ᠢᠯᠵᠠᠷᠠᠯ ᠡᠴᠡ ᠵᠢᠷᠦᠬᠡᠰᠢᠶᠡᠬᠦ ᠬᠠᠷᠠᠯᠲᠠ ᠶᠢ ᠠᠩᠬ᠎ᠠ ᠠᠯᠬᠤᠮ ᠪᠡᠶᠡᠯᠡᠭᠳᠡᠪᠡ
ᠤᠯᠤᠰ ᠢ ᠵᠠᠰᠠᠬᠤ ᠳᠤ ᠡᠷᠬᠡᠪᠰᠢ ᠤᠷᠢᠳᠠᠪᠠᠷ ᠨᠠᠮ ᠢ ᠵᠠᠰᠠᠬᠤ ᠬᠡᠷᠡᠭᠲᠡᠶ ᠂ ᠨᠠᠮ ᠢ ᠵᠠᠰᠠᠬᠤ ᠳᠤ ᠡᠷᠬᠡᠪᠰᠢ ᠴᠢᠩᠭ᠎ᠠ ᠪᠠᠶᠢᠬᠤ ᠬᠡᠷᠡᠭᠲᠡᠶ ᠃ ᠠᠷᠢᠭᠤᠨ ᠴᠢᠬᠡᠴᠢ ᠤᠯᠤᠰ ᠲᠦᠷᠦ ᠶᠢ ᠪᠠᠶᠢᠭᠤᠯᠬᠤ᠂ ᠢᠯᠵᠠᠷᠠᠯ ᠢ ᠡᠷᠡᠰ ᠡᠰᠡᠷᠭᠦᠴᠡᠵᠦ᠂ ᠬᠡᠷᠡᠭ ᠪᠠᠶᠢᠪᠠᠯ ᠵᠠᠪᠠᠯ ᠪᠠᠶᠢᠴᠠᠭᠠᠬᠤ᠂ ᠢᠯᠵᠠᠷᠠᠯ ᠪᠠᠶᠢᠪᠠᠯ ᠵᠠᠪᠠᠯ ᠵᠠᠯᠬᠠᠭᠠᠬᠤ ᠶᠢ ᠪᠠᠷᠢᠮᠲᠠᠯᠠᠵᠤ᠂ ᠨᠠᠮ ᠤᠨ ᠳᠣᠲᠣᠭᠠᠳᠤ ᠳᠤ ᠢᠯᠵᠠᠷᠠᠮᠠᠯ ᠤᠨ ᠡᠲᠡᠭᠡᠳ ᠢ ᠶᠠᠮᠠᠷ ᠴᠤ ᠨᠢᠭᠤᠨ ᠳᠠᠯᠳᠠᠯᠠᠬᠤ ᠭᠠᠵᠠᠷ ᠪᠠᠶᠢᠬᠤ ᠶᠢ ᠢᠮᠠᠭᠲᠠ ᠪᠠᠲᠤᠯᠠᠵᠤ ᠂ ᠨᠠᠮ ᠤᠨ ᠪᠡᠶ᠎ᠡ ᠴᠣᠭᠴᠠ ᠶᠢᠨ ᠡᠷᠡᠭᠦᠯ ᠮᠠᠨᠳᠤ ᠪᠠ ᠡᠩᠨᠡᠭᠡᠨ ᠦ ᠴᠡᠪᠡᠷ ᠴᠢᠬᠡᠴᠢ ᠪᠠᠶᠢᠬᠤ ᠶᠢ ᠪᠠᠲᠤᠯᠠᠬᠤ ᠬᠡᠷᠡᠭᠲᠡᠶ ᠃
2012 ᠣᠨ ᠳᠤ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠰᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠢᠯᠵᠠᠷᠠᠯ ᠤᠨ ᠦᠵᠡᠭᠳᠡᠯ ᠦᠨ ᠳᠡᠯᠭᠡᠷᠡᠬᠦ ᠶᠢ ᠡᠷᠡᠰ ᠬᠣᠷᠢᠭᠯᠠᠬᠤ ᠲᠤᠬᠠᠶ ᠨᠠᠮ ᠤᠨ ᠲᠥᠪ ᠬᠣᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶ᠋ᠢ ᠲᠤᠤᠱᠠᠯᠠᠭᠤᠯᠵᠤ᠂ ᠨᠠᠮ ᠪᠠ ᠤᠯᠤᠰ ᠣᠷᠣᠨ ᠤ ᠮᠠᠨᠳᠤᠵᠤ ᠮᠥᠬᠥᠬᠦ ᠶᠢᠨ ᠳᠡᠭᠡᠳᠦ ᠬᠡᠮᠵᠢᠶᠡᠨ ᠤ ᠬᠠᠷᠢᠴᠠᠭᠠᠨ ᠡᠴᠠ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠵᠤ᠂ 《ᠬᠣᠷᠢᠭᠠᠲᠤ ᠣᠷᠣᠨ ᠪᠠᠶᠢᠬᠤ ᠦᠭᠡᠢ ᠂ ᠪᠦᠬᠦᠨ ᠢ ᠬᠠᠮᠤᠷᠤᠭᠰᠠᠨ᠂ ᠲᠡᠭ ᠬᠦᠯᠢᠴᠡᠯ 》 ᠪᠠᠶᠢᠬᠤ ᠶ᠋ᠢ ᠪᠠᠷᠢᠮᠲᠠᠯᠠᠵᠦ᠂ ᠳᠣᠭᠰᠢᠨ ᠡᠮ ᠢᠶᠡᠷ ᠠᠷᠬᠠᠭ ᠵᠠᠰᠠᠬᠤ᠂ ᠬᠦᠨᠳᠦ ᠡᠷᠡᠭᠦᠦ ᠪᠡᠷ ᠰᠠᠮᠠᠭᠤᠨ ᠢ ᠵᠠᠰᠠᠬᠤ ᠡᠷᠡᠰ ᠵᠣᠷᠢᠭ ᠢᠶᠠᠷ ᠶᠠᠰᠤ ᠪᠠᠨ ᠬᠤᠰᠤᠵᠤ ᠬᠣᠣᠷ ᠢ ᠠᠷᠢᠯᠭᠠᠬᠤ᠂ ᠪᠠᠭᠠᠲᠤᠷ ᠡᠷ᠎ᠡ ᠪᠠᠭᠤᠤ ᠪᠠᠨ ᠴᠠᠪᠴᠢᠬᠤ ᠰᠥᠰᠥ ᠵᠣᠷᠢᠭ ᠲᠠᠢ ᠪᠠᠶᠢᠵᠦ᠂ ᠦᠨᠡᠨᠬᠦ 《ᠥᠴᠦᠬᠡᠨ ᠴᠦ ᠥᠯᠥ ᠬᠦᠯᠢᠴᠡᠬᠦ 》 ᠣᠪᠣᠷ ᠢᠶᠠᠷ ᠬᠤᠪᠢᠷᠠᠰᠢ ᠤᠢᠭᠡᠢ ᠪᠠᠶᠢᠵᠦ᠂ ᠬᠦᠴᠦᠲᠡᠶ ᠡᠮ ᠢᠶ᠋ᠡᠷ ᠡᠪᠡᠳᠴᠢᠨ ᠡᠮᠨᠡᠬᠦ᠂ ᠶᠠᠰᠤ ᠶᠢ ᠬᠤᠰᠤᠨ ᠬᠣᠸᠷ ᠢ ᠠᠷᠢᠯᠭᠠᠬᠤ ᠰᠥᠰᠥ ᠵᠣᠷᠢᠭ᠂ ᠪᠠᠷᠢᠮᠵᠢᠶ᠎ᠠ ᠱᠠᠭᠠᠷᠳᠠᠯᠭ᠎ᠠ ᠪᠠᠨ ᠪᠠᠭᠤᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠨᠢᠭᠡ ᠶ᠋ᠢ ᠢᠯᠡᠷᠡᠬᠦᠯᠪᠡᠯ ᠨᠢᠭᠡ ᠶ᠋ᠢ ᠪᠠᠶᠢᠴᠠᠭᠠᠨ ᠵᠠᠯᠬᠠᠭᠠᠵᠤ᠂ ᠬᠡᠳᠦᠶ ᠶᠢ ᠣᠯᠵᠤ ᠢᠯᠡᠷᠡᠭᠦᠯᠪᠡᠯ ᠬᠡᠳᠦᠶ ᠶᠢ ᠪᠠᠶᠢᠴᠠᠭᠠᠨ ᠰᠢᠶᠳᠪᠦᠷᠢᠯᠡᠵᠦ ᠂ ᠬᠣᠷᠣᠬᠠᠶᠢᠲᠤᠭᠰᠠᠨ ᠮᠣᠳᠣ ᠶᠢ ᠵᠠᠰᠠᠵᠤ᠂ ᠢᠯᠵᠢᠷᠡᠭᠰᠡᠨ ᠮᠣᠳᠣ ᠶᠢ ᠦᠭᠲᠡᠭᠡᠵᠦ᠂ ᠢᠯᠵᠠᠷᠠᠮᠠᠯ ᠡᠲᠡᠭᠡᠳ ᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠢᠯᠵᠠᠷᠠᠬᠤ ᠵᠣᠷᠢᠭ ᠦᠭᠡᠢ ᠪᠣᠯᠭᠠᠬᠤ ᠠᠭᠤᠷ ᠠᠮᠢᠰᠬᠤᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠬᠡᠳᠦᠨ ᠵᠢᠯ ᠦᠨ ᠴᠢᠷᠮᠠᠶᠢᠯᠭ᠎ᠠ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠢᠯᠵᠠᠷᠠᠮᠠᠯ ᠢ ᠡᠰᠡᠷᠭᠦᠴᠡᠬᠦ ᠲᠡᠮᠡᠴᠡᠯ ᠦᠨ ᠳᠡᠶᠢᠯᠦᠩᠭᠦᠢ ᠪᠠᠶᠢᠳᠠᠯ ᠨᠢᠭᠡᠨᠲᠡ ᠪᠦᠷᠢᠯᠳᠦᠭᠰᠡᠨ ᠪᠠᠶᠢᠨ᠎ᠠ ᠃
ᠨᠢᠭᠡ ᠳᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠨᠠᠮ ᠢ ᠴᠢᠩᠭ᠎ᠠ ᠵᠠᠰᠠᠬᠤ ᠭᠣᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠦᠷᠢᠵᠢᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠠᠵᠢᠯ ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠨᠠᠮ ᠤᠨ ᠬᠣᠷᠢᠶᠠᠨ ᠤ ᠭᠣᠣᠯ ᠤᠳᠤᠷᠢᠳᠬᠤ ᠨᠥᠬᠥᠳ ᠡᠴᠠᠬᠡᠷᠡᠭ ᠢ ᠪᠠᠶᠢᠴᠠᠭᠠᠨ ᠰᠢᠶᠳᠪᠦᠷᠢᠯᠡᠬᠦ ᠠᠵᠢᠯ ᠢ ᠨᠡᠩᠳᠠ ᠴᠢᠬᠤᠯᠠᠴᠢᠯᠠᠨ᠂ ᠵᠢᠯ ᠪᠦᠷᠢ ᠨᠠᠭᠠᠳᠤ ᠵᠠᠬ᠎ᠠ ᠳᠠᠭᠠᠨ ᠬᠣᠶᠠᠷ ᠤᠳᠠᠭᠠᠨ ᠤ ᠬᠡᠷᠡᠭ ᠦᠨ ᠰᠦᠪᠡᠭᠴᠢ ᠶᠢᠨ ᠲᠤᠬᠠᠶ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠠᠵᠢᠯ ᠤᠨ ᠮᠡᠳᠡᠭᠦᠯᠦᠯᠲᠡ ᠶᠢ ᠰᠤᠨᠤᠰᠬᠤ ᠶ᠋ᠢᠨ ᠬᠠᠮᠲᠤ ᠴᠢᠬᠤᠯᠠ ᠶᠡᠬᠡ ᠬᠡᠷᠡᠭ ᠶ᠋ᠢᠨ ᠬᠠᠷᠢᠭᠤ ᠮᠡᠳᠡᠭᠦᠯᠦᠯᠲᠡ ᠶᠢ ᠴᠠᠭ ᠲᠤᠬᠠᠢ ᠳ᠋ᠤᠨᠢ ᠬᠦᠯᠢᠶᠡᠨ ᠰᠣᠨᠣᠰᠴᠤ᠂ ᠵᠢᠯᠣᠭᠣᠳᠬᠤ ᠲᠦᠷᠢᠮ ᠢ ᠶᠠᠪᠤᠭᠳᠠᠭᠤᠯᠵᠤ᠂ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠴᠢᠩᠭ᠎ᠠ ᠵᠠᠰᠠᠬᠤ ᠴᠢᠭᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠪᠠᠶᠢᠨ᠎ᠠ᠃ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠣᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ ᠠᠪᠴᠤ᠂ ᠤᠳᠤᠷᠢᠳᠤᠯᠭ᠎ᠠ ᠶ᠋ᠢᠨ ᠲᠣᠭᠣᠷᠢᠨ ᠪᠠᠶᠢᠴᠠᠭᠠᠬᠤ ᠠᠵᠢᠯ ᠢ ᠲᠤᠪᠤᠢᠢᠮ᠎ᠠ ᠪᠠᠶᠢᠷᠢᠨ ᠳᠤ ᠲᠠᠯᠪᠢᠵᠤ ᠠᠳᠬᠤᠭᠰᠠᠨ ᠪᠠᠶᠢᠨ᠎ᠠ ᠃ ᠨᠠᠮ ᠤᠨ ᠬᠤᠷᠢᠶᠠᠨ ᠤ ᠱᠦᠵᠢ ᠡᠴᠠ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠪᠠᠶᠢᠩᠭᠤ ᠶᠢᠨ ᠬᠣᠷᠢᠶᠠᠨ ᠤ ᠱᠦᠵᠢ ᠨᠡᠷ ᠤᠨ ᠲᠤᠰᠬᠠᠶ ᠰᠡᠳᠦᠪ ᠦᠨ ᠭᠣᠣᠯ ᠳᠤᠭᠤᠶᠢᠯᠠᠩ ᠤᠨ ᠰᠤᠷᠤᠯᠴᠠᠬᠤ ᠬᠤᠷᠠᠯ ᠢ ᠲᠤᠰᠬᠠᠶᠢᠯᠠᠨ ᠵᠤᠬᠢᠶᠠᠨ ᠪᠠᠶᠢᠭᠤᠯᠵᠤ ᠲᠤᠭᠤᠷᠢᠨ ᠪᠠᠶᠢᠴᠠᠭᠠᠬᠤ ᠠᠵᠢᠯ ᠢ ᠰᠤᠳᠤᠯᠤᠨ ᠶᠠᠷᠢᠯᠴᠠᠭᠰᠠᠨ ᠪᠠᠶᠢᠨ᠎ᠠ᠃ ᠣᠯᠠᠨ ᠤᠳᠠᠭ᠎ᠠ ᠲᠣᠭᠣᠷᠢᠨ ᠪᠠᠶᠢᠴᠠᠭᠠᠬᠤ ᠠᠵᠢᠯ ᠤᠨ ᠲᠤᠬᠠᠶ ᠴᠣᠬᠣᠯᠠᠪᠤᠷᠢ ᠭᠠᠷᠭᠠᠵᠤ᠂ ᠪᠡᠶ᠎ᠡ ᠪᠡᠷ ᠢᠶᠡᠨ ᠲᠣᠭᠣᠷᠢᠨ ᠪᠠᠶᠢᠴᠠᠭᠠᠭᠳᠠᠬᠤ ᠡᠲᠡᠭᠡᠳ ᠢ ᠬᠢᠨᠠᠨ ᠲᠤᠭᠲᠠᠭᠠᠵᠤ ᠂ ᠡᠭᠦᠷᠭᠡ ᠲᠤᠰᠢᠶᠠᠵᠦ᠂ ᠡᠭᠦᠷᠭᠡ ᠳᠠᠭᠠᠭᠠᠯᠭᠠᠨ᠂ ᠰᠢᠭᠤᠳ ᠶᠠᠷᠢᠯᠴᠠᠬᠤ ᠪᠤᠯᠤᠨ ᠲᠣᠭᠣᠷᠢᠨ ᠪᠠᠶᠢᠴᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠣᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠲᠣᠭᠣᠷᠢᠨ ᠪᠠᠶᠢᠴᠠᠭᠠᠬᠤ ᠠᠵᠢᠯ ᠤᠨ ᠭᠣᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠲᠣᠭᠣᠷᠢᠨ ᠪᠠᠶᠢᠴᠠᠭᠠᠭᠰᠠᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ᠪᠣᠳᠠᠲᠠᠶ ᠠᠰᠠᠭᠤᠳᠠᠯ ᠢ ᠰᠤᠳᠤᠯᠤᠨ ᠰᠢᠶᠳᠪᠦᠷᠢᠯᠡᠵᠦ᠂ ᠲᠣᠭᠣᠷᠢᠨ ᠪᠠᠶᠢᠴᠠᠭᠠᠬᠤ ᠡᠭᠦᠷᠭᠡ ᠶᠢ ᠨᠠᠶᠢᠳᠠᠪᠦᠷᠢᠵᠢᠭᠤᠯᠵᠠᠢ᠃ 《ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ (ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠣᠷᠢᠨ ᠪᠠᠶᠢᠴᠠᠭᠠᠬᠤ ᠠᠵᠢᠯ ᠤᠨ ᠳᠦᠷᠢᠮ ) ᠢ ᠬᠡᠷᠡᠭᠵᠢᠭᠦᠯᠬᠦ ᠠᠷᠭ᠎ᠠ》 ᠶ᠋ᠢ ᠪᠠᠲᠤᠯᠠᠨ ᠲᠤᠭᠲᠠᠭᠠᠵᠠᠢ ᠃ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠰ ᠭᠠᠵᠠᠷ ᠣᠷᠣᠨ᠂ ᠲᠣᠰ ᠰᠠᠯᠠᠭ᠎ᠠ ᠮᠥᠴᠢᠷ᠂ ᠲᠣᠰ ᠰᠢᠰᠲ᠋ᠧᠮ ᠦᠨ ᠢᠶᠡᠨ ᠨᠠᠮ ᠤᠨ ᠰᠤᠷᠲᠠᠯ ᠤᠨ ᠪᠦᠲᠦᠭᠡᠨ ᠪᠠᠶᠢᠭᠤᠯᠤᠯᠲᠠ ᠶ᠋ᠢᠨ ᠲᠦᠪ ᠪᠣᠯᠤᠨ ᠲᠤᠤᠷᠠᠳᠤ ᠱᠠᠲᠤᠨ ᠤ ᠤᠳᠤᠷᠢᠳᠬᠤ ᠪᠠᠭ ᠂ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠳᠠᠯ ᠢ ᠬᠢᠨᠠᠨ ᠪᠠᠶᠢᠴᠠᠭᠠᠭᠰᠠᠨ ᠤ ᠬᠠᠮᠲᠤᠡᠨᠡ ᠠᠵᠢᠯ ᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠭᠠᠷᠳᠠᠴᠡ ᠪᠠ ᠰᠢᠪᠲᠤᠯᠬᠤ ᠴᠡᠭ ᠪᠣᠯᠭᠠᠵᠤ᠂ ᠵᠢᠯ ᠦᠨ ᠡᠬᠢᠨ ᠳᠦ ᠬᠠᠷᠢᠭᠤᠴᠠᠯᠭ᠎ᠠ ᠶᠢᠨ ᠪᠢᠴᠢᠭ ᠲᠦ ᠭᠠᠷ ᠤᠨ ᠥᠰᠥᠭ ᠵᠢᠷᠤᠵᠤ᠂ ᠵᠢᠯ ᠦᠨ ᠰᠡᠭᠦᠯᠴᠢ ᠪᠡᠷ ᠲᠤᠰᠢᠶᠠᠯ ᠤᠨ ᠮᠡᠳᠡᠭᠦᠯᠦᠯᠲᠡ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠬᠢᠨᠠᠨ ᠰᠢᠯᠭᠠᠯᠲᠠ ᠶ᠋ᠢᠨ ᠲᠤᠬᠠᠢ ᠱᠠᠩᠨᠠᠯ ᠬᠦᠬᠢᠭᠦᠯᠦᠯ ᠢ ᠶᠠᠪᠤᠭᠳᠠᠭᠤᠯᠤᠨ᠎ᠠ᠃ ᠦᠢᠯᠡᠳᠦᠯᠭᠡ ᠭᠡᠷᠡᠴᠢᠯᠡᠭᠰᠡᠨ ᠨᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠢ ᠴᠢᠩᠭ᠎ᠠ ᠵᠠᠰᠠᠬᠤ ᠵᠤᠭᠰᠤᠯᠲᠠ ᠨᠢᠢᠯᠡ ᠲᠣᠳᠣᠷᠬᠠᠶ ᠂ ᠣᠪᠣᠷ ᠨᠢ ᠡᠷᠡᠰ ᠰᠢᠭᠤᠷᠬᠠᠢ ᠪᠦᠭᠡᠳ ᠬᠦᠴᠦᠲᠡᠶ ᠠᠷᠭ᠎ᠠ ᠬᠡᠮᠵᠢᠶ᠎ᠡ ᠲᠠᠢ ᠪᠠᠶᠢᠵᠦ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠠᠵᠢᠯ ᠢᠯᠡᠳᠲᠡ ᠦᠷ᠎ᠡ ᠪᠦᠲᠦᠮᠵᠢ ᠤᠯᠬᠤ ᠦᠨᠳᠦᠰᠦᠨ ᠪᠠᠲᠤᠯᠠᠭ᠎ᠠ ᠮᠥᠨ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠢᠯᠡ ᠲᠣᠳᠣ ᠤᠯᠤᠰ ᠲᠦᠷᠦ ᠶᠢᠨ ᠣᠪᠣᠷ ᠡᠷᠡᠰ ᠴᠢᠩᠭ᠎ᠠ ᠤᠳᠤᠷᠢᠳᠤᠯᠭ᠎ᠠ᠂ ᠪᠡᠶ᠎ᠡ ᠪᠡᠷ ᠢᠶᠡᠨ ᠤᠢᠯᠢᠭᠡᠷ ᠳᠠᠭᠤᠷᠢᠶᠠᠯ ᠪᠤᠯᠤᠭ᠎ᠠ ᠦᠭᠡᠢ ᠪᠤᠯ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠯᠠᠪᠲᠠᠶ ᠦᠷ᠎ᠡ ᠪᠦᠲᠦᠮᠵᠢ ᠲᠠᠢ ᠪᠠᠶᠢᠵᠦ ᠴᠢᠳᠠᠬᠤ ᠦᠭᠡᠢ ᠃
ᠬᠣᠶᠠᠷ ᠲᠤ ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠡᠭᠦᠷᠭᠡᠯᠡᠭᠰᠡᠨ ᠲᠤᠰᠢᠶᠠᠯ ᠬᠠᠷᠢᠭᠤᠴᠠᠯᠭ᠎ᠠ ᠨᠢ ᠲᠠᠰᠤᠷᠠᠯᠲᠠ ᠦᠭᠡᠶ ᠰᠢᠨ᠎ᠡ ᠰᠢᠪᠲᠤᠯᠤᠯᠲᠠ᠂ ᠰᠢᠨ᠎ᠡ ᠠᠮᠵᠢᠯᠲᠠ ᠤᠯᠪᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠪᠠᠶᠢᠭᠤᠯᠤᠭᠳᠠᠭᠰᠠᠨ ᠤ ᠳᠠᠷᠠᠭ᠎ᠠ ᠂ ᠨᠠᠮ ᠤᠨ ᠲᠦᠷᠢᠮ᠂ ᠬᠠᠤᠯᠢ ᠲᠤᠭᠲᠠᠭᠠᠯ ᠢ ᠨᠡᠩ ᠰᠠᠶᠢᠲᠤᠷ ᠲᠤᠤᠱᠠᠯᠠᠭᠤᠯᠬᠤ᠂ ᠨᠠᠮ ᠤᠨ ᠰᠤᠷᠲᠠᠯ ᠤᠨ ᠰᠠᠬᠢᠯᠭ᠎ᠠ ᠪᠠᠲᠤ ᠶ᠋ᠢ ᠬᠠᠮᠠᠭᠠᠯᠠᠬᠤ᠂ ᠨᠠᠮ ᠤᠨ ᠳᠣᠲᠣᠷᠠᠬᠢ ᠲᠥᠪ ᠪᠤᠰᠤ ᠰᠤᠷᠲᠠᠯ ᠢ ᠵᠠᠯᠠᠷᠠᠭᠤᠯᠬᠤ ᠂ ᠨᠠᠮ ᠤᠨ ᠳᠤᠲᠤᠭᠠᠳᠤᠬᠢ ᠢᠯᠵᠠᠷᠠᠨ ᠳᠤᠷᠤᠶᠢᠲᠠᠭᠰᠠᠨ ᠪᠠᠶᠢᠳᠠᠯ ᠢ ᠵᠠᠯᠬᠠᠭᠠᠨ ᠰᠢᠳᠬᠡᠬᠦ ᠪᠠ ᠤᠷᠢᠳᠴᠢᠯᠠᠨ ᠰᠡᠷᠭᠡᠶᠢᠯᠡᠬᠦ ᠶ᠋ᠢᠨ ᠲᠦᠯᠦᠭᠡ ᠶᠡᠬᠡ ᠬᠡᠮᠵᠢᠶᠡᠨ ᠦ ᠠᠵᠢᠯ ᠬᠢᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠨᠠᠮ ᠤᠨ ᠤᠳᠤᠷᠢᠳᠤᠯᠭ᠎ᠠ ᠶᠢ ᠲᠡᠭᠦᠯᠳᠡᠷᠵᠢᠬᠦᠯᠬᠦ ᠂ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠳ᠋ᠡᠬᠢ ᠲᠦᠷᠦ ᠪᠠᠷᠢᠬᠤ ᠪᠠᠶᠢᠷᠢ ᠰᠠᠭᠤᠷᠢ ᠶᠢ ᠪᠡᠬᠢᠵᠢᠭᠦᠯᠬᠦ ᠳ᠋ᠦ ᠮᠠᠰᠢ ᠴᠢᠬᠤᠯᠠ ᠪᠠᠲᠤᠯᠠᠭ᠎ᠠ ᠶᠢᠨ ᠦᠢᠯᠡᠳᠦᠯ ᠦᠵᠡᠭᠦᠯᠦᠭᠰᠡᠨ ᠪᠠᠶᠢᠨ᠎ᠠ ᠃ ᠦᠯᠢᠳᠬᠡᠪᠡᠯ ᠂ 2002 ᠣᠨ ᠤ1 ᠰᠠᠷ᠎ᠠ ᠡᠴᠠ 2006 ᠤᠨ ᠤ 10 ᠰᠠᠷ᠎ᠠ ᠪᠤᠯᠲᠠᠯ᠎ᠠ᠂ ᠪᠦᠬᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠡᠴᠠ ᠨᠡᠢᠢᠲᠡ 5445 ᠬᠡᠷᠡᠭ ᠢ ᠪᠠᠶᠢᠴᠠᠭᠠᠨ ᠲᠤᠳᠤᠯᠠᠵᠦ ᠂ 5553 ᠬᠡᠷᠡᠭ ᠢ ᠰᠢᠢᠳᠪᠦᠷᠢᠯᠡᠭᠰᠡᠨ ᠪᠠᠶᠢᠵᠦ ᠂ 6590 ᠬᠦᠮᠦᠨ ᠳ᠋ᠦ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠭᠡᠯ ᠤᠯᠭᠤᠭᠰᠠᠨ ᠪᠠᠶᠢᠨ᠎ᠠ ᠃ ᠡᠭᠦᠨ ᠳᠦ᠂ ᠲᠤᠰᠬᠠᠶ ᠣᠷᠣᠨ ᠪᠠ ᠲᠢᠩᠬᠢᠮ ᠦᠨ ᠳᠡᠰ ᠤᠨ ᠺᠠᠳ᠋ᠷ 17 ᠬᠥᠮᠦᠨ ᠂ ᠰᠢᠶᠠᠨ ᠭᠠᠵᠠᠷ ᠤᠨ ᠲᠠᠰ ᠤᠨ ᠺᠠᠳ᠋ᠷ 325 ᠬᠥᠮᠦᠨ ᠪᠠᠶᠢᠵᠦ᠂ ᠬᠠᠤᠯᠢ ᠪᠠᠷᠢᠬᠤ ᠪᠠᠶᠢᠭᠤᠯᠭ᠎ᠠ ᠳᠤ 87 ᠬᠥᠮᠦᠨ ᠰᠢᠵᠢᠯᠵᠢᠬᠦᠯᠵᠦ ᠰᠢᠢᠳᠪᠦᠡᠶᠢᠯᠡᠭᠰᠡᠨ ᠪᠠᠶᠢᠨ᠎ᠠ᠃ ᠵᠠᠷᠢᠮ ᠤᠰᠤᠯ ᠪᠤᠷᠤᠭᠤ ᠬᠦᠩᠭᠡᠨ ᠡᠴᠡ ᠪᠤᠯᠵᠤ ᠰᠠᠬᠢᠯᠭ᠎ᠠ ᠪᠠᠲᠤ ᠶᠢᠨ ᠬᠠᠷᠢᠭᠤᠴᠠᠯᠭ᠎ᠠ ᠨᠡᠬᠡᠮᠵᠢᠯᠡᠬᠦ ᠦᠭᠡᠢ 5265 ᠺᠠᠳ᠋ᠷ ᠢ ᠰᠢᠭᠦᠮᠵᠢᠯᠡᠯ ᠶᠠᠪᠤᠭᠤᠯᠤᠭᠰᠠᠨ ᠪᠠᠶᠢᠨ᠎ᠠ᠃ ᠬᠡᠷᠡᠭ ᠢ ᠪᠠᠶᠢᠴᠠᠭᠠᠨ ᠰᠢᠶᠳᠪᠦᠷᠢᠯᠡᠬᠦ ᠪᠡᠷ ᠳᠠᠮᠵᠢᠭᠤᠯᠤᠨ᠂ ᠤᠯᠤᠰ ᠲᠤ 3.4 ᠳ᠋ᠦᠩᠰᠢᠭᠤᠷ ᠭᠠᠷᠤᠶ ᠲᠥᠭᠥᠷᠢᠭ ᠦᠨ ᠠᠵᠤ ᠠᠬᠤᠶ ᠶᠢᠨ ᠬᠣᠬᠢᠷᠠᠯ ᠢ ᠡᠭᠡᠭᠦᠯᠦᠨ ᠠᠪᠴᠢᠷᠠᠵᠠᠶ᠃ 2006 ᠣᠨ ᠤ 11 ᠰᠠᠷ᠎ᠠ ᠡᠴᠠ 2011 ᠤᠨ ᠤ 10 ᠰᠠᠷ᠎ᠠ ᠪᠤᠯᠲᠠᠯ᠎ᠠ᠂ ᠪᠥᠬᠥ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠢ 59772 ᠬᠠᠭᠤᠳᠠᠰᠤ ( ᠤᠳᠠᠭ᠎ᠠ ) ᠵᠠᠬᠢᠳᠠᠯ ᠰᠤᠷᠪᠤᠯᠵᠢᠯᠠᠭ᠎ᠠ ᠶ᠋ᠢᠨ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠵᠦ᠂ 4731 ᠬᠡᠷᠡᠭ ᠢ ᠬᠡᠷᠡᠭ ᠪᠣᠯᠭᠠᠨ ᠳᠠᠩᠰᠠᠯᠠᠵᠦ᠂ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠬᠡᠯ 5754 ᠬᠥᠮᠦᠨ ᠳ᠋ᠦ ᠦᠭᠭᠦᠭᠰᠡᠨ ᠪᠠᠶᠢᠨ᠎ᠠ᠃ ᠡᠭᠦᠨ ᠳᠦ᠂ ᠲᠤᠰᠬᠠᠶ ᠣᠷᠣᠨ ᠪᠠ ᠲᠢᠩᠬᠢᠮ ᠦᠨ ᠳᠡᠰ ᠤᠨ ᠺᠠᠳ᠋ᠷ 20 ᠬᠥᠮᠦᠨ ᠂ ᠰᠢᠶᠠᠨ ᠭᠠᠵᠠᠷ ᠤᠨ ᠲᠠᠰ ᠤᠨ ᠺᠠᠳ᠋ᠷ 249 ᠬᠥᠮᠦᠨ᠂ ᠬᠠᠤᠯᠢ ᠵᠠᠰᠠᠬᠤ ᠪᠠᠶᠢᠭᠤᠯᠭ᠎ᠠ ᠳᠤ 68 ᠬᠥᠮᠦᠨ ᠰᠢᠢᠳᠪᠦᠷᠢᠯᠡᠭᠳᠡᠭᠰᠡᠨ ᠪᠠᠶᠢᠨ᠎ᠠ ᠃ ᠤᠯᠤᠰ ᠣᠷᠣᠨ ᠳᠤ ᠠᠵᠤ ᠠᠬᠤᠶ ᠶᠢᠨ ᠰᠢᠭᠤᠳ ᠬᠣᠬᠢᠷᠠᠯ ᠨᠢ 35 ᠳ᠋ᠦᠩᠰᠢᠭᠤᠷ ᠭᠠᠷᠤᠶ ᠲᠥᠭᠥᠷᠢᠭ ᠡᠬᠡᠭᠦᠯᠦᠨ ᠠᠪᠴᠢᠷᠠᠵᠠᠢ᠃ ᠬᠡᠷᠡᠭ ᠢ ᠪᠠᠶᠢᠴᠠᠭᠠᠨ ᠰᠢᠶᠳᠪᠦᠷᠢᠯᠡᠬᠦ ᠪᠡᠷ ᠳᠠᠮᠵᠢᠭᠠᠳ᠂ ᠢᠯᠵᠠᠷᠠᠮᠠᠯ ᠡᠲᠡᠭᠡᠳ ᠢ ᠴᠢᠩᠭ᠎ᠠ ᠵᠠᠯᠬᠠᠭᠠᠨ ᠰᠢᠢᠳᠬᠡᠭᠰᠡᠨ ᠮᠦᠷᠲᠡᠭᠡᠨ ᠨᠡᠶᠢᠲᠡᠯᠢᠭ ᠬᠡᠷᠡᠭ ᠦᠨ ᠵᠢᠱᠢᠶ᠎ᠡ ᠶᠢ ᠠᠰᠢᠭᠯᠠᠨ ᠰᠡᠷᠡᠮᠵᠢᠭᠦᠯᠦᠯ ᠦᠨ ᠬᠥᠮᠦᠵᠢᠯ ᠦᠷᠨᠢᠬᠦᠯᠵᠠᠢ᠃ ᠡᠭᠦᠨ ᠦ ᠬᠠᠮᠲᠤ᠂ ᠬᠡᠷᠡᠭ ᠢ ᠪᠠᠶᠢᠴᠠᠭᠠᠨ ᠰᠢᠶᠳᠪᠦᠷᠢᠯᠡᠬᠦ ᠶᠠᠪᠤᠴᠠ ᠳᠤ ᠣᠯᠵᠤ ᠮᠡᠳᠡᠭᠰᠡᠨ ᠪᠠᠶᠢᠭᠤᠯᠤᠯ ᠂ ᠵᠣᠬᠢᠴᠠᠮᠵᠢ᠂ ᠪᠠᠶᠢᠭᠤᠯᠤᠯ ᠤᠨ ᠲᠠᠯ᠎ᠠ ᠶᠢᠨ ᠠᠰᠠᠭᠤᠳᠠᠯ ᠳ᠋ᠦ ᠴᠠᠭ ᠲᠤᠬᠠᠶ ᠳᠤᠨᠢ ᠳᠦᠷᠢᠮ ᠲᠣᠭᠲᠠᠭᠠᠯ ᠲᠣᠭᠲᠠᠭᠠᠵᠤ ᠂ ᠠᠯᠳᠠᠰᠢ ᠭᠠᠷᠬᠤ ᠶᠢ ᠬᠤᠷᠢᠭᠯᠠᠨ᠂ ᠤᠯᠤᠰ ᠲᠦᠷᠦ᠂ ᠬᠠᠤᠯᠢ ᠴᠠᠭᠠᠵᠠ᠂ ᠠᠵᠤ ᠠᠬᠤᠶ ᠪᠠ ᠨᠡᠶᠢᠭᠡᠮ ᠦᠨ ᠲᠠᠯ᠎ᠠ ᠪᠠᠷ ᠦᠨᠡᠯᠡᠭᠦᠰᠢᠲᠠᠢ ᠦᠷ᠎ᠡ ᠪᠦᠲᠦᠮᠵᠢ ᠤᠯᠪᠠ ᠃
ᠭᠤᠷᠪᠠ ᠳᠤ ᠂ ᠤᠯᠠᠨ ᠲᠦᠮᠡᠨ ᠦ ᠠᠰᠢᠭ ᠲᠤᠰᠠ ᠶᠢ ᠬᠣᠬᠢᠷᠠᠭᠤᠯᠤᠭᠰᠠᠨ ᠲᠥᠪ ᠪᠤᠰᠤ ᠰᠤᠷᠲᠠᠯ ᠢ ᠵᠠᠰᠠᠪᠦᠷᠢᠯᠠᠬᠤ ᠲᠠᠯ᠎ᠠ ᠪᠠᠷ ᠳᠤᠪᠤᠢᠢᠮ᠎ᠠ ᠠᠮᠵᠢᠯᠲᠠ ᠪᠦᠲᠦᠮᠵᠢ ᠣᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠢ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠬᠤ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠪᠠᠶᠢᠭ᠎ᠠ ᠲᠤᠪᠤᠢᠢᠮ᠎ᠠ ᠠᠰᠠᠭᠤᠳᠠᠯ ᠢ ᠰᠢᠢᠳᠪᠦᠷᠢᠯᠡᠬᠦ ᠶ᠋ᠢ ᠪᠠᠷᠢᠮᠲᠠᠯᠠᠵᠤ ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠠᠵᠢᠯ ᠤᠨ ᠭᠣᠣᠯᠳᠠᠯᠭ᠎ᠠ ᠪᠤᠯᠭᠠᠵᠤ ᠴᠢᠩᠭ᠎ᠠ ᠠᠳᠬᠤᠭᠰᠠᠨ ᠪᠠᠶᠢᠨ᠎ᠠ ᠃ ᠨᠠᠮ ᠤᠨ ᠠᠷᠪᠠᠨ ᠳᠣᠯᠣᠳᠤᠭᠠᠷ ᠶᠡᠬᠡ ᠬᠤᠷᠠᠯ ᠠᠴᠠ ᠨᠠᠰᠢ ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢ ᠡᠷᠭᠢᠯᠳᠦᠭᠦᠯᠦᠨ ᠰᠢᠯᠵᠢᠭᠦᠯᠬᠦ ᠂ ᠲᠠᠲᠠᠪᠤᠷᠢᠯᠠᠬᠤ ᠪᠠ ᠲᠠᠲᠠᠪᠤᠷᠢᠯᠠᠨ ᠬᠡᠷᠡᠭᠯᠡᠬᠦ ᠵᠢ ᠴᠢᠨᠤᠷᠠᠭᠠᠵᠤ ᠨᠡᠭᠦᠯᠭᠡᠬᠦ ᠠᠵᠢᠯ ᠳᠤᠮᠳᠠ ᠮᠠᠯᠴᠢᠨ ᠲᠠᠷᠢᠶᠠᠴᠢᠳ ᠤᠨ ᠡᠷᠬᠡ ᠠᠰᠢᠭ ᠢ ᠬᠤᠬᠢᠷᠠᠭᠤᠯᠤᠭᠰᠠᠨ 912 ᠬᠡᠷᠡᠭ ᠶᠠᠪᠤᠳᠠᠯ ᠢ ᠵᠠᠯᠠᠷᠠᠭᠭᠤᠯᠤᠨ ᠪᠠᠶᠢᠴᠠᠭᠠᠨ ᠰᠢᠢᠳᠪᠦᠷᠢᠯᠡᠵᠦ ᠂ 59 ᠶᠠᠪᠤᠳᠠᠯ ᠢ ᠬᠡᠷᠡᠭ ᠪᠣᠯᠭᠠᠨ ᠳᠠᠩᠰᠠᠯᠠᠨ ᠪᠠᠶᠢᠴᠠᠭᠠᠵᠤ ᠰᠢᠶᠳᠪᠦᠷᠢᠯᠡᠵᠦ ᠂ 13 ᠬᠥᠮᠦᠨ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠬᠡᠯ ᠤᠯᠵᠠᠢ᠃ ᠨᠠᠮ ᠵᠠᠰᠠᠭ ᠤᠨ ᠪᠠᠶᠢᠭᠤᠯᠭ᠎ᠠ ᠵᠢᠴᠢ ᠤᠳᠤᠷᠢᠳᠬᠤ ᠺᠠᠳ᠋ᠷ ᠪᠣᠯᠤᠨ ᠠᠵᠢᠯᠲᠠᠨ ᠤ ᠨᠤᠲᠤᠭ ᠪᠡᠯᠴᠢᠭᠡᠷ ᠢ ᠡᠵᠡᠯᠡᠵᠦ ᠲᠤᠰᠬᠠᠢ ᠵᠦᠢᠯ ᠢᠶᠠᠷ ᠵᠠᠰᠠᠬᠤ ᠠᠵᠢᠯ ᠢ ᠪᠦᠬᠦ ᠲᠠᠯ᠎ᠠ ᠪᠠᠷ ᠴᠡᠭᠴᠡᠯᠡᠨ ᠂ ᠪᠦᠬᠦ ᠣᠷᠣᠨ ᠤ 132 ᠨᠠᠮ ᠵᠠᠰᠠᠭ ᠤᠨ ᠪᠠᠶᠢᠭᠤᠯᠭ᠎ᠠ ᠂ 1252 ᠺᠠᠳ᠋ᠷ ᠵᠢᠴᠢ ᠮᠠᠯᠴᠢᠨ ᠪᠤᠰᠤ ᠬᠦᠮᠦᠨ 1600 ᠢᠯᠡᠬᠦᠦ ᠨᠤᠲᠤᠭ ᠪᠡᠯᠴᠢᠭᠡᠷ ᠡᠵᠡᠯᠡᠨ ᠬᠡᠷᠡᠭᠯᠡᠭᠰᠡᠨ ᠶᠠᠪᠤᠳᠠᠯ ᠢ ᠤᠰᠠᠳᠬᠠᠨ ᠠᠷᠢᠯᠭᠠᠵᠤ᠂ ᠨᠠᠮ ᠵᠠᠰᠠᠭ ᠤᠨ ᠪᠠᠶᠢᠭᠤᠯᠤᠯᠭ᠎ᠠ ᠂ ᠤᠯᠤᠰ ᠤᠨ ᠠᠯᠪᠠᠨ ᠲᠤᠰᠢᠶᠠᠯᠲᠠᠨ ᠤ ᠨᠤᠲᠤᠭ ᠪᠡᠯᠴᠢᠭᠡᠷ ᠡᠵᠡᠯᠡᠨ ᠬᠡᠷᠡᠭᠯᠡᠭᠰᠡᠨ ᠡᠴᠡ ᠪᠤᠯᠤᠭᠰᠠᠨᠵᠥᠷᠢᠴᠡᠯ ᠵᠢᠭᠤᠷᠠᠯᠳᠤᠭᠠᠨ ᠢ ᠪᠦᠲᠦᠮᠵᠢᠲᠠᠢ ᠰᠢᠢᠳᠪᠦᠷᠢᠯᠡᠵᠠᠢ ᠃ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠨ ᠪᠡᠯᠡ ᠮᠥᠩᠭᠥ ᠶᠢ ᠨᠢᠭᠡᠳᠦᠯᠲᠡᠶ ᠪᠤᠯᠭᠠᠬᠤ ᠲᠤᠰᠬᠠᠶ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠶ ᠥᠷᠨᠢᠭᠦᠯᠵᠦ ᠂ ᠳᠦᠷᠢᠮ ᠡᠴᠡᠵᠥᠷᠢᠴᠡᠨ 214 ᠳ᠋ᠦᠩᠰᠢᠭᠤᠷ ᠲᠥᠭᠥᠷᠢᠭ ᠢ ᠪᠠᠶᠢᠴᠠᠭᠠᠨ ᠭᠠᠷᠠᠭᠵᠤ ᠂ 21 ᠬᠥᠮᠦᠨ ᠡᠴᠠ ᠬᠠᠷᠢᠭᠤᠴᠠᠯᠭ᠎ᠠ ᠨᠡᠬᠡᠮᠵᠢᠯᠡᠵᠡᠢ᠃ ᠲᠠᠷᠢᠶᠠᠯᠠᠩ ᠤᠨ ᠦᠢᠯᠡᠳᠪᠦᠷᠢᠯᠡᠯ ᠦᠨ ᠬᠡᠷᠡᠭᠰᠡᠯ ᠦᠨ ᠦᠨ᠎ᠡ ᠬᠠᠩᠰᠢ ᠶᠢ ᠳᠡᠭᠡᠭᠰᠢ ᠦᠰᠭᠡᠬᠦ᠂ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠦᠢᠯᠡᠳᠴᠦ ᠪᠣᠷᠣᠯᠠᠭᠤᠯᠤᠨ ᠲᠠᠷᠢᠶᠠᠴᠢᠳ ᠢ ᠬᠤᠤᠷᠯᠠᠨ ᠬᠣᠬᠢᠷᠠᠭᠤᠯᠤᠭᠰᠠᠨ ᠦᠢᠯᠡ ᠠᠵᠢᠯᠯᠠᠭ᠎ᠠ ᠶᠢ 587 ᠵᠠᠬ᠎ᠠ ( ᠤᠳᠠᠭ᠎ᠠ ) ᠰᠢᠢᠳᠪᠦᠷᠢᠯᠡᠵᠦ᠂ ᠬᠣᠯᠪᠣᠭᠳᠠᠭᠰᠠᠨ ᠵᠣᠭᠣᠰᠣᠨ ᠤ ᠲᠣᠭ᠎ᠠ 750 ᠭᠠᠷᠤᠶ ᠲᠦᠮᠡᠨ ᠲᠥᠭᠥᠷᠢᠭ ᠲᠦ ᠬᠦᠷᠴᠡᠶ᠃ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠵᠣᠭᠣᠰ ᠲᠣᠷᠭᠠᠬᠤ ᠂ ᠲᠡᠰᠬᠡᠨ ᠲᠠᠲᠠᠪᠤᠷᠢᠯᠠᠬᠤ ᠵᠡᠷᠭᠡ ᠪᠤᠰᠤᠳ ᠲᠠᠷᠢᠶᠠᠴᠢᠨ ᠮᠠᠯᠴᠢᠳ ᠤᠨ ᠠᠰᠢᠭ ᠲᠤᠰᠠ ᠶᠢ ᠬᠤᠬᠢᠷᠠᠭᠤᠯᠤᠭᠰᠠᠨ ᠠᠵᠢᠯᠯᠠᠭ᠎ᠠ ᠶ᠋ᠢ 587 ᠵᠠᠬ᠎ᠠ ᠪᠠᠶᠢᠴᠠᠭᠠᠨ ᠰᠢᠢᠳᠪᠦᠷᠢᠯᠡᠵᠦ᠂19 ᠬᠦᠮᠦᠨ ᠡᠴᠡ ᠬᠠᠷᠢᠭᠤᠴᠠᠯᠭ᠎ᠠ ᠨᠡᠬᠡᠮᠵᠢᠯᠡᠨ ᠂ 70 ᠬᠥᠮᠦᠨ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠭᠡᠯ ᠤᠯᠪᠠ ᠃ ᠠᠷᠠᠳ ᠤᠨ ᠠᠮᠢᠳᠤᠷᠠᠯ ᠤᠨ ᠲᠤᠭᠤᠷᠢᠭ ᠤᠨ ᠳᠤᠪᠤᠢᠢᠮ᠎ᠠ ᠠᠰᠠᠭᠤᠳᠠᠯ ᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠨᠡᠶᠢᠭᠡᠮ ᠦᠨ ᠪᠠᠲᠤᠯᠠᠭ᠎ᠠ ᠶᠢᠨ ᠪᠡᠯᠡ ᠮᠥᠩᠭᠥ ᠶ᠋ᠢᠨ ᠲᠤᠬᠠᠢ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ 90 ᠵᠠᠬ᠎ᠠ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ ᠵᠠᠯᠠᠷᠠᠭᠤᠯᠵᠤ᠂ ᠬᠣᠯᠪᠣᠭᠳᠠᠭᠰᠠᠨ ᠮᠥᠩᠭᠥᠨ ᠦ ᠲᠣᠭ᠎ᠠ ᠨᠢ 28 ᠳ᠋ᠦᠩᠰᠢᠭᠤᠷ ᠭᠠᠷᠤᠶ ᠲᠥᠭᠥᠷᠢᠭ ᠲᠤ ᠬᠦᠷᠴᠦ ᠂ 5 ᠬᠥᠮᠦᠨ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠬᠡᠯ ᠤᠯᠪᠠ ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠳ᠋ᠦ ᠬᠤᠯᠪᠤᠭᠳᠠᠬᠤ 28 ᠵᠠᠬ᠎ᠠ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠶᠳᠪᠦᠷᠢᠯᠡᠵᠦ᠂ ᠬᠣᠯᠪᠣᠭᠳᠠᠭᠰᠠᠨ ᠮᠥᠩᠭᠥᠨ ᠦ ᠲᠣᠭ᠎ᠠ ᠨᠢ 5560 ᠲᠦᠮᠡᠨ ᠲᠥᠭᠥᠷᠢᠭ ᠲᠤ ᠬᠦᠷᠪᠡ ᠃ 《ᠠᠰᠠᠭᠤᠳᠠᠯ ᠲᠠᠢ ᠲᠠᠯᠬ᠎ᠠ 》 ᠵᠡᠷᠭᠡ ᠢᠳᠡᠭᠡᠨ᠂ ᠡᠮ ᠦᠨ ᠵᠦᠢᠯ ᠦᠨ ᠠᠮᠤᠷ ᠲᠦᠪᠰᠢᠨ ᠲᠠᠢ ᠬᠤᠯᠪᠤᠭᠳᠠᠭᠰᠠᠨ 3460 ᠵᠠᠬ᠎ᠠ ᠠᠰᠠᠭᠤᠳᠠᠯ ᠢ ᠪᠠᠶᠢᠴᠠᠭᠠᠨ ᠢᠯᠡᠷᠡᠭᠦᠯᠵᠦ ᠂ ᠬᠣᠯᠪᠣᠭᠳᠠᠭᠰᠠᠨ ᠮᠥᠩᠭᠥᠨ ᠦ ᠲᠣᠭ᠎ᠠ ᠨᠢ 4226 ᠲᠦᠮᠡᠨ ᠲᠥᠭᠥᠷᠢᠭ ᠲᠤ ᠬᠦᠷᠴᠦ᠂ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠬᠡᠯ ᠤᠯᠤᠭᠰᠠ ᠨᠬᠥᠮᠦᠨ ᠨᠢ 95 ᠪᠤᠯᠪᠠ᠃ ᠰᠤᠷᠭᠠᠨ ᠬᠥᠮᠦᠵᠢᠯ ᠦᠨ ᠳᠤᠷ᠎ᠠ ᠪᠠᠷ ᠰᠦᠢᠳᠬᠡᠯ ᠬᠤᠷᠢᠶᠠᠬᠤ ᠶᠠᠪᠤᠳᠠᠯ ᠢ ᠬᠢᠨᠠᠮᠠᠭᠠᠶ ᠪᠠᠶᠢᠴᠠᠭᠠᠵᠤ᠂ ᠪᠥᠬᠥ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠦᠨ ᠳᠤᠷ᠎ᠠ ᠪᠠᠷ ᠬᠤᠷᠢᠶᠠᠭᠰᠠᠨ ᠰᠦᠢᠳᠬᠡᠯ 800 ᠭᠠᠷᠤᠶ ᠲᠦᠮᠡᠨ ᠲᠥᠭᠥᠷᠢᠭ ᠲᠤ ᠬᠤᠯᠪᠤᠭᠳᠠᠬᠤ ᠠᠰᠠᠭᠤᠳᠠᠯ ᠢ ᠰᠢᠢᠳᠪᠦᠷᠢᠯᠡᠵᠦ᠂ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠵᠣᠭᠣᠰᠣᠨ ᠤ ᠲᠣᠭ᠎ᠠ 500 ᠭᠠᠷᠤᠶ ᠲᠦᠮᠡᠨ ᠲᠥᠭᠥᠷᠢᠭ ᠢ ᠪᠤᠴᠠᠭᠠᠵᠤ ᠂ 154 ᠬᠥᠮᠦᠨ ᠳᠦ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠶᠳᠬᠡᠯ ᠪᠤᠶᠤ ᠪᠤᠰᠤᠳ ᠰᠢᠶᠳᠪᠦᠷᠢ ᠤᠯᠭᠤᠵᠠᠢ᠃ ᠡᠮ ᠬᠤᠳᠠᠯᠳᠤᠨ ᠠᠪᠬᠤ ᠪᠠ ᠪᠤᠷᠤᠯᠠᠭᠤᠯᠭ᠎ᠠ ᠵᠢᠴᠢ ᠡᠮ ᠡᠮᠨᠡᠯᠭᠡ ᠶᠢᠨ ᠦᠢᠯᠡᠴᠢᠯᠡᠭᠡ ᠳᠤᠮᠳᠠᠬᠢ ᠲᠥᠪ ᠪᠤᠰᠤ ᠰᠤᠷᠲᠠᠯ ᠢ ᠵᠠᠯᠠᠷᠠᠭᠤᠯᠬᠤ᠂ ᠪᠦᠬᠦ ᠣᠷᠣᠨ ᠤ ᠬᠣᠰᠢᠭᠤ ᠰᠢᠶᠠᠨ ᠤ ᠱᠠᠲᠤ ᠵᠢᠴᠢ ᠲᠡᠭᠦᠨ ᠡᠴᠡ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠦ ᠪᠠᠶᠢᠭᠤᠯᠤᠮᠵᠢ ᠶ᠋ᠢᠨ ᠲᠠᠯ᠎ᠠ ᠪᠠᠷᠡᠮ ᠤᠨ ᠵᠦᠢᠯ ᠤᠨ ᠰᠦᠯᠵᠢᠶᠡᠨ ᠳᠡᠭᠡᠷᠡᠬᠢ ᠲᠥᠪᠯᠡᠷᠡᠭᠦᠯᠦᠨ ᠵᠠᠷᠯᠠᠭᠰᠠᠨ ᠬᠤᠳᠠᠯᠳᠤᠨ ᠠᠪᠬᠤ ᠲᠦᠷᠢᠮ ᠢ ᠴᠢᠩᠭ᠎ᠠ ᠬᠡᠷᠡᠭᠵᠢᠭᠦᠯᠵᠦ ᠂ ᠡᠮ ᠦᠨ ᠵᠦᠢᠯᠡᠰ ᠢ ᠲᠥᠪᠯᠡᠷᠡᠭᠦᠯᠦᠨ ᠳᠠᠭᠠᠭᠠᠴᠢᠯᠠᠵᠦ ᠬᠤᠳᠠᠯᠳᠤᠨ ᠠᠪᠬᠤ ᠪᠦᠬᠦ ᠵᠣᠭᠣᠰᠣᠨ ᠤ ᠲᠣᠭ᠎ᠠ ᠨᠢ 8748 ᠳ᠋ᠦᠩᠰᠢᠭᠤᠷ ᠲᠥᠭᠥᠷᠢᠭ ᠲᠤ ᠬᠦᠷᠴᠦ᠂ ᠡᠪᠡᠳᠴᠢᠲᠡᠨ ᠦ ᠳᠠᠷᠤᠭᠠᠰᠤ ᠶ᠋ᠢ 517 ᠳ᠋ᠦᠩᠰᠢᠭᠤᠷ ᠳᠦᠭᠦᠭᠷᠢᠭ ᠬᠦᠩᠭᠡᠯᠡᠵᠦ ᠦᠭᠴᠡᠢ ᠃ ᠪᠦᠬᠦ ᠣᠷᠣᠨ ᠤ ᠡᠮᠨᠡᠯᠭᠡ ᠶᠢᠨ ᠠᠵᠢᠯᠲᠠᠨ ᠤ 《ᠤᠯᠠᠭᠠᠨ ᠪᠤᠭᠤᠯᠲᠠᠳᠦ ᠪᠡᠯᠡᠭ 》 ᠢ ᠬᠤᠷᠢᠶᠠᠨ ᠠᠪᠴᠤ᠂ ᠪᠠᠷᠢᠮᠲᠠ ᠪᠢᠴᠢᠭᠰᠡᠨ ᠨᠡᠮᠡᠯᠲᠡ ᠵᠤᠭᠤᠰᠤᠨ ᠲᠤᠭ᠎ᠠ ᠨᠢ 228 ᠲᠦᠮᠡ ᠭᠠᠷᠤᠶ ᠲᠥᠭᠥᠷᠢᠭ ᠲᠤ ᠬᠦᠷᠴᠦ᠂ 39 ᠬᠦᠮᠦᠨ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠶᠳᠬᠡᠯ ᠪᠤᠶᠤ ᠪᠤᠰᠤᠳ ᠰᠢᠶᠳᠪᠦᠷᠢ ᠤᠯᠪᠠ᠃ ᠵᠠᠰᠠᠮᠠᠯ ᠵᠠᠮ ᠤᠨ 《 ᠭᠤᠷᠪᠠᠨ ᠰᠠᠮᠠᠭᠤᠷᠠᠯ 》 ᠤᠨ ᠠᠵᠢᠯ ᠤᠨ ᠦᠷ᠎ᠡ ᠪᠦᠲᠦᠭᠡᠯ ᠢ ᠪᠡᠬᠢᠵᠢᠭᠦᠯᠵᠦ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠳᠡᠭᠡ ᠶ᠋ᠢ 62 ᠶ᠋ᠢ ᠪᠠᠶᠢᠴᠠᠭᠠᠨ ᠰᠢᠶᠳᠪᠦᠷᠢᠯᠡᠵᠦ᠂ ᠵᠠᠰᠠᠮᠠᠯ ᠵᠠᠮ ᠤᠨ《ᠭᠤᠷᠪᠠᠨ ᠰᠠᠮᠠᠭᠤᠷᠠᠯ》 ᠤᠨ ᠠᠰᠠᠭᠤᠳᠠᠯ ᠲᠠᠢ 277 ᠶᠠᠪᠤᠳᠠᠯ ᠢ ᠪᠠᠶᠢᠴᠠᠭᠠᠨ ᠤᠯᠵᠤ᠂ 147 ᠬᠥᠮᠦᠨ ᠳᠦ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠶᠳᠬᠡᠯ ᠪᠤᠶᠤ ᠪᠤᠰᠤᠳ ᠰᠢᠶᠳᠪᠦᠷᠢ ᠤᠯᠭᠤᠵᠠᠢ᠃ ᠡᠭᠦᠨ ᠡᠴᠡ ᠭᠠᠳᠠᠨ᠎ᠠ᠂ ᠭᠠᠵᠠᠷ ᠰᠢᠷᠣᠶ ᠲᠠᠲᠠᠪᠤᠷᠢᠯᠠᠬᠤ ᠪᠠ ᠲᠠᠲᠠᠪᠤᠷᠢᠯᠠᠨ ᠬᠡᠷᠡᠭᠯᠡᠬᠦ ᠂ ᠬᠣᠲᠠ ᠪᠠᠯᠭᠠᠰᠤᠨ ᠤ ᠭᠡᠷ ᠪᠠᠢ᠌ᠰᠢᠩ ᠢ ᠨᠤᠷᠠᠭᠠᠵᠤ ᠨᠡᠭᠦᠯᠭᠡᠬᠦ ᠂ ᠠᠵᠤ ᠠᠬᠤᠶᠢᠯᠠᠯ ᠢ ᠲᠠᠬᠢᠨ ᠵᠣᠬᠢᠶᠠᠨ ᠪᠠᠶᠢᠭᠤᠯᠬᠤ ᠪᠠᠶᠢᠭᠤᠯᠤᠯ ᠤᠨ ᠥᠭᠡᠷᠡᠴᠢᠯᠡᠯᠲᠡ ᠪᠠ ᠳᠠᠮᠫᠤᠷᠠᠭᠰᠠᠨ ᠳᠤᠮᠳᠠ ᠤᠯᠠᠨ ᠲᠦᠮᠡᠨ ᠦ ᠠᠰᠢᠭ ᠲᠤᠰᠠ ᠶᠢ ᠬᠣᠬᠢᠷᠠᠭᠤᠯᠤᠭᠰᠠᠨ ᠵᠡᠷᠭᠡ ᠠᠰᠠᠭᠤᠳᠠᠯ ᠤᠷᠤᠰᠢᠵᠦ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠢ ᠰᠢᠢᠳᠪᠦᠷᠢᠯᠡᠭᠰᠡᠨ ᠪᠠᠶᠢᠨ᠎ᠠ᠃ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠨᠡᠶᠢᠭᠡᠮ ᠦᠨ ᠵᠥᠷᠢᠴᠡᠯ ᠢ ᠪᠠᠶᠢᠴᠠᠭᠠᠨ ᠨᠠᠮᠳᠠᠭᠤᠯᠬᠤ ᠠᠵᠢᠯ ᠢ ᠱᠠᠭᠠᠷᠳᠠᠨ ᠪᠠᠶᠢᠴᠠᠭᠠᠵᠤ ᠨᠠᠶᠢᠳᠠᠪᠦᠷᠢᠵᠢᠭᠤᠯᠪᠠ᠃ ᠠᠵᠤ ᠠᠬᠤᠶᠢᠯᠠᠯ ᠳᠤ ᠬᠣᠯᠪᠣᠭᠳᠠᠭᠰᠠᠨ ᠰᠦᠢᠳᠬᠡᠯ ᠬᠤᠷᠢᠶᠠᠯᠲᠠ ᠶᠢ 2093 ᠵᠤᠷᠪᠤᠰ ᠤᠰᠠᠳᠬᠠᠬᠤ ᠪᠤᠶᠤ ᠴᠡᠭᠴᠡᠯᠡᠵᠦ᠂ ᠠᠵᠤ ᠠᠬᠤᠶᠢᠯᠠᠯ ᠢ ᠲᠤ ᠬᠤᠯᠪᠤᠭᠳᠠᠭᠰᠠᠨ ᠲᠠᠪᠠ ᠪᠠᠷ ᠢᠶᠠᠨ ᠰᠦᠢᠳᠬᠡᠯ ᠬᠤᠷᠢᠶᠠᠭᠰᠠᠨ 65 ᠬᠡᠷᠡᠭ ᠢ ᠪᠠᠶᠢᠴᠠᠭᠠᠨ ᠰᠢᠢᠳᠪᠦᠷᠢᠯᠡᠪᠡ᠃ ᠡᠯ᠎ᠡ ᠳᠦᠷᠦᠯ ᠦᠨ ᠦᠨᠡᠯᠡᠨ ᠰᠢᠯᠭᠠᠷᠠᠭᠤᠯᠬᠤ ᠪᠠᠷᠢᠮᠵᠢᠶ᠎ᠠ ᠳᠤ ᠬᠦᠷᠭᠡᠬᠦ ᠵᠦᠢᠯᠡᠰ ᠂ ᠪᠠᠶᠠᠷ ᠤᠨ ᠶᠣᠰᠣᠯᠠᠯ ᠤᠨ ᠰᠤᠳᠤᠯᠤᠨ ᠶᠠᠷᠢᠯᠴᠠᠬᠤ ᠬᠤᠷᠠᠯ᠂ ᠥᠭᠦᠯᠡᠯ ᠦᠨ ᠲᠠᠪᠴᠠᠩ᠂ ᠠᠵᠢᠯ ᠲᠦᠷᠦᠯ ᠦᠨ ᠨᠡᠶᠢᠭᠡᠮᠯᠢᠭ ᠪᠠ ᠵᠠᠬ᠎ᠠ ᠳᠡᠯᠭᠡᠭᠦᠷ ᠦᠨ ᠵᠠᠭᠤᠴᠢ ᠵᠣᠬᠢᠶᠠᠨ ᠪᠠᠶᠢᠭᠤᠯᠤᠯᠲᠠ ᠶ᠋ᠢᠨ ᠰᠦᠢᠳᠬᠡᠯ ᠬᠤᠷᠢᠶᠠᠬᠤ ᠳᠦᠷᠦᠯ ᠵᠦᠢᠯ ᠢᠯᠭᠠᠷᠠᠭᠤᠯᠤᠨ ᠴᠡᠭᠴᠡᠯᠡᠬᠦ ᠠᠵᠢᠯ ᠢ ᠨᠠᠷᠢᠨ ᠬᠢᠨᠠᠮᠠᠭᠠᠢ ᠦᠷᠨᠢᠭᠦᠯᠵᠦ᠂ ᠠᠯᠪᠠᠲᠠᠨ ᠤ ᠠᠵᠢᠯ ᠲᠦᠷᠦᠯ ᠦᠨ ᠨᠡᠶᠢᠭᠡᠮᠯᠢᠭ ᠲᠦ ᠲᠤᠰᠢᠶᠠᠯ ᠬᠠᠪᠰᠤᠷᠭᠠᠨ ᠡᠭᠦᠷᠭᠡᠯᠡᠵᠦ ᠪᠠᠶᠢᠬᠤ ᠠᠰᠠᠭᠤᠳᠠᠯ ᠳ᠋ᠤ ᠬᠠᠨᠳᠤᠭᠤᠯᠤᠨ ᠴᠡᠭᠴᠡᠯᠡᠯᠲᠡ ᠬᠢᠭᠰᠡᠨ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠰᠢ᠂ 2016 ᠣᠨ ᠤ ᠡᠴᠦᠰ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ 《ᠢᠯᠠᠭ᠎ᠠ 》 ᠰᠡᠭᠦᠳᠡᠷᠯᠡᠬᠦ ᠲᠤᠰᠬᠠᠶ ᠵᠦᠢᠯ ᠤᠨ ᠠᠵᠢᠯᠯᠠᠭ᠎ᠠ ᠢᠶᠠᠷ ᠭᠠᠷᠳᠠᠴᠠ ᠪᠣᠯᠭᠠᠵᠤ᠂ ᠡᠪᠡᠰᠦ ᠪᠣᠯᠪᠠᠰᠤᠷᠠᠯ ᠤᠨ ᠲᠠᠯᠠᠪᠠᠢ ᠢ ᠳᠠᠭᠠᠭᠠᠴᠢᠯᠠᠬᠤ ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠂ ᠣᠷᠴᠢᠨ ᠠᠬᠤᠶ ᠶᠢᠨ ᠬᠠᠮᠠᠭᠠᠯᠠᠯᠲᠠ᠂ ᠲᠠᠷᠢᠶᠠᠯᠠᠩ ᠮᠠᠯ ᠠᠵᠤ ᠠᠬᠤᠶ ᠳᠤ ᠬᠣᠯᠪᠣᠭᠳᠠᠬᠤ ᠪᠠᠯᠠ ᠮᠥᠩᠭᠥ ᠶᠢ ᠬᠠᠮᠢᠶᠠᠷᠴᠤ ᠬᠡᠷᠡᠭᠯᠡᠬᠦ ᠂ ᠠᠷᠠᠳ ᠤᠨ ᠠᠮᠢᠳᠤᠷᠠᠯ ᠤᠨ ᠢᠨᠵᠧᠨᠧᠷᠢᠩ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠢᠳᠡᠬᠦ ᠠᠪᠬᠤ ᠭᠠᠴᠢᠬᠤ ᠨᠡᠬᠡᠬᠦ ᠂ ᠠᠷᠠᠳ ᠣᠯᠠᠨ ᠲᠠᠶ ᠠᠰᠢᠭ ᠪᠤᠯᠢᠶᠠᠯᠴᠠᠨ᠂ ᠤᠯᠠᠨ ᠲᠦᠮᠡᠨ ᠢ ᠳᠠᠷᠤᠯᠠᠵᠤ ᠪᠠᠶᠢᠬᠤ ᠵᠡᠷᠭᠡ ᠤᠯᠠᠨ ᠲᠦᠮᠡᠨ ᠦ ᠲᠤᠰᠬᠠᠯ ᠴᠢᠩᠭ᠎ᠠ ᠪᠠᠶᠢᠭ᠎ᠠ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠨᠠᠷᠢᠨ ᠬᠢᠨᠠᠮᠠᠭᠠᠢ ᠲᠤᠤᠱᠠᠯᠠᠭᠤᠯᠵᠤ᠂ ᠦᠨᠳᠦᠰᠦᠨ ᠱᠠᠲᠤᠨ ᠳ᠋ᠦ ᠲᠤᠰᠢᠶᠠᠭᠰᠠᠨ ᠠᠰᠠᠭᠤᠳᠠᠯ ᠤᠨ ᠰᠦᠪᠡᠭᠴᠢ ᠨᠢ ᠨᠡᠶᠢᠲᠡ 1094 ᠬᠤᠪᠢ ᠳ᠋ᠤ ᠬᠦᠷᠴᠦ᠂1048 ᠬᠤᠪᠢ ᠬᠡᠷᠡᠭ ᠶᠠᠪᠤᠳᠠᠯ ᠢ ᠨᠢᠭᠡᠨᠲᠡ ᠰᠢᠢᠳᠪᠦᠷᠢᠯᠡᠭᠰᠡᠨ ᠪᠦᠭᠡᠳ 368 ᠬᠤᠪᠢ ᠬᠡᠷᠡᠭ ᠤᠴᠢᠷ ᠢ ᠳᠠᠩᠰᠠᠯᠠᠵᠤ᠂ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠭᠡᠯ 525 ᠬᠥᠮᠦᠨ ᠳ᠋ᠦ ᠤᠯᠭᠤᠵᠤ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠡᠴᠠ 122 ᠬᠥᠮᠦᠨ ᠳ᠋ᠤ ᠰᠢᠢᠳᠭᠡᠯ ᠤᠯᠭᠤᠵᠤ᠂ ᠬᠠᠤᠯᠢ ᠴᠠᠭᠠᠵᠠ ᠶ᠋ᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠭᠰᠡᠨ ᠬᠦᠮᠦᠨ ᠨᠢ 45 ᠳ᠋ᠦ ᠬᠦᠷᠴᠦ᠂ 1708.7 ᠲᠦᠮᠡᠨ ᠲᠦᠭᠦᠷᠢᠭ ᠦᠨ ᠰᠠᠬᠢᠯᠭ᠎ᠠ ᠪᠠᠲᠤ ᠡᠴᠠ ᠵᠦᠷᠢᠴᠭᠰᠡᠨ ᠮᠦᠩᠬᠦ ᠶ᠋ᠢ ᠡᠭᠡᠭᠡᠬᠦᠯᠦᠨ ᠠᠪᠴᠢᠷᠠᠵᠠᠢ᠃ ᠲᠤᠰᠬᠠᠶ ᠵᠦᠢᠯ ᠢᠶᠡᠷ ᠵᠠᠰᠠᠬᠤ ᠡᠷᠴᠢᠮ ᠢ ᠴᠢᠩᠭᠠᠷᠠᠭᠤᠯᠬᠤ ᠪᠠᠷᠳᠠᠮᠵᠢᠭᠤᠯᠤᠨ᠂ ᠲᠥᠪ ᠪᠤᠰᠤ ᠰᠤᠷᠲᠠᠯ ᠢ ᠵᠠᠯᠠᠷᠠᠭᠤᠯᠬᠤ ᠠᠵᠢᠯ ᠰᠢᠨ᠎ᠡ ᠠᠬᠢᠴᠠ ᠲᠠᠶ ᠪᠤᠯᠵᠤ᠂ ᠨᠠᠮ ᠪᠣᠯᠤᠨ ᠠᠷᠠᠳ ᠤᠯᠠᠨ ᠤ ᠬᠣᠭᠣᠷᠣᠨᠳᠣᠬᠢ ᠰᠠᠯᠵᠤ ᠪᠣᠯᠤᠰᠢ ᠦᠭᠡᠢ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠠᠢ ᠃
ᠲᠦᠷᠪᠡ ᠳᠦ᠂ ᠳᠤᠮᠳᠠ ᠳᠡᠭᠡᠳᠦ ᠵᠡᠷᠭᠡ ᠶᠢᠨ ᠤᠳᠤᠷᠢᠳᠬᠤ ᠺᠠᠳ᠋ᠷ ᠢ ᠵᠠᠯᠬᠠᠭᠠᠨ ᠰᠢᠢᠳᠬᠡᠬᠦ ᠡᠷᠴᠢᠮ ᠢ ᠠᠯᠬᠤᠮ ᠠᠯᠬᠤᠮ ᠢᠶᠠᠷ ᠴᠢᠩᠭᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠯᠵᠠᠷᠠᠯ ᠢ ᠡᠰᠡᠷᠭᠦᠴᠡᠬᠦ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ ᠂ ᠳᠤᠮᠳᠠ ᠳᠡᠭᠡᠳᠦ ᠵᠡᠷᠭᠡ ᠶᠢᠨ ᠤᠳᠤᠷᠢᠳᠬᠤ ᠺᠠᠳ᠋ᠷ ᠤᠨ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠰᠠᠮᠠᠭᠤᠷᠠᠭᠤᠯᠤᠭᠰᠠᠨ ᠱᠠᠮᠰᠢᠵᠤ ᠢᠯᠵᠠᠷᠠᠨ ᠳᠣᠷᠣᠶᠢᠳᠠᠭᠰᠠᠨ ᠡᠲᠡᠭᠡᠳ ᠢ ᠴᠢᠩᠭ᠎ᠠ ᠪᠠᠶᠢᠴᠠᠭᠠᠨ ᠰᠢᠢᠳᠭᠡᠵᠦ᠂ 《 ᠪᠠᠷᠰ ᠴᠣᠬᠢᠬᠤ 》 ᠬᠦᠴᠦᠷᠬᠡᠭ ᠶᠡᠬᠡ ᠰᠦᠷ ᠳᠠᠯᠠᠶᠢᠴᠠ ᠲᠠᠢ ᠪᠠᠶᠢᠳᠠᠯ ᠢ ᠪᠤᠢ ᠪᠤᠯᠭᠠᠵᠠᠢ ᠃ 2002 ᠣᠨ ᠳᠤ᠂ ᠨᠠᠮ ᠤᠨ ᠠᠷᠪᠠᠨ ᠵᠢᠷᠭᠤᠳᠤᠭᠠᠷ ᠶᠡᠬᠡ ᠬᠤᠷᠠᠯ ᠤᠨ ᠳᠠᠷᠠᠭ᠎ᠠ᠂ ᠨᠥᠯᠥᠭᠡ ᠪᠦᠬᠦᠢ ᠲᠤᠮᠤ ᠬᠡᠷᠡᠭ ᠴᠢᠬᠤᠯᠠ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠬᠡᠷᠡᠭ ᠶᠠᠪᠤᠳᠠᠯ ᠳ᠋ᠤ᠄ ᠤᠯᠠᠭᠠᠨᠬᠠᠳᠠ ᠬᠣᠲᠠ ᠶᠢᠨ ᠨᠠᠮ ᠤᠨ ᠬᠣᠷᠢᠶᠠᠨ ᠤ ᠤᠤᠯ ᠤᠨ ᠳᠡᠳ᠋ ᠱᠦᠵᠢ᠂ ᠬᠤᠳᠠ ᠶᠢᠨ ᠳᠠᠷᠤᠭ᠎ᠠ ᠰᠢᠤᠢ ᠭᠦᠸᠸ ᠶᠤᠸᠠᠨ᠂ ᠰᠢᠯᠢ ᠶᠢᠨ ᠭᠣᠣᠯ ᠠᠶᠢᠮᠠᠭ ᠤᠨ ᠨᠠᠮ ᠤᠨ ᠬᠤᠷᠢᠶᠠᠨ ᠤ ᠤᠤᠯ ᠤᠨ ᠳᠡᠳ᠋ ᠱᠦᠵᠢ ᠸᠧᠶ ᠰᠢᠶᠤᠤ ᠫᠢᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠤᠯ ᠤᠨ ᠳᠡᠳ᠋ ᠨᠠᠷᠢᠨ ᠪᠢᠴᠢᠭ ᠦᠨ ᠳᠠᠷᠤᠭ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠵᠢᠭᠤ ᠨᠣᠮᠯᠠᠯ ᠤᠨ ᠠᠰᠠᠭᠤᠳᠠᠯ ᠢ ᠰᠡᠷᠭᠡᠶᠢᠯᠡᠬᠦ ᠪᠠ ᠰᠢᠶᠳᠪᠦᠷᠢᠯᠡᠬᠦ ᠤᠳᠤᠷᠢᠳᠬᠤ ᠳᠤᠭᠤᠶᠢᠯᠠᠩ ᠤᠨ ᠠᠯᠪᠠᠨ ᠭᠡᠷ ᠦᠨ ᠡᠷᠬᠢᠯᠡᠭᠴᠢ ᠪᠠᠶ ᡁᠢ ᠮᠢᠩ ᠵᠡᠷᠭᠡ ᠬᠠᠤᠯᠢ ᠶ᠋ᠢ ᠵᠦᠷᠢᠴᠡᠭᠰᠡᠨ ᠬᠦᠮᠦᠰ ᠦᠨ ᠬᠡᠷᠡᠭ ᠶᠠᠪᠤᠳᠠᠯ᠃ ᠡᠭᠦᠨ ᠡᠴᠡ ᠭᠠᠳᠠᠨ᠎ᠠ ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠨᠢ ᠲᠥᠪ ᠬᠣᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠲᠠᠢ ᠬᠠᠪᠰᠤᠷᠤᠯᠴᠠᠬᠤ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠤᠤᠯ ᠤᠨ ᠳᠡᠳ᠋ ᠲᠡᠷᠢᠭᠦᠯᠡᠭᠴᠢ ᠯᠢᠦ ᠵᠦᠸᠸ ᡁᠢ ᠶ᠋ᠢᠨ ᠬᠠᠤᠯᠢ ᠴᠠᠭᠠᠵᠠ ᠰᠠᠬᠢᠯᠭ᠎ᠠ ᠪᠠᠲᠤ ᠡᠴᠠ ᠵᠦᠷᠢᠴᠡᠭᠰᠡᠨ ᠠᠰᠠᠭᠤᠳᠠᠯ᠂ ᠬᠥᠬᠡᠬᠣᠲᠠ ᠶᠢᠨ ᠨᠠᠮ ᠤᠨ ᠬᠤᠷᠢᠶᠠᠨ ᠤ ᠤᠤᠯ ᠤᠨ ᠳᠡᠳ᠋ ᠨᠠᠷᠢᠨ ᠪᠢᠴᠢᠭ ᠦᠨ ᠳᠠᠷᠤᠭ᠎ᠠ ᠵᠠᠩ ᡁᠢ ᠰᠢᠨ ᠤᠨ ᠤᠯᠤᠰ ᠤᠨ ᠥᠮᠴᠢᠯᠡᠯ ᠦᠨ ᠡᠳ᠋ ᠬᠦᠷᠦᠨᠭᠭᠡ ᠶᠢ ᠱᠠᠮᠰᠢᠨ ᠵᠠᠯᠭᠢᠭᠰᠡᠨ ᠬᠡᠷᠡᠭ ᠂ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠤᠨ ᠭᠣᠣᠯᠳᠠᠯᠭ᠎ᠠ ᠲᠠᠶ ᠲᠦᠷᠦᠯ ᠵᠦᠢᠯ ᠢ ᠵᠤᠬᠢᠴᠠᠭᠤᠯᠬᠤ ᠠᠯᠪᠠᠨ ᠭᠡᠷ ᠦᠨ ᠤᠤᠯ ᠤᠨ ᠳᠡᠳ᠋ ᠡᠷᠬᠢᠯᠡᠭᠴᠢ ᠨᠢᠦ ᡁᠢ ᠮᠧᠶ ᠶ᠋ᠢᠨ ᠰᠠᠬᠢᠯᠭ᠎ᠠ ᠪᠠᠲᠤ ᠶᠢ ᠵᠥᠷᠢᠴᠡᠭᠰᠡᠨ ᠰᠡᠵᠢᠭᠯᠡᠯᠲᠡᠶ ᠠᠰᠠᠭᠤᠳᠠᠯ ᠤᠨ ᠲᠤᠬᠠᠶ ᠪᠠᠶᠢᠴᠠᠭᠠᠯᠲᠠ ᠬᠢᠭᠰᠡᠨ ᠪᠠᠶᠢᠨ᠎ᠠ ᠃ 2012 ᠣᠨ ᠦ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠰᠢ ᠂ ᠨᠠᠮ ᠤᠨ ᠲᠥᠪ ᠬᠣᠷᠢᠶᠠᠨ ᠡᠴᠡ ᠢᠯᠵᠠᠷᠠᠯ ᠢ ᠡᠰᠡᠷᠭᠦᠴᠡᠬᠦ ᠲᠡᠮᠡᠴᠡᠯ ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠳᠠᠯ ᠪᠣᠯᠤᠨ ᠡᠭᠦᠷᠭᠡ ᠢ ᠴᠢᠩᠭ᠎ᠠ ᠠᠳᠬᠤᠵᠤ᠂ 《 ᠦᠩᠭᠡᠨ ᠲᠠᠯ᠎ᠠ ᠶ᠋ᠢᠨ ᠵᠠᠰᠠᠯᠲᠠ ᠪᠠᠷ ᠭᠣᠣᠯ ᠪᠣᠯᠭᠠᠵᠤ ᠂ ᠦᠨᠳᠦᠰᠦ ᠡᠴᠡ ᠨᠢ ᠵᠠᠰᠠᠬᠤ ᠳᠤ ᠴᠠᠭ ᠪᠦᠷᠢᠯᠳᠦᠭᠦᠯᠵᠦ ᠦᠭᠬᠦ 》 ᠬᠡᠮᠡᠬᠦ ᠢᠯᠵᠠᠷᠠᠯ ᠢ ᠡᠰᠡᠷᠭᠦᠴᠡᠬᠦ ᠠᠷᠭ᠎ᠠ ᠪᠤᠳᠤᠯᠭ᠎ᠠ ᠶ᠋ᠢ ᠳᠤᠷᠠᠳᠴᠤ᠂ ᠦᠩᠭᠡᠨ ᠲᠠᠯ᠎ᠠ ᠠᠴᠠ ᠨᠢ ᠵᠠᠰᠠᠬᠤ ᠡᠷᠴᠢᠮ ᠢᠶᠡᠨ ᠴᠢᠩᠭᠠᠷᠠᠭᠤᠯᠵᠤ ᠂ ᠬᠠᠤᠯᠢ ᠶᠢ ᠵᠥᠷᠢᠴᠡᠵᠦ ᠰᠠᠬᠢᠯᠭ᠎ᠠ ᠶᠢ ᠰᠠᠮᠠᠭᠤᠷᠠᠭᠤᠯᠤᠭᠰᠠᠨ ᠳᠡᠭᠡᠳᠦ ᠵᠡᠷᠭᠡ ᠶᠢᠨ ᠤᠳᠤᠷᠢᠳᠬᠤ ᠺᠠᠳ᠋ᠷ ᠦᠯᠡᠮᠵᠢ ᠤᠯᠠᠨ ᠪᠠᠶᠢᠴᠠᠭᠠᠨ ᠰᠢᠢᠳᠬᠡᠵᠦ᠂ ᠰᠦᠷᠳᠡᠭᠦᠯᠦᠯ ᠪᠦᠬᠦᠢ ᠦᠷ᠎ᠡ ᠨᠦᠯᠦᠭᠡ ᠶ᠋ᠢ ᠪᠠᠳᠠᠷᠠᠭᠤᠯᠤᠭᠰᠠᠨ ᠪᠠᠶᠢᠨ᠎ᠠ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠪᠤᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠨᠢ ᠤᠷᠢᠳᠤ ᠭᠠᠷᠤᠭ᠎ᠠ ᠦᠭᠡᠢ ᠦᠷ᠎ᠡ ᠪᠦᠲᠦᠮᠵᠢ ᠶ᠋ᠢ ᠤᠯᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠨᠠᠮ ᠤᠨ ᠲᠥᠪ ᠬᠣᠷᠢᠶ᠎ᠠ ᠂ ᠲᠥᠪ ᠦᠨ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠂ ᠰᠠᠬᠢᠯᠭ᠎ᠠ ᠪᠠᠲᠤ ᠶᠢᠨ ᠰᠢᠢᠳᠭᠡᠯ ᠤᠯᠭᠤᠬᠤ ᠵᠤᠷᠪᠤᠰ ᠤᠨ ᠲᠠᠯ᠎ᠠ ᠪᠠᠷ ᠴᠢᠩᠭ᠎ᠠ ᠨᠢᠮᠪᠠᠢ ᠨᠠᠶᠢᠳᠠᠪᠦᠷᠢᠵᠢᠭᠤᠯᠵᠤ ᠂ 《 ᠡᠪᠡᠳᠴᠢᠯᠡᠭᠰᠡᠨ ᠮᠣᠳᠣ 》 ᠶᠢ ᠵᠠᠰᠠᠬᠤ᠂ 《ᠥᠭᠢᠷᠡᠭᠰᠡᠨ ᠮᠣᠳᠣ》 ᠶ᠋ᠢ ᠠᠪᠴᠤ ᠬᠠᠶᠠᠬᠤ ᠶ᠋ᠢ ᠢᠯᠡ ᠲᠤᠳᠤᠷᠬᠠᠢ ᠬᠡᠷᠡᠭᠵᠢᠬᠦᠯᠵᠦ᠂ ᠶᠠᠩ ᠬᠠᠨ ᠵᠥᠩ ᠂ ᠲᠠᠩ ᠠᠶ ᠵᠢᠶᠦ᠋ᠨ ᠂ ᠡᠦ ᡁᠢ ᠵᠥᠩ ᠂ ᠪᠦᠸᠸ ᠯᠢᠶᠠᠨ ᠭᠸᠨ ᠂ ᠦ᠋ ᠸᠸᠨ ᠶᠤᠸᠠᠨ ᠂ ᠶᠠᠩ ᠴᠸᠩ ᠯᠢᠨ ᠂ ᠰᠢᠨ ᠸᠸᠨ ᠶᠢᠩ ᠂ ᠸᠠᠩ ᠾᠤᠶᠢ ᠱᠢ ᠂ ᠵᠠᠩ ᠭᠦᠸᠸ ᠴᠢᠦ᠂ ᠵᠠᠩ ᠫᠢᠩ ᠵᠡᠷᠭᠡ ᠨᠢᠭᠡ ᠪᠦᠯᠦᠭ ᠨᠡᠶᠢᠭᠡᠮ ᠳᠡᠭᠡᠷ᠎ᠡ ᠨᠦᠯᠦᠭᠡ ᠳᠤᠰᠬᠠᠯ ᠶᠡᠭᠡᠲᠡᠢ ᠬᠠᠤᠯᠢ ᠴᠠᠭᠠᠵᠠ ᠰᠠᠬᠢᠯᠭ᠎ᠠ ᠪᠠᠲᠤ ᠵᠥᠷᠢᠴᠡᠭᠰᠡᠨ ᠬᠡᠷᠡᠭ ᠴᠢᠩᠭ᠎ᠠ ᠰᠢᠢᠳᠪᠦᠷᠢᠯᠡᠵᠦ᠂ ᠾᠧᠦ ᠹᠸᠩ ᠴᠢ ᠂ ᠲᠤᠤ ᠱᠤ ᠵᠢᠤᠢ ᠵᠡᠷᠭᠡ ᠬᠦᠮᠦᠰ ᠦᠨᠬᠡᠷᠡᠭ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠰᠢᠢᠳᠪᠦᠷᠢᠯᠡᠭᠰᠡᠨ ᠦ ᠬᠠᠮᠲᠤ᠂ 《 ᠪᠠᠷᠰ ᠴᠣᠬᠢᠬᠤ 》 ᠬᠦᠴᠦᠷᠬᠡᠭ ᠶᠡᠬᠡ ᠰᠦᠷ ᠬᠦᠴᠦᠨ ᠢ ᠪᠤᠢ ᠪᠤᠯᠭᠠᠵᠠᠢ᠃ 2016 ᠣᠨ ᠤ ᠡᠴᠦᠰ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠵᠠᠬᠢᠳᠠᠯ ᠰᠤᠷᠪᠤᠯᠵᠢᠯᠠᠭ᠎ᠠ ᠶ᠋ᠢ ᠨᠢᠯᠡᠴᠢᠯᠡᠨ ᠮᠡᠳᠡᠭᠦᠯᠦᠯᠲᠡ ᠶᠢ1551 ᠬᠤᠪᠢ ( ᠤᠳᠠᠭ᠎ᠠ ) ᠬᠦᠯᠢᠶᠡᠨ ᠠᠪᠴᠤ ᠰᠢᠢᠳᠪᠦᠷᠢᠯᠡᠪᠡ ᠃ ᠠᠰᠠᠭᠤᠳᠠᠯ ᠤᠨ ᠰᠦᠪᠡᠭᠴᠢ ᠶᠢ 35 ᠬᠤᠪᠢ ( ᠤᠳᠠᠭ᠎ᠠ ) ᠰᠢᠢᠳᠪᠦᠷᠢᠯᠡᠪᠡ ᠃ ᠬᠡᠷᠡᠭ ᠪᠣᠯᠭᠠᠨ ᠳᠠᠩᠰᠠᠯᠠᠭᠰᠠᠨ 16085 ᠬᠤᠪᠢ ᠬᠡᠷᠡᠭ ᠲᠦ᠂ ᠲᠢᠩᠬᠢᠮ ᠦᠨ ᠳᠡᠰ ᠤᠨ ᠺᠠᠳ᠋ᠷ ᠤᠨ ᠬᠡᠷᠡᠭ 138 ᠬᠤᠪᠢ ᠂ ᠭᠠᠵᠠᠷ ᠤᠨ ᠳᠡᠰ ᠤᠨ ᠺᠠᠳ᠋ᠷ ᠤᠨ ᠬᠡᠷᠡᠭ 806 ᠬᠦᠮᠦᠨ ᠃ ᠳᠠᠭᠤᠰᠬᠠᠬᠰᠠᠨ ᠬᠡᠷᠡᠭ ᠨᠢ 14743 ᠬᠤᠪᠢ ᠃ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠭᠡᠬᠦ ᠤᠯᠭᠤᠭᠰᠠᠨ ᠬᠦᠮᠦᠨ ᠨᠢ 15949᠂᠂ ᠡᠭᠦᠨ ᠦ ᠳᠣᠲᠣᠷ᠎ᠠ ᠂ ᠲᠢᠩᠬᠢᠮ ᠦᠨ ᠳᠡᠰ ᠤᠨ ᠺᠠᠳ᠋ᠷ 108 ᠬᠥᠮᠦᠨ᠂ ᠭᠠᠵᠠᠷ ᠤᠨ ᠲᠠᠰ ᠤᠨ ᠺᠠᠳ᠋ᠷ 61 ᠬᠥᠮᠦᠨ ᠃ ᠬᠠᠤᠯᠢ ᠪᠠᠷᠢᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠭᠰᠡᠨ ᠨᠢ 40 ᠬᠥᠮᠦᠨ᠂ ᠤᠯᠤᠰ ᠲᠤ ᠤᠯᠤᠰ ᠤᠨ ᠠᠵᠤ ᠠᠬᠤᠶ ᠶᠢᠨ ᠬᠣᠬᠢᠷᠠᠯ ᠢ 8.47 ᠳ᠋ᠦᠩᠰᠢᠭᠤᠷ ᠲᠦᠭᠦᠷᠢᠭ ᠡᠭᠡᠭᠡᠬᠦᠯᠦᠨ ᠠᠪᠴᠢᠷᠠᠪᠠ᠃ ᠴᠢᠷᠮᠠᠶᠢᠯᠭ᠎ᠠ ᠪᠠᠷ ᠳᠠᠮᠵᠢᠭᠠᠳ᠂ 《 ᠢᠯᠵᠠᠷᠠᠬᠤ ᠡᠴᠡ ᠵᠢᠷᠦᠬᠡᠰᠢᠶᠡᠬᠦ 》 ᠪᠠᠶᠢᠳᠠᠯ ᠨᠢ ᠠᠩᠬ᠎ᠠ ᠠᠯᠬᠤᠮ ᠪᠦᠷᠢᠯᠳᠦᠪᠡ᠃
2016 ᠣᠨ ᠤ 11 ᠰᠠᠷ᠎ᠠ ᠶᠢᠨ 22 ᠤᠨ ᠡᠳᠦᠷ ᠂ ᠯᠢ ᠵᠢᠢ ᠡᡁᠸ᠋ᠩ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠦᠨ ᠶᠡᠬᠡ ᠬᠤᠷᠠᠯ ᠤᠨ ᠠᠵᠢᠯ ᠤᠨ ᠢᠯᠡᠳᠬᠡᠯ ᠳᠡᠭᠡᠨ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠠᠵᠢᠯ ᠬᠡᠵᠢᠶᠡᠳᠡ ᠳᠠᠭᠤᠰᠤᠰᠢ ᠦᠭᠡᠢ ᠶᠠᠪᠤᠭᠳᠠᠬᠤ ᠶ᠋ᠢ ᠴᠢᠬᠤᠯᠠᠴᠢᠯᠠᠵᠤ᠂ ᠢᠯᠵᠠᠷᠠᠯ ᠪᠠᠶᠢᠪᠠᠯ ᠡᠷᠡᠰ ᠡᠰᠡᠷᠭᠦᠴᠡᠬᠦ ᠬᠡᠷᠡᠭᠲᠡᠶ ᠂ ᠱᠠᠮᠰᠢᠭᠰᠠᠳ ᠪᠠᠶᠢᠪᠠᠯ ᠵᠠᠪᠠᠯ ᠠᠷᠢᠯᠭᠠᠬᠤ ᠬᠡᠷᠡᠭᠲᠡᠢ᠂ ᠬᠣᠷᠢᠭᠠᠲᠤ ᠣᠷᠣᠨ ᠦᠭᠡᠶ ᠶ᠋ᠢ ᠪᠠᠲᠤᠯᠠᠵᠤ ᠂ ᠪᠦᠬᠦᠨ ᠢ ᠬᠠᠮᠤᠷᠴᠤ 《ᠲᠡᠭ ᠬᠦᠯᠢᠴᠡᠯ 》 ᠂ 《 ᠪᠠᠷᠰ 》 ᠢ ᠠᠯᠠᠬᠤ ᠪᠦᠭᠡᠳ 《ᠢᠯᠠᠭ᠎ᠠ 》 ᠶ᠋ᠢ ᠴᠤ ᠤᠰᠠᠳᠬᠠᠵᠤ᠂ ᠺᠠᠳ᠋ᠷᠴᠤᠳ ᠤᠨ ᠪᠡᠶ᠎ᠡ ᠳᠡᠭᠡᠷᠡᠬᠢ ᠠᠰᠠᠭᠤᠳᠠᠯ ᠂ ᠣᠯᠠᠨ ᠲᠦᠮᠡᠨ ᠦ ᠳᠡᠷᠭᠡᠳᠡᠬᠢ ᠢᠯᠵᠠᠷᠠᠯ ᠢ ᠬᠦᠴᠦᠯᠡᠨ ᠰᠢᠢᠳᠪᠦᠷᠢᠯᠡᠵᠦ᠂ ᠺᠠᠳ᠋ᠷ ᠨᠢ ᠲᠥᠪ ᠴᠢᠬᠡᠴᠢ ᠂ ᠵᠠᠰᠠᠭ ᠤᠨ ᠣᠷᠳᠣᠨ ᠨᠢ ᠠᠷᠢᠭᠤᠨ ᠴᠢᠬᠡᠴᠢ ᠂ ᠤᠯᠤᠰ ᠲᠦᠷᠦ ᠬᠡᠪ ᠳᠦᠷᠢᠮ ᠲᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ ᠭᠡᠵᠡᠢ ᠃