ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ ᠡᠷᠬᠡ ᠶᠢ ᠪᠠᠲᠤᠯᠠᠬᠤ ᠳᠦᠷᠢᠮ
ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠦ ᠡᠷᠬᠡ ᠶᠢ ᠪᠠᠲᠤᠯᠠᠬᠤ ᠳᠦᠷᠢᠮ
ᠨᠢᠭᠡᠳᠦᠭᠡᠷ ᠪᠦᠯᠦᠭ ᠶᠡᠷᠦᠩᠬᠡᠶ ᠲᠤᠢᠷᠢᠮ
ᠨᠢᠭᠡᠳᠦᠭᠡᠷ ᠵᠦᠢᠯ ᠨᠠᠮ ᠤᠨ ᠳᠣᠲᠣᠭᠠᠳᠤ ᠶᠢᠨ ᠠᠷᠠᠳᠴᠢᠯᠠᠯ ᠢ ᠬᠥᠭᠵᠢᠭᠦᠯᠵᠦ᠂ ᠨᠠᠮ ᠤᠨ ᠳᠣᠲᠣᠭᠠᠳᠤ ᠶᠢᠨ ᠠᠮᠢᠳᠤᠷᠠᠯ ᠢ ᠲᠡᠭᠦᠯᠳᠡᠷᠵᠢᠭᠦᠯᠵᠦ᠂ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢ ᠪᠠᠷᠢᠮᠲᠠᠯᠠᠵᠤ᠂ ᠨᠠᠮ ᠤᠨ ᠠᠮᠢᠳᠤ ᠰᠣᠷᠭᠣᠭ ᠬᠦᠴᠦᠨ ᠢ ᠨᠡᠮᠡᠭᠳᠡᠭᠦᠯᠬᠦ ᠳᠦ᠂ ᠨᠠᠮ ᠤᠨ ᠭᠡᠰᠢᠭᠦᠨ ᠦ ᠡᠷᠬᠡ ᠶᠢ ᠪᠠᠲᠤᠯᠠᠬᠤ ᠬᠡᠪ ᠤᠨ ᠶᠣᠰᠣᠭᠠᠷ ᠬᠡᠷᠡᠭᠵᠢᠭᠦᠯᠦᠭᠳᠡᠬᠦ ᠳᠦ ᠪᠠ ᠦᠯᠦ ᠬᠠᠯᠳᠠᠭᠤᠯᠬᠤ ᠡᠷᠬᠡ ᠲᠡᠶ᠂ 《ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ 》 ᠢ ᠦᠨᠳᠦᠰᠦᠯᠡᠵᠦ᠂ ᠲᠣᠰ ᠲᠦᠷᠢᠮ ᠢ ᠲᠣᠭᠲᠠᠭᠠᠪᠠ ᠃
ᠬᠣᠶᠠᠳᠤᠭᠠᠷ ᠵᠦᠢᠯ ᠨᠠᠮ ᠤᠨ ᠭᠡᠰᠢᠭᠦᠨ ᠨᠠᠮ ᠤᠨ ᠲᠦᠷᠢᠮ ᠳᠦ ᠲᠣᠭᠲᠠᠭᠠᠭᠰᠠᠨ ᠡᠯ᠎ᠡ ᠵᠦᠢᠯ ᠤᠨ ᠡᠷᠬᠡ ᠶᠢ ᠡᠳ᠋ᠯᠡᠬᠦ ᠪᠣᠯᠬᠣᠷ ᠡᠷᠬᠡᠪᠰᠢ ᠬᠥᠨᠳᠦᠳᠬᠡᠨ ᠬᠠᠮᠠᠭᠠᠯᠠᠬᠤ ᠬᠡᠷᠡᠭᠲᠡᠢ᠂ ᠨᠠᠮ ᠤᠨ ᠠᠯᠢ ᠴᠤ ᠱᠠᠲᠤᠨ ᠤ ᠵᠣᠬᠢᠶᠠᠨ ᠪᠠᠶᠢᠭᠤᠯᠤᠯᠲᠠ᠂ ᠨᠠᠮ ᠤᠨ ᠶᠠᠮᠠᠷ ᠨᠢᠭᠡᠨ ᠭᠡᠰᠢᠭᠦᠨ ᠴᠦ ᠭᠡᠳ ᠬᠠᠰᠤᠬᠤ ᠡᠷᠬᠡ ᠤᠢᠭᠡᠢ ᠃
ᠭᠤᠷᠪᠠᠳᠤᠭᠠᠷ ᠵᠦᠢᠯ ᠨᠠᠮ ᠤᠨ ᠰᠠᠬᠢᠯᠭ᠎ᠠ ᠪᠠᠲᠤ ᠶᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶᠢᠬᠤ ᠶᠢ ᠪᠠᠷᠢᠮᠲᠠᠯᠠᠵᠤ ᠂ ᠨᠠᠮ ᠤᠨ ᠭᠡᠰᠢᠭᠦᠨ ᠦ ᠣᠨᠴᠠ ᠡᠷᠬᠡ ᠪᠠᠢᠢᠬᠣ ᠶᠢ ᠵᠥᠪᠰᠢᠶᠡᠷᠡᠬᠦ ᠦᠭᠡᠢ ᠃
ᠳᠥᠷᠪᠡᠳᠦᠭᠡᠷ ᠵᠦᠢᠯ ᠡᠷᠬᠡ ᠬᠢᠭᠡᠳ ᠡᠭᠦᠷᠭᠡ ᠶᠢ ᠬᠠᠷᠢᠯᠴᠠᠨ ᠨᠢᠭᠡᠳᠦᠭᠦᠯᠬᠦ ᠬᠡᠷᠡᠭᠲᠡᠶ᠃ ᠨᠠᠮ ᠤᠨ ᠭᠡᠰᠢᠭᠦᠨ ᠨᠠᠮ ᠤᠨ ᠲᠦᠷᠢᠮ ᠳᠦ ᠲᠣᠭᠲᠠᠭᠠᠭᠰᠠᠨ ᠡᠯ᠎ᠡ ᠵᠦᠢᠯ ᠤᠨ ᠡᠷᠬᠡ ᠶᠢ ᠵᠥᠪ ᠬᠡᠷᠡᠭᠵᠢᠭᠦᠯᠬᠦ ᠶᠢᠨ ᠬᠠᠮᠲᠤ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠬᠦᠷᠢᠶ᠎ᠡ ᠬᠡᠪᠴᠢᠶᠡᠨ ᠦ ᠳᠣᠲᠣᠷ᠎ᠠ ᠠᠵᠢᠯᠯᠠᠭ᠎ᠠ ᠬᠢᠬᠦ ᠬᠡᠷᠡᠭᠲᠡᠶ᠂ ᠮᠦᠨᠴᠦ ᠨᠠᠮ ᠤᠨ ᠲᠦᠷᠢᠮ ᠳᠦ ᠲᠣᠭᠲᠠᠭᠠᠭᠰᠠᠨ ᠡᠭᠦᠷᠭᠡ ᠶᠢ ᠡᠷᠬᠡᠪᠰᠢ ᠭᠦᠢᠴᠡᠳᠬᠡᠬᠦ ᠬᠡᠷᠡᠭᠲᠡᠶ᠂ ᠪᠤᠰᠤᠳ ᠨᠠᠮ ᠤᠨ ᠭᠡᠰᠢᠭᠦᠨ ᠦ ᠡᠷᠬᠡ ᠲᠠᠢ ᠬᠠᠯᠳᠠᠵᠤ ᠪᠣᠯᠬᠤ ᠤᠢᠭᠡᠢ᠃
ᠲᠠᠪᠤᠳᠤᠭᠠᠷ ᠵᠦᠢᠯ ᠶᠠᠮᠠᠷᠪᠠ ᠨᠠᠮ ᠤᠨ ᠭᠡᠰᠢᠭᠦᠨ ᠦ ᠡᠷᠬᠡ ᠮᠡᠳᠡᠯ ᠳᠦ ᠬᠠᠯᠳᠠᠭᠰᠠᠨ ᠦᠢᠯᠡ ᠠᠵᠢᠯᠯᠠᠭ᠎ᠠ ᠶᠢ ᠴᠥᠮ ᠨᠡᠬᠡᠮᠵᠢᠯᠡᠬᠦ ᠬᠡᠷᠡᠭᠲᠡᠶ᠃ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠡᠷᠬᠡᠪᠰᠢ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦᠨ᠎ᠡ᠃ ᠨᠠᠮ ᠤᠨ ᠭᠡᠰᠢᠭᠦᠨ ᠦ ᠡᠷᠬᠡ ᠠᠰᠢᠭ ᠳᠦ ᠬᠠᠯᠳᠠᠭᠰᠠᠨ ᠦᠶᠯᠡ ᠠᠵᠢᠯᠯᠠᠭ᠎ᠠ ᠶᠢ ᠮᠠᠭᠠᠳᠯᠠᠨ ᠳᠣᠭᠲᠠᠭᠠᠬᠤ ᠪᠠ ᠰᠢᠶᠳᠪᠦᠷᠢᠯᠡᠬᠦ ᠳᠤ᠂ ᠦᠨᠡᠨᠪᠣᠳᠠᠲᠠᠶ ᠬᠡᠷᠡᠭ ᠢᠶᠠᠷ ᠦᠨᠳᠦᠰᠦᠯᠡᠯ ᠪᠣᠯᠭᠠᠵᠤ᠂ ᠨᠠᠮ ᠤᠨ ᠲᠦᠷᠢᠮ ᠪᠠ ᠨᠠᠮ ᠤᠨ ᠳᠣᠲᠣᠭᠠᠳᠤ ᠶᠢᠨ ᠪᠤᠰᠤᠳ ᠬᠠᠤᠯᠢ ᠲᠣᠭᠲᠠᠭ᠎ᠠ ᠢᠶᠠᠷ ᠪᠠᠷᠢᠮᠵᠢᠶ᠎ᠠ ᠪᠣᠯᠭᠠᠬᠤ ᠬᠡᠷᠡᠭᠲᠡᠶ ᠃
ᠬᠣᠶᠠᠳᠤᠭᠠᠷ ᠪᠦᠯᠦᠭ ᠨᠠᠮ ᠤᠨ ᠭᠡᠰᠢᠭᠦᠨ ᠦ ᠡᠷᠬᠡ
ᠵᠢᠷᠭᠤᠳᠤᠭᠠᠷ ᠵᠦᠢᠯ ᠨᠠᠮ ᠤᠨ ᠬᠡᠰᠢᠭᠦᠨ ᠨᠠᠮ ᠤᠨ ᠳᠤᠭᠤᠶᠢᠯᠠᠩ ᠤᠨ ᠬᠤᠷᠠᠯ᠂ ᠡᠭᠦᠷ ᠤᠨ ᠶᠡᠬᠡ ᠬᠤᠷᠠᠯ᠂ ᠨᠠᠮ ᠤᠨ ᠭᠡᠰᠢᠭᠦᠳ ᠤᠨ ᠶᠡᠬᠡ ᠬᠤᠷᠠᠯ ᠵᠢᠴᠢ ᠲᠡᠭᠦᠨ ᠦ ᠬᠠᠷᠢᠭᠤᠴᠠᠵᠤ ᠪᠠᠶᠢᠭᠰᠠᠨ ᠨᠠᠮ ᠤᠨ ᠳᠣᠲᠣᠷᠠᠬᠢ ᠲᠤᠰᠢᠶᠠᠯ ᠡᠴᠡ ᠨᠢ ᠤᠭᠴᠠᠷᠠᠭᠤᠯᠬᠤ ᠪᠠ ᠲᠥᠯᠥᠭᠡᠯᠡᠭᠴᠢ ᠶᠢᠨ ᠬᠢᠷᠢ ᠬᠡᠮ ᠤᠨ ᠬᠤᠷᠠᠯ ᠳᠦ ᠣᠷᠣᠯᠴᠠᠬᠤ ᠡᠷᠬᠡ ᠲᠡᠶ ᠃ ᠨᠠᠮ ᠤᠨ ᠭᠡᠰᠢᠭᠦᠨ ᠶᠠᠮᠠᠷ ᠨᠢᠭᠡᠨ ᠰᠢᠯᠲᠠᠭᠠᠨ ᠡᠴᠡ ᠪᠣᠯᠣᠭᠠᠳ ᠬᠤᠷᠠᠯ ᠳᠦ ᠣᠴᠢᠵᠤ ᠴᠢᠳᠠᠬᠤ ᠦᠭᠡᠢ ᠪᠣᠯ᠂ ᠴᠢᠯᠥᠭᠡ ᠬᠡᠯᠡᠭᠰᠡᠨ ᠪᠠᠢᠬᠤ ᠬᠡᠷᠡᠭᠲᠡᠶ ᠃ ᠨᠠᠮ ᠤᠨ ᠭᠡᠰᠢᠭᠦᠨ ᠲᠣᠭᠲᠠᠭᠠᠯ ᠶᠣᠰᠣᠭᠠᠷ ᠨᠠᠮ ᠤᠨ ᠳᠣᠲᠣᠭᠠᠳᠤ ᠶᠢᠨ ᠪᠢᠴᠢᠭ ᠮᠠᠲ᠋ᠧᠷᠢᠶᠠᠯ ᠢ ᠤᠩᠰᠢᠬᠤ ᠡᠷᠬᠡ ᠲᠠᠢ ᠃ ᠨᠠᠮ ᠤᠨ ᠭᠡᠰᠢᠭᠦᠨ ᠦ ᠰᠤᠷᠭᠠᠨ ᠬᠥᠮᠦᠵᠢᠯ ᠬᠦᠷᠳᠡᠬᠦ ᠪᠠ ᠪᠣᠯᠪᠠᠰᠤᠷᠠᠭᠤᠯᠬᠤ ᠱᠠᠭᠠᠷᠳᠠᠯᠭ᠎ᠠ ᠳᠤᠷᠠᠳᠬᠤ ᠡᠷᠬᠡ ᠲᠡᠶ ᠃ ᠨᠠᠮ ᠤᠨ ᠭᠡᠰᠢᠭᠦᠳ ᠰᠤᠷᠭᠠᠨ ᠬᠥᠮᠦᠵᠢᠯ ᠪᠠ ᠪᠣᠯᠪᠠᠰᠤᠷᠠᠭᠤᠯᠤ ᠤᠨ ᠵᠣᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠳᠡ ᠶᠢ ᠲᠠᠭᠠᠬᠤ ᠬᠡᠷᠡᠭᠲᠡᠶ ᠃
ᠳᠣᠯᠣᠳᠤᠭᠠᠷ ᠵᠦᠢᠯ ᠨᠠᠮ ᠤᠨ ᠬᠡᠰᠢᠭᠦᠨ ᠨᠠᠮ ᠤᠨ ᠬᠤᠷᠠᠯ ᠳᠡᠭᠡᠷ᠎ᠡ ᠨᠠᠮ ᠤᠨ ᠲᠦᠷᠦ ᠶᠢᠨ ᠪᠤᠳᠤᠯᠭ᠎ᠠ ᠪᠠ ᠣᠨᠣᠯ ᠤᠨ ᠠᠰᠠᠭᠤᠳᠠᠯ ᠤᠨ ᠲᠤᠬᠠᠶ ᠶᠠᠷᠢᠯᠴᠠᠬᠤ ᠪᠥᠭᠡᠳ ᠥᠪᠡᠷ ᠤᠨ ᠰᠠᠨᠠᠯ ᠢᠶᠠᠨ ᠭᠦᠢᠴᠡᠳ ᠢᠯᠡᠳᠬᠡᠬᠦ ᠡᠷᠬᠡ ᠲᠠᠢ ᠃ ᠨᠠᠮ ᠤᠨ ᠬᠡᠰᠢᠭᠦᠨ᠂ ᠨᠠᠮ ᠤᠨ ᠰᠣᠨᠢᠨ ᠰᠡᠳᠬᠦᠯ ᠳᠡᠭᠡᠷ᠎ᠡ ᠶᠠᠪᠤᠭᠳᠠᠬᠤ ᠨᠠᠮ ᠤᠨ ᠲᠥᠪ ᠬᠣᠷᠢᠶ᠎ᠠ ᠪᠠ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠭᠰᠠᠨ ᠨᠠᠮ ᠤᠨ ᠲᠦᠷᠤ ᠶᠢᠨ ᠪᠣᠳᠤᠯᠭ᠎ᠠ ᠪᠣᠯᠣᠨ ᠣᠨᠣᠯ ᠤᠨ ᠠᠰᠠᠭᠤᠳᠠᠯ ᠢ ᠶᠠᠷᠢᠯᠴᠠᠬᠤ ᠡᠷᠬᠡ ᠲᠠᠢ᠃ ᠨᠠᠮ ᠤᠨ ᠭᠡᠰᠢᠭᠦᠨ ᠨᠠᠮ ᠤᠨ ᠲᠦᠷᠤ ᠶᠢᠨ ᠪᠤᠳᠤᠯᠭ᠎ᠠ ᠪᠣᠯᠣᠨ ᠣᠨᠣᠯ ᠤᠨ ᠠᠰᠠᠭᠤᠳᠠᠯ ᠢ ᠶᠠᠷᠢᠯᠴᠠᠬᠤ ᠶᠠᠪᠤᠴᠠ ᠳᠦ᠂ ᠤᠬᠠᠮᠰᠠᠷ ᠡᠴᠡ ᠪᠠᠨ ᠨᠠᠮ ᠤᠨ ᠲᠥᠪ ᠬᠣᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠢᠯᠡ ᠪᠠᠷ ᠨᠡᠢᠢᠲᠡᠯᠡᠵᠦ ᠪᠣᠯᠬᠤ ᠦᠭᠡᠢ᠂ ᠨᠠᠮ ᠤᠨ ᠦᠨᠳᠦᠰᠦᠨ ᠱᠤᠭᠤᠮ᠂ ᠦᠨᠳᠦᠰᠦᠨ ᠬᠥᠲᠥᠯᠪᠦᠷᠢ ᠪᠠ ᠦᠨᠳᠦᠰᠦᠨ ᠲᠤᠷᠰᠢᠯᠭ᠎ᠠ ᠶᠢ ᠲᠡᠷᠰᠯᠡᠭᠰᠡᠨ ᠦᠵᠡᠯᠲᠡ ᠶᠢ ᠰᠣᠨᠣᠰᠤᠭᠰᠠᠨ ᠪᠠᠶᠢᠨ᠎ᠠ ᠃
ᠨᠠᠢᠮᠠᠳᠤᠭᠠᠷ ᠵᠦᠢᠯ ᠨᠠᠮ ᠤᠨ ᠭᠡᠰᠢᠭᠦᠨ ᠠᠮᠠ ᠪᠠᠷ ᠪᠤᠶᠤ ᠪᠢᠴᠢᠭ ᠤᠨ ᠬᠡᠯᠪᠡᠷᠢ ᠪᠡᠷ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠳᠡᠭᠡᠷ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠴᠡ ᠲᠥᠪ ᠬᠦᠷᠲᠡᠯ᠎ᠡ ᠡᠯ᠎ᠡ ᠲᠠᠯ᠎ᠠ ᠶᠢᠨ ᠠᠵᠢᠯ ᠳᠦ ᠰᠠᠨᠠᠭᠤᠯᠭ᠎ᠠ ᠪᠠ ᠰᠠᠨᠠᠭᠠᠴᠢᠯᠠᠭ᠎ᠠ ᠭᠠᠷᠭᠠᠨ᠎ᠠ ᠃
ᠶᠢᠰᠦᠳᠦᠭᠡᠷ ᠵᠦᠢᠯ ᠨᠠᠮ ᠤᠨ ᠭᠡᠰᠢᠭᠦᠨ ᠨᠠᠮ ᠤᠨ ᠬᠤᠷᠠᠯ ᠳᠡᠭᠡᠷ᠎ᠡ ᠠᠮᠠᠨ ᠬᠡᠯᠪᠡᠷᠢ ᠪᠤᠶᠤ ᠪᠢᠴᠢᠭ ᠤᠨ ᠬᠡᠯᠪᠡᠷᠢ ᠪᠡᠷ᠂ ᠨᠠᠮ ᠤᠨ ᠶᠠᠮᠠᠷ ᠴᠤ ᠵᠣᠬᠢᠶᠠᠨ ᠪᠠᠶᠢᠭᠤᠯᠤᠯᠲᠠ ᠪᠠ ᠨᠠᠮ ᠤᠨ ᠶᠠᠮᠠᠷ ᠴᠤ ᠬᠡᠰᠢᠭᠦᠨ ᠢ ᠦᠨᠳᠦᠰᠦ ᠪᠠᠷᠢᠮᠲᠠ ᠲᠠᠢ ᠪᠠᠷ ᠰᠢᠭᠦᠮᠵᠢᠯᠡᠬᠦ ᠡᠷᠬᠡ ᠲᠠᠢ᠃ ᠨᠠᠮ ᠤᠨ ᠭᠡᠰᠢᠭᠦᠨ ᠦ ᠪᠢᠴᠢᠭ ᠤᠨ ᠬᠡᠯᠪᠡᠷᠢ ᠪᠡᠷ ᠳᠤᠷᠠᠳᠤᠭᠰᠠᠨ ᠰᠠᠨᠠᠯ ᠰᠢᠭᠦᠮᠵᠢ ᠶᠢ ᠰᠢᠭᠦᠮᠵᠢᠯᠡᠭᠳᠡᠭᠰᠡᠳ ᠪᠤᠶᠤ ᠬᠣᠯᠪᠣᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯᠲᠠ ᠲᠣᠭᠲᠠᠭᠠᠯ ᠶᠣᠰᠣᠭᠠᠷ ᠬᠦᠷᠭᠡᠬᠦ ᠬᠡᠷᠡᠭᠲᠡᠶ ᠃ ᠨᠠᠮ ᠤᠨ ᠭᠡᠰᠢᠭᠦᠨ᠂ ᠨᠠᠮ ᠤᠨ ᠵᠣᠬᠢᠶᠠᠨ ᠪᠠᠶᠢᠭᠤᠯᠤᠯᠲᠠ ᠳᠦ ᠬᠠᠷᠢᠭᠤᠴᠠᠬᠤ ᠣᠪᠣᠷ ᠢᠶᠠᠷ ᠨᠠᠮ ᠤᠨ ᠶᠠᠮᠠᠷ ᠴᠤ ᠵᠣᠬᠢᠶᠠᠨ ᠪᠠᠶᠢᠭᠤᠯᠤᠯᠲᠠ ᠪᠠ ᠨᠠᠮ ᠤᠨ ᠶᠠᠮᠠᠷᠴᠤ ᠭᠡᠰᠢᠭᠦᠨ ᠦ ᠬᠠᠤᠯᠢ ᠴᠠᠭᠠᠵᠠ ᠠᠬᠢᠯᠭᠠ ᠪᠠᠲᠤ ᠶᠢ ᠵᠥᠷᠢᠴᠡᠭᠰᠡᠨ ᠪᠣᠳᠠᠲᠤ ᠶᠠᠪᠤᠳᠠᠯ ᠢ ᠢᠯᠡᠴᠢᠯᠡᠬᠦ ᠡᠷᠬᠡ ᠲᠠᠢ ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠶᠳᠪᠦᠷᠢᠯᠡᠬᠦ ᠪᠤᠶᠤ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠦ ᠨᠠᠮ ᠤᠨ ᠭᠡᠰᠢᠭᠦᠨ ᠳᠦ ᠱᠠᠭᠠᠷᠳᠠᠯᠭ᠎ᠠ ᠳᠤᠷᠠᠳᠬᠤ ᠡᠷᠬᠡ ᠲᠠᠢ ᠃ ᠨᠠᠮ ᠤᠨ ᠭᠡᠰᠢᠭᠦᠨ ᠲᠤᠬᠠᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠤᠶᠤ ᠪᠠ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠦ ᠲᠤᠰᠢᠶᠠᠯ ᠳᠠᠭᠠᠨ ᠤᠢᠯᠦ ᠲᠡᠩᠴᠡᠬᠦ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠲᠤᠰᠢᠶᠠᠯ ᠡᠭᠦᠷᠭᠡᠯᠡᠬᠦ ᠢᠢ ᠤᠭᠴᠠᠷᠠᠭᠤᠯᠬᠤ ᠪᠣᠶᠤ ᠪᠠᠢᠢᠷᠢ ᠰᠣᠯᠢᠬᠤ ᠶᠢ ᠳᠤᠷᠠᠳᠴᠤ ᠪᠣᠯᠣᠨ᠎ᠠ᠃ ᠨᠠᠮ ᠤᠨ ᠭᠡᠰᠢᠭᠦᠨ ᠰᠢᠭᠦᠮᠵᠢᠯᠡᠯ ᠬᠢᠵᠦ ᠂ ᠢᠯᠡᠴᠢᠯᠡᠬᠦ᠂ ᠢᠯᠡᠴᠢᠯᠡᠬᠦ ᠵᠢᠴᠢ ᠰᠢᠳᠬᠡᠯ ᠥᠭᠭᠦ ᠪᠤᠶᠤ ᠪᠠᠭᠤᠯᠭᠠᠬᠤ᠂ ᠪᠠᠭᠤᠯᠭᠠᠨ ᠰᠣᠯᠢᠬᠤ ᠱᠠᠭᠠᠷᠳᠠᠯᠭ᠎ᠠ ᠭᠠᠷᠭᠠᠬᠤ ᠦᠶ᠎ᠡ ᠳᠦ ᠂ ᠵᠣᠬᠢᠶᠠᠨ ᠪᠠᠶᠢᠭᠤᠯᠤᠯᠲᠠ ᠶᠢᠨ ᠵᠠᠷᠴᠢᠮ ᠶᠣᠰᠣᠭᠠᠷ᠂ ᠬᠣᠯᠪᠣᠭᠳᠠᠯ ᠪᠦᠬᠦᠢ ᠵᠢᠷᠤᠮ ᠢ ᠰᠠᠬᠢᠵᠤ᠂ ᠳᠤᠷ᠎ᠠ ᠪᠠᠷ ᠲᠠᠷᠬᠠᠭᠠᠨ᠂ ᠥᠰᠬᠡᠭᠡᠨ ᠲᠥᠰᠬᠡᠭᠡᠨ ᠲᠡᠶ ᠬᠡᠯᠡᠵᠦ ᠪᠣᠯᠬᠤ ᠦᠭᠡᠢ᠂ ᠪᠣᠳᠠᠲᠤ ᠬᠡᠷᠡᠭ ᠢ ᠭᠠᠵᠢᠭᠤᠳᠠᠭᠤᠯᠤᠨ ᠂ ᠪᠣᠳᠠᠲᠤ ᠬᠡᠷᠡᠭ ᠢ ᠬᠤᠳᠠᠯ ᠢᠶᠠᠷ ᠵᠣᠬᠢᠶᠠᠵᠤ᠂ ᠭᠦᠳᠬᠡᠨ ᠵᠠᠭᠠᠯᠳᠤᠨ ᠬᠣᠣᠷᠯᠠᠵᠤ ᠨᠡᠩ ᠪᠣᠯᠬᠤ ᠦᠭᠡᠢ ᠃
ᠠᠷᠪᠠᠳᠤᠭᠠᠷ ᠵᠦᠢᠯ ᠨᠠᠮ ᠤᠨ ᠭᠡᠰᠢᠭᠦᠨ ᠠᠰᠠᠭᠤᠳᠠᠯ ᠢ ᠵᠣᠬᠢᠶᠠ ᠪᠠᠢᠭᠤᠯᠤᠨ ᠶᠠᠷᠢᠯᠴᠠᠨ ᠲᠣᠭᠲᠠᠬᠤ ᠳᠤ᠂ ᠲᠣᠭᠲᠠᠭᠠᠯ ᠶᠣᠰᠣᠭᠠᠷ ᠲᠠᠰᠤᠯ ᠤᠨ ᠪᠠᠲᠤᠯᠠᠬᠤ ᠳᠦ ᠣᠷᠤᠯᠴᠬᠤ ᠡᠷᠬᠡ ᠲᠠᠢ ᠃ ᠪᠠᠲᠤᠯᠠᠬᠤ ᠦᠶ᠎ᠡ ᠳᠦ ᠵᠥᠪᠰᠢᠶᠡᠷᠡᠵᠦ ᠪᠣᠯᠬᠤ ᠮᠥᠷᠲᠡᠭᠡᠨ᠂ ᠵᠦᠪᠰᠢᠶᠡᠷᠡᠬᠦ ᠦᠭᠡᠢ ᠪᠤᠶᠤ ᠡᠷᠬᠡ ᠪᠠᠨ ᠬᠠᠶᠠᠭᠰᠠᠨ ᠴᠤ ᠪᠣᠯᠣᠨ᠎ᠠ ᠃ ᠨᠠᠮ ᠤᠨ ᠵᠢᠩᠬᠢᠨᠢ ᠭᠡᠰᠢᠭᠦᠨ ᠨᠢᠭᠡᠪᠦᠷᠢ ᠴᠥᠮ ᠰᠣᠩᠭᠣᠬᠤ ᠡᠷᠬᠡ ᠪᠠ ᠰᠣᠩᠭᠣᠭᠳᠠᠬᠤ ᠡᠷᠬᠡ ᠲᠠᠢ (ᠨᠠᠮ ᠳᠦ ᠪᠠᠶᠢᠯᠭᠠᠵᠤ ᠬᠢᠨᠠᠨ ᠦᠵᠡᠬᠦ ᠰᠢᠳᠬᠡᠯ ᠣᠯᠤᠭᠰᠠᠨ ᠨᠠᠮ ᠤᠨ ᠬᠡᠰᠢᠭᠦᠨ ᠡᠭᠦᠨ ᠳᠦ ᠪᠠᠭᠲᠠᠬᠤ ᠦᠭᠡᠢ) ᠰᠣᠩᠭᠣᠭᠤᠯᠢ ᠳᠦ ᠣᠷᠣᠯᠴᠠᠬᠤ ᠨᠠᠮ ᠤᠨ ᠬᠡᠰᠢᠭᠦᠨ ᠨᠢ ᠵᠢᠱᠢᠭᠳᠡᠭᠰᠡᠳ ᠤᠨ ᠪᠠᠶᠢᠳᠠᠯ ᠢ ᠣᠶᠢᠯᠠᠭᠠᠬᠤ᠂ ᠵᠢᠱᠢᠭᠳᠡᠭᠰᠡᠳ ᠢ ᠰᠣᠯᠢᠬᠤ ᠪᠠᠷ ᠱᠠᠭᠠᠷᠳᠠᠬᠤ᠂ ᠠᠯᠢ ᠨᠢᠭᠡᠨ ᠵᠢᠱᠢᠭᠳᠡᠭᠰᠡᠳ ᠢ ᠰᠣᠩᠭᠣᠬᠤ ᠤᠢᠭᠡᠢ ᠪᠠᠶᠢᠬᠤ ᠪᠠ ᠥᠭᠡᠷ᠎ᠡ ᠬᠥᠮᠦᠨ ᠢ ᠰᠣᠩᠭᠣᠬᠤ ᠡᠷᠬᠡ ᠲᠠᠢ ᠃ ᠨᠠᠮ ᠤᠨ ᠬᠡᠰᠢᠭᠦᠨ ᠨᠢ ᠳᠣᠭᠲᠠᠭᠠᠯ ᠶᠣᠰᠣᠭᠠᠷ ᠵᠢᠱᠢᠭᠳᠡᠭᠰᠡᠳ ᠪᠣᠶᠤ ᠰᠤᠩᠭᠤᠭᠳᠠᠭᠰᠠᠳ ᠪᠣᠯᠵᠤ ᠪᠣᠯᠣᠨ᠎ᠠ ᠃
ᠠᠷᠪᠠᠨ ᠨᠢᠭᠡᠳᠦᠭᠡᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠬᠡᠰᠢᠭᠦᠨ ᠳᠦ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠪᠡᠷ ᠶᠠᠷᠢᠯᠴᠠᠨ ᠲᠣᠭᠲᠠᠭᠠᠬᠤ ᠪᠤᠶᠤ ᠬᠢᠨᠠᠨ ᠲᠣᠭᠲᠠᠭᠠᠬᠤ ᠦᠶ᠎ᠡ ᠳᠦ᠂ ᠲᠤᠰ ᠥᠮᠦᠨ ᠪᠡᠶ᠎ᠡ ᠪᠡᠷ ᠢᠶᠡᠨ ᠣᠷᠣᠯᠴᠠᠬᠤ ᠪᠠ ᠥᠪᠡᠷ ᠢ ᠪᠠᠨ ᠥᠮᠥᠭᠯᠡᠬᠦ ᠡᠷᠬᠡ ᠲᠡᠶ ᠂ ᠨᠠᠮ ᠤᠨ ᠪᠤᠰᠤᠳ ᠭᠡᠰᠢᠭᠦᠨ ᠴᠦ ᠲᠡᠭᠦᠨ ᠳᠦ ᠭᠡᠷᠡᠴᠢ ᠪᠣᠯᠬᠤ ᠪᠤᠶᠤ ᠲᠡᠭᠦᠨ ᠢ ᠥᠮᠥᠭᠯᠡᠵᠦ ᠪᠣᠯᠣᠨ᠎ᠠ ᠃ ᠭᠡᠷᠡᠴᠢᠯᠡᠵᠦ᠂ ᠥᠮᠥᠭᠯᠡᠬᠦ ᠳᠦ ᠡᠷᠬᠡᠪᠰᠢ ᠦᠨᠡᠨ ᠡᠴᠡ ᠵᠥᠪ ᠢ ᠡᠷᠢᠬᠦ ᠬᠡᠷᠡᠭᠲᠡᠶ ᠃
ᠠᠷᠪᠠᠨ ᠬᠣᠶᠠᠳᠤᠭᠠᠷ ᠵᠦᠢᠯ ᠨᠠᠮ ᠤᠨ ᠭᠡᠰᠢᠭᠦᠨᠨᠠᠮ ᠤᠨ ᠰᠢᠶᠳᠪᠦᠷᠢ ᠪᠠ ᠲᠤᠢᠷᠦ ᠶᠢᠨ ᠪᠤᠳᠦᠯᠭ᠎ᠠ ᠳᠦ ᠠᠳᠠᠯᠢ ᠪᠤᠰᠤ ᠰᠠᠨᠠᠯ ᠲᠠᠢ ᠪᠠᠶᠢᠪᠠᠯ᠂ ᠡᠷᠡᠰ ᠬᠡᠷᠡᠭᠵᠢᠭᠦᠯᠬᠦ ᠤᠷᠢᠲᠠᠯ ᠳᠣᠣᠷ᠎ᠠ᠂ ᠨᠠᠮ ᠤᠨ ᠬᠤᠷᠠᠯ ᠳᠡᠭᠡᠷ᠎ᠡ ᠪᠤᠶᠤ ᠨᠠᠮ ᠤᠨ ᠵᠣᠬᠢᠶᠠᠨ ᠪᠠᠶᠢᠭᠤᠯᠤᠯᠲᠠ ᠳᠦ ᠰᠠᠨᠠᠯ ᠢᠶᠠᠨ ᠦᠯᠡᠳᠡᠭᠡᠬᠦ ᠪᠡᠷ ᠢᠯᠡᠷᠬᠡᠶᠢᠯᠡᠵᠦ ᠪᠣᠯᠬᠤ ᠪᠥᠭᠡᠳ ᠥᠪᠡᠷ ᠤᠨ ᠰᠠᠨᠠᠯ ᠢᠶᠠᠨ ᠨᠠᠮ ᠤᠨ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠳᠦ ᠴᠢᠨᠠᠭᠰᠢᠯᠠᠪᠠᠯ ᠲᠥᠪ ᠬᠣᠷᠢᠶ᠎ᠠ ᠬᠦᠷᠲᠡᠯ᠎ᠡ ᠲᠤᠰᠬᠠᠵᠤ ᠪᠣᠯᠣᠨ᠎ᠠ᠃ ᠨᠠᠮ ᠤᠨ ᠭᠡᠰᠢᠭᠦᠨ ᠦ ᠲᠥᠪ ᠬᠣᠷᠢᠶᠠᠨ ᠤ ᠰᠢᠶᠳᠪᠦᠷᠢ ᠯᠦ᠋ᠭᠡ ᠡᠰᠡᠷᠭᠦ ᠰᠠᠨᠠᠯ ᠢ ᠢᠯᠠ ᠪᠡᠷ ᠨᠡᠶᠢᠲᠡᠯᠡᠵᠦ ᠪᠣᠯᠬᠤ ᠤᠢᠭᠡᠢ ᠃
ᠠᠷᠪᠠᠨ ᠭᠤᠷᠪᠠᠳᠤᠭᠠᠷ ᠵᠦᠢᠯ ᠨᠠᠮ ᠤᠨ ᠭᠡᠰᠢᠭᠦᠨ ᠤᠯᠤᠰ ᠲᠥᠷᠥ᠂ ᠠᠵᠢᠯ᠂ ᠰᠤᠷᠤᠯᠴᠠᠯᠭ᠎ᠠ ᠵᠡᠷᠭᠡ ᠲᠠᠯ᠎ᠠ ᠳᠦ ᠴᠢᠬᠤᠯᠠ ᠠᠰᠠᠭᠤᠳᠠᠯ ᠲᠤᠯᠭᠠᠷᠠᠪᠠᠯ᠂ ᠨᠠᠮ ᠤᠨ ᠵᠣᠬᠢᠶᠠᠨ ᠪᠠᠶᠢᠭᠤᠯᠤᠯᠲᠠ ᠡᠴᠡ ᠬᠠᠪᠰᠤᠷᠤᠮᠵᠢ ᠬᠦᠰᠡᠬᠦ ᠴᠢᠬᠤᠯᠠ ᠲᠠᠢ ᠪᠣᠯ᠂ ᠲᠤᠰ ᠬᠥᠮᠦᠨ ᠦ ᠲᠤᠬᠠᠢ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠳᠦ᠂ ᠴᠢᠨᠠᠭᠰᠢᠯᠠᠪᠠᠯ ᠲᠥᠪ ᠬᠣᠷᠢᠶ᠎ᠠ ᠳᠦ ᠬᠦᠷᠲᠡᠯ᠎ᠡ ᠭᠤᠶᠤᠴᠢᠯᠠᠯ ᠭᠠᠷᠭᠠᠵᠤ ᠪᠣᠯᠣᠨ᠎ᠠ ᠃ ᠨᠠᠮ ᠤᠨ ᠭᠡᠰᠢᠭᠦᠨ ᠨᠠᠮ ᠤᠨ ᠵᠣᠬᠢᠶᠠᠨ ᠪᠠᠶᠢᠭᠤᠯᠤᠯᠲᠠ ᠡᠴᠡ ᠬᠤᠪᠢ ᠪᠡᠶ᠎ᠡ ᠳᠦᠨᠢ ᠥᠭᠭᠦᠭᠰᠡᠨ ᠰᠢᠶᠳᠬᠡᠯ᠂ ᠬᠢᠨᠠᠨ ᠲᠣᠭᠲᠠᠭᠠᠬᠤ᠂ ᠬᠢᠨᠠᠨ ᠪᠠᠶᠢᠴᠠᠭᠠᠭᠰᠠᠨ ᠳ᠋ᠦᠩᠨᠡᠯᠲᠡ ᠪᠤᠶᠤ ᠪᠤᠰᠤᠳ ᠰᠢᠶᠳᠪᠦᠷᠢ ᠶᠢ ᠵᠥᠪᠰᠢᠶᠡᠷᠡᠭᠰᠡᠨ ᠦᠭᠡᠶ ᠪᠣᠯ᠂ ᠲᠤᠰ ᠬᠥᠮᠦᠨ ᠦ ᠲᠤᠬᠠᠢ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠳᠦ᠂ ᠴᠢᠨᠠᠭᠰᠢᠯᠠᠪᠠᠯ ᠲᠥᠪ ᠬᠣᠷᠢᠶ᠎ᠠ ᠳᠦ ᠬᠦᠷᠲᠡᠯ᠎ᠡ ᠭᠣᠮᠣᠳᠠᠯ ᠲᠣᠭᠠᠴᠢᠯᠲᠠ ᠳᠤᠷᠠᠳᠬᠤ ᠡᠷᠬᠡ ᠲᠡᠶ᠃ ᠨᠠᠮ ᠤᠨ ᠭᠡᠰᠢᠭᠦᠨ ᠨᠠᠮ ᠤᠨ ᠵᠣᠬᠢᠶᠠᠨ ᠪᠠᠶᠢᠭᠤᠯᠤᠯᠲᠠ ᠡᠴᠡ ᠪᠤᠰᠤᠳ ᠨᠠᠮ ᠤᠨ ᠭᠡᠰᠢᠭᠦᠨ ᠳᠦ ᠥᠭᠭᠦᠭᠰᠡᠨ ᠰᠢᠶᠳᠬᠡᠯ᠂ ᠲᠣᠭᠲᠠᠭᠠᠯᠲᠠ᠂ ᠬᠢᠨᠠᠨ ᠪᠠᠶᠢᠴᠠᠭᠠᠭᠰᠠᠨ ᠳ᠋ᠦᠩᠨᠡᠯᠲᠡ ᠪᠤᠶᠤ ᠪᠤᠰᠤᠳ ᠰᠢᠶᠳᠪᠦᠷᠢ ᠶᠢ ᠵᠣᠬᠢᠰ ᠦᠭᠡᠶ ᠭᠡᠵᠦ ᠦᠵᠡᠪᠡᠯ ᠂ ᠨᠠᠮ ᠤᠨ ᠵᠣᠬᠢᠶᠠᠨ ᠪᠠᠶᠢᠭᠤᠯᠤᠯᠲᠠ ᠡᠴᠡ ᠲᠥᠪ ᠬᠣᠷᠢᠶ᠎ᠠ ᠳᠦ ᠬᠦᠷᠲᠡᠯ᠎ᠡ ᠱᠠᠲᠤ ᠱᠠᠲᠤ ᠪᠠᠷ ᠰᠠᠨᠠᠯ ᠳᠤᠷᠠᠳᠬᠤ ᠡᠷᠬᠡ ᠲᠡᠶ ᠃ ᠨᠠᠮ ᠤᠨ ᠭᠡᠰᠢᠭᠦᠨ ᠦ ᠬᠠᠤᠯᠢ ᠶᠣᠰᠣᠨ ᠤ ᠡᠷᠬᠡ ᠠᠰᠢᠭ ᠨᠢ ᠨᠠᠮ ᠤᠨ ᠵᠣᠬᠢᠶᠠᠨ ᠪᠠᠶᠢᠭᠤᠯᠤᠯᠲᠠ ᠪᠤᠶᠤ ᠪᠤᠰᠤᠳ ᠨᠠᠮ ᠤᠨ ᠭᠡᠰᠢᠭᠦᠨ ᠦ ᠬᠥᠨᠥᠭᠡᠯ ᠢ ᠤᠯᠬᠤ ᠦᠶ᠎ᠡ ᠳᠦ ᠂ ᠥᠪᠡᠷ ᠤᠨ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ᠂ ᠳᠡᠭᠡᠷ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠴᠡ ᠲᠥᠪ ᠬᠣᠷᠢᠶ᠎ᠠ ᠳᠦ ᠬᠦᠷᠲᠡᠯ᠎ᠡ ᠵᠠᠭᠠᠯᠳᠤᠯᠭ᠎ᠠ ᠭᠠᠷᠭᠠᠬᠤ ᠡᠷᠬᠡ ᠲᠡᠶ ᠃ ᠨᠠᠮ ᠤᠨ ᠭᠡᠰᠢᠭᠦᠨ ᠬᠣᠯᠪᠣᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯᠲᠠ ᠶᠢ ᠲᠡᠭᠦᠨ ᠦ ᠭᠠᠷᠭᠠᠭᠰᠠᠨ ᠭᠤᠶᠤᠴᠢᠯᠠᠯ᠂ ᠭᠣᠮᠣᠳᠠᠯ ᠲᠣᠭᠠᠴᠢᠯᠲᠠ ᠪᠠ ᠵᠠᠭᠠᠯᠳᠤᠯᠭ᠎ᠠ ᠳᠦ ᠬᠠᠷᠢᠭᠤᠴᠠᠯᠭ᠎ᠠ ᠲᠠᠢ ᠬᠠᠷᠢᠭᠤᠯᠲᠠ ᠥᠭᠬᠦ ᠶᠢ ᠱᠠᠭᠠᠷᠳᠠᠬᠤ ᠡᠷᠬᠡ ᠲᠡᠶ᠃
ᠭᠤᠷᠪᠠᠳᠤᠭᠠᠷ ᠪᠥᠯᠦᠭ ᠪᠠᠲᠤᠯᠠᠬᠤ ᠠᠷᠭ᠎ᠠ ᠬᠡᠮᠵᠢᠶ᠎ᠡ
ᠠᠷᠪᠠᠨ ᠳᠥᠷᠪᠡᠳᠦᠭᠡᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠲᠣᠭᠲᠠᠭᠠᠯ ᠶᠣᠰᠣᠭᠠᠷ ᠬᠣᠯᠪᠣᠭᠳᠠᠯ ᠪᠦᠬᠦᠢ ᠬᠤᠷᠠᠯ ᠬᠤᠷᠠᠯᠳᠤᠭᠤᠯᠬᠤ ᠬᠡᠷᠡᠭᠲᠡᠶ ᠪᠥᠭᠡᠳ ᠨᠥᠬᠥᠴᠡᠯ ᠪᠦᠷᠢᠯᠳᠦᠭᠦᠯᠵᠦ ᠪᠠᠶᠢᠭᠠᠳ ᠨᠠᠮ ᠤᠨ ᠬᠡᠰᠢᠭᠦᠨ ᠦ ᠡᠯ᠎ᠡ ᠵᠦᠢᠯ ᠤᠨ ᠬᠤᠷᠠᠯ ᠳᠦ ᠣᠷᠣᠯᠴᠠᠬᠤ ᠶᠢ ᠪᠠᠲᠤᠯᠠᠨ᠎ᠠ᠃ ᠬᠤᠷᠠᠯ ᠤᠨ ᠵᠣᠬᠢᠶᠠᠨ ᠪᠠᠢᠭᠤᠯᠬᠤ ᠬᠦᠮᠦᠨ᠂ ᠬᠤᠷᠠᠯ ᠬᠤᠷᠠᠯᠳᠤᠭᠤᠯᠬᠤ ᠴᠠᠭ ᠬᠤᠭᠤᠴᠠᠭ᠎ᠠ ᠂ ᠨᠠᠮ ᠤᠨ ᠭᠡᠰᠢᠭᠦᠨ ᠬᠤᠷᠠᠯ ᠳᠦ ᠵᠥᠪᠯᠡᠬᠦ ᠵᠦᠢᠯ ᠵᠡᠷᠭᠡ ᠶᠢ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠶ ᠃
ᠠᠷᠪᠠᠨ ᠲᠠᠪᠤᠳᠤᠭᠠᠷ ᠵᠦᠢᠯ ᠨᠠᠮ ᠤᠨ ᠣᠬᠢᠶᠠᠨ ᠪᠠᠶᠢᠭᠤᠯᠤᠯᠲᠠ ᠨᠢ ᠨᠠᠮ ᠤᠨ ᠭᠡᠰᠢᠭᠦᠨ ᠦ ᠨᠠᠮ ᠤᠨ ᠳᠣᠲᠣᠭᠠᠳᠤ ᠶᠢᠨ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠤᠩᠰᠢᠬᠤ ᠴᠢᠬᠤᠯᠠ ᠪᠦᠬᠦᠢ ᠨᠥᠬᠥᠴᠡᠯ ᠬᠠᠩᠭᠠᠬᠤ ᠬᠡᠷᠡᠭᠲᠡᠶ᠃ ᠨᠠᠮ ᠤᠨ ᠭᠡᠰᠢᠭᠦᠨ ᠰᠢᠭᠤᠳ ᠤᠩᠰᠢᠬᠤ ᠪᠢᠴᠢᠭ ᠮᠠᠲ᠋ᠧᠷᠢᠶᠠᠯ ᠤᠨ ᠤᠩᠰᠢᠯᠭ᠎ᠠ ᠶᠢᠨ ᠴᠢᠳᠠᠪᠤᠷᠢ ᠪᠠᠷ ᠳᠤᠲᠠᠮᠠᠭ ᠪᠤᠶᠤ ᠪᠤᠰᠤᠳ ᠰᠢᠯᠲᠠᠭᠠᠨ ᠡᠴᠡ ᠵᠠᠭᠠᠯᠳᠤᠬᠤ ᠶᠢᠨ ᠠᠷᠭ᠎ᠠ ᠦᠭᠡᠢ ᠪᠠᠶᠢᠪᠠᠯ ᠨᠠᠮ ᠤᠨ ᠵᠣᠬᠢᠶᠠᠨ ᠪᠠᠶᠢᠭᠤᠯᠤᠯᠲᠠ ᠡᠴᠡ ᠲᠣᠭᠲᠠᠭᠠᠯ ᠶᠣᠰᠣᠭᠠᠷ ᠲᠡᠭᠦᠨ ᠳᠦ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠎ᠠ᠃
ᠠᠷᠪᠠᠨ ᠵᠢᠷᠭᠤᠳᠤᠭᠠᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠨᠢ ᠤᠯᠠᠨ ᠵᠦᠢᠯ ᠤᠨ ᠬᠡᠯᠪᠡᠷᠢ ᠶᠢ ᠠᠪᠴᠤ ᠪᠠᠶᠢᠭᠠᠳ ᠨᠠᠮ ᠤᠨ ᠭᠡᠰᠢᠭᠦᠳ ᠢ ᠲᠥᠯᠥᠪᠯᠡᠭᠡ ᠲᠡᠶ ᠪᠡᠷ ᠰᠤᠷᠭᠠᠨ ᠬᠥᠮᠦᠵᠢᠯ ᠪᠠ ᠪᠣᠯᠪᠠᠰᠤᠷᠠᠭᠤᠯᠤᠯ ᠬᠢᠵᠦ᠂ ᠨᠠᠮ ᠤᠨ ᠭᠡᠰᠢᠭᠦᠨ ᠦ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ ᠃
ᠠᠷᠪᠠᠨ ᠳᠣᠯᠣᠳᠤᠭᠠᠷ ᠵᠦᠢᠯ ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ᠂ ᠲᠥᠯᠥᠭᠡᠯᠡᠭᠴᠢᠳ ᠤᠨ ᠬᠤᠷᠠᠯ ᠪᠠ ᠨᠠᠮ ᠤᠨ ᠬᠣᠷᠢᠶᠠᠨ ᠤ ᠪᠦᠬᠦᠳᠡ ᠬᠤᠷᠠᠯ ᠵᠢᠴᠢ ᠪᠤᠰᠤᠳ ᠴᠢᠬᠤᠯᠠ ᠬᠤᠷᠠᠯ ᠬᠤᠷᠠᠯᠳᠤᠭᠰᠠᠨ ᠤ ᠳᠠᠷᠠᠭ᠎ᠠ ᠂ ᠨᠠᠮ ᠤᠨ ᠵᠣᠬᠢᠶᠠᠨ ᠪᠠᠶᠢᠭᠤᠯᠤᠯᠲᠠ ᠡᠴᠡ ᠲᠣᠭᠲᠠᠭᠠᠯ ᠶᠣᠰᠣᠭᠠᠷ ᠬᠤᠷᠠᠯ ᠤᠨ ᠠᠭᠤᠯᠭ᠎ᠠ ᠪᠠ ᠵᠣᠷᠢᠭ ᠰᠠᠨᠠᠭ᠎ᠠ ᠶᠢ ᠨᠠᠮ ᠤᠨ ᠭᠡᠰᠢᠭᠦᠨ ᠳᠦ ᠳᠠᠮᠵᠢᠭᠤᠯᠵᠤ᠂ ᠵᠠᠷᠯᠠᠬᠤ ᠬᠡᠷᠡᠭᠲᠡᠢ᠃
ᠨᠠᠮ ᠤᠨ ᠵᠣᠬᠢᠶᠠᠨ ᠪᠠᠶᠢᠭᠤᠯᠤᠯᠲᠠ ᠶᠢᠨ ᠭᠠᠷᠭᠠᠭᠰᠠᠨ ᠰᠢᠶᠳᠪᠦᠷᠢ᠂ ᠲᠣᠭᠲᠠᠭᠠᠯ ᠶᠣᠰᠣᠭᠠᠷ ᠨᠠᠮ ᠤᠨ ᠭᠡᠰᠢᠭ ᠲᠤ ᠴᠠᠭ ᠲᠤᠬ ᠳᠤ ᠨᠢ ᠮᠡᠳᠡᠭᠳᠡᠬᠦ ᠬᠡᠷᠡᠭᠲᠡᠢ ᠃
ᠠᠷᠪᠠᠨ ᠨᠠᠢᠮᠠᠳᠤᠭᠠᠷ ᠵᠦᠢᠯ ᠳᠣᠣᠷ᠎ᠠ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠳᠡ ᠶᠢ ᠦᠨᠳᠦᠰᠦᠯᠡᠵᠦ᠂ ᠢᠳᠡᠪᠬᠢᠲᠡᠶ ᠵᠣᠬᠢᠶᠠᠨ ᠪᠠᠢᠭᠤᠯᠵᠤ ᠬᠥᠲᠥᠯᠥᠨ ᠵᠢᠯᠣᠭᠣᠳᠴᠤ ᠪᠠᠶᠢᠭᠠᠳ ᠨᠠᠮ ᠤᠨ ᠭᠡᠰᠢᠭᠦᠨ ᠦ ᠨᠠᠮ ᠤᠨ ᠲᠦᠷᠤ ᠶᠢᠨ ᠪᠤᠳᠤᠯᠭ᠎ᠠ ᠪᠣᠯᠣᠨ ᠣᠨᠣᠯ ᠤᠨ ᠠᠰᠠᠭᠤᠳᠠᠯ ᠢ ᠶᠠᠷᠢᠯᠴᠠᠬᠤ᠂ ᠶᠠᠷᠢᠯᠴᠠᠬᠤ ᠴᠠᠭ᠂ ᠬᠡᠯᠪᠡᠷᠢ ᠪᠠ ᠠᠭᠤᠯᠭ᠎ᠠ ᠨᠢ ᠵᠣᠬᠢᠰᠲᠠᠶ ᠠᠷᠭ᠎ᠠ ᠬᠡᠯᠪᠡᠷᠢ ᠪᠡᠷ ᠬᠡᠯᠡᠵᠦ ᠥᠭᠴᠦ᠂ ᠨᠠᠮ ᠤᠨ ᠭᠡᠰᠢᠭᠦᠨ᠂ ᠤ ᠣᠷᠤᠯᠴᠠᠬᠤ ᠳᠤ ᠳᠦᠭᠦᠮ ᠪᠣᠯᠭᠠᠨ᠎ᠠ᠃ ᠨᠠᠮ ᠤᠨ ᠣᠷᠣᠨ ᠨᠣᠲᠤᠭ ᠤᠨ ᠵᠣᠬᠢᠶᠠᠨ ᠪᠠᠢ᠌ᠭᠤᠯᠤᠯᠲᠠ᠂ ᠨᠠᠮ ᠤᠨ ᠭᠡᠰᠢᠭᠦᠨ ᠲᠤᠰ ᠭᠠᠵᠠᠷ ᠣᠷᠣᠨ ᠤ ᠪᠠᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ᠂ ᠲᠤᠰ ᠰᠠᠯᠠᠭ᠎ᠠ ᠮᠥᠴᠢᠷ ᠤᠨ ᠢᠶᠡᠨ᠂ ᠲᠤᠰ ᠨᠢᠭᠡᠴᠢ ᠶᠢᠨ ᠢᠶᠡᠨ ᠨᠠᠮ ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠬᠣᠯᠪᠣᠭᠳᠠᠯ ᠪᠦᠬᠦᠢ ᠠᠰᠠᠭᠤᠳᠠᠯ ᠤᠨ ᠲᠤᠬᠠᠶ ᠶᠠᠷᠢᠯᠴᠠᠭᠤᠯᠬᠤ ᠬᠡᠷᠡᠭᠲᠡᠶ ᠃
ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠬᠡᠰᠢᠭᠦᠨ ᠦ ᠨᠠᠮ ᠤᠨ ᠠᠵᠢᠯ ᠳᠦ ᠰᠠᠨᠠᠭᠤᠯᠭ᠎ᠠ ᠪᠠ ᠰᠠᠨᠠᠭᠠᠴᠢᠯᠠᠭ᠎ᠠ ᠭᠠᠷᠭᠠᠨ᠎ᠠ᠃ ᠨᠠᠮ ᠤᠨ ᠭᠡᠰᠢᠭᠦᠨ ᠰᠠᠨᠠᠭᠤᠯᠭ᠎ᠠ ᠪᠠ ᠰᠠᠨᠠᠭᠠᠴᠢᠯᠠᠭ᠎ᠠ ᠶᠢ ᠨᠠᠮ ᠤᠨ ᠵᠣᠬᠢᠶᠠᠨ ᠪᠠᠶᠢᠭᠤᠯᠤᠯᠲᠠ ᠨᠠᠷᠢᠨ ᠬᠢᠨᠠᠮᠠᠭᠠᠶ ᠪᠠᠷ ᠰᠣᠨᠣᠰᠴᠤ᠂ ᠰᠢᠨᠵᠢᠯᠡᠨ᠂ ᠵᠦᠢ ᠵᠣᠬᠢᠰᠲᠠᠶ ᠬᠦᠯᠢᠶᠡᠨ ᠠᠪᠬᠤ ᠬᠡᠷᠡᠭᠲᠡᠶ ᠃ ᠠᠵᠢᠯ ᠤᠨ ᠰᠠᠶᠢᠵᠢᠷᠠᠭᠤᠯᠤᠯᠲᠠ ᠳᠦ ᠴᠢᠬᠤᠯᠠ ᠶᠡᠬᠡ ᠬᠠᠪᠰᠤᠷᠤᠯᠭ᠎ᠠ ᠲᠠᠢ ᠪᠣᠯ᠂ ᠰᠠᠨᠠᠭᠤᠯᠭ᠎ᠠ ᠪᠠ ᠰᠠᠨᠠᠭᠠᠴᠢᠯᠠᠭ᠎ᠠ ᠭᠠᠷᠭᠠᠭᠰᠠᠨ ᠨᠠᠮ ᠤᠨ ᠭᠡᠰᠢᠭᠦᠨ ᠢ ᠰᠠᠶᠢᠰᠢᠶᠠᠬᠤ ᠪᠤᠶᠤ ᠱᠠᠩᠨᠠᠬᠤ ᠬᠡᠷᠡᠭᠲᠡᠢ᠃
ᠨᠠᠮ ᠤᠨ ᠵᠣᠬᠢᠶᠠᠨ ᠪᠠᠶᠢᠭᠤᠯᠤᠯᠲᠠ ᠡᠯ᠎ᠡ ᠵᠦᠢᠯ ᠤᠨ ᠠᠳᠠᠯᠢ ᠪᠤᠰᠤ ᠰᠠᠨᠠᠯ ᠢ ᠰᠠᠶᠢᠲᠤᠷ ᠰᠣᠨᠣᠰᠬᠤ ᠬᠡᠷᠡᠭᠲᠡᠶ᠃ ᠠᠳᠠᠯᠢ ᠪᠤᠰᠤ ᠰᠠᠨᠠᠯ ᠲᠠᠢ ᠨᠠᠮ ᠤᠨ ᠭᠡᠰᠢᠭᠦᠨ ᠯᠡ ᠶᠤᠮ ᠪᠣᠯ᠂ ᠲᠤᠰ ᠬᠦᠮᠦᠨ ᠨᠢ ᠨᠠᠮ ᠤᠨ ᠰᠢᠶᠳᠪᠦᠷᠢ ᠪᠠ ᠲᠤᠢᠷᠦ ᠶᠢᠨ ᠪᠤᠳᠦᠯᠭ᠎ᠠ ᠶᠢ ᠡᠷᠡᠰ ᠬᠡᠷᠡᠭᠵᠢᠭᠦᠯᠪᠡᠯᠦ ᠂ ᠲᠡᠭᠦᠨ ᠢ ᠭᠠᠳᠠᠭᠤᠷᠴᠢᠯᠠᠵᠤ ᠪᠣᠯᠬᠤ ᠦᠭᠡᠢ ᠪᠤᠶᠤ ᠬᠠᠷᠢᠭᠤᠴᠠᠯᠭ᠎ᠠ ᠨᠡᠬᠡᠮᠵᠢᠯᠡᠬᠦ ᠦᠭᠡᠢ᠃ ᠪᠤᠷᠤᠭᠤ ᠰᠠᠨᠠᠯ ᠲᠠᠢ ᠨᠠᠮ ᠤᠨ ᠭᠡᠰᠢᠭᠦᠨ ᠢ ᠬᠠᠪᠰᠤᠷᠴᠤ ᠰᠤᠷᠭᠠᠨ ᠬᠦᠮᠦᠵᠢᠭᠦᠯᠬᠦ ᠬᠡᠷᠡᠭᠲᠡᠢ ᠃
ᠠᠷᠪᠠ ᠶᠢᠰᠦᠳᠦᠭᠡᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠭᠡᠰᠢᠭᠦᠨ ᠦ ᠨᠠᠮ ᠤᠨ ᠳᠣᠲᠣᠭᠠᠳᠤ ᠶᠢᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠵᠣᠷᠢᠭᠵᠢᠭᠤᠯᠵᠤ᠂ ᠨᠠᠮ ᠤᠨ ᠭᠡᠰᠢᠭᠦᠨ ᠦ ᠡᠯ᠎ᠡ ᠵᠦᠢᠯ ᠤᠨ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠪᠠ ᠲᠥᠪ ᠪᠤᠰᠤ ᠰᠤᠷᠲᠠᠯ ᠲᠠᠢ ᠲᠡᠮᠡᠴᠡᠯ ᠬᠢᠬᠦ ᠢ ᠳᠡᠮᠵᠢᠬᠦ ᠬᠡᠷᠡᠭᠲᠡᠶ᠃ ᠨᠠᠮ ᠤᠨ ᠬᠡᠰᠢᠭᠦᠨ ᠤ ᠰᠢᠭᠦᠮᠵᠢᠯᠡᠯ᠂ ᠢᠯᠡᠴᠢᠯᠡᠯ᠂ ᠵᠠᠭᠠᠯᠳᠤᠯᠭ᠎ᠠ ᠵᠢᠴᠢ ᠳᠤᠷᠠᠳᠤᠭᠰᠠᠨ ᠬᠣᠯᠪᠣᠭᠳᠠᠯ ᠪᠦᠬᠦᠢ ᠰᠢᠢᠳᠬᠡᠯ ᠥᠭᠬᠦ ᠪᠠ ᠲᠡᠭᠦᠨ ᠢ ᠤᠭᠴᠠᠷᠠᠭᠤᠯᠬᠤ᠂ ᠪᠠᠭᠤᠯᠭᠠᠨ ᠰᠣᠯᠢᠬᠤ ᠱᠠᠭᠠᠷᠳᠠᠯᠭ᠎ᠠ᠂ ᠨᠠᠮ ᠤᠨ ᠵᠣᠬᠢᠶᠠᠨ ᠪᠠᠶᠢᠭᠤᠯᠤᠯᠲᠠ ᠡᠴᠡ ᠲᠣᠭᠲᠠᠭᠠᠯ ᠶᠣᠰᠣᠭᠠᠷ ᠴᠠᠭ ᠲᠤᠬᠠᠢ ᠳᠦ ᠨᠢ ᠰᠢᠶᠳᠪᠦᠷᠢᠯᠡᠬᠦ ᠬᠡᠷᠡᠭᠲᠡᠶ ᠃
ᠨᠠᠮ ᠤᠨ ᠵᠣᠬᠢᠶᠠᠨ ᠪᠠᠶᠢᠭᠤᠯᠤᠯᠲᠠ᠂ ᠢᠯᠡᠴᠢᠯᠡᠨ ᠵᠠᠭᠠᠯᠳᠤᠭᠴᠢ ᠶᠢᠨ ᠡᠷᠬᠡ ᠠᠰᠢᠭ ᠢ ᠬᠠᠮᠠᠭᠠᠯᠠᠬᠤ ᠳᠦᠷᠢᠮ ᠢ ᠪᠠᠶᠢᠭᠤᠯᠵᠦ ᠲᠡᠭᠦᠯᠳᠡᠷᠵᠢᠭᠦᠯᠦᠨ᠎ᠡ᠃ ᠢᠯᠡᠴᠢᠯᠡᠭᠴᠢ᠂ ᠢᠯᠡᠴᠢᠯᠡᠭᠰᠡᠨ ᠂ ᠢᠯᠡᠴᠢᠯᠡᠭᠰᠡᠨ ᠠᠭᠤᠯᠭ᠎ᠠ ᠶᠢ ᠡᠷᠬᠡᠪᠰᠢ ᠴᠢᠩᠭ᠎ᠠ ᠬᠠᠮᠠᠭᠠᠯᠠᠬᠤ᠂ ᠴᠢᠩᠭ᠎ᠠ ᠴᠠᠭᠠᠵᠠᠯᠠᠵᠤ ᠂ ᠢᠯᠡᠴᠢᠯᠡᠭᠰᠡᠨ᠂ ᠵᠠᠭᠠᠯᠳᠤᠭᠰᠠᠨ ᠮᠠᠲ᠋ᠧᠷᠢᠶᠠᠯ ᠢ ᠢᠯᠡᠴᠢᠯᠡᠭᠳᠡᠭᠰᠡᠨ᠂ ᠵᠠᠭᠠᠯᠳᠤᠭᠳᠠᠭᠰᠠᠨ ᠵᠣᠬᠢᠶᠠᠨ ᠪᠠᠶᠢᠭᠤᠯᠤᠯᠲᠠ ᠪᠠ ᠬᠥᠮᠦᠰ ᠡᠴᠡ ᠢᠯᠡᠴᠢᠯᠡᠨ ᠴᠢᠩᠭ᠎ᠠ ᠴᠠᠭᠠᠵᠠᠯᠠᠬᠤ᠂ ᠢᠯᠡᠴᠢᠯᠡᠭᠴᠢ ᠪᠠ ᠢᠯᠡᠴᠢᠯᠡᠭᠰᠡᠨ ᠮᠠᠲ᠋ᠧᠷᠢᠶᠠᠯ ᠢ ᠵᠠᠭᠠᠯᠳᠤᠭᠳᠠᠭᠰᠠᠨ ᠵᠣᠬᠢᠶᠠᠨ ᠪᠠᠢᠭᠤᠯᠤᠯᠲᠠ ᠪᠠ ᠬᠦᠮᠦᠨ ᠳᠦ ᠰᠢᠯᠵᠢᠭᠦᠯᠦᠨ ᠥᠭᠭᠦ ᠶᠢ ᠴᠠᠭᠠᠵᠠᠯᠠᠨ᠎ᠠ᠃ ᠢᠯᠡᠴᠢᠯᠡᠭᠴᠢ ᠶᠢᠨ ᠵᠠᠭᠠᠯᠳᠤᠭᠴᠢ ᠶᠢ ᠭᠠᠳᠠᠭᠤᠷᠴᠢᠯᠠᠬᠤ᠂ ᠬᠢᠬᠠᠬᠤ ᠂ ᠬᠣᠷᠢᠭᠯᠠᠬᠤ ᠢ ᠴᠢᠩᠭ᠎ᠠ ᠴᠠᠭᠠᠵᠠᠯᠠᠵᠤ᠂ ᠡᠯ᠎ᠡ ᠵᠦᠢᠯ ᠤᠨ ᠬᠡᠯᠪᠡᠷᠢ ᠪᠡᠷ ᠴᠣᠬᠢᠯᠲᠠ ᠥᠭᠴᠦ ᠦᠰᠢᠶ᠎ᠡ ᠠᠪᠬᠤ ᠢ ᠴᠠᠭᠠᠵᠠᠯᠠᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠨᠢ ᠦᠨᠡᠨ ᠪᠣᠳᠠᠲᠠᠢ ᠣᠪᠣᠭ ᠨᠡᠷ᠎ᠡ ᠪᠡᠷ ᠢᠶᠡᠨ ᠢᠯᠡᠴᠢᠯᠡᠨ ᠂ ᠢᠯᠡᠴᠢᠯᠡᠭᠴᠢ᠂ ᠵᠣᠬᠢᠰᠲᠠᠶ ᠠᠷᠭ᠎ᠠ ᠮᠠᠶ᠋ᠢᠭ ᠢᠶᠠᠷ ᠬᠠᠷᠢᠭᠤ ᠰᠤᠷᠪᠤᠯᠵᠢᠯᠠᠬᠤ ᠬᠡᠷᠡᠭᠲᠡᠶ ᠪᠤᠶᠤ ᠰᠢᠶᠳᠪᠦᠷᠢᠯᠡᠭᠰᠡᠨ ᠦᠷ᠎ᠡ ᠳ᠋ᠦᠩ ᠢᠶᠡᠨ ᠲᠡᠭᠦᠨ ᠳᠦ ᠬᠠᠷᠢᠭᠤ ᠵᠠᠬᠢᠳᠠᠯ ᠢᠯᠡᠭᠡᠨ ᠮᠡᠳᠡᠭᠳᠡᠬᠦ ᠬᠡᠷᠡᠭᠲᠡᠢ᠃ ᠪᠠᠢᠴᠠᠭᠠᠯᠲᠠ ᠪᠠᠷ ᠳᠠᠮᠵᠢᠯ ᠢᠯᠡᠴᠢᠯᠡᠭᠰᠡᠨ ᠨᠢ ᠬᠠᠤᠯᠢ ᠴᠠᠭᠠᠵᠠ ᠰᠠᠬᠢᠯᠭ᠎ᠠ ᠪᠠᠲᠤ ᠶᠢ ᠵᠦᠷᠢᠴᠡᠭᠰᠡᠨ ᠨᠢ ᠦᠨᠡᠨ ᠪᠣᠯ ᠢᠯᠡᠴᠢᠯᠡᠭᠰᠡᠨ ᠬᠦᠮᠦᠨ ᠢ ᠱᠠᠩᠨᠠᠨ ᠬᠦᠬᠢᠭᠦᠯᠦᠨ᠎ᠡ᠃ ᠠᠮ ᠤᠨ ᠵᠣᠬᠢᠶᠠᠨ ᠪᠠᠶᠢᠭᠤᠯᠤᠯᠲᠠ ᠡᠴᠡ ᠵᠣᠬᠢᠶᠠᠨ ᠪᠠᠶᠢᠭᠤᠯᠤᠯᠲᠠ ᠳᠦ ᠬᠠᠷᠢᠭᠤᠴᠠᠬᠤ ᠣᠪᠣᠷ ᠢᠶᠠᠷ ᠢᠯᠡᠴᠢᠯᠡᠨ ᠤᠢᠭᠡᠢ᠂ ᠢᠯᠡᠴᠢᠯᠡᠯ᠂ ᠵᠠᠭᠠᠯᠳᠤᠯᠭ᠎ᠠ ᠵᠢᠴᠢ ᠳᠤᠷᠠᠳᠤᠭᠰᠠ ᠪᠠᠭᠤᠯᠭᠠᠨ ᠰᠣᠯᠢᠬᠤ ᠱᠠᠭᠠᠷᠳᠠᠯᠭ᠎ᠠ ᠶᠢ ᠰᠢᠭᠦᠮᠵᠢᠯᠡᠨ ᠰᠤᠷᠭᠠᠨ᠎ᠠ ᠃ ᠬᠤᠳᠠᠯ ᠬᠡᠷᠡᠭ ᠵᠣᠬᠢᠶᠠᠵᠤ᠂ ᠭᠦᠳᠬᠡᠨ ᠵᠠᠭᠠᠯᠳ᠋ᠤᠵᠦ ᠭᠦᠵᠢᠷᠯᠡᠨ ᠬᠣᠣᠷᠯᠠᠵᠤ ᠪᠠᠢᠢᠪᠠᠯ ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠰᠢᠶᠳᠪᠦᠷᠢᠯᠡᠬᠦ ᠬᠡᠷᠡᠭᠲᠡᠶ᠃ ᠨᠠᠮ ᠤᠨ ᠬᠡᠰᠢᠭᠦᠨ ᠢ ᠪᠤᠷᠤᠭᠤ ᠵᠠᠭᠠᠯᠳᠤᠭᠰᠠᠨ ᠪᠤᠶᠤ ᠭᠦᠳᠬᠡᠭᠰᠡᠨ ᠢ ᠪᠣᠳᠠᠲᠤ ᠪᠠᠶᠢᠳᠠᠯ ᠢ ᠲᠣᠳᠣᠷᠬᠠᠶᠢᠯᠠᠬᠤ ᠬᠡᠷᠡᠭᠲᠡᠶ ᠪᠥᠭᠡᠳ ᠵᠣᠬᠢᠬᠤ ᠬᠡᠪᠴᠢᠶᠡᠨ ᠳᠣᠲᠣᠷ᠎ᠠ ᠨᠡᠶᠢᠲᠡᠯᠡᠬᠦ ᠬᠡᠷᠡᠭᠲᠡᠶ ᠃
ᠬᠣᠷᠢᠳᠤᠭᠠᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠠᠰᠠᠭᠤᠳᠠᠯ ᠢ ᠶᠠᠷᠢᠯᠴᠠᠨ ᠲᠣᠭᠲᠠᠭᠠᠬᠤ ᠳᠠᠭᠠᠨ ᠡᠷᠬᠡᠪᠰᠢ ᠴᠥᠭᠡᠩᠬᠢ ᠢ ᠣᠯᠠᠩᠬᠢ ᠪᠡᠨ ᠲᠡᠭᠠᠬᠤ ᠵᠠᠷᠴᠢᠮ ᠢ ᠬᠡᠷᠡᠭᠵᠢᠭᠦᠯᠬᠦ ᠬᠡᠷᠡᠭᠲᠡᠶ᠃ ᠴᠢᠬᠤᠯᠠ ᠠᠰᠠᠭᠤᠳᠠᠯ ᠢ ᠲᠣᠭᠲᠠᠭᠠᠬᠤ ᠳᠦ ᠪᠠᠲᠤᠯᠠᠯᠲᠠ ᠬᠢᠬᠦ ᠬᠡᠷᠡᠭᠲᠡᠶ᠃ ᠠᠳᠠᠯᠢ ᠪᠤᠰᠤ ᠪᠠᠶᠢᠳᠠᠯ ᠢ ᠦᠨᠳᠦᠰᠦᠯᠡᠵᠦ ᠂ ᠠᠮᠠ ᠪᠠᠷ ᠪᠠᠲᠤᠯᠠᠬᠤ᠂ ᠭᠠᠷ ᠡᠷᠭᠦᠬᠦ ᠪᠠ ᠪᠢᠯᠧᠲ᠋ ᠥᠭᠬᠦ ᠵᠡᠷᠭᠡ ᠠᠷᠭ᠎ᠠ ᠬᠡᠮᠵᠢᠶ᠎ᠡ ᠠᠪᠴᠤ ᠪᠣᠯᠣᠨ᠎ᠠ᠃ ᠲᠠᠰᠤᠯᠤᠯᠲᠠ ᠶᠢᠨ ᠦᠷ᠎ᠡ ᠳ᠋ᠦᠩ ᠪᠣᠯᠣᠨ ᠪᠠᠲᠤᠯᠠᠯᠲᠠ ᠬᠢᠬᠦ ᠠᠷᠭ᠎ᠠ ᠬᠡᠯᠪᠡᠷᠢ ᠨᠢ ᠲᠡᠮᠳᠡᠭᠯᠡᠵᠦ ᠳᠠᠩᠰᠠᠯᠠᠬᠤ ᠬᠡᠷᠡᠭᠲᠡᠶ ᠃ ᠠᠳᠠᠯᠢ ᠪᠤᠰᠤ ᠰᠠᠨᠠᠯ ᠢ ᠡᠷᠬᠡᠪᠰᠢ ᠦᠨᠡᠨ ᠮᠥᠨ ᠢᠶᠠᠷ ᠨᠢ ᠲᠡᠮᠳᠡᠭᠯᠡᠬᠦ ᠬᠡᠷᠡᠭᠲᠡᠶ ᠃ ᠴᠢᠬᠤᠯᠠ ᠠᠰᠠᠭᠤᠳᠠᠯ ᠭᠡᠳᠡᠭ ᠪᠣᠯ ᠭᠣᠣᠯᠳᠠᠭᠤ᠄ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢᠨ ᠲᠤᠬᠠᠶ ᠤᠴᠢᠷ ᠶᠠᠪᠤᠳᠠᠯ ᠢ ᠲᠣᠭᠲᠠᠭᠠᠨ᠎ᠠ ᠃ ᠬᠦᠨᠳᠦ ᠴᠢᠬᠤᠯᠠ ᠠᠵᠢᠯ ᠤᠨ ᠡᠭᠦᠷᠭᠡ ᠪᠠᠶᠢᠷᠢᠯᠠᠭᠤᠯᠬᠤ ᠃ ᠺᠠᠳ᠋ᠷ ᠶᠢᠨ ᠬᠠᠮᠢᠶᠠᠷᠤᠯᠲᠠ ᠶᠢᠨ ᠳᠦᠷᠢᠮ ᠢ ᠦᠨᠳᠦᠰᠦᠯᠡᠨ ᠺᠠᠳ᠋ᠷ ᠰᠣᠩᠭᠣᠨ ᠲᠠᠨᠢᠯᠴᠠᠭᠤᠯᠬᠤ ᠲᠣᠮᠢᠯᠠᠬᠤ ᠪᠠᠭᠤᠯᠭᠠᠬᠤ᠂ ᠳᠠᠢᠢᠴᠢᠯᠠᠵᠤ᠂ ᠱᠠᠩᠨᠠᠵᠤ ᠰᠢᠢᠳᠬᠡᠬᠦ ᠶᠢ ᠬᠠᠮᠲᠤ ᠪᠠᠷ ᠶᠠᠷᠢᠯᠴᠠᠨ ᠲᠣᠭᠲᠠᠭᠠᠬᠤ ᠬᠡᠷᠡᠭᠲᠡᠶ᠃ ᠠᠷᠠᠳ ᠣᠯᠠᠨ ᠤ ᠦᠶᠯᠡᠳᠪᠦᠷᠢᠯᠡᠯ᠂ ᠠᠮᠢᠳᠤᠷᠠᠯ ᠠᠮᠢ ᠪᠡᠶ᠎ᠡ ᠶᠢᠨ ᠠᠰᠢᠭ ᠲᠤᠰᠠ ᠲᠠᠢ ᠬᠣᠯᠪᠣᠭᠳᠠᠬᠤ ᠠᠰᠠᠭᠤᠳᠠᠯ᠂ ᠰᠢᠨ᠎ᠡ ᠨᠠᠮ ᠤᠨ ᠭᠡᠰᠢᠭᠦᠨ ᠢ ᠡᠯᠰᠡᠬᠦ ᠂ ᠳᠡᠭᠡᠳᠦ ᠱᠠᠲᠤᠨ ᠤ ᠠᠮ ᠤᠨ ᠵᠣᠬᠢᠶᠠᠨ ᠪᠠᠶᠢᠭᠤᠯᠤᠯᠲᠠ ᠲᠣᠭᠲᠠᠭᠠᠭᠰᠠᠨ ᠪᠤᠰᠤᠳ ᠠᠰᠠᠭᠤᠳᠠᠯ ᠢ ᠬᠠᠮᠲᠤ ᠪᠠᠷ ᠶᠠᠷᠢᠯᠴᠠᠨ ᠲᠣᠭᠲᠠᠭᠠᠬᠤ ᠬᠡᠷᠡᠭᠲᠡᠶ ᠃
ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠬᠤᠯᠠ ᠰᠢᠢᠳᠪᠦᠷᠢ᠂ ᠲᠣᠭᠲᠠᠭᠠᠯ ᠭᠠᠷᠭᠠᠬᠤ ᠡᠴᠡ ᠪᠠᠨ ᠡᠮᠦᠨ᠎ᠡ᠂ ᠵᠣᠬᠢᠬᠤᠠᠷᠭᠠ ᠬᠡᠯᠪᠡᠷᠢ ᠪᠡᠷ ᠵᠣᠬᠢᠬᠤ ᠬᠡᠪᠴᠢᠶᠡᠨ ᠳᠦ ᠨᠠᠮ ᠤᠨ ᠭᠡᠰᠢᠭᠦᠳ ᠤᠨ ᠰᠠᠨᠠᠯ ᠢ ᠬᠤᠷᠢᠶᠠᠬᠤ ᠬᠡᠷᠡᠭᠲᠡᠶ ᠃ ᠣᠯᠠᠩᠬᠢ ᠲᠣᠭᠠᠨ ᠤ ᠨᠠᠮ ᠤᠨ ᠭᠡᠰᠢᠭᠦᠨ ᠠᠳᠠᠯᠢ ᠪᠤᠰᠤ ᠰᠠᠨᠠᠯ ᠢᠶᠠᠨ ᠳᠤᠷᠠᠳᠬᠤ ᠪᠤᠶᠤ ᠬᠦᠨᠳᠦ ᠶᠡᠬᠡ ᠵᠥᠷᠢᠯᠳᠦᠭᠡᠨ ᠲᠠᠢ ᠪᠣᠯ᠂ ᠲᠣᠭᠲᠠᠭᠠᠯ ᠭᠠᠷᠭᠠᠬᠤ ᠪᠠᠨ ᠲᠤᠢᠷ ᠬᠣᠶᠢᠰᠢᠯᠠᠭᠤᠯᠤᠭᠠᠳ᠂ ᠴᠢᠨᠠᠭᠰᠢᠳᠠ ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠪᠠᠨ ᠰᠣᠯᠢᠯᠴᠠᠨ᠂ ᠳᠠᠷᠠᠭ᠎ᠠ ᠤᠳᠠᠭᠠᠨ ᠤ ᠬᠤᠷᠠᠯᠳᠤᠭᠠᠨ ᠳᠦ ᠳᠡᠪᠰᠢᠭᠦᠯᠵᠦ ᠪᠠᠲᠤᠯᠠᠯᠲᠠ ᠬᠢᠬᠦ ᠬᠡᠷᠡᠭᠲᠡᠶ ᠃
ᠨᠠᠮ ᠤᠨ ᠬᠣᠷᠢᠶ᠎ᠠ ᠵᠢᠴᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠂ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠠᠴᠠ ᠳᠣᠣᠷ᠎ᠠ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠲᠤᠯᠠᠬᠤ ᠪᠠᠶᠢᠳᠠᠯ ᠳᠦ ᠬᠢᠨᠠᠯᠲᠠ ᠲᠠᠯᠪᠢᠨ ᠪᠠᠶᠢᠴᠠᠭᠠᠵᠤ᠂ ᠲᠣᠭᠲᠠᠭᠠᠯ ᠶᠣᠰᠣᠭᠠᠷ ᠪᠠᠲᠤᠯᠠᠭᠰᠠᠨ ᠦᠭᠡᠢ ᠪᠠᠶᠢᠪᠠᠯ ᠵᠠᠯᠠᠷᠠᠭᠤᠯᠬᠤ ᠬᠡᠷᠡᠭᠲᠡᠶ ᠃
ᠬᠣᠷᠢᠨ ᠨᠢᠭᠡᠳᠦᠭᠡᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠨᠢ ᠰᠣᠩᠭᠣᠭᠤᠯᠢ ᠶᠠᠪᠤᠭᠤᠯᠬᠤ ᠦᠶ᠎ᠡ ᠳᠦ᠂ ᠰᠣᠩᠭᠣᠭᠴᠢᠳ ᠤᠨ ᠰᠠᠨᠠᠭ᠎ᠠ ᠶᠢ ᠪᠦᠷᠢᠨ ᠬᠠᠷᠠᠭᠤᠯᠬᠤ ᠬᠡᠷᠡᠭᠲᠡᠶ᠃ ᠰᠣᠩᠭᠣᠬᠤ ᠳᠠᠭᠠᠨ ᠨᠢᠭᠤᠴᠠ ᠰᠣᠩᠭᠣᠭᠤᠯᠢ ᠶᠢᠨ ᠠᠷᠭ᠎ᠠ ᠶᠢ ᠬᠡᠷᠡᠭᠯᠡᠨ᠎ᠡ᠃ ᠵᠢᠱᠢᠭᠳᠡᠭᠰᠡᠳ ᠤᠨ ᠨᠡᠷᠡᠰ ᠢ ᠨᠠᠮ ᠤᠨ ᠵᠣᠬᠢᠶᠠᠨ ᠪᠠᠶᠢᠭᠤᠯᠤᠯᠲᠠ ᠪᠠ ᠰᠣᠩᠭᠣᠭᠰᠠᠳ ᠭᠦᠢᠴᠡᠳ ᠵᠥᠪᠳᠡᠨ ᠶᠠᠷᠢᠯᠴᠠᠬᠤ ᠬᠡᠷᠡᠭᠲᠡᠶ᠂ ᠰᠣᠩᠭᠣᠭᠰᠠᠳ ᠨᠢ ᠵᠢᠱᠢᠭᠳᠡᠭᠰᠡᠳ ᠤᠨ ᠪᠠᠶᠢᠳᠠᠯ ᠢ ᠲᠠᠨᠢᠯᠴᠠᠭᠤᠯᠬᠤ ᠪᠣᠯᠣᠨ᠎ᠠ᠃ ᠵᠢᠱᠢᠭᠳᠡᠭᠰᠡᠳ ᠢ ᠵᠥᠪᠰᠢᠶᠡᠷᠡᠬᠦ ᠫᠢᠶᠣᠣ ᠥᠭᠴᠦ ᠪᠣᠯᠣᠨ᠎ᠠ᠂ ᠵᠥᠪᠰᠢᠶᠡᠷᠡᠬᠦ ᠦᠭᠡᠢ ᠫᠢᠶᠣᠣ ᠥᠭᠴᠦ ᠴᠦ ᠪᠣᠯᠣᠨ᠎ᠠ᠂ ᠰᠣᠩᠭᠣᠬᠤ ᠡᠷᠬᠡ ᠪᠠᠨ ᠬᠠᠶᠠᠵᠤ ᠴᠤ ᠪᠣᠯᠣᠨ᠎ᠠ᠃ ᠵᠥᠪᠰᠢᠶᠡᠷᠡᠬᠦ ᠦᠭᠡᠢ ᠫᠢᠶᠣᠣ ᠥᠭᠭᠦᠭᠴᠢᠳ ᠥᠭᠡᠷ᠎ᠡ ᠬᠥᠮᠦᠨ ᠢ ᠰᠣᠩᠭᠣᠵᠤ ᠪᠣᠯᠣᠨ᠎ᠠ ᠃
ᠶᠠᠮᠠᠷᠪᠠ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠬᠡᠰᠢᠭᠦᠨ ᠨᠢ ᠨᠠᠮ ᠤᠨ ᠭᠡᠰᠢᠭᠦᠨ ᠦ ᠨᠠᠮ ᠤᠨ ᠳᠣᠲᠣᠭᠠᠳᠤ ᠶᠢᠨ ᠪᠡᠶ᠎ᠡ ᠪᠠᠨ ᠳᠠᠭᠠᠭᠠᠵᠤ ᠰᠣᠩᠭᠣᠬᠤ ᠡᠷᠬᠡ ᠪᠠ ᠰᠣᠩᠭᠣᠭᠳᠠᠬᠤ ᠡᠷᠬᠡ ᠶᠢ ᠶᠠᠮᠠᠷ ᠴᠤ ᠬᠡᠯᠪᠡᠷᠢ ᠪᠡᠷ ᠬᠠᠷᠰᠢᠯᠠᠵᠤ ᠪᠣᠯᠬᠤ ᠦᠭᠡᠢ᠂ ᠰᠣᠩᠭᠣᠬᠤ ᠡᠷᠬᠡ ᠪᠠ ᠰᠣᠩᠭᠣᠭᠳᠠᠬᠤ ᠡᠷᠬᠡ ᠲᠡᠶ ᠬᠥᠮᠦᠨ ᠢᠷᠡᠬᠦ ᠶᠢ ᠬᠤᠷᠢᠭᠯᠵᠤ ᠪᠣᠯᠬᠤ ᠦᠭᠡᠢ᠂ ᠶᠠᠮᠠᠷ ᠨᠢᠭᠡᠨ ᠬᠥᠮᠦᠨ ᠢ ᠰᠣᠩᠭᠣᠭᠤᠯᠬᠤ ᠪᠤᠶᠤ ᠰᠣᠩᠭᠣᠭᠤᠯᠬᠤ ᠦᠭᠡᠢ ᠭᠡᠵᠦ ᠰᠣᠩᠭᠣᠭᠰᠠᠳ ᠢ ᠠᠯᠪᠠᠳᠠᠵᠤ ᠪᠣᠯᠬᠤ ᠦᠭᠡᠢ ᠂ ᠰᠣᠩᠭᠣᠭᠤᠯᠢ ᠶᠢᠨ ᠵᠣᠬᠢᠶᠠᠨ ᠪᠠᠶᠢᠭᠤᠯᠤᠯᠲᠠ ᠶᠢᠨ ᠪᠤᠰᠤ ᠠᠵᠢᠯᠯᠠᠭ᠎ᠠ ᠶᠢ ᠬᠠᠷᠰᠢᠯᠠᠬᠤ ᠠᠵᠢᠯᠯᠠᠭ᠎ᠠ ᠬᠢᠵᠦ ᠪᠣᠯᠬᠤ ᠦᠭᠡᠢ᠂ ᠶᠠᠮᠠᠷᠪᠠ ᠬᠡᠯᠪᠡᠷᠢ ᠪᠡᠷ ᠰᠣᠩᠭᠣᠭᠴᠢᠳ ᠤᠨ ᠫᠢᠶᠣᠣ ᠶᠢ ᠨᠡᠬᠡᠮᠵᠢᠯᠡᠨ ᠪᠠᠶᠢᠴᠠ ᠪᠣᠯᠬᠤ ᠦᠭᠡᠢ᠃
ᠬᠣᠷᠢᠨ ᠬᠣᠶᠠᠳᠤᠭᠠᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠭᠡᠰᠢᠭᠦᠨ ᠳᠦ ᠰᠢᠳᠬᠡᠯ ᠥᠭᠬᠦ ᠲᠣᠭᠲᠠᠭᠠᠯ ᠤᠨ ᠪᠠᠷᠢᠮᠲᠠ ᠪᠣᠯᠭᠠᠭᠰᠠᠨ ᠪᠣᠳᠠᠲᠤ ᠮᠠᠲ᠋ᠧᠷᠢᠶᠠᠯ ᠪᠠ ᠰᠢᠳᠬᠡᠯ ᠥᠭᠬᠦ ᠲᠣᠭᠲᠠᠭᠠᠯ ᠢ ᠡᠷᠬᠡᠪᠰᠢ ᠲᠤᠰ ᠬᠥᠮᠦᠨ ᠳᠦᠨᠢ ᠦᠵᠡᠭᠦᠯᠵᠦ᠂ ᠲᠤᠰ ᠬᠥᠮᠦᠨ ᠦ ᠪᠠᠶᠢᠳᠠᠯ ᠢᠶᠠᠨ ᠬᠡᠯᠡᠵᠦ ᠲᠣᠳᠣᠷᠬᠠᠶᠢᠯᠠᠬᠤ ᠪᠠ ᠬᠠᠷᠢᠭᠤ ᠲᠠᠶᠢᠯᠪᠤᠷᠢᠯᠠᠬᠤ ᠶᠢ ᠨᠢ ᠰᠣᠨᠣᠰᠬᠤ ᠬᠡᠷᠡᠭᠲᠡᠶ᠃ ᠨᠠᠮ ᠤᠨ ᠭᠡᠰᠢᠭᠦᠨ ᠦ ᠵᠥᠪᠲᠦᠭᠡᠨ ᠲᠣᠳᠣᠷᠬᠠᠶᠢᠯᠠᠬᠤ ᠪᠠ ᠪᠤᠰᠤᠳ ᠨᠠᠮ ᠤᠨ ᠭᠡᠰᠢᠭᠦᠨ ᠲᠡᠭᠦᠨ ᠳᠦ ᠬᠢᠭᠰᠡᠨ ᠭᠡᠷᠡᠴᠢ᠂ ᠬᠣᠯᠪᠤᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯᠲᠠ ᠨᠠᠷᠢᠨ ᠬᠢᠨᠠᠮᠠᠭᠠᠶ ᠰᠣᠨᠣᠰᠴᠤ ᠂ ᠦᠨᠡᠨ ᠮᠥᠨ ᠢᠶᠠᠷ ᠨᠢ ᠲᠡᠮᠳᠡᠭᠯᠡᠬᠦ ᠪᠥᠭᠡᠳ ᠤᠯᠠᠮ ᠨᠢᠭᠡ ᠠᠯᠬᠤᠮ ᠬᠢᠨᠠᠨ ᠬᠠᠷᠭᠤᠭᠤᠯᠬᠤ᠂ ᠵᠦᠢ ᠵᠣᠬᠢᠰᠲᠠᠶ ᠰᠠᠨᠠᠯ ᠢ ᠰᠣᠨᠣᠰᠣᠨ᠎ᠠ ᠃ ᠡᠷᠡᠭᠯᠡᠭᠰᠡᠨ ᠥᠬᠡᠶ ᠪᠠᠶᠢᠪᠠᠯ᠂ ᠲᠤᠰ ᠬᠥᠮᠦᠨ ᠦ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ ᠃ ᠨᠠᠮ ᠤᠨ ᠭᠡᠰᠢᠭᠦᠨ ᠦᠨᠡᠨ ᠬᠡᠷᠡᠭ ᠡᠴᠡ ᠵᠥᠪ ᠢ ᠡᠷᠢᠵᠦ᠂ ᠥᠮᠥᠭᠯᠡᠨ᠂ ᠭᠡᠷᠡᠴᠢᠯᠡᠵᠦ᠂ ᠡᠷᠬᠡᠪᠰᠢ ᠬᠠᠮᠠᠭᠠᠯᠠᠯᠲᠠ ᠶᠢ ᠣᠯᠬᠣᠬᠡᠷᠡᠭᠲᠡᠶ ᠃ ᠰᠢᠢᠳᠬᠡᠯ ᠥᠭᠬᠦ ᠲᠣᠭᠲᠠᠭᠠᠯ ᠳᠠᠭᠠᠨ ᠨᠠᠮ ᠤᠨ ᠭᠡᠰᠢᠭᠦᠨ ᠳᠦ ᠭᠣᠮᠣᠳᠠᠯ ᠲᠣᠭᠠᠴᠢᠬᠤ ᠡᠷᠬᠡ ᠲᠡᠶ ᠪᠠ ᠭᠣᠮᠣᠳᠠᠯ ᠲᠣᠭᠠᠴᠢᠯᠲᠠ ᠶᠢ ᠬᠦᠯᠢᠶᠡᠨ ᠠᠪᠴᠤ ᠰᠢᠢᠳᠪᠦᠷᠢᠯᠡᠬᠦ ᠵᠣᠬᠢᠶᠠᠨ ᠪᠠᠶᠢᠭᠤᠯᠤᠯᠲᠠ ᠵᠡᠷᠭᠡ ᠠᠭᠤᠯᠭ᠎ᠠ ᠶᠢ ᠲᠣᠳᠣᠷᠬᠠᠢ ᠪᠢᠴᠢᠬᠦ ᠬᠡᠷᠡᠭᠲᠡᠢ ᠪᠥᠭᠡᠳ ᠰᠢᠢᠳᠬᠡᠯ ᠣᠯᠤᠭᠰᠠᠨ ᠨᠠᠮ ᠤᠨ ᠭᠡᠰᠢᠭᠦᠨ ᠢᠶᠠᠷ ᠰᠠᠨᠠᠯ ᠢ ᠨᠢ ᠪᠢᠴᠢᠭᠦᠯᠬᠦ ᠬᠡᠷᠡᠭᠲᠡᠢ᠃ ᠲᠤᠰ ᠬᠥᠮᠦᠨ ᠨᠢ ᠰᠢᠳᠬᠡᠯ ᠥᠭᠬᠦ ᠲᠣᠭᠲᠠᠭᠠᠯ ᠳᠦ ᠠᠳᠠᠯᠢ ᠪᠤᠰᠤ ᠰᠠᠨᠠᠯ ᠲᠠᠢ ᠭᠣᠮᠣᠳᠠᠯ ᠲᠣᠭᠠᠴᠢᠵᠤ ᠪᠣᠯᠣᠨ᠎ᠠ᠃ ᠲᠡᠪᠴᠢᠭᠰᠡᠨ ᠪᠠᠶᠢᠪᠠᠯ᠂ ᠭᠠᠷ ᠤᠨ ᠦᠰᠦᠭ ᠵᠢᠷᠤᠵᠤ ᠰᠠᠨᠠᠯ ᠢᠶᠠᠨ ᠪᠢᠴᠢᠬᠦ ᠪᠤᠶᠤ ᠪᠤᠰᠤᠳ ᠰᠢᠯᠲᠠᠭᠠᠨ ᠡᠴᠡ ᠪᠤᠯᠵᠤ ᠭᠠᠷ ᠤᠨ ᠦᠰᠦᠭ ᠵᠢᠷᠤᠵᠤ ᠰᠠᠨᠠᠯ ᠢᠶᠠᠨ ᠢᠯᠡᠳᠬᠡᠨ᠂ ᠨᠠᠮ ᠤᠨ ᠵᠣᠬᠢᠶᠠᠨ ᠪᠠᠶᠢᠭᠤᠯᠤᠯᠲᠠ ᠰᠢᠶᠳᠪᠦᠷᠢᠯᠡᠭᠰᠡᠨ ᠲᠣᠭᠲᠠᠭᠠᠯ ᠳᠡᠭᠡᠷ᠎ᠡ ᠨᠢ ᠲᠣᠳᠣᠷᠬᠠᠶᠢᠯᠠᠬᠤ ᠬᠡᠷᠡᠭᠲᠡᠶ ᠃
ᠬᠣᠷᠢᠨ ᠭᠣᠷᠪᠠᠳᠤᠭᠠᠷ ᠵᠦᠢᠯ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠣᠯᠤᠭᠰᠠᠨ ᠨᠠᠮ ᠤᠨ ᠭᠡᠰᠢᠭᠦᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠯᠳᠠᠭ᠎ᠠ ᠪᠤᠷᠤᠭᠤ ᠪᠠᠨ ᠵᠥᠪ ᠣᠨᠣᠪᠴᠢᠲᠠᠢ ᠲᠠᠨᠢᠵᠤ ᠵᠠᠯᠠᠷᠠᠭᠤᠯᠬᠤ ᠳᠤ ᠨᠢ ᠬᠠᠪᠰᠤᠷᠬᠤ ᠬᠡᠷᠡᠭᠲᠡᠶ ᠃ ᠨᠠᠮ ᠳᠦ ᠪᠠᠶᠢᠯᠭᠠᠵᠤ ᠬᠢᠨᠠᠨ ᠦᠵᠡᠬᠦ ᠰᠢᠳᠬᠡᠯ ᠣᠯᠤᠭᠰᠠᠨ ᠨᠠᠮ ᠤᠨ ᠭᠡᠰᠢᠭᠦᠨ᠂ ᠨᠠᠮ ᠳᠦ ᠪᠠᠶᠢᠯᠭᠠᠵᠤ ᠬᠢᠨᠠᠨ ᠦᠵᠡᠬᠦ ᠬᠤᠭᠤᠴᠠᠭᠠᠨ ᠳᠦ ᠠᠯᠳᠠᠭ᠎ᠠ ᠪᠠᠨ ᠦᠨᠡᠨ ᠬᠦ ᠬᠠᠯᠠᠭᠰᠠᠨ ᠪᠠᠢᠢᠪᠠᠯ᠂ ᠬᠤᠭᠤᠴᠠᠭ᠎ᠠ ᠨᠢ ᠳᠦᠭᠦᠷᠦᠭᠰᠡᠨ ᠦ ᠲᠠᠷᠠᠭ᠎ᠠ ᠨᠠᠮ ᠤᠨ ᠭᠡᠰᠢᠭᠦᠨ ᠦ ᠡᠷᠬᠡ ᠶᠢ ᠨᠢ ᠰᠡᠷᠭᠦᠭᠡᠬᠦ ᠬᠡᠷᠡᠭᠲᠡᠶ᠃ ᠠᠯᠳᠠᠭ᠎ᠠ ᠪᠠᠨ ᠪᠠᠷᠢᠮᠲᠠᠯᠠᠭᠠᠳ ᠬᠠᠯᠠᠬᠤ ᠤᠢᠭᠡᠢ ᠪᠠᠶᠢᠪᠠᠯ ᠠᠯᠳᠠᠭ᠎ᠠ ᠪᠤᠶᠤ ᠪᠤᠰᠤᠳ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠬᠡᠷᠡᠭᠲᠡᠢ ᠠᠯᠳᠠᠭ᠎ᠠ ᠪᠣᠷᠤᠭᠤ ᠶᠢ ᠣᠯᠵᠤ ᠮᠡᠳᠡᠭᠰᠡᠨ ᠪᠠᠶᠢᠪᠠᠯ᠂ ᠲᠡᠭᠦᠨ ᠢ ᠨᠠᠮ ᠡᠴᠡ ᠬᠥᠭᠡᠭᠡᠵᠦ ᠭᠠᠷᠭᠠᠬᠤ ᠬᠡᠷᠡᠭᠲᠡᠶ ᠃
ᠬᠣᠷᠢᠨ ᠳᠥᠷᠪᠡᠳᠦᠭᠡᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠭᠡᠰᠢᠭᠦᠨ ᠦ ᠭᠣᠮᠣᠳᠠᠯ ᠲᠣᠭᠠᠴᠢᠯᠲᠠ ᠶᠢ ᠬᠢᠨᠠᠮᠠᠭᠠᠶ ᠰᠢᠶᠳᠪᠦᠷᠢᠯᠡᠬᠦ ᠬᠡᠷᠡᠭᠲᠡᠶ ᠃ ᠨᠠᠮ ᠤᠨᠬᠡᠰᠢᠭᠦᠨ ᠦ ᠭᠣᠮᠣᠳᠠᠯ ᠲᠣᠭᠠᠴᠢᠬᠤ ᠶᠢ ᠬᠣᠯᠪᠣᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯᠲᠠ ᠡᠴᠡ ᠲᠣᠭᠲᠠᠭᠠᠯ ᠶᠣᠰᠣᠭᠠᠷ ᠲᠡᠬᠢᠠ ᠵᠦᠪᠯᠡᠵᠦ᠂ ᠲᠠᠬᠢᠨ ᠪᠠᠢᠢᠴᠠᠭᠠᠨ᠂ ᠳᠠᠷᠤᠵᠤ ᠲᠠᠯᠪᠢᠵᠤ ᠪᠣᠯᠬᠤ ᠤᠢᠭᠡᠢ᠃ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠴᠢᠬᠤᠯᠠ ᠲᠠᠢ ᠭᠡᠵᠦ ᠦᠵᠡᠪᠡᠯ᠂ ᠰᠢᠭᠤᠳ ᠪᠤᠶᠤ ᠬᠣᠯᠪᠣᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯᠲᠠ ᠳᠠᠪᠲᠠᠨ ᠶᠠᠷᠢᠯᠴᠠᠬᠤ᠂ ᠲᠠᠬᠢᠨ ᠪᠠᠶᠢᠴᠠᠭᠠᠵᠦ ᠪᠣᠯᠣᠨ᠎ᠠ᠃ ᠳᠠᠬᠢᠨ ᠵᠥᠪᠯᠡᠬᠦ᠂ ᠳᠠᠪᠲᠠᠨ ᠪᠠᠶᠢᠴᠠᠭᠠᠬᠤ ᠪᠤᠶᠤ ᠬᠢᠨᠠᠨ ᠪᠠᠶᠢᠴᠠᠭᠠᠭᠰᠠᠨ ᠲᠣᠭᠲᠠᠭᠠᠯ ᠪᠦᠬᠦᠨ ᠢᠶᠠᠷ ᠨᠢ ᠪᠤᠶᠤ ᠬᠡᠰᠡᠭ ᠢᠶᠠᠷ ᠨᠢ ᠵᠠᠯᠠᠷᠠᠭᠤᠯᠬᠤ ᠬᠡᠷᠡᠭ᠂ ᠰᠢᠨ᠎ᠡ ᠪᠡᠷ ᠭᠠᠷᠭᠠᠭᠰᠠᠨ ᠲᠣᠭᠲᠠᠭᠠᠯ ᠨᠢ ᠵᠣᠬᠢᠬᠤ ᠬᠡᠪᠴᠢᠶᠡᠨ ᠳᠣᠲᠣᠷ᠎ᠠ ᠵᠠᠷᠯᠠᠬᠤ ᠬᠡᠷᠡᠭᠲᠡᠶ᠃ ᠰᠢᠢᠳᠪᠦᠷᠢᠯᠡᠭᠰᠡᠨ ᠨᠢ ᠵᠥᠪ ᠪᠠᠢᠢᠬᠤ ᠳᠤ ᠲᠤᠰ ᠬᠥᠮᠦᠨ ᠨᠢ ᠥᠯᠥ ᠬᠦᠯᠢᠶᠡᠨ ᠠᠪᠬᠤ ᠳᠦ ᠬᠦᠷᠪᠡᠯ᠂ ᠰᠢᠭᠦᠮᠵᠢᠯᠡᠨ ᠰᠤᠷᠭᠠᠬᠤ ᠬᠡᠷᠡᠭᠲᠡᠢ᠃ ᠵᠦᠢ ᠶᠣᠰᠣᠨ ᠤ ᠤᠴᠢᠷ ᠰᠢᠯᠲᠠᠭᠠᠨ ᠦᠭᠡᠢ ᠪᠡᠷ ᠳᠠᠬᠢᠨ ᠳᠠᠪᠲᠠᠨ ᠭᠣᠮᠣᠳᠠᠯ ᠲᠣᠭᠠᠴᠢᠭᠰᠠᠨ ᠪᠠᠶᠢᠪᠠᠯ᠂ ᠬᠣᠯᠪᠣᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯᠲᠠ ᠠᠯᠪᠠᠨ ᠶᠣᠰᠣᠭᠠᠷ ᠮᠡᠳᠡᠭᠳᠡᠯ ᠪᠠᠭᠤᠯᠭᠠᠨ ᠲᠤᠰ ᠬᠥᠮᠦᠨ ᠨᠢ ᠳᠠᠬᠢᠵᠤ ᠬᠦᠯᠢᠶᠡᠨ ᠠᠪᠴᠤ ᠰᠢᠶᠳᠪᠦᠷᠢᠯᠡᠬᠦ ᠦᠭᠡᠢ ᠪᠥᠭᠡᠳ ᠵᠣᠬᠢᠬᠤ ᠬᠡᠪᠴᠢᠶᠡᠨ ᠳᠣᠲᠣᠷ᠎ᠠ ᠵᠠᠷᠯᠠᠬᠤ ᠬᠡᠷᠡᠭᠲᠡᠶ ᠃<span style="fo