ᠲᠥᠪ ᠦᠨ《 ᠨᠠᠢᠮᠠᠨ ᠲᠣᠭᠲᠠᠭᠠᠯ 》ᠤᠨ ᠵᠣᠷᠢᠭ ᠰᠠᠨᠠᠭ᠎ᠠ ᠨᠢ ᠪᠦᠲᠦᠮᠵᠢᠲᠡᠶ ᠨᠠᠶᠢᠳᠠᠪᠦᠷᠢᠵᠢᠭᠤᠯᠤᠭᠳᠠᠪᠠ
ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠠᠴᠠ ᠡᠮᠦᠨ᠎ᠡ ᠨᠢᠭᠡ ᠬᠡᠰᠡᠭ ᠬᠤᠭᠤᠴᠠᠭᠠᠨ ᠳᠤ᠂ ᠨᠠᠮ ᠢ ᠬᠠᠮᠢᠶᠠᠷᠴᠤ ᠨᠠᠮ ᠢ ᠵᠠᠰᠠᠬᠤ ᠲᠠᠯ᠎ᠠ ᠪᠠᠷ ᠬᠠᠮᠢᠶᠠᠷᠤᠯᠲᠠ ᠰᠤᠯᠠ ᠪᠤᠯᠤᠭᠰᠠᠨ ᠡᠴᠠ ᠪᠤᠯᠵᠤ᠂ ᠨᠠᠮ ᠤᠨ ᠪᠠᠶᠢᠭᠤᠯᠤᠯᠲᠠ ᠶᠢᠨ ᠡᠯ᠎ᠡ ᠲᠠᠯ᠎ᠠ ᠳᠤ ᠴᠥᠮ ᠡᠳᠦᠶ ᠲᠡᠳᠦᠶ ᠠᠰᠠᠭᠤᠳᠠᠯ ᠭᠠᠷᠪᠠ ᠃ ᠡᠭᠦᠨ ᠦ ᠳᠣᠲᠣᠷ᠎ᠠ ᠂ ᠢᠯᠠᠩᠭᠤᠶ᠎ᠠ ᠰᠤᠷᠲᠠᠯ ᠤᠨ ᠲᠠᠯ᠎ᠠ ᠪᠠᠷ ᠬᠢ ᠠᠰᠠᠭᠤᠳᠠᠯ ᠬᠠᠮᠤᠭ ᠤᠨ ᠲᠣᠪᠣᠶᠢᠮ᠎ᠠ ᠂ ᠬᠠᠮᠤᠭ ᠤᠨ ᠰᠢᠭᠤᠳ ᠪᠠᠶᠢᠵᠦ ᠂ ᠬᠡᠯᠪᠡᠷᠢᠴᠢ ᠦᠵᠡᠯ ᠂ ᠨᠣᠶᠠᠨᠴᠢ ᠦᠵᠡᠯ ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠭᠡᠬᠦ 《 ᠲᠦᠷᠪᠡᠨ ᠰᠤᠷᠲᠠᠯ 》 ᠳᠡᠭᠡᠷ᠎ᠡ ᠲᠦᠪᠯᠡᠷᠡᠭᠬᠦᠢ ᠢᠯᠡᠷᠡᠵᠦ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠤᠨ ᠳᠠᠷᠠᠭ᠎ᠠ ᠂ ᠲᠥᠪ ᠬᠣᠷᠢᠶᠠᠨ ᠡᠴᠠ 《ᠨᠠᠢᠮᠠᠨ ᠵᠤᠷᠪᠤᠰ ᠲᠣᠭᠲᠠᠭᠠᠯ 》 ᠢ ᠴᠠᠭ ᠲᠤᠬᠠᠢ ᠳ᠋ᠤᠨᠢ ᠨᠡᠶᠢᠲᠡᠯᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠂ 28 ᠵᠦᠶᠯ ᠦᠨ ᠲᠦᠷᠦᠯ ᠲᠣᠭᠲᠠᠭᠠᠯ ᠢ ᠴᠠᠭ ᠲᠤᠬᠠᠶ ᠳᠤᠨᠢ ᠰᠤᠳᠤᠯᠤᠨ ᠲᠤᠭᠲᠠᠭᠠᠬᠤ ᠶ᠋ᠢᠨ ᠬᠠᠮᠲᠤ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠥᠪ ᠦᠨ 《 ᠨᠠᠢᠮᠠᠨ ᠲᠣᠭᠲᠠᠭᠠᠯ 》 ᠤᠨ ᠵᠣᠷᠢᠭ ᠰᠠᠨᠠᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶ᠋ᠢ ᠴᠢᠩᠭ᠎ᠠ ᠪᠠᠶᠢᠴᠠᠭᠠᠨ ᠰᠢᠢᠳᠪᠦᠷᠢᠯᠡᠭᠰᠡᠨ ᠡᠴᠡ ᠪᠤᠯᠵᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠨᠠᠮ ᠤᠨ ᠰᠤᠷᠲᠠᠯ ᠢᠯᠡᠷᠡᠭᠡᠶ ᠰᠠᠶᠢᠵᠢᠷᠠᠵᠤ᠂ ᠠᠷᠠᠳ ᠤᠨ ᠲᠥᠯᠥᠭᠡ ᠪᠣᠳᠠᠲᠤ ᠠᠵᠢᠯᠯᠠᠭ᠎ᠠ ᠶᠢ ᠡᠷᠬᠢᠮᠯᠡᠨ ᠠᠷᠢᠭᠤᠨ ᠴᠢᠬᠡᠴᠢ ᠬᠡᠪ ᠰᠤᠷᠲᠠᠯ ᠨᠢ ᠠᠭᠠᠵᠢᠮ ᠢᠶᠠᠷ ᠪᠦᠷᠢᠯᠳᠦᠵᠦ᠂ ᠨᠠᠮ ᠪᠠ ᠤᠯᠠᠨ ᠲᠦᠮᠡᠨ ᠦ ᠬᠠᠷᠢᠴᠠᠭ᠎ᠠ ᠶᠢ ᠤᠯᠠᠮ ᠨᠢᠭᠲᠠ ᠪᠤᠯᠤᠭᠰᠠᠨ ᠶᠤᠮ ᠃
ᠨᠢᠭᠡ ᠂ ᠥᠪᠡᠷᠲᠡᠭᠡᠨ ᠵᠠᠰᠠᠬᠤ ᠣᠷᠣᠨ ᠤ 28 ᠵᠦᠶᠯ ᠦᠨ ᠲᠦᠷᠦᠯ ᠲᠣᠭᠲᠠᠭᠠᠯ ᠢ ᠲᠣᠭᠲᠠᠭᠠᠨ ᠨᠡᠶᠢᠲᠡᠯᠡᠪᠡ
2013 ᠣᠨ ᠤ 1 ᠰᠠᠷ᠎ᠠ ᠶᠢᠨ 11 ᠦ ᠡᠳᠦᠷ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠪᠠᠶᠢᠩᠭᠤ ᠶᠢᠨ ᠭᠡᠰᠢᠭᠦᠳ ᠦᠨ ᠬᠤᠷᠠᠯᠬᠤᠷᠠᠯᠳᠤᠵᠤ᠂ 《ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠵᠠᠰᠠᠭ ᠤᠨ ᠣᠷᠳᠣᠨ ᠤ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ᠂ ᠣᠯᠠᠨ ᠲᠦᠮᠡᠨ ᠲᠡᠶ ᠨᠢᠭᠲᠠ ᠬᠠᠷᠢᠯᠴᠠᠬᠤ ᠲᠤᠬᠠᠶ ᠲᠣᠭᠲᠠᠭᠠᠯ ᠤᠳ》 ᠢ ᠶᠠᠷᠢᠯᠴᠠᠨ ᠪᠠᠲᠤᠯᠠᠪᠠ ᠃ 《 ᠲᠣᠭᠲᠠᠭᠠᠯ 》 ᠨᠢ 7 ᠲᠠᠯ᠎ᠠ ᠠᠴᠠ 28 ᠵᠦᠢᠯ ᠦᠨ ᠪᠣᠳᠠᠲᠠᠶ ᠱᠠᠭᠠᠷᠳᠠᠯᠭ᠎ᠠ ᠭᠠᠷᠭᠠᠵᠤ᠂ ᠶᠡᠷᠦ ᠳᠡᠭᠡᠨ ᠥᠪᠥᠷ ᠮᠣᠩᠭᠣᠯ ᠤᠨ 28 ᠢᠵᠢ ᠲᠦᠬᠦᠷ ᠲᠣᠭᠲᠠᠭᠠᠯ ᠬᠡᠮᠡᠨ ᠨᠡᠷᠡᠶᠢᠳᠳᠡᠭ ᠃ ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ 28 ᠵᠦᠶᠯ ᠦᠨ ᠲᠦᠷᠦᠯ ᠲᠤᠭᠲᠠᠭᠠᠯ ᠨᠢᠲᠥᠪ ᠦᠨ 《 ᠨᠠᠢᠮᠠᠨ ᠲᠣᠭᠲᠠᠭᠠᠯ 》 ᠤᠨ ᠵᠣᠷᠢᠭ ᠰᠠᠨᠠᠭ᠎ᠠ ᠶᠢ ᠪᠣᠳᠠᠲᠠᠢ ᠠᠵᠢᠯᠯᠠᠭ᠎ᠠ ᠶ᠋ᠢ ᠪᠦᠬᠦ ᠲᠠᠯ᠎ᠠ ᠪᠠᠷ ᠨᠠᠶᠢᠳᠠᠪᠦᠷᠢᠭᠤᠯᠬᠤ ᠪᠠᠷ ᠦᠯᠦ ᠪᠠᠷᠠᠮ ᠪᠠᠰᠠ ᠠᠵᠢᠯ ᠤᠨ ᠰᠤᠷᠲᠠᠯ ᠢᠶᠠᠨ ᠬᠦᠴᠦᠯᠡᠨ ᠰᠠᠶᠢᠵᠢᠷᠠᠭᠤᠯᠬᠤ᠂ ᠨᠠᠮ ᠪᠠ ᠤᠯᠠᠨ ᠲᠦᠮᠡᠨ ᠦ ᠬᠣᠭᠣᠷᠣᠨᠳᠣᠬᠢ ᠰᠠᠯᠵᠤ ᠪᠣᠯᠤᠰᠢ ᠦᠭᠡᠢ ᠬᠠᠷᠢᠴᠠᠭ᠎ᠠ ᠶᠢ ᠨᠢᠭᠲᠠᠷᠠᠭᠤᠯᠬᠤ ᠵᠠᠶᠢᠯᠠᠰᠢ ᠦᠭᠡᠢ ᠱᠠᠭᠠᠷᠳᠠᠯᠭ᠎ᠠ ᠭᠡᠵᠦ ᠵᠢᠭᠠᠵᠤ ᠭᠠᠷᠭᠠᠭᠰᠠᠨ ᠪᠠᠶᠢᠨ᠎ᠠ᠃ ᠬᠤᠷᠠᠯ ᠠᠴᠠ᠂ ᠡᠯ ᠱᠠᠲᠤ ᠡᠯ᠎ᠡ ᠰᠠᠯᠠᠭ᠎ᠠ ᠮᠥᠴᠢᠷ ᠦᠨ ᠬᠢᠨ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠪᠠ ᠰᠢ ᠵᠢᠨ ᠫᠢᠩ ᠶᠡᠷᠦᠩᠬᠡᠢ ᠱᠦᠵᠢ ᠶ᠋ᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠂ ᠤᠯᠠᠨ ᠲᠦᠮᠡᠨ ᠲᠡᠶ ᠨᠢᠭᠲᠠ ᠬᠠᠷᠢᠯᠴᠠᠬᠤ ᠵᠡᠷᠭᠡ ᠠᠯᠢ ᠤᠯᠠᠨ ᠴᠢᠬᠤᠯᠠ ᠥᠭᠦᠯᠡᠯᠲᠡ ᠶ᠋ᠢ ᠬᠢᠨᠠᠮᠠᠭᠠᠢ ᠰᠤᠷᠤᠯᠴᠠᠨ ᠬᠦᠨᠵᠡᠭᠡᠢ ᠤᠶᠢᠯᠠᠭᠠᠵᠤ᠂ ᠲᠥᠪ ᠦᠨ 《 ᠨᠠᠢᠮᠠᠨ ᠲᠣᠭᠲᠠᠭᠠᠯ 》 ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ᠠᠴᠠ ᠨᠡᠶᠢᠲᠡᠯᠡᠭᠰᠡᠨ 28 ᠢᠵᠢ ᠲᠦᠬᠦᠷ ᠲᠣᠭᠲᠠᠭᠠᠯ ᠤᠨ ᠴᠢᠬᠤᠯᠠ ᠶᠡᠬᠡ ᠠᠴᠢ ᠬᠣᠯᠪᠣᠭᠳᠠᠯ ᠢ ᠬᠦᠢᠴᠡᠳ ᠲᠠᠨᠢᠵᠦ ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠥᠪ ᠦᠨ ᠱᠠᠭᠠᠷᠳᠠᠯᠭ᠎ᠠ ᠲᠠᠢ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠣᠳᠠᠲᠠᠶ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠶ ᠭᠡᠵᠦ ᠵᠢᠭᠠᠨ ᠭᠠᠷᠭᠠᠵᠠᠢ ᠃ ᠵᠠᠯᠭᠠᠭᠠᠳ᠂ ᠡᠯ᠎ᠡ ᠠᠶᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠨᠢᠭᠡᠴᠢ ᠡᠴᠡ ᠵᠠᠯᠭᠠᠭᠠᠪᠡᠷ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠲᠥᠪ ᠦᠨ 《 ᠨᠠᠢᠮᠠᠨ ᠲᠣᠭᠲᠠᠭᠠᠯ 》 ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ 28 ᠢᠵᠢ ᠪᠦᠷᠢᠳᠦᠭᠰᠡᠡ ᠲᠣᠭᠲᠠᠭᠠᠯ ᠤᠨ ᠵᠣᠷᠢᠭ ᠰᠠᠨᠠᠭ᠎ᠠ ᠶᠢ ᠪᠣᠳᠠᠲᠠᠶ ᠠᠵᠢᠯᠯᠠᠭ᠎ᠠ ᠳᠡᠭᠡᠷ᠎ᠡ ᠨᠠᠶᠢᠳᠠᠪᠦᠷᠢᠵᠢᠭᠤᠯᠤᠨ ᠲᠤᠤᠱᠠᠯᠠᠭᠤᠯᠬᠤ ᠳᠡᠭᠡᠷ᠎ᠡ ᠵᠤᠬᠢᠬᠤ ᠠᠷᠭ᠎ᠠ ᠪᠤᠳᠤᠯᠭ᠎ᠠ ᠶ᠋ᠢ ᠲᠤᠭᠲᠠᠭᠠᠵᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ ᠂ ᠱᠠᠲᠦ ᠱᠠᠲᠦ ᠪᠠᠷ ᠨᠠᠶᠢᠳᠠᠪᠦᠷᠢᠵᠢᠭᠤᠯᠵᠤ᠂ ᠡᠳᠡᠭᠡᠷ ᠲᠣᠭᠲᠠᠭᠠᠯ ᠢ ᠪᠣᠳᠠᠲᠠᠶ ᠳᠤ ᠨᠠᠶᠢᠳᠠᠪᠦᠷᠢᠵᠢᠭᠤᠯᠬᠤ ᠪᠠ ᠪᠣᠳᠠᠲᠤ ᠦᠷ᠎ᠡ ᠪᠦᠲᠦᠮᠵᠢ ᠤᠯᠬᠤ ᠶ᠋ᠢ ᠪᠠᠲᠤᠯᠠᠬᠤ ᠳ᠋ᠤ ᠠᠩᠬᠠᠷᠤᠯ ᠲᠠᠯᠪᠢᠭᠰᠠᠨ ᠪᠠᠶᠢᠨ᠎ᠠ ᠃ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠲᠦᠷᠦᠭᠦᠯᠡᠨ ᠦᠯᠢᠭᠡᠷ ᠵᠢᠱᠢᠶ᠎ᠡ ᠦᠵᠡᠭᠦᠯᠵᠦ᠂ ᠲᠦᠷᠦᠭᠦᠯᠡᠨ ᠵᠢᠷᠤᠮᠯᠠᠬᠤ ᠪᠠᠷ ᠳᠠᠮᠵᠢᠵᠤ ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠪᠦᠬᠦ ᠣᠷᠣᠨ ᠤ ᠺᠠᠲᠠᠷᠴᠤᠳ ᠶ᠋ᠢ ᠳᠠᠶᠢᠴᠢᠯᠠᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ ᠂ ᠰᠠᠢᠢᠨ ᠰᠠᠶᠢᠬᠠᠨ ᠲᠦᠷᠢ ᠲᠥᠷᠬᠦ ᠶᠢ ᠪᠤᠢ ᠪᠤᠯᠭᠠᠵᠤ᠂ ᠰᠢᠯᠢᠳᠡᠭ ᠰᠠᠢᠢᠨ ᠨᠠᠮ ᠤᠨ ᠰᠤᠷᠲᠠᠯ ᠢᠶᠠᠷ ᠨᠠᠮ ᠤᠨ ᠰᠡᠳᠬᠢᠯ ᠠᠷᠠᠳ ᠤᠨ ᠰᠡᠳᠬᠢᠯ ᠢ ᠨᠢᠭᠲᠠᠷᠠᠭᠤᠯᠬᠤ ᠂ ᠵᠠᠰᠠᠭ ᠤᠨ ᠰᠤᠷᠲᠠᠯ ᠪᠠ ᠠᠷᠠᠳ ᠤᠨ ᠰᠤᠷᠲᠠᠯ ᠢ ᠳᠠᠶᠢᠴᠢᠯᠠᠬᠤ ᠪᠠᠷ ᠴᠢᠷᠮᠠᠶᠢᠭᠰᠠᠨ ᠪᠠᠶᠢᠨ᠎ᠠ᠃ ᠲᠥᠪ ᠦᠨ 《 ᠨᠠᠢᠮᠠᠨ ᠲᠣᠭᠲᠠᠭᠠᠯ 》 ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠳᠠᠮᠵᠢᠭᠤᠯᠵᠤ ᠂ 《 ᠨᠠᠢᠮᠠᠨ ᠵᠦᠢᠯ ᠦᠨ ᠲᠣᠭᠲᠠᠭᠠᠯ 》 ᠢ ᠵᠦᠷᠢᠴᠡᠭᠰᠡᠨ ᠬᠦᠮᠦᠨ ᠪᠠ ᠬᠡᠷᠡᠭ ᠶᠠᠪᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ ᠂ ᠨᠠᠮ ᠤᠨ ᠰᠤᠷᠲᠠᠯ ᠢ ᠰᠠᠶᠢᠵᠢᠷᠠᠭᠤᠯᠤᠭᠰᠠᠨ ᠪᠠᠶᠢᠨ᠎ᠠ ᠃
《 ᠨᠠᠢᠮᠠᠨ ᠵᠦᠢᠯ ᠦᠨ ᠲᠣᠭᠲᠠᠭᠠᠯ 》 ᠢ ᠨᠡᠶᠢᠲᠡᠯᠡᠭᠰᠡᠨ ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠡᠴᠠ ᠲᠥᠪ ᠦᠨ 《 ᠨᠠᠢᠮᠠᠨ ᠲᠣᠭᠲᠠᠭᠠᠯ 》 ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ 28 ᠵᠦᠶᠯ ᠦᠨ ᠲᠦᠷᠦᠯ ᠲᠣᠭᠲᠠᠭᠠᠯ ᠢ ᠴᠢᠩᠭ᠎ᠠ ᠵᠢᠷᠤᠮᠯᠠᠵᠤ᠂ ᠬᠢᠨᠠᠯᠲᠠ ᠲᠠᠯᠪᠢᠵᠤ ᠪᠠᠶᠢᠴᠠᠭᠠᠬᠤ ᠶ᠋ᠢ ᠴᠢᠩᠭᠠᠳᠬᠠᠨ᠂ ᠢᠯᠡ ᠪᠡᠷ ᠵᠠᠷᠯᠠᠨ ᠮᠡᠳᠡᠭᠳᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠨ᠎ᠠ᠃ ᠰᠠᠬᠢᠯᠭ᠎ᠠ ᠪᠠᠲᠤ ᠣᠪᠣᠷ ᠰᠤᠷᠲᠠᠯ ᠤᠨ ᠲᠤᠰᠬᠠᠶ ᠵᠦᠢᠯ ᠢᠶᠡᠷ ᠴᠡᠭᠴᠡᠯᠡᠨ ᠵᠠᠰᠠᠬᠤ ᠠᠵᠢᠯ ᠢ ᠬᠦᠴᠦ ᠲᠠᠯᠪᠢᠨ ᠦᠷᠨᠢᠭᠦᠯᠵᠦ᠂ ᠦᠬᠡᠨᠴᠡ ᠳᠣᠷᠣᠶ ᠠᠯᠵᠠᠭᠤ ᠵᠠᠯᠬᠠᠭᠤ ᠰᠤᠯᠠ ᠵᠠᠳᠠᠭᠠᠶ᠂ ᠪᠦᠷᠢᠯᠭᠡᠮᠡᠲᠡᠭᠡᠶ ᠪᠠ ᠬᠤᠪᠢ ᠢᠨ ᠡᠵᠡᠩᠨᠡᠯᠲᠡ ᠢᠨ ᠠᠵᠤ ᠠᠬᠤᠢᠯᠠᠯ ᠤᠨ ᠰᠢᠨᠤᠬᠠᠶ᠂ ᠪᠠᠯᠠᠮᠠᠳ ᠬᠠᠲᠠᠭᠤ ᠵᠡᠷᠭᠡ ᠠᠰᠠᠭᠤᠳᠠᠯ ᠢ ᠴᠡᠭᠴᠡᠯᠡᠨ ᠵᠠᠰᠠᠪᠦᠷᠢᠯᠠᠭᠰᠠᠨ ᠪᠠᠶᠢᠨ᠎ᠠ᠃ ᠲᠤᠭᠲᠠᠭᠠᠯ ᠢ ᠵᠦᠷᠢᠴᠡᠨ ᠠᠯᠪᠠᠨ ᠵᠤᠭᠤᠰ ᠢᠶᠠᠷ ᠢᠳᠡᠵᠦ ᠤᠤᠭᠤᠬᠤ ᠂ ᠠᠯᠪᠠᠨ ᠤ ᠲᠡᠷᠭᠡ ᠶᠢ ᠬᠤᠪᠢᠨ ᠳᠠᠭᠠᠨ ᠵᠠᠷᠤᠬᠤ ᠂ ᠠᠯᠪᠠᠨ ᠤ ᠵᠣᠭᠣᠰ ᠢᠶᠠᠷ ᠭᠠᠳᠠᠭᠠᠳᠤ ᠳᠤ ( ᠬᠢᠯᠢ ᠡᠴᠡ ) ᠭᠠᠷᠴᠤ ᠵᠢᠭᠤᠯᠴᠢᠯᠠᠬᠤ᠂ ᠪᠡᠯᠡᠭ ᠬᠦᠷᠭᠡᠬᠦ ᠮᠥᠩᠭᠥ ᠬᠤᠷᠢᠶᠠᠬᠤ᠂ ᠨᠡᠮᠡᠭᠦᠷᠢ ᠮᠥᠩᠭᠥ ᠨᠥᠬᠥᠪᠥᠷᠢ ᠮᠥᠩᠭᠥ ᠣᠯᠭᠣᠭᠰᠠᠨ ᠪᠠ ᠤᠷᠦᠬ ᠬᠤᠷᠢᠮ᠂ ᠪᠠᠶᠠᠷ ᠤᠨ ᠡᠳ᠋ ᠠᠰᠢᠭ ᠣᠯᠤᠭᠰᠠᠨ ᠠᠵᠢᠯᠯᠠᠭ᠎ᠠ ᠶᠢ ᠵᠡᠷᠭᠡ ᠳᠤᠪᠤᠶᠢᠮ᠎ᠠ ᠠᠰᠠᠭᠤᠳᠠᠯ ᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ 《 ᠨᠠᠮ ᠵᠠᠰᠠᠭ ᠤᠨ ᠪᠠᠶᠢᠭᠤᠯᠤᠯᠭ᠎ᠠ ᠠᠷᠪᠢᠯᠠᠨ ᠭᠠᠮᠨᠠᠬᠤ ᠶ᠋ᠢ ᠡᠷᠬᠢᠮᠯᠡᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠤᠬᠠᠶ ᠬᠡᠷᠡᠭᠵᠢᠭᠦᠯᠬᠦ ᠨᠠᠷᠢᠨ ᠲᠦᠷᠢᠮ 》 《 ᠤᠳᠤᠷᠢᠳᠬᠤ ᠺᠠᠳ᠋ᠷᠴᠤᠳ ᠰᠤᠷᠲᠠᠯ ᠤᠨ ᠪᠠᠶᠢᠭᠤᠯᠤᠯᠲᠠ ᠶᠢᠨ ᠬᠣᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠬᠠᠷᠢᠭᠤᠴᠠᠯᠭ᠎ᠠ ᠨᠡᠬᠡᠮᠵᠢᠯᠡᠬᠦ ᠶᠢ ᠲᠦᠷ ᠬᠡᠷᠡᠭᠵᠢᠭᠦᠯᠬᠦ ᠠᠷᠭ᠎ᠠ 》 ᠵᠡᠷᠭᠡ ᠠᠯᠢ ᠣᠯᠠᠨ ᠵᠢᠷᠤᠮᠵᠢᠯ ᠤᠨ ᠴᠢᠨᠠᠷᠲᠠᠶ ᠪᠢᠴᠢᠭ ᠢ ᠲᠤᠭᠲᠠᠭᠠᠵᠤ ᠂ ᠲᠦᠷᠢᠮ ᠦᠨ 《 ᠰᠢᠩᠭᠡᠯᠢᠭ 》 ᠶ᠋ᠢ ᠨᠢᠭᠲᠠ ᠴᠢᠩᠭ᠎ᠠ ᠪᠤᠢ ᠪᠤᠯᠭᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠭᠠᠰᠢ᠂ 《 ( 2006 ᠣᠨ ᠤ 12 ᠰᠠᠷ᠎ᠠ ᠪᠤᠯᠲᠠᠯ᠎ᠠ) ᠲᠥᠪ ᠬᠣᠷᠢᠶᠠᠨ ᠤ ᠨᠠᠶᠮᠠᠨ ᠵᠦᠶᠯ ᠦᠨ ᠲᠣᠭᠲᠠᠭᠠᠯ 〉 ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠢ ᠨᠡᠶᠢᠲᠡ 924 ᠬᠤᠪᠢ ᠪᠠᠶᠢᠴᠠᠭᠠᠨ ᠰᠢᠢᠳᠪᠦᠷᠢᠯᠡᠵᠦ᠂ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠬᠡᠯ 502 ᠬᠥᠮᠦᠨ ᠳ᠋ᠦ ᠤᠯᠭᠤᠵᠠᠢ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠡᠴᠠ 17 ᠤᠳᠠᠭ᠎ᠠ ᠬᠤᠪᠢᠶᠠᠵᠤ 101 ᠨᠡᠶᠢᠲᠡᠯᠢᠭ ᠠᠰᠠᠭᠤᠳᠠᠯ ᠢ ᠵᠠᠷᠯᠠᠨ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠲᠤᠲᠤᠮ ᠴᠢᠩᠳᠠᠯᠠᠬᠤ ᠴᠢᠩᠭ᠎ᠠ ᠳᠣᠬᠢᠶ᠎ᠠ ᠶ᠋ᠢ ᠦᠷᠭᠦᠯᠵᠢᠯᠡᠨ ᠪᠠᠳᠠᠷᠠᠭᠤᠯᠵᠤ ᠂ ᠠᠯᠪᠠᠨ ᠵᠣᠭᠣᠰ ᠢᠶᠠᠷ ᠢᠳᠡᠵᠦ ᠤᠸᠭᠤᠭᠰᠠᠨ ᠠᠰᠠᠭᠤᠳᠠᠯ ᠂ ᠠᠯᠪᠠᠨ ᠤ ᠲᠡᠷᠭᠡ ᠶᠢ ᠬᠤᠪᠢᠨ ᠳᠠᠭᠠᠨ ᠵᠠᠷᠤᠬᠤ ᠂ ᠨᠠᠮ ᠤᠨ ᠭᠡᠰᠢᠭᠦᠨ ᠺᠠᠳ᠋ᠷ ᠬᠤᠷᠢᠮ ᠪᠡᠯᠪᠡᠰᠦᠷᠡᠯ ᠦᠨ ᠪᠠᠶᠠᠷ ᠡᠳ᠋ ᠠᠰᠢᠭ ᠣᠯᠤᠭᠰᠠᠨ ᠵᠡᠷᠭᠡ ᠲᠤᠪᠤᠢᠢᠮ᠎ᠠ ᠠᠰᠠᠭᠤᠳᠠᠯ ᠢ ᠪᠦᠲᠦᠮᠵᠢᠲᠡᠶ ᠪᠡᠷ ᠬᠣᠷᠢᠭᠯᠠᠪᠠ 》 ᠃
ᠬᠣᠶᠠᠷ᠂ ᠥᠨᠳᠥᠷ ᠴᠡᠭ ᠦᠨ ᠡᠬᠢᠯᠡᠯᠲᠡ ᠪᠣᠯᠭᠠᠭᠰᠠᠨ ᠨᠠᠮ ᠤᠨ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠪᠠᠲᠤᠲᠠᠢ ᠰᠠᠭᠤᠷᠢ ᠶᠢ ᠲᠠᠯᠪᠢᠵᠤ ᠥᠭᠬᠦ ᠤᠷᠢᠳᠴᠢᠯᠠᠨ ᠠᠷᠭ᠎ᠠ ᠰᠦᠪᠡᠭᠴᠢᠯᠡᠵᠦ ᠪᠡᠯᠡᠳᠬᠡᠯ ᠲᠡᠶ ᠪᠠᠶᠢᠬᠤ ᠬᠡᠷᠡᠭᠲᠡᠶ ᠃ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠠᠴᠠ ᠪᠦᠬᠦ ᠨᠠᠮ ᠤᠨ ᠳᠣᠲᠣᠷ᠎ᠠ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠦᠷᠨᠢᠬᠦᠯᠬᠦ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠶᠢ ᠲᠣᠭᠲᠠᠭᠠᠭᠰᠠᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠡᠬᠢᠯᠡᠨ ᠲᠥᠯᠥᠪᠵᠢᠭᠦᠯᠵᠦ ᠪᠡᠯᠡᠳᠬᠡᠨ᠂ ᠡᠮᠦᠨᠡᠬᠢ ᠬᠤᠭᠤᠴᠠᠭᠠᠨ ᠦ ᠠᠵᠢᠯ ᠢᠶ᠋ᠡᠨ ᠢᠳᠡᠪᠬᠢᠲᠠᠢ ᠦᠷᠨᠢᠬᠦᠯᠦᠭᠰᠡᠨ ᠪᠠᠶᠢᠨ᠎ᠠ᠃ ᠨᠢᠭᠡ ᠳᠦ ᠦᠵᠡᠯ ᠰᠠᠨᠠᠭ᠎ᠠ ᠤᠨᠦᠯ ᠢᠶᠠᠷ ᠵᠡᠪᠰᠡᠭᠯᠡᠬᠦ ᠠᠵᠢᠯ ᠢ ᠴᠢᠩᠭ᠎ᠠ ᠠᠳᠬᠤᠬᠤ ᠬᠡᠷᠡᠭᠲᠡᠶ ᠃ ᠡᠯ᠎ᠡ ᠱᠠᠲᠤᠨ ᠤ ᠨᠠᠮ ᠤᠨ ᠬᠤᠷᠢᠶᠠᠨ ᠡᠴᠠ ᠶᠠᠷᠢᠯᠴᠠᠬᠤ ᠬᠤᠷᠠᠯ ᠂ ᠰᠤᠷᠤᠯᠴᠠᠬᠤ ᠪᠠ ᠰᠤᠳᠤᠯᠤᠨ ᠶᠠᠷᠢᠯᠴᠠᠬᠤ᠂ ᠪᠣᠯᠪᠠᠰᠤᠷᠠᠭᠤᠯᠬᠤ ᠪᠠ ᠡᠭᠡᠯᠵᠢᠯᠡᠨ ᠪᠣᠯᠪᠠᠰᠤᠷᠠᠭᠤᠯᠬᠤ ᠠᠵᠢᠯ ᠢ ᠥᠷᠨᠢᠭᠦᠯᠵᠦ᠂ ᠵᠣᠬᠢᠶᠠᠨ ᠪᠠᠶᠢᠭᠤᠯᠤᠯᠲᠠ ᠶᠢᠨ ᠤᠬᠠᠭᠤᠯᠤᠨ ᠲᠠᠶᠢᠯᠪᠤᠷᠢᠯᠠᠬᠤ ᠵᠡᠷᠭᠡ ᠤᠯᠠᠨ ᠵᠦᠢᠯ ᠦᠨ ᠬᠡᠯᠪᠡᠷᠢ ᠪᠡᠷ ᠳᠠᠮᠵᠢᠭᠤᠯᠤᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠵᠢᠯᠤᠭᠤᠳᠤᠨ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠪᠠ ᠶᠡᠷᠦᠩᠬᠡᠶ ᠱᠦᠵᠢ ᠰᠢ ᠶᠢᠨ ᠫᠢᠩ ᠦᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠵᠤ᠂ ᠲᠥᠪ ᠦᠨ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠬᠣᠶᠠᠳᠤᠭᠠᠷ ᠪᠦᠬᠦᠳᠠ ᠬᠤᠷᠠᠯ ᠪᠠ ᠲᠥᠪ ᠦᠨ 《ᠨᠠᠢᠮᠠᠨ ᠲᠣᠭᠲᠠᠭᠠᠯ 》 ᠤᠨ ᠵᠣᠷᠢᠭ ᠰᠠᠨᠠᠭ᠎ᠠ ᠶᠢ ᠰᠤᠷᠤᠯᠴᠠᠨ᠂ ᠦᠵᠡᠯ ᠰᠠᠨᠠᠭᠠᠨ ᠤ ᠲᠠᠨᠢᠯᠲᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯᠯᠠᠭ᠎ᠠ ᠶᠢᠨ ᠤᠬᠠᠮᠰᠠᠷ ᠋ᠢ ᠴᠢᠩᠭᠠᠳᠬᠠᠨ᠎ᠠ ᠃ ᠬᠣᠶᠠᠷ ᠲᠤ ᠲᠥᠪ ᠦᠨ 《 ᠨᠠᠢᠮᠠᠨ ᠲᠣᠭᠲᠠᠭᠠᠯ 》 ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠤᠯᠤᠨᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠪᠠᠶᠢᠩᠭᠤ ᠶᠢᠨ ᠬᠤᠷᠢᠶᠠᠨ ᠡᠴᠠ 28 ᠵᠦᠶᠯ ᠦᠨ ᠲᠦᠷᠦᠯ ᠲᠣᠭᠲᠠᠭᠠᠯ ᠢ ᠰᠤᠳᠤᠯᠤᠨ ᠲᠤᠭᠲᠠᠭᠠᠬᠤ ᠶᠢᠨ ᠬᠠᠮᠲᠤ 6 ᠵᠦᠢᠯ ᠦᠨ ᠠᠷᠢᠭᠤᠨ ᠴᠢᠬᠡᠴᠢ ᠪᠡᠷ ᠵᠠᠰᠠᠭ ᠪᠠᠷᠢᠬᠤ ᠠᠮᠠᠯᠠᠯᠲᠠ ᠭᠠᠷᠭᠠᠵᠤ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠣᠳᠠᠲᠤ ᠪᠠᠶᠢᠳᠠᠯ ᠲᠠᠶ ᠪᠠᠨ ᠤᠶᠠᠯᠳᠤᠭᠤᠯᠤᠨ ᠠᠵᠢᠯ ᠤᠨ ᠰᠤᠷᠲᠠᠯ ᠢ ᠰᠠᠶᠢᠵᠢᠷᠠᠭᠤᠯᠬᠤ ᠪᠣᠳᠠᠲᠠᠶ ᠠᠷᠭ᠎ᠠ ᠬᠡᠮᠵᠢᠶ᠎ᠡ ᠲᠤᠭᠲᠠᠭᠠᠵᠠᠢ ᠃ ᠠᠵᠢᠯᠯᠠᠭᠠᠨ ᠤ ᠲᠥᠰᠦᠯ ᠢᠶᠡᠨ ᠨᠠᠷᠢᠨ ᠨᠢᠮᠪᠠᠢ ᠲᠤᠭᠲᠠᠭᠠᠬᠤ᠃ ᠲᠥᠪ ᠬᠣᠷᠢᠶᠠᠨ ᠤ ᠪᠠᠶᠢᠷᠢᠯᠠᠭᠤᠯᠤᠯᠲᠠ ᠶᠢᠨ ᠶᠣᠰᠣᠭᠠᠷ ᠂ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠠᠩᠬᠠᠳᠠᠭᠴᠢ ᠪᠦᠯᠦᠭ ᠠᠵᠢᠯᠯᠠᠭ᠎ᠠ ᠨᠢ 2013 ᠣᠨ ᠤ 6 ᠰᠠᠷ᠎ᠠ ᠶᠢᠨ 18 ᠤ ᠡᠳᠦᠷ ᠡᠬᠢᠯᠡᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠢ ᠡᠮᠦᠨᠡᠬᠢ ᠬᠤᠭᠤᠴᠠᠭᠠᠨ ᠤ ᠪᠡᠯᠡᠳᠬᠡᠯ ᠬᠢᠭᠰᠡᠨ ᠰᠠᠭᠤᠷᠢᠨ ᠳᠡᠭᠡᠷ᠎ᠡ ᠂ ᠬᠡᠷᠡᠭᠵᠢᠭᠦᠯᠬᠦ ᠰᠠᠨᠠᠯ ᠢ ᠲᠣᠭᠲᠠᠭᠠᠵᠤ᠂ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠳᠦ ᠨᠠᠷᠢᠨ ᠨᠢᠮᠪᠠᠶ ᠲᠦᠯᠦᠪᠵᠢᠬᠦᠯᠬᠡ ᠬᠢᠵᠦ᠂ ᠥᠪᠥᠷ ᠮᠣᠩᠭᠣᠯ ᠤᠨ ᠪᠣᠳᠠᠲᠤ ᠪᠠᠶᠢᠳᠠᠯ ᠢ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠲᠥᠰᠦᠯ ᠲᠤᠭᠲᠠᠭᠠᠵᠠᠢ᠃ ᠨᠢᠭᠡ ᠳᠦ᠂ ᠪᠦᠬᠦ ᠣᠷᠣᠨ ᠤ ᠨᠠᠮ ᠤᠨ ᠭᠡᠰᠢᠭᠦᠨ ᠺᠠᠳ᠋ᠷᠴᠤᠳ ᠡᠴᠠ ᠦᠢᠯᠡᠳᠦᠯᠭᠡ ᠶᠢᠨ ᠠᠵᠢᠯᠯᠠᠭ᠎ᠠ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠳᠡᠭᠡᠭᠰᠢᠯᠡᠭᠦᠯᠵᠦ᠂ ᠵᠢᠭᠠᠨ ᠰᠤᠷᠭᠠᠬᠤ ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠥᠪ ᠬᠣᠷᠢᠶᠠᠨ ᠤ ᠰᠢᠶᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠡᠬᠢᠯᠡᠩᠭᠦᠳᠡ ᠪᠡᠨ ᠺᠠᠳ᠋ᠷᠴᠤᠳ ᠤᠨ ᠳᠣᠲᠣᠷᠠᠬᠢ ᠪᠠᠯᠠᠷᠬᠠᠢ ᠲᠠᠨᠢᠯᠲᠠ ᠪᠠ ᠦᠵᠡᠯ ᠰᠠᠨᠠᠭᠠᠨ ᠤ ᠬᠠᠷᠰᠢ ᠰᠠᠭᠠᠳ ᠢ ᠰᠢᠢᠳᠪᠦᠷᠢᠯᠡᠬᠦ ᠬᠡᠷᠡᠭᠲᠡᠢ ᠪᠦᠭᠡᠳ ᠬᠠᠮᠢᠶ᠎ᠠ ᠦᠭᠡᠢ ᠰᠡᠳᠬᠢᠴᠡ᠂ ᠲᠦᠪᠡᠭᠰᠢᠶᠡᠬᠦ ᠤᠯᠡᠠ ᠤ ᠠᠶ᠎ᠠ ᠶᠢ ᠲᠡᠭᠠᠬᠤ᠂ 《 ᠰᠠᠶᠢᠮᠰᠤᠷᠬᠠᠴᠢ 》 ᠰᠡᠳᠬᠢᠯᠭᠡ ᠶ᠋ᠢ ᠢᠯᠠᠨ ᠳᠠᠪᠠᠬᠤ ᠬᠡᠷᠡᠭᠲᠡᠢ ᠃ ᠬᠣᠶᠠᠷ ᠲᠤ ᠂ ᠬᠠᠷᠠᠯᠲᠠ ᠡᠭᠦᠷᠭᠡ ᠶᠢ ᠪᠠᠲᠤᠲᠠᠶ ᠡᠵᠡᠮᠰᠢᠵᠦ᠂ 《 ᠳᠥᠷᠪᠡᠨ ᠰᠤᠷᠲᠠᠯ 》 ᠤᠨ ᠲᠠᠯ᠎ᠠ ᠪᠠᠷ ᠣᠷᠣᠰᠢᠵᠤ ᠪᠠᠶᠢᠭ᠎ᠠ ᠲᠤᠪᠤᠢᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠤᠰᠤᠳᠠᠭᠠᠨ ᠤ ᠬᠥᠮᠦᠵᠢᠯ ᠪᠣᠯᠤᠨ ᠪᠣᠳᠠᠲᠤ ᠠᠵᠢᠯᠯᠠᠭ᠎ᠠ ᠪᠠᠷᠠᠵᠠ ᠲᠣᠬᠢᠶᠠᠯ ᠪᠣᠯᠭᠠᠵᠤ᠂ ᠲᠤᠰ ᠲᠤᠰ ᠤᠨ ᠪᠣᠳᠠᠲᠠᠶ ᠪᠠᠶᠢᠳᠠᠯ ᠲᠠᠢ ᠤᠶᠠᠯᠳᠤᠭᠤᠯᠵᠤ ᠪᠠᠶᠢᠭᠠᠳ᠂ ᠳᠤᠲᠠᠭᠲᠠᠯ ᠢᠶᠡᠨ ᠵᠤᠷᠢᠭᠲᠠᠢ ᠢᠯᠡᠴᠢᠯᠡᠬᠦ ᠤᠪᠤᠷ ᠪᠠ ᠦᠯᠦ ᠵᠢᠷᠦᠬᠡᠰᠢᠶᠡᠬᠦ ᠪᠠᠭᠠᠲᠤᠷ ᠵᠣᠷᠢᠭ ᠢᠶᠠᠷ ᠠᠰᠠᠭᠤᠳᠠᠯ ᠢ ᠬᠢᠨᠠᠮᠠᠭᠠᠶ ᠡᠷᠢᠵᠦ᠂ ᠰᠢᠭᠦᠮᠵᠢᠯᠡᠯ ᠶᠠᠪᠤᠭᠤᠯᠵᠤ᠂ ᠴᠡᠭᠴᠡᠯᠡᠨ ᠦᠭᠡᠷᠡᠴᠢᠯᠡᠬᠦ ᠶ᠋ᠢ ᠨᠠᠶᠢᠳᠠᠪᠦᠷᠢᠵᠢᠭᠤᠯᠤᠨ᠂ ᠳᠦᠷᠢᠮ ᠲᠣᠭᠲᠠᠭᠠᠯ ᠲᠤᠭᠲᠠᠭᠠᠵᠤ᠂ ᠭᠤᠷᠪᠠᠨ ᠳᠠᠪᠠᠭ᠎ᠠ ᠨᠢ ᠬᠠᠷᠢᠯᠴᠠᠨ ᠬᠣᠯᠪᠣᠯᠳᠤᠵᠤ ᠂ ᠬᠠᠷᠢᠯᠴᠠᠨ ᠠᠬᠢᠭᠤᠯᠤᠨ᠎ᠠ ᠃ ᠲᠦᠷᠪᠡ ᠳᠦ᠂ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ᠎ᠠ ᠃
ᠭᠤᠷᠪᠠ ᠂ ᠥᠨᠳᠥᠷ ᠪᠠᠷᠢᠮᠵᠢᠶ᠎ᠠ ᠪᠠᠷ ᠬᠢᠵᠦ᠂ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠤᠨ ᠤᠬᠠᠮᠰᠠᠷ ᠲᠤ ᠡᠭᠦᠷᠭᠡ ᠶ᠋ᠢ ᠪᠡᠶᠡᠯᠡᠭᠦᠯᠬᠦ ᠳ᠋ᠦ ᠴᠢᠬᠤᠯᠠ ᠪᠠᠲᠤᠯᠠᠭ᠎ᠠ ᠬᠠᠩᠭᠠᠬᠤ ᠃
ᠬᠤᠳᠠᠯᠳᠤᠭᠠᠨ ᠤ ᠪᠠᠷᠢᠮᠵᠢᠶ᠎ᠠ ᠶ᠋ᠢᠨ ᠢᠯᠡᠷᠡᠭᠦᠯᠵᠦ ᠪᠠᠶᠢᠭ᠎ᠠ ᠨᠢ ᠴᠢᠩᠭ᠎ᠠ ᠱᠠᠭᠠᠷᠳᠠᠯᠭ᠎ᠠ ᠪᠤᠯᠬᠤ ᠶᠤᠮ᠃ ᠳᠠᠷᠤᠶ ᠴᠢᠩᠭ᠎ᠠ ᠠᠳᠬᠤᠬᠤ ᠶᠢ ᠪᠠᠷᠢᠮᠲᠠᠯᠠᠵᠤ᠂ ᠴᠢᠩᠭ᠎ᠠ ᠱᠠᠭᠠᠷᠳᠠᠯᠭ᠎ᠠ᠂ ᠴᠢᠩᠭ᠎ᠠ ᠪᠠᠷᠢᠮᠵᠢᠶ᠎ᠠ ᠶ᠋ᠢ ᠢᠮᠠᠭᠲᠠ ᠲᠤᠤᠱᠠᠯᠠᠭᠤᠯᠬᠤ ᠶᠠᠪᠤᠳᠠᠯ ᠪᠤᠯᠤᠨ᠎ᠠ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠠᠭᠠᠷᠳᠠᠯᠭ᠎ᠠ ᠶᠣᠰᠣᠭᠠᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠵᠢᠭᠠᠨ ᠰᠤᠷᠭᠠᠬᠤ ᠦᠢᠯᠡᠳᠦᠯᠭᠡ ᠶᠢᠨ ᠬᠦᠳᠡᠯᠭᠡᠭᠡᠨ ᠨᠢ ᠲᠥᠪ ᠬᠣᠷᠢᠶᠠᠨ ᠠᠴᠠ ᠪᠠᠶᠢᠷᠢᠯᠠᠭᠤᠯᠤᠭᠰᠠᠨ ᠲᠤᠰᠬᠠᠶ ᠡᠮᠬᠢᠯᠡᠨ ᠵᠠᠰᠠᠬᠤ ᠲᠥᠷᠥᠯ ᠵᠦᠢᠯ ᠵᠢᠴᠢ ᠲᠡᠭᠦᠨ ᠦ ᠭᠣᠣᠯᠳᠠᠯᠭ᠎ᠠ ᠲᠠᠶ ᠴᠡᠭᠴᠡᠯᠡᠨ ᠵᠠᠰᠠᠬᠤ ᠠᠭᠤᠯᠭ᠎ᠠ ᠲᠠᠢ ᠬᠤᠯᠪᠤᠭᠳᠠᠭᠤᠯᠤᠨ᠂ ᠪᠣᠱᠣᠭ᠎ᠠ ᠥᠨᠳᠥᠷ᠂ ᠬᠦ᠋ᠢᠲᠡᠨ ᠴᠢᠷᠠᠶᠢᠯᠠᠬᠤ᠂ ᠬᠡᠷᠡᠭ ᠶᠠᠪᠤᠳᠠᠯ ᠪᠦᠲᠦᠭᠡᠬᠦ ᠳᠦ ᠬᠦᠴᠢᠷᠲᠡᠶ᠂ ᠠᠯᠪᠠᠨ ᠵᠣᠭᠣᠰ ᠢᠶᠠᠷ ᠪᠡᠯᠡᠭ ᠬᠦᠷᠭᠡᠬᠦ᠂ ᠠᠯᠪᠠᠨ ᠵᠣᠭᠣᠰ ᠢᠶᠠᠷ ᠢᠳᠡᠵᠦ ᠤᠸᠭᠤᠭᠰᠠᠨ ᠠᠰᠠᠭᠤᠳᠠᠯ᠂ ᠭᠡᠳᠦ ᠪᠦᠷᠢᠯᠭᠡᠬᠦ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠲᠣᠬᠢᠷᠠᠭᠤᠯᠬᠤ᠂ ᠠᠯᠪᠠᠨ ᠬᠡᠷᠡᠭᠯᠡᠭᠡᠨ ᠦ ᠭᠡᠷ ᠪᠠᠶᠢᠰᠢᠩ ᠢ ᠡᠵᠡᠯᠡᠬᠦ᠂ ᠠᠰᠠᠷ ᠲᠠᠭᠲᠤ ᠲᠢᠩᠬᠢᠮ ᠪᠠᠭᠤᠳᠠᠯ ᠳᠤᠷ᠎ᠠ ᠪᠠᠷ ᠪᠠᠶᠢᠭᠤᠯᠬᠤ᠂ 《 ᠭᠤᠷᠪᠠᠨ ᠵᠦᠢᠯ ᠦᠨ ᠠᠯᠪᠠᠨ ᠤ ᠵᠠᠷᠤᠳᠠᠯ 》 ᠤᠨ ᠵᠠᠷᠤᠯᠭ᠎ᠠ ᠬᠡᠳᠦᠷᠬᠡᠢ ᠶᠡᠬᠡ᠂ ᠲᠦᠷᠢ ᠲᠥᠷᠬᠦ ᠶᠢᠨ ᠢᠨᠵᠧᠨᠧᠷᠢᠩ ᠪᠣᠯᠤᠨ ᠵᠠᠰᠠᠭ ᠤᠨ ᠠᠵᠢᠯ ᠤᠨ ᠢᠨᠵᠧᠨᠧᠷᠢᠩ ᠂ ᠤᠯᠠᠨ ᠲᠦᠮᠡᠨ ᠦ ᠠᠰᠢᠭ ᠲᠤᠰᠠ ᠶᠢ ᠬᠣᠬᠢᠷᠠᠭᠤᠯᠬᠤ ᠵᠡᠷᠭᠡ 7 ᠲᠦᠷᠦᠯ ᠦᠨ ᠠᠵᠢᠯᠯᠠᠭ᠎ᠠ ᠤᠨ ᠴᠡᠭᠴᠡᠯᠡᠬᠦ ᠠᠵᠢᠯ ᠢ ᠭᠦᠨᠵᠡᠭᠡᠢ ᠦᠷᠨᠢᠬᠦᠯᠵᠦ᠂ 《 ᠬᠤᠷᠠᠯ ᠤᠨ ᠭᠠᠵᠠᠷ ᠲᠠᠬᠢ ᠰᠤᠷᠲᠠᠯ 》 ᠂ ᠪᠣᠯᠪᠠᠰᠤᠷᠠᠯ ᠤᠨ ᠲᠥᠪ ᠦᠨ ᠢᠯᠵᠠᠷᠠᠯ ᠪᠦᠷᠢᠯᠭᠡᠯ᠂ ᠱᠠᠯᠢᠨ ᠪᠦᠷᠢᠯᠭᠡᠬᠦ ᠪᠦᠲᠦᠭᠡᠨ ᠪᠠᠶᠢᠭᠤᠯᠤᠯᠲᠠ᠂ 《 ᠭᠠᠭᠴᠠᠭᠠᠷ ᠦᠯᠡᠳᠡᠭᠰᠡᠨ ᠨᠣᠶᠠᠨ 》 ᠤ ᠠᠰᠠᠭᠤᠳᠠᠯ᠂ ᠺᠠᠳ᠋ᠷ ᠤᠨ 《 ᠶᠠᠪᠤᠵᠤ ᠰᠤᠷᠤᠯᠴᠠᠬᠤ 》 ᠂ 《ᠤᠯᠠᠭᠠᠨ ᠪᠤᠭᠤᠯᠲᠠᠳᠦ ᠪᠡᠯᠡᠭ 》 ᠪᠤᠶᠤ ᠪᠠᠷᠠᠭ᠎ᠠ ᠬᠤᠳᠠᠯᠳᠤᠨ ᠠᠪᠬᠤ ᠺᠠᠷᠲ ᠶ᠋ᠢ ᠲᠤᠰᠴᠤ ᠠᠪᠬᠤ᠂ ᠨᠠᠮ ᠤᠨ ᠭᠡᠰᠢᠭᠦᠨ ᠺᠠᠳ᠋ᠷᠴᠤᠳ ᠤᠨ ᠵᠣᠭᠣᠰ ᠨᠠᠭᠠᠳᠤᠭᠰᠠᠨ ᠪᠠ ᠵᠣᠭᠣᠰ ᠨᠠᠭᠠᠳᠬᠤ ᠳᠤ ᠬᠣᠯᠪᠣᠭᠳᠠᠭᠰᠠᠨ ᠠᠰᠠᠭᠤᠳᠠᠯ᠂ ᠤᠳᠤᠷᠢᠳᠬᠤ ᠺᠠᠳ᠋ᠷ ᠥᠨᠳᠥᠷ ᠦᠨ᠎ᠡ ᠪᠦᠬᠦᠢ ᠪᠣᠯᠪᠠᠰᠤᠷᠠᠯ ᠤᠨ ᠠᠩᠬᠢ ᠳ᠋ᠤ ᠤᠷᠤᠯᠴᠠᠬᠤ᠂ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠵᠤ ᠠᠬᠤᠶᠢᠯᠠᠯ ᠳᠤ ᠲᠤᠰᠢᠶᠠᠯ ᠬᠠᠪᠰᠤᠷᠭᠠᠬᠤ ᠵᠡᠷᠭᠡ 10 ᠠᠰᠠᠭᠤᠳᠠᠯ ᠢ ᠭᠤᠤᠯᠳᠠᠭᠤᠯᠤᠨ ᠴᠡᠭᠴᠡᠯᠡᠬᠦ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠣᠶᠠᠳᠤᠭᠠᠷ ᠪᠦᠯᠦᠭ ᠦᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠬᠢᠬᠦ ᠨᠢᠭᠡᠴᠡ ᠨᠢ ᠠᠩᠬᠠᠳᠤᠭᠴᠢ ᠪᠦᠯᠦᠭ ᠦᠨ ᠴᠡᠭᠴᠡᠯᠡᠨ ᠵᠠᠰᠠᠬᠤ ᠡᠭᠦᠷᠭᠡ ᠶᠢᠨ ᠰᠠᠭᠤᠷᠢᠨ ᠳᠡᠭᠡᠷ᠎ᠡ᠂ ᠣᠯᠠᠨ ᠲᠦᠮᠡᠨ ᠦ ᠠᠵᠢᠯ ᠶᠠᠪᠤᠳᠠᠯ ᠰᠢᠶᠳᠪᠦᠷᠢᠯᠡᠬᠦ ᠳᠦ ᠪᠡᠷᠬᠡ ᠂ ᠳᠤᠷ᠎ᠠ ᠪᠠᠷ ᠢᠶᠠᠨ ᠵᠠᠷᠤᠳᠠᠯ ᠬᠤᠷᠢᠶᠠᠬᠤ᠂ ᠳᠤᠷ᠎ᠠ ᠪᠠᠷ ᠢᠶᠠᠨ ᠵᠣᠭᠣᠰ ᠲᠣᠷᠭᠠᠬᠤ᠂ ᠳᠤᠷ᠎ᠠ ᠪᠠᠷ ᠢᠶᠠᠨ ᠨᠣᠭᠳᠠᠭᠤᠯᠬᠤ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠡᠨ ᠬᠤᠪᠢᠷᠠᠬᠤ ᠵᠡᠷᠭᠡ ᠲᠠᠯ᠎ᠠ ᠶ᠋ᠢ ᠴᠢᠩᠭ᠎ᠠ ᠴᠡᠭᠴᠡᠯᠡᠨ ᠵᠠᠰᠠᠵᠤ ᠂ ᠣᠯᠠᠨ ᠲᠦᠮᠡᠨ ᠦ ᠵᠣᠭᠣᠰ ᠢ ᠥᠷᠢᠲᠦᠬᠦ ᠂ ᠣᠯᠠᠨ ᠲᠦᠮᠡᠨ ᠦ ᠡᠳ᠋ ᠪᠣᠳᠠᠰ ᠢ ᠪᠠᠷᠢᠴᠠ ᠪᠤᠯᠭᠠᠬᠤ ᠵᠡᠷᠭᠡ 4 ᠤᠯᠠᠨ ᠲᠦᠮᠡᠨ ᠦ ᠳᠡᠷᠭᠡᠳᠡ ᠭᠠᠷᠤᠭᠰᠠᠨ ᠲᠥᠪ ᠪᠤᠰᠤ ᠰᠤᠷᠲᠠᠯ ᠤᠨ ᠠᠰᠠᠭᠤᠳᠠᠯ ᠢ ᠨᠡᠮᠡᠵᠦ ᠰᠢᠢᠳᠪᠦᠷᠢᠯᠡᠭᠰᠡᠨ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠦᠨ 《ᠳᠡᠭᠡᠳᠦ ᠪᠠᠷᠢᠮᠵᠢᠶᠠᠨ ᠤ ᠥᠷᠨᠢᠯᠲᠡ》 ᠭᠡᠰᠡᠨ ᠵᠢᠭᠠᠪᠤᠷᠢ ᠶᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠲᠤᠳᠤᠷᠬᠠᠢ ᠱᠠᠭᠠᠷᠳᠠᠯᠭ᠎ᠠ ᠲᠠᠯᠪᠢᠵᠠᠢ᠃ ᠨᠢᠭᠡ ᠳ᠋ᠤ᠂ ᠦᠯᠢᠬᠡᠷ ᠵᠢᠱᠢᠶ᠎ᠡ ᠦᠵᠡᠭᠦᠯᠵᠦ ᠬᠥᠲᠥᠯᠥᠨ ᠵᠢᠯᠣᠭᠣᠳᠬᠤ ᠬᠡᠷᠡᠭᠲᠡᠶ᠃ ᠬᠣᠶᠠᠷ ᠲᠤ᠂ ᠪᠠᠶᠢᠴᠠᠭᠠᠵᠤ ᠵᠢᠯᠣᠭᠣᠳᠬᠤ ᠶ᠋ᠢ ᠡᠷᠴᠢᠮᠵᠢᠬᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠᠶᠢᠩᠭᠤ ᠶᠢᠨ ᠭᠡᠰᠢᠭᠦᠨ ᠤ ᠤᠳᠤᠷᠢᠳᠬᠤ ᠪᠠᠭ ᠤᠨ ᠬᠢᠨ ᠤᠬᠠᠮᠰᠠᠷ ᠠᠴᠠ ᠪᠠᠨ ᠲᠥᠪ ᠬᠣᠷᠢᠶᠠᠨ ᠤ ᠤᠳᠤᠷᠢᠳᠬᠤ ᠨᠥᠬᠥᠷ ᠢᠶᠡᠷ ᠳᠠᠭᠤᠷᠢᠶᠠᠯ ᠪᠣᠯᠭᠠᠵᠤ᠂ ᠡᠩ ᠦᠨ ᠨᠠᠮ ᠤᠨ ᠭᠡᠰᠢᠭᠦᠨ ᠦ ᠬᠤᠪᠢ ᠪᠠᠷ ᠣᠷᠣᠯᠴᠠᠵᠤ᠂ ᠠᠯᠬᠤᠮ ᠲᠡᠷᠡᠭ᠎ᠠ ᠪᠦᠷᠢ ᠨᠢ ᠪᠠᠷᠢᠮᠵᠢᠶ᠎ᠠ ᠨᠡᠩ ᠥᠨᠳᠥᠷ᠂ ᠱᠠᠭᠠᠷᠳᠠᠯᠭ᠎ᠠ ᠨᠡᠩ ᠴᠢᠩᠭ᠎ᠠ ᠪᠠᠶᠢᠬᠤ ᠶ᠋ᠢ ᠪᠠᠲᠤᠯᠠᠭᠰᠠᠨ ᠪᠠᠶᠢᠳᠠᠯ ᠳᠤᠤᠷ᠎ᠠ ᠡᠮᠦᠨ᠎ᠡ ᠨᠢ ᠠᠯᠬᠤᠵᠤ ᠤᠷᠢᠳᠠᠪᠠᠷ ᠪᠡᠶᠡᠯᠡᠬᠦᠯᠵᠦ᠂ ᠬᠣᠶᠠᠷ ᠪᠦᠯᠦᠭ ᠦᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠯᠢᠭᠡᠷ ᠳᠠᠭᠤᠷᠢᠶᠠᠯ ᠦᠵᠡᠭᠦᠯᠪᠡ᠃ ᠡᠯ᠎ᠡ ᠱᠠᠲᠤᠨ ᠤ ᠤᠳᠤᠷᠢᠳᠬᠤ ᠪᠠᠭ ᠤᠨ ᠭᠡᠰᠢᠭᠦᠳ᠂ ᠢᠯᠠᠩᠭᠤᠶ᠎ᠠ ᠭᠣᠣᠯ ᠬᠠᠷᠢᠭᠤᠴᠠᠯᠭᠠᠲᠠᠨ᠂ ᠨᠠᠳᠠ ᠪᠠᠷ ᠪᠠᠷᠢᠮᠵᠢᠶ᠎ᠠ ᠪᠣᠯᠭᠠᠬᠤ ᠣᠪᠣᠷ ᠢᠶᠠᠷ ᠰᠤᠨᠤᠰᠴᠤ ᠂ ᠠᠰᠠᠭᠤᠳᠠᠯ ᠢᠶᠠᠨ ᠳᠡᠯᠭᠡᠵᠦ ᠂ ᠬᠤᠪᠢ ᠪᠡᠶ᠎ᠡ ᠪᠡᠨ ᠬᠠᠮᠢᠶᠠᠷᠴᠤ ᠂ ᠰᠢᠪᠠᠳᠠᠨ ᠪᠠᠶᠢᠴᠠᠭᠠᠬᠤ ᠶᠢ ᠠᠳᠬᠤᠵᠤ ᠂ ᠳᠠᠭᠠᠭᠤᠯᠬᠤ ᠦᠢᠯᠡᠳᠦᠯ ᠪᠠᠳᠠᠷᠠᠭᠤᠯᠵᠠᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶᠢᠨ ᠭᠡᠰᠢᠭᠦᠨ ᠨᠢ ᠬᠦᠮᠦᠨ ᠨᠢᠭᠡᠪᠦᠷᠢ 1 ᠠᠶᠢᠮᠠᠭ ᠬᠣᠲᠠ ᠶ᠋ᠢ ᠵᠢᠯᠤᠭᠤᠳᠴᠤ᠂ 1 ᠬᠣᠰᠢᠭᠤ ᠰᠢᠶᠠᠨ ᠲᠠᠢ ᠬᠠᠷᠢᠴᠠᠵᠤ᠂ ᠠᠶᠢᠮᠠᠭ ᠬᠤᠳᠠ ᠂ ᠬᠣᠰᠢᠭᠤ ᠰᠢᠶᠠᠨ ᠪᠣᠯᠤᠨ ᠰᠤᠮᠤ ᠰᠢᠶᠠᠩ ᠪᠠᠯᠭᠠᠰᠤ ᠶᠢᠨ ᠤᠳᠤᠷᠢᠳᠤᠯᠭ᠎ᠠ ᠨᠢ ᠴᠤᠬᠠᠷᠢᠯᠴᠠᠬᠤ ᠴᠡᠭ ᠪᠠᠶᠢᠭᠤᠯᠵᠤ᠂ ᠳᠡᠭᠡᠳᠦ ᠱᠠᠲᠤᠨ ᠠᠴᠠ ᠳᠣᠣᠷᠠᠳᠤ ᠱᠠᠲᠤᠨ ᠳᠤ ᠬᠦᠷᠲᠡᠯ᠎ᠡ ᠠᠳᠬᠤᠵᠤ᠂ ᠴᠡᠭ ᠢᠶᠡᠷ ᠪᠦᠬᠦ ᠲᠠᠯ᠎ᠠ ᠶᠢ ᠳᠠᠢᠢᠴᠢᠯᠠᠵᠤ ᠨᠠᠶᠢᠳᠠᠪᠤᠷᠢᠵᠢᠭᠤᠯᠤᠯᠲᠠ ᠶᠢ ᠠᠬᠢᠭᠤᠯᠤᠭᠰᠠᠨ ᠪᠠᠶᠢᠨ᠎ᠠ ᠃ ᠡᠯ᠎ᠡ ᠱᠠᠲᠤᠨ ᠤ ᠬᠢᠨᠠᠨ ᠵᠢᠯᠣᠭᠣᠳᠬᠤ ᠳᠤᠭᠤᠶᠢᠯᠠᠩ ᠨᠢ ᠲᠥᠪ ᠦᠨ ᠬᠢᠨᠠᠨ ᠵᠢᠯᠣᠭᠣᠳᠬᠤ ᠳᠤᠭᠤᠶᠢᠯᠠᠩ ᠤᠨ ᠪᠣᠳᠠᠲᠤ ᠠᠵᠢᠯᠯᠠᠭ᠎ᠠ ᠶᠢ ᠡᠷᠬᠢᠮᠯᠡᠬᠦ ᠠᠵᠢᠯ ᠤᠨ ᠣᠪᠣᠷ ᠂ ᠰᠢᠯᠢᠳᠡᠭ ᠰᠠᠶᠢᠨ ᠠᠵᠢᠯ ᠤᠨ ᠰᠤᠷᠲᠠᠯ ᠪᠠ ᠰᠢᠨᠵᠢᠯᠡᠬᠦ ᠤᠬᠠᠭᠠᠨᠴᠢ ᠠᠵᠢᠯᠯᠠᠬᠤ ᠠᠷᠭ᠎ᠠ ᠶ᠋ᠢ ᠨᠠᠷᠢᠨ ᠬᠢᠨᠠᠮᠠᠭᠠᠢ ᠳᠠᠭᠠᠨ ᠰᠤᠷᠤᠯᠴᠠᠵᠤ᠂ ᠬᠢᠨᠠᠮᠠᠭᠠᠢ ᠵᠢᠯᠤᠭᠤᠳᠴᠤ᠂ ᠠᠵᠢᠯ ᠤᠨ ᠡᠷᠴᠢᠮ ᠢᠶᠡᠨ ᠨᠡᠮᠡᠭᠳᠡᠬᠦᠯᠵᠦ᠂ 《 ᠵᠢᠷᠭᠤᠭᠠᠨ ᠪᠦᠰᠡᠯᠡᠯᠲᠡ》 ᠂ 《 ᠵᠢᠷᠭᠤᠭᠠᠨ ᠴᠢᠩᠭ᠎ᠠ ᠠᠩᠬᠠᠷᠤᠨ ᠪᠣᠳᠠᠲᠠᠶ ᠠᠳᠬᠤᠵᠤ》 ᠶ᠋ᠢ ᠪᠡᠶᠡᠯᠡᠬᠦᠯᠵᠠᠢ᠃ ᠨᠢᠭᠡᠳᠦᠭᠡᠷ ᠪᠦᠯᠦᠭ ᠦᠨ ᠠᠵᠢᠯᠯᠠᠭ᠎ᠠ ᠶᠢᠨ ᠳᠤᠮᠳᠠ ᠂ ᠮᠤᠵᠢ ᠶᠢᠨ ᠳᠡᠰ ᠦᠨ ᠤᠳᠤᠷᠢᠳᠤᠯᠭ᠎ᠠ ᠨᠢ ᠠᠶᠢᠮᠠᠭ ᠬᠣᠲᠠ ᠶᠢᠨ ᠬᠢᠨᠠᠨ ᠵᠢᠯᠣᠭᠣᠳᠬᠤ ᠳᠤᠭᠤᠶᠢᠯᠠᠩ ᠤᠨ ᠨᠢᠭᠡᠳᠦᠭᠡᠷ ᠳᠠᠷᠤᠭ᠎ᠠ ᠶ᠋ᠢᠨ ᠲᠤᠰᠢᠶᠠᠯ ᠡᠭᠦᠷᠭᠡᠯᠡᠵᠦ᠂ ᠠᠶᠢᠮᠠᠭ ᠤᠨ ᠬᠣᠲᠠ ᠂ ᠬᠣᠰᠢᠭᠤ ᠰᠢᠶᠠᠨ᠂ ᠰᠤᠮᠤ ᠰᠢᠶᠠᠩ ᠪᠠᠯᠭᠠᠰᠤ ᠡᠴᠡ ᠱᠠᠳᠤ ᠳᠠᠷᠠᠭᠠᠯᠠᠨ ᠬᠢᠨᠠᠨ ᠵᠢᠯᠣᠭᠣᠳᠬᠤ ᠳᠤᠭᠤᠶᠢᠯᠠᠩ ᠪᠠ ᠵᠢᠭᠠᠨ ᠵᠢᠯᠤᠭᠤᠳᠤᠭᠴᠢ ᠲᠤᠮᠢᠯᠠᠨ᠂ ᠳᠠᠷᠤᠯᠲᠠ ᠶ᠋ᠢ ᠪᠦᠲᠦᠮᠵᠢᠲᠡᠶ ᠳᠠᠮᠵᠢᠭᠤᠯᠵᠤ᠂ ᠬᠥᠳᠡᠯᠭᠡᠬᠦ ᠬᠦᠴᠦᠨ ᠢ ᠬᠥᠭᠵᠢᠭᠡᠵᠦ ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠬᠢᠭᠤᠯᠤᠭᠰᠠᠨ ᠪᠠᠶᠢᠨ᠎ᠠ ᠃
ᠥᠨᠳᠥᠷ ᠪᠠᠷᠢᠮᠵᠢᠶ᠎ᠠ ᠪᠠᠷᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ ᠂ ᠥᠪᠥᠷ ᠮᠣᠩᠭᠣᠯ ᠤᠨ ᠨᠠᠮ ᠤᠨ ᠭᠡᠰᠢᠭᠦᠨ ᠺᠠᠳ᠋ᠷ ᠤᠨ ᠡᠩᠨᠡᠭᠡᠨ ᠦ ᠰᠤᠷᠲᠠᠯ ᠨᠢ ᠢᠯᠡᠳᠲᠡ ᠬᠤᠪᠢᠷᠠᠯᠲᠠ ᠭᠠᠷᠤᠭᠰᠠᠨ ᠪᠠᠶᠢᠨ᠎ᠠ ᠃ 《 2014 ᠣᠨ ᠤ 1 ᠰᠠᠷ᠎ᠠ ᠳᠤ ᠡᠬᠢᠯᠡᠭᠰᠡᠨ ( 2015 ᠣᠨ ᠤ 2 ᠳ᠋ᠤᠭᠠᠷ ᠰᠠᠷ᠎ᠠ ᠪᠣᠯᠲᠠᠯ᠎ᠠ ) ᠥᠪᠥᠷ ᠮᠣᠩᠭᠣᠯ ᠤᠨ 12 ᠠᠶᠢᠮᠠᠭ ᠬᠣᠲᠠ᠂ 102 ᠬᠣᠰᠢᠭᠤ ᠰᠢᠶᠠᠨ ( ᠬᠣᠲᠠ᠂ ᠲᠣᠭᠣᠷᠢᠭ ) ᠂ 766 ᠰᠤᠮᠤ ᠰᠢᠶᠠᠩ ᠪᠠᠯᠭᠠᠰᠤ᠂ 264 ᠬᠣᠲᠠ ᠪᠠᠯᠭᠠᠰᠤᠨ ᠤ ᠵᠡᠭᠡᠯᠢ ᠭᠤᠳᠤᠮᠵᠢ ᠪᠠ 11165 ᠭᠠᠴᠠᠭ᠎ᠠ ᠲᠤᠰᠬᠤᠨ᠂ 2363 ᠨᠡᠶᠢᠭᠡᠮ ᠲᠣᠭᠣᠷᠢᠭ᠂ ᠨᠡᠶᠢᠲᠡ 6.9 ᠲᠦᠮᠡᠨ ᠨᠠᠮ ᠤᠨ ᠵᠣᠬᠢᠶᠠᠨ ᠪᠠᠶᠢᠭᠤᠯᠤᠯᠲᠠ᠂ 130 ᠭᠠᠷᠤᠶ ᠲᠦᠮᠡᠨ ᠨᠠᠮ ᠤᠨ ᠭᠡᠰᠢᠭᠦᠨ ᠨᠢ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠤᠷᠤᠯᠴᠠᠭᠰᠠᠨ ᠪᠠᠶᠢᠨ᠎ᠠ 》᠃ ᠮᠠᠷᠺᠰ ᠤᠨ ᠦᠵᠡᠯ ᠦᠨ ᠤᠯᠠᠨ ᠲᠦᠮᠡᠨᠴᠢ ᠦᠵᠡᠯᠲᠡ ᠪᠠ ᠨᠠᠮ ᠤᠨ ᠤᠯᠠᠨ ᠲᠦᠮᠡᠨᠴᠢ ᠱᠤᠭᠤᠮ ᠤᠨ ᠲᠤᠬᠠᠶ ᠬᠥᠮᠦᠵᠢᠯ ᠢ ᠰᠢᠰᠲ᠋ᠸᠮ ᠲᠠᠢ ᠰᠤᠷᠤᠯᠴᠠᠬᠤ ᠪᠠᠷ ᠳᠠᠮᠵᠢᠨ᠂ ᠥᠷᠭᠡᠨ ᠤᠯᠠᠨ ᠨᠠᠮ ᠤᠨ ᠭᠡᠰᠢᠭᠦᠨ ᠪᠤᠯᠤᠨ ᠺᠠᠳ᠋ᠷ ᠨᠢ ᠤᠯᠠᠨ ᠲᠦᠮᠡᠨᠴᠢ ᠦᠵᠡᠯᠲᠡ ᠶ᠋ᠢ ᠪᠤᠢ ᠪᠤᠯᠭᠠᠵᠤ᠂ ᠣᠯᠠᠨ ᠲᠦᠮᠡᠨᠴᠢ ᠵᠣᠭᠰᠣᠯᠲᠠ ᠳᠡᠭᠡᠷ᠎ᠡ ᠪᠠᠲᠤ ᠵᠣᠭᠰᠣᠵᠤ᠂ ᠵᠣᠷᠢᠯᠲᠠ ᠶᠢᠨ ᠤᠬᠠᠮᠰᠠᠷ ᠪᠠᠨ ᠪᠡᠬᠢᠵᠢᠭᠦᠯᠦᠭᠰᠡᠨ ᠪᠠᠶᠢᠨ᠎ᠠ ᠃ ᠺᠠᠲᠠᠷ ᠪᠠ ᠣᠯᠠᠨ ᠲᠦᠮᠡᠨ ᠦ ᠬᠠᠶᠢᠷ᠎ᠠ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠣᠯᠠᠨ ᠲᠦᠮᠡᠨ ᠲᠠᠢ ᠬᠠᠮᠲᠤ ᠪᠠᠷ ᠦᠩᠭᠡᠷᠡᠬᠦᠯᠵᠦ᠂ ᠬᠠᠮᠲᠤ ᠪᠠᠷ ᠬᠦᠴᠢᠷ ᠵᠣᠪᠠᠯᠠᠩ ᠢ ᠠᠮᠰᠠᠨ᠂ ᠤᠬᠠᠮᠰᠠᠷ ᠲᠠᠢ ᠪᠠᠷ ᠬᠠᠮᠲᠤ ᠠᠵᠢᠯᠯᠠᠬᠤ ᠪᠠᠶᠢᠳᠠᠯ ᠢ ᠨᠡᠮᠡᠭᠳᠡᠬᠦᠯᠦᠨ᠎ᠡ ᠃ ᠤᠯᠠᠨ ᠲᠦᠮᠡᠨᠴᠢ ᠱᠤᠭᠤᠮ ᠢᠶᠠᠷ ᠠᠵᠢᠯᠯᠠᠬᠤ ᠠᠷᠭ᠎ᠠ ᠶᠢ ᠤᠯᠠᠮ ᠨᠢᠭᠡ ᠠᠯᠬᠤᠮ ᠡᠵᠡᠮᠰᠢᠵᠦ᠂ ᠤᠯᠠᠨ ᠲᠦᠮᠡᠨ ᠳᠦ ᠦᠢᠯᠡᠴᠢᠯᠡᠬᠦ ᠳᠤᠮᠳᠠᠬᠢ ᠵᠥᠷᠢᠶ᠎ᠡ ᠣᠯᠵᠤ ᠮᠡᠳᠡᠵᠦ ᠂ ᠤᠯᠠᠨ ᠲᠦᠮᠡᠨ ᠦ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠨᠡᠮᠡᠭᠳᠡᠬᠦᠯᠵᠡᠢ ᠃
ᠳᠦᠷᠪᠡ᠂ ᠶᠠᠰᠤ ᠴᠢᠨᠠᠷ ᠦᠨᠳᠦᠷ ᠪᠠᠶᠢᠬᠤ ᠵᠠᠷᠴᠢᠮ ᠢᠶᠠᠷ ᠲᠦᠯᠬᠢᠨ ᠠᠬᠢᠭᠤᠯᠵᠤ᠂ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠢᠯᠡᠷᠬᠡᠶ ᠦᠷ᠎ᠡ ᠪᠦᠲᠦᠮᠵᠢ ᠤᠯᠪᠠ
ᠶᠠᠰᠤ ᠴᠢᠨᠠᠷ ᠢ ᠴᠢᠬᠤᠯᠠᠴᠢᠯᠠᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠵᠢᠯ ᠦᠢᠯᠡᠰ ᠪᠦᠲᠦᠭᠡᠬᠦ ᠴᠢᠬᠤᠯᠠ ᠱᠠᠭᠠᠷᠳᠠᠯᠭ᠎ᠠ ᠮᠥᠨ᠃ ᠶᠠᠰᠤ ᠴᠢᠨᠠᠷ ᠤᠨ ᠥᠨᠳᠥᠷ ᠪᠠ ᠳᠣᠣᠷ᠎ᠠ ᠤᠨ ᠭᠣᠣᠯ ᠨᠢ ᠠᠰᠠᠭᠤᠳᠠᠯ ᠢ ᠰᠢᠶᠳᠪᠦᠷᠢᠯᠡᠭᠰᠡᠨ ᠡᠰᠡᠬᠦᠭᠡᠳᠡᠭ ᠢ ᠦᠵᠡᠬᠦ ᠪᠥᠭᠡᠳ ᠠᠰᠠᠭᠤᠳᠠᠯ ᠲᠠᠬᠢᠨ ᠭᠠᠷᠬᠤ ᠶ᠋ᠢ ᠰᠡᠷᠭᠡᠶᠢᠯᠡᠬᠦ ᠶᠠᠪᠤᠳᠠᠯ ᠮᠦᠨ᠃ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠨᠢ ᠬᠠᠷᠠᠯᠲᠠ ᠳ᠋ᠤ ᠬᠦᠷᠴᠦ ᠴᠢᠳᠠᠬᠤ ᠡᠰᠡᠬᠦ ᠤᠨ ᠵᠠᠩᠭᠢᠯᠠᠭ᠎ᠠ ᠨᠢ ᠶᠠᠰᠤ ᠴᠢᠨᠠᠷ ᠢᠶᠠᠷ ᠦᠨᠳᠦᠷ ᠢᠶ᠋ᠡᠷ ᠠᠬᠢᠭᠤᠯᠵᠤ ᠴᠢᠳᠠᠬᠤ ᠡᠰᠡᠬᠦ ᠳ᠋ᠦ ᠪᠤᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠶᠠᠰᠤ ᠴᠢᠨᠠᠷ ᠢ ᠲᠡᠷᠢᠭᠦᠨ ᠳᠦ ᠲᠠᠯᠪᠢᠵᠤ᠂ ᠨᠢᠭᠡ ᠨᠢᠭᠡ ᠠᠯᠬᠤᠮ ᠢᠶᠠᠷ ᠯᠠᠪᠳᠠᠭᠤᠨ ᠪᠠᠲᠤᠲᠠᠶ ᠬᠢᠵᠦ ᠂ 《 ᠪᠣᠳᠠᠲᠠᠶ 》 ᠪᠠ 《ᠦᠰᠦᠷᠬᠦ 》 ᠶ᠋ᠢ ᠠᠳᠬᠤᠵᠤ᠂ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠡᠯ᠎ᠡ ᠵᠦᠢᠯ ᠦᠨ ᠡᠭᠦᠷᠭᠡ ᠶᠢ ᠲᠡᠭᠦᠰ ᠠᠮᠵᠢᠯᠲᠠ ᠲᠠᠶ ᠪᠡᠶᠡᠯᠡᠭᠦᠯᠵᠦ ᠂ ᠨᠠᠮ ᠪᠣᠯᠤᠨ ᠠᠷᠠᠳ ᠤᠯᠠᠨ ᠤ ᠬᠣᠭᠣᠷᠣᠨᠳᠣᠬᠢ ᠴᠢᠰᠤ ᠮᠢᠬᠠᠨ ᠤ ᠬᠠᠷᠢᠯᠴᠠᠭ᠎ᠠ ᠶ᠋ᠢ ᠨᠡᠮᠡᠭᠳᠡᠭᠦᠯᠵᠡᠢ ᠃
ᠨᠢᠭᠡ ᠳᠦ ᠂ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠬᠤ ᠬᠡᠷᠡᠭᠲᠡᠶ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠨᠢ ᠲᠥᠪ ᠬᠣᠷᠢᠶᠠᠨ ᠤ ᠤᠳᠠᠭ᠎ᠠ ᠪᠦᠷᠢ ᠶᠢᠨ ᠴᠢᠬᠤᠯᠠ ᠬᠤᠷᠠᠯ ᠪᠠ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠪᠦᠷᠢ ᠶ᠋ᠢ ᠴᠠᠭ ᠲᠤᠬᠠᠢ ᠳ᠋ᠤᠨᠢ ᠬᠦᠮᠦᠰ ᠢ ᠵᠤᠬᠢᠶᠠᠨ ᠪᠠᠶᠢᠭᠤᠯᠵᠤ ᠰᠤᠷᠤᠯᠴᠠᠭ᠎ᠠ ᠶ᠋ᠢ ᠤᠯᠠᠮᠵᠢᠯᠠᠨ᠂ ᠨᠠᠷᠢᠨ ᠬᠢᠨᠠᠮᠠᠭᠠᠢ ᠰᠤᠷᠤᠯᠴᠠᠭᠰᠠᠨ ᠤ ᠳ᠋ᠦᠩ ᠳ᠋ᠦ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷᠴᠤᠳ ᠡᠴᠡ ᠲᠥᠪ ᠬᠣᠷᠢᠶᠠᠨ ᠡᠴᠡ ᠲᠤᠭᠲᠠᠭᠠᠭᠰᠠᠨ ᠵᠠᠪᠠᠯ ᠤᠩᠰᠢᠬᠤ ᠨᠣᠮ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠲᠣᠭᠲᠠᠭᠠᠭᠰᠠᠨ ᠡᠷᠬᠡᠪᠰᠢ ᠤᠩᠰᠢᠬᠤ ᠪᠢᠴᠢᠭ ᠮᠠᠲ᠋ᠧᠷᠢᠶᠠᠯ ᠶ᠋ᠢ ᠭᠦᠨᠵᠡᠭᠡᠢ ᠤᠶᠢᠯᠠᠠᠭᠠᠵᠤ ᠡᠵᠡᠮᠰᠢᠨ ᠂ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠤᠬ ᠵᠣᠬᠢᠶᠠᠯ ᠢ ᠤᠩᠰᠢᠵᠤ ᠤᠶᠢᠯᠠᠭᠠᠨ᠂ ᠦᠵᠡᠯ ᠰᠠᠨᠠᠭ᠎ᠠ ᠪᠣᠳᠠᠲᠤ ᠪᠠᠶᠢᠳᠠᠯ ᠲᠠᠢ ᠬᠤᠯᠪᠤᠭᠳᠠᠭᠤᠯᠵᠤ ᠦᠨᠳᠦᠰᠦ ᠰᠤᠷᠪᠤᠯᠵᠢ ᠶᠢ ᠨᠢ ᠤᠬᠤᠴᠢᠯᠠᠵᠤ ᠂ ᠠᠰᠠᠭᠤᠳᠠᠯ ᠢ ᠡᠷᠢᠵᠦ ᠪᠠᠶᠢᠴᠠᠭᠠᠬᠤ ᠪᠦᠭᠡᠳ ᠬᠦᠷᠦᠯᠴᠡᠬᠦ ᠦᠭᠡᠢ ᠲᠠᠯ᠎ᠠ ᠪᠠᠨ ᠡᠷᠢᠵᠦ ᠂ ᠵᠢᠶᠤᠤ ᠢᠦᠢ ᠯᠦ ᠨᠦᠬᠦᠷ ᠦᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠶᠢᠷᠲᠢᠨᠴᠦ ᠶᠢᠨ ᠦᠵᠡᠯᠲᠡ᠂ ᠠᠮᠢᠳᠤᠷᠠᠬᠤᠶ ᠶᠢᠨ ᠦᠵᠡᠯᠲᠡ ᠂ ᠦᠷᠳᠡᠭ ᠦᠨ ᠦᠵᠡᠯᠲᠡ ᠭᠡᠬᠦ ᠡᠨᠡ ᠬᠦ 《 ᠶᠡᠷᠦᠩᠬᠡᠢ ᠨᠡᠭᠡᠭᠡᠯᠭᠡ 》 ᠶᠢᠨ ᠠᠰᠠᠭᠤᠳᠠᠯ ᠢ ᠴᠢᠷᠮᠠᠶᠢᠵᠦ ᠰᠢᠢᠳᠪᠦᠷᠢᠯᠡᠬᠦ ᠬᠡᠷᠡᠭᠲᠡᠢ᠃ ᠤᠳᠤᠷᠢᠳᠬᠤ ᠺᠠᠳ᠋ᠷ ᠡᠴᠡ ᠨᠠᠮ ᠤᠨ ᠬᠢᠴᠢᠶᠡᠯ ᠤᠷᠤᠬᠤ᠂ ᠲᠡᠷᠢᠭᠦᠨ ᠦ ᠨᠡᠶᠢᠲᠡ ᠯᠢ ᠵᠢᠱᠢᠶᠡᠨ ᠦ ᠢᠯᠡᠳᠬᠡᠯ ᠬᠢᠬᠦ᠂ ᠲᠤᠬᠠᠶ ᠶᠢᠨ ᠲᠠᠯᠠᠪᠠᠢ ᠳ᠋ᠤ ᠰᠢᠯᠭᠠᠯᠲᠠ ᠬᠢᠬᠦ ᠶ᠋ᠢ ᠵᠤᠬᠢᠶᠠᠨ ᠪᠠᠶᠢᠭᠤᠯᠬᠤ ᠂ ᠰᠡᠷᠡᠮᠵᠢᠯᠡᠭᠦᠯᠦᠨ ᠬᠥᠮᠦᠵᠢᠭᠦᠯᠬᠦ ᠹᠢᠯᠢᠮ ᠦᠵᠡᠬᠦᠯᠬᠦ᠂ ᠨᠤᠲᠤᠭ ᠤᠨ ᠵᠢᠭᠠᠬᠤ ᠮᠠᠲ᠋ᠧᠷᠢᠶᠠᠯ ᠨᠠᠶᠢᠷᠠᠭᠤᠯᠤᠨ ᠬᠡᠪᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠰᠤᠷᠤᠯᠴᠠᠭᠤᠯᠤᠨ᠃ ᠰᠤᠷᠤᠯᠴᠠᠬᠤ ᠤᠷᠮ᠎ᠠ ᠪᠠ ᠪᠦᠲᠦᠮᠵᠢᠲᠦ ᠴᠢᠨᠠᠷ ᠢ ᠨᠡᠮᠡᠭᠳᠡᠭᠦᠯᠦᠨ᠎ᠡ ᠃
ᠬᠣᠶᠠᠷ ᠲᠤ ᠂ ᠨᠡᠭᠡᠭᠡᠯᠳᠡ ᠲᠡᠶ ᠪᠡᠷ ᠠᠵᠢᠯᠯᠠᠭ᠎ᠠ ᠦᠷᠨᠢᠬᠦᠯᠬᠦ ᠶ᠋ᠢ ᠡᠷᠬᠢᠮᠯᠡᠨ᠎ᠡ ᠃ ᠠᠷᠠᠳ ᠲᠦᠮᠡᠨ ᠡᠴᠡ ᠰᠤᠷᠤᠯᠴᠠᠬᠤ ᠪᠠ ᠠᠷᠠᠳ ᠲᠦᠮᠡᠨ ᠳᠦ ᠦᠢᠯᠡᠴᠢᠯᠡᠬᠦ ᠶ᠋ᠢ ᠨᠢᠭᠡᠳᠬᠡᠵᠦ ᠂ ᠥᠷᠭᠡᠨ ᠤᠯᠠᠨ ᠲᠦᠮᠡᠨ ᠦ ᠬᠥᠳᠡᠯᠭᠡᠭᠡᠨ ᠳᠦ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠣᠯᠠᠨ ᠲᠦᠮᠡᠨ ᠳᠦ ᠬᠤᠪᠢᠷᠠᠯᠲᠠ ᠶᠢ ᠬᠠᠷᠠᠭᠤᠯᠵᠤ ᠰᠡᠳᠬᠢᠯ ᠬᠠᠨᠤᠮᠵᠢᠲᠠᠶ ᠪᠤᠯᠭᠠᠵᠤ᠂ ᠪᠣᠳᠠᠲᠤ ᠠᠰᠢᠭ ᠲᠤᠰᠠ ᠬᠦᠷᠲᠡᠭᠡᠬᠦ ᠪᠡᠷ ᠦᠯᠦ ᠪᠠᠷᠠᠮ ᠢᠳᠡᠪᠬᠢᠲᠠᠢ ᠪᠠᠷᠤᠯᠠᠨ ᠲᠦᠮᠡᠨ ᠡᠴᠡ ᠳᠠᠭᠠᠨ ᠰᠤᠷᠤᠯᠴᠠᠬᠤ ᠬᠡᠷᠡᠭᠲᠡᠶ ᠃ ᠰᠠᠭᠤᠳᠠᠯ ᠤᠨ ᠬᠤᠷᠠᠯ᠂ ᠲᠤᠰᠬᠠᠶ ᠰᠤᠷᠪᠤᠯᠵᠢᠯᠠᠨ ᠶᠠᠷᠢᠯᠴᠠᠬᠤ᠂ ᠰᠦᠯᠵᠢᠶᠡᠨ ᠡᠴᠠ ᠵᠠᠰᠠᠭ ᠤᠨ ᠶᠠᠪᠤᠳᠠᠯ ᠰᠤᠷᠠᠬᠤ᠂ ᠭᠡᠷ ᠲᠦᠨᠢ ᠣᠴᠢᠵᠤ ᠰᠠᠨᠠᠯ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ᠂ ᠦᠨᠡᠨ ᠰᠡᠳᠬᠢᠯ ᠡᠴᠡ ᠪᠡᠨ ᠣᠯᠠᠨ ᠲᠦᠮᠡᠨ ᠢᠶᠠᠷ 《 ᠬᠥᠷᠥᠭ ᠵᠢᠷᠤᠭ》 ᠂ 《 ᠬᠤᠪᠢ 》 ᠤᠯᠭᠤᠵᠤ᠂ ᠤᠯᠠᠨ ᠲᠦᠮᠡᠨ ᠡᠴᠡ ᠳᠠᠷᠤᠤ ᠬᠢᠴᠢᠶᠡᠩᠭᠦᠶ ᠪᠡᠷ ᠠᠰᠠᠭᠤᠵᠤ ᠰᠤᠷᠠᠨ᠂ ᠨᠠᠮ ᠤᠨ ᠬᠡᠰᠢᠬᠦᠨ ᠬᠢᠭᠡᠳ ᠺᠠᠳ᠋ᠷ ᠤᠨ ᠲᠤᠰ ᠪᠡᠶ᠎ᠡ ᠳᠦ ᠣᠷᠣᠰᠢᠵᠤ ᠪᠠᠶᠢᠭ᠎ᠠ ᠠᠰᠠᠭᠤᠳᠠᠯ ᠪᠠ ᠵᠥᠷᠢᠢᠡ ᠢ ᠨᠢ ᠲᠠᠨᠢᠭᠤᠯᠵᠤ ᠂ ᠠᠰᠠᠭᠤᠳᠠᠯ ᠢ ᠰᠢᠢᠳᠪᠦᠷᠢᠯᠡᠬᠦ ᠰᠡᠳᠬᠢᠴᠡ ᠪᠠ ᠠᠷᠭ᠎ᠠ ᠶᠢ ᠣᠯᠵᠤ ᠂ ᠤᠯᠠᠨ ᠲᠦᠮᠡᠨ ᠳᠦ ᠡᠴᠠ ᠰᠠᠨᠠᠯ ᠠᠰᠠᠭᠤᠬᠤ ᠶ᠋ᠢ ᠦᠨᠡᠨ ᠬᠦ ᠪᠡᠶᠡᠯᠡᠭᠦᠯᠵᠦ᠂ ᠠᠰᠠᠭᠤᠳᠠᠯ ᠢ ᠪᠠᠶᠢᠴᠠᠭᠠᠨ ᠳᠡᠯᠭᠡᠵᠦ᠂ ᠣᠯᠠᠨ ᠲᠦᠮᠡᠨ ᠦ ᠪᠠᠶᠢᠳᠠᠯ ᠢ ᠤᠶᠢᠯᠠᠭᠠᠨ᠎ᠠ᠃ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠪᠠ ᠲᠤᠰᠬᠠᠶ ᠰᠡᠳᠦᠪᠲᠦ ᠵᠤᠬᠢᠶᠠᠨ ᠪᠠᠶᠢᠭᠤᠯᠤᠯᠲᠠ ᠶ᠋ᠢᠨ ᠠᠮᠢᠳᠤᠷᠠᠯ ᠤᠨ ᠬᠤᠷᠠᠯ ᠤᠨ ᠪᠠᠶᠢᠳᠠᠯ ᠢ ᠪᠠᠶᠢᠳᠠᠯ ᠢ ᠴᠠᠭ ᠲᠤᠬᠠᠶ ᠳᠤᠨᠢ ᠮᠡᠳᠡᠭᠳᠡᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ᠂ ᠬᠠᠷᠢᠭᠤᠴᠠᠯᠭ᠎ᠠ ᠡᠭᠦᠷᠭᠡᠯᠡᠭᠴᠢ ᠪᠣᠯᠤᠨ ᠠᠬᠢᠴᠠ ᠶ᠋ᠢᠨ ᠪᠠᠶᠢᠳᠠᠯ ᠢ ᠴᠠᠭ ᠲᠤᠬᠠᠢ ᠳ᠋ᠤᠨᠢ ᠢᠯᠡ ᠪᠡᠷ ᠨᠡᠶᠢᠲᠡᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠲᠤᠬᠠᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ᠂ ᠣᠯᠠᠨ ᠲᠦᠮᠡᠨ ᠳ᠋ᠤ ᠪᠠᠶᠢᠳᠠᠯ ᠢ ᠮᠡᠳᠡᠭᠦᠯᠵᠦ ᠰᠢᠭᠦᠮᠵᠢᠯᠡᠬᠦ ᠶ᠋ᠢ ᠪᠠᠲᠤᠲᠠᠢ ᠬᠢᠵᠦ᠂ ᠤᠯᠠᠨ ᠲᠦᠮᠡᠨ ᠦ ᠬᠢᠨᠠᠯᠲᠠ ᠶᠢ ᠬᠦᠯᠢᠶᠡᠬᠦ ᠬᠡᠷᠡᠭᠲᠡᠶ ᠃
ᠭᠤᠷᠪᠠ ᠳᠤ᠂ ᠯᠠᠪᠳᠠᠭᠤᠨ ᠪᠠᠲᠤᠲᠠᠢ ᠠᠷᠭ᠎ᠠ ᠬᠡᠮᠵᠢᠢ᠎ᠡ ᠶᠢ ᠠᠪᠬᠤ ᠬᠡᠷᠡᠭᠲᠡᠢ᠃ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨᠠᠵᠢᠯᠯᠠᠭᠠ ᠪᠣᠯᠤᠨ ᠥᠪᠥᠷ ᠮᠣᠩᠭᠣᠯ ᠤᠨ ᠬᠥᠭᠵᠢᠯᠲᠡ ᠶᠢ ᠠᠬᠢᠭᠤᠯᠬᠤ ᠡᠯ᠎ᠡ ᠵᠦᠢᠯ ᠦᠨ ᠠᠵᠢᠯ ᠢ ᠤᠶᠠᠯᠳᠤᠭᠤᠯᠬᠤ ᠬᠡᠷᠡᠭᠲᠡᠶ ᠃ ᠲᠦᠪ ᠬᠤᠷᠢᠶᠠᠨ ᠤ 《ᠬᠣᠶᠠᠷ ᠢ ᠬᠠᠷᠢᠯᠴᠠᠨ ᠠᠬᠢᠭᠤᠯᠬᠤ》 ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠡᠬᠢ ᠪᠠᠶᠠᠯᠢᠭ ᠪᠠ ᠬᠦᠴᠦᠨ ᠢ ᠵᠦᠢ ᠵᠣᠬᠢᠰᠲᠠᠶ ᠲᠤᠬᠢᠷᠠᠭᠤᠯᠵᠤ᠂ ᠠᠵᠢᠯᠯᠠᠭ᠎ᠠ ᠥᠷᠨᠢᠭᠦᠯᠬᠦ ᠶ᠋ᠢ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠲᠠᠢ ᠰᠤᠷᠤᠯᠴᠠᠬᠤ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠦᠨ ᠰᠢᠷᠢᠰ ᠴᠢᠬᠤᠯᠠ ᠶᠠᠷᠢᠶ᠎ᠠ ᠪᠣᠯᠤᠨ ᠥᠪᠥᠷ ᠮᠣᠩᠭᠣᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠲᠠᠶ ᠤᠶᠠᠯᠳᠤᠭᠤᠯᠵᠤ ᠂ ᠠᠵᠢᠯᠯᠠᠭ᠎ᠠ ᠥᠷᠨᠢᠭᠦᠯᠬᠦ ᠪᠠ ᠥᠭᠡᠷᠡᠴᠢᠯᠡᠯᠲᠡ ᠬᠥᠭᠵᠢᠯᠲᠡ ᠶ᠋ᠢ ᠲᠣᠭᠲᠠᠭᠤᠨ ᠢ ᠠᠬᠢᠭᠤᠯᠬᠤ ᠨᠡᠶᠢᠯᠡᠯ ᠴᠡᠭ ᠢ ᠣᠨᠣᠪᠴᠢᠲᠠᠶ ᠣᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ ᠠᠷᠭ᠎ᠠ ᠬᠡᠮᠵᠢᠶ᠎ᠡ ᠪᠠ ᠥᠭᠡᠷᠡᠴᠢᠯᠡᠯᠲᠡ ᠬᠢᠵᠦ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠶᠢᠨ ᠵᠣᠬᠢᠴᠠᠩᠭᠤᠶ ᠴᠢᠨᠠᠷ ᠢ ᠴᠢᠷᠮᠠᠶᠢᠬᠤ ᠨᠡᠮᠡᠭᠳᠡᠭᠦᠯᠦᠨ ᠂ ᠠᠵᠢᠯ ᠢᠶᠠᠨ ᠯᠠᠪᠳᠠᠭᠤᠨ ᠪᠠᠲᠤᠲᠠᠶ ᠬᠢᠬᠦ ᠬᠡᠷᠡᠭᠲᠡᠶ ᠃ 《 ᠳᠦᠷᠢᠮᠵᠢᠲᠤ ᠠᠵᠢᠯᠯᠠᠭ᠎ᠠ 》 ᠪᠠ 《 ᠦᠪᠡᠰᠦᠪᠡᠨ ᠰᠤᠩᠭᠤᠭᠰᠠᠨ ᠠᠵᠢᠯᠯᠠᠭ᠎ᠠ 》 ᠶ᠋ᠢ ᠲᠦᠯᠬᠢᠨ ᠠᠬᠢᠭᠤᠯᠤᠨ᠎ᠠ ᠃ ᠴᠠᠭ ᠨᠢ ᠴᠢᠨᠠᠷ ᠴᠢᠨᠰᠠᠭ᠎ᠠ ᠶ᠋ᠢ ᠳᠠᠭᠠᠬᠤ ᠂ ᠠᠬᠢᠴᠠ ᠨᠢ ᠦᠷ᠎ᠡ ᠪᠦᠲᠦᠮᠵᠢ ᠶ᠋ᠢ ᠳᠠᠭᠠᠬᠤ ᠪᠠᠷ ᠳᠠᠮᠵᠢᠨ ᠡᠯ᠎ᠡ ᠭᠣᠭᠴᠣᠭ᠎ᠠ ᠡᠯ᠎ᠡ ᠠᠯᠬᠤᠮ ᠳᠠᠷᠠᠭ᠎ᠠ ᠶ᠋ᠢᠨ ᠠᠵᠢᠯ ᠤᠨ ᠦᠷ᠎ᠡ ᠪᠦᠲᠦᠮᠵᠢ ᠶ᠋ᠢ ᠲᠦᠯᠬᠢᠨ ᠠᠬᠢᠭᠤᠯᠵᠤ ᠂ ᠴᠠᠭ ᠲᠤᠬᠠᠶ ᠳᠤᠨᠢ ᠵᠤᠬᠢᠶᠠᠨ ᠪᠠᠶᠢᠭᠤᠯᠤᠯᠲᠠ ᠤᠷᠤᠭᠤ 《ᠡᠷᠭᠢᠵᠦ ᠬᠠᠷᠠᠨ》 ᠂ ᠣᠷᠣᠰᠢᠵᠤ ᠪᠠᠶᠢᠭ᠎ᠠ 《 ᠳᠦᠷᠰᠦ ᠬᠤᠪᠢᠷᠡᠬᠤ 》 ᠠᠰᠠᠭᠤᠳᠠᠯ ᠳ᠋ᠤ ᠨᠠᠷᠢᠨ ᠬᠢᠨᠠᠮᠠᠭᠠᠶ ᠵᠠᠯᠠᠷᠠᠭᠤᠯᠤᠯᠲᠠ ᠶᠠᠪᠤᠭᠳᠠᠭᠤᠯᠵᠤ᠂ ᠪᠠᠷᠢᠮᠵᠢᠶ᠎ᠠ ᠳᠤ ᠬᠥᠷᠬᠥ ᠥᠬᠡᠶ ᠭᠣᠭᠴᠣᠭ᠎ᠠ ᠶ᠋ᠢ ᠳᠠᠬᠢᠨ ᠪᠠᠶᠢᠷᠢᠯᠠᠭᠤᠯᠵᠤ᠂ 《 ᠳᠦᠷᠢᠮᠵᠢᠲᠤ ᠠᠵᠢᠯᠯᠠᠭ᠎ᠠ 》 ᠶ᠋ᠢ ᠰᠠᠶᠢᠲᠤᠷ ᠬᠢᠨ᠎ᠡ᠃ ᠡᠭᠦᠨ ᠦ ᠬᠠᠮᠲᠤ ᠪᠣᠳᠠᠲᠤ ᠪᠠᠶᠢᠳᠠᠯ ᠠᠴᠠ ᠡᠭᠦᠰᠴᠦ ᠂ ᠠᠵᠢᠯᠯᠠᠭᠠᠨ ᠤ ᠠᠴᠢᠶᠠᠯᠠᠭᠴᠢ ᠶᠢ ᠨᠠᠷᠢᠨ ᠬᠢᠨᠠᠮᠠᠭᠠᠶ ᠲᠥᠯᠥᠪᠯᠡᠵᠦ ᠂ 《 ᠥᠪᠡᠰᠦᠪᠡᠨ ᠰᠣᠩᠭᠣᠭᠰᠠᠨ ᠤᠢᠢᠯᠠ ᠬᠥᠳᠡᠯᠭᠡᠭᠡᠨ 》 ᠳ᠋ᠤ ᠢᠳᠡᠪᠬᠢᠲᠡᠶ ᠪᠡᠷ ᠰᠢᠨ᠎ᠡ ᠶᠢ ᠡᠭᠦᠳᠴᠦ ᠂ ᠶᠡᠬᠡ ᠰᠤᠷᠤᠯᠴᠠᠯᠭ᠎ᠠ ᠂ ᠶᠡᠬᠡ ᠪᠠᠶᠢᠴᠠᠭᠠᠨ ᠰᠤᠳᠤᠯᠤᠯᠲᠠ ᠂ ᠶᠡᠬᠡ ᠵᠠᠬᠢᠳᠠᠯ ᠰᠤᠷᠪᠤᠯᠵᠢᠯᠠᠭ᠎ᠠ ᠂ 《 ᠳᠥᠷᠪᠡᠨ ᠶᠡᠬᠡ ᠠᠵᠢᠯᠯᠠᠭ᠎ᠠ ᠶᠢ ᠶᠡᠬᠡ ᠪᠡᠷ ᠨᠠᠶᠢᠳᠠᠪᠤᠷᠢᠵᠢᠭᠤᠯᠬᠤ 》 ᠶ᠋ᠢ ᠭᠦᠨᠵᠡᠭᠡᠢ ᠠᠬᠢᠭᠤᠯᠤᠨ ᠂ ᠶᠠᠳᠠᠭᠤ ᠶᠢ ᠲᠡᠳᠬᠦᠬᠦ ᠪᠡᠷᠬᠡ ᠰᠡᠳᠦᠪ ᠢ ᠰᠢᠶᠳᠪᠦᠷᠢᠯᠡᠬᠦ ᠂ ᠠᠳᠠᠯ ᠦᠶᠯᠡᠰ ᠴᠣᠭᠴᠠᠯᠠᠨ ᠠᠵᠢᠯ ᠣᠯᠭᠣᠬᠤ ᠂ ᠠᠷᠠᠳ ᠣᠯᠠᠨ ᠤ ᠠᠮᠤᠭᠤᠯᠠᠩ ᠣᠷᠣᠨ ᠰᠠᠭᠤᠴᠠ ᠂ ᠠᠮᠤᠭᠤᠯᠠᠩ ᠲᠦᠪᠰᠢᠨ ᠪᠠᠶᠢᠳᠠᠯ ᠢ ᠪᠤᠢ ᠪᠣᠯᠭᠠᠬᠤ ᠂ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠂ ᠺᠠᠳ᠋ᠷᠴᠤᠳ ᠤᠨ ᠬᠡᠪ ᠴᠢᠨᠠᠷ ᠢ ᠳᠡᠭᠡᠭᠰᠢᠯᠡᠬᠦᠯᠬᠦ ᠵᠡᠷᠭᠡ 《 ᠵᠢᠷᠭᠤᠭᠠᠨ ᠶᠡᠬᠡ ᠢᠨᠵᠧᠨᠧᠷᠢᠩ 》 ᠶ᠋ᠢ ᠦᠢᠯᠡᠭᠡᠳᠦᠵᠢᠬᠦᠯᠦᠨᠡ ᠃
ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠡᠴᠡ ᠨᠠᠭᠠᠰᠢ ᠂ ( 2015 ᠣᠨ ᠤ 2 ᠳ᠋ᠤᠭᠠᠷ ᠰᠠᠷ᠎ᠠ ᠪᠣᠯᠲᠠᠯ᠎ᠠ ) 《 ᠪᠦᠬᠦ ᠣᠷᠣᠨ ᠤ ᠰᠢᠶᠠᠨ ᠤ ᠭᠠᠵᠠᠷ ᠤᠨ ᠲᠡᠰ ᠠᠴᠠ ᠳᠡᠭᠡᠭᠰᠢᠬᠢ ᠨᠢᠭᠡᠴᠢ ᠶᠢᠨ ᠬᠤᠷᠠᠯ ᠢ 15.8% ᠪᠡᠷ ᠪᠠᠭᠠᠰᠬᠠᠵᠤ᠂ ᠪᠢᠴᠢᠭ ᠮᠠᠲ᠋ᠧᠷᠢᠶᠠᠯ ᠨᠢ11.3% ᠪᠠᠭᠠᠰᠬᠠᠵᠤ ᠂ ᠠᠳᠠᠯᠢᠳᠬᠠᠨ ᠰᠢᠯᠭᠠᠷᠠᠭᠤᠯᠬᠤ ᠪᠠᠷᠢᠮᠵᠢᠶ᠎ᠠ ᠳᠤ ᠬᠦᠷᠭᠡᠬᠦ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠨᠢ 25.2 % ᠪᠡᠷ ᠴᠦᠭᠡᠷᠡᠵᠦ ᠂ ᠡᠯ᠎ᠠ ᠲᠦᠷᠦᠯ ᠦᠨ ᠤᠳᠤᠷᠢᠳᠬᠤ ᠳᠤᠭᠤᠶᠢᠯᠠᠩ ᠪᠠ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠨᠢ 8081 ᠤᠳᠠᠭ᠎ᠠ ᠪᠠᠭᠠᠰᠬᠠᠵᠤ ᠂ ︿ᠨᠢᠭᠡ ᠯᠡ ᠫᠢᠶᠣᠣ ᠪᠠᠷ ᠦᠭᠡᠶᠢᠰᠬᠡᠬᠦ 〉 ᠬᠡᠷᠡᠭ ᠤᠴᠢᠷ ᠨᠢ 91 ᠵᠦᠢ ᠪᠠᠭᠠᠰᠪᠠ ᠃ ᠠᠯᠪᠠᠨ ᠶᠠᠪᠤᠳᠠᠯ ᠳᠤ ᠲᠡᠷᠭᠡ ᠬᠡᠷᠡᠭᠯᠡᠬᠦ ᠲᠠᠯ᠎ᠠ ᠪᠠᠷ 1883 ᠲᠡᠷᠭᠡ ᠴᠦᠬᠡᠷᠡᠵᠦ ᠂ ᠠᠯᠪᠠᠨ ᠤ ᠭᠡᠷ ᠢ 126 ᠲᠦᠮᠡᠨ ᠳᠡᠭᠡᠭᠰᠢ ᠲᠦᠷᠪᠡᠯᠵᠢᠨ ᠭᠠᠵᠠᠷ ᠴᠡᠭᠴᠡᠯᠡᠵᠦ ᠭᠠᠷᠭᠠᠨ᠂ 24 ᠲᠦᠰᠦᠯ26.3 ᠲᠦᠮᠡᠨ ᠲᠡᠭᠰᠢ ᠲᠦᠷᠪᠡᠯᠵᠢᠨ ᠮᠸᠲ᠋ᠷ ᠭᠠᠵᠠᠷ ᠡᠵᠡᠯᠡᠬᠦ ᠠᠰᠠᠷ ᠲᠠᠭᠲᠤ ᠣᠷᠳᠣᠨ ᠪᠠᠭᠤᠳᠠᠯ ᠤᠨ ᠵᠦᠢᠯᠡᠰ ᠢ ᠤᠰᠠᠳᠬᠠᠵᠤ᠂ ᠠᠯᠪᠠᠨ ᠠᠵᠢᠯ ᠢᠶᠠᠷ ᠭᠠᠳᠠᠭᠠᠳᠤ ᠳᠤ ( ᠬᠢᠯᠢ ᠡᠴᠡ ) ᠭᠠᠷᠬᠤ ᠲᠠᠯ᠎ᠠ ᠳ᠋ᠤ 487 ᠤᠳᠠᠭ᠎ᠠ 1938 ᠬᠥᠮᠦᠨ ᠶ᠋ᠢ ᠪᠠᠭᠠᠰᠬᠠᠵᠤ᠂ ᠭᠤᠷᠪᠠᠨ ᠵᠦᠢᠯ ᠦᠨ ᠠᠯᠪᠠᠨ ᠤ ᠵᠠᠷᠤᠳᠠᠯ ᠢ 31.49 ᠪᠡᠷ ᠪᠠᠭᠠᠰᠬᠠᠪᠠ ᠃ ᠲᠦᠷᠢ ᠲᠥᠷᠬᠦ ᠶᠢᠨ ᠢᠨᠵᠧᠨᠧᠷᠢᠩ ᠪᠣᠯᠤᠨ ᠵᠠᠰᠠᠭ ᠤᠨ ᠠᠵᠢᠯ ᠤᠨ ᠢᠨᠵᠸᠨ᠋ᠸᠷᠢᠭ ᠢ 5 ᠵᠣᠭᠰᠣᠭᠠᠬᠤ ᠂ 〈 ᠬᠣᠭᠣᠰᠣᠨ ᠣᠷᠣ ᠪᠠᠷ ᠴᠠᠯᠢᠩ ᠠᠪᠬᠤ 〉 ᠠᠪᠤᠭᠰᠠᠨ 1371 ᠬᠥᠮᠦᠨ ᠂ ᠺᠠᠳ᠋ᠷ ᠭᠡᠷ ᠡᠴᠡ ᠪᠡᠨ ᠶᠠᠪᠤᠵᠤ ᠰᠤᠷᠤᠯᠴᠠᠬᠤ ᠠᠰᠠᠭᠤᠳᠠᠯ 24 ᠬᠥᠮᠦᠨ ᠢ ᠰᠢᠢᠳᠪᠦᠷᠢᠯᠡᠵᠦ ᠂ ᠨᠠᠮ ᠤᠨ ᠭᠡᠰᠢᠭᠦᠨ ᠺᠠᠳ᠋ᠷᠴᠤᠳ ᠤᠨ ᠵᠣᠭᠣᠰ ᠨᠠᠭᠠᠳᠤᠭᠰᠠᠨ ᠪᠠ ᠵᠣᠭᠣᠰ ᠨᠠᠭᠠᠳᠬᠤ ᠳᠤ ᠬᠣᠯᠪᠣᠭᠳᠠᠭᠰᠠᠨ ᠬᠡᠷᠡᠭ ᠢ ᠰᠢᠢᠳᠪᠦᠷᠢᠯᠡᠵᠦ ᠂ ᠲᠣᠭᠲᠠᠭᠠᠯ ᠳᠤ ᠨᠡᠶᠢᠴᠡᠬᠦ ᠦᠭᠡᠶ ᠠᠵᠤ ᠠᠬᠤᠶᠢᠯᠠᠯ ᠳᠤ ᠲᠤᠰᠢᠶᠠᠯ ᠬᠠᠪᠰᠤᠷᠭᠠᠵᠤ ᠪᠠᠶᠢᠭᠰᠠᠨ ᠨᠠᠮ ᠵᠠᠰᠠᠭ ᠤᠨ ᠤᠳᠤᠷᠢᠳᠬᠤ ᠺᠠᠳ᠋ᠷ 19 ᠬᠥᠮᠦᠨ ᠢ ᠴᠡᠭᠴᠡᠯᠡᠵᠡᠢ》᠃ ᠡᠭᠦᠨ ᠡᠴᠡ ᠭᠠᠳᠠᠨ᠎ᠠ ᠂ 《 ᠪᠠᠶᠢᠴᠠᠭᠠᠯᠲᠠ ᠨᠢ ᠳᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠋ ᠤ ᠨᠠᠮ ᠤᠨ ᠵᠣᠬᠢᠶᠠᠨ ᠪᠠᠶᠢᠭᠤᠯᠤᠯᠲᠠ1226 ᠶ᠋ᠢ ᠠᠷᠢᠯᠭᠠᠨ ᠴᠡᠪᠡᠷᠯᠡᠵᠦ ᠂ 1054 ᠶ᠋ᠢ ᠦᠭᠡᠷᠡᠴᠢᠯᠡᠨ ᠬᠤᠪᠢᠷᠠᠭᠤᠯᠵᠤ ᠰᠢᠨ᠎ᠡ ᠪᠡᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠤᠭᠰᠠᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠠᠯᠠᠪᠤᠷ ᠨᠢ 312᠂ ᠰᠢᠶᠠᠨ ᠰᠢᠶᠠᠩ ᠲᠣᠰᠬᠣᠨ ᠭᠤᠷᠪᠠᠨ ᠱᠠᠲᠤᠨ ᠤ ᠲᠦᠬᠦᠮ ᠦᠵᠡᠭᠦᠯᠬᠦ ᠦᠢᠯᠡᠴᠢᠯᠡᠭᠡᠨ ᠦ ᠲᠥᠪ ᠨᠢ 10223 ᠪᠤᠯᠵᠠᠢ 》᠃ ᠥᠷᠭᠡᠨ ᠤᠯᠠᠨ ᠨᠠᠮ ᠤᠨ ᠭᠡᠰᠢᠭᠦᠨ ᠪᠠ ᠺᠠᠳ᠋ᠷ ᠡᠴᠠ ᠨᠠᠮ ᠵᠠᠰᠠᠭ ᠤᠨ ᠪᠠᠶᠢᠭᠤᠯᠭ᠎ᠠ ᠶᠢᠨ ᠬᠤᠷᠠᠯ ᠪᠠ ᠪᠢᠴᠢᠭ ᠮᠠᠲ᠋ᠧᠷᠢᠶᠠᠯ ᠢ ᠴᠦᠭᠡᠨ ᠪᠤᠯᠤᠭᠰᠠᠨ ᠢ ᠰᠡᠷᠡᠨ ᠮᠡᠳᠡᠵᠦ ᠂ ᠰᠤᠳᠤᠯᠬᠤ ᠪᠠ ᠰᠢᠶᠳᠪᠦᠷᠢᠯᠡᠬᠦ ᠠᠰᠠᠭᠤᠳᠠᠯ ᠤᠯᠠᠰᠢᠷᠠᠪᠠ ᠃ ᠤᠳᠤᠷᠢᠳᠬᠤ ᠺᠠᠳ᠋ᠷ ᠤᠨ ᠶᠣᠰᠣ ᠭᠦᠢᠴᠡᠳᠬᠡᠬᠦ ᠠᠵᠢᠯ ᠴᠥᠭᠡᠨ ᠪᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ ᠂ ᠤᠯᠠᠨ ᠲᠦᠮᠡᠨ ᠢ ᠬᠠᠯᠠᠮᠵᠢᠯᠠᠬᠤ ᠨᠢ ᠤᠯᠠᠰᠢᠷᠠᠪᠠ᠃ ᠠᠯᠪᠠᠨ ᠶᠠᠪᠤᠳᠠᠯ ᠤᠨ ᠠᠵᠢᠯᠯᠠᠭ᠎ᠠ ᠳᠤ ᠪᠦᠷᠢᠯᠭᠡᠨ ᠰᠦᠢᠳᠬᠡᠬᠦ ᠨᠢ ᠴᠦᠬᠡᠷᠡᠵᠦ ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠨᠢ ᠤᠯᠠᠰᠢᠷᠠᠪᠠ ᠃
ᠲᠠᠪᠤ᠋ ᠳ᠋ᠤ᠂ ᠨᠠᠮ ᠤᠨ ᠭᠡᠰᠢᠭᠦᠨ ᠪᠠ ᠤᠳᠤᠷᠢᠳᠬᠤ ᠺᠠᠳ᠋ᠷ ᠤᠨ ᠳᠠᠭᠤᠷᠢᠶᠠᠯ ᠦᠵᠡᠭᠦᠯᠬᠦ ᠦᠢᠯᠡᠳᠦᠯ ᠨᠢ ᠪᠦᠷᠢᠨ ᠬᠦᠢᠴᠡᠳ ᠪᠠᠳᠠᠷᠠᠭᠤᠯᠤᠯᠲᠠ ᠲᠠᠢ ᠪᠤᠯᠪᠠ
ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠪᠣᠯ ᠨᠠᠮ ᠤᠨ ᠲᠦᠷᠦ ᠪᠠᠷᠢᠬᠤ ᠭᠣᠣᠯᠯᠠᠭᠴᠢ ᠬᠦᠴᠦᠨ ᠦ ᠡᠩᠨᠡᠭᠡ ᠪᠠᠶᠢᠵᠦ ᠂ ᠡᠨᠡ ᠬᠦ ᠡᠩᠨᠡᠭᠡᠨ ᠦᠰᠤᠷᠲᠠᠯ ᠨᠢ ᠨᠠᠮ ᠤᠨ ᠦᠢᠯᠡᠰ ᠦᠨ ᠬᠥᠭᠵᠢᠯᠲᠡ ᠳ᠋ᠦ ᠴᠢᠬᠤᠯᠠ ᠨᠥᠯᠥᠭᠡ ᠦᠵᠡᠭᠦᠯᠳᠡᠭ ᠶᠤᠮ ᠃ 《 ᠭᠤᠷᠪᠠᠨ ᠴᠢᠩᠭ᠎ᠠ ᠭᠤᠷᠪᠠᠨ ᠪᠣᠳᠠᠲᠠᠶ 》 ᠪᠣᠯ ᠤᠳᠤᠷᠢᠳᠬᠤ ᠺᠠᠳ᠋ᠷ ᠤᠨ ᠠᠵᠢᠯ ᠦᠢᠯᠡᠰ ᠪᠦᠲᠦᠭᠡᠬᠦ ᠳ᠋ᠤ ᠡᠷᠬᠡᠪᠰᠢ ᠪᠦᠷᠢᠯᠳᠦᠬᠦᠯᠬᠦ ᠦᠵᠡᠯ ᠰᠠᠨᠠᠭ᠎ᠠ ᠪᠠ ᠣᠪᠣᠷ ᠰᠤᠷᠲᠠᠯ ᠮᠦᠨ᠃ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠴᠠᠭ ᠦᠶ᠎ᠡ ᠳᠦ ᠂ ᠮᠠᠨ ᠤ ᠤᠯᠤᠰ ᠲᠤ ᠲᠤᠯᠭᠠᠷᠠᠵᠤ ᠪᠠᠶᠢᠭ᠎ᠠ ᠪᠠᠶᠢᠳᠠᠯ ᠨᠢ ᠮᠦᠨ ᠡᠭᠡᠳᠡᠷᠡᠭᠡᠨ ᠪᠤᠳᠤᠯᠢᠶᠠᠨᠲᠠᠶ ᠂ ᠬᠥᠭᠵᠢᠯᠲᠡ ᠶᠢ ᠲᠤᠯᠭᠠᠭᠤᠷᠢᠯᠠᠬᠤ ᠬᠦᠴᠦᠨ ᠵᠦᠢᠯ ᠪᠠ ᠨᠥᠬᠥᠴᠡᠯ ᠨᠢᠴᠦ ᠭᠦᠨᠵᠡᠭᠡᠶ ᠬᠤᠪᠢᠷᠠᠯᠲᠠ ᠭᠠᠷᠴᠤ᠂ ᠮᠠᠨ ᠤ ᠤᠯᠤᠰ ᠤᠨ ᠠᠵᠤ ᠠᠬᠤᠶ ᠨᠢ ᠶᠠᠭ ᠪᠦᠲᠦᠴᠡ ᠶᠢᠨ ᠲᠤᠬᠢᠷᠠᠭᠤᠯᠤᠯᠲᠠ ᠶᠢᠨ ᠪᠡᠷᠬᠡᠰᠢᠶᠡᠯᠲᠦ ᠦᠶ᠎ᠡ ᠳ᠋ᠦ ᠤᠷᠤᠰᠢᠵᠦ᠂ ᠨᠡᠮᠡᠭᠳᠡᠯ ᠦᠨ ᠬᠤᠷᠳᠤᠴᠠ ᠨᠢ ᠬᠤᠷᠳᠤ ᠰᠣᠯᠢᠬᠤ ᠬᠤᠭᠤᠴᠠᠭ᠎ᠠ ᠳ᠋ᠦ ᠪᠠᠶᠢᠵᠦ᠂ ᠳᠠᠪᠠᠭ᠎ᠠ ᠶᠢ ᠳᠠᠪᠠᠬᠤ ᠴᠢᠬᠤᠯᠠ ᠵᠠᠩᠭᠢᠯᠠᠭ᠎ᠠ ᠪᠠᠶᠢᠳᠠᠯ ᠳ᠋ᠤ ᠤᠷᠤᠰᠢᠵᠦ᠂ ᠥᠭᠡᠷᠡᠴᠢᠯᠡᠯᠲᠡ ᠶᠢᠨ 《 ᠪᠠᠷᠲᠠᠭᠠᠲᠤ》 ᠵᠦᠭ ᠬᠦᠴᠦᠯᠡᠵᠦ᠂ 《 ᠬᠦᠴᠢᠷ ᠠᠰᠠᠭᠤᠳᠠᠯ 》 ᠋ᠨᠢ ᠪᠢᠳᠡᠨ ᠢ ᠬᠦᠯᠢᠶᠡᠵᠦ ᠪᠤᠢ ᠃ ᠡᠶᠢᠮᠦ ᠡᠴᠡ᠂ ᠬᠡᠷᠪᠡ ᠨᠠᠮ ᠤᠨ ᠤᠳᠤᠷᠢᠳᠬᠤ ᠺᠠᠳ᠋ᠷᠴᠤᠳ ᠤᠨ ᠡᠩᠨᠡᠭᠡᠨ ᠦ ᠦᠵᠡᠯ ᠰᠠᠨᠠᠭ᠎ᠠ ᠣᠪᠣᠷ ᠰᠤᠷᠲᠠᠯ ᠤᠨ ᠪᠠᠶᠢᠳᠠᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠂ ᠰᠢᠯᠭᠠᠯᠲᠠ ᠶᠢ ᠳᠠᠭᠠᠭᠠᠵᠤ ᠴᠢᠳᠠᠬᠤ ᠦᠭᠡᠢ ᠳ᠋ᠤ ᠬᠦᠷᠪᠡᠯ ᠨᠠᠮ ᠪᠠ ᠤᠯᠤᠰ ᠣᠷᠣᠨ ᠤ ᠠᠵᠢᠯ ᠦᠢᠯᠡᠰ ᠦᠨ ᠬᠥᠭᠵᠢᠯᠲᠡ ᠳᠦ ᠬᠢᠵᠠᠭᠠᠷᠯᠠᠯ ᠪᠤᠯᠬᠤ ᠨᠢ ᠳᠠᠮᠵᠢᠭ ᠦᠭᠡᠢ ᠃
《 ᠳᠥᠷᠪᠡᠨ ᠰᠤᠷᠲᠠᠯ 》 ᠢ ᠡᠰᠡᠷᠭᠦᠴᠡᠬᠦ ᠪᠡᠷ ᠭᠣᠣᠯ ᠠᠭᠤᠯᠭ᠎ᠠ ᠪᠠᠨ ᠪᠣᠯᠭᠠᠭᠰᠠᠨ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶ᠋ᠢᠨ ᠤᠯᠠᠮ ᠨᠢᠭᠡ ᠠᠯᠬᠤᠮ ᠭᠦᠨᠵᠡᠭᠡᠶᠢᠷᠡᠬᠦ ᠶ᠋ᠢ ᠳᠠᠭᠠᠯᠳᠤᠨ᠂ ᠡᠯ᠎ᠡ ᠱᠠᠲᠤᠨ ᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷᠴᠤᠳ ᠤᠨ ᠠᠵᠢᠯ ᠤᠨ ᠰᠤᠷᠲᠠᠯ ᠢᠯᠡᠳᠲᠡ ᠰᠠᠶᠢᠵᠢᠷᠠᠪᠠ ᠃ ᠪᠣᠳᠠᠲᠠᠶ ᠠᠷᠭ᠎ᠠ ᠪᠣᠳᠣᠯᠭ᠎ᠠ ᠭᠠᠷᠭᠠᠬᠤ ᠂ ᠪᠣᠳᠠᠲᠤ ᠬᠦᠴᠦᠨ ᠢᠶᠡᠨ ᠡᠷᠴᠢᠯᠡᠬᠦ ᠂ ᠪᠤᠳᠠᠳᠠᠢ ᠶᠠᠪᠤᠳᠠᠯ ᠬᠢᠬᠦ᠂ ᠬᠣᠭᠣᠰᠣᠨ ᠨᠡᠷ᠎ᠡ ᠶᠢ ᠬᠥᠭᠡᠭᠡᠴᠡᠯᠳᠦᠬᠦ ᠦᠭᠡᠢ᠂ ᠬᠣᠭᠣᠰᠣᠨ ᠭᠠᠪᠢᠶ᠎ᠠ ᠬᠦᠭᠡᠴᠢᠯᠡᠳᠡᠬᠦ ᠦᠭᠡᠢ ᠪᠤᠯᠤᠭᠰᠠᠨ ᠨᠢ ᠨᠢᠭᠡᠨ ᠶᠡᠬᠡ ᠳᠠᠪᠰᠢᠯᠲᠠ ᠮᠥᠨ᠃ ᠭᠡᠪᠡᠴᠦ᠂ ᠬᠡᠯᠪᠡᠷᠢᠴᠢ ᠦᠵᠡᠯ᠂ ᠨᠣᠶᠠᠨᠴᠢ ᠦᠵᠡᠯ ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠨᠢ ᠵᠠᠷᠢᠮ ᠭᠠᠵᠠᠷ ᠲᠤ ᠮᠦᠨ ᠲᠤᠶᠢᠯᠪᠤᠷᠢᠲᠠᠶ ᠴᠡᠪᠡᠷᠯᠡᠭᠳᠡᠭᠡ ᠦᠭᠡᠢ᠃ ᠴᠥᠭᠡᠨ ᠲᠣᠭᠠᠨ ᠤ ᠤᠳᠤᠷᠢᠳᠬᠤ ᠺᠠᠳ᠋ᠷᠴᠤᠳ ᠤᠨ ᠬᠦᠰᠡᠯᠡᠩ ᠪᠣᠯᠤᠨ ᠢᠲᠡᠭᠡᠯ ᠵᠣᠷᠢᠭ ᠨᠢ ᠭᠤᠶᠢᠪᠢᠯᠵᠠᠵᠤ᠂ ᠵᠣᠷᠢᠯᠲᠠ ᠶᠢᠨ ᠤᠬᠠᠮᠰᠠᠷ ᠨᠢ ᠪᠠᠭᠤᠷᠠᠪᠠ᠃ ᠨᠡᠷ᠎ᠡ ᠠᠰᠢᠭ ᠢ ᠬᠦᠭᠡᠭᠡᠴᠡᠯᠳᠦᠵᠦ᠂ ᠬᠤᠳᠠᠯ ᠬᠠᠭᠤᠷᠮᠠᠭ ᠵᠤᠬᠢᠶᠠᠨ᠂ ᠪᠣᠳᠠᠲᠤ ᠪᠦᠲᠦᠮᠵᠢ ᠶᠢ ᠡᠷᠬᠢᠮᠯᠡᠬᠦ ᠤᠢᠭᠡᠢ ᠂ ᠤᠯᠠᠨ ᠲᠦᠮᠡᠨ ᠡᠴᠠ ᠵᠠᠶᠢᠳᠠᠵᠤ᠂ ᠬᠠᠷᠢᠭᠤᠴᠠᠯᠭ᠎ᠠ ᠡᠭᠦᠷᠭᠡᠯᠡᠬᠦ ᠦᠭᠡᠢ ᠪᠤᠯᠤᠭᠰᠠᠨ᠃ ᠱᠠᠯᠢᠨ ᠪᠦᠷᠢᠯᠭᠡᠵᠦ ᠵᠢᠷᠭᠠᠨ ᠴᠡᠩᠭᠡᠬᠦ ᠪᠡᠷ ᠪᠠᠷᠠᠬᠤ ᠦᠭᠡᠢ ᠡᠷᠬᠡ ᠪᠡᠨ ᠠᠰᠢᠭᠯᠠᠨ ᠠᠮᠢ ᠪᠠᠨ ᠪᠤᠷᠳᠤᠭᠰᠠᠨ ᠵᠡᠷᠭᠡ ᠢᠯᠵᠠᠷᠠᠯ ᠤᠨ ᠪᠠᠶᠢᠳᠠᠯ ᠬᠦᠨᠲᠦ ᠨᠤᠴᠢᠲᠠᠢ ᠪᠠᠶᠢᠵᠦ᠂ ᠬᠡᠳᠦᠶᠢᠪᠡᠷ ᠡᠳᠡᠭᠡᠷ ᠠᠰᠠᠭᠤᠳᠠᠯ ᠨᠢ ᠬᠠᠭᠤᠴᠢᠨ ᠠᠰᠠᠭᠤᠳᠠᠯ ᠮᠦᠷᠲᠡᠭᠡᠨ ᠴᠥᠭᠡᠨ ᠪᠠᠶᠢᠭᠰᠠᠨ ᠴᠤ ᠺᠠᠳ᠋ᠷ ᠪᠠ ᠤᠯᠠᠨ ᠲᠦᠮᠡᠨ ᠦ ᠬᠠᠷᠢᠴᠠᠭ᠎ᠠ ᠶᠢ ᠬᠣᠬᠢᠷᠠᠭᠤᠯᠵᠤ᠂ ᠨᠠᠮ ᠤᠨ ᠤᠯᠠᠨ ᠲᠦᠮᠡᠨ ᠦ ᠰᠡᠳᠬᠢᠯ ᠳ᠋ᠡᠬᠢ ᠳᠦᠷᠢ ᠳᠦᠷᠬᠦ ᠶ᠋ᠢ ᠬᠣᠬᠢᠷᠠᠭᠤᠯᠤᠭᠰᠠᠨ ᠪᠠᠶᠢᠨ᠎ᠠ᠃
ᠤᠳᠤᠷᠢᠳᠬᠤ ᠺᠠᠳ᠋ᠷᠴᠤᠳ ᠤᠨ ᠡᠩᠨᠡᠭᠡᠨ ᠳ᠋ᠦ ᠤᠷᠤᠰᠢᠵᠦ ᠪᠠᠶᠢᠭ᠎ᠠ ᠡᠳᠡᠭᠡᠷ ᠠᠭᠤᠳᠠᠯ ᠳ᠋ᠤ ᠵᠤᠷᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠡᠴᠠ 《 ᠭᠤᠷᠪᠠᠨ ᠴᠢᠩᠭ᠎ᠠ ᠭᠤᠷᠪᠠᠨ ᠪᠣᠳᠠᠲᠠᠶ 》 ᠶᠢᠨ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠂ ᠳᠠᠷᠤᠢ᠄ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠠᠶᠢᠨ ᠰᠤᠷᠲᠠᠯ ᠢ ᠪᠤᠶ ᠪᠣᠯᠭᠠᠨ ᠪᠠᠳᠠᠷᠠᠭᠤᠯᠬᠤ ᠶ᠋ᠢᠨ ᠬᠠᠮᠲᠤᠪᠡᠶᠡ ᠪᠡᠨ ᠴᠢᠩᠭ᠎ᠠ ᠵᠠᠰᠠᠵᠤ᠂ ᠡᠷᠬᠡ ᠋ ᠢᠢ ᠴᠢᠩᠭ᠎ᠠ ᠬᠡᠷᠡᠭᠯᠡᠵᠦ᠂ ᠳᠦᠷᠢᠮ ᠢᠶ᠋ᠡᠷ ᠦᠪᠡᠷ ᠢ ᠪᠡᠨ ᠬᠢᠵᠠᠭᠠᠷᠯᠠᠵᠦ᠂ ᠠᠵᠢᠯ ᠢ ᠪᠣᠳᠣᠯᠬᠢᠯᠠᠬᠤ ᠳᠠᠭᠠᠨ ᠪᠠᠲᠤᠲᠠᠢ᠂ ᠦᠢᠯᠡᠰ ᠴᠣᠭᠴᠠᠯᠠᠬᠤ ᠳᠠᠭᠠᠨ ᠪᠣᠳᠠᠲᠠᠶ ᠂ ᠬᠥᠮᠦᠨ ᠪᠣᠯᠬᠤ ᠳᠤ ᠪᠠᠨ ᠦᠨᠡᠨᠴᠢ ᠪᠠᠶᠢᠬᠤ ᠬᠡᠷᠡᠭᠲᠡᠶ᠃ ᠪᠡᠶ᠎ᠡ ᠪᠡᠨ ᠴᠢᠩᠭ᠎ᠠ ᠵᠠᠰᠠᠬᠤ ᠬᠡᠳᠡᠭ ᠨᠢ ᠳᠠᠷᠤᠶ ᠨᠠᠮᠴᠢ ᠴᠢᠨᠠᠷ ᠤᠨ ᠬᠡᠪ ᠪᠣᠯᠪᠠᠰᠤᠷᠠᠯ ᠢᠶᠠᠨ ᠴᠢᠩᠭᠠᠳᠬᠠᠨ᠂ ᠬᠦᠰᠡᠯᠡᠩ ᠪᠠ ᠢᠲᠡᠭᠡᠯ ᠵᠣᠷᠢᠭ ᠢᠶᠠᠨ ᠪᠠᠲᠤᠳᠬᠠᠵᠤ᠂ ᠶᠣᠰᠣ ᠮᠣᠷᠠᠯ ᠤᠨ ᠠᠬᠤᠶ ᠪᠠᠶᠢᠳᠠᠯ ᠢᠶᠠᠨ ᠳᠡᠭᠡᠭᠰᠢᠯᠡᠭᠦᠯᠦᠨ᠂ ᠡᠷᠬᠢᠮ ᠳᠡᠭᠡᠳᠦ ᠵᠠᠩ ᠰᠤᠷᠲᠠᠯ ᠢ ᠬᠥᠭᠡᠭᠡᠴᠡᠯᠳᠦᠵᠦ ᠂ ᠲᠤᠤᠷᠠᠳᠤ ᠳᠤᠷᠠᠰᠢᠯ ᠠᠴᠠ ᠤᠬᠠᠮᠰᠠᠷ ᠠᠴᠠ ᠪᠠᠨ ᠬᠤᠯᠠ ᠵᠠᠶᠢᠳᠠᠨ᠂ ᠭᠠᠵᠢᠭᠤ ᠰᠤᠷᠲᠠᠯ ᠢ ᠤᠬᠠᠮᠰᠠᠷ ᠠᠴᠠ ᠪᠠᠨ ᠡᠰᠡᠷᠭᠦᠴᠡᠬᠦ ᠶᠠᠪᠤᠳᠠᠯ ᠢ ᠵᠢᠭᠠᠵᠤ ᠪᠠᠶᠢᠨ᠎ᠠ ᠃ ᠡᠷᠬᠡ ᠪᠡᠨ ᠴᠢᠩᠭ᠎ᠠ ᠬᠡᠷᠡᠭᠯᠡᠬᠦ ᠭᠡᠳᠡᠭ ᠨᠢ ᠳᠠᠷᠤᠶ ᠬᠡᠵᠢᠶ᠎ᠡ ᠢᠮᠠᠭᠲᠠ ᠠᠷᠠᠳ ᠤᠨ ᠲᠥᠯᠥᠭᠡ ᠡᠷᠬᠡ ᠪᠡᠨ ᠬᠡᠷᠡᠭᠯᠡᠵᠦ ᠳᠦᠷᠢᠮ ᠲᠣᠭᠲᠠᠭᠠᠯ ᠶᠣᠰᠣᠭᠠᠷ ᠡᠷᠬᠡ ᠪᠡᠨ ᠬᠡᠷᠡᠭᠵᠢᠭᠦᠯᠵᠦ ᠂ ᠲᠦᠷᠢᠮ ᠦᠨ ᠰᠢᠩᠭᠡᠯᠢᠭ ᠲᠦ ᠬᠠᠰᠢᠵᠦ᠂ ᠶᠠᠮᠠᠷᠪᠠ ᠦᠶ᠎ᠡ ᠳᠦ ᠴᠥᠮ ᠣᠨᠴᠠ ᠡᠷᠬᠡ ᠭᠠᠷᠭᠠᠬᠤ ᠦᠭᠡᠢ ᠂ ᠡᠷᠬᠡ ᠪᠡᠨ ᠠᠰᠢᠭᠯᠠᠨ ᠠᠮᠢ ᠪᠠᠨ ᠪᠣᠷᠳᠣᠬᠤ ᠦᠭᠡᠢ ᠪᠠᠶᠢᠳᠠᠯ ᠢ ᠵᠢᠭᠠᠳᠠᠭ᠃ ᠪᠡᠶ᠎ᠡ ᠪᠡᠨ ᠴᠢᠩᠭ᠎ᠠ ᠪᠠᠷᠢᠬᠤ ᠭᠡᠳᠡᠭ ᠨᠢ ᠳᠠᠷᠤᠶ ᠪᠢᠰᠢᠷᠡᠨ ᠰᠦᠷᠳᠡᠬᠦ ᠰᠡᠳᠬᠢᠯᠭᠡ ᠲᠡᠶ᠂ ᠴᠡᠭᠡᠷ ᠬᠣᠷᠢᠭ᠎ᠠ ᠶᠢᠨ ᠬᠡᠮᠵᠢᠭᠦᠷ ᠲᠡᠶ᠂ ᠭᠠᠭᠴᠠᠭᠠᠷ ᠪᠠᠶᠢᠬᠤ ᠳᠠᠭᠠᠨ ᠪᠡᠶ᠎ᠡ ᠪᠡᠨ ᠬᠢᠴᠢᠶᠡᠵᠦ᠂ ᠪᠡᠶ᠎ᠡ ᠪᠡᠨ ᠦᠷᠭᠦᠯᠵᠢ ᠲᠤᠩᠭᠠᠨ ᠪᠤᠳᠤᠵᠤ ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠵᠢᠷᠤᠮᠯᠠᠨ ᠂ ᠠᠷᠢᠭᠤᠨ ᠴᠢᠬᠡᠴᠢ ᠪᠡᠷ ᠵᠠᠰᠠᠭ ᠶᠠᠪᠤᠭᠤᠯᠬᠤ ᠶ᠋ᠢ ᠵᠢᠭᠠᠳᠠᠭ ᠃ ᠤᠴᠢᠷ ᠶᠠᠪᠤᠳᠠᠯ ᠡᠷᠬᠢᠯᠡᠬᠦ ᠳᠡᠭᠡᠨ ᠪᠣᠳᠠᠲᠠᠢ ᠪᠠᠶᠢᠬᠤ ᠭᠡᠳᠡᠭ ᠨᠢ ᠪᠣᠳᠠᠲᠠᠶ ᠠᠴᠠ ᠡᠭᠦᠰᠦᠨ ᠠᠵᠢᠯ ᠦᠢᠯᠡᠰ ᠪᠠ ᠠᠵᠢᠯ ᠤᠨ ᠠᠷᠭ᠎ᠠ ᠰᠦᠪᠡᠭᠴᠢᠯᠡᠵᠦ᠂ ᠳᠤᠷᠠᠳᠤᠭᠰᠠᠨ ᠠᠷᠭ᠎ᠠ᠂ ᠲᠦᠷᠦ ᠶᠢᠨ ᠪᠤᠳᠤᠯᠭ᠎ᠠ ᠂ ᠲᠥᠰᠦᠯ ᠢᠶᠡᠨ ᠪᠣᠳᠠᠲᠠᠶ ᠪᠠᠶᠢᠳᠠᠯ ᠳ᠋ᠤ ᠨᠡᠶᠢᠴᠡᠬᠦᠯᠬᠦ᠂ ᠪᠤᠰᠤᠳᠴᠢ ᠵᠢᠮ᠎ᠡ ᠶᠣᠰᠣᠨ ᠳᠤ ᠨᠡᠶᠢᠴᠡᠬᠦᠯᠬᠦ ᠂ ᠰᠢᠨᠵᠢᠯᠡᠬᠦ ᠤᠬᠠᠭᠠᠨᠴᠢ ᠵᠣᠷᠢᠭ ᠰᠠᠨᠠᠭᠠᠨ ᠳᠤ ᠨᠡᠶᠢᠴᠡᠬᠦᠯᠬᠦ ᠶ᠋ᠢ ᠠᠩᠬᠠᠷᠴᠤ᠂ ᠴᠢᠳᠠᠯ ᠠᠴᠠ ᠪᠠᠨ ᠳᠡᠭᠡᠭᠦᠷ ᠠᠭᠠᠰᠢᠯᠠᠬᠤ ᠦᠬᠡᠢ᠂ ᠪᠣᠳᠠᠲᠠᠶ ᠠᠴᠠ ᠬᠥᠨᠳᠡᠶᠢᠷᠡᠬᠦ ᠦᠭᠡᠢ ᠪᠠᠶᠢᠬᠤ ᠳ᠋ᠤ ᠵᠢᠭᠠᠨ᠎ᠠ᠃ ᠦᠢᠯᠡᠰ ᠴᠣᠭᠴᠠᠯᠠᠬᠤ ᠳᠠᠭᠠᠨ ᠪᠣᠳᠠᠲᠠᠶ ᠪᠠᠷ ᠬᠢᠬᠦ ᠭᠡᠳᠡᠭ ᠨᠢ ᠯᠠᠪᠳᠠᠭᠤᠨ ᠪᠠᠲᠤᠲᠠᠢ ᠠᠵᠢᠯᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠶ ᠪᠠᠷ ᠵᠥᠷᠢᠴᠡᠯ ᠳᠦ ᠰᠢᠭᠤᠳ ᠬᠠᠨᠳᠤᠨ᠂ ᠠᠰᠠᠭᠤᠳᠠᠯ ᠢ ᠰᠢᠶᠳᠪᠦᠷᠢᠯᠡᠬᠦ ᠳᠡᠭᠡᠨ ᠴᠢᠳᠠᠮᠠᠭᠠᠶ ᠪᠠᠶᠢᠵᠤ᠂ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠴᠢᠳᠠᠬᠤ᠂ ᠠᠷᠠᠳ ᠲᠦᠮᠡᠨ ᠪᠠ ᠲᠡᠦᠬᠡ ᠶᠢᠨ ᠰᠢᠯᠭᠠᠯᠲᠠ ᠳ᠋ᠤ ᠠᠮᠵᠢᠯᠲᠠ ᠭᠠᠷᠭᠠᠬᠤ ᠶ᠋ᠢ ᠵᠢᠭᠠᠨ᠎ᠠ ᠃ ᠬᠥᠮᠦᠨ ᠪᠣᠯᠬᠤ ᠳᠠᠭᠠᠨ ᠦᠨᠡᠨ ᠪᠠᠶᠢᠬᠤ ᠭᠡᠳᠡᠭ ᠨᠢ ᠨᠠᠮ᠂ ᠵᠣᠬᠢᠶᠠᠨ ᠪᠠᠶᠢᠭᠤᠯᠤᠯᠲᠠ᠂ ᠠᠷᠠᠳ ᠲᠦᠮᠡᠨ᠂ ᠨᠥᠬᠥᠳ ᠲᠡᠬᠡᠨ ᠦᠨᠡᠨᠴᠢ ᠰᠢᠳᠤᠷᠭᠤ ᠪᠠᠶᠢᠵᠤ᠂ ᠦᠨᠡᠨᠴᠢ ᠬᠥᠮᠦᠨ ᠪᠤᠯᠵᠤ᠂ ᠦᠨᠡᠨ ᠦᠭᠡ ᠬᠡᠯᠡᠵᠦ᠂ ᠪᠣᠳᠠᠲᠤ ᠶᠠᠪᠤᠳᠠᠯ ᠬᠢᠵᠦ ᠂ ᠰᠡᠳᠬᠢᠯ ᠴᠠᠭᠠᠪᠤᠷ ᠪᠠᠶᠢᠵᠤ᠂ ᠭᠣᠣᠯᠴᠢ ᠴᠢᠬᠡᠴᠢ ᠪᠠᠶᠢᠬᠤ ᠶ᠋ᠢ ᠵᠢᠭᠠᠳᠠᠭ ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠡᠷᠴᠢᠮ ᠪᠠ ᠬᠠᠳᠠᠨ ᠵᠣᠷᠢᠭ ᠢᠶᠠᠨ ᠪᠠᠷᠢᠮᠲᠠᠯᠠᠵᠤ᠂ ᠰᠠᠢᠢᠨ ᠢᠶᠠᠷ ᠡᠬᠢᠯᠡᠨ ᠰᠠᠶᠢᠬᠠᠨ ᠢᠶᠠᠷ ᠲᠡᠭᠦᠰᠬᠡᠵᠦ ᠂ ᠠᠵᠢᠯ ᠤᠨ ᠡᠷᠴᠢᠮ ᠢᠶ᠋ᠡᠨ ᠪᠠᠲᠤᠯᠠᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠶᠢ ᠲᠠᠰᠤᠷᠠᠯᠳᠠ ᠦᠭᠡᠢ ᠤᠯᠬᠤ ᠶ᠋ᠢ ᠵᠢᠭᠠᠳᠠᠭ ᠃
《 ᠭᠤᠷᠪᠠᠨ ᠴᠢᠩᠭ᠎ᠠ ᠭᠤᠷᠪᠠᠨ ᠪᠣᠳᠠᠲᠠᠶ 》 ᠶᠢᠨ ᠲᠤᠰᠬᠠᠶ ᠰᠡᠳᠦᠪᠲᠦ ᠬᠥᠮᠦᠵᠢᠯ ᠨᠢ ᠬᠠᠨᠳᠤᠯᠭᠠᠲᠤ ᠴᠢᠨᠠᠷ ᠢᠶᠠᠷ ᠴᠢᠩᠭ᠎ᠠ᠂ ᠰᠤᠷᠲᠠᠯ ᠤᠨ ᠲᠠᠯ᠎ᠠ ᠪᠠᠷ ᠬᠢ ᠭᠡᠮ ᠠᠷᠬᠠᠭ ᠢ ᠤᠨᠤᠭᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠵᠠᠩᠭᠢᠯᠠᠭ᠎ᠠ ᠶ᠋ᠢ ᠤᠯᠵᠤ ᠠᠳᠬᠤᠪᠠ᠃ ᠶᠠᠭ ᠶᠡᠷᠦᠩᠬᠡᠢ ᠱᠦᠵᠢ ᠰᠢ ᠶᠢᠨ ᠫᠢᠩ ᠦᠨ ᠵᠢᠭᠠᠵᠤ ᠭᠠᠷᠭᠠᠭᠰᠠᠨ ᠰᠢᠭ᠋ ᠢᠶᠡᠷ᠂ ᠺᠠᠳ᠋ᠷᠴᠤᠳ ᠤᠨ ᠦᠵᠡᠯ ᠰᠠᠨᠠᠭ᠎ᠠ᠂ ᠣᠪᠣᠷ ᠰᠤᠷᠲᠠᠯ ᠪᠣᠯᠤᠨ ᠨᠠᠮᠴᠢ ᠴᠢᠨᠠᠷ ᠤᠨ ᠲᠠᠯ᠎ᠠ ᠪᠠᠷ ᠬᠢ ᠪᠠᠰᠠ ᠨᠢᠭᠡ ᠤᠳᠠᠭᠠᠨ ᠤ ᠲᠥᠪᠯᠡᠷᠡᠩᠭᠦᠢ 《 ᠺᠠᠯᠼ ᠨᠥᠬᠥᠪᠥᠷᠢᠯᠡᠭᠰᠡᠨ 》 ᠪᠤᠶᠤ 《 ᠲᠣᠰᠣ ᠨᠡᠮᠡᠭᠰᠡᠨ 》 ᠶᠠᠪᠤᠳᠠᠯ ᠪᠤᠯᠤᠨ᠎ᠠ ᠃
ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠪᠠᠶᠢᠩᠭᠤ ᠶᠢᠨ ᠬᠤᠷᠢᠶᠠᠨ ᠤ ᠡᠮᠦᠨ᠎ᠡ ᠡᠴᠡ ᠪᠥᠬᠥ ᠣᠷᠣᠨ ᠤ ᠦᠨᠳᠦᠰᠦᠲᠡᠨ ᠨᠦᠭᠦᠳ ᠦᠨ ᠺᠠᠳ᠋ᠷ ᠣᠯᠠᠨ ᠲᠦᠮᠡᠨ ᠳ᠋ᠤ ᠲᠥᠪ ᠴᠢᠩᠭ᠎ᠠ ᠠᠮᠠᠯᠠᠯᠲᠠ ᠬᠢᠪᠡ ᠄ ᠨᠢᠭᠡᠳᠦᠭᠡᠷ ᠲᠦ᠂ ᠶᠠᠮᠠᠷᠪᠠ ᠨᠢᠭᠡᠴᠢ ᠪᠠ ᠬᠤᠪᠢ ᠬᠥᠮᠦᠨ ᠤ ᠪᠡᠯᠡᠨ ᠮᠦᠩᠬᠦ ᠂ ᠪᠤᠳᠠᠰ ᠬᠤᠳᠠᠯᠳᠤᠨ ᠠᠪᠬᠤ ᠺᠠᠷᠲ᠂ ᠦᠨᠡᠲᠦ ᠲᠡᠮᠳᠡᠭᠲᠦ ᠪᠠ ᠦᠨᠡᠲᠦ ᠡᠳ᠋ ᠶ᠋ᠢ ᠬᠦᠯᠢᠶᠡᠨ ᠠᠪᠬᠤ ᠦᠭᠡᠢ ᠃ ᠬᠤᠶᠠᠳᠤᠭᠠᠷ ᠲᠤ ᠲᠣᠭᠲᠠᠭᠠᠯ ᠠᠴᠠ ᠵᠥᠷᠢᠴᠡᠨ ᠢᠨᠵᠧᠨᠧᠷᠢᠩ ᠦᠨ ᠪᠦᠳᠦᠬᠡᠨ ᠪᠠᠶᠢᠭᠤᠯᠤᠯᠲᠠ ᠶᠢᠨ ᠳᠠᠭᠠᠭᠠᠴᠢᠯᠠᠨ ᠠᠪᠤᠭᠰᠠᠨ ᠲᠦᠷᠦᠯ ᠵᠦᠢᠯ᠂ ᠭᠠᠵᠠᠷ ᠰᠢᠷᠣᠶ ᠬᠡᠷᠡᠭᠯᠡᠬᠦ ᠡᠷᠬᠡ ᠶ᠋ᠢ ᠵᠠᠰᠠᠭ ᠤᠨ ᠣᠷᠳᠣᠨ ᠳ᠋ᠦ ᠨᠠᠶᠢᠷ ᠲᠠᠯᠪᠢᠨ ᠦᠭᠬᠦ᠂ ᠭᠡᠷ ᠪᠠᠶᠢᠰᠢᠩ ᠭᠠᠵᠠᠷ ᠰᠢᠷᠣᠶ ᠶᠢᠨ ᠨᠡᠭᠡᠭᠡᠨ ᠠᠰᠢᠭᠯᠠᠬᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠵᠠᠭᠤᠴᠢ ᠪᠠᠶᠢᠭᠤᠯᠤᠮᠵᠢ ᠶᠢᠨ ᠦᠢᠯᠡᠴᠢᠯᠡᠭᠡ ᠵᠡᠷᠭᠡ ᠵᠠᠬ᠎ᠠ ᠳᠡᠯᠭᠡᠭᠦᠷ ᠦᠨ ᠠᠷᠠᠯᠵᠢᠶᠠᠨ ᠤ ᠠᠵᠢᠯᠯᠠᠭ᠎ᠠ ᠳ᠋ᠤ ᠭᠠᠷ ᠲᠦᠷᠦᠬᠦ ᠦᠭᠡᠢ ᠃ ᠭᠤᠷᠪᠠᠳᠤᠭᠠᠷ ᠲᠤ᠂ ᠬᠠᠨᠢ᠂ ᠦᠷ᠎ᠡ ᠬᠡᠦᠬᠡᠳ᠂ ᠲᠦᠷᠦᠯ ᠰᠠᠳᠤᠨ ᠨᠠᠶᠢᠵᠠ ᠨᠥᠬᠥᠳ ᠪᠤᠶᠤ ᠳᠡᠷᠭᠡᠳᠡᠬᠢ ᠠᠵᠢᠯᠲᠠᠳ ᠲᠤ ᠪᠠᠨ ᠥᠪᠡᠷ ᠦᠨ ᠡᠭᠦᠷᠭᠡ ᠲᠤᠰᠢᠶᠠᠯ ᠤᠨ ᠲᠠᠯ᠎ᠠ ᠪᠠᠷ ᠬᠢ ᠳᠥᠭᠥᠮ ᠪᠠ ᠨᠥᠯᠥᠭᠡ ᠶᠢ ᠠᠰᠢᠭᠯᠠᠨ ᠬᠤᠪᠢ ᠶᠢᠨ ᠠᠰᠢᠭ ᠣᠯᠭᠣᠬᠤ ᠦᠭᠡᠢ ᠃ ᠳᠥᠷᠪᠡᠳᠦᠭᠡᠷ ᠲᠤ᠂ ᠲᠣᠭᠲᠠᠭᠠᠯ ᠠᠴᠠ ᠵᠥᠷᠢᠴᠡᠨ ᠭᠡᠷ ᠪᠠᠶᠢᠰᠢᠩ ᠡᠵᠡᠯᠡᠬᠦ ᠤᠢᠭᠡᠢ᠂ ᠡᠭᠦᠷᠭᠡ ᠲᠤᠰᠢᠶᠠᠯ ᠤᠨ ᠢᠶᠠᠨ ᠳᠥᠭᠥᠮ ᠪᠠ ᠨᠦᠯᠦᠭᠡ ᠶ᠋ᠢ ᠠᠰᠢᠭᠯᠠᠨ ᠬᠤᠪᠢ ᠪᠡᠶ᠎ᠡ᠂ ᠦᠷ᠎ᠡ ᠬᠡᠦᠬᠡᠳ ᠪᠣᠯᠤᠨ ᠲᠦᠷᠦᠯ ᠰᠠᠳᠤᠨ ᠳᠠᠭᠠᠨ ᠣᠷᠣᠨ ᠰᠠᠭᠤᠴᠠ ᠶᠢᠨ ᠲᠠᠯ᠎ᠠ ᠶᠢᠨ ᠵᠦᠢ ᠶᠣᠰᠣᠨ ᠤ ᠪᠤᠰᠤ ᠠᠰᠢᠭ ᠲᠤᠰᠠ ᠶ᠋ᠢ ᠬᠦᠷᠲᠡᠭᠡᠬᠦ ᠦᠭᠡᠢ ᠃ ᠲᠠᠪᠤᠳᠤᠭᠠᠷ ᠲᠤ᠂ ᠵᠡᠷᠭᠡ ᠲᠤᠰᠢᠶᠠᠯ ᠥᠭᠬᠦ ᠪᠡᠷ ᠠᠮᠠᠯᠠᠬᠤ ᠤᠢᠭᠡᠢ᠂ ᠤᠶᠢᠷ᠎ᠠ ᠳᠣᠲᠣᠨᠣᠴᠤᠳ ᠢᠶᠠᠨ ᠬᠡᠷᠡᠭᠯᠡᠬᠦ ᠦᠭᠡᠢ ᠂ ᠨᠣᠶᠠᠨ ᠵᠡᠷᠭᠡ ᠣᠯᠬᠤ ᠪᠠᠷ ᠭᠤᠷᠢᠯᠠᠭᠰᠠᠨ ᠪᠤᠶᠤ ᠨᠣᠶᠠᠨ ᠵᠡᠷᠭᠡ ᠬᠤᠳᠠᠯᠳᠤᠭᠠᠯᠠᠬᠤ ᠠᠵᠢᠯᠯᠠᠭ᠎ᠠ ᠶᠢ ᠡᠷᠡᠰ ᠬᠣᠷᠢᠭᠯᠠᠨ ᠵᠤᠭᠰᠤᠭᠠᠨ᠎ᠠ ᠃ ᠵᠢᠷᠭᠤᠳᠤᠭᠠᠷ ᠲᠤ᠂ ᠪᠠᠷᠢᠮᠵᠢᠶ᠎ᠠ ᠠᠴᠠ ᠬᠡᠲᠦᠷᠡᠭᠦᠯᠦᠨ ᠵᠤᠴᠢᠯᠠᠬᠤ ᠦᠭᠡᠢ᠂ ᠳᠡᠭᠡᠳᠦ ᠳᠡᠰ ᠤᠨ ᠵᠤᠭ᠎ᠠ ᠴᠡᠩᠭᠡᠯ ᠦᠨ ᠠᠵᠢᠯᠯᠠᠭ᠎ᠠ ᠳ᠋ᠦ ᠤᠷᠤᠯᠴᠠᠬᠤ ᠦᠭᠡᠢ᠂ ᠵᠦᠪᠰᠢᠶᠡᠷᠡᠯ ᠦᠭᠡᠢ ᠪᠡᠷ ᠪᠠᠶᠠᠷ ᠤᠨ ᠶᠣᠰᠣᠯᠠᠯ ᠂ ᠶᠠᠷᠢᠯᠴᠠᠨ ᠰᠤᠳᠤᠯᠬᠤ ᠬᠤᠷᠠᠯ᠂ ᠶᠠᠷᠢᠶᠠᠨ ᠤ ᠲᠠᠪᠴᠠᠩ ᠵᠡᠷᠭᠡ ᠠᠵᠢᠯᠯᠠᠭ᠎ᠠ ᠲᠦ ᠤᠷᠤᠯᠴᠠᠬᠤ ᠦᠭᠡᠢ ᠪᠠᠶᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠪᠠᠶᠢᠩᠭᠤ ᠶᠢᠨ ᠬᠣᠷᠢᠢ᠎ᠠ ᠨᠢ ᠲᠣᠯᠣᠭᠠᠶᠢᠯᠠᠨ ᠠᠷᠢᠭᠤᠨ ᠴᠢᠬᠡᠴᠢ ᠪᠡᠷ ᠵᠠᠰᠠᠭ ᠪᠠᠷᠢᠬᠤ ᠠᠮᠠᠯᠠᠯᠲᠠ ᠬᠢᠭᠰᠡᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠢᠭᠤᠨ ᠴᠢᠬᠡᠴᠢ ᠪᠡᠷ ᠵᠠᠰᠠᠭ ᠪᠠᠷᠢᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠭᠰᠠᠨ ᠢ ᠬᠠᠷᠠᠭᠤᠯᠵᠤ ᠂ ᠥᠪᠡᠷ ᠢ ᠪᠡᠨ ᠬᠢᠵᠠᠭᠠᠷᠯᠠᠵᠤ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠵᠦ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠶᠢ ᠠᠳᠬᠤᠬᠤ ᠲᠠᠯ᠎ᠠ ᠪᠠᠷ ᠵᠤᠷᠢᠭ ᠰᠢᠭᠤᠳᠤᠭᠰᠠᠨ ᠪᠠᠶᠢᠬᠤ ᠬᠡᠷᠡᠭᠲᠡᠢ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠤᠳᠤᠷᠢᠳᠤᠯᠭ᠎ᠠ ᠪᠤᠯᠤᠨ ᠲᠦᠷᠦᠭᠦᠯᠡᠨ ᠵᠢᠯᠣᠭᠣᠳᠣᠯᠭ᠎ᠠ ᠳᠣᠣᠷ᠎ᠠ᠂ ᠪᠦᠬᠦ ᠣᠷᠣᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠦᠨ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠠᠭᠠᠷᠳᠠᠯᠭ᠎ᠠ ᠢ ᠨᠠᠷᠢᠨ ᠬᠢᠨᠠᠮᠠᠭᠠᠢ ᠲᠤᠤᠱᠠᠯᠠᠭᠤᠯᠵᠤ᠂ ᠴᠢᠩᠭ᠎ᠠ ᠱᠠᠭᠠᠷᠳᠠᠨ᠂ ᠪᠣᠳᠠᠲᠠᠶ ᠶᠠᠪᠤᠳᠠᠯ ᠠᠴᠠ ᠭᠠᠷᠳᠠᠵᠤ᠂ ᠰᠢᠯᠢᠳᠡᠭ ᠰᠤᠷᠲᠠᠯ ᠢ ᠪᠠᠳᠠᠷᠠᠭᠤᠯᠬᠤ ᠲᠠᠯ᠎ᠠ ᠪᠠᠷ ᠬᠣᠰᠢᠭᠤᠴᠢ ᠵᠢᠱᠢᠶᠡᠴᠢ ᠦᠢᠯᠡᠳᠦᠯ ᠭᠠᠷᠭᠠᠪᠠ ᠃ ᠶᠡᠷᠦᠩᠬᠡᠶ ᠳᠦᠨᠢ ᠠᠪᠴᠤ ᠦᠵᠡᠪᠡᠯ᠂ ᠬᠤᠪᠢᠷᠠᠯᠲᠠ ᠨᠢ ᠭᠣᠣᠯᠳᠠᠭᠤ ᠳᠣᠣᠷᠠᠬᠢ ᠬᠡᠳᠦᠨ ᠲᠠᠯ᠎ᠠ ᠪᠠᠷ ᠢᠯᠡᠷᠡᠵᠦ ᠪᠤᠢ᠄ ᠨᠢᠭᠡ ᠳᠦ᠂ ᠤᠳᠤᠷᠢᠳᠬᠤ ᠺᠠᠳ᠋ᠷᠴᠤᠳ ᠤᠨ ᠬᠤᠪᠢ ᠬᠥᠮᠦᠨ ᠦ ᠬᠡᠪ ᠪᠣᠯᠪᠠᠰᠤᠷᠠᠯ ᠤᠨ ᠲᠤᠬᠠᠢ ᠱᠠᠭᠠᠷᠳᠠᠯᠭ᠎ᠠ ᠨᠡᠩ ᠥᠨᠳᠥᠷ ᠪᠣᠯᠪᠠ ᠃ ᠤᠳᠤᠷᠢᠳᠬᠤ ᠺᠠᠳ᠋ᠷᠴᠤᠳ ᠨᠡᠩ ᠥᠨᠳᠥᠷ ᠪᠠᠷᠢᠮᠵᠢᠶ᠎ᠠ ᠂ ᠨᠡᠩ ᠥᠨᠳᠥᠷ ᠤᠬᠠᠮᠰᠠᠷ᠂ ᠨᠡᠩ ᠳᠡᠭᠡᠳᠦ ᠠᠬᠤᠶ ᠪᠠᠶᠢᠳᠠᠯ ᠢᠶ᠋ᠡᠷ ᠦᠪᠡᠷ ᠢ ᠪᠡᠨ ᠱᠠᠭᠠᠷᠳᠠᠵᠤ᠂ ᠨᠠᠮᠴᠢ ᠴᠢᠨᠠᠷ ᠤᠨ ᠪᠣᠯᠪᠠᠰ