳᠣᠣᠷ᠎ᠠ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠢᠲᠡᠭᠡᠯ ᠵᠣᠷᠢᠭ ᠪᠠ ᠬᠠᠷᠢᠭᠤᠴᠠᠯᠭᠠᠲᠤ ᠰᠡᠳᠬᠢᠯᠭᠡ ᠬᠢᠭᠡᠳ ᠪᠠᠴᠢᠮ ᠲᠦᠷᠦᠭᠳᠡᠯᠲᠦ ᠰᠡᠳᠬᠢᠯᠭᠡ ᠶ᠋ᠢ ᠴᠢᠩᠭ᠎ᠠ ᠠᠳᠬᠤᠬᠤ ᠬᠡᠷᠡᠭᠲᠡᠢ᠃ ᠠᠵᠢᠯ ᠤᠨ ᠭᠣᠣᠯᠳᠠᠯᠭ᠎ᠠ ᠶᠢ ᠡᠵᠡᠮᠳᠡᠵᠦ᠂ ᠨᠠᠮ ᠤᠨ ᠦᠵᠡᠯ ᠰᠠᠨᠠᠭ᠎ᠠ ᠰᠤᠷᠲᠠᠯ ᠤᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠰᠠᠢ᠌ᠲᠤᠷ ᠬᠢᠬᠦ ᠶᠢᠨ ᠬᠠᠮᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶ᠋ᠢ ᠴᠢᠩᠭ᠎ᠠ ᠠᠳᠬᠤᠬᠤ ᠬᠡᠷᠡᠭᠲᠡᠢ᠃ ᠪᠦᠲᠦᠮᠵᠢᠲᠠᠢ ᠠᠷᠭ᠎ᠠ ᠬᠡᠮᠵᠢᠶ᠎ᠡ ᠶ᠋ᠢ ᠠᠪᠴᠤ᠂ ᠨᠠᠮ ᠤᠨ ᠪᠠᠶᠢᠭᠤᠯᠤᠯᠲᠠ ᠶᠢᠨ ᠡᠯ᠎ᠡ ᠲᠦᠷᠦᠯ ᠦᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ 》 ᠭᠡᠪᠡ ᠃
1996 ᠣᠨ ᠤ 1 ᠰᠠᠷ᠎ᠠ ᠶ᠋ᠢᠨ 5 ᠦ ᠡᠳᠦᠷ ᠡᠴᠡ 10 ᠤ ᠡᠳᠦᠷ ᠪᠤᠯᠲᠠᠯ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠵᠢᠷᠭᠤᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠪᠥᠬᠥ ᠭᠡᠰᠢᠭᠦᠳ ᠥᠷᠭᠡᠳᠬᠡᠭᠰᠡᠨ ᠬᠤᠷᠠᠯ ᠬᠤᠷᠠᠯᠳᠤᠵᠤ᠂ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠥᠪ ᠬᠣᠷᠢᠶᠠᠨ ᠤ ᠲᠠᠪᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠬᠤ ᠶ᠋ᠢ ᠳᠤᠷᠠᠳᠤᠨ ᠭᠠᠷᠭᠠᠭᠰᠠᠨ ᠮᠥᠷᠲᠡᠭᠡᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠲᠠᠪᠤᠨ ᠵᠢᠯ ᠦᠨ ᠲᠥᠯᠥᠪᠯᠡᠭᠡᠨ ᠦ ᠬᠤᠭᠤᠴᠠᠭᠠᠨ ᠳᠠᠬᠢ ᠠᠵᠤ ᠠᠬᠤᠶ ᠨᠡᠶᠢᠭᠡᠮ ᠦᠨ ᠬᠥᠭᠵᠢᠯᠲᠡ ᠶᠢᠨ ᠶᠡᠷᠦᠩᠬᠡᠶ ᠬᠠᠷᠠᠯᠲᠠ ᠶ᠋ᠢ ᠳᠤᠷᠠᠳᠪᠠ ᠃ 1996 ᠣᠨ ᠤ 10 ᠰᠠᠷ᠎ᠠ ᠶᠢᠨ 30 ᠤ ᠡᠳᠦᠷ ᠡᠴᠠ 11 ᠰᠠᠷ᠎ᠠ ᠶ᠋ᠢᠨ 3 ᠦ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠥᠬᠥᠳᠡ ᠬᠤᠷᠠᠯ ᠬᠤᠷᠠᠯᠳᠤᠭᠰᠠᠨ ᠬᠠᠭᠠᠰ ᠰᠠᠷ᠎ᠠ ᠶᠢᠨ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠵᠢᠷᠭᠤᠳᠤᠭᠠᠷ ᠬᠤᠭᠤᠴᠠᠭᠠᠨ ᠤ ᠳᠥᠷᠪᠡᠳᠦᠭᠡᠷ ᠤᠳᠠᠭ᠎ᠠ ᠶᠢᠨ ᠪᠦᠭᠦ ᠭᠡᠰᠢᠭᠦᠳ ᠦᠨ ᠬᠤᠷᠠᠯ ᠬᠤᠷᠠᠯᠳᠤᠭᠤᠯᠵᠤ᠂ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︿ ᠨᠠᠮ ᠤᠨ ᠲᠥᠪ ᠬᠣᠷᠢᠶᠠᠨ ᠤ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠰᠠᠭᠤᠳᠠᠯ ᠤᠳ ᠤᠨ ᠲᠤᠬᠠᠶ ᠰᠢᠶᠳᠪᠦᠷᠢ ᠶᠢ ᠲᠤᠤᠱᠯᠠᠭᠤᠯᠬᠤ ) ᠰᠠᠨᠠᠯ 》 ᠢ ᠬᠢᠨᠠᠨ ᠪᠠᠲᠤᠯᠠᠵᠦ ᠂ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠪᠣᠯᠤᠨ ᠡᠯ᠎ᠡ ᠱᠠᠲᠤᠨ ᠤ ᠤᠳᠤᠷᠢᠳᠬᠤ ᠺᠠᠲᠡᠷᠴᠣᠣᠳ ᠲᠤ ᠵᠢᠶᠠᠩ ᠽᠸ ᠮᠢᠨ ᠨᠥᠬᠥᠷ ᠢᠶᠡᠷ ᠭᠣᠣᠯᠯᠠᠭᠤᠯᠤᠭᠰᠠᠨ ᠨᠠᠮ ᠤᠨ ᠲᠥᠪ ᠬᠣᠷᠢᠶᠠᠨ ᠤ ᠲᠣᠭᠣᠷᠢᠨ ᠳᠤ ᠨᠢᠭᠲᠠ ᠪᠦᠯᠬᠦᠮᠳᠡᠵᠦ᠂ ᠯᠠᠪᠳᠠᠭᠤᠨ ᠪᠠᠲᠤᠲᠠᠶ ᠠᠵᠢᠯᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠠᠷᠪᠠᠨ ᠲᠠᠪᠤᠳᠤᠭᠠᠷ ᠶᠡᠬᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 50 ᠵᠢᠯ ᠦᠨ ᠤᠢ ᠶ᠋ᠢ ᠤᠭᠲᠤᠬᠤ ᠲᠤᠬᠠᠢ ᠤᠷᠢᠶᠠᠯᠠᠭ᠎ᠠ ᠬᠢᠵᠠᠢ᠃ ᠡᠭᠦᠨ ᠦ ᠵᠡᠷᠭᠡ ᠳ᠋ᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠨᠢ 11 ᠰᠠᠷ᠎ᠠ ᠶ᠋ᠢᠨ 1 ᠦ ᠡᠳᠦᠷ ᠡᠴᠡ 5 ᠤ ᠡᠳᠦᠷ ᠬᠦᠷᠲᠡᠯ᠎ᠡ ᠪᠣᠯᠪᠠᠰᠤᠷᠠᠯ ᠤᠨ ᠠᠩᠭᠢ ᠡᠷᠭᠢᠯᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠣᠯᠤᠭᠰᠠᠨ ᠠᠮᠵᠢᠯᠲᠠ ᠪᠠ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠵᠠᠳᠠᠯᠵᠤ᠂ 《ᠶᠢᠰᠦᠳᠦᠭᠡᠷ ᠲᠠᠪᠤᠨ ᠵᠢᠯ ᠦᠨ ᠲᠥᠯᠥᠪᠯᠡᠭᠡᠨ》 ᠤ ᠬᠤᠭᠤᠴᠠᠭᠠᠨ ᠳ᠋ᠠᠬᠢ ᠤᠶᠤᠨ ᠤ ᠪᠣᠯᠪᠠᠰᠤᠨ ᠤ ᠪᠠᠶᠢᠭᠤᠯᠤᠯᠲᠠ ᠶ᠋ᠢᠨ ᠬᠠᠷᠠᠯᠲᠠ ᠡᠭᠦᠷᠭᠡ ᠪᠣᠯᠤᠨ ᠠᠵᠢᠯ ᠤᠨ ᠭᠣᠣᠯᠳᠠᠯᠭ᠎ᠠ ᠶᠢ ᠲᠤᠳᠤᠷᠬᠠᠢ ᠪᠤᠯᠭᠠᠵᠠᠢ᠃ ᠡᠨᠡ ᠳᠤᠮᠳᠠ᠂ ᠨᠠᠮ ᠤᠨ ᠲᠥᠪ ᠬᠣᠷᠢᠶᠠᠨ ᠤ ᠤᠬᠠᠭᠤᠯᠬᠤ ᠬᠡᠯᠲᠡᠰ ᠦᠨ ᠤᠨᠤᠯ ᠤᠨ ᠲᠣᠪᠴᠢᠶᠠᠨ ᠤ ᠳᠡᠳ᠋ ᠳᠠᠷᠤᠭ᠎ᠠ ᠯᠢ ᠵᠢᠶᠦ᠋ᠨ ᠷᠦ᠋᠂ ᠨᠠᠮ ᠤᠨ ᠲᠥᠪ ᠤᠨ ᠨᠠᠮ ᠤᠨ ᠰᠤᠷᠭᠠᠭᠤᠯᠢ ᠶᠢᠨ ᠫᠷᠤᠹᠸᠰᠰᠤᠷ ᠯᠢ ᠳ᠋ᠤᠤ ᠵᠦᠩ ᠲᠤᠰᠬᠠᠶ ᠰᠡᠳᠦᠪᠲᠦ ᠲᠠᠶᠢᠯᠤᠮᠵᠢ ᠬᠢᠭᠰᠡᠨ ᠪᠠᠶᠢᠨ᠎ᠠ ᠃
1993 ᠣᠨ ᠤ 11 ᠰᠠᠷ᠎ᠠ ᠶᠢᠨ 2 ᠤᠨ ᠡᠳᠦᠷ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠂ ᠬᠥᠬᠡᠬᠣᠲᠠ ᠶᠢᠨ ᠨᠠᠮ ᠤᠨ ᠬᠣᠷᠢᠢ᠎ᠠ ᠶᠢᠨ ᠤᠬᠠᠭᠤᠯᠬᠤ ᠬᠡᠯᠲᠡᠰ ᠤᠨ ᠬᠠᠮᠲᠤᠷᠠᠨ ᠡᠷᠭᠢᠯᠡᠭᠰᠡᠨ 《 ᠳ᠋ᠧᠩ ᠰᠢᠶᠤᠤ ᠫᠢᠩ ᠦᠨ ᠵᠣᠬᠢᠶᠠᠯ ᠤᠨ ᠲᠡᠭᠦᠪᠦᠷᠢ 》 ᠶᠢᠨ 3 ᠳ᠋ᠤᠭᠠᠷ ᠪᠤᠳᠢ ᠶ᠋ᠢ ᠠᠩᠬ᠎ᠠ ᠲᠠᠷᠬᠠᠭᠠᠬᠤ ᠶᠣᠰᠣᠯᠠᠯ ᠢ ᠥᠪᠥᠷ ᠮᠣᠩᠭᠣᠯ ᠤᠨ ᠰᠢᠨᠬᠤᠸᠠ ᠨᠣᠮ ᠤᠨ ᠳᠡᠯᠭᠡᠭᠦᠷ ᠲᠦ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠤᠳᠤᠷᠢᠳᠤᠯᠭ᠎ᠠ ᠶᠠᠷᠢᠶᠠᠨ ᠳᠠᠭᠠᠨ᠂ 《 ᠳ᠋ᠧᠩ ᠰᠢᠶᠤᠤ ᠫᠢᠩ ᠦᠨ ᠵᠣᠬᠢᠶᠠᠯ ᠤᠨ ᠲᠡᠭᠦᠪᠦᠷᠢ 》 ᠶᠢᠨ 3 ᠳ᠋ᠤᠭᠠᠷ ᠪᠤᠳᠢ ᠶ᠋ᠢ ᠰᠤᠷᠤᠯᠴᠠᠬᠤ ᠶᠠᠪᠤᠳᠠᠯ ᠢ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠪᠣᠯᠤᠨ ᠺᠠᠳ᠋ᠷ ᠤᠨ ᠤᠨᠦᠯ ᠤᠨ ᠰᠤᠷᠭᠠᠨ ᠬᠥᠮᠦᠵᠢᠯ ᠦᠨ ᠲᠥᠪ ᠪᠠᠶᠢᠷᠢᠨ ᠳ᠋ᠤ ᠲᠠᠯᠪᠢᠬᠤ ᠬᠡᠷᠡᠭᠲᠡᠢ ᠭᠡᠵᠦ ᠱᠠᠭᠠᠷᠳᠠᠪᠠ᠃ 11 ᠰᠠᠷ᠎ᠠ ᠶᠢᠨ 8 ᠤ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠪᠠᠶᠢᠩᠭᠤ ᠶᠢᠨ ᠭᠡᠰᠢᠭᠦᠳ ᠦᠨ ᠥᠷᠭᠡᠳᠬᠡᠭᠰᠡᠨ ᠬᠤᠷᠠᠯ ᠬᠤᠷᠠᠯᠳᠤᠭᠤᠯᠵᠤ ᠂ 《 ᠳ᠋ᠧᠩ ᠰᠢᠶᠤᠤ ᠫᠢᠩ ᠦᠨ ᠵᠣᠬᠢᠶᠠᠯ ᠤᠨ ᠲᠡᠭᠦᠪᠦᠷᠢ 》 ᠶᠢᠨ 3 ᠳ᠋ᠤᠭᠠᠷ ᠪᠤᠳᠢ ᠶ᠋ᠢ ᠰᠤᠷᠤᠯᠴᠠᠬᠤ ᠶ᠋ᠢᠨ ᠬᠠᠮᠲᠤ ᠥᠪᠡᠷᠲᠡᠭᠡᠨ ᠵᠠᠰᠠᠬᠤ ᠣᠷᠣᠨ ᠤ 《 ᠳ᠋ᠧᠩ ᠰᠢᠶᠤᠤ ᠫᠢᠩ ᠦᠨ ᠵᠣᠬᠢᠶᠠᠯ ᠤᠨ ᠲᠡᠭᠦᠪᠦᠷᠢ 》 ᠶᠢᠨ 3 ᠳ᠋ᠤᠭᠠᠷ ᠪᠤᠳᠢ ᠶ᠋ᠢ ᠰᠤᠷᠤᠯᠴᠠᠬᠤ ᠠᠵᠢᠯ ᠳᠤ ᠪᠠᠶᠢᠷᠢᠯᠠᠭᠤᠯᠤᠯᠲᠠ ᠬᠢᠵᠦ᠂ ᠲᠦᠪᠯᠡᠷᠡᠬᠦᠯᠦᠨ ᠰᠤᠷᠤᠯᠴᠠᠬᠤ ᠶ᠋ᠢ ᠪᠠᠶᠢᠩᠭᠤ ᠶᠢᠨ ᠴᠢᠨᠠᠷᠲᠠᠶ ᠰᠤᠷᠤᠯᠴᠠᠬᠤ ᠲᠠᠢ ᠤᠶᠠᠯᠳᠤᠭᠤᠯᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠡᠴᠠ《ᠥᠪᠥᠷ ᠮᠣᠩᠭᠣᠯ ᠤᠨ ᠨᠠᠮ ᠤᠨ ᠰᠤᠷᠭᠠᠭᠤᠯᠢ ᠨᠢ ᠬᠤᠭᠤᠴᠠᠭ᠎ᠠ ᠬᠤᠪᠢᠶᠠᠨ ᠠᠶᠢᠮᠠᠭ ᠬᠣᠲᠠ ᠪᠠ ᠲᠢᠩᠬᠢᠮ ᠲᠣᠪᠴᠢᠢ᠎ᠠ ᠶᠢᠨ ᠲᠡᠰ ᠤᠨ ᠤᠳᠤᠷᠢᠳᠬᠤ ᠺᠠᠳ᠋ᠷ ᠤᠨ ᠤᠨᠦᠯ ᠤᠨ ᠲᠤᠬᠠᠶ ᠰᠤᠳᠤᠯᠤᠨ ᠶᠠᠷᠢᠯᠴᠠᠬᠤ ᠠᠡᠭᠬᠢ ᠶ᠋ᠢ ᠡᠷᠬᠢᠯᠡᠵᠦ ᠂ ᠡᠯ᠎ᠡ ᠠᠶᠢᠮᠠᠭ ᠬᠣᠲᠠ ᠶᠢᠨ ᠨᠠᠮ ᠤᠨ ᠰᠤᠷᠭᠠᠭᠤᠯᠢ ᠨᠢ ᠬᠣᠰᠢᠭᠤ ᠰᠢᠶᠠᠨ ᠪᠠ ᠭᠠᠵᠠᠷ ᠤᠨ ᠲᠡᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷ ᠢ ᠡᠭᠡᠯᠵᠢᠯᠡᠨ ᠪᠣᠯᠪᠠᠰᠤᠷᠠᠭᠤᠯᠵᠤ ᠂ ᠲᠠᠷᠢᠶᠠᠯᠠᠬᠤ ᠮᠠᠯᠵᠢᠬᠤ ᠣᠷᠣᠨ᠂ ᠠᠵᠤ ᠠᠬᠤᠶᠢᠯᠠᠯ ᠠᠵᠢᠯ ᠦᠢᠯᠡᠰ ᠦᠨ ᠨᠢᠭᠡᠴᠡ ᠨᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠨᠢ ᠦᠨᠳᠦᠰᠦᠨ ᠱᠠᠲᠤᠨ ᠤ ᠨᠠᠮ ᠤᠨ ᠰᠤᠷᠭᠠᠭᠤᠯᠢ ᠪᠡᠷ ᠰᠠᠭᠤᠷᠢᠨ ᠭᠠᠵᠠᠷ ᠪᠣᠯᠭᠠᠵᠤ᠂ ᠣᠬᠣᠷ ᠬᠤᠭᠤᠴᠠᠭᠠᠨ ᠤ ᠡᠭᠡᠯᠵᠢᠯᠡᠨ ᠪᠣᠯᠪᠠᠰᠤᠷᠠᠯ ᠬᠢᠬᠦ ᠬᠡᠷᠡᠭᠲᠡᠢ 》 ᠭᠡᠵᠡᠢ ᠃ 11 ᠰᠠᠷ᠎ᠠ ᠶᠢᠨ 28 ᠤ ᠡᠳᠦᠷ ᠪᠠ 29 ᠦ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠣᠣᠯ ᠳᠤᠭᠤᠶᠢᠯᠠᠩ ᠤᠨ ᠬᠢᠨ ᠨᠢ ᠲᠤᠰᠬᠠᠶᠢᠯᠠᠨ ᠬᠣᠶᠠᠷ ᠡᠳᠦᠷ ᠦᠨ ᠴᠠᠭ ᠬᠡᠷᠡᠭᠰᠡᠵᠦ 《 ᠳ᠋ᠧᠩ ᠰᠢᠶᠤᠤ ᠫᠢᠩ ᠦᠨ ᠵᠣᠬᠢᠶᠠᠯ ᠤᠨ ᠲᠡᠭᠦᠪᠦᠷᠢ 》 ᠶᠢᠨ ᠭᠤᠷᠪᠠᠳᠤᠭᠠᠷ ᠪᠤᠳᠢ ᠶᠢ ᠰᠤᠷᠤᠯᠴᠠᠭᠰᠠᠨ ᠪᠠᠶᠢᠨ᠎ᠠ᠃ 12 ᠰᠠᠷ᠎ᠠ ᠶᠢᠨ 8 ᠤ ᠡᠳᠦᠷ᠂ ᠠᠩᠬᠠᠳᠤᠭᠠᠷ ᠬᠤᠭᠤᠴᠠᠭᠠᠨ ᠤ ᠠᠶᠢᠮᠠᠭ ᠬᠣᠲᠠ᠂ ᠲᠢᠩᠬᠢᠮ ᠲᠣᠪᠴᠢᠶ᠎ᠠ ᠶᠢᠨ ᠭᠣᠣᠯ ᠤᠳᠤᠷᠢᠳᠬᠤ ᠺᠠᠳ᠋ᠷᠴᠤᠳ ᠤᠨ ᠤᠨᠦᠯ ᠤᠨ ᠰᠤᠳᠤᠯᠤᠨ ᠶᠠᠷᠢᠯᠴᠠᠬᠤ ᠠᠡᠭᠬᠢ ᠨᠢ ᠰᠤᠷᠤᠯᠭ᠎ᠠ ᠡᠬᠢᠯᠡᠬᠦ ᠶᠣᠰᠣᠯᠠᠯ ᠶᠠᠪᠤᠭᠳᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠦᠵᠢ ᠸᠠᠩ ᠴᠢᠶᠦᠢᠨ ᠡᠴᠠ ᠦᠵᠡᠯ ᠰᠠᠨᠠᠭᠠᠨ ᠤ ᠱᠤᠭᠤᠮ ᠢ ᠡᠵᠡᠮᠰᠢᠵᠦ᠂ ᠪᠣᠳᠠᠲᠠᠶ ᠠᠰᠠᠭᠤᠳᠠᠯ ᠢ ᠬᠠᠷᠢᠭᠤᠯᠬᠤ 》 ᠪᠠᠷ 《 ᠳ᠋ᠧᠩ ᠰᠢᠶᠤᠤ ᠫᠢᠩ ᠦᠨ ᠵᠣᠬᠢᠶᠠᠯ ᠤᠨ ᠲᠡᠭᠦᠪᠦᠷᠢ 》 ᠶᠢᠨ 3 ᠳ᠋ᠤᠭᠠᠷ ᠪᠤᠳᠢ ᠶ᠋ᠢ ᠰᠤᠷᠤᠯᠴᠠᠬᠤ ᠨᠢᠭᠡ ᠵᠠᠩᠬᠢᠯᠠᠭ᠎ᠠ ᠪᠤᠯᠭᠠᠬᠤ ᠭᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ ᠃ 1993 ᠣᠨ ᠤ 11 ᠰᠠᠷ᠎ᠠ ᠶᠢᠨ 23 ᠤ ᠡᠳᠦᠷ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠡᠴᠡ ᠪᠦᠬᠦ ᠣᠷᠣᠨ ᠤ 《 ᠳ᠋ᠧᠩ ᠰᠢᠶᠤᠤ ᠫᠢᠩ ᠦᠨ ᠵᠣᠬᠢᠶᠠᠯ ᠤᠨ ᠲᠡᠭᠦᠪᠦᠷᠢ 》 ᠪᠠ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠦᠨ ᠠᠵᠤ ᠠᠬᠤᠶ ᠶᠢᠨ ᠤᠨᠤᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ 1995 ᠣᠨ ᠤ 6 ᠰᠠᠷ᠎ᠠ ᠳᠤ᠂ 《 ᠳ᠋ᠧᠩ ᠰᠢᠶᠤᠤ ᠫᠢᠩ ᠨᠥᠬᠥᠷ ᠦᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠤᠯ ᠰᠤᠷᠤᠯᠴᠠᠬᠤ ᠬᠥᠲᠥᠯᠪᠦᠷᠢ 》 ᠵᠢ ᠳᠠᠷᠤᠮᠠᠯᠯᠠᠨ ᠲᠠᠷᠬᠠᠭᠠᠭᠯᠲᠠ ᠶ᠋ᠢ ᠳᠠᠭᠠᠯᠳᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠢ ᠪᠠᠰᠠ 《 ᠳ᠋ᠧᠩ ᠰᠢᠶᠤᠤ ᠫᠢᠩ ᠨᠥᠬᠥᠷ ᠦᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠤᠯ ᠰᠤᠷᠤᠯᠴᠠᠬᠤ ᠬᠥᠲᠥᠯᠪᠦᠷᠢ 》 ᠶ᠋ᠢ ᠰᠤᠷᠤᠯᠴᠠᠬᠤ ᠵᠢᠨ ᠮᠡᠳᠡᠭᠳᠡᠯ ᠢ ᠲᠠᠷᠬᠠᠭᠠᠵᠤ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ 《 ᠬᠦᠲᠦᠯᠪᠦᠷᠢ 》 ᠶᠢ ᠰᠤᠷᠤᠯᠴᠠᠬᠤ ᠪᠤᠯᠤᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠦᠨ ᠠᠵᠤ ᠠᠬᠤᠶ ᠶᠢᠨ ᠤᠨᠤᠯ ᠤᠨ ᠶᠡᠬᠡ ᠰᠤᠷᠤᠯᠴᠠᠯᠭ᠎ᠠ ᠶᠡᠬᠡ ᠶᠠᠷᠢᠯᠴᠠᠭᠠᠨ ᠤ ᠠᠵᠢᠯᠯᠠᠭ᠎ᠠ ᠶᠢ ᠨᠢᠭᠲᠠ ᠤᠶᠠᠯᠳᠤᠭᠤᠯᠤᠨ ᠰᠤᠷᠤᠯᠴᠠᠬᠤ ᠶ᠋ᠢ ᠱᠠᠭᠠᠷᠳᠠᠭᠰᠠᠨ ᠪᠠᠶᠢᠨ᠎ᠠ ᠃
( ᠬᠣᠶᠠᠷ ) ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶ᠋ᠢ ᠴᠢᠩᠭᠠᠳᠬᠠᠪᠠ
ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠪᠠ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠬᠤ ᠶᠢᠨ ᠲᠥᠯᠥᠭᠡ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠡᠴᠡ ᠪᠦᠬᠦ ᠣᠷᠣᠨ ᠤ ᠡᠯ᠎ᠡ ᠲᠦᠷᠦᠯ ᠦᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳ᠋ᠦ ᠵᠢᠯᠤᠭᠤᠳᠤᠯᠭ᠎ᠠ ᠶᠠᠪᠤᠭᠤᠯᠵᠤ᠂ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ 1993 ᠣᠨ ᠤ 9 ᠰᠠᠷ᠎ᠠ ᠶᠢᠨ4 ᠠᠴᠠ 9 ᠦ ᠡᠳᠦᠷ᠂ ᠪᠦᠬᠦ ᠣᠷᠣᠨ ᠤ ᠶᠡᠬᠡ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠪᠣᠯᠣᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠦᠨ ᠠᠵᠢᠯ ᠤᠨ ᠬᠤᠷᠤᠯᠳᠤᠭᠠᠨ ᠢ ᠬᠤᠷᠠᠯᠳᠤᠵᠤ᠂ ᠬᠤᠷᠠᠯ ᠠᠴᠠ 《 ᠶᠡᠬᠡ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠵᠠᠩᠭᠢᠯᠠᠭ᠎ᠠ ᠨᠢ ᠤᠳᠤᠷᠢᠳᠬᠤ ᠪᠠᠭ ᠢ ᠤᠯᠠᠮ ᠨᠢᠭᠡ ᠠᠯᠬᠤᠮ ᠰᠠᠢᠢᠨ ᠪᠠᠶᠢᠭᠤᠯᠬᠤ 》 ᠳ᠋ᠤ ᠪᠤᠢ ᠭᠡᠵᠦ ᠴᠢᠬᠤᠯᠠᠴᠢᠯᠠᠭᠰᠠᠨ ᠪᠠᠶᠢᠨ᠎ᠠ᠃ 1994 ᠣᠨ ᠤ 2 ᠰᠠᠷ᠎ᠠ ᠳᠤ᠂ ᠥᠪᠥᠷ ᠮᠣᠩᠭᠣᠯ ᠤᠷᠤᠨ ᠨᠢ ᠮᠢᠩᠭ᠎ᠠ ᠰᠢᠬᠠᠮ ᠺᠠᠳ᠋ᠷ ᠶ᠋ᠢ ᠲᠤᠬᠢᠷᠠᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠬᠦᠯᠵᠦ ᠂ 18 ᠬᠣᠰᠢᠭᠤ ᠰᠢᠶᠠᠨ ᠤ ᠮᠠᠯᠵᠢᠬᠤ ᠲᠠᠷᠢᠶᠠᠯᠠᠬᠤ ᠣᠷᠣᠨ ᠪᠠ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠳ᠋ᠦ ᠨᠢᠭᠡ ᠵᠢᠯ ᠦᠨ ᠬᠤᠭᠤᠴᠠᠭ᠎ᠠ ᠲᠠᠶ ᠠᠵᠢᠯ ᠥᠷᠨᠢᠭᠦᠯᠵᠦ ᠂ 《 ᠲᠤᠬᠠᠶ ᠶᠢᠨ ᠭᠠᠵᠠᠷ ᠤᠨ ᠨᠠᠮ ᠤᠨ ᠬᠣᠷᠢᠶ᠎ᠠ ᠶᠢ ᠬᠠᠪᠰᠤᠷᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ ᠂ ᠨᠠᠮ ᠤᠨ ᠡᠭᠦᠷ ᠢᠶᠡᠷ ᠭᠣᠣᠯ ᠪᠣᠯᠭᠠᠭᠰᠠᠨ᠂ ᠦᠨᠳᠦᠰᠦᠨ ᠱᠠᠲᠤᠨ ᠤ ᠨᠠᠮ ᠤᠨ ᠡᠭᠦᠷ ᠦᠨ ᠪᠠᠶᠢᠭᠤᠯᠤᠯᠲᠠ ᠶᠢ ᠪᠡᠬᠢᠯᠡᠯᠲᠡ ᠪᠤᠯᠭᠠᠨ ᠪᠠᠶᠢᠭᠤᠯᠬᠤ》 ᠨᠢ ᠲᠣᠰ ᠤᠳᠠᠭᠠᠨ ᠤ 《 ᠺᠠᠳ᠋ᠷᠴᠤᠳ ᠤᠨ ᠦᠨᠳᠦᠰᠦᠨ ᠱᠠᠲᠤᠨ ᠳᠤ ᠪᠠᠭᠤᠬᠤ 》 ᠠᠵᠢᠯ ᠤᠨ ᠭᠣᠣᠯ ᠡᠭᠦᠷᠭᠡ ᠶᠢᠨ ᠨᠢᠭᠡ ᠨᠢ ᠪᠤᠯᠵᠠᠢ᠃ 1994 ᠣᠨ ᠤ 3 ᠰᠠᠷ᠎ᠠ ᠶᠢᠨ 7 ᠡᠴᠠ 9 ᠪᠤᠯᠲᠠᠯ᠎ᠠ᠂ ᠪᠦᠬᠦ ᠣᠷᠣᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠬᠤᠷᠠᠯᠳᠤᠪᠠ ᠃ 1995 ᠣᠨ ᠤ 11 ᠰᠠᠷ᠎ᠠ ᠶ᠋ᠢᠨ 28 ᠡᠴᠡ 31 ᠪᠤᠯᠲᠠᠯ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠤᠳᠠᠭᠠᠨ ᠤ ᠶᠡᠬᠡ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠵᠤ᠂ ᠪᠦᠬᠦ ᠣᠷᠣᠨ ᠤ ᠶᠡᠬᠡ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠬᠤ ᠲᠤᠬᠠᠶ ᠭᠣᠣᠯᠴᠢᠯᠠᠨ ᠰᠤᠳᠤᠯᠤᠨ ᠶᠠᠷᠢᠯᠴᠠᠭᠰᠠᠨ ᠪᠠᠶᠢᠨ᠎ᠠ᠃ 1997 ᠣᠨ ᠤ 1 ᠰᠠᠷ᠎ᠠ ᠶ᠋ᠢᠨ 16 ᠡᠴᠡ 18 ᠪᠤᠯᠲᠠᠯ᠎ᠠ᠂ ᠪᠥᠬᠥ ᠣᠷᠣᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠦᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠶ ᠭᠦᠨᠵᠡᠭᠡᠶ ᠰᠤᠳᠤᠯᠤᠨ ᠰᠦᠪᠡᠭᠴᠢᠯᠡᠭᠰᠡᠨ ᠪᠠᠶᠢᠨ᠎ᠠ᠃ ᠬᠤᠷᠠᠯ ᠡᠴᠠ᠂ ᠤᠯᠤᠰ ᠤᠨ ᠥᠮᠴᠢᠯᠡᠯ ᠦᠨ ᠠᠵᠤ ᠠᠬᠤᠶᠢᠯᠠᠯ ᠳᠠᠬᠢ ᠨᠠᠮ ᠤᠨ ᠤᠯᠤᠰ ᠳᠦᠷᠦ ᠶᠢᠨ ᠤᠳᠤᠷᠢᠳᠤᠯᠭ᠎ᠠ ᠶ᠋ᠢ ᠪᠠᠷᠢᠮᠲᠠᠯᠠᠬᠤ ᠲᠤᠬᠠᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠬᠤᠷᠢᠶᠠᠨ ᠡᠴᠠ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭᠠᠲᠤ ᠤᠪᠤᠷ ᠢ ᠨᠡᠮᠡᠭᠳᠡᠬᠦᠯᠦᠨ᠂ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠢᠯᠠᠩᠭᠤᠶ᠎ᠠ ᠤᠯᠤᠰ ᠤᠨ ᠥᠮᠴᠢᠯᠡᠯ ᠦᠨ ᠠᠵᠤ ᠠᠬᠤᠶᠢᠯᠠᠯ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ ᠭᠡᠵᠦ ᠵᠢᠭᠠᠨ ᠭᠠᠷᠭᠠᠵᠠᠢ ᠃ ᠡᠨᠡ ᠬᠦ ᠬᠤᠭᠤᠴᠠᠭᠠᠨ ᠳᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠴᠢᠬᠤᠯᠠ ᠦᠷ᠎ᠡ ᠪᠦᠲᠦᠮᠵᠢ ᠣᠯᠤᠭᠰᠠᠨ ᠪᠠᠶᠢᠨ᠎ᠠ᠃ ᠨᠠᠮ ᠤᠨ ᠭᠡᠰᠢᠭᠦᠨ ᠤ ᠬᠥᠭᠵᠢᠯᠲᠡ ᠶᠢᠨ ᠲᠠᠯ᠎ᠠ ᠪᠠᠷ᠂ 1996 ᠣᠨ ᠤ 6 ᠰᠠᠷ᠎ᠠ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠭᠡᠰᠢᠭᠦᠨ ᠦ ᠶᠡᠷᠦᠩᠬᠡᠶ ᠲᠣᠭ᠎ᠠ ᠨᠢᠭᠡᠨᠲᠡ 102 ᠲᠦᠮᠡ ᠶ᠋ᠢ ᠳᠠᠪᠠᠵᠦ᠂ ᠡᠭᠦᠨ ᠦ ᠳᠣᠲᠣᠷ᠎ᠠ ᠠᠵᠤ ᠦᠢᠯᠡᠳᠪᠦᠷᠢ ᠠᠵᠤ ᠠᠬᠤᠶᠢᠯᠠᠯ᠂ ᠲᠠᠷᠢᠶᠠᠯᠠᠩ ᠮᠠᠯ ᠠᠵᠤ ᠠᠬᠤᠶ ᠶᠢᠨ ᠡᠮᠦᠨ᠎ᠡ ᠹᠷᠣᠨᠲ᠋ ᠤᠨ ᠰᠢᠨ᠎ᠡ ᠨᠠᠮ ᠤᠨ ᠭᠡᠰᠢᠭᠦᠨ ᠦ ᠡᠵᠡᠯᠡᠬᠦ ᠬᠠᠷᠢᠴᠠᠯ ᠨᠢ 54.3% ᠪᠤᠯᠤᠨ᠎ᠠ᠃ 1996 ᠣᠨ ᠤ 6 ᠰᠠᠷ᠎ᠠ ᠶᠢᠨ 28 ᠤ ᠡᠳᠦᠷ᠂ ( ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠭᠳᠠᠭᠰᠠᠨ 75 ᠵᠢᠯ ᠦᠨ ᠣᠶ ᠤᠨ ᠪᠣᠯᠬᠤ ᠳᠤ ) ᠥᠪᠡᠷᠲᠡᠭᠡᠨ ᠵᠠᠰᠠᠬᠤ ᠣᠷᠣᠨ ᠤ 12 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ 12 ᠠᠵᠢᠯᠲᠠᠳ ᠨᠢ ᠨᠠᠮ ᠤᠨ ᠲᠥᠪ ᠬᠣᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠦᠬᠢᠭᠦᠯᠦᠯ ᠰᠠᠶᠢᠰᠢᠶᠠᠯ ᠢ ᠤᠯᠪᠠ ᠃ ᠡᠨᠡ ᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠶᠡᠬᠡ ᠳᠡᠭᠡᠳᠦ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠤ ᠤᠯᠠᠮ ᠨᠢᠭᠡ ᠠᠯᠬᠤᠮ ᠬᠦᠨᠳᠦᠳᠬᠡᠭᠳᠡᠭᠰᠡᠨ ᠪᠠᠶᠢᠨ᠎ᠠ᠃
( ᠭᠤᠷᠪᠠ ) ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠭᠰᠠᠨ ᠨᠢ
ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠦᠨ ᠠᠵᠤ ᠠᠬᠤᠶ ᠶᠢᠨ ᠴᠠᠭ ᠦᠶ᠎ᠡ ᠳᠦ ᠵᠠᠬ᠎ᠠ ᠳᠡᠯᠭᠡᠭᠦᠷ ᠦᠨ ᠠᠵᠤ ᠠᠬᠤᠶ ᠶᠢᠨ ᠨᠥᠬᠥᠴᠡᠯ ᠳᠣᠣᠷ᠎ᠠ ᠰᠠᠢᠢᠨ ᠰᠤᠷᠲᠠᠯ ᠢ ᠦᠷᠭᠦᠯᠵᠢᠯᠡᠨ ᠪᠠᠷᠢᠮᠲᠠᠯᠠᠵᠤ ᠴᠢᠳᠠᠬᠤ ᠡᠰᠡᠬᠦ ᠪᠣᠯ ᠨᠠᠮ ᠤᠨ ᠤᠷᠳᠦ ᠬᠤᠭᠤᠴᠠᠭ᠎ᠠ ᠪᠠᠷ ᠲᠤᠢᠷᠦ ᠪᠠᠷᠢᠵᠦ ᠲᠡᠶᠢᠯᠬᠦ ᠡᠰᠡᠬᠦ ᠲᠠᠢ ᠬᠤᠯᠪᠤᠭᠳᠠᠬᠤ ᠵᠠᠩᠭᠢᠯᠠᠭ᠎ᠠ ᠶᠢᠨ ᠠᠰᠠᠭᠤᠳᠠᠯ ᠪᠣᠯᠤᠨ᠎ᠠ᠃ ᠨᠠᠮ ᠤᠨ ᠠᠷᠪᠠᠨ ᠳᠥᠷᠪᠡᠳᠦᠭᠡᠷ ᠶᠡᠬᠡ ᠬᠤᠷᠠᠯ ᠡᠴᠠ ᠠᠷᠪᠠᠨ ᠲᠠᠪᠤᠳᠤᠭᠠᠷ ᠶᠡᠬᠡ ᠬᠤᠷᠠᠯ ᠬᠦᠷᠲᠡᠯᠡᠬᠢ ᠬᠤᠭᠤᠴᠠᠭ᠎ᠠ ᠪᠤᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠦᠨ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠡᠬᠢᠯᠡᠯᠲᠡ ᠶ᠋ᠢᠨ ᠲᠠᠪᠤᠨ ᠵᠢᠯ ᠪᠤᠯᠤᠨ᠎ᠠ᠃ ᠡᠨᠡ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠪᠠ ᠥᠪᠥᠷ ᠮᠣᠩᠭᠣᠯ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶ᠋ᠢᠨ ᠰᠤᠷᠲᠠᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ᠂ ᠠᠯᠢ ᠤᠯᠠᠨ ᠴᠢᠬᠤᠯᠠ ᠲᠣᠭᠲᠠᠭᠠᠯ ᠪᠠ ᠤᠷᠢᠶᠠᠯᠠᠯ ᠨᠡᠢᠲᠡᠯᠡᠭᠰᠡᠨ ᠪᠥᠭᠡᠳ ᠲᠡᠷᠢᠭᠦᠨ ᠦ ᠬᠦᠮᠦᠨ ᠡᠴᠡ ᠰᠤᠷᠤᠯᠴᠠᠬᠤ ᠵᠡᠷᠭᠡ ᠲᠠᠯ᠎ᠠ ᠶᠢᠨ ᠠᠵᠢᠯ ᠬᠢᠵᠦ ᠰᠤᠷᠲᠠᠯ ᠤᠨ ᠪᠠᠢᠭᠤᠯᠤᠯᠲᠠ ᠶᠢ ᠴᠢᠩᠭᠠᠳᠬᠠᠭᠰᠠᠨ ᠶᠤᠮ᠃
1993 ᠣᠨ ᠤ 10 ᠰᠠᠷ᠎ᠠ ᠶᠢᠨ 18 ᠤ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠡᠴᠡ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠺᠠᠳ᠋ᠷ ᠤᠨ ᠦᠨᠳᠦᠰᠦᠨ ᠱᠠᠲᠤᠨ ᠳᠤ ᠪᠠᠭᠤᠬᠤ ᠠᠵᠢᠯ ᠤᠨ ᠲᠤᠬᠠᠶ 9 ᠵᠤᠷᠪᠤᠰ ᠲᠣᠭᠲᠠᠭᠠᠯ ᠭᠠᠷᠭᠠᠭᠰᠠᠨ ᠪᠠᠶᠢᠨ᠎ᠠ᠃ ᠳᠠᠷᠤᠢ᠂ 《 ᠨᠢᠭᠡ᠂ ᠶᠠᠭᠤᠨ ᠤ ᠡᠮᠦᠨ᠎ᠡ ᠲᠣᠳᠣᠷᠬᠠᠶ ᠡᠭᠦᠷᠭᠡ ᠪᠠ ᠴᠠᠭ ᠤᠨ ᠬᠢᠵᠠᠭᠠᠷ ᠲᠠᠢ ᠪᠠᠶᠢᠬᠤ ᠬᠡᠷᠡᠭᠲᠡᠢ᠃ ᠬᠣᠶᠠᠷ᠂ ᠪᠡᠶ᠎ᠡ ᠪᠡᠨ ᠴᠢᠩᠭ᠎ᠠ ᠱᠠᠭᠠᠷᠳᠠᠵᠤ᠂ ᠲᠦᠷᠦᠭᠦᠯᠡᠨ ᠠᠷᠢᠭᠤᠨ ᠴᠢᠬᠡᠴᠢ ᠪᠠᠶᠢᠵᠦ᠂ ᠪᠣᠷᠣᠭᠵᠢᠭᠤᠨ ᠠᠵᠢᠯ ᠤᠨ ᠰᠤᠷᠲᠠᠯ ᠢ ᠪᠠᠷᠢᠮᠲᠠᠯᠠᠨ ᠪᠠᠳᠠᠷᠠᠭᠤᠯᠬᠤ ᠬᠡᠷᠡᠭᠲᠡᠶ᠃ ᠭᠤᠷᠪᠠ ᠂ ᠤᠭᠲᠤᠵᠤ ᠦᠳᠡᠬᠦ ᠠᠵᠢᠯᠯᠠᠭ᠎ᠠ ᠶ᠋ᠢ ᠤᠭᠲᠤ ᠡᠰᠡᠷᠷᠭᠦᠴᠡᠬᠦ ᠬᠡᠷᠡᠭᠲᠡᠢ᠃ ᠳᠦᠷᠪᠡ᠂ ᠡᠩ ᠦᠨ ᠪᠠᠶᠢᠳᠠᠯ ᠳᠤ ᠬᠦᠯᠢᠶᠡᠨ ᠠᠪᠴᠤ ᠵᠣᠴᠢᠯᠠᠭᠰᠠᠨ ᠨᠢᠭᠡᠴᠢ ᠬᠣᠭᠣᠯᠠ ᠪᠠ ᠬᠣᠨᠣᠵᠤ ᠬᠡᠪᠲᠡᠬᠦ ᠶ᠋ᠢ ᠲᠤᠬᠢᠷᠠᠭᠤᠯᠤᠭᠰᠠᠨ ᠪᠠᠶᠢᠬᠤ ᠬᠡᠷᠡᠭᠲᠡᠢ᠃ ᠲᠠᠪᠤ᠋᠂ ᠳᠤᠤᠷᠠᠲᠤ ᠱᠠᠲᠤᠨ ᠤ ᠬᠦᠷᠭᠡᠭᠰᠡᠨ ᠪᠡᠯᠡᠭ᠂ ᠨᠤᠲᠤᠭ ᠤᠨ ᠤᠨᠴᠠ ᠭᠠᠷᠤᠯᠲᠠ ᠵᠡᠷᠭᠡ ᠶ᠋ᠢ ᠶᠠᠮᠠᠷ ᠴᠤ ᠰᠢᠯᠲᠠᠭᠠᠨ ᠢᠶᠠᠷ ᠴᠦᠮ ᠬᠦᠯᠢᠶᠡᠨ ᠠᠪᠬᠤ ᠦᠭᠡᠢ᠃ ᠵᠢᠷᠭᠤᠭ᠎ᠠ᠂ ᠳᠣᠣᠷ᠎ᠠ ᠱᠠᠲᠤᠨ ᠤ ᠨᠢᠭᠡᠴᠡ ᠶ᠋ᠢ ᠱᠠᠭᠠᠷᠳᠠᠨ ᠪᠥᠵᠢᠭ ᠦᠨ ᠦᠳᠡᠰᠢᠯᠡᠭᠡ ᠪᠤᠶᠤ ᠡᠵᠡᠩᠨᠡᠯᠲᠡ ᠶᠢᠨ ᠴᠢᠨᠠᠷ ᠲᠠᠶ ᠪᠥᠵᠢᠭ ᠦᠨ ᠦᠳᠡᠰᠢᠯᠡᠭᠡ ᠳᠦ ᠤᠷᠤᠯᠴᠠᠵᠤ ᠪᠤᠯᠬᠤ ᠦᠭᠡᠢ᠃ ᠲᠤᠯᠤᠭ᠎ᠠ᠂ ᠳᠣᠣᠷ᠎ᠠ ᠱᠠᠲᠤᠨ ᠤ ᠨᠢᠭᠡᠴᠢ ᠶᠢᠨ ᠬᠢᠨ ᠨᠢ ᠦᠨᠳᠦᠰᠦᠨ ᠱᠠᠲᠤᠨ ᠳᠤ ᠪᠠᠭᠤᠭᠰᠠᠨ ᠠᠵᠢᠯᠳᠠᠨ ᠤ ᠳᠡᠭᠡᠷ᠎ᠡ ᠳᠤᠷᠠᠳᠤᠭᠰᠠᠨ ᠲᠣᠭᠲᠠᠭᠠᠯ ᠲᠠᠶ ᠦᠯᠦ ᠨᠡᠶᠢᠴᠡᠬᠦ ᠱᠠᠭᠠᠷᠳᠠᠯᠭ᠎ᠠ ᠶ᠋ᠢ ᠲᠡᠪᠴᠢᠬᠦ ᠡᠷᠬᠡ ᠲᠠᠢ᠃ ᠨᠠᠢᠮᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠨᠢ ᠳᠡᠭᠡᠷ᠎ᠡ ᠳᠤᠷᠠᠳᠤᠭᠰᠠᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠶᠢᠰᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶ᠋ᠢᠨ ᠠᠵᠢᠯ ᠤᠨ ᠬᠤᠷᠢᠶ᠎ᠠ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠤᠯᠤᠨ ᠬᠢᠨᠠᠨ ᠪᠠᠶᠢᠴᠠᠭᠠᠬᠤ ᠲᠢᠩᠬᠢᠮ ᠳ᠋ᠤ ᠬᠠᠮᠵᠢᠯᠴᠠᠨ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠺᠠᠳ᠋ᠷ ᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠶ ᠬᠢᠨᠠᠨ ᠪᠠᠶᠢᠴᠠᠭᠠᠬᠤ ᠬᠡᠷᠡᠭᠲᠡᠶ》 ᠭᠡᠪᠡ᠃ ᠲᠤᠰ ᠰᠠᠷ᠎ᠠ ᠳᠤ᠂ ᠪᠦᠬᠦ ᠣᠷᠣᠨ ᠤ ᠠᠶᠢᠮᠠᠭ ᠬᠣᠲᠠ ᠶᠢᠨ ᠨᠠᠮ ᠤᠨ ᠬᠣᠷᠢᠶᠠᠨ ᠤ ᠲᠤᠢᠷᠦ ᠶᠢᠨ ᠪᠤᠳᠦᠯᠭ᠎ᠠ ᠰᠤᠳᠤᠯᠬᠤ ᠲᠡᠰᠦᠬ ᠤᠨ ᠡᠷᠬᠢᠯᠡᠭᠴᠢ ᠨᠡᠷ ᠬᠤᠷᠠᠯ ᠬᠤᠷᠠᠯᠳᠤᠵᠤ᠂ ᠡᠯ᠎ᠡ ᠱᠠᠲᠤᠨ ᠤ ᠨᠠᠮ ᠤᠨ ᠬᠣᠷᠢᠶᠠᠨ ᠤ ᠭᠣᠣᠯ ᠤᠳᠤᠷᠢᠳᠤᠯᠭ᠎ᠠ ᠡᠷᠬᠡᠪᠰᠢ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃ 1995 ᠣᠨ ᠤ 9 ᠰᠠᠷ᠎ᠠ ᠶᠢᠨ 1 ᠦ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠪᠣᠯᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠬᠠᠮᠲᠤᠷᠠᠨ 《ᠨᠠᠮ ᠪᠠ ᠲᠦᠷᠦ ᠶᠢᠨ ᠪᠠᠶᠢᠭᠤᠯᠭ᠎ᠠ ᠶ᠋ᠢᠨ ᠠᠵᠢᠯᠲᠠᠳ ᠤᠨ ᠤᠯᠤᠰ ᠤᠨ ᠳᠣᠲᠣᠭᠠᠳᠤ ᠶᠢᠨ ᠬᠠᠷᠢᠯᠴᠠᠬᠤ ᠠᠵᠢᠯ ᠤᠨ ᠳᠤᠮᠳᠠ ᠪᠡᠯᠡᠭ ᠰᠡᠯᠲᠡ ᠠᠪᠬᠤ ᠳ᠋ᠤ ᠳᠠᠩᠰᠠᠯᠠᠬᠤ ᠲᠦᠷᠢᠮ ᠢ ᠬᠡᠷᠡᠭᠵᠢᠭᠦᠯᠬᠦ ᠠᠷᠭ᠎ᠠ 》 ᠵᠢᠨ ᠮᠡᠳᠡᠭᠳᠡᠯ ᠢ ᠲᠠᠷᠬᠠᠭᠠᠵᠤ᠂ ᠡᠨᠡ ᠬᠦ ᠮᠡᠳᠡᠭᠳᠡᠯ ᠢ ᠲᠠᠷᠬᠠᠭᠠᠭᠰᠠᠨ ᠡᠳᠦᠷ ᠡᠴᠡ ᠡᠬᠢᠯᠡᠨ ᠵᠢᠩᠬᠢᠨᠢ ᠪᠡᠷ ᠬᠡᠷᠡᠭᠵᠢᠭᠦᠯᠬᠦ ᠪᠠᠷ ᠱᠠᠭᠠᠷᠳᠠᠪᠠ᠃ 1997 ᠣᠨ ᠤ 3 ᠰᠠᠷ᠎ᠠ ᠶᠢᠨ 29 ᠦ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠂ ᠵᠠᠰᠠᠭ ᠤᠨ ᠣᠷᠳᠣᠨ ᠨᠢ ᠥᠪᠥᠷ ᠮᠣᠩᠭᠣᠯ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ《 ᠤᠯᠠᠨ ᠲᠦᠮᠡᠨ ᠲᠡᠶ ᠨᠢᠭᠲᠠ ᠬᠠᠷᠢᠯᠴᠠᠬᠤ᠂ ᠠᠵᠢᠯᠴᠢ ᠬᠢᠴᠢᠶᠡᠩᠭᠦᠶ ᠪᠡᠷ ᠵᠠᠰᠠᠭ ᠪᠠᠷᠢᠬᠤ ᠂ ᠪᠣᠳᠠᠲᠤ ᠠᠵᠢᠯ ᠢ ᠡᠷᠬᠢᠮᠯᠡᠬᠦ᠂ ᠠᠷᠢᠭᠤᠨ ᠴᠢᠬᠡᠴᠢ ᠪᠡᠷ ᠠᠯᠪᠠᠨ ᠳᠤ ᠦᠢᠯᠡᠴᠢᠯᠡᠬᠦ᠂ ᠠᠵᠢᠯ ᠲᠦᠷᠦᠯ ᠦᠨ ᠰᠢᠨ᠎ᠡ ᠰᠤᠷᠲᠠᠯ ᠢ ᠪᠤᠢ ᠪᠣᠯᠭᠠᠬᠤ 》 ᠪᠠᠷ ᠭᠣᠣᠯ ᠰᠡᠳᠦᠪ ᠪᠤᠯᠭᠠᠭᠰᠠᠨ《 ᠪᠠᠶᠢᠭᠤᠯᠤᠯᠭ᠎ᠠ ᠶ᠋ᠢᠨ ᠰᠠᠢᠢᠨ ᠰᠠᠶᠢᠬᠠᠨ ᠲᠦᠷᠢ ᠲᠥᠷᠬᠦ ᠶᠢᠨ ᠢᠨᠵᠧᠨᠧᠷᠢᠩ 》 ᠢ ᠬᠡᠷᠡᠭᠵᠢᠬᠦᠯᠵᠦ᠂ ᠦᠪᠡᠷᠲᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶ᠋ᠢᠨ ᠤᠶᠤᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠶ᠋ᠢ ᠴᠢᠩᠭᠠᠳᠬᠠᠵᠤ᠂ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶ᠋ᠢ ᠠᠬᠢᠭᠤᠯᠵᠠᠢ ᠃
ᠬᠤᠷᠠᠯ ᠬᠤᠷᠠᠯᠳᠤᠭᠤᠯᠵᠤ ᠴᠢᠬᠤᠯᠠᠴᠢᠯᠠᠬᠤ ᠪᠠ ᠬᠣᠯᠪᠣᠭᠳᠠᠯ ᠪᠦᠬᠦᠢ ᠲᠣᠭᠲᠠᠭᠠᠯ ᠨᠡᠶᠢᠲᠡᠯᠡᠵᠦ᠂ ᠠᠵᠢᠯᠯᠠᠭ᠎ᠠ ᠶᠠᠪᠤᠭᠤᠯᠵᠤ ᠠᠬᠢᠭᠤᠯᠬᠤ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠪᠠᠰᠠ ᠲᠡᠷᠢᠭᠦᠨ ᠦ ᠬᠥᠮᠦᠰ ᠡᠴᠡ ᠰᠤᠷᠤᠯᠴᠠᠬᠤ ᠪᠠᠷ ᠲᠣᠬᠢᠶᠠᠯ ᠪᠣᠯᠭᠠᠵᠤ᠂ ᠪᠦᠬᠦ ᠣᠷᠣᠨ ᠤ ᠨᠠᠮ ᠤᠨ ᠭᠡᠰᠢᠭᠦᠳ ᠦᠨ ᠰᠤᠷᠲᠠᠯ ᠢᠶ᠋ᠡᠨ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠤᠷᠢᠶᠠᠯᠠᠭᠰᠠᠨ ᠪᠠᠶᠢᠨ᠎ᠠ᠃ 1990 ᠣᠨ ᠤ 5 ᠰᠠᠷ᠎ᠠ ᠶᠢᠨ 23 ᠤ ᠡᠳᠦᠷ ᠂ ᠪᠦᠬᠦ ᠤᠯᠤᠰ ᠲᠤ 《 ᠺᠥᠩ ᠹᠠᠨ ᠰᠸᠨ ᠡᠴᠡ ᠰᠤᠷᠤᠯᠴᠠᠬᠤ 》 ᠥᠷᠨᠢᠯᠲᠡ ᠶᠢᠨ ᠳᠤᠮᠳᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ ᠂ ᠥᠷᠭᠡᠨ ᠤᠯᠠᠨ ᠨᠠᠮ ᠤᠨ ᠭᠡᠰᠢᠬᠦᠳ ᠺᠦᠩ ᠹᠠᠨ ᠰᠸᠨ ᠣ ᠵᠣᠷᠢᠭ ᠰᠠᠨᠠᠭ᠎ᠠ ᠶᠢ ᠰᠤᠷᠤᠯᠴᠠᠬᠤ ᠶᠢᠨ ᠳᠠᠭᠠᠤ ᠲᠡᠭᠦᠨ ᠢᠶ᠋ᠡᠷ ᠬᠡᠪ ᠳᠠᠭᠤᠷᠢᠶᠠᠯ ᠪᠣᠯᠭᠠᠵᠤ᠂ ᠡᠯ᠎ᠡ ᠦᠨᠳᠦᠰᠦᠲᠡᠨ ᠤ ᠣᠯᠠᠨ ᠲᠦᠮᠡᠨ ᠢ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠨᠡᠭᠡᠭᠡᠯᠲᠡ ᠪᠠ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠤᠢ ᠪᠣᠯᠭᠠᠬᠤ ᠶ᠋ᠢ ᠤᠷᠢᠶᠠᠯᠠᠵᠠᠢ᠃ 6 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠭᠳᠠᠭᠰᠠᠨ 74 ᠵᠢᠯ ᠦᠨ ᠣᠶ ᠶ᠋ᠢᠨ ᠲᠠᠰᠢᠷᠠᠮ ᠢᠶᠠᠷ᠂ 《 ᠥᠪᠥᠷ ᠮᠣᠩᠭᠣᠯ ᠤᠨ ᠡᠳᠦᠷ ᠦᠨ ᠰᠣᠨᠢᠨ 》 ᠡᠴᠠ ᠨᠠᠮ ᠤᠨ ᠬᠣᠷᠢᠶᠠᠨ ᠤ ᠱᠦᠵᠢ ᠯᠢᠦ ᠮᠢᠩ ᠽᠤᠤ ᠶ᠋ᠢᠨ ᠵᠣᠬᠢᠶᠠᠯ — 《 ᠺᠦᠩ ᠹᠠᠨ ᠰᠸᠨ ᠢᠶ᠋ᠡᠷ ᠳᠠᠭᠤᠷᠢᠶᠠᠯ ᠪᠣᠯᠭᠠᠨ ᠨᠠᠮ ᠤᠨ ᠦᠨᠳᠦᠰᠦᠨ ᠵᠣᠷᠢᠯᠲᠠ ᠶ᠋ᠢ ᠴᠠᠭ ᠢᠮᠠᠭᠲᠠ ᠪᠠᠲᠤ ᠴᠡᠭᠡᠵᠢᠯᠡᠬᠦ》 ᠶ᠋ᠢ ᠨᠡᠶᠢᠲᠡᠯᠡᠵᠡᠢ᠃ 1997 ᠣᠨ ᠤ 4 ᠰᠠᠷ᠎ᠠ ᠳᠤ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ《 ᠼᠤᠤ ᠹᠸᠩ ᠭᠤᠸᠠᠩ ᠨᠥᠬᠥᠷ ᠡᠴᠡ ᠰᠤᠷᠤᠯᠴᠠᠬᠤ ᠶ᠋ᠢ ᠦᠷᠨᠢᠬᠦᠯᠬᠦ ᠲᠤᠬᠠᠶ ᠲᠣᠭᠲᠠᠭᠠᠯ 》 ᠶ᠋ᠢ ᠨᠡᠶᠢᠲᠡᠯᠡᠡᠵᠦ᠂ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠪᠠ ᠺᠠᠳ᠋ᠷᠴᠤᠳ ᠢ ᠤᠷᠢᠶᠠᠯᠠᠨ ᠪᠠᠶᠠᠨᠨᠠᠭᠤᠷ ᠠᠶᠢᠮᠠᠭ ᠤᠨ ᠦᠶᠤᠸᠠᠨ ᠰᠢᠶᠠᠨ ᠤ ᠨᠠᠮ ᠤᠨ ᠬᠣᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠦᠨ ᠳᠡᠳ᠋ ᠳᠠᠷᠤᠭ᠎ᠠ᠂ ᠠᠬᠠᠮᠠᠳ ᠺᠠᠳ᠋ᠷᠴᠤᠳ ᠤᠨ ᠠᠵᠢᠯ ᠤᠨ ᠲᠤᠪᠴᠢᠶᠠᠨ ᠤ ᠳᠡᠳ᠋ ᠲᠣᠪᠴᠢᠶᠠᠨ ᠳᠠᠷᠤᠭ᠎ᠠ ᠼᠤᠤ ᠹᠸᠩ ᠭᠤᠸᠠᠩ ᠨᠥᠬᠥᠷ ᠡᠴᠡ ᠳᠠᠭᠠᠨ ᠰᠤᠷᠤᠯᠴᠠᠵᠤ᠂ ᠼᠤᠤ ᠹᠸᠩ ᠭᠤᠸᠠᠩ ᠨᠦᠬᠦᠷ ᠦᠨ ᠪᠦᠬᠦ ᠲᠠᠯ᠎ᠠ ᠶᠢ ᠬᠠᠷᠠᠭᠠᠯᠵᠠᠵᠤ᠂ ᠠᠵᠢᠯ ᠦᠢᠯᠡᠰ ᠶ᠋ᠢᠨ ᠲᠦᠯᠦᠭᠡ ᠠᠯᠢᠪᠠ ᠪᠠᠨ ᠵᠣᠷᠢᠭᠤᠯᠬᠤ᠂ ᠠᠷᠢᠭᠤᠨ ᠴᠢᠬᠡᠴᠢ᠂ ᠠᠵᠢᠯᠴᠢ ᠬᠢᠴᠢᠶᠡᠩᠭᠦᠶ ᠪᠡᠷ ᠵᠠᠰᠠᠭ ᠪᠠᠷᠢᠵᠤ ᠪᠣᠳᠠᠲᠠᠶ ᠶᠢ ᠡᠷᠬᠢᠮᠯᠡᠬᠦ ᠰᠢᠯᠢᠳᠡᠭ ᠵᠠᠩ ᠴᠢᠨᠠᠷ ᠡᠴᠡ ᠳᠠᠭᠠᠨ ᠰᠤᠷᠤᠯᠴᠠᠬᠤ ᠶ᠋ᠢ ᠤᠷᠢᠶᠠᠯᠠᠵᠠᠢ ᠃
( ᠲᠦᠷᠪᠡ ) ᠢᠯᠵᠠᠷᠠᠯ ᠢ ᠡᠰᠡᠷᠭᠦᠴᠡᠵᠦ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢ ᠲᠦᠯᠬᠢᠨ ᠠᠬᠢᠭᠤᠯᠪᠠ
ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠪᠣᠯ ᠨᠠᠮ ᠤᠨ ᠪᠠᠶᠢᠭᠤᠯᠤᠯᠲᠠ ᠶᠢᠨ ᠴᠢᠬᠤᠯᠠ ᠲᠠᠯ᠎ᠠ ᠮᠥᠨ ᠪᠥᠭᠡᠳ ᠴᠢᠬᠤᠯᠠ ᠠᠭᠤᠯᠭ᠎ᠠ ᠶᠢᠨ ᠨᠢᠭᠡ ᠨᠢ ᠪᠣᠯᠤᠨ᠎ᠠ᠃ ᠲᠡᠭᠦᠨ ᠦ ᠬᠠᠮᠤᠭ ᠤᠨ ᠰᠢᠭᠤᠳ ᠬᠠᠷᠠᠯᠲᠠ ᠪᠣᠯ 《 ᠢᠯᠵᠠᠷᠠᠬᠤ ᠵᠣᠷᠢᠭ ᠦᠭᠡᠢ 》 ᠪᠠᠶᠢᠬᠤ ᠪᠠᠶᠢᠳᠠᠯ ᠢ ᠪᠤᠢ ᠪᠤᠯᠭᠠᠬᠤ ᠶᠠᠪᠤᠳᠠᠯ ᠪᠤᠯᠤᠨ᠎ᠠ ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠦᠨ ᠠᠵᠤ ᠠᠬᠤᠶ ᠶᠢᠨ ᠠᠩᠬᠠᠨ ᠤ ᠬᠤᠭᠤᠴᠠᠭᠠᠨ ᠳᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠪᠠ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢ ᠳᠡᠭᠡᠳᠦ ᠬᠡᠮᠵᠢᠶ᠎ᠡ ᠢᠶ᠋ᠡᠷ ᠴᠢᠬᠤᠯᠠᠴᠢᠯᠠᠭᠰᠠᠨ ᠪᠠᠶᠢᠨ᠎ᠠ᠃ 1992 ᠣᠨ ᠤ 10 ᠰᠠᠷ᠎ᠠ ᠡᠴᠠ 1997 ᠤᠨ ᠤ 9 ᠰᠠᠷ᠎ᠠ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠡᠴᠠ ᠳᠤᠯᠤᠭ᠎ᠠ ᠤᠳᠠᠭ᠎ᠠ ᠪᠥᠬᠥ ᠭᠡᠰᠢᠭᠦᠳ ᠦᠨ ( ᠥᠷᠭᠡᠳᠬᠡᠭᠰᠡᠨ ) ᠬᠤᠷᠠᠯ ᠬᠤᠷᠠᠯᠳᠤᠭᠤᠯᠵᠤ᠂ ᠤᠳᠠᠭ᠎ᠠ ᠪᠦᠷᠢ ᠶᠢᠨ ᠬᠤᠷᠠᠯ ᠳᠠᠭᠠᠨ ᠲᠤᠯᠭᠠᠷᠠᠵᠤ ᠪᠠᠶᠢᠭ᠎ᠠ ᠠᠳᠠᠯᠢ ᠪᠤᠰᠤ ᠪᠠᠶᠢᠳᠠᠯ ᠳ᠋ᠤ ᠬᠠᠨᠳᠤᠭᠤᠯᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠶᠢᠨ ᠵᠠᠷᠴᠢᠮ ᠪᠠ ᠠᠷᠭ᠎ᠠ ᠬᠡᠮᠵᠢᠶ᠎ᠡ ᠶ᠋ᠢ ᠳᠤᠷᠠᠳᠤᠨ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠂ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠠᠴᠠ ᠭᠠᠳᠠᠨ᠎ᠠ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠡᠯ᠎ᠡ ᠨᠢᠭᠡᠴᠡ ᠪᠠᠰᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ᠂ ᠴᠢᠩᠭ᠎ᠠ ᠠᠳᠬᠤᠭᠰᠠᠨ ᠪᠠᠶᠢᠨ᠎ᠠ ᠃
1993 ᠣᠨ ᠤ 7 ᠰᠠᠷ᠎ᠠ ᠶᠢᠨ 17 ᠤ ᠡᠳᠦᠷ᠂ ᠥᠪᠥᠷ ᠮᠣᠩᠭᠣᠯ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠶ᠋ᠢᠨ ᠳᠠᠶᠢᠴᠢᠯᠠᠯᠲᠠ ᠶᠢᠨ ᠶᠡᠬᠡ ᠬᠤᠷᠠᠯ ᠢ ᠬᠥᠬᠡᠬᠣᠲᠠ ᠳᠤ ᠬᠤᠷᠠᠯᠳᠤᠭᠤᠯᠵᠤ᠂ ᠬᠤᠷᠠᠯ ᠠᠴᠠ 《 ᠨᠢᠭᠡ ᠳᠦ ᠡᠷᠡᠰ ᠰᠢᠭᠤᠷᠬᠠᠢ᠂ ᠬᠣᠶᠠᠷ ᠲᠤ ᠤᠳᠠᠭᠠᠨ ᠳᠠᠭᠠᠭᠠᠮᠠᠭᠠᠶ ᠴᠢᠭᠯᠡᠯᠲᠡ ᠶ᠋ᠢ ᠪᠠᠷᠢᠮᠲᠠᠯᠠᠵᠦ᠂ ᠦᠵᠡᠯ ᠰᠠᠨᠠᠭᠠᠨ ᠤ ᠬᠥᠮᠦᠵᠢᠯ᠂ ᠳᠦᠷᠢᠮ ᠤᠨ ᠪᠦᠳᠦᠭᠡᠠ ᠪᠠᠶᠢᠭᠤᠯᠤᠯᠲᠠ᠂ ᠬᠢᠨᠠᠯᠲᠠ ᠲᠠᠯᠪᠢᠵᠤ ᠪᠠᠶᠢᠴᠠᠭᠠᠬᠤ ᠪᠠ ᠬᠡᠷᠡᠭ ᠢ ᠪᠠᠶᠢᠴᠠᠭᠠᠨ ᠰᠢᠶᠳᠪᠦᠷᠢᠯᠡᠬᠦ ᠲᠦᠷᠪᠡᠨ ᠵᠠᠩᠭᠢᠯᠠᠭ᠎ᠠ ᠶᠢ ᠣᠷᠭᠠᠨᠢᠭ ᠢᠶᠠᠷ ᠤᠶᠠᠯᠳᠤᠭᠤᠯᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠦᠨᠡᠨ ᠬᠦ ᠰᠠᠶᠢᠲᠤᠷ ᠬᠢᠬᠦ ᠬᠡᠷᠡᠭᠲᠡᠶ 》 ᠭᠡᠵᠦ ᠵᠢᠭᠠᠨ ᠭᠠᠷᠭᠠᠪᠠ᠃ 1994 ᠣᠨ ᠤ 5 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠬᠦᠯᠬᠦ ᠶ᠋ᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠨᠢ ᠣᠯᠠᠨ ᠨᠢᠭᠡᠴᠡ ᠪᠠᠶᠢᠴᠠᠭᠠᠬᠤ ᠳᠤᠭᠤᠶᠢᠯᠠᠩ ᠪᠦᠷᠢᠯᠳᠦᠭᠦᠨ ᠲᠠᠢ ᠬᠠᠮᠳᠤᠷᠠᠨ 《ᠡᠯ᠎ᠡ ᠠᠶᠢᠮᠠᠭ ᠬᠣᠲᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠂ ᠲᠤᠮᠤ ᠠᠵᠤ ᠠᠬᠤᠶᠢᠯᠠᠯ ᠳ᠋ᠤ 35 ᠡᠳᠦᠷ ᠦᠨ ᠬᠤᠭᠤᠴᠠᠭ᠎ᠠ ᠲᠠᠶ ᠱᠠᠯᠠᠪᠳᠠᠭᠤᠯᠤᠨ ᠪᠠᠶᠢᠴᠠᠭᠠᠨ ᠵᠢᠯᠣᠭᠣᠳᠬᠤ 》 ᠠᠵᠢᠯᠯᠠᠭ᠎ᠠ ᠦᠷᠨᠢᠬᠦᠯᠵᠠᠢ᠃ 6 ᠰᠠᠷ᠎ᠠ ᠶᠢᠨ 9 ᠋ ᠦ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠂ ᠵᠠᠰᠠᠭ ᠤᠨ ᠣᠷᠳᠣᠨ ᠨᠢ ᠳ᠋ᠢᠶᠠᠩᠬᠤᠸᠠ ᠬᠤᠷᠠᠯᠳᠤᠭᠠᠨ ᠬᠤᠷᠠᠯᠳᠤᠭᠤᠯᠵᠤ᠂ ᠲᠥᠪ ᠦᠨ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠ ᠪᠦᠬᠦ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠶᠢᠳᠠᠪᠦᠷᠢᠵᠢᠭᠤᠯᠬᠤ ᠶ᠋ᠢᠨ ᠲᠦᠯᠦᠭᠡ᠂ ᠬᠤᠷᠠᠯ ᠠᠴᠠ 《ᠬᠡᠷᠡᠭ ᠰᠢᠶᠳᠪᠦᠷᠢᠯᠡᠬᠦ ᠠᠵᠢᠯ ᠤᠨ ᠡᠷᠴᠢᠮ ᠢ ᠴᠢᠩᠭᠠᠳᠬᠠᠵᠤ᠂ ᠭᠣᠣᠯ ᠬᠦᠴᠦ ᠪᠡᠨ ᠱᠠᠮᠰᠢᠭᠰᠠᠨ᠂ ᠬᠡᠭᠡᠯᠢ ᠬᠠᠬᠤᠤᠯᠢ ᠢᠳᠡᠭᠰᠡᠨ᠂ ᠮᠥᠩᠭᠥᠨ ᠭᠦᠢᠯᠭᠡᠭᠡᠨ ᠦ ᠬᠢᠬᠠᠨ ᠮᠡᠬᠡᠯᠡᠯ᠂ ᠭᠣᠶᠠᠴᠢᠯᠠᠨ ᠫᠠᠨᠽᠠᠯᠠᠬᠤ᠂ ᠡᠳ᠋ ᠦᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠭᠰᠡᠨ ᠵᠡᠷᠭᠡ ᠲᠤᠮᠤ ᠴᠢᠬᠤᠯᠠ ᠬᠡᠷᠡᠭ ᠳᠡᠭᠡᠷ᠎ᠡ ᠲᠠᠯᠪᠢᠬᠤ ᠬᠡᠷᠡᠭᠲᠡᠢ 》 ᠭᠡᠵᠦ ᠴᠢᠬᠤᠯᠠᠴᠢᠯᠠᠭᠰᠠᠨ ᠪᠠᠶᠢᠨ᠎ᠠ᠃ 11 ᠰᠠᠷ᠎ᠠ ᠶᠢᠨ 5 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠵᠡᠷᠭᠡ 7 ᠲᠤᠰᠬᠠᠶ ᠵᠦᠢᠯ ᠤᠨ ᠪᠠᠶᠢᠴᠠᠭᠠᠬᠤ ᠳᠤᠭᠤᠶᠢᠯᠠᠩ ᠡᠴᠠ ᠠᠶᠢᠮᠠᠭ ᠬᠣᠲᠠ᠂ ᠲᠢᠩᠬᠢᠮ ᠤᠨ ᠲᠡᠰ ᠦᠨ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠬᠤ ᠵᠡᠷᠭᠡ ᠳ᠋ᠦ ᠬᠣᠯᠪᠣᠭᠳᠠᠯ ᠪᠦᠬᠦᠢ ᠠᠰᠠᠭᠤᠳᠠᠯ ᠤᠨ ᠲᠤᠬᠠᠶ ᠲᠤᠰᠬᠠᠶ ᠵᠦᠢᠯ ᠦᠨ ᠪᠠᠶᠢᠴᠠᠭᠠᠯᠲᠠ ᠬᠢᠵᠠᠢ᠃ ᠪᠠᠶᠢᠴᠠᠭᠠᠬᠤ ᠠᠭᠤᠯᠭ᠎ᠠ ᠲᠤ ᠪᠠᠭᠲᠠᠬᠤ ᠨᠢ ᠲᠡᠷᠭᠡᠨ ᠳᠦ ᠰᠠᠭᠤᠬᠤ ᠪᠠ ᠣᠷᠣᠨ ᠰᠠᠭᠤᠴᠠ ᠶ᠋ᠢᠨ ᠠᠰᠠᠭᠤᠳᠠᠯ᠂ ᠬᠦᠯᠢᠶᠡᠨ ᠠᠪᠬᠤ ᠪᠠᠷᠢᠮᠵᠢᠢᠠ᠂ ᠠᠯᠪᠠᠨ ᠤ ᠵᠣᠭᠣᠰ ᠢᠶᠠᠷ ᠬᠢᠯᠢ ᠡᠴᠡ ᠭᠠᠷᠬᠤ᠂ ᠠᠯᠪᠠᠨ ᠵᠣᠭᠣᠰ ᠢ ᠥᠷᠢᠲᠦᠬᠦ᠂ ᠠᠵᠤ ᠠᠬᠤᠶᠢᠯᠠᠯ ᠤᠨ ᠵᠣᠭᠣᠰ ᠮᠥᠩᠭᠥ ᠡᠳ᠋ ᠪᠣᠳᠠᠰ ᠢ ᠡᠵᠡᠯᠡᠨ ᠬᠡᠷᠡᠭᠯᠡᠭᠰᠡᠨ ᠪᠠ ᠲᠤᠮᠤ ᠬᠡᠷᠡᠭ ᠴᠢᠬᠤᠯᠠ ᠬᠡᠷᠡᠭ ᠢ ᠪᠠᠶᠢᠴᠠᠭᠠᠨ ᠰᠢᠶᠳᠪᠦᠷᠢᠯᠡᠬᠦ ᠵᠡᠷᠭᠡ᠃ 1995 ᠣᠨ ᠤ 2 ᠰᠠᠷ᠎ᠠ ᠶ᠋ᠢᠨ 24 ᠡᠴᠡ 27 ᠪᠤᠯᠲᠠᠯ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠬᠢᠨᠠᠨ ᠪᠠᠶᠢᠴᠠᠭᠠᠬᠤ ᠠᠵᠢᠯ ᠤᠨ ᠬᠤᠷᠠᠯ ᠬᠥᠬᠡᠬᠣᠲᠠ ᠳᠤ ᠬᠤᠷᠠᠯᠳᠤᠵᠤ᠂ 1995 ᠣᠨ ᠤ ᠢᠯᠵᠠᠷᠠᠯ ᠢ ᠡᠰᠡᠷᠭᠦᠴᠡᠬᠦ ᠲᠡᠮᠡᠴᠡᠯ ᠪᠣᠯᠤᠨ ᠰᠠᠬᠢᠯᠭ᠎ᠠ ᠪᠠᠲᠤ ᠬᠢᠨᠠᠨ ᠪᠠᠶᠢᠴᠠᠭᠠᠬᠤ ᠠᠵᠢᠯ ᠢ ᠪᠠᠶᠢᠷᠢᠰᠢᠯᠠᠭᠤᠯᠵᠤ᠂1995 ᠣᠨ ᠳᠤ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠬᠢᠨᠠᠨ ᠪᠠᠶᠢᠴᠠᠭᠠᠬᠤ ᠠᠵᠢᠯ ᠤᠨ ᠭᠣᠣᠯ ᠡᠭᠦᠷᠭᠡ ᠪᠤᠯᠬᠤ 《 ᠤᠯᠤᠰ ᠲᠦᠷᠦ ᠶ᠋ᠢᠨ ᠰᠠᠬᠢᠯᠭ᠎ᠠ ᠪᠠᠲᠤ ᠶ᠋ᠢ ᠬᠢᠨᠠᠯᠲᠠ ᠲᠠᠯᠪᠢᠵᠤ ᠪᠠᠶᠢᠴᠠᠭᠠᠬᠤ ᠲᠠᠯ᠎ᠠ ᠪᠠᠷ ᠠᠮᠵᠢᠯᠲᠠ ᠲᠠᠢ᠂ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠬᠤ ᠲᠠᠯ᠎ᠠ ᠳ᠋ᠤ ᠰᠢᠨ᠎ᠡ ᠠᠬᠢᠴᠠ ᠲᠠᠢ᠂ ᠬᠡᠷᠡᠭ ᠢ ᠪᠠᠶᠢᠴᠠᠭᠠᠨ ᠰᠢᠶᠳᠪᠦᠷᠢᠯᠡᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠶ᠂ ᠰᠤᠷᠲᠠᠯ ᠢ ᠰᠠᠶᠢᠵᠢᠷᠠᠭᠤᠯᠬᠤ ᠪᠠ ᠲᠤᠰᠬᠠᠶ ᠵᠦᠢᠯ ᠢᠶᠡᠷ ᠵᠠᠰᠠᠬᠤ ᠲᠠᠯ᠎ᠠ ᠪᠠᠷ ᠰᠢᠨ᠎ᠡ ᠠᠮᠵᠢᠯᠲᠠ ᠤᠯᠬᠤ》 ᠶ᠋ᠢ ᠳᠤᠷᠠᠳᠪᠠ᠃ 10 ᠰᠠᠷ᠎ᠠ ᠶᠢᠨ 31 ᠦ ᠡᠳᠦᠷ᠂ ᠥᠪᠥᠷ ᠮᠣᠩᠭᠣᠯ ᠤᠨ ᠢᠯᠵᠠᠷᠠᠯ ᠢ ᠡᠰᠡᠷᠭᠦᠴᠡᠬᠦ ᠲᠡᠮᠡᠴᠡᠯ ᠦᠨ ᠪᠠᠶᠢᠴᠠᠭᠠᠬᠤ ᠳᠤᠭᠤᠶᠢᠯᠠᠩ ᠬᠤᠷᠠᠯ ᠬᠤᠷᠠᠯᠳᠤᠭᠤᠯᠵᠤ᠂ 1995 ᠣᠨ ᠤ ᠪᠥᠬᠥ ᠣᠷᠣᠨ ᠤ ᠢᠯᠵᠠᠷᠠᠯ ᠢ ᠡᠰᠡᠷᠭᠦᠴᠡᠬᠦ ᠲᠡᠮᠡᠴᠡᠯ ᠦᠨ ᠪᠠᠶᠢᠴᠠᠭᠠᠬᠤ ᠠᠵᠢᠯ ᠢ ᠳ᠋ᠦᠩᠨᠡᠵᠦ᠂ ᠳᠠᠷᠠᠭᠠᠴᠢ ᠶ᠋ᠢᠨ ᠢᠯᠵᠠᠷᠠᠯ ᠢ ᠡᠰᠡᠷᠭᠦᠴᠡᠬᠦ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃ 1996 ᠣᠨ ᠤ 8 ᠰᠠᠷ᠎ᠠ ᠶᠢᠨ 20 ᠤ ᠡᠳᠦᠷ᠂ ᠥᠪᠥᠷ ᠮᠣᠩᠭᠣᠯ ᠤᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠨᠢ ᠢᠯᠵᠠᠷᠠᠯ ᠢ ᠡᠰᠡᠷᠭᠦᠴᠡᠬᠦ ᠲᠡᠮᠡᠴᠡᠯ ᠦᠨ ᠲᠧᠯᠸᠢᠰ ᠬᠤᠷᠢᠶᠠᠨ ᠤ ᠬᠤᠷᠠᠯ ᠬᠤᠷᠠᠯᠳᠤᠵᠤ᠂ 《 ᠬᠣᠶᠢᠰᠢᠳᠠ ᠶᠢᠨ ᠬᠡᠳᠦᠨ ᠰᠠᠷ᠎ᠠ ᠳᠤ᠂ ᠢᠯᠵᠠᠷᠠᠯ ᠢ ᠡᠰᠡᠷᠭᠦᠴᠡᠬᠦ ᠠᠵᠢᠯ ᠨᠢ ᠶᠡᠬᠡ ᠬᠡᠷᠡᠭ ᠴᠢᠬᠤᠯᠠ ᠬᠡᠷᠡᠭ ᠢ ᠪᠠᠶᠢᠴᠠᠭᠠᠨ ᠰᠢᠶᠳᠪᠦᠷᠢᠯᠡᠬᠦ ᠪᠡᠷ ᠭᠣᠣᠯ ᠡᠭᠦᠷᠭᠡ ᠪᠣᠯᠭᠠᠵᠤ᠂ ᠢᠯᠵᠠᠷᠠᠯ ᠢ ᠡᠰᠡᠷᠭᠦᠴᠡᠬᠦ ᠢ ᠨᠡᠩ ᠭᠦᠨᠵᠡᠭᠡᠶ᠂ ᠨᠡᠩ ᠯᠠᠪᠳᠠᠭᠤᠨ᠂ ᠨᠡᠩ ᠪᠦᠲᠦᠮᠵᠢᠲᠡᠶ ᠪᠤᠯᠭᠠᠬᠤ》 ᠲᠤᠬᠠᠢ ᠬᠤᠷᠠᠯ ᠡᠴᠠ ᠵᠢᠭᠠᠨ ᠭᠠᠷᠭᠠᠪᠠ᠃ 9 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠠᠴᠠ ᠰᠢᠭᠤᠳ ᠬᠠᠷᠢᠶ᠎ᠠ ᠪᠠᠶᠢᠭᠤᠯᠭ᠎ᠠ ᠶᠢᠨ ᠺᠠᠳ᠋ᠷᠴᠤᠳ ᠤᠨ ᠶᠡᠬᠡ ᠬᠤᠷᠠᠯ ᠬᠤᠷᠠᠯᠳᠤᠭᠤᠯᠵᠤ᠂ ᠳᠠᠷᠠᠭᠠᠴᠢ ᠶᠢᠨ ᠠᠯᠬᠤᠮ ᠤᠨ ᠭᠣᠣᠯ ᠳᠤ ᠠᠵᠢᠯ ᠤᠨ ( ᠶᠡᠬᠡ ᠬᠡᠷᠡᠭ ᠴᠢᠬᠤᠯᠠ ᠬᠡᠷᠡᠭ ᠢ ᠪᠠᠶᠢᠴᠠᠭᠠᠨ ᠰᠢᠶᠳᠪᠦᠷᠢᠯᠡᠬᠦ ᠳ᠋ᠤ ᠠᠵᠢᠯ ᠲᠥᠷᠥᠯ ᠦᠨ ᠲᠥᠪ ᠪᠤᠰᠤ ᠰᠤᠷᠲᠠᠯ ᠢ ᠵᠠᠯᠠᠷᠠᠭᠤᠯᠬᠤ᠂ ᠬᠡᠪ ᠦᠨ ᠪᠤᠰᠤ ᠠᠯᠳᠠᠭᠳᠠᠯ ᠲᠠᠶ ᠠᠵᠤ ᠠᠬᠤᠶᠢᠯᠠᠯ ᠢ ᠵᠠᠳᠠᠯᠤᠨ ᠰᠢᠨᠵᠢᠯᠡᠵᠦ᠂ ᠦᠪᠡᠷᠲᠡᠬᠡᠨ ᠵᠠᠰᠠᠬᠤ ᠤᠷᠤᠨ ᠦ ᠰᠢᠭᠤᠳ ᠬᠠᠷᠢᠶ᠎ᠠ ᠶ᠋ᠢᠨ ᠰᠠᠬᠢᠯᠭ᠎ᠠ ᠪᠠᠲᠤ ᠬᠢᠨᠠᠨ ᠪᠠᠶᠢᠴᠠᠭᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ) ᠳ᠋ᠤ ᠪᠣᠳᠠᠲᠠᠶ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ 1995 ᠣᠨ ᠤ 6 ᠰᠠᠷ᠎ᠠ ᠶᠢᠨ 29 ᠦ ᠡᠳᠦᠷ᠂ ᠲᠥᠪ ᠦᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠵᠡᠷᠭᠡ ᠨᠢᠭᠡᠴᠡ ᠡᠴᠠ ᠪᠦᠷᠢᠯᠳᠦᠭᠰᠡᠨ ᠪᠠᠶᠢᠴᠠᠭᠠᠬᠤ ᠳᠤᠭᠤᠶᠢᠯᠠᠩ ᠨᠢ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠤᠳᠤᠷᠢᠳᠬᠤ ᠺᠠᠳ᠋ᠷ ᠤᠨ ᠬᠦᠨᠭᠭᠡᠨ ᠮᠠᠰᠢᠨ ᠳᠤ ᠰᠠᠭᠤᠬᠤ ᠠᠰᠠᠭᠤᠳᠠᠯ ᠢ ᠲᠤᠰᠬᠠᠶᠢᠯᠠᠨ ᠪᠠᠶᠢᠴᠠᠭᠠᠭᠰᠠᠨ ᠪᠠᠶᠢᠨ᠎ᠠ᠃
ᠡᠨᠡᠬᠦ ᠳᠤᠯᠤᠭ᠎ᠠ ᠤᠳᠠᠭᠠᠨ ᠤ ᠪᠥᠬᠥ ᠭᠡᠰᠢᠭᠦᠳ ᠦᠨ ( ᠥᠷᠭᠡᠳᠬᠡᠭᠰᠡᠨ ) ᠬᠤᠷᠠᠯ ᠨᠢ ᠤᠳᠠᠭ᠎ᠠ ᠪᠦᠷᠢ ᠴᠥᠮ ᠬᠡᠷᠡᠭ ᠰᠢᠶᠳᠪᠦᠷᠢᠯᠡᠬᠦ ᠠᠵᠢᠯ ᠢᠶᠠᠨ ᠴᠢᠩᠭᠠᠳᠬᠠᠵᠤ ᠂ ᠭᠣᠣᠯ ᠬᠦᠴᠦ ᠪᠡᠨ ᠱᠠᠮᠰᠢᠭᠰᠠᠨ᠂ ᠬᠡᠭᠡᠯᠢ ᠬᠠᠬᠤᠤᠯᠢ ᠢᠳᠡᠭᠰᠡᠨ᠂ ᠮᠥᠩᠭᠥᠨ ᠭᠦᠢᠯᠭᠡᠭᠡᠨ ᠦ ᠬᠢᠬᠠᠨ ᠮᠡᠬᠡᠯᠡᠯ᠂ ᠭᠣᠶᠠᠴᠢᠯᠠᠨ ᠫᠠᠨᠽᠠᠯᠠᠬᠤ ᠂ ᠡᠳ᠋ ᠦᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠭᠰᠡᠨ ᠵᠡᠷᠭᠡ ᠲᠤᠮᠤ ᠬᠡᠷᠡᠭ ᠴᠢᠬᠤᠯᠠ ᠬᠡᠷᠡᠭ ᠳᠡᠭᠡᠷ᠎ᠡ ᠲᠠᠯᠪᠢᠬᠤ ᠶ᠋ᠢ ᠴᠢᠬᠤᠯᠠᠴᠢᠯᠠᠬᠤ ᠶ᠋ᠢᠨ ᠬᠠᠮᠲᠤ ᠺᠠᠳ᠋ᠷᠴᠤᠳ ᠤᠨ ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠬᠤ ᠲᠠᠢ ᠬᠣᠯᠪᠣᠭᠳᠠᠯ ᠪᠦᠬᠦᠢ ᠠᠰᠠᠭᠤᠳᠠᠯ ᠤᠨ ᠲᠤᠬᠠᠶ ᠲᠤᠰᠬᠠᠶ ᠵᠦᠢᠯ ᠦᠨ ᠪᠠᠶᠢᠴᠠᠭᠠᠯᠲᠠ ᠬᠢᠵᠦ᠂ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠬᠤ ᠲᠠᠯ᠎ᠠ ᠪᠠᠷ ᠰᠢᠨ᠎ᠡ ᠠᠬᠢᠴᠠ ᠶ᠋ᠢ ᠪᠤᠢ ᠪᠤᠯᠭᠠᠬᠤ ᠪᠠᠷ ᠴᠢᠷᠮᠠᠶᠢᠵᠦ᠂ ᠬᠡᠷᠡᠭ ᠢ ᠪᠠᠶᠢᠴᠠᠭᠠᠨ ᠰᠢᠶᠳᠪᠦᠷᠢᠯᠡᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠶ ᠂ ᠰᠤᠷᠲᠠᠯ ᠢ ᠰᠠᠶᠢᠵᠢᠷᠠᠭᠤᠯᠬᠤ ᠪᠠ ᠲᠤᠰᠬᠠᠶ ᠵᠦᠢᠯ ᠢᠶᠡᠷ ᠵᠠᠰᠠᠬᠤ ᠲᠠᠯ᠎ᠠ ᠪᠠᠷ ᠰᠢᠨ᠎ᠡ ᠠᠮᠵᠢᠯᠲᠠ ᠤᠯᠬᠤ ᠶ᠋ᠢ ᠴᠢᠬᠤᠯᠠᠴᠢᠯᠠᠵᠠᠢ ᠃ ᠲᠠᠪᠤᠨ ᠵᠢᠯ ᠦᠨ ᠬᠤᠭᠤᠴᠠᠭᠠᠨ ᠳᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠪᠠ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠤᠷᠲᠤ ᠬᠤᠭᠤᠴᠠᠭᠠᠨ ᠤ ᠴᠢᠩᠭᠠᠵᠢᠯ ᠪᠠ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ( ᠡᠭᠦᠨ ᠳ᠋ᠦ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠠᠷ ᠪᠠᠭᠲᠠᠨ᠎ᠠ) ᠴᠥᠬᠥᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠨᠢ ᠴᠢᠬᠤᠯᠠ ᠶᠡᠬᠡ ᠠᠮᠵᠢᠯᠲᠠ ᠶᠢ ᠤᠯᠪᠠ ᠃
1997 ᠣᠨ ᠤ 9 ᠰᠠᠷ᠎ᠠ ᠶ᠋ᠢᠨ ᠨᠠᠮ ᠤᠨ ᠠᠷᠪᠠᠨ ᠲᠠᠪᠤᠳᠤᠭᠠᠷ ᠶᠡᠬᠡ ᠬᠤᠷᠠᠯ ᠤᠨ ᠳᠠᠷᠠᠭ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠨᠢ《 ᠯᠠᠪᠳᠠᠭᠤᠨ ᠪᠠᠲᠤᠲᠠᠢ ᠠᠵᠢᠯᠯᠠᠵᠤ᠂ ᠠᠯᠬᠤᠮ ᠠᠯᠬᠤᠮ ᠢᠶᠠᠷ ᠭᠦᠨᠵᠡᠭᠡᠶᠢᠷᠡᠭᠰᠡᠨ》 ᠪᠠᠶᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠡᠴᠠ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠲᠣᠭᠲᠠᠭᠠᠯ ᠢ ᠰᠤᠷᠤᠯᠴᠠᠵᠤ ᠲᠤᠤᠱᠯᠠᠭᠤᠯᠬᠤ ᠶ᠋ᠢ《 ᠭᠤᠷᠪᠠ ᠶᠢ ᠡᠷᠬᠢᠮᠯᠡᠬᠦ 》 ᠬᠥᠮᠦᠵᠢᠯ ᠲᠠᠢ ᠤᠶᠠᠯᠳᠤᠭᠤᠯᠵᠤ᠂ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷᠴᠤᠳ ᠤᠨ ᠨᠠᠮᠴᠢ ᠴᠢᠨᠠᠷ ᠪᠠ ᠨᠠᠮ ᠤᠨ ᠰᠤᠷᠲᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠲᠤᠪᠦ᠋ᠢᠮ᠎ᠠ ᠠᠰᠠᠭᠤᠳᠠᠯ ᠢ ᠴᠢᠭᠯᠡᠯᠲᠦ ᠴᠢᠨᠠᠷᠲᠠᠢ ᠪᠠᠷ ᠰᠢᠢᠳᠪᠦᠷᠢᠯᠡᠭᠰᠡᠨ ᠪᠠᠶᠢᠨ᠎ᠠ᠃ ᠨᠢᠭᠡ ᠳᠦ᠂ 《 ᠭᠤᠷᠪᠠᠨ ᠰᠠᠮᠠᠭᠤᠷᠠᠯ 》 ᠢ ᠡᠷᠡᠰ ᠬᠦᠴᠦᠲᠡᠶ ᠬᠤᠷᠢᠭᠯᠠᠨ ᠵᠣᠭᠰᠣᠭᠠᠪᠠ᠃ ᠬᠣᠶᠠᠷ ᠲᠤ᠂ ᠺᠠᠳ᠋ᠷ ᠤᠨ ᠡᠩᠨᠡᠭᠡᠨ ᠦ ᠳᠤᠮᠳᠠ ᠠᠯᠪᠠᠨ ᠤ ᠵᠣᠭᠣᠰ ᠢᠶᠠᠷ ᠶᠡᠬᠡ ᠪᠡᠷ ᠢᠳᠡᠵᠦ ᠤᠤᠭᠤᠭᠰᠠᠨ ᠂ ᠵᠣᠴᠢᠨ ᠵᠠᠯᠠᠵᠤ ᠪᠡᠯᠡᠭ ᠬᠦᠷᠭᠡᠬᠦ᠂ ᠤᠯᠠᠭᠠᠨ ᠴᠠᠭᠠᠨ ᠤ ᠶᠠᠪᠤᠳᠠᠯ ᠢ ᠶᠡᠬᠡ ᠪᠡᠷ ᠬᠢᠬᠦ ᠠᠰᠠᠭᠤᠳᠠᠯ ᠢ ᠴᠢᠩᠭ᠎ᠠ ᠪᠠᠢᠴᠠᠭᠠᠭᠰᠠᠨ ᠪᠠᠢᠨ᠎ᠠ᠃ ᠭᠤᠷᠪᠠ ᠳᠤ᠂ ᠺᠠᠳ᠋ᠷ ᠢ ᠬᠡᠷᠡᠭᠯᠡᠬᠦ ᠳᠤᠮᠳᠠᠬᠢ ᠲᠥᠪ ᠪᠤᠰᠤ ᠰᠤᠷᠲᠠᠯ ᠢ ᠴᠢᠩᠭ᠎ᠠ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃ ᠳᠦᠷᠪᠡ ᠳᠦ᠂ ᠺᠠᠳ᠋ᠷ ᠤᠨ ᠠᠵᠢᠯ ᠤᠨ ᠪᠣᠳᠠᠲᠤ ᠪᠦᠲᠦᠮᠵᠢ ᠶᠢ ᠬᠢᠨᠠᠨ ᠰᠢᠯᠭᠠᠬᠤ ᠦᠷ᠎ᠡ ᠪᠦᠲᠦᠭᠡᠯ ᠢ ᠭᠦᠢᠴᠡᠳ ᠠᠰᠢᠭᠯᠠᠵᠤ᠂ ᠱᠠᠩᠨᠠᠵᠦ ᠰᠢᠢᠳᠬᠡᠬᠦ ᠶ᠋ᠢ ᠴᠢᠩᠭ᠎ᠠ ᠬᠡᠷᠡᠭᠵᠢᠬᠦᠯᠬᠦ ᠪᠡᠷ ᠳᠠᠮᠵᠢᠨ ᠺᠠᠳ᠋ᠷ ᠤᠨ ᠳᠠᠪᠰᠢᠵᠤ ᠪᠠᠭᠤᠷᠠᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠡᠢ ᠃ ᠲᠠᠪᠤ ᠳᠤ᠂ ᠮᠠᠨ ᠤ ᠺᠠᠳ᠋ᠷ ᠤᠨ ᠡᠩᠨᠡᠭᠡᠨ ᠳᠦ ᠱᠠᠮᠰᠢᠬᠤ ᠪᠠ ᠬᠠᠬᠤᠤᠯᠢ ᠢᠳᠡᠬᠦ ᠵᠡᠷᠭᠡ ᠠᠵᠤ ᠠᠬᠤᠶ ᠶᠢᠨ ᠴᠢᠬᠤᠯᠠ ᠶᠡᠬᠡ ᠶᠠᠯᠠᠲᠤ ᠬᠡᠷᠡᠭ ᠢ ᠪᠠᠶᠢᠴᠠᠭᠠᠨ ᠰᠢᠶᠳᠪᠦᠷᠢᠯᠡᠬᠦ ᠡᠷᠴᠢᠮ ᠢᠶᠡᠨ ᠴᠢᠩᠭᠠᠷᠠᠭᠤᠯᠪᠠ᠃ ᠵᠢᠷᠭᠤᠭ᠎ᠠ ᠳᠤ᠂ ᠲᠢᠩᠬᠢᠮ ᠦᠨ ᠳᠡᠰ ᠦᠨ ᠺᠠᠲᠠᠷ ᠢ ᠰᠤᠩᠭᠤᠵᠤ ᠠᠶᠢᠮᠠᠭ ᠬᠣᠲᠠ ᠪᠤᠶᠤ ᠭᠣᠣᠯᠳᠠᠯᠭ᠎ᠠ ᠲᠠᠶ ᠰᠠᠯᠠᠭ᠎ᠠ ᠮᠥᠴᠢᠷ ᠲᠤ ᠶᠠᠪᠤᠭᠤᠯᠤᠨ ᠲᠢᠩᠬᠢᠮ ( ᠲᠣᠪᠴᠢᠶ᠎ᠠ ) ᠤᠨ ᠳᠡᠰ ᠤᠨ ᠺᠠᠳ᠋ᠷᠴᠤᠳ ᠤᠨ ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠬᠤ ᠪᠠᠶᠢᠳᠠᠯ ᠤᠨ ᠲᠤᠬᠠᠢ ᠣᠢᠯᠠᠭᠠᠯᠲᠠ ᠬᠢᠵᠦ ᠂ ᠺᠠᠳ᠋ᠷ ᠲᠤ ᠬᠢᠨᠠᠯᠲᠠ ᠲᠠᠯᠪᠢᠪᠠ᠃ ᠲᠤᠯᠤᠭ᠎ᠠ ᠳᠤ᠂ ᠺᠠᠳ᠋ᠷ ᠤᠯᠠᠨ ᠲᠦᠮᠡᠨ ᠳᠤ ᠴᠠᠭ ᠤᠨ ᠪᠠᠢᠳᠠᠯ ᠤᠨ ᠲᠤᠬᠠᠢ ᠰᠤᠷᠭᠠᠨ ᠬᠦᠮᠦᠵᠢᠯ ᠢ ᠬᠢᠵᠡᠢ᠃ ᠨᠠᠢᠮᠠ ᠳᠤ᠂ ᠬᠤᠷᠠᠯ ᠢ ᠴᠥᠭᠡᠳᠬᠡᠵᠦ ᠂ ᠪᠢᠴᠢᠭ ᠮᠠᠲ᠋ᠧᠷᠢᠶᠠᠯ ᠪᠠ ᠰᠡᠳᠬᠦᠯ ᠢ ᠪᠠᠭᠠᠰᠬᠠᠪᠠ᠃ ᠡᠨᠡ ᠬᠦ ᠬᠤᠭᠤᠴᠠᠭᠠᠨ ᠳᠤ᠂ ᠥᠪᠥᠷ ᠮᠣᠩᠭᠣᠯ ᠤᠨ ᠨᠠᠮ ᠤᠨ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠨᠢ ᠪᠦᠷᠢᠯᠭᠡᠨ ᠰᠦᠢᠳᠬᠡᠬᠦ ᠤᠳᠤᠷᠢᠳᠬᠤ ᠺᠠᠳ᠋ᠷᠴᠤᠳ ᠤᠨ ᠵᠠᠰᠠᠭ ᠶᠠᠪᠤᠭᠤᠯᠬᠤ ᠠᠵᠢᠯᠯᠠᠭ᠎ᠠ ᠶ᠋ᠢ ᠳᠦᠷᠢᠮᠵᠢᠬᠦᠯᠬᠦ᠂ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠶᠳᠪᠦᠷᠢᠯᠡᠬᠦ᠂ ᠰᠠᠯᠠᠭ᠎ᠠ ᠮᠥᠴᠢᠷ ᠪᠠ ᠠᠵᠢᠯ ᠲᠦᠷᠦᠯ ᠦᠨ ᠲᠥᠪ ᠪᠤᠰᠤ ᠰᠤᠷᠲᠠᠯ ᠢ ᠵᠠᠯᠠᠷᠠᠭᠤᠯᠬ ᠂ ᠠᠷᠠᠳ ᠤᠯᠠᠨ ᠤ ᠲᠤᠰᠬᠠᠯ ᠶᠡᠬᠡᠲᠡᠶ ᠲᠤᠪᠤᠢᠢᠮ᠎ᠠ ᠠᠰᠠᠭᠤᠳᠠᠯ ᠢ ᠰᠢᠶᠳᠪᠦᠷᠢᠯᠡᠬᠦ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠰᠤᠷᠭᠠᠨ ᠬᠥᠮᠦᠵᠢᠯ᠂ ᠢᠯᠵᠠᠷᠠᠮᠠᠯ ᠪᠠᠶᠢᠳᠠᠯ ᠢ ᠦᠨᠳᠦᠰᠦᠨ ᠡᠴᠡ ᠨᠢ ᠰᠠᠯᠭᠠᠬᠤ ᠂ ᠤᠳᠤᠷᠢᠳᠬᠤ ᠪᠠᠶᠢᠭᠤᠯᠭ᠎ᠠ ᠪᠣᠯᠤᠨ ᠤᠳᠤᠷᠢᠳᠬᠤ ᠺᠠᠳ᠋ᠷ ᠲᠤ ᠬᠢᠨᠠᠯᠲᠠ ᠲᠠᠯᠪᠢᠵᠤ ᠬᠢᠵᠠᠭᠠᠷᠯᠠᠬᠤ ᠵᠡᠷᠭᠡ ᠲᠠᠯ᠎ᠠ ᠪᠠᠷ ᠮᠠᠰᠢ ᠶᠡᠬᠡ ᠠᠬᠢᠴᠠ ᠲᠠᠶ ᠪᠣᠯᠤᠭᠰᠠᠨ ᠪᠠ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠵᠤ᠂ 《 ᠬᠠᠷᠠᠯᠲᠠ ᠶ᠋ᠢ ᠵᠠᠰᠠᠭᠰᠠᠨ 》 ᠢᠶᠠᠷ ᠪᠠᠷᠠᠬᠤ ᠦᠭᠡᠢ 《 ᠦᠨᠳᠦᠰᠦᠨ ᠢ ᠨᠢ ᠪᠠᠰᠠ ᠵᠠᠰᠠᠭᠰᠠᠨ》 ᠪᠠᠶᠢᠨ᠎ᠠ᠃ ᠮᠦᠨ ᠴᠤ《ᠢᠯᠵᠠᠷᠠᠬᠤ ᠵᠣᠷᠢᠭ ᠦᠭᠡᠶ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠣᠯᠭᠠᠬᠤ 》 ᠬᠠᠷᠠᠯᠲᠠ ᠵᠦᠭ ᠲᠤᠮᠤ ᠠᠯᠬᠤᠮ ᠢᠶᠠᠷ ᠤᠷᠤᠭᠰᠢᠯᠠᠬᠤ ᠶ᠋ᠢ ᠪᠡᠶᠡᠯᠡᠬᠦᠯᠬᠦ ᠪᠡᠷ ᠴᠢᠷᠮᠠᠢᠭᠰᠠᠨ ᠪᠠᠢᠨ᠎ᠠ᠃
ᠪᠦᠷᠢᠳᠬᠡᠯ ᠡᠴᠡ ᠦᠵᠡᠪᠡᠯ᠂1994 ᠣᠨ ᠤ 12 ᠰᠠᠷ᠎ᠠ ᠡᠴᠠ 2001 ᠤᠨ ᠤ 11 ᠰᠠᠷ᠎ᠠ ᠪᠤᠯᠲᠠᠯᠠᠬᠢ ᠡᠨᠡ 7 ᠵᠢᠯ ᠦᠨ ᠳᠣᠲᠣᠷ᠎ᠠ᠂ ᠪᠥᠬᠥ ᠣᠷᠣᠨ ᠡᠴᠠ ᠰᠠᠬᠢᠯᠭ᠎ᠠ ᠪᠠᠲᠤ ᠬᠠᠤᠯᠢ ᠲᠣᠭᠲᠠᠭᠠᠯ ᠢ ᠵᠦᠷᠢᠴᠡᠭᠰᠡᠨ ᠵᠢᠵᠢᠭ ᠮᠠᠰᠢᠨ ᠲᠡᠷᠭᠡ 2060 ᠢ ᠪᠠᠶᠢᠴᠠᠭᠠᠨ ᠢᠯᠡᠷᠡᠭᠦᠯᠦᠭᠰᠡᠨ ᠪᠦᠭᠡᠳ ᠪᠦᠬᠦᠨ ᠢ ᠰᠢᠢᠳᠪᠦᠷᠢᠯᠡᠵᠦ ᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠦᠨ ᠨᠢᠭᠡᠴᠢ ᠡᠴᠡ ᠰᠠᠭᠤᠳᠠᠯ ᠤᠨ ᠵᠢᠵᠢᠭ ᠮᠠᠰᠢᠨ ᠳᠡᠭᠡᠷ᠎ᠡ ᠠᠲᠠᠭᠠᠷᠬᠠᠨ ᠠᠳᠠᠯᠢᠳᠬᠠᠬᠤ ᠰᠤᠷᠲᠠᠯ ᠢ ᠪᠦᠲᠦᠮᠵᠢᠲᠠᠢ ᠬᠢᠵᠠᠭᠠᠷᠯᠠᠭᠰᠠᠨ ᠪᠠᠶᠢᠨ᠎ᠠ᠃ ᠪᠦᠬᠦ ᠣᠷᠣᠨ ᠤ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠳ᠋ᠤ ᠨᠡᠢᠢᠳᠡ 16000 ᠭᠠᠷᠤᠢ ᠭᠠᠷ ᠤᠲᠠᠰᠤ ᠶᠢ ᠴᠡᠪᠡᠷᠯᠡᠨ ᠠᠷᠢᠯᠭᠠᠵᠤ ᠂ ᠡᠭᠦᠨ ᠦ ᠳᠤᠲᠤᠷ᠎ᠠ ᠲᠤᠭᠠᠨ ᠤ ᠬᠢᠵᠠᠭᠠᠷᠯᠠᠯ ᠡᠴᠠ ᠬᠡᠲᠦᠷᠡᠭᠦᠯᠦᠨ ᠲᠣᠬᠢᠷᠠᠭᠤᠯᠤᠭᠰᠠᠨ 9400 ᠮᠠᠰᠢᠨ ᠢ ᠪᠦᠬᠦᠨ ᠢ ᠰᠢᠢᠳᠪᠦᠷᠢᠯᠡᠵᠦ᠂ ᠪᠦᠬᠦ ᠣᠷᠣᠨ ᠳᠤ ᠪᠠᠰᠠ ᠣᠷᠣᠨ ᠰᠠᠭᠤᠴᠠ ᠶᠢᠨ ᠤᠲᠠᠰᠤ ᠤᠨ ᠤᠭᠰᠠᠷᠠᠭᠰᠠᠨ ᠨᠢ ᠲᠤᠭᠲᠠᠭᠠᠯ ᠳ᠋ᠤ ᠦᠯᠦ ᠨᠡᠶᠢᠴᠡᠬᠦ 7700 ᠢᠯᠡᠭᠦᠦ ᠭᠠᠷ ᠤᠳᠠᠰᠤ ᠶ᠋ᠢ ᠴᠡᠪᠡᠷᠯᠡᠨ ᠠᠷᠢᠯᠭᠠᠵᠤ᠂ ᠨᠥᠬᠥᠵᠦ ᠲᠤᠰᠢᠶᠠᠭᠰᠠᠨ ᠤᠭᠰᠠᠷᠠᠭᠤᠯᠬᠤ ᠵᠠᠷᠤᠳᠠᠯ ᠨᠢ 600 ᠭᠠᠷᠤᠶ ᠲᠦᠮᠡᠨ ᠲᠥᠭᠥᠷᠢᠭ ᠲᠦ ᠬᠦᠷᠴᠡᠶ᠃ 7 ᠵᠢᠯ ᠦᠨ ᠳᠣᠲᠣᠷ᠎ᠠ᠂ ᠢᠯᠵᠠᠷᠠᠨ ᠳᠣᠷᠣᠶᠢᠳᠠᠭᠰᠠᠨ ᠬᠡᠷᠡᠭ ᠦᠨ ᠰᠢᠶᠳᠪᠦᠷᠢᠯᠡᠬᠦ ᠠᠵᠢᠯ ᠤᠨ ᠡᠷᠴᠢᠮ ᠨᠢ ᠢᠳᠡᠭ ᠢᠳᠡᠭ ᠢᠶ᠋ᠡᠷ ᠴᠢᠩᠭᠠᠷᠠᠵᠤ᠂ 1995 ᠣᠨ ᠠᠴᠠ 2001ᠣᠨ ᠤ10 ᠰᠠᠷ᠎ᠠ ᠪᠤᠯᠲᠠᠯ᠎ᠠ᠂ ᠪᠦᠬᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠢ ᠤᠯᠠᠨ ᠲᠦᠮᠡᠨ ᠦ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠯᠲᠡ ᠶ᠋ᠢ 159346( ᠤᠳᠠᠭ᠎ᠠ ) ᠬᠦᠯᠢᠶᠡᠨ ᠳᠤᠰᠴᠤ᠂ ᠠᠩᠬ᠎ᠠ ᠬᠠᠷᠭᠤᠭᠤᠯᠤᠭᠰᠠᠨ ᠬᠡᠷᠡᠭ ᠨᠢ 37024 ᠬᠤᠪᠢ᠂ ᠬᠡᠷᠡᠭ ᠢ ᠳᠠᠭᠤᠰᠤᠭᠰᠠᠨ ᠨᠢ 26341 ᠬᠤᠪᠢ᠂ ᠬᠡᠷᠡᠭ ᠪᠣᠯᠭᠠᠨ ᠳᠠᠩᠰᠠᠯᠠᠭᠰᠠᠨ ᠨᠢ 9841 ᠬᠤᠪᠢ᠂ ᠬᠡᠷᠡᠭ ᠢ ᠳᠠᠭᠤᠰᠬᠠᠭᠰᠠᠨ ᠨᠢ 9564 ᠬᠤᠪᠢ ᠪᠤᠯᠤᠨ᠎ᠠ᠃ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠭᠡᠯ 10927 ᠬᠦᠮᠦᠨ ᠳ᠋ᠦ ᠤᠯᠭᠤᠵᠤ᠂ ᠡᠭᠦᠨ ᠦ ᠳᠣᠲᠣᠷ᠎ᠠ ᠲᠢᠩᠬᠢᠮ ᠦᠨ ᠳᠡᠰ ᠤᠨ ᠺᠠᠳ᠋ᠷ 26 ᠬᠥᠮᠦᠨ᠂ ᠰᠢᠶᠠᠨ ᠭᠠᠵᠠᠷ ᠤᠨ ᠲᠠᠰ ᠤᠨ ᠺᠠᠳ᠋ᠷ 823 ᠬᠥᠮᠦᠨ ᠪᠤᠯᠤᠨ᠎ᠠ᠃ ᠰᠢᠢᠳᠭᠡᠯ ᠣᠯᠤᠭᠰᠠᠨ ᠨᠠᠮ ᠤᠨ ᠭᠡᠰᠢᠭᠦᠨ ᠦ ᠳᠣᠲᠣᠷ᠎ᠠ᠂ 1459 ᠬᠥᠮᠦᠨ ᠨᠠᠮ ᠠᠴᠠ ᠬᠦᠭᠡᠭᠡᠭᠳᠡᠵᠦ᠂ 400 ᠬᠥᠮᠦᠨ ᠦ ᠡᠷᠡᠭᠦᠦ ᠶᠢᠨ ᠬᠡᠷᠡᠭ ᠢᠶᠡᠷ ᠰᠢᠢᠳᠪᠦᠷᠢᠯᠡᠭᠳᠡᠪᠡ᠃ 183 ᠨᠡᠷᠡᠰ ᠰᠢᠶᠠᠨ ᠭᠠᠵᠠᠷ ᠤᠨ ᠳᠡᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷ ᠨᠠᠮ ᠠᠴᠠ ᠬᠦᠭᠡᠭᠡᠭᠳᠡᠬᠦ ᠪᠤᠶᠤ ᠨᠠᠮ ᠳ᠋ᠤ ᠦᠯᠡᠳᠡᠨ ᠪᠠᠶᠢᠴᠠᠭᠠᠬᠤ ᠪᠠ ᠠᠵᠢᠯ ᠡᠴᠠ ᠪᠠᠨ ᠤᠭᠴᠠᠷᠠᠭᠳᠠᠵᠤ ᠰᠢᠢᠳᠭᠡᠯ ᠤᠯᠪᠠ᠃ ᠰᠠᠬᠢᠯᠭ᠎ᠠ ᠪᠠᠲᠤ ᠶ᠋ᠢᠨ ᠠᠰᠠᠭᠤᠳᠠᠯ ᠢ ᠵᠦᠷᠢᠴᠡᠭᠰᠡᠨ ᠵᠠᠷᠢᠮ ᠬᠦᠩᠭᠡᠨ ᠬᠦᠮᠦᠰ ᠡᠴᠡ ᠬᠠᠷᠢᠭᠤᠴᠠᠯᠭ᠎ᠠ ᠨᠡᠬᠡᠮᠵᠢᠯᠡᠬᠦ ᠦᠭᠡᠢ 13602 ᠨᠠᠮ ᠤᠨ ᠭᠡᠰᠢᠭᠦᠨ ᠺᠠᠳ᠋ᠷ ᠲᠤ ᠰᠢᠭᠦᠮᠵᠢᠯᠡᠯ ᠬᠦᠮᠦᠵᠢᠯ ᠬᠢᠵᠦ᠂ ᠡᠭᠦᠨ ᠦ ᠳᠣᠲᠣᠷ᠎ᠠ ᠲᠢᠩᠬᠢᠮ ᠦᠨ ᠲᠠᠰ ᠤᠨ ᠺᠠᠳ᠋ᠷ 54 ᠬᠥᠮᠦᠨ᠂ ᠰᠢᠶᠠᠨ ᠭᠠᠵᠠᠷ ᠤᠨ ᠲᠠᠰ ᠤᠨ ᠺᠠᠳ᠋ᠷ 1755 ᠬᠥᠮᠦᠨ᠃ ᠬᠡᠷᠡᠭ ᠢ ᠪᠠᠶᠢᠴᠠᠭᠠᠨ ᠰᠢᠶᠳᠪᠦᠷᠢᠯᠡᠬᠦ ᠪᠡᠷ ᠳᠠᠮᠵᠢᠭᠤᠯᠤᠨ᠂ ᠤᠯᠤᠰ ᠣᠷᠣᠨ ᠪᠠ ᠬᠠᠮᠲᠤ ᠨᠡᠶᠢᠲᠡ ᠳᠦ ᠠᠵᠤ ᠠᠬᠤᠶ ᠶᠢᠨ ᠬᠣᠬᠢᠷᠠᠯ ᠢ 2.85 ᠳ᠋ᠦᠩᠰᠢᠭᠤᠷ ᠲᠥᠭᠥᠷᠢᠭ ᠡᠭᠡᠭᠡᠬᠦᠯᠦᠨ ᠠᠪᠴᠢᠷᠠᠵᠤ ᠦᠭᠪᠡ᠃
1994 ᠣᠨ ᠤ 12 ᠰᠠᠷ᠎ᠠ ᠶ᠋ᠢᠨ 19 ᠦ ᠡᠳᠦᠷ ᠡᠴᠡ 23 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ