ᠨᠠᠮ ᠤᠨ ᠰᠢᠯᠢᠳᠡᠭ ᠰᠤᠷᠲᠠᠯ ᠢ ᠰᠡᠷᠭᠦᠭᠡᠵᠦ ᠪᠠᠳᠠᠷᠠᠭᠤᠯᠬᠤ

  2018-12-19

    ᠰᠤᠷᠲᠠᠯ ᠤᠨ ᠪᠠᠶᠢᠭᠤᠯᠤᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠮᠵᠢᠯᠠᠯᠲᠤ ᠡᠷᠳᠡᠨᠢ ᠮᠥᠨ᠃ ᠬᠤᠪᠢᠰᠬᠠᠯᠲᠤ ᠲᠡᠢᠢᠠ ᠦ ᠣᠨ ᠵᠢᠯ ᠦᠳ ᠲᠦ᠂ 《ᠤᠨᠤᠯ ᠢ ᠪᠣᠳᠠᠲᠤ ᠪᠠᠶᠢᠳᠠᠯ ᠲᠠᠶ ᠤᠶᠠᠯᠳᠤᠭᠤᠯᠬᠤ 》 ᠂ 《 ᠣᠯᠠᠨ ᠲᠦᠮᠡᠨ ᠲᠡᠶ ᠨᠢᠭᠲᠠ ᠬᠠᠷᠢᠯᠴᠠᠬᠤ 》 ᠪᠠ 《 ᠰᠢᠭᠦᠮᠵᠢᠯᠡᠯ ᠪᠠ ᠥᠪᠡᠷ ᠦᠨ ᠰᠢᠭᠦᠮᠵᠢᠯᠡᠯ ᠬᠢᠬᠦ 》 ᠭᠡᠬᠦ ᠭᠤᠷᠪᠠᠨ ᠶᠡᠬᠡ ᠰᠢᠯᠢᠳᠡᠭ ᠰᠤᠷᠲᠠᠯ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠰᠤᠳ ᠲᠦᠷᠦ ᠶᠢᠨ ᠨᠠᠮ ᠠᠴᠠ ᠢᠯᠭᠠᠭᠳᠠᠬᠤ ᠢᠯᠡᠷᠬᠡᠶ ᠰᠢᠨᠵᠢ ᠲᠡᠮᠳᠡᠭ ᠪᠤᠯᠵᠤ᠂ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠨᠢ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠤᠳᠠᠭ᠎ᠠ ᠳᠠᠷᠠᠭᠠᠯᠠᠨ ᠢᠯᠠᠯᠲᠠ ᠣᠯᠵᠤ ᠴᠢᠳᠠᠭᠰᠠᠨ ᠤ ᠴᠢᠬᠤᠯᠠ ᠪᠠᠲᠤᠯᠠᠭ᠎ᠠ ᠪᠤᠯᠵᠠᠢ᠃ 《 ᠰᠣᠶᠣᠯ ᠤᠨ ᠶᠡᠬᠡ ᠬᠤᠪᠢᠰᠬᠠᠯ 》  ᠤᠨ ᠬᠤᠭᠤᠴᠠᠭᠠᠨ ᠳᠤ ᠂ ᠨᠠᠮ ᠤᠨ ᠰᠢᠯᠢᠳᠡᠭ ᠤᠯᠠᠮᠵᠢᠯᠠᠯ ᠪᠠ ᠬᠡᠪ ᠰᠤᠷᠲᠠᠯ ᠨᠢ ᠬᠦᠨᠲᠦ ᠨᠤᠴᠢᠲᠠᠢ ᠴᠤᠬᠢᠯᠲᠠ ᠳ᠋ᠤ ᠤᠴᠠᠷᠠᠭᠰᠠᠨ ᠪᠠᠶᠢᠨ᠎ᠠ ᠃ 《 ᠲᠤᠢᠷᠪᠡᠠ ᠬᠥᠮᠦᠨ ᠦ ᠪᠦᠯᠦᠭ 》 ᠢ ᠪᠤᠲᠠ ᠨᠢᠷᠭᠡᠭᠰᠡᠨ ᠦ ᠳᠠᠷᠠᠭᠠᠬᠢ 1979 ᠤᠨ ᠡᠴᠠ 1982 ᠶ᠋ᠢᠨ ᠬᠤᠭᠤᠷᠤᠨᠳᠤ ᠂ 《 ᠰᠣᠶᠣᠯ ᠤᠨ ᠶᠡᠬᠡ ᠬᠤᠪᠢᠰᠬᠠᠯ 》 ᠤᠨ ᠦᠯᠡᠳᠡᠭᠳᠡᠯ ᠬᠣᠣᠷ ᠢ ᠴᠡᠪᠡᠷᠯᠡᠨ ᠠᠷᠢᠯᠭᠠᠵᠤ᠂ ᠨᠠᠮ ᠤᠨ ᠰᠢᠯᠢᠳᠡᠭ ᠰᠠᠢᠢᠨ ᠰᠤᠷᠲᠠᠯ ᠢ ᠳᠠᠬᠢᠨ ᠪᠠᠶᠢᠭᠤᠯᠬᠤ ᠨᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠪᠠᠶᠢᠭᠤᠯᠤᠯᠲᠠ ᠶᠢᠨ ᠨᠢᠭᠡᠨ ᠴᠢᠬᠤᠯᠠ ᠲᠠᠯ᠎ᠠ ᠪᠤᠯᠵᠠᠢ᠃ ᠰᠤᠷᠲᠠᠯ ᠤᠨ ᠪᠠᠶᠢᠭᠤᠯᠤᠯᠲᠠ ᠪᠣᠯ ᠭᠠᠭᠴᠠᠭᠠᠷᠳᠠᠮᠠᠯ ᠪᠢᠰᠢ᠂ ᠰᠤᠷᠲᠠᠯ ᠢ ᠪᠤᠢ ᠪᠣᠯᠭᠠᠵᠤ᠂ ᠥᠭᠡᠷᠡᠴᠢᠯᠡᠬᠦ ᠠᠯᠢ ᠨᠢ ᠴᠦ ᠭᠡᠳ  ᠨᠢᠭᠡ ᠴᠠᠭ ᠤᠨ ᠶᠠᠪᠤᠳᠠᠯ ᠪᠢᠰᠢ ᠪᠠᠶᠢᠵᠦ ᠃ ᠨᠢᠭᠡ ᠬᠣᠶᠠᠷ ᠤᠳᠠᠭᠠᠨ ᠤ ᠬᠤᠷᠠᠯ ᠰᠢᠶᠳᠪᠦᠷᠢᠯᠡᠵᠦ ᠴᠢᠳᠠᠬᠤ ᠦᠭᠡᠢ ᠶᠤᠮ ᠂ ᠬᠠᠷᠢᠨ ᠤᠷᠳᠤ ᠬᠤᠭᠤᠴᠠᠭᠠᠨ ᠤ ᠦᠢᠯᠡᠳᠦᠯᠭᠡ ᠶᠢᠨ ᠠᠵᠢᠯᠯᠠᠭ᠎ᠠ ᠳᠤᠮᠳᠠ ᠳᠠᠪᠲᠠᠨ ᠪᠣᠯᠪᠠᠰᠤᠷᠠᠭᠤᠯᠵᠤ᠂ ᠪᠠᠰᠠ ᠤᠷᠲᠤ ᠬᠤᠭᠤᠴᠠᠭᠠᠨ ᠤ ᠰᠤᠷᠭᠠᠨ ᠬᠥᠮᠦᠵᠢᠯ ᠦᠨ ᠠᠵᠢᠯᠯᠠᠭ᠎ᠠ ᠳᠤᠮᠳᠠ ᠪᠤᠶ ᠴᠤᠭᠴᠠᠯᠠᠯᠲᠠ ᠬᠢᠬᠦ ᠶ᠋ᠢ ᠴᠢᠬᠤᠯᠠᠴᠢᠯᠠᠳᠠᠭ᠃ ᠡᠨᠡ ᠬᠦ ᠬᠤᠭᠤᠴᠠᠭᠠᠨ ᠳᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠲᠠᠯ ᠤᠨ ᠪᠠᠶᠢᠭᠤᠯᠤᠯᠲᠠ ᠨᠢ ᠨᠠᠮ ᠤᠨ ᠪᠤᠰᠤᠳ ᠬᠡᠳᠦᠨ ᠵᠦᠢᠯ ᠦᠨ ᠪᠦᠲᠦᠭᠡᠨ ᠪᠠᠶᠢᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠦᠨ ᠪᠦᠳᠦᠭᠡᠨ ᠪᠠᠶᠢᠭᠤᠯᠤᠯᠲᠠ ᠲᠠᠶ ᠨᠢᠭᠲᠠ ᠤᠶᠠᠯᠳᠤᠵᠤ ᠪᠠᠶᠢᠳᠠᠭ ᠪᠦᠭᠡᠳ ᠭᠤᠷᠪᠠᠨ ᠶᠡᠬᠡ ᠰᠢᠯᠢᠳᠡᠭ ᠰᠤᠷᠲᠠᠯ ᠨᠢ ᠠᠵᠢᠯ ᠤᠨ ᠦᠢᠯᠡᠳᠦᠯᠭᠡ ᠳᠤᠮᠳᠠ ᠰᠡᠷᠭᠦᠭᠡᠨ ᠬᠦᠭᠵᠢᠭᠦᠯᠦᠯᠲᠡ ᠪᠡᠨ ᠤᠯᠵᠠᠢ ᠃ 1979 ᠣᠨ ᠤ 1 ᠰᠠᠷ᠎ᠠ ᠳᠤ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠡᠯ᠎ᠡ ᠠᠶᠢᠮᠠᠭ ᠬᠣᠲᠠ᠂ ᠬᠣᠰᠢᠭᠤ ᠰᠢᠶᠠᠨ ᠤ ᠤᠳᠤᠷᠢᠳᠤᠯᠭ᠎ᠠ ᠣᠷᠣᠯᠴᠠᠭᠰᠠᠨ ᠠᠵᠢᠯ ᠤᠨ ᠬᠤᠷᠠᠯ ᠬᠤᠷᠠᠯᠳᠤᠭᠤᠯᠵᠤ᠂ ᠬᠤᠷᠠᠯᠳᠤᠭᠠᠨ ᠤ ᠵᠣᠷᠢᠯᠭ᠎ᠠ ᠶᠢᠨ ᠨᠢᠭᠡ ᠨᠢ ᠳᠠᠷᠤᠶ ᠦᠨᠡᠨ ᠬᠡᠷᠡᠭ ᠡᠴᠡ ᠵᠥᠪ ᠢ ᠡᠷᠢᠬᠦ ᠰᠤᠷᠲᠠᠯ ᠢ ᠰᠡᠷᠭᠦᠭᠡᠨ ᠪᠠᠳᠠᠷᠠᠭᠤᠯᠬᠤ ᠲᠤᠬᠠᠢ ᠪᠤᠯᠬᠤ ᠶᠤᠮ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠨᠢᠭᠡᠳᠦᠭᠡᠷ ᠱᠦᠵᠢ ᠵᠧᠦ ᠬᠤᠢ ᠵᠢᠭᠠᠵᠤ ᠭᠠᠷᠭᠠᠭᠰᠠᠨ ᠨᠢ᠄ 《 ᠭᠠᠭᠴᠠ ᠬᠦ ᠦᠨᠡᠨ ᠬᠡᠷᠡᠭ ᠡᠴᠡ ᠵᠥᠪ ᠢ ᠡᠷᠢᠬᠦ ᠶᠢ ᠪᠠᠷᠢᠮᠲᠠᠯᠠᠵᠤ᠂ ᠠᠯᠢᠪᠠ ᠥᠪᠥᠷ ᠮᠣᠩᠭᠣᠯ ᠤᠨ ᠪᠣᠳᠠᠲᠠᠶ ᠪᠠᠶᠢᠳᠠᠯ ᠠᠴᠠ ᠡᠭᠦᠰᠴᠦ᠂ ᠳᠤᠮᠳᠠᠳᠤ ᠤᠯᠤᠰ ᠤᠨ ᠤᠯᠤᠰ ᠤᠨ ᠪᠠᠶᠢᠳᠠᠯ  ᠡᠴᠠ ᠡᠭᠦᠰᠪᠡᠯ ᠰᠠᠶᠢ < ᠵᠡᠭᠦᠨ > ᠦ ᠬᠣᠣᠷ ᠨᠥᠯᠥᠭᠡ ᠶᠢ ᠠᠷᠢᠯᠭᠠᠵᠤ ᠴᠢᠳᠠᠨ᠎ᠠ 》 ᠭᠡᠵᠠᠢ᠃ ᠲᠡᠦᠬᠡ ᠶᠢᠨ ᠡᠷᠭᠢᠯᠲᠡ ᠶᠢᠨ ᠦᠶ᠎ᠡ ᠳ᠋ᠤ᠂ ᠥᠪᠥᠷ ᠮᠣᠩᠭᠣᠯ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠦᠨᠳᠦᠰᠦᠲᠡᠨ ᠦ ᠠᠷᠠᠳ ᠣᠯᠠᠨ ᠳ᠋ᠦ ᠴᠢᠩᠭ᠎ᠠ ᠲᠦᠰᠢᠭᠯᠡᠨ᠂ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠠᠩᠬᠠᠷᠤᠨ ᠰᠣᠨᠣᠰᠴᠤ᠂ ᠠᠷᠠᠳ ᠤᠯᠠᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ᠂ ᠪᠦᠲᠦᠮᠵᠢᠲᠡᠶ ᠪᠡᠷ ᠥᠷᠨᠢᠭᠦᠯᠬᠦ ᠶᠢᠨ ᠬᠠᠮᠲᠤ ᠬᠢᠯᠢᠰ ᠬᠤᠳᠠᠯ ᠪᠤᠷᠤᠭᠤ ᠬᠡᠷᠡᠭ ᠢ ᠴᠠᠭᠠᠳᠬᠠᠬᠤ᠂ ᠠᠵᠤ ᠠᠬᠤᠶ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠦᠨᠳᠦᠰᠦᠲᠡᠨ ᠦ ᠪᠦᠯᠬᠦᠮᠳᠡᠯ ᠢ ᠴᠢᠩᠭᠠᠳᠬᠠᠬᠤ ᠵᠡᠷᠭᠡ ᠡᠯ᠎ᠡ ᠵᠦᠢᠯ ᠦᠨ ᠠᠵᠢᠯ ᠢ ᠠᠮᠵᠢᠯᠲᠠ ᠲᠠᠢ ᠦᠷᠨᠢᠭᠦᠯᠦᠭᠰᠡᠨ ᠪᠠᠶᠢᠨ᠎ᠠ᠃ 1982 ᠣᠨ ᠤ 11 ᠰᠠᠷ᠎ᠠ ᠶᠢᠨ 9 ᠦ ᠡᠳᠦᠷ᠂ 《 ᠥᠪᠥᠷ ᠮᠣᠩᠭᠣᠯ ᠤᠨ ᠡᠳᠦᠷ ᠦᠨ ᠰᠣᠨᠢᠨ》 ᠵᠣᠬᠢᠶᠠᠯ ᠨᠡᠶᠢᠲᠡᠯᠡᠵᠦ ᠵᠢᠭᠠᠵᠤ ᠭᠠᠷᠭᠠᠭᠰᠠᠨ ᠨᠢ ᠄ 《 ᠴᠢᠩᠭ᠎ᠠ ᠬᠦᠴᠦᠲᠠᠢ ᠨᠠᠮ ᠤᠨ ᠤᠳᠤᠷᠢᠳᠤᠯᠭ᠎ᠠ ᠪᠠ ᠤᠯᠠᠨ ᠲᠦᠮᠡᠨ ᠪᠦᠯᠬᠦᠮᠳᠡᠨ ᠨᠢᠭᠡᠳᠴᠦ ᠴᠢᠷᠮᠠᠶᠢᠨ ᠲᠡᠮᠡᠴᠡᠵᠦ᠂ ᠨᠠᠮ ᠪᠣᠯᠤᠨ ᠤᠯᠡᠠ ᠲᠦᠮᠡᠨ ᠦ ᠬᠠᠷᠢᠯᠴᠠᠭ᠎ᠠ ᠶᠢ ᠡᠷᠬᠡᠪᠰᠢ ᠮᠠᠨ ᠤ ᠨᠠᠮ ᠤᠨ ᠰᠢᠨ᠎ᠡ ᠲᠦᠷᠢᠮ ᠦᠨ ᠲᠣᠭᠲᠠᠭᠠᠯ ᠶᠣᠰᠣᠭᠠᠷ᠂ ᠨᠠᠮ ᠤᠨ ᠡᠨᠡ ᠬᠦ ᠰᠢᠯᠢᠳᠡᠭ ᠤᠯᠠᠮᠵᠢᠯᠠᠯ ᠢ ᠰᠡᠷᠭᠦᠭᠡᠨ ᠪᠠᠳᠠᠷᠠᠭᠤᠯᠵᠤ ᠂ ᠤᠯᠡᠠ ᠲᠦᠮᠡᠨ ᠲᠡᠶ ᠨᠢᠭᠲᠠ ᠬᠠᠷᠢᠯᠴᠠᠬᠤ ᠂ ᠤᠯᠡᠠ ᠲᠦᠮᠡᠨ ᠦ ᠦᠵᠡᠯ ᠰᠠᠨᠠᠭ᠎ᠠ ᠤᠯᠤᠰ ᠲᠤᠢᠷᠦ ᠶᠢᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ 》 ᠃
    ᠦᠨᠡᠨ ᠶᠣᠰᠣ ᠶᠢ ᠪᠠᠷᠢᠮᠲᠠᠯᠠᠨ ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ ᠦᠵᠡᠯ ᠰᠠᠨᠠᠭᠠᠨ ᠤ ᠴᠢᠯᠥᠭᠡᠯᠡᠯᠲᠡ ᠬᠢᠭᠡᠳ ᠬᠢᠯᠢᠰ ᠬᠤᠳᠠᠯ ᠪᠤᠷᠤᠭᠤ ᠬᠡᠷᠡᠭ ᠢ ᠴᠠᠭᠠᠳᠬᠠᠬᠤ ᠶᠠᠪᠤᠴᠠ ᠳᠤ᠂ ᠬᠤᠪᠢ ᠬᠥᠮᠦᠨ ᠢ ᠰᠢᠲᠦᠬᠦ ᠤᠬᠠᠮᠰᠠᠷ ᠤᠨ ᠲᠤᠬᠠᠢ ᠪᠤᠳᠤᠯᠭᠠᠰᠢᠷᠠᠯ ᠢ ᠳᠠᠭᠠᠯᠳᠤᠨ ᠰᠢᠭᠦᠮᠵᠢᠯᠡᠯ ᠪᠠ ᠥᠪᠡᠷ ᠦᠨ ᠰᠢᠭᠦᠮᠵᠢᠯᠡᠯ ᠬᠢᠬᠦ ᠰᠢᠯᠢᠳᠡᠭ ᠰᠤᠷᠲᠠᠯ ᠢ ᠴᠤ ᠠᠭᠠᠵᠢᠮ ᠢᠶᠠᠷ ᠰᠡᠷᠭᠦᠵᠡᠶ᠃ 1979 ᠣᠨ ᠤ 1 ᠰᠠᠷ᠎ᠠ ᠶᠢᠨ 14 ᠦ ᠡᠳᠦᠷ᠂ 《 ᠥᠪᠥᠷ ᠮᠣᠩᠭᠣᠯ ᠤᠨ ᠡᠳᠦᠷ ᠦᠨ ᠰᠣᠨᠢᠨ》 ᠡᠴᠠ 《ᠠᠷᠠᠳ ᠤᠨ ᠡᠳᠦᠷ ᠦᠨ ᠰᠣᠨᠢᠨ 》 ᠤ ᠲᠤᠰᠬᠠᠶ ᠤᠷᠢᠭᠰᠠᠨ ᠰᠢᠭᠦᠮᠵᠢᠯᠡᠭᠴᠢ ᠶᠢᠨ《 ᠰᠢᠭᠦᠮᠵᠢᠯᠡᠯ ᠪᠠ ᠥᠪᠡᠷ ᠦᠨ ᠰᠢᠭᠦᠮᠵᠢᠯᠡᠯ ᠬᠢᠬᠦ ᠰᠠᠢᠢᠨ ᠬᠡᠪ ᠰᠤᠷᠲᠠᠯ ᠢ ᠪᠠᠳᠠᠷᠠᠭᠤᠯᠬᠤ 》 ᠬᠡᠮᠡᠬᠦ ᠵᠤᠬᠢᠶᠠᠯ ᠢ ᠰᠢᠯᠵᠢᠭᠦᠯᠦᠨ  ᠨᠡᠶᠢᠲᠡᠯᠡᠵᠠᠢ᠃ 1981 ᠣᠨ ᠤ 3 ᠰᠠᠷ᠎ᠠ ᠶᠢᠨ 11 ᠦ ᠡᠳᠦᠷ ᠂ 1980 ᠣᠨ ᠤ ᠳᠤᠮᠳᠠᠳᠤ ᠤᠯᠤᠰ ᠤᠨ ᠲᠥᠪ ᠦᠨ ᠠᠵᠢᠯ ᠤᠨ ᠬᠤᠷᠠᠯᠳᠤᠭᠠᠨ ᠤ ᠪᠢᠴᠢᠭ ᠮᠠᠲ᠋ᠧᠷᠢᠶᠠᠯ ᠢ ᠰᠤᠷᠤᠯᠴᠠᠬᠤ ᠶᠠᠪᠤᠴᠠ ᠳᠤ 《 ᠥᠪᠥᠷ ᠮᠣᠩᠭᠣᠯ ᠤᠨ ᠡᠳᠦᠷ ᠦᠨ ᠰᠣᠨᠢᠨ 》 ᠡᠴᠠ 《 ᠠᠷᠠᠳ ᠤᠨ ᠡᠳᠦᠷ ᠦᠨ ᠰᠣᠨᠢᠨ 》  ᠤ 《 ᠰᠢᠭᠦᠮᠵᠢᠯᠡᠯ ᠪᠠ ᠥᠪᠡᠷ ᠦᠨ ᠰᠢᠭᠦᠮᠵᠢᠯᠡᠯ ᠬᠢᠬᠦ ᠠᠷᠭ᠎ᠠ ᠪᠠᠷ ᠵᠡᠭᠦᠨ ᠦ ᠦᠵᠡᠯ ᠰᠠᠨᠠᠭ᠎ᠠ 》 ᠭᠡᠬᠦ ᠵᠤᠬᠢᠶᠠᠯ ᠢ ᠰᠢᠯᠵᠢᠬᠦᠯᠵᠦ ᠨᠡᠶᠢᠲᠡᠯᠡᠨ᠂ ᠵᠢᠭᠠᠵᠤ ᠭᠠᠷᠭᠠᠭᠰᠠᠨ ᠨᠢ᠄ 《 ᠰᠢᠭᠦᠮᠵᠢᠯᠡᠯ ᠪᠠ ᠥᠪᠡᠷ ᠦᠨ ᠰᠢᠭᠦᠮᠵᠢᠯᠡᠯ ᠬᠢᠬᠦ ᠨᠢ ᠡᠪ ᠬᠠᠮᠲᠤᠴᠤᠳ ᠲᠤ ᠠᠪᠴᠤ ᠬᠡᠯᠡᠪᠡᠯ ᠂ ᠶᠠᠭ ᠬᠥᠮᠦᠨ ᠡᠳᠦᠷ ᠡᠳᠦᠷ ᠨᠢᠭᠤᠷ ᠢᠶᠠᠨ ᠤᠬᠢᠶᠠᠬᠤ ᠠᠳᠠᠯᠢ ᠲᠤᠲᠠᠭᠳᠠᠵᠤ ᠪᠤᠯᠤᠰᠢ ᠦᠭᠡᠢ ᠃ ᠬᠡᠪ ᠦᠨ ᠰᠢᠭᠦᠮᠵᠢᠯᠡᠯ ᠪᠠ ᠥᠪᠡᠷ ᠦᠨ ᠰᠢᠭᠦᠮᠵᠢᠯᠡᠯ ᠬᠢᠬᠦ ᠦᠭᠡᠢ ᠨᠢ ᠨᠠᠮ ᠤᠨ ᠤᠯᠤᠰ ᠲᠦᠷᠦ ᠶᠢᠨ ᠠᠮᠢᠳᠤᠷᠠᠯ ᠲᠤᠶᠢᠯ ᠤᠨ ᠬᠡᠪ ᠦᠨ ᠪᠤᠰᠤ ᠪᠠᠶᠢᠬᠤ ᠶ᠋ᠢᠨ ᠴᠢᠬᠤᠯᠠ ᠢᠯᠡᠷᠡᠯ ᠪᠤᠶᠤ ᠨᠢᠭᠡ ᠰᠢᠯᠲᠠᠭᠠᠨ ᠨᠢ ᠮᠦᠨ 》 ᠃ ᠢᠩᠬᠢᠵᠦ 《 ᠰᠢᠭᠦᠮᠵᠢᠯᠡᠯ ᠪᠠ ᠥᠪᠡᠷ ᠦᠨ ᠰᠢᠭᠦᠮᠵᠢᠯᠡᠯ ᠬᠢᠬᠦ 》 ᠶ᠋ᠢ ᠨᠢᠭᠡᠨ ᠨᠡᠯᠢᠶᠡᠳ ᠦᠨᠳᠦᠷ ᠪᠠᠶᠢᠷᠢᠨ ᠳ᠋ᠤ ᠲᠠᠯᠪᠢᠭᠰᠠᠨ ᠪᠠᠶᠢᠨ᠎ᠠ ᠃ 1981 ᠣᠨ ᠤ 8 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠥᠬᠥᠳᠡ ᠬᠤᠷᠠᠯ ᠤᠨ ᠳᠠᠷᠠᠭ᠎ᠠ ᠂ 《ᠥᠪᠥᠷ ᠮᠣᠩᠭᠣᠯ ᠤᠨ ᠡᠳᠦᠷ ᠦᠨ ᠰᠣᠨᠢᠨ》  ᠳ᠋ᠦ ᠰᠢᠭᠦᠮᠵᠢᠯᠡᠭᠴᠢ ᠶᠢᠨ ᠵᠣᠬᠢᠶᠠᠯ ᠨᠡᠶᠢᠲᠡᠯᠡᠵᠦ᠂ 《 ᠪᠢᠳᠡ ᠰᠢᠭᠦᠮᠵᠢᠯᠡᠯ ᠪᠠ ᠥᠪᠡᠷ ᠦᠨ ᠰᠢᠭᠦᠮᠵᠢᠯᠡᠯ ᠦᠨ ᠵᠡᠪᠰᠡᠭ ᠢ ᠤᠬᠠᠮᠰᠠᠷ ᠠᠴᠠ ᠪᠠᠨ ᠠᠳᠬᠤᠵᠤ᠂ ᠮᠠᠨ ᠤ ᠦᠢᠯᠡᠰ ᠤᠨ ᠨᠠᠮ ᠡᠴᠠ ᠵᠢᠭᠠᠵᠤ ᠦᠭᠭᠦᠭᠰᠡᠨ ᠵᠦᠪ ᠤᠨᠤᠪᠴᠢᠲᠠᠢ ᠵᠠᠮ ᠢᠶᠠᠷ ᠢᠯᠠᠯᠲᠠ ᠲᠠᠶ ᠪᠠᠷ ᠤᠷᠤᠭᠰᠢᠯᠠᠬᠤ ᠬᠡᠷᠡᠭᠲᠡᠶ》 ᠭᠡᠵᠦ ᠤᠷᠢᠶᠠᠯᠠᠭᠰᠠᠨ ᠪᠠᠶᠢᠨ᠎ᠠ ᠃ 1982 ᠣᠨ ᠤ 7 ᠰᠠᠷ᠎ᠠ ᠶᠢᠨ 29 ᠦ ᠡᠳᠦᠷ᠂ 《 ᠥᠪᠥᠷ ᠮᠣᠩᠭᠣᠯ ᠤᠨ ᠡᠳᠦᠷ ᠦᠨ ᠰᠣᠨᠢᠨ 》 ᠡᠴᠠ ᠲᠠᠬᠢᠨ ᠨᠢᠭᠡ ᠤᠳᠠᠭ᠎ᠠ ᠰᠢᠭᠦᠮᠵᠢᠯᠡᠭᠴᠢ ᠶᠢᠨ ᠵᠣᠬᠢᠶᠠᠯ ᠢ ᠨᠡᠶᠢᠲᠡᠯᠡᠵᠦ ᠂ ᠰᠢᠭᠦᠮᠵᠢᠯᠡᠯ ᠪᠠ ᠥᠪᠡᠷ ᠦᠨ ᠰᠢᠭᠦᠮᠵᠢᠯᠡᠯ ᠢ ᠵᠥᠷᠢᠴᠡᠭᠰᠡᠨ ᠵᠠᠷᠢᠮ ᠮᠠᠭᠤ ᠦᠵᠡᠭᠳᠡᠯ ᠳ᠋ᠦ ᠪᠤᠳᠤᠯᠬᠢᠯᠠᠯ ᠂ ᠵᠠᠯᠠᠷᠠᠭᠤᠯᠬᠤ ᠰᠠᠨᠠᠭᠠᠴᠢᠯᠠᠭ᠎ᠠ ᠳᠤᠷᠠᠳᠤᠭᠰᠠᠨ ᠪᠠᠶᠢᠨ᠎ᠠ᠃

ᠵᠣᠬᠢᠶᠠᠭᠴᠢ:
ᠢᠷᠡᠯᠲᠡ: