ᠢᠯᠵᠠᠷᠠᠭᠤᠯᠤᠯ ᠢ ᠬᠣᠷᠢᠭᠯᠠᠵᠤ ᠬᠤᠪᠢᠷᠠᠭᠤᠯᠤᠯᠲᠠ ᠶᠢ ᠰᠡᠷᠭᠡᠶᠢᠯᠡᠬᠦ ᠪᠠ ᠠᠶᠤᠯ ᠲᠦᠭᠰᠢᠭᠦᠷᠢ ᠶᠢ ᠡᠰᠡᠷᠭᠦᠴᠡᠨ ᠬᠣᠷᠢᠭᠯᠠᠬᠤ ᠴᠢᠳᠠᠪᠤᠷᠢ ᠪᠠᠨ ᠳᠡᠭᠡᠭᠰᠢᠯᠡᠭᠦᠯᠬᠦ

  2018-12-20

    ᠥᠪᠥᠷ ᠮᠣᠩᠭᠣᠯ ᠤᠨ ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠬᠤ ᠪᠠ ᠤᠳᠤᠬᠢᠴᠢᠯᠠᠭᠰᠠᠨ ᠪᠦᠳᠦᠭᠡᠨ ᠪᠠᠶᠢᠭᠤᠯᠤᠯᠲᠠ ᠶᠢᠨ ᠦᠢᠯᠡᠰ ᠢ ᠲᠦᠯᠬᠢᠨ ᠠᠬᠢᠭᠤᠯᠵᠤ᠂ ᠵᠠᠩᠭᠢᠯᠠᠭ᠎ᠠ ᠨᠢ ᠨᠠᠮ ᠢᠶᠠᠨ ᠤᠯᠠᠮ ᠨᠢᠭᠡ ᠠᠯᠬᠤᠮ ᠰᠠᠶᠢᠲᠤᠷ ᠪᠠᠶᠢᠭᠤᠯᠬᠤ ᠬᠡᠷᠡᠭᠲᠡᠶ᠃ ᠡᠷᠬᠡᠪᠰᠢ ᠨᠠᠷᠢᠨ ᠬᠢᠨᠠᠮᠠᠭᠠᠢ ᠨᠠᠮ ᠨᠢ ᠨᠠᠮ ᠢᠶᠠᠨ ᠬᠠᠮᠢᠶᠠᠷᠬᠤ ᠪᠠ ᠨᠠᠮ ᠢ ᠴᠢᠩᠭ᠎ᠠ ᠵᠠᠰᠠᠬᠤ ᠴᠢᠭᠯᠡᠯᠲᠡ ᠶᠢ ᠲᠤᠤᠱᠯᠠᠭᠤᠯᠬᠤ ᠬᠡᠷᠡᠭᠳᠡᠢ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ  ᠪᠡᠷ ᠰᠢᠪᠲᠤᠯᠤᠯᠲᠠ ᠶᠢᠨ ᠴᠡᠭ ᠪᠣᠯᠭᠠᠵᠤ ᠂ ᠢᠯᠵᠠᠷᠠᠭᠤᠯᠤᠯ ᠢ ᠬᠣᠷᠢᠭᠯᠠᠵᠤ ᠬᠤᠪᠢᠷᠠᠭᠤᠯᠤᠯᠲᠠ ᠶᠢ ᠰᠡᠷᠭᠡᠶᠢᠯᠡᠬᠦ ᠪᠠ ᠠᠶᠤᠯ ᠲᠦᠭᠰᠢᠭᠦᠷᠢ ᠶᠢ ᠡᠰᠡᠷᠭᠦᠴᠡᠨ ᠬᠣᠷᠢᠭᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠬᠡᠷᠡᠭᠲᠡᠶ ᠃
    ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠡᠷ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠶ᠋ᠢ ᠴᠢᠬᠤᠯᠠᠴᠢᠯᠠᠨ ᠦᠵᠡᠭᠰᠡᠨ ᠪᠠᠶᠢᠨ᠎ᠠ ᠃ 2002 ᠣᠨ ᠤ 2 ᠰᠠᠷ᠎ᠠ ᠶᠢᠨ 28 ᠤ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠳᠥᠷᠪᠡᠳᠦᠭᠡᠷ ᠪᠥᠬᠥᠳᠡ ( ᠥᠷᠭᠡᠳᠬᠡᠭᠰᠡᠨ ) ᠬᠤᠷᠠᠯ ᠬᠤᠷᠠᠯᠳᠤᠪᠠ ᠃ ᠴᠥ᠋ ᠪᠥᠸᠧ ᠬᠤᠷᠠᠯ ᠳᠤ ᠣᠷᠣᠯᠴᠠᠵᠤ ᠴᠢᠬᠤᠯᠠᠴᠢᠯᠠᠨ ᠵᠢᠭᠠᠵᠤ ᠭᠠᠷᠭᠠᠭᠰᠠᠨ ᠨᠢ᠂ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠴᠢᠩᠭ᠎ᠠ ᠵᠠᠰᠠᠬᠤ ᠴᠢᠭᠯᠡᠯᠲᠡ ᠶᠢ᠂ ᠢᠮᠠᠭᠲᠠ ᠪᠠᠷᠢᠮᠲᠠᠯᠠᠨ ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶ ᠲᠦᠯᠬᠢᠨ ᠠᠬᠢᠭᠤᠯᠤᠨ᠎ᠠ᠃ 3 ᠰᠠᠷ᠎ᠠ ᠶᠢᠨ 22 ᠤᠨ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠥᠬᠡᠬᠣᠲᠠ ᠳᠤ ᠳᠥᠷᠪᠡᠳᠦᠭᠡᠷ ᠤᠳᠠᠭᠠᠨ ᠤ ᠠᠷᠢᠭᠤᠨ ᠴᠢᠬᠡᠴᠢ ᠪᠡᠷ ᠵᠠᠰᠠᠭ ᠪᠠᠷᠢᠬᠤ ᠠᠵᠢᠯ ᠤᠨ ᠬᠤᠷᠠᠯ ᠢ ᠬᠤᠷᠠᠯᠳᠤᠭᠤᠯᠪᠠ ᠃ ᠬᠤᠷᠠᠯ ᠠᠴᠠ᠂ ᠭᠣᠣᠯᠳᠠᠯᠭ᠎ᠠ ᠶᠢ ᠲᠤᠪᠤᠢᠢᠯᠭᠠᠵᠤ᠂ ᠠᠵᠢᠯ ᠤᠨ ᠡᠷᠴᠢᠮ ᠢᠶᠡᠨ ᠴᠢᠩᠭᠠᠷᠠᠭᠤᠯᠵᠤ᠂ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ ᠂ ᠭᠣᠣᠯᠳᠠᠯᠭ᠎ᠠ ᠨᠢ ᠄ ᠨᠢᠭᠡ ᠳᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠦᠨ ᠥᠭᠡᠷᠡᠴᠢᠯᠡᠯᠲᠡ ᠶᠢ ᠲᠦᠷᠭᠡᠳᠬᠡᠵᠦ᠃ ᠬᠣᠶᠠᠷ᠂ ᠴᠢᠩᠭ᠎ᠠ ᠵᠢᠷᠤᠮᠵᠢᠭᠤᠯᠬᠤ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠦᠷᠢᠮ ᠢ ᠬᠡᠷᠡᠭᠵᠢᠭᠦᠯᠬᠦ ᠬᠡᠷᠡᠭᠲᠡᠶ᠃ ᠭᠤᠷᠪᠠ  ᠂ ᠡᠳ᠋ ᠦᠨ ᠵᠠᠰᠠᠭ ᠤᠨ ᠲᠥᠰᠦᠪ ᠦᠨ ᠬᠠᠮᠢᠶᠠᠷᠤᠯᠲᠠ ᠶᠢᠨ ᠲᠦᠷᠢᠮ ᠦᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ ᠃ ᠳᠦᠷᠪᠡ ᠳ᠋ᠦ᠂ ᠵᠠᠰᠠᠭ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠠᠰᠠᠭᠤᠳᠠᠯ ᠳ᠋ᠦ ᠠᠩᠬᠠᠷᠤᠯ ᠢᠶᠡᠨ ᠲᠠᠯᠪᠢᠨ᠎ᠠ᠃ 9 ᠰᠠᠷ᠎ᠠ  ᠶ᠋ᠢᠨ 1 ᠡᠴᠡ 2 ᠪᠣᠯᠲᠠᠯ᠎ᠠ᠂ ᠪᠥᠬᠥ ᠣᠷᠣᠨ ᠤ ᠢᠯᠵᠠᠷᠠᠯ ᠢ ᠡᠰᠡᠷᠭᠦᠴᠡᠬᠦ᠂ ᠡᠬᠢ ᠡᠭᠦᠰᠦᠯ ᠢ ᠨᠢ ᠠᠳᠬᠤᠬᠤ ᠠᠵᠢᠯ ᠤᠨ ᠲᠤᠷᠰᠢᠯᠭ᠎ᠠ ᠰᠣᠯᠢᠯᠴᠠᠬᠤ ᠬᠤᠷᠠᠯ ᠬᠥᠬᠡᠬᠣᠲᠠ ᠳᠤ ᠬᠤᠷᠠᠯᠳᠤᠪᠠ᠃ ᠬᠤᠷᠠᠯ ᠠᠴᠠ᠂ ᠡᠷᠴᠢᠮ ᠢᠶᠡᠨ ᠤᠯᠠᠮ ᠨᠢᠭᠡ ᠠᠯᠬᠤᠮ ᠴᠢᠩᠭᠠᠷᠠᠭᠤᠯᠵᠤ᠂ ᠢᠯᠵᠠᠷᠠᠯ ᠢ ᠡᠰᠡᠷᠭᠦᠴᠡᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠤᠨ ᠳᠤᠮᠳᠠ ᠪᠠᠨ᠂ ᠦᠩᠭᠡᠨ ᠲᠠᠯ᠎ᠠ ᠠᠴᠠ ᠨᠢ ᠵᠠᠰᠠᠬᠤ ᠪᠠ ᠦᠨᠳᠦᠰᠦᠨ ᠡᠴᠡ ᠨᠢ ᠵᠠᠰᠠᠬᠤ᠂ ᠠᠷᠢᠭᠤᠨ ᠴᠢᠬᠡᠴᠢ ᠪᠠ ᠥᠨᠳᠥᠷ ᠠᠰᠢᠭᠲᠠᠶ ᠂ ᠬᠡᠯᠪᠡᠷᠢ ᠪᠠ ᠠᠭᠤᠯᠭ᠎ᠠ ᠂ ᠪᠠᠲᠤᠵᠢᠭᠤᠯᠬᠤ ᠪᠣᠯᠤᠨ ᠭᠦᠨᠵᠡᠭᠡᠶᠢᠷᠡᠭᠦᠯᠬᠦ ᠶᠢᠨ ᠬᠠᠷᠢᠴᠠᠭ᠎ᠠ ᠵᠡᠷᠭᠡ ᠶᠢ ᠰᠠᠶᠢᠲᠤᠷ ᠠᠳᠬᠤᠵᠤ ᠰᠢᠢᠳᠪᠦᠷᠢᠯᠡᠬᠦ ᠬᠡᠷᠡᠭᠲᠡᠶ᠃ 2004 ᠣᠨ ᠤ 2 ᠰᠠᠷ᠎ᠠ ᠶᠢᠨ 12 ᠤᠨ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠲᠠᠪᠤᠳᠤᠭᠠᠷ ᠪᠥᠬᠥᠳᠡ ( ᠥᠷᠭᠡᠳᠬᠡᠭᠰᠡᠨ ) ᠬᠤᠷᠠᠯ ᠬᠤᠷᠠᠯᠳᠤᠪᠠ ᠃ ᠴᠦ᠋ ᠪᠦᠸᠸ ᠂ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ ᠃ ᠲᠡᠭᠦᠨ ᠦ ᠳᠤᠷᠠᠳᠤᠭᠰᠠᠨ ᠨᠢ ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠵᠣᠷᠢᠭ ᠰᠠᠨᠠᠭ᠎ᠠ ᠶᠢ ᠶᠡᠬᠡ ᠪᠡᠷ ᠪᠠᠳᠠᠷᠠᠭᠤᠯᠵᠤ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ ᠰᠤᠷᠲᠠᠯ ᠢ ᠥᠷᠨᠢᠭᠦᠯᠦᠨ᠂ ᠦᠵᠡᠯ ᠰᠠᠨᠠᠭ᠎ᠠ ᠪᠠᠨ ᠴᠢᠯᠦᠭᠡᠯᠡᠵᠦ᠂ ᠴᠠᠭ ᠦᠢ᠎ᠡ ᠲᠡᠶ ᠵᠡᠷᠭᠡᠴᠡᠨ ᠤᠷᠤᠭᠰᠢᠯᠠᠵᠤ᠂ ᠵᠠᠮ ᠨᠡᠭᠡᠭᠡᠵᠦ ᠰᠢᠨ᠎ᠡ ᠶ᠋ᠢ ᠡᠭᠦᠳᠴᠦ᠂ ᠲᠠᠰᠤᠷᠠᠯᠲᠠ ᠦᠭᠡᠢ ᠥᠪᠥᠷ ᠮᠣᠩᠭᠣᠯ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠦᠨ ᠰᠢᠨ᠎ᠡ ᠪᠠᠶᠢᠳᠠᠯ ᠢ ᠪᠤᠢ ᠪᠣᠯᠭᠠᠨ᠎ᠠ ᠃ 4 ᠰᠠᠷ᠎ᠠ ᠶᠢᠨ 20 ᠤ ᠡᠳᠦᠷ᠂ ᠨᠠᠮ ᠤᠨ ᠲᠥᠪ ᠬᠣᠷᠢᠶᠠᠨ ᠤ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠢᠯᠵᠠᠷᠠᠯ ᠢ ᠡᠰᠡᠷᠭᠦᠴᠡᠬᠦ ᠱᠠᠭᠠᠷᠳᠠᠯᠭ᠎ᠠ ᠶ᠋ᠢ ᠦᠨᠳᠦᠰᠦᠯᠡᠵᠦ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠲᠣᠭᠣᠷᠢᠨ ᠪᠠᠶᠢᠴᠠᠭᠠᠬᠤ ᠳᠤᠭᠤᠶᠢᠯᠠᠩ ᠪᠠᠶᠢᠭᠤᠯᠤᠭᠳᠠᠪᠠ ᠃ ᠪᠠᠶᠢᠭᠤᠯᠤᠭᠳᠠᠬᠤ ᠶᠡᠬᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠲᠣᠭᠣᠷᠢᠨ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠ ᠱᠠᠭᠠᠷᠳᠠᠯᠭ᠎ᠠ ᠶᠢ ᠲᠣᠳᠣᠷᠬᠠᠶ ᠪᠣᠯᠭᠠᠬᠤ ᠬᠡᠷᠡᠭᠲᠡᠶ᠂ ᠪᠦᠬᠦ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠲᠣᠭᠣᠷᠢᠨ ᠪᠠᠶᠢᠴᠠᠭᠠᠬᠤ ᠠᠵᠢᠯ ᠢ ᠲᠦᠯᠬᠢᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠲᠡᠮᠡᠴᠡᠯ ᠦᠨ ᠬᠠᠷᠠᠯᠲᠠ ᠶᠢ ᠪᠡᠶᠡᠯᠡᠭᠦᠯᠬᠦ ᠳᠦ ᠰᠠᠢᠢᠨ ᠰᠠᠶᠢᠬᠠᠨ ᠤᠯᠤᠰ ᠲᠦᠷᠦ ᠶᠢᠨ ᠣᠷᠴᠢᠨ ᠢ ᠪᠤᠢ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠲᠣᠭᠣᠷᠢᠨ ᠪᠠᠶᠢᠴᠠᠭᠠᠬᠤ ᠪᠠᠶᠢᠭᠤᠯᠤᠮᠵᠢ ᠪᠠᠶᠢᠭᠤᠯᠵᠤ᠂ ᠲᠤᠰᠬᠠᠢ ᠲᠣᠭᠣᠷᠢᠨ ᠪᠠᠶᠢᠴᠠᠭᠠᠬᠤ ᠡᠩᠨᠡᠭᠡ ᠶᠢ ᠪᠠᠶᠢᠭᠤᠯᠵᠤ᠂ ᠡᠨᠡ ᠪᠣᠯ ᠤᠯᠠᠮ ᠨᠢᠭᠡ ᠠᠯᠬᠤᠮ ᠨᠠᠮ ᠤᠨ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠭᠤᠤ ᠶᠡᠬᠡ ᠰᠢᠨ᠎ᠡ ᠢᠨᠵᠧᠨᠧᠷᠢᠩ ᠢ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠲᠣᠭᠣᠷᠢᠨ ᠪᠠᠶᠢᠴᠠᠭᠠᠬᠤ ᠪᠠᠶᠢᠭᠤᠯᠤᠮᠵᠢ ᠨᠢ ᠭᠤᠷᠪᠠᠨ ᠲᠣᠭᠣᠷᠢᠨ ᠪᠠᠶᠢᠴᠠᠭᠠᠬᠤ ᠳᠤᠭᠤᠶᠢᠯᠠᠩ ᠪᠠ ᠲᠣᠭᠣᠷᠢᠨ ᠪᠠᠶᠢᠴᠠᠭᠠᠬᠤ ᠠᠵᠢᠯ ᠤᠨ ᠠᠯᠪᠠᠨ ᠭᠡᠷ ᠪᠠᠶᠢᠷᠢᠯᠠᠭᠤᠯᠬᠤ ᠦᠨ ᠬᠠᠮᠲᠤ ᠴᠢᠬᠤᠯᠠ ᠪᠦᠬᠦᠢ ᠪᠣᠯᠪᠠᠰᠤᠷᠠᠭᠤᠯᠤᠯ ᠬᠢᠵᠦ ᠂ 5 ᠰᠠᠷ᠎ᠠ ᠳᠤ ᠵᠢᠩᠬᠢᠨᠢ ᠪᠡᠷ ᠠᠵᠢᠯ ᠢᠶᠠᠨ ᠡᠬᠢᠯᠡᠭᠦᠯᠪᠡ ᠃ ᠲᠣᠭᠣᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠥᠪ ᠦᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠵᠢᠭᠠᠪᠤᠷᠢ ᠪᠣᠯᠤᠨ ᠱᠠᠭᠠᠷᠳᠠᠯᠭ᠎ᠠ ᠶᠣᠰᠣᠭᠠᠷ᠂ ᠠᠶᠢᠮᠠᠭ ᠬᠤᠳᠠ ᠶ᠋ᠢᠨ ᠤᠳᠤᠷᠢᠳᠬᠤ ᠪᠠᠭ ᠵᠢᠴᠢ ᠲᠡᠭᠦᠨ ᠦ ᠪᠦᠷᠢᠯᠳᠦᠬᠦᠨ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠪᠠᠶᠢᠳᠠᠯ᠂ ᠠᠷᠢᠭᠤᠨ ᠴᠢᠬᠡᠴᠢ ᠠᠵᠢᠯᠴᠢ ᠬᠢᠴᠢᠶᠡᠩᠭᠦᠢ ᠬᠡᠷᠡᠭᠵᠢᠭᠦᠯᠦᠭᠰᠡᠨ ᠪᠠᠶᠢᠳᠠᠯ᠂ ᠠᠷᠠᠳᠴᠢᠯᠠᠯ ᠲᠥᠪᠯᠡᠷᠡᠯ ᠦᠨ ᠶᠣᠰᠣ ᠶᠢ ᠬᠡᠷᠡᠭᠵᠢᠭᠦᠯᠦᠭᠰᠡᠨ ᠪᠠᠶᠢᠳᠠᠯ ᠪᠣᠯᠤᠨ ᠤᠳᠤᠷᠢᠳᠬᠤ ᠺᠠᠳ᠋ᠷ ᠢ ᠰᠢᠯᠢᠨ ᠰᠣᠩᠭᠣᠵᠤ ᠲᠣᠮᠢᠯᠠᠨ ᠬᠡᠷᠡᠭᠯᠡᠬᠦ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ ᠂ ᠲᠣᠭᠣᠷᠢᠨ ᠪᠠᠶᠢᠴᠠᠭᠠᠬᠤ ᠳᠤᠮᠳᠠ ᠣᠶᠢᠯᠠᠭᠠᠭᠰᠠᠨ ᠴᠢᠬᠤᠯᠠ ᠪᠠᠶᠢᠳᠠᠯ ᠪᠣᠯᠤᠨ ᠴᠢᠬᠤᠯᠠ ᠠᠰᠠᠭᠤᠳᠠᠯ ᠢ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠳ᠋ᠤ ᠮᠡᠳᠡᠭᠦᠯᠦᠯᠲᠡ ᠬᠢᠬᠦ ᠬᠠᠮᠲᠤ ᠬᠠᠨᠳᠤᠯᠭᠠᠲᠤ ᠴᠢᠨᠠᠷᠲᠠᠶ ᠪᠠᠷ ᠰᠠᠨᠠᠯ ᠪᠠ ᠰᠠᠨᠠᠭᠤᠯᠭ᠎ᠠ ᠳᠤᠷᠠᠳᠤᠨ᠎ᠠ᠃
    2004 ᠣᠨ ᠤ 7 ᠳ᠋ᠤᠭᠠᠷ ᠰᠠᠷ᠎ᠠ ᠶᠢᠨ 13 ᠤ ᠡᠳᠦᠷ᠂ ᠲᠥᠪ ᠬᠣᠷᠢᠶᠠᠨ ᠤ ᠬᠣᠯᠪᠣᠭᠳᠠᠯ ᠪᠦᠬᠦᠢ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠡᠷ ᠵᠠᠰᠠᠭ ᠪᠠᠷᠢᠬᠤ ᠲᠤᠬᠠᠶ ᠲᠣᠭᠲᠠᠭᠠᠯ ᠢ ᠲᠤᠸᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠥᠷᠨᠢᠭᠦᠯᠵᠦ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶᠢᠨ ᠭᠡᠰᠢᠭᠦᠨ ᠨᠢ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠪᠣᠯᠤᠨ ᠠᠷᠠᠳ ᠤᠯᠠᠨ ᠳ᠋ᠦ ᠳᠣᠣᠷᠠᠬᠢ ᠮᠡᠲᠦ ᠠᠮᠠᠯᠠᠭᠳᠠᠭᠰᠠᠨ ᠨᠢ ᠄ ᠨᠢᠭᠡ᠂ ᠨᠠᠷᠢᠨ ᠬᠢᠨᠠᠮᠠᠭᠠᠶ ᠪᠡᠷ ᠨᠠᠮ ᠵᠠᠰᠠᠭ ᠤᠨ ᠤᠳᠤᠷᠢᠳᠬᠤ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠬᠠᠮᠢᠶ᠎ᠠ ᠪᠥᠬᠥᠢ ᠳᠥᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ ᠃ ᠬᠣᠶᠠᠷ ᠲᠤ᠂ ᠲᠥᠪ ᠦᠨ ᠪᠠ ᠥᠪᠡᠷᠲᠡᠭᠡᠨ ᠵᠠᠰᠠᠬᠤ ᠣᠷᠣᠨ ᠤ ᠬᠣᠯᠪᠣᠭᠳᠠᠯ ᠪᠦᠬᠦᠢ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠡᠷ ᠵᠠᠰᠠᠭ ᠪᠠᠷᠢᠬᠤ ᠲᠤᠬᠠᠶ ᠡᠯ᠎ᠡ ᠵᠦᠢᠯ ᠦᠨ ᠲᠣᠭᠲᠠᠭᠠᠯ ᠢ ᠴᠢᠩᠭ᠎ᠠ ᠬᠡᠷᠡᠭᠵᠢᠭᠦᠯᠵᠦ ᠂ ᠠᠯᠢᠪᠠ ᠤᠳᠤᠷᠢᠳᠬᠤ ᠺᠠᠳ᠋ᠷ ᠲᠤ ᠥᠭᠭᠦᠭᠰᠡᠨ ᠵᠣᠭᠣᠰ ᠮᠥᠩᠭᠥ ᠡᠳ᠋ ᠪᠣᠳᠠᠰ ᠢ ᠴᠥᠮ ᠬᠦᠯᠢᠶᠡᠠ ᠠᠪᠬᠤ ᠤᠢᠭᠡᠢ ᠪᠠᠶᠢᠵᠤ ᠂ ᠲᠥᠪ ᠴᠢᠩᠭ᠎ᠠ ᠪᠠᠷ ᠰᠢᠭᠦᠮᠵᠢᠯᠡᠬᠦ ᠬᠡᠷᠡᠭᠲᠡᠶ᠃ ᠭᠤᠷᠪᠠ᠂ ᠤᠳᠤᠷᠢᠳᠬᠤ ᠺᠠᠳ᠋ᠷᠴᠤᠳ ᠡᠷᠬᠡᠪᠰᠢ ᠦᠷ᠎ᠡ ᠬᠡᠦᠬᠡᠳ ᠦᠨ᠂ ᠲᠦᠷᠦᠯ ᠰᠠᠳᠤᠨ᠂ ᠳᠡᠷᠭᠡᠳᠡᠬᠢ ᠠᠵᠢᠯᠳᠡᠠ ᠢᠶᠠᠨ ᠰᠤᠷᠭᠠᠨ ᠬᠥᠮᠥᠵᠢᠭᠦᠯᠵᠦ᠂ ᠰᠠᠶᠢᠲᠤᠷ ᠬᠠᠮᠢᠶᠠᠷᠬᠤ ᠬᠡᠷᠡᠭᠲᠡᠶ᠂ ᠲᠡᠳᠡ ᠶᠠᠭᠠᠬᠢᠭᠰᠠᠨ ᠴᠤ ᠤᠳᠤᠷᠢᠳᠤᠯᠭ᠎ᠠ ᠲᠤᠭ ᠢ ᠡᠷᠭᠦᠬᠦ ᠪᠤᠶᠤ ᠤᠳᠤᠷᠢᠳᠬᠤ ᠨᠥᠯᠥᠭᠡ ᠶᠢ ᠠᠰᠢᠭᠯᠠᠨ ᠬᠤᠪᠢ ᠶᠢᠨ ᠠᠰᠢᠭ ᠣᠯᠭᠣᠬᠤ ᠶ᠋ᠢ ᠵᠥᠪᠰᠢᠶᠡᠷᠡᠬᠦ ᠦᠭᠡᠢ᠃ ᠳᠦᠷᠪᠡ ᠳ᠋ᠦ᠂ ᠤᠳᠤᠷᠢᠳᠬᠤ ᠺᠠᠳ᠋ᠷᠴᠤᠳ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠲᠦᠷᠦᠭᠦᠯᠡᠨ ᠬᠠᠤᠯᠢ ᠶᠢ ᠰᠠᠬᠢᠵᠤ ᠰᠠᠬᠢᠯᠭ᠎ᠠ ᠶᠢ ᠵᠢᠷᠦᠮᠯᠡᠵᠦ᠃ ᠲᠠᠪᠤ᠋ ᠳ᠋ᠤ᠂ ᠤᠳᠤᠷᠢᠳᠬᠤ ᠺᠠᠳ᠋ᠷᠴᠤᠳ ᠬᠢᠨᠠᠯᠲᠠ ᠶᠢ ᠬᠦᠯᠢᠶᠡᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠡᠷᠬᠡ ᠪᠡᠨ ᠵᠥᠪ ᠬᠡᠷᠡᠭᠵᠢᠭᠦᠯᠵᠦ᠂ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ ᠃
    2005 ᠣᠨ ᠤ 5 ᠰᠠᠷ᠎ᠠ ᠳᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠲᠣᠭᠲᠠᠭᠠᠯ ᠭᠠᠷᠭᠠᠵᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠲᠣᠭᠣᠷᠢᠨ ᠪᠠᠶᠢᠴᠠᠭᠠᠬᠤ ᠠᠵᠢᠯ ᠢ ᠬᠣᠰᠢᠭᠤ ᠰᠢᠶᠠᠨ ᠤ ᠱᠠᠲᠤᠨ ᠳ᠋ᠤ ᠭᠦᠨᠵᠡᠭᠡᠶᠢᠷᠡᠭᠦᠯᠦᠨ᠎ᠡ᠃ ᠡᠨᠡ ᠪᠣᠯ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ 2004 ᠣᠨ ᠳᠤ ᠪᠦᠬᠦ ᠲᠠᠯ᠎ᠠ ᠪᠠᠷ ᠠᠶᠢᠮᠠᠭ ᠬᠣᠲᠠ ᠶᠢᠨ ᠲᠣᠭᠣᠷᠢᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠡᠴᠡ ᠨᠠᠭᠠᠰᠢᠬᠢ᠂ ᠤᠯᠠᠮ ᠨᠢᠭᠡ ᠠᠯᠬᠤᠮ ᠨᠠᠮ ᠤᠨ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠬᠤ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠃ 2006 ᠣᠨ ᠤ 4 ᠰᠠᠷ᠎ᠠ ᠶᠢᠨ 13 ᠤ ᠡᠳᠦᠷ᠂ ᠲᠥᠪ ᠦᠨ ᠲᠣᠭᠣᠷᠢᠨ ᠪᠠᠶᠢᠴᠠᠭᠠᠬᠤ ᠳᠤᠭᠤᠶᠢᠯᠠᠩ 2004 ᠣᠨ ᠤ 3 ᠰᠠᠷ᠎ᠠ ᠶ᠋ᠢᠨ 3 ᠦ ᠡᠳᠦᠷ᠂ ᠲᠥᠪ ᠡᠴᠡ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠩᠬ᠎ᠠ ᠤᠳᠠᠭᠠᠨ ᠤ ᠲᠣᠭᠣᠷᠢᠨ ᠪᠠᠶᠢᠴᠠᠭᠠᠯᠲᠠ ᠳ᠋ᠤ ᠳᠤᠷᠠᠳᠤᠨ ᠭᠠᠷᠭᠠᠭᠰᠠᠨ ᠰᠠᠨᠠᠯ ᠪᠠ ᠰᠠᠨᠠᠭᠤᠯᠭ᠎ᠠ ᠪᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠪᠠᠳᠠᠨ ᠪᠠᠶᠢᠴᠠᠭᠠᠪᠠ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠬᠠᠷᠢᠭᠤ ᠮᠡᠳᠡᠭᠦᠯᠦᠯᠲᠡ ᠶᠢᠨ ᠬᠤᠷᠠᠯ ᠬᠢᠵᠦ ᠂ ᠠᠵᠤ ᠠᠬᠤᠶ ᠨᠡᠶᠢᠭᠡᠮ ᠤᠨ ᠬᠥᠭᠵᠢᠯᠲᠡ᠂ ᠨᠠᠮ ᠤᠨ ᠰᠤᠷᠲᠠᠯ  ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠵᠡᠷᠭᠡ ᠭᠤᠷᠪᠠᠨ ᠲᠠᠯ᠎ᠠ ᠪᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠡᠴᠠ᠂ ᠲᠥᠪ ᠬᠣᠷᠢᠶᠠᠨ ᠤ ᠲᠣᠭᠣᠷᠢᠨ ᠪᠠᠶᠢᠴᠠᠭᠠᠬᠤ ᠳᠤᠭᠤᠶᠢᠯᠠᠩ  ᠳ᠋ᠤ ᠠᠵᠢᠯ ᠤᠨ ᠬᠠᠷᠢᠭᠤ ᠮᠡᠳᠡᠭᠦᠯᠦᠯᠲᠡ ᠬᠢᠪᠡ ᠃ ᠴᠥ᠋ ᠪᠥᠸᠧ ᠶᠠᠷᠢᠶᠠᠨ ᠳᠠᠭᠠᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠦᠨ ᠬᠢᠨ ᠡᠷᠬᠡᠪᠰᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠲᠥᠪ ᠦᠨ ᠲᠣᠭᠣᠷᠢᠨ ᠪᠠᠶᠢᠴᠠᠭᠠᠬᠤ ᠳᠤᠭᠤᠶᠢᠯᠠᠩ ᠤᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠶᠣᠰᠣᠭᠠᠷ᠂ ᠵᠣᠯᠭᠠᠭᠤᠯᠬᠤ ᠪᠠ ᠦᠢᠯᠡᠴᠢᠯᠡᠭᠡᠨ ᠤ ᠠᠵᠢᠯ ᠢ ᠬᠢᠨᠠᠮᠠᠭᠠᠶ ᠰᠠᠶᠢᠲᠤᠷ ᠬᠢᠵᠦ ᠂ ᠲᠥᠪ ᠬᠣᠷᠢᠶᠠᠨ ᠤ ᠲᠣᠭᠣᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ ᠃
    2005 ᠣᠨ ᠠᠴᠠ ᠨᠠᠰᠢ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ  ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ 《ᠰᠤᠷᠭᠠᠨ ᠬᠥᠮᠦᠵᠢᠯ ᠤᠨ ᠪᠠᠶᠢᠭᠤᠯᠤᠯ ᠬᠢᠨᠠᠯᠲᠠ ᠲᠠᠯᠪᠢᠬᠤ ᠶᠢ ᠵᠡᠷᠭᠡᠪᠡᠷ ᠴᠢᠬᠤᠯᠠᠴᠢᠯᠠᠭᠰᠠᠨ ᠢᠯᠵᠠᠷᠠᠯ ᠢ ᠵᠠᠯᠬᠠᠭᠠᠨ ᠰᠢᠳᠬᠡᠬᠦ ᠪᠠ ᠤᠷᠢᠳᠴᠢᠯᠠᠨ ᠰᠡᠷᠭᠡᠶᠢᠯᠡᠬᠦ ᠰᠢᠰᠲ᠋ᠧᠮ ᠢ ᠪᠠᠶᠢᠭᠤᠯᠤᠨ ᠬᠡᠷᠡᠭᠵᠢᠭᠦᠯᠬᠦ ᠲᠣᠪᠴᠢ ᠶ᠋ᠢ ᠲᠡᠭᠦᠯᠳᠡᠷᠵᠢᠭᠦᠯᠦᠨ ᠪᠠᠶᠢᠭᠤᠯᠬᠤ 》 ᠶ᠋ᠢ ᠰᠤᠷᠤᠯᠴᠠᠨ ᠲᠤᠤᠱᠯᠠᠭᠤᠯᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠳᠤ ᠪᠦᠬᠦ ᠲᠠᠯ᠎ᠠ ᠪᠠᠷ ᠪᠠᠶᠢᠷᠢᠯᠠᠭᠤᠯᠤᠯᠲᠠ ᠬᠢᠵᠡᠢ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠦᠨ ᠶᠡᠬᠡ ᠬᠤᠷᠠᠯ ᠳᠡᠭᠡᠷ᠎ᠡ᠂ ᠴᠦ᠋ ᠪᠦᠸᠸ ᠵᠢᠭᠠᠵᠤ ᠭᠠᠷᠭᠠᠭᠰᠠᠨ ᠨᠢ᠂ ᠦᠨᠡᠨ ᠬᠦ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠶ᠋ᠢ ᠴᠢᠩᠭᠠᠳᠬᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠥᠷᠨᠢᠭᠦᠯᠬᠦ ᠃ ᠤᠢᠩᠭᠡᠠ ᠲᠠᠯ᠎ᠠ ᠪᠠ ᠤᠬ ᠦᠨᠳᠦᠰᠦ ᠶᠢ ᠨᠢ ᠵᠡᠷᠭᠡᠪᠡᠷ ᠵᠠᠰᠠᠬᠤ ᠂ ᠶᠡᠷᠦᠩᠬᠡᠶᠢᠯᠡᠨ ᠵᠠᠰᠠᠬᠤ ᠂ ᠵᠠᠯᠬᠠᠭᠠᠬᠤ ᠪᠠ ᠰᠡᠷᠭᠡᠶᠢᠯᠡᠬᠦ ᠂ ᠤᠷᠢᠳᠴᠢᠯᠠᠨ ᠰᠡᠷᠭᠡᠶᠢᠯᠡᠬᠦ  ᠪᠣᠯᠣᠨ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶ᠋ᠢ ᠪᠠᠷᠢᠮᠲᠠᠯᠠᠵᠤ᠂ ᠰᠤᠷᠭᠠᠨ ᠬᠥᠮᠦᠵᠢᠯ᠂ ᠪᠠᠶᠢᠭᠤᠯᠤᠯ᠂ ᠬᠢᠨᠠᠯᠲᠠ ᠲᠠᠯᠪᠢᠬᠤ ᠶᠢ ᠵᠡᠷᠭᠡᠪᠡᠷ ᠴᠢᠬᠤᠯᠠᠴᠢᠯᠠᠭᠰᠠᠨ ᠢᠯᠵᠠᠷᠠᠯ ᠢ ᠵᠠᠯᠬᠠᠭᠠᠨ ᠰᠢᠳᠬᠡᠬᠦ ᠪᠠ ᠤᠷᠢᠳᠴᠢᠯᠠᠨ ᠰᠡᠷᠭᠡᠶᠢᠯᠡᠬᠦ ᠰᠢᠰᠲ᠋ᠧᠮ ᠦᠨ ᠪᠦᠳᠦᠭᠡᠠ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠨᠡᠶᠢᠭᠡᠮ ᠵᠢᠷᠤᠮ ᠤᠨ ᠡᠶ᠎ᠡ ᠵᠣᠬᠢᠴᠠᠯ ᠲᠠᠶ ᠨᠡᠶᠢᠭᠡᠮ ᠢ ᠪᠠᠶᠢᠭᠤᠯᠬᠤ ᠬᠢᠨᠠᠨ ᠪᠠᠶᠢᠴᠠᠭᠠᠯᠲᠠ ᠶ᠋ᠢ ᠨᠠᠶᠢᠳᠠᠪᠣᠷᠢᠵᠢᠭᠤᠯᠤᠨ ᠴᠢᠩᠭᠠᠳᠬᠠᠨ᠎ᠠ᠂ ᠨᠠᠮ ᠤᠨ ᠱᠤᠭᠤᠮ ᠴᠢᠭᠯᠡᠯᠲᠡ ᠲᠤᠢᠷᠦ ᠶᠢᠨ ᠪᠤᠳᠦᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶ᠋ᠢ ᠪᠠᠲᠤᠯᠠᠨ᠎ᠠ ᠃ ᠨᠠᠮ ᠤᠨ ᠲᠦᠷᠢᠮ᠂ ᠬᠠᠤᠯᠢ ᠰᠠᠬᠢᠯᠭ᠎ᠠ ᠶᠢᠨ ᠰᠤᠷᠤᠯᠴᠠᠯᠭ᠎ᠠ ᠪᠠ ᠰᠡᠷᠡᠮᠵᠢᠯᠡᠭᠦᠯᠬᠦ ᠬᠥᠮᠦᠵᠢᠯ ᠢ ᠰᠠᠶᠢᠲᠤᠷ ᠬᠢᠵᠦ᠂ ᠨᠠᠮ ᠤᠨ ᠭᠡᠰᠢᠭᠦᠨ ᠺᠠᠳ᠋ᠷ ᠤᠨ ᠨᠠᠮᠴᠢ ᠴᠢᠨᠠᠷ ᠤᠨ ᠪᠣᠯᠪᠠᠰᠤᠷᠠᠯ ᠪᠣᠯᠤᠨ ᠦᠵᠡᠯ ᠰᠠᠨᠠᠭ᠎ᠠ ᠶᠣᠰᠣ ᠮᠣᠷᠠᠯ ᠤᠨ ᠪᠣᠯᠪᠠᠰᠤᠷᠠᠯ ᠢ ᠴᠢᠩᠭᠠᠳᠬᠠᠵᠤ᠂ ᠠᠷᠢᠭᠤᠨ ᠴᠢᠬᠡᠴᠢ ᠪᠡᠷ ᠵᠠᠰᠠᠭ ᠪᠠᠷᠢᠬᠤ ᠰᠣᠶᠣᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭ᠎ᠠ ᠶᠣᠰᠣ ᠮᠣᠷᠠᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤᠵᠢᠭᠤᠯᠵᠤ᠃ ᠡᠷᠬᠡ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠡᠷᠬᠡ ᠶᠢ ᠬᠢᠵᠠᠭᠠᠷᠯᠠᠬᠤ ᠪᠠᠷ ᠭᠣᠣᠯᠳᠠᠯᠭ᠎ᠠ ᠪᠣᠯᠭᠠᠨ᠂ ᠢᠯᠵᠠᠷᠠᠯ ᠢ ᠰᠡᠷᠭᠡᠶᠢᠯᠡᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠬᠠᠮᠤᠭ ᠤᠨ ᠶᠡᠬᠡ ᠬᠡᠮᠵᠢᠶ᠎ᠡ ᠪᠡᠷ ᠡᠬᠢ ᠡᠭᠦᠰᠦᠯ ᠡᠴᠡ ᠨᠢ ᠢᠯᠵᠠᠷᠠᠯ ᠢ ᠪᠠᠭᠠᠰᠬᠠᠵᠤ᠂ ᠲᠤᠰᠬᠠᠶ ᠵᠦᠢᠯ ᠢᠶᠡᠷ ᠵᠠᠰᠠᠬᠤ ᠠᠵᠢᠯ ᠤᠨ ᠡᠷᠴᠢᠮ ᠢᠶᠡᠨ ᠴᠢᠩᠭᠠᠷᠠᠭᠤᠯᠬᠤ ᠶ᠋ᠢ ᠦᠷᠭᠦᠯᠵᠢᠯᠡᠨ ᠨᠡᠮᠡᠭᠳᠡᠭᠦᠯᠵᠦ ᠂ ᠬᠤᠳᠠᠯᠳᠤᠭᠠᠨ ᠤ ᠬᠡᠭᠡᠯᠢ ᠬᠠᠬᠤᠤᠯᠢ ᠶᠢ ᠵᠠᠰᠠᠬᠤ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠵᠠᠰᠠᠬᠤ ᠰᠠᠯᠠᠭ᠎ᠠ ᠮᠥᠴᠢᠷ ᠪᠠ ᠠᠵᠢᠯ ᠲᠦᠷᠦᠯ ᠦᠨ ᠲᠥᠪ ᠪᠤᠰᠤ ᠰᠤᠷᠲᠠᠯ ᠢ ᠡᠷᠡᠰ ᠵᠠᠯᠠᠷᠠᠭᠤᠯᠤᠨ᠂ ᠤᠯᠠᠨ ᠲᠦᠮᠡᠨ ᠦ ᠠᠰᠢᠭ ᠲᠤᠰᠠ ᠶᠢ ᠬᠣᠬᠢᠷᠠᠭᠤᠯᠤᠭᠰᠠᠨ ᠲᠤᠪᠤᠢᠢᠮ᠎ᠠ ᠠᠰᠠᠭᠤᠳᠠᠯ ᠢ ᠦᠨᠡᠨ ᠬᠦ ᠰᠠᠶᠢᠲᠤᠷ ᠰᠢᠶᠳᠪᠦᠷᠢᠯᠡᠬᠦ ᠬᠡᠷᠡᠭᠲᠡᠶ᠃ ᠤᠳᠤᠷᠢᠳᠬᠤ ᠪᠠᠶᠢᠭᠤᠯᠭ᠎ᠠ ᠪᠠ ᠤᠳᠤᠷᠢᠳᠬᠤ ᠺᠠᠳ᠋ᠷᠴᠤᠳ ᠤᠨ ᠳᠤᠮᠳᠠ ᠭᠠᠷᠤᠭᠰᠠᠨ ᠰᠠᠬᠢᠯᠭ᠎ᠠ ᠪᠠᠲᠤ ᠶᠢ ᠵᠥᠷᠢᠴᠡᠭᠰᠡᠨ᠂ ᠬᠠᠤᠯᠢ ᠶᠢ ᠵᠥᠷᠢᠴᠡᠬᠦ᠂ ᠶᠠᠯᠠᠲᠤ ᠬᠡᠷᠡᠭ ᠢ ᠪᠠᠶᠢᠴᠠᠭᠠᠬᠤ ᠪᠠᠷ ᠭᠣᠣᠯᠳᠠᠯᠭ᠎ᠠ ᠪᠣᠯᠭᠠᠨ᠂ ᠬᠡᠷᠡᠭ ᠢ ᠪᠠᠶᠢᠴᠠᠭᠠᠨ ᠰᠢᠶᠳᠪᠦᠷᠢᠯᠡᠬᠦ ᠠᠵᠢᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠢᠯᠵᠠᠷᠠᠮᠠᠯ ᠤᠢᠢᠯᠠ ᠠᠵᠢᠯᠯᠠᠭ᠎ᠠ ᠶᠢ ᠴᠢᠩᠭ᠎ᠠ ᠶᠠᠯᠠᠯᠠ ᠰᠢᠢᠳᠬᠡᠵᠦ᠃ ᠨᠠᠮ ᠤᠨ ᠬᠣᠷᠢᠶ᠎ᠠ ᠨᠢᠭᠡᠳᠦᠯᠲᠡᠶ ᠤᠳᠤᠷᠢᠳᠬᠤ᠂ ᠨᠠᠮ ᠵᠠᠰᠠᠭ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ᠂ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠵᠣᠬᠢᠶᠠᠨ ᠪᠠᠶᠢᠭᠤᠯᠤᠨ ᠵᠣᠬᠢᠴᠠᠭᠤᠯᠵᠤ᠂ ᠰᠠᠯᠠᠭ᠎ᠠ ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ ᠬᠠᠷᠢᠭᠤᠴᠠᠵᠤ᠂ ᠤᠯᠠᠨ ᠲᠦᠮᠡᠨ ᠦ ᠲᠡᠮᠵᠢᠵᠦ ᠣᠷᠣᠯᠴᠠᠭᠰᠠᠨ ᠢᠯᠵᠠᠷᠠᠯ ᠢ ᠡᠰᠡᠷᠭᠦᠴᠡᠬᠦ ᠠᠵᠢᠯ ᠳ᠋ᠤ ᠲᠥᠰᠢᠭᠯᠡᠨ ᠤᠳᠤᠷᠢᠳᠬᠤ ᠪᠠᠶᠢᠭᠤᠯᠤᠯ ᠪᠣᠯᠤᠨ ᠠᠵᠢᠯ ᠤᠨ ᠲᠣᠭᠲᠠᠴᠠ ᠶ᠋ᠢ ᠪᠠᠷᠢᠮᠲᠠᠯᠠᠨ᠎ᠠ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠷᠢᠭᠤᠨ ᠴᠢᠬᠡᠴᠢ ᠪᠡᠷ ᠬᠡᠪ ᠳᠠᠭᠤᠷᠢᠶᠠᠯ ᠪᠣᠯᠵᠤ᠂ ᠵᠠᠰᠠᠭ ᠪᠠᠷᠢᠬᠤ ᠵᠠᠩ ᠰᠤᠷᠲᠠᠯ ᠪᠠᠶᠢᠬᠤ ᠬᠡᠷᠡᠭᠲᠡᠶ ᠂ ᠡᠷᠬᠡ ᠬᠡᠷᠡᠭᠯᠡᠬᠦ ᠵᠠᠷᠴᠢᠮ ᠢ ᠪᠠᠷᠢᠮᠲᠠᠯᠠᠬᠤ ᠬᠡᠷᠡᠭᠲᠡᠶ᠂ ᠬᠥᠮᠦᠨ ᠬᠦᠨᠳᠦ ᠳᠦᠷᠢ ᠲᠥᠷᠬᠦ ᠂ ᠪᠡᠶ᠎ᠡ ᠪᠡᠷ ᠢᠶᠡᠨ ᠲᠦᠷᠦᠭᠦᠯᠡᠨ ᠦᠵᠡᠯ ᠰᠠᠨᠠᠭ᠎ᠠ ᠶᠣᠰᠣ ᠰᠤᠷᠲᠠᠬᠤᠨ ᠤ ᠪᠣᠯᠪᠠᠰᠤᠷᠠᠯ ᠢᠶᠠᠨ ᠴᠢᠩᠭᠠᠳᠬᠠᠵᠤ᠂ ᠬᠢᠨᠠᠯᠲᠠ ᠶᠢ ᠲᠦᠷᠦᠭᠦᠯᠡᠨ ᠬᠦᠯᠢᠶᠡᠨ᠂ ᠤᠬᠠᠮᠰᠠᠷ ᠠᠴᠠ ᠪᠠᠨ ᠠᠷᠠᠳ ᠲᠦᠮᠡᠨ ᠦ ᠲᠥᠯᠥᠭᠡ ᠂ ᠪᠣᠳᠠᠴᠢᠯᠠᠬᠤ ᠂ ᠠᠷᠢᠭᠤᠨ ᠴᠢᠭᠴᠢ ᠪᠠᠶᠢᠬᠤ ᠬᠡᠷᠡᠭᠳᠡᠢ ᠃

ᠵᠣᠬᠢᠶᠠᠭᠴᠢ:
ᠢᠷᠡᠯᠲᠡ: