ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠣᠯ ᠨᠠᠮ ᠤᠨ ᠪᠠᠶᠢᠭᠤᠯᠤᠯᠲᠠ ᠶᠢᠨ ᠴᠣ᠋ ᠰᠢᠨ᠎ᠡ ᠰᠡᠳᠦᠪ ᠮᠥᠨ

  2018-12-24

    ᠬᠤ ᠵᠢᠨ ᠲᠤᠤ ᠨᠥᠬᠥᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 90 ᠵᠢᠯ ᠦᠨ ᠣᠢ ᠶᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠲᠡᠦᠬᠡ ᠪᠠ ᠪᠦᠬᠦ ᠲᠠᠯ᠎ᠠ  ᠶᠢᠨ ᠳᠡᠭᠡᠳᠦ ᠬᠡᠮᠵᠢᠶᠡᠨ ᠡᠴᠡ ᠂ ᠶᠢ ᠬᠠᠯᠠᠭᠤᠨ ᠢᠶᠠᠷ ᠮᠠᠭᠲᠠᠨ ᠳᠠᠭᠤᠯᠠᠵᠤ ᠂ ᠮᠠᠨ ᠤ ᠨᠠᠮ ᠤᠨ 90 ᠵᠢᠯ ᠦᠨ ᠲᠤᠷᠰᠢᠬᠢ ᠰᠦᠷ ᠳᠠᠯᠠᠶᠢᠴᠠᠲᠠᠢ ᠲᠡᠮᠡᠴᠡᠯ ᠦᠨ ᠶᠠᠪᠤᠴᠠ ᠶᠢ ᠥᠩᠭᠡᠷᠡᠭᠦᠯᠵᠦ ᠂ ᠪᠦᠬᠦ ᠲᠠᠯ᠎ᠠ ᠪᠠᠷ ᠳ᠋ᠦᠩᠨᠡᠵᠦ ᠂ 90 ᠵᠢᠯ ᠦᠨ ᠲᠤᠷᠰᠢ ᠨᠠᠮ ᠤᠨ ᠬᠤᠪᠢᠰᠬᠠᠯ ᠂ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠬᠢᠭᠰᠠᠨ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠰᠢᠨ᠎ᠡ ᠲᠡᠦᠬᠡᠨ ᠡᠬᠢᠯᠡᠯᠲᠡ ᠶᠢᠨ ᠴᠡᠭ ᠳᠡᠭᠡᠷ᠎ᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠬᠡ ᠦᠢᠯᠡᠰ ᠢ ᠪᠦᠬᠦ ᠲᠠᠯ᠎ᠠ ᠪᠠᠷ ᠲᠦᠯᠬᠢᠨ ᠤᠷᠤᠭᠰᠢᠯᠠᠭᠤᠯᠬᠤ ᠦᠨᠳᠦᠰᠦᠨ ᠪᠤᠳᠤᠯᠭ᠎ᠠ ᠴᠢᠭᠯᠡᠯᠲᠡ ᠮᠥᠨ ᠃ ᠶᠠᠷᠢᠶ᠎ᠠ ᠨᠢ ᠥᠨᠳᠥᠷ ᠲᠦ ᠵᠣᠭᠰᠣᠨ ᠬᠣᠯᠠ ᠶᠢ ᠪᠡᠷᠡᠯᠡᠵᠦ ᠂ ᠰᠦᠷᠯᠢᠭ ᠶᠡᠬᠡ ᠵᠢᠪᠬᠤᠭ᠎ᠠ ᠲᠠᠶ ᠂ ᠡᠯᠪᠡᠭ ᠳᠡᠯᠪᠡᠭ ᠠᠭᠤᠯᠬᠤᠨ ᠲᠠᠶ ᠂ ᠭᠦᠨ ᠭᠦᠨᠵᠡᠭᠡᠶ ᠦᠵᠡᠯ ᠰᠠᠨᠠᠭ᠎ᠠ ᠲᠠᠶ ᠂ ᠲᠤᠬᠠᠶ ᠮᠠᠰᠢ ᠤᠯᠠᠨ ᠰᠢᠨ᠎ᠡ ᠦᠵᠡᠯ ᠰᠠᠨᠠᠭ᠎ᠠ ᠂ ᠰᠢᠨ᠎ᠡ ᠦᠵᠡᠯᠲᠡ ᠂ ᠰᠢᠨ᠎ᠡ ᠨᠤᠲᠠᠯᠠᠯᠲᠠ ᠪᠠᠷ ᠂ ᠢᠯᠠᠩᠭᠤᠶ᠎ᠠ ᠲᠣᠳᠣᠷᠬᠠᠶ ᠳᠤᠷᠠᠳᠤᠨ ᠭᠠᠷᠭᠠᠵᠤ ᠂ ᠰᠢᠨ᠎ᠡ ᠲᠡᠦᠬᠡᠨ ᠨᠥᠬᠥᠴᠡᠯ ᠦᠨ ᠳᠣᠣᠷ᠎ᠠ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠠᠷᠠᠯᠲᠠ ᠡᠭᠦᠷᠭᠡ ᠂ ᠡᠨᠡ ᠨᠢ ᠨᠠᠮ ᠤᠨ ᠪᠠᠶᠢᠭᠤᠯᠤᠯᠲᠠ ᠶᠢᠨ ᠠᠭᠤᠤ ᠶᠡᠬᠡ ᠰᠢᠨ᠎ᠡ ᠢᠨᠵᠧᠨᠧᠷᠢᠩ ᠢ ᠲᠦᠯᠬᠢᠨ ᠠᠬᠢᠭᠤᠯᠵᠤ ᠂ ᠴᠢᠬᠤᠯᠠ ᠶᠡᠬᠡ ᠵᠢᠯᠣᠭᠣᠳᠬᠤ ᠠᠴᠢ ᠬᠣᠯᠪᠣᠭᠳᠠᠯ ᠲᠠᠶ ᠶᠤᠮ ᠃
    ᠨᠢᠭᠡ ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠂ ᠮᠠᠨ ᠤ ᠨᠠᠮ ᠤᠨ ᠰᠢᠯᠭᠠᠯᠲᠠ ᠪᠣᠯᠤᠨ ᠠᠶᠤᠯ ᠲᠦᠭᠰᠢᠭᠦᠷᠢ ᠶᠢ     ᠠᠷᠭᠠᠴᠠᠵᠤ ᠂ ᠡᠭᠦᠷᠢᠳᠡ ᠠᠮᠢᠵᠢᠷᠠᠯ ᠤᠨ ᠬᠦᠴᠦᠨ ᠪᠠ ᠠᠮᠢᠳᠤ ᠰᠣᠷᠭᠣᠭ ᠬᠦᠴᠦᠨ ᠢᠶᠡᠷ ᠪᠢᠯᠬᠠᠮ᠎ᠠ ᠰᠢᠨ᠎ᠡ ᠱᠠᠭᠠᠷᠳᠠᠯᠭ᠎ᠠ ᠶᠢ 90 ᠵᠢᠯ ᠦᠨ ᠲᠤᠷᠰᠢ ᠂ ᠮᠠᠨ ᠤ ᠨᠠᠮ ᠬᠤᠪᠢᠰᠬᠠᠯ ᠂ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠨᠢᠭᠡᠨᠲᠡ ᠪᠦᠬᠦ ᠤᠯᠤᠰ ᠤᠨ ᠵᠠᠰᠠᠭ ᠤᠨ ᠡᠷᠬᠡ ᠶᠢ ᠪᠤᠯᠢᠶᠠᠨ ᠠᠪᠬᠤ ᠪᠠᠷ ᠠᠷᠠᠳ ᠲᠦᠮᠡᠨ ᠢ ᠤᠳᠤᠷᠢᠳᠤᠨ ᠲᠡᠮᠡᠴᠡᠳᠡᠭ ᠨᠠᠮ ᠪᠠᠶᠢᠭᠰᠠᠨ ᠠᠴᠠ ᠪᠠᠨ ᠠᠷᠠᠳ ᠲᠦᠮᠡᠨ ᠢ ᠤᠳᠤᠷᠢᠳᠤᠨ ᠪᠦᠬᠦ ᠤᠯᠤᠰ ᠤᠨ ᠵᠠᠰᠠᠭ ᠤᠨ ᠡᠷᠬᠡ ᠶᠢ ᠠᠳᠬᠤᠨ ᠤᠷᠳᠤ ᠬᠤᠭᠤᠴᠠᠭ᠎ᠠ ᠪᠠᠷ ᠲᠦᠷᠦ ᠪᠠᠷᠢᠭᠰᠠᠨ ᠨᠠᠮ ᠪᠣᠯᠵᠠᠶ ᠃ ᠭᠠᠳᠠᠭᠠᠳᠤ ᠳᠤ ᠪᠢᠲᠡᠭᠦᠮᠵᠢᠯᠡᠭᠳᠡᠵᠦ ᠪᠠᠶᠢᠭᠰᠠᠨ ᠪᠠ ᠲᠥᠯᠥᠪᠯᠡᠭᠡᠲᠦ ᠠᠵᠤ ᠠᠬᠤᠶ ᠶᠢ ᠬᠡᠷᠡᠭᠵᠢᠭᠦᠯᠵᠦ ᠪᠠᠶᠢᠭᠰᠠᠨ ᠨᠥᠬᠥᠴᠡᠯ ᠳᠣᠣᠷ᠎ᠠ ᠤᠯᠤᠰ ᠣᠷᠣᠨ ᠤ ᠪᠦᠳᠦᠭᠡᠨ ᠪᠠᠶᠢᠭᠤᠯᠤᠯᠲᠠ ᠶᠢ ᠤᠳᠤᠷᠢᠳᠳᠠᠭ ᠨᠠᠮ ᠂ ᠪᠠᠶᠢᠭᠰᠠᠨ ᠠᠴᠠ ᠪᠠᠨ ᠭᠠᠳᠠᠭᠰᠢ ᠨᠡᠭᠡᠭᠡᠯᠳᠡ ᠬᠢᠬᠦ ᠪᠠ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠦᠨ ᠠᠵᠤ ᠠᠬᠤᠶ ᠶᠢᠨ ᠨᠥᠬᠥᠴᠡᠯ ᠳᠣᠣᠷ᠎ᠠ ᠤᠯᠤᠰ ᠣᠷᠣᠨ ᠤ ᠪᠦᠳᠦᠭᠡᠨ ᠪᠠᠶᠢᠭᠤᠯᠤᠯᠲᠠ ᠶᠢ ᠤᠳᠤᠷᠢᠳᠳᠠᠭ ᠨᠠᠮ ᠪᠣᠯᠵᠠᠶ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠨ ᠣᠷᠣᠨ ᠪᠠᠶᠢᠷᠢ ᠶᠢ ᠴᠢᠬᠤᠯᠠ ᠶᠡᠬᠡ ᠬᠤᠪᠢᠷᠠᠯᠲᠠ ᠭᠠᠷᠴᠤ ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠦ ᠨᠡᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ ᠃ ᠬᠠᠮᠲᠤ ᠂ ᠳᠡᠯᠡᠬᠡᠶ ᠶᠢᠨ ᠪᠠᠶᠢᠳᠠᠯ ᠳᠤ ᠶᠠᠭ ᠥᠷᠭᠡᠨ ᠳᠡᠯᠭᠡᠷ ᠪᠥᠭᠡᠳ ᠭᠦᠨ ᠭᠦᠨᠵᠡᠭᠡᠶ ᠬᠤᠪᠢᠷᠠᠯᠲᠠ ᠭᠠᠷᠴᠤ ᠂ ᠤᠳᠤ ᠦᠶ᠎ᠡ ᠶᠢᠨ ᠳᠤᠮᠳᠠᠳᠤ ᠤᠯᠤᠰ ᠲᠤ ᠶᠠᠭ ᠥᠷᠭᠡᠨ ᠳᠡᠯᠭᠡᠷ ᠪᠥᠭᠡᠳ ᠭᠦᠨ ᠭᠦᠨᠵᠡᠭᠡᠶ ᠬᠤᠪᠢᠰᠤᠯᠲᠠ ᠭᠠᠷᠴᠤ ᠪᠠᠶᠢᠨ᠎ᠠ ᠂ ᠠᠵᠤ ᠦᠢᠯᠡᠳᠪᠦᠷᠢᠵᠢᠯᠡᠯᠲᠡ ᠂ ᠬᠣᠲᠠ ᠪᠠᠯᠭᠠᠰᠤᠴᠢᠯᠠᠯᠲᠠ ᠂ ᠳᠡᠯᠭᠡᠭᠦᠷᠴᠢᠯᠡᠬᠦ ᠂ ᠵᠡᠡᠭᠬᠢᠴᠢᠯᠡᠯᠳᠠ ᠂ ᠳᠡᠯᠡᠬᠡᠶᠢᠴᠢᠯᠡᠯᠲᠡ ᠶᠢᠨ ᠠᠬᠢᠴᠠ ᠲᠦᠷᠭᠡᠳᠴᠦ ᠪᠠᠶᠢᠭ᠎ᠠ ᠂ ᠨᠠᠮ ᠤᠨ ᠲᠦᠷᠦ ᠪᠠᠷᠢᠬᠤ ᠣᠷᠴᠢᠨ ᠨᠥᠬᠥᠴᠡᠯ ᠳᠦ ᠴᠢᠬᠤᠯᠠ ᠶᠡᠬᠡ ᠬᠤᠪᠢᠷᠠᠯᠲᠠ ᠭᠠᠷᠴᠤ ᠂ ᠢᠯᠠᠩᠭᠤᠶ᠎ᠠ ᠥᠷᠥᠨᠡᠳᠠᠬᠢᠨ ᠤ ᠠᠵᠤ ᠦᠶᠯᠡᠳᠪᠦᠷᠢᠵᠢᠭᠰᠡᠨ ᠦ ᠬᠡᠳᠦᠨ ᠵᠠᠭᠤᠨ ᠵᠢᠯ ᠦᠨ ᠶᠠᠪᠤᠴᠠ ᠳᠤ ᠪᠤᠢ ᠪᠣᠯᠤᠭᠰᠠᠨ ᠪᠠ ᠬᠤᠷᠠᠮᠳᠤᠭᠰᠠᠨ ᠵᠥᠷᠢᠴᠡᠯ ᠪᠣᠯᠤᠨ ᠠᠰᠠᠭᠤᠳᠠᠯ ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ ᠭᠤᠴᠢ ᠭᠠᠷᠤᠶ ᠵᠢᠯ ᠦᠨ ᠳᠠᠷᠠᠭ᠎ᠠ ᠲᠥᠪᠯᠡᠷᠡᠩᠭᠦᠶ ᠪᠡᠷ ᠢᠯᠡᠷᠡᠬᠦ ᠪᠥᠭᠡᠳ ᠳᠠᠪᠬᠤᠴᠠᠭᠠᠳ ᠂ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠡᠭᠦᠷᠭᠡ ᠲᠤᠶᠢᠯ ᠤᠨ ᠬᠠᠲᠠᠭᠤ ᠪᠡᠷᠬᠡ ᠪᠠᠶᠢᠨ᠎ᠠ ᠃ ᠨᠠᠮ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠪᠠᠰᠠ ᠬᠠᠲᠠᠭᠤ ᠴᠢᠩᠭ᠎ᠠ ᠰᠢᠯᠭᠠᠯᠲᠠ ᠲᠤᠯᠭᠠᠷᠠᠵᠤ ᠪᠠᠶᠢᠨ᠎ᠠ ᠃ ᠰᠢᠨ᠎ᠡ ᠨᠠᠮ ᠤᠨ ᠭᠡᠰᠢᠭᠦᠨ ᠦ ᠲᠣᠭ᠎ᠠ ᠶᠡᠬᠡᠪᠡᠷ ᠨᠡᠮᠡᠭᠳᠡᠨ ᠂ ᠺᠠᠳ᠋ᠷ ᠤᠨ ᠡᠩᠨᠡᠭᠡᠨ ᠦ ᠰᠢᠨ᠎ᠡ ᠬᠠᠭᠤᠴᠢᠨ ᠤ ᠬᠠᠯᠠᠭ᠎ᠠ ᠵᠠᠯᠭᠠᠮᠵᠢ ᠶᠢ ᠲᠡᠰᠦᠷᠡᠯᠳᠠ ᠤᠢᠭᠡᠢ ᠶᠠᠪᠤᠭᠳᠠᠭᠤᠯᠵᠤ ᠂ ᠨᠠᠮ ᠤᠨ ᠬᠥᠭᠵᠢᠯᠲᠡ ᠳᠦ ᠰᠢᠨ᠎ᠡ ᠠᠮᠢᠳᠤ ᠰᠣᠷᠭᠣᠭ ᠬᠦᠴᠦᠨ ᠢ ᠠᠪᠴᠢᠷᠠᠵᠤ ᠂ ᠪᠠᠰᠠ ᠨᠠᠮ ᠢ ᠰᠢᠨ᠎ᠡ ᠰᠢᠯᠭᠠᠯᠲᠠ ᠳᠤ ᠲᠤᠯᠭᠠᠷᠠᠵᠤ ᠪᠠᠶᠢᠨ᠎ᠠ ᠃ ᠮᠠᠨ ᠤ ᠤᠯᠤᠰ ᠤᠨ ᠨᠡᠶᠢᠭᠡᠮ ᠦᠨ ᠠᠵᠤ ᠠᠬᠤᠶ ᠶᠢᠨ ᠪᠦᠷᠢᠯᠳᠦᠬᠦᠨ ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠂ ᠠᠵᠢᠯ ᠣᠯᠭᠣᠬᠤ ᠠᠷᠭ᠎ᠠ ᠮᠠᠶ᠋ᠢᠭ ᠂ ᠠᠰᠢᠭ ᠲᠤᠰᠠ ᠶᠢᠨ ᠬᠠᠷᠢᠴᠠᠭ᠎ᠠ ᠪᠠ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠡᠳᠦᠷ ᠢᠷᠡᠬᠦᠶ᠎ᠡ ᠤᠯᠠᠨ ᠶᠠᠩᠵᠤ ᠶᠢᠨ ᠪᠤᠯᠵᠤ ᠂ ᠨᠠᠮ ᠤᠨ ᠣᠷᠣᠰᠢᠵᠤ ᠪᠠᠶᠢᠭ᠎ᠠ ᠣᠷᠴᠢᠨ ᠲᠣᠭᠣᠷᠢᠨ ᠂ ᠠᠵᠢᠯ ᠤᠨ ᠠᠷᠭ᠎ᠠ ᠮᠠᠶ᠋ᠢᠭ ᠲᠤ ᠴᠥᠮ ᠯᠤᠲᠤ ᠶᠡᠬᠡ ᠬᠤᠪᠢᠷᠠᠯᠲᠠ ᠭᠠᠷᠴᠤ ᠪᠠᠶᠢᠨ᠎ᠠ ᠃ ᠳᠡᠯᠡᠬᠡᠶ ᠶᠢᠨ ᠪᠠᠶᠢᠳᠠᠯ ᠂ ᠤᠯᠤᠰ ᠣᠨ ᠪᠠᠶᠢᠳᠠᠯ ᠂ ᠨᠠᠮ ᠤᠨ ᠪᠠᠶᠢᠳᠠᠯ ᠤᠨ ᠭᠦᠨᠵᠡᠭᠡᠶ ᠬᠤᠪᠢᠷᠠᠯᠲᠠ ᠨᠢ ᠨᠠᠮ ᠤᠨ ᠪᠠᠶᠢᠭᠤᠯᠤᠯᠲᠠ ᠳᠤ ᠰᠢᠨ᠎ᠡ ᠱᠠᠭᠠᠷᠳᠠᠯᠭ᠎ᠠ ᠳᠤᠷᠠᠳᠤᠨ ᠭᠠᠷᠭᠠᠭᠰᠠᠨ ᠪᠠᠶᠢᠨ᠎ᠠ ᠂ ᠨᠠᠮ ᠳᠤ ᠲᠤᠯᠭᠠᠷᠠᠵᠤ ᠪᠠᠶᠢᠭ᠎ᠠ ᠲᠥᠷᠥ ᠪᠠᠷᠢᠬᠤ ᠰᠢᠯᠭᠠᠯᠲᠠ ᠂ ᠥᠭᠡᠷᠡᠴᠢᠯᠡᠯᠲᠡ ᠨᠡᠭᠡᠭᠡᠯᠲᠡ ᠶᠢᠨ ᠰᠢᠯᠭᠠᠯᠲᠠ ᠂ ᠵᠠᠬ᠎ᠠ ᠳᠡᠯᠭᠡᠭᠦᠷ ᠦᠨ ᠠᠵᠤ ᠠᠬᠤᠶ ᠶᠢᠨ ᠰᠢᠯᠭᠠᠯᠲᠠ ᠂ ᠭᠠᠳᠠᠭᠠᠳᠤ ᠣᠷᠴᠢᠨ ᠤ ᠰᠢᠯᠭᠠᠯᠲᠠ ᠪᠣᠯ ᠤᠷᠳᠤ ᠬᠤᠭᠤᠴᠠᠭᠠᠨ ᠤ ᠂ ᠪᠤᠳᠤᠯᠢᠶᠠᠨ ᠲᠠᠶ ᠂ ᠬᠠᠲᠠᠭᠤ ᠴᠢᠩᠭ᠎ᠠ ᠪᠠᠶᠢᠭ᠎ᠠ ᠶᠤᠮ ᠂ ᠨᠠᠮ ᠨᠢ ᠨᠠᠮ ᠢᠶᠠᠨ ᠬᠠᠮᠢᠶᠠᠷᠬᠤ ᠂ ᠨᠠᠮ ᠢ ᠴᠢᠩᠭ᠎ᠠ ᠵᠠᠰᠠᠬᠤ ᠡᠭᠦᠷᠭᠡ ᠥᠩᠭᠡᠷᠡᠭᠰᠡᠨ ᠦ ᠠᠯᠢ ᠴᠤ ᠦᠶ᠎ᠡ ᠡᠴᠡ ᠴᠥᠮ ᠨᠡᠩ ᠨᠦᠰᠡᠷ ᠬᠦᠨᠳᠦ ᠪᠥᠭᠡᠳ ᠪᠠᠴᠢᠮ ᠲᠤᠯᠭᠠᠮ᠎ᠠ ᠪᠠᠶᠢᠨ᠎ᠠ ᠃ ᠰᠢᠯᠭᠠᠯᠲᠠ ᠶᠢ ᠠᠷᠭᠠᠴᠠᠬᠤ ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠃ ᠭᠠᠭᠴᠠ ᠬᠦ ᠵᠣᠷᠢᠭᠲᠠᠶ ᠪᠠᠷ ᠥᠭᠡᠷᠡᠴᠢᠯᠡᠯᠲᠡ ᠬᠢᠵᠦ ᠂ ᠵᠣᠷᠢᠭᠲᠠᠶ ᠪᠠᠷ ᠡᠭᠦᠳᠦᠨ ᠪᠦᠲᠦᠭᠡᠬᠦ ᠂ ᠬᠡᠵᠢᠶᠡᠳᠡ ᠬᠥᠰᠢᠭᠦᠷᠡᠬᠦ ᠂ ᠬᠡᠵᠢᠶᠡᠳᠡ ᠵᠣᠭᠰᠣᠩᠭᠢᠷᠠᠬᠤ ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠂ ᠦᠷᠭᠦᠯᠵᠢᠯᠡᠨ ᠲᠦᠯᠬᠢᠨ ᠠᠬᠢᠭᠤᠯᠵᠤ ᠂ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠬᠡ ᠢᠨᠵᠧᠨᠧᠷᠢᠩ ᠢ ᠂ ᠰᠠᠶ᠋ᠢ ᠨᠠᠮ ᠤᠨ ᠳᠡᠯᠡᠬᠡᠶ ᠶᠢᠨ ᠪᠠᠶᠢᠳᠠᠯ ᠳᠤ ᠭᠦᠨᠵᠡᠭᠡᠶ ᠬᠤᠪᠢᠷᠠᠯᠲᠠ ᠭᠠᠷᠴᠤ ᠪᠠᠶᠢᠭ᠎ᠠ ᠲᠡᠦᠬᠡᠨ ᠶᠠᠪᠤᠴᠠ ᠳᠤ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠦ ᠶᠠᠪᠤᠬᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠵᠦᠢᠯ ᠦᠨ ᠠᠶᠤᠯ ᠲᠦᠭᠰᠢᠭᠦᠷᠢ ᠪᠠ ᠰᠢᠯᠭᠠᠯᠲᠠ ᠶᠢ ᠠᠷᠭᠠᠴᠠᠬᠤ ᠲᠡᠦᠬᠡᠨ ᠶᠠᠪᠤᠴᠠ ᠳᠤ ᠢᠮᠠᠭᠲᠠ ᠪᠦᠬᠦ ᠤᠯᠤᠰ ᠤᠨ ᠠᠷᠠᠳ ᠲᠦᠮᠡᠨ ᠦ ᠲᠦᠰᠢᠭ ᠲᠤᠯᠭᠠᠭᠤᠷᠢ ᠪᠣᠯᠬᠤ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠬᠥᠭᠵᠢᠭᠦᠯᠬᠦ ᠲᠡᠦᠬᠡᠨ ᠶᠠᠪᠤᠴᠠ ᠳᠤ ᠢᠮᠠᠭᠲᠠ ᠡᠷᠡᠰ ᠴᠢᠩᠭ᠎ᠠ ᠤᠳᠤᠷᠢᠳᠬᠤ ᠭᠣᠣᠯᠯᠠᠭᠴᠢ ᠬᠦᠴᠦᠨ ᠮᠥᠨ ᠃
    ᠬᠣᠶᠠᠷ ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠂ ᠡᠨᠡ ᠪᠣᠯ ᠮᠠᠨ ᠤ ᠨᠠᠮ ᠤᠨ ᠲᠤᠰ ᠪᠡᠶ᠎ᠡ ᠶᠢᠨ ᠠᠰᠠᠭᠤᠳᠠᠯ ᠢᠶᠠᠨ ᠰᠢᠢᠳᠪᠦᠷᠢᠯᠡᠬᠦ ᠂ ᠲᠦᠷᠦ ᠪᠠᠷᠢᠬᠤ ᠪᠠᠶᠢᠷᠢ ᠰᠠᠭᠤᠷᠢ ᠪᠠᠨ ᠪᠡᠬᠢᠵᠢᠭᠦᠯᠵᠦ ᠰᠢᠨ᠎ᠡ ᠠᠷᠭ᠎ᠠ ᠵᠠᠮ ᠢ ᠲᠠᠰᠤᠷᠠᠯᠲᠠ ᠦᠭᠡᠢ
    ᠲᠤᠢᠷᠦ ᠪᠠᠷᠢᠬᠤ ᠴᠠᠭ ᠬᠤᠭᠤᠴᠠᠭ᠎ᠠ ᠬᠡᠳᠦᠶ ᠣᠷᠳᠣ ᠪᠣᠯ ᠂ ᠨᠠᠮ ᠤᠨ ᠲᠤᠰ ᠪᠡᠶ᠎ᠡ ᠶᠢᠨ ᠪᠠᠶᠢᠭᠤᠯᠤᠯᠲᠠ ᠶᠢᠨ ᠡᠭᠦᠷᠭᠡ ᠤᠯᠠᠮ ᠪᠡᠷᠬᠡ ᠬᠠᠲᠠᠭᠤᠵᠢᠯᠲᠠᠶ ᠪᠠᠶᠢᠨ᠎ᠠ ᠃ 《 ᠳᠤᠯᠤᠭᠠᠨ ᠰᠠᠷ᠎ᠠ ᠶᠢᠨ ᠨᠢᠭᠡᠨ 》 ᠦ ᠳᠣᠲᠣᠷ᠎ᠠ ᠂ ᠬᠤ ᠶᠢᠨ ᠲᠤᠤ ᠵᠢᠭᠠᠵᠤ ᠭᠠᠷᠭᠠᠭᠰᠠᠨ ᠨᠢ ᠄ 《 ᠤᠶᠤᠨ ᠰᠠᠨᠠᠭ᠎ᠠ ᠴᠠᠯᠠᠭᠠᠶᠢᠷᠠᠬᠤ ᠠᠶᠤᠯ ᠂ ᠴᠢᠳᠠᠪᠤᠷᠢ ᠬᠦᠷᠦᠯᠴᠡᠬᠦ ᠦᠭᠡᠢ ᠠᠶᠤᠯ ᠂ ᠤᠯᠡᠠ ᠲᠦᠮᠡᠨ ᠡᠴᠡ ᠬᠥᠨᠳᠡᠶᠢᠷᠡᠬᠦ ᠠᠶᠤᠯ ᠂ ᠨᠠᠵᠠᠭᠠᠶᠢᠷᠠᠨ ᠢᠯᠵᠠᠷᠠᠬᠤ ᠠᠶᠤᠯ ᠪᠦᠬᠦ ᠨᠠᠮ ᠤᠨ ᠡᠮᠦᠨ᠎ᠡ ᠨᠡᠩ ᠬᠤᠷᠴᠠ ᠰᠢᠷᠦᠭᠦᠨ ᠢᠶᠡᠷ ᠲᠠᠯᠪᠢᠭᠳᠠᠵᠤ ᠪᠠᠶᠢᠨ᠎ᠠ ᠂ ᠨᠠᠮ ᠨᠢ ᠨᠠᠮ ᠢᠶᠠᠨ ᠬᠠᠮᠢᠶᠠᠷᠬᠤ ᠂ ᠨᠠᠮ ᠢ ᠴᠢᠩᠭ᠎ᠠ ᠵᠠᠰᠠᠬᠤ ᠡᠭᠦᠷᠭᠡ ᠥᠩᠭᠡᠷᠡᠭᠰᠡᠨ ᠦ ᠠᠯᠢ ᠴᠤ ᠦᠶ᠎ᠡ ᠡᠴᠡ ᠪᠦᠷ ᠨᠡᠩ ᠬᠦᠨᠳᠦ ᠨᠦᠰᠡᠷ ᠂ ᠨᠡᠩ ᠪᠠᠴᠢᠮ ᠲᠤᠯᠭᠠᠮ᠎ᠠ 》 ᠭᠡᠵᠦ ᠵᠠᠰᠠᠪᠠ ᠃ ᠡᠨᠡ ᠨᠢ 《 ᠳᠥᠷᠪᠡᠨ ᠶᠡᠬᠡ ᠠᠶᠤᠯ ᠲᠦᠭᠰᠢᠭᠦᠷᠢ 》 ᠂ ᠨᠠᠮ ᠤᠨ ᠬᠦᠰᠡᠯᠡᠩ ᠢᠲᠡᠭᠡᠯ ᠪᠢᠰᠢᠷᠡᠯ ᠢᠶᠡᠨ ᠪᠠᠲᠤᠳᠬᠠᠵᠤ ᠂ ᠤᠶᠦᠠ ᠤᠬᠠᠭᠠᠨ ᠤ ᠬᠦᠰᠡᠯᠡᠩ ᠂ ᠴᠤᠬ ᠰᠦᠯᠳᠡ ᠂ ᠤᠶᠦᠠ ᠤᠬᠠᠭᠠᠨ ᠤ ᠪᠠᠶᠢᠳᠠᠯ ᠂ ᠨᠠᠮ ᠤᠨ ᠲᠦᠷᠦ ᠪᠠᠷᠢᠬᠤ ᠴᠢᠳᠠᠪᠤᠷᠢ ᠶᠢ ᠳᠡᠭᠡᠭᠰᠢᠯᠡᠭᠦᠯᠬᠦ ᠂ ᠨᠠᠮ ᠤᠨ ᠰᠤᠷᠲᠠᠯ ᠤᠨ ᠪᠦᠲᠦᠭᠡᠨ ᠪᠠᠶᠢᠭᠤᠯᠤᠯᠲᠠ ᠵᠢᠴᠢ ᠨᠠᠮ ᠤᠨ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠵᠡᠷᠭᠡ ᠲᠠᠯ᠎ᠠ ᠪᠠᠷ ᠵᠠᠳᠠᠯᠤᠨ ᠰᠢᠨᠵᠢᠯᠡᠵᠦ ᠂ ᠨᠠᠮ ᠤᠨ ᠲᠤᠰ ᠪᠡᠶ᠎ᠡ ᠶᠢᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠠᠰᠠᠭᠤᠳᠠᠯ ᠂ ᠰᠠᠨᠠᠭᠠᠰᠢᠷᠠᠨ ᠵᠣᠪᠠᠨᠢᠬᠤ ᠤᠬᠠᠮᠰᠠᠷ ᠳᠦᠭᠦᠷᠴᠦ ᠪᠠᠶᠢᠳᠠᠭ ᠃ ᠡᠳᠡᠭᠡᠷ ᠲᠠᠨᠢᠯᠲᠠ ᠨᠢ ᠨᠢᠭᠡᠨ ᠳᠦᠷᠦ ᠶᠢᠨ ᠨᠠᠮ ᠤᠨ ᠪᠣᠯᠪᠠᠰᠤᠷᠠᠩᠭᠤᠶ ᠪᠣᠯᠤᠨ ᠢᠲᠡᠭᠡᠯ ᠮᠡᠳᠡᠬᠦ . ᠣᠳᠣᠬᠢ ᠂ ᠨᠠᠮ ᠤᠨ ᠤᠳᠤᠷᠢᠳᠬᠤ ᠬᠢᠷᠢ ᠬᠡᠮᠵᠢᠶ᠎ᠡ ᠪᠠ ᠲᠦᠷᠦ ᠪᠠᠷᠢᠬᠤ ᠬᠢᠷᠢ ᠬᠡᠮᠵᠢᠶ᠎ᠡ ᠂ ᠨᠠᠮ ᠤᠨ ᠪᠠᠶᠢᠭᠤᠯᠤᠯᠲᠠ ᠶᠢᠨ ᠪᠠᠶᠢᠳᠠᠯ ᠂ ᠨᠠᠮ ᠤᠨ ᠭᠡᠰᠢᠭᠦᠨ ᠦ ᠡᠩᠨᠡᠭᠡ ᠶᠢᠨ ᠬᠡᠪ ᠴᠢᠨᠠᠷ ᠶᠡᠷᠦᠩᠬᠡᠶ ᠳᠡᠭᠡᠨ ᠨᠠᠮ ᠤᠨ ᠡᠭᠦᠷᠭᠡᠯᠡᠵᠦ ᠪᠠᠶᠢᠭ᠎ᠠ ᠲᠡᠦᠬᠡᠲᠦ ᠡᠭᠦᠷᠭᠡ ᠲᠡᠶ ᠵᠣᠬᠢᠴᠠᠵᠤ ᠪᠠᠶᠢᠨ᠎ᠠ ᠃ ᠬᠠᠮᠲᠤ ᠂ ᠨᠠᠮ ᠤᠨ ᠳᠣᠲᠣᠭᠠᠳᠤ ᠳᠤ ᠪᠠᠶᠢᠬᠤ ᠪᠥᠭᠡᠳ ᠪᠠᠰᠠ ᠴᠥᠭᠡᠨ ᠪᠤᠰᠤ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠱᠠᠭᠠᠷᠳᠠᠯᠭ᠎ᠠ ᠳᠤ ᠵᠣᠬᠢᠴᠠᠬᠤ ᠦᠭᠡᠢ ᠪᠠᠶᠢᠨ᠎ᠠ ᠂ ᠨᠠᠮ ᠤᠨ ᠰᠢᠨᠵᠢ ᠴᠢᠨᠠᠷ ᠪᠠ ᠵᠣᠷᠢᠯᠲᠠ ᠶᠢᠨ ᠨᠡᠶᠢᠴᠡᠬᠦ ᠦᠭᠡᠢ ᠠᠰᠠᠭᠤᠳᠠᠯ ᠂ ᠡᠭᠦᠨ ᠳᠦ ᠭᠣᠣᠯᠳᠠᠭᠤ ᠄ ᠵᠠᠷᠢᠮ ᠨᠠᠮ ᠤᠨ ᠭᠡᠰᠢᠭᠦᠨ ᠂ ᠺᠠᠳ᠋ᠷᠴᠤᠳ ᠤᠨ ᠤᠨᠦᠯ ᠤᠨ ᠰᠤᠷᠦᠯᠴᠡᠯᠭ᠎ᠠ ᠶᠢ ᠣᠮᠲᠣᠭᠠᠶᠢᠯᠠᠵᠤ ᠂ ᠰᠤᠷᠴᠤ ᠬᠡᠷᠡᠭᠯᠡᠬᠦ ᠨᠢ ᠰᠠᠯᠤᠩᠭᠢᠷᠠᠭᠰᠠᠨ ᠂ ᠬᠦᠰᠡᠯᠡᠩ ᠪᠣᠯᠤᠨ ᠢᠲᠡᠭᠡᠯ ᠵᠣᠷᠢᠭ ᠨᠢ ᠭᠤᠶᠢᠪᠢᠯᠵᠠᠵᠤ ᠂ ᠮᠠᠷᠺᠰ ᠤᠨ ᠦᠵᠡᠯ ᠦᠨ ᠢᠲᠡᠭᠡᠯ ᠪᠢᠰᠢᠷᠡᠯ ᠡᠷᠡᠰ ᠪᠠᠲᠤ ᠪᠢᠰᠢ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠢᠲᠡᠭᠡᠯ ᠵᠣᠷᠢᠭ ᠳᠤᠲᠠᠮᠠᠭ ᠪᠠᠶᠢᠨ᠎ᠠ ᠃ ᠵᠠᠷᠢᠮ ᠨᠠᠮ ᠤᠨ ᠵᠣᠬᠢᠶᠠᠨ ᠪᠠᠶᠢᠭᠤᠯᠤᠯᠲᠠ ᠠᠷᠠᠳᠴᠢᠯᠠᠯ ᠲᠥᠪᠯᠡᠷᠡᠯ ᠦᠨ ᠶᠣᠰᠣ  ᠶᠢ ᠬᠦᠴᠦᠲᠡᠶ ᠲᠤᠤᠱᠯᠠᠭᠤᠯᠤᠭᠰᠠᠨ ᠵᠠᠷᠢᠮ ᠨᠢ ᠲᠥᠪ ᠬᠣᠷᠢᠶᠠᠨ ᠤ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠬᠡᠷᠡᠭᠵᠢᠭᠦᠯᠦᠭᠰᠡᠨ ᠦᠭᠡᠢ ᠂ ᠵᠠᠷᠢᠮ ᠨᠠᠮ ᠤᠨ ᠭᠡᠰᠢᠭᠦᠨ ᠦ ᠠᠷᠠᠳᠴᠢᠯᠠᠯ ᠤᠨ ᠡᠷᠬᠡ ᠶᠢ ᠪᠠᠲᠤᠯᠠᠬᠤ ᠨᠢ ᠨᠠᠶᠢᠳᠠᠪᠤᠷᠢᠵᠢᠭᠤᠯᠤᠭᠰᠠᠨ ᠦᠭᠡᠢ ᠂ ᠵᠠᠷᠢᠮ ᠨᠠᠮ ᠤᠨ ᠭᠡᠰᠢᠭᠦᠨ ᠺᠠᠳ᠋ᠷ ᠤᠨ ᠬᠠᠤᠯᠢ ᠪᠠᠷ ᠵᠠᠰᠠᠬᠤ ᠤᠬᠠᠮᠰᠠᠷ ᠂ ᠰᠠᠬᠢᠯᠭ᠎ᠠ ᠪᠠᠲᠤ ᠶᠢᠨ ᠦᠵᠡᠯᠲᠡ ᠰᠤᠯᠠᠷᠠᠨ ᠪᠠᠭᠤᠷᠠᠭᠰᠠᠨ ᠃ ᠵᠠᠷᠢᠮ ᠤᠳᠤᠷᠢᠳᠬᠤ ᠪᠠᠭ ᠤᠨ ᠪᠦᠬᠦᠯᠢ ᠴᠣᠭᠴᠠ ᠶᠢᠨ ᠦᠢᠯᠡᠳᠦᠯ ᠢ ᠪᠠᠳᠠᠷᠠᠭᠤᠯᠵᠤ ᠴᠢᠳᠠᠭᠰᠠᠨ ᠦᠬᠡᠢ ᠂ ᠰᠢᠨᠵᠢᠯᠡᠬᠦ ᠤᠬᠠᠭᠠᠨᠴᠢ ᠬᠥᠭᠵᠢᠯᠲᠡ ᠶᠢ ᠲᠦᠯᠬᠢᠨ ᠠᠬᠢᠭᠤᠯᠬᠤ ᠂ ᠪᠤᠳᠤᠯᠢᠶᠠᠨ ᠲᠠᠶ ᠠᠰᠠᠭᠤᠳᠠᠯ  ᠢ ᠰᠢᠶᠳᠪᠦᠷᠢᠯᠡᠬᠦ ᠴᠢᠳᠠᠪᠤᠷᠢ ᠪᠠᠷ ᠬᠦᠷᠦᠯᠴᠡᠬᠦ ᠦᠭᠡᠢ ᠂ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠦᠨ ᠬᠥᠮᠦᠨ ᠰᠣᠩᠭᠣᠵᠤ ᠬᠥᠮᠦᠨ ᠬᠡᠷᠡᠭᠯᠡᠬᠦ ᠨᠡᠶᠢᠲᠡ ᠶᠢᠨ ᠢᠲᠡᠭᠡᠮᠵᠢᠯᠡᠯ ᠥᠨᠳᠥᠷ ᠪᠢᠰᠢ ᠂ ᠨᠣᠶᠠᠨ ᠵᠡᠷᠭᠡ ᠬᠥᠭᠡᠭᠡᠴᠡᠯᠳᠦᠬᠦ ᠂ ᠨᠣᠶᠠᠨ ᠵᠡᠷᠭᠡ ᠬᠤᠳᠠᠯᠳᠤᠭᠠᠯᠠᠬᠤ ᠵᠡᠷᠭᠡ ᠣᠯᠠᠨᠲᠠ ᠴᠠᠭᠠᠵᠠᠯᠠᠭᠰᠠᠨ ᠴᠤ ᠵᠣᠭᠰᠣᠬᠤ ᠦᠭᠡᠢ ᠪᠠᠶᠢᠨ᠎ᠠ ᠃ ᠵᠠᠷᠢᠮ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠢᠢᠴᠢᠨ ᠪᠡᠬᠢᠯᠡᠯᠲᠡ ᠶᠢᠨ ᠦᠶᠯᠡᠳᠦᠯ ᠨᠢ ᠴᠢᠩᠭ᠎ᠠ ᠪᠢᠰᠢ ᠂ ᠵᠠᠷᠢᠮ ᠨᠢ ᠲᠤᠷᠤᠢ ᠪᠠᠭᠤᠷᠠᠶ ᠰᠤᠯᠠ ᠵᠠᠳᠠᠭᠠᠶ ᠪᠠᠶᠢᠵᠤ ᠂ ᠵᠠᠷᠢᠮ ᠬᠦᠷᠢᠶᠡᠨ ᠳᠡᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠨᠢ ᠥᠷᠭᠡᠨ ᠶᠡᠬᠡ ᠪᠢᠰᠢ ᠂ ᠵᠠᠷᠢᠮ ᠨᠠᠮ ᠤᠨ ᠭᠡᠰᠢᠭᠦᠨ ᠦ ᠲᠤᠬᠠᠶ ᠤᠬᠠᠮᠰᠠᠷ ᠰᠤᠯᠠᠷᠠᠭᠰᠠᠨ ᠂ ᠬᠣᠰᠢᠭᠤᠴᠢ ᠵᠢᠱᠢᠶᠡᠴᠢ ᠦᠢᠯᠡᠳᠦᠯ ᠨᠢ ᠢᠯᠡᠷᠬᠡᠶ ᠦᠭᠡᠢ ᠃ ᠵᠠᠷᠢᠮ ᠤᠳᠤᠷᠢᠳᠬᠤ ᠺᠠᠳ᠋ᠷ ᠤᠨ ᠵᠣᠷᠢᠯᠲᠠ ᠶᠢᠨ ᠤᠬᠠᠮᠰᠠᠷ ᠨᠢ ᠪᠠᠭᠤᠷᠠᠶ ᠂ ᠣᠯᠠᠨ ᠲᠦᠮᠡᠨ ᠡᠴᠡ ᠬᠥᠨᠳᠡᠶᠢᠷᠡᠬᠦ ᠂ ᠪᠣᠳᠠᠲᠠᠶ ᠠᠴᠠ ᠰᠠᠯᠬᠤ ᠂ ᠡᠷᠬᠢᠮᠯᠡᠬᠦ ᠤᠢᠭᠡᠢ ᠂ᠵᠠᠷᠴᠢᠮ ᠂ ᠬᠠᠷᠢᠭᠤᠴᠠᠯᠭ᠎ᠠ ᠦᠭᠡᠢ ᠂ ᠬᠡᠯᠡᠵᠦ ᠪᠠᠷᠢᠬᠤ ᠨᠢ ᠠᠳᠠᠯᠢ ᠦᠭᠡᠢ ᠂ ᠬᠤᠯᠤ ᠳᠠᠷᠢᠵᠤ ᠬᠤᠳᠠᠯ ᠬᠡᠯᠡᠬᠦ ᠂ ᠱᠠᠯᠢᠨ ᠪᠦᠷᠢᠯᠭᠡᠬᠦ ᠂ ᠱᠠᠯᠢᠨ ᠪᠦᠷᠢᠯᠭᠡᠵᠦ ᠵᠢᠷᠭᠠᠨ ᠴᠡᠩᠭᠡᠭᠰᠡᠨ ᠂ ᠬᠤᠪᠢᠨᠴᠢᠷ ᠦᠵᠡᠯ ᠨᠢ ᠲᠤᠪᠤᠢᠢᠮ᠎ᠠ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠬᠦᠨᠳᠦ ᠨᠣᠴᠢᠲᠠᠶ ᠣᠷᠣᠰᠢᠵᠤ ᠪᠠᠶᠢᠨ᠎ᠠ ᠃ ᠵᠠᠷᠢᠮ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠵᠡᠷᠭᠡ ᠶᠢᠨ ᠺᠠᠳ᠋ᠷᠴᠤᠳ ᠤᠨ ᠳᠣᠲᠣᠷ᠎ᠠ ᠡᠭᠦᠰᠦᠭᠰᠡᠨ ᠢᠯᠵᠠᠷᠠᠨ ᠳᠤᠷᠤᠢᠢᠳᠠᠭᠰᠠᠨ ᠬᠡᠷᠡᠭ ᠮᠠᠰᠢ ᠮᠠᠭᠤ ᠨᠥᠯᠥᠭᠡ ᠭᠠᠷᠭᠠᠵᠤ ᠂ ᠵᠠᠷᠢᠮ ᠬᠦᠷᠢᠶᠡᠨ ᠳᠦ ᠢᠯᠵᠠᠷᠠᠨ ᠲᠤᠷᠤᠢᠢᠳᠠᠬᠤ ᠦᠵᠡᠭᠳᠡᠯ ᠠᠮᠠᠷᠬᠠᠨ ᠡᠭᠦᠰᠴᠦ ᠣᠯᠠᠨᠲᠠ ᠡᠭᠦᠰᠴᠦ ᠪᠠᠶᠢᠨ᠎ᠠ . ‍ᠠ᠌ᠳ᠋ᠡᠭᠡᠷ ᠠᠰᠠᠭᠤᠳᠠᠯ ᠨᠢ ᠨᠠᠮ ᠤᠨ ᠡᠭᠦᠳᠦᠨ ᠪᠦᠲᠦᠭᠡᠬᠦ ᠬᠦᠴᠦᠨ ᠂ ᠳᠣᠲᠣᠭᠠᠳᠤ ᠪᠠᠷᠢᠯᠳᠤᠯ ᠤᠨ ᠬᠦᠴᠦ ᠂ ᠲᠡᠢᠢᠴᠢᠠ ᠬᠦᠴᠦᠨ ᠂ ᠬᠦᠨᠳᠦ ᠨᠣᠴᠢᠲᠠᠶ ᠬᠣᠬᠢᠷᠠᠭᠤᠯᠵᠤ ᠂ ᠨᠠᠮ ᠪᠣᠯᠤᠨ ᠠᠷᠠᠳ ᠤᠯᠠᠨ ᠤ ᠬᠣᠭᠣᠷᠣᠨᠳᠣᠬᠢ ᠴᠢᠰᠤ ᠮᠢᠬᠠᠨ ᠤ ᠬᠠᠷᠢᠯᠴᠠᠭ᠎ᠠ ᠶᠢ ᠪᠠᠲᠤᠯᠠᠨ᠎ᠠ ᠂ ᠬᠦᠨᠳᠦ ᠨᠣᠴᠢᠲᠠᠶ ᠨᠥᠯᠥᠭᠡᠯᠡᠵᠦ ᠂ ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠶᠢ ᠪᠡᠬᠢᠵᠢᠭᠦᠯᠬᠦ ᠪᠠ ᠲᠦ᠋ᠷᠦ ᠪᠠᠷᠢᠬᠤ ᠡᠭᠦᠷᠭᠡ ᠪᠡᠨ ᠪᠡᠶᠡᠯᠡᠭᠦᠯᠬᠦ ᠬᠡᠷᠡᠭᠲᠡᠶ ᠃ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠂ ᠪᠣᠯ ᠳᠠᠷᠤᠶ ᠰᠢᠨᠵᠢᠯᠡᠬᠦ ᠤᠬᠠᠭᠠᠨᠴᠢ ᠤᠨᠤᠯ ᠢᠶᠠᠷ ᠨᠠᠮ ᠤᠨ ᠪᠠᠶᠢᠭᠤᠯᠤᠯᠲᠠ ᠶᠢ ᠵᠢᠯᠣᠭᠣᠳᠴᠤ ᠂ ᠰᠢᠨᠵᠢᠯᠡᠬᠦ ᠤᠬᠠᠭᠠᠨᠴᠢ ᠲᠦᠷᠢᠮ ᠢᠶᠡᠷ ᠨᠠᠮ ᠤᠨ ᠪᠠᠶᠢᠭᠤᠯᠤᠯᠲᠠ ᠶᠢ ᠪᠠᠲᠤᠯᠠᠬᠤ ᠂ ᠰᠢᠨᠵᠢᠯᠡᠬᠦ ᠤᠬᠠᠭᠠᠨᠴᠢ ᠠᠷᠭ᠎ᠠ ᠪᠠᠷ ᠨᠠᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠂ ᠡᠭᠦᠨ ᠦ ᠤᠯᠠᠮ ᠠᠴᠠ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠳᠤᠪᠤᠢᠢᠮ᠎ᠠ ᠠᠰᠠᠭᠤᠳᠠᠯ ᠢ ᠰᠢᠶᠳᠪᠦᠷᠢᠯᠡᠬᠦ ᠠᠷᠭ᠎ᠠ ᠶᠢ ᠡᠷᠢᠵᠦ ᠣᠯᠤᠭᠰᠠᠨ ᠪᠠ ᠪᠦᠲᠦᠮᠵᠢᠲᠡᠶ ᠠᠷᠭ᠎ᠠ ᠵᠠᠮ ᠮᠥᠨ ᠃
    ᠭᠤᠷᠪᠠ ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠂ ᠪᠣᠯ ᠮᠠᠨ ᠤ ᠨᠠᠮ ᠤᠨ ᠲᠦᠷᠦ ᠪᠠᠷᠢᠭᠰᠠᠨ ᠲᠤᠷᠰᠢᠯᠭ᠎ᠠ ᠶᠢ ᠳ᠋ᠦᠩᠨᠡᠵᠦ ᠂ ᠲᠠᠰᠤᠷᠠᠯᠲᠠ ᠦᠭᠡᠶ ᠬᠠᠶᠢᠨ ᠰᠦᠪᠡᠭᠴᠢᠯᠡᠵᠦ ᠂ ᠲᠦᠷᠦ ᠪᠠᠷᠢᠬᠤ ᠵᠢᠮ᠎ᠡ ᠶᠣᠰᠣᠨ ᠤ ᠲᠤᠬᠠᠶ ᠰᠢᠨ᠎ᠡ ᠡᠵᠡᠮᠳᠡᠵᠦ ᠂
ᠲᠤᠷᠰᠢᠯᠭ᠎ᠠ ᠪᠠᠨ ᠰᠠᠶᠢᠲᠤᠷ ᠳ᠋ᠦᠩᠨᠡᠬᠦ ᠪᠠ ᠨᠠᠮ ᠤᠨ ᠪᠠᠶᠢᠭᠤᠯᠤᠯᠲᠠ ᠶᠢᠨ ᠵᠢᠮ᠎ᠡ ᠶᠣᠰᠣ ᠶᠢ ᠡᠵᠡᠮᠰᠢᠵᠦ ᠂ ᠨᠠᠮ ᠤᠨ ᠪᠠᠶᠢᠭᠤᠯᠤᠯᠲᠠ ᠶᠢ ᠵᠢᠯᠣᠭᠣᠳᠬᠤ ᠳᠤ ᠬᠡᠷᠡᠭᠯᠡᠳᠡᠭ ᠶᠤᠮ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠨ ᠶᠡᠬᠡ ᠳᠠᠪᠠᠭᠤᠯᠢᠭ ᠲᠠᠯ᠎ᠠ ᠪᠣᠯᠬᠤ ᠶᠤᠮ ᠃ ᠠᠷᠪᠠᠨ ᠳᠣᠯᠣᠳᠤᠭᠠᠷ ᠬᠤᠭᠤᠴᠠᠭᠠᠨ ᠤ ᠲᠥᠪ ᠬᠣᠷᠢᠶᠠᠨ ᠤ ᠳᠥᠷᠪᠡᠳᠦᠭᠡᠷ ᠪᠥᠬᠥᠳᠡ ᠬᠤᠷᠠᠯ ᠤᠨ 《 ᠲᠤᠬᠠᠶ ᠨᠠᠮ ᠤᠨ ᠲᠥᠪ ᠬᠣᠷᠢᠶᠠᠨ ᠤ ᠰᠢᠨ᠎ᠡ ᠪᠠᠶᠢᠳᠠᠯ ᠤᠨ ᠳᠣᠣᠷ᠎ᠠ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠶᠡᠬᠡ ᠠᠰᠠᠭᠤᠳᠠᠯ ᠤᠳ ᠤᠨ ᠲᠤᠬᠠᠶ ᠲᠣᠭᠲᠠᠭᠠᠯ 》 ᠢ ᠠᠩᠬ᠎ᠠ ᠤᠳᠠᠭ᠎ᠠ ᠲᠣᠳᠣᠷᠬᠠᠶ ᠳᠤᠷᠠᠳᠤᠨ ᠭᠠᠷᠭᠠᠵᠤ ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠠᠰᠠᠭᠤᠳᠠᠯ ᠄ ᠦᠵᠡᠯ ᠰᠠᠨᠠᠭ᠎ᠠ ᠪᠠᠨ ᠦᠷᠭᠦᠯᠵᠢᠯᠡᠨ ᠴᠢᠯᠥᠭᠡᠯᠡᠬᠦ ᠂ ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠬᠤ ᠶᠢ ᠪᠠᠷᠢᠮᠲᠠᠯᠠᠵᠤ ᠂ ᠰᠢᠨᠵᠢᠯᠡᠬᠦ ᠤᠬᠠᠭᠠᠨᠴᠢ ᠬᠥᠭᠵᠢᠯᠲᠡ ᠶᠢ ᠲᠦᠯᠬᠢᠨ ᠠᠬᠢᠭᠤᠯᠬᠤ ᠂ ᠨᠡᠶᠢᠭᠡᠮ ᠦᠨ ᠡᠶ᠎ᠡ ᠵᠣᠬᠢᠴᠠᠯ ᠢ ᠠᠬᠢᠭᠤᠯᠤᠨ ᠂ ᠲᠠᠯ᠎ᠠ ᠠᠴᠠ ᠪᠣᠳᠣᠯᠬᠢᠯᠠᠨ ᠂ ᠨᠠᠮ ᠤᠨ ᠲᠦᠷᠦ ᠪᠠᠷᠢᠬᠤ ᠴᠢᠳᠠᠪᠤᠷᠢ ᠶᠢ ᠳᠡᠭᠡᠭᠰᠢᠯᠡᠭᠦᠯᠬᠦ ᠂ ᠨᠠᠮ ᠤᠨ ᠲᠡᠷᠢᠭᠦᠨ ᠦ ᠴᠢᠨᠠᠷ ᠢ ᠬᠡᠪ ᠢᠶᠡᠷ ᠪᠠᠶᠢᠯᠭᠠᠵᠤ ᠂ ᠬᠥᠭᠵᠢᠭᠦᠯᠵᠦ ᠪᠣᠯᠤᠨ᠎ᠠ ᠂ ᠴᠢᠩᠭᠠᠷᠠᠭᠤᠯᠬᠤ ᠶᠢ ᠪᠣᠳᠣᠯᠬᠢᠯᠠᠵᠤ ᠂ ᠪᠦᠬᠦ ᠨᠠᠮ ᠤᠨ ᠨᠠᠮ ᠪᠠ ᠠᠷᠠᠳ ᠲᠦᠮᠡᠨ ᠦ ᠦᠢᠯᠡᠰ ᠦᠨ ᠲᠥᠯᠥᠭᠡ ᠴᠥᠬᠥᠷᠡᠰᠢ ᠦᠬᠡᠢ ᠲᠡᠮᠡᠴᠡᠬᠦ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠂ ᠪᠣᠳᠣᠯᠬᠢᠯᠠᠵᠤ ᠂ ᠨᠠᠮ ᠪᠣᠯᠤᠨ ᠠᠷᠠᠳ ᠤᠯᠠᠨ ᠤ ᠬᠣᠭᠣᠷᠣᠨᠳᠣᠬᠢ ᠴᠢᠰᠤ ᠮᠢᠬᠠᠨ ᠤ ᠬᠠᠷᠢᠯᠴᠠᠭ᠎ᠠ ᠶᠢ ᠪᠠᠲᠤᠯᠠᠨ᠎ᠠ ᠂ ᠭᠣᠣᠯᠳᠠᠯᠭ᠎ᠠ ᠶᠢ ᠲᠤᠪᠤᠢᠢᠯᠭᠠᠨ ᠂ ᠪᠡᠷᠬᠡ ᠲᠠᠯ᠎ᠠ ᠳᠤ ᠰᠢᠪᠲᠤᠯᠤᠯᠲᠠ ᠭᠠᠷᠭᠠᠵᠤ ᠂ ᠪᠦᠬᠦ ᠲᠠᠯ᠎ᠠ ᠪᠠᠷ ᠲᠦᠯᠬᠢᠨ ᠠᠬᠢᠭᠤᠯᠵᠤ ᠂ ᠦᠵᠡᠯ ᠰᠠᠨᠠᠭᠠᠨ ᠤ ᠪᠠᠶᠢᠭᠤᠯᠤᠯᠲᠠ ᠂ ᠵᠣᠬᠢᠶᠠᠨ ᠪᠠᠶᠢᠭᠤᠯᠤᠯᠲᠠ ᠶᠢᠨ ᠪᠦᠳᠦᠭᠡᠨ ᠪᠠᠶᠢᠭᠤᠯᠤᠯᠲᠠ ᠂ ᠰᠤᠷᠲᠠᠯ ᠤᠨ ᠪᠠᠶᠢᠭᠤᠯᠤᠯᠲᠠ ᠂ ᠲᠦᠷᠢᠮ ᠦᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠵᠦ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠃ ᠮᠠᠨ ᠤ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠦᠢᠯᠡᠳᠦᠯᠭᠡ ᠶᠢᠨ ᠳᠤᠮᠳᠠ ᠂ ᠲᠣᠭᠣᠷᠢᠨ ᠳᠤ ᠂ ᠶᠠᠮᠠᠷ ᠶᠠᠩᠵᠤ ᠶᠢᠨ ᠨᠠᠮ ᠪᠠᠶᠢᠭᠤᠯᠬᠤ ᠂ ᠨᠠᠮ ᠢᠶᠠᠨ ᠬᠡᠷᠬᠢᠨ ᠪᠠᠶᠢᠭᠤᠯᠬᠤ ᠪᠤᠢ ᠭᠡᠳᠡᠭ ᠴᠢᠬᠤᠯᠠ ᠶᠡᠬᠡ ᠰᠡᠳᠦᠪ ᠂ ᠲᠤᠰ ᠪᠡᠶ᠎ᠡ ᠶᠢᠨ ᠪᠠᠶᠢᠭᠤᠯᠤᠯᠲᠠ ᠶᠢᠨ ᠵᠥᠪ ᠪᠤᠷᠤᠭᠤ ᠬᠣᠶᠠᠷ ᠲᠠᠯ᠎ᠠ ᠶᠢᠨ ᠲᠤᠷᠰᠢᠯᠭ᠎ᠠ ᠶᠢ ᠲᠠᠰᠤᠷᠠᠯᠲᠠ ᠦᠭᠡᠢ ᠳ᠋ᠦᠩᠨᠡᠨ ᠬᠡᠷᠡᠭᠯᠡᠵᠦ ᠂ ᠲᠤᠯᠢ ᠪᠣᠯᠭᠠᠵᠤ ᠂ ᠳᠡᠯᠡᠬᠡᠶ ᠳᠡᠭᠡᠷᠡᠬᠢ ᠵᠠᠷᠢᠮ ᠲᠥᠷᠥ ᠪᠠᠷᠢᠭᠴᠢ ᠨᠠᠮ ᠤᠨ ᠥᠭᠡᠳᠡᠯᠡᠵᠦ ᠤᠷᠤᠭᠤᠳᠠᠵᠤ ᠪᠦᠲᠦᠵᠦ ᠪᠥᠷᠢᠯᠦᠭᠰᠡᠨ ᠲᠤᠷᠰᠢᠯᠭ᠎ᠠ ᠰᠤᠷᠭᠠᠮᠵᠢ ᠶᠢ ᠰᠦᠪᠡᠭᠴᠢᠯᠡᠨ ᠪᠦᠷᠢᠯᠳᠦᠭᠦᠯᠵᠦ ᠂ ᠮᠠᠨ ᠤ ᠨᠠᠮ ᠤᠨ ᠮᠠᠷᠺᠰ ᠤᠨ ᠦᠵᠡᠯ ᠦᠨ ᠲᠦᠷᠦ ᠪᠠᠷᠢᠭᠴᠢ ᠨᠠᠮ ᠪᠣᠯᠤᠭᠰᠠᠨ ᠤ ᠬᠤᠪᠢ ᠳᠤ ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠦᠨᠳᠦᠰᠦᠨ ᠲᠤᠷᠰᠢᠯᠭ᠎ᠠ ᠪᠣᠯᠬᠤ ᠶᠤᠮ ᠃ ᠵᠢᠱᠢᠶᠡᠯᠡᠪᠡᠯ ᠄ ᠪᠠᠷᠢᠮᠲᠠᠯᠠᠵᠤ ᠂ ᠦᠵᠡᠯ ᠰᠠᠨᠠᠭ᠎ᠠ ᠤᠨᠤᠯ ᠤᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ ᠂ ᠪᠦᠬᠦ ᠨᠠᠮ ᠤᠨ ᠮᠠᠷᠺᠰ ᠤᠨ ᠦᠵᠡᠯ ᠦᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠃ ᠪᠠᠷᠢᠮᠲᠠᠯᠠᠵᠤ ᠂ ᠨᠠᠮ ᠤᠨ ᠪᠠᠶᠢᠭᠤᠯᠤᠯᠲᠠ ᠶᠢᠨ ᠠᠭᠤᠤ ᠶᠡᠬᠡ ᠢᠨᠵᠧᠨᠧᠷᠢᠩ ᠢ ᠠᠬᠢᠭᠤᠯᠬᠤ ᠶᠢ ᠨᠠᠮ ᠤᠨ ᠤᠳᠤᠷᠢᠳᠤᠭᠰᠠᠨ ᠠᠭᠤᠤ ᠶᠡᠬᠡ ᠦᠢᠯᠡᠰ ᠲᠡᠶ ᠨᠢᠭᠲᠠ ᠤᠶᠠᠯᠳᠤᠭᠤᠯᠬᠤ ᠶᠢ ᠠᠬᠢᠭᠤᠯᠵᠤ ᠂ ᠨᠠᠮ ᠢ ᠡᠭᠦᠷᠢᠳᠡ ᠨᠡᠶᠢᠭᠡᠮ ᠵᠢᠷᠤᠮᠲᠤ ᠦᠢᠯᠡᠰ ᠦᠨ ᠪᠠᠲᠤ ᠴᠢᠩᠭ᠎ᠠ ᠤᠳᠤᠷᠢᠳᠬᠤ ᠭᠣᠣᠯᠯᠠᠭᠴᠢ ᠪᠣᠯᠬᠤ ᠶᠢ ᠪᠠᠲᠤᠯᠠᠬᠤ ᠃ ᠳᠦ᠋ᠷᠦ ᠪᠠᠷᠢᠬᠤ ᠴᠢᠳᠠᠪᠤᠷᠢ ᠶᠢᠨ ᠪᠠᠶᠢᠭᠤᠯᠤᠯᠲᠠ ᠪᠣᠯᠤᠨ ᠲᠡᠷᠢᠭᠦᠨ ᠦ ᠴᠢᠨᠠᠷ ᠤᠨ ᠪᠠᠶᠢᠭᠤᠯᠤᠯᠲᠠ ᠪᠠᠷ ᠭᠣᠣᠯ ᠰᠢᠵᠢᠮ ᠪᠣᠯᠭᠠᠬᠤ ᠶᠢ ᠪᠠᠷᠢᠮᠲᠠᠯᠠᠵᠤ ᠂ ᠨᠠᠮ ᠤᠨ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠦ ᠶᠠᠪᠤᠬᠤ ᠶᠢ ᠪᠠᠲᠤᠯᠠᠨ᠎ᠠ . ᠪᠠᠰᠠ ᠵᠢᠱᠢᠶᠡᠯᠡᠪᠡᠯ ᠂ ᠨᠡᠶᠢᠲᠡ ᠶᠢᠨ ᠲᠥᠯᠥᠭᠡ ᠨᠠᠮ ᠪᠠᠶᠢᠭᠤᠯᠵᠤ ᠂ ᠲᠦᠮᠡᠨ ᠦ ᠲᠥᠯᠥᠭᠡ ᠳᠥ᠋ᠷᠥ ᠪᠠᠷᠢᠬᠤ ᠂ ᠨᠠᠮ ᠪᠣᠯᠤᠨ ᠠᠷᠠᠳ ᠤᠯᠠᠨ ᠤ ᠬᠣᠭᠣᠷᠣᠨᠳᠣᠬᠢ ᠴᠢᠰᠤ ᠮᠢᠬᠠᠨ ᠤ ᠬᠠᠷᠢᠯᠴᠠᠭ᠎ᠠ ᠶᠢ ᠪᠠᠲᠤᠯᠠᠨ᠎ᠠ ᠃ ᠥᠭᠡᠷᠡᠴᠢᠯᠡᠯᠲᠡ ᠰᠢᠨᠡᠴᠢᠯᠡᠯᠲᠡ ᠶᠢ ᠪᠠᠷᠢᠮᠲᠠᠯᠠᠵᠤ ᠂ ᠨᠠᠮ ᠤᠨ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ . ᠨᠠᠮ ᠨᠢ ᠨᠠᠮ ᠢ ᠬᠠᠮᠢᠶᠠᠷᠬᠤ ᠂ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ ᠂ ᠨᠠᠮ ᠢ ᠬᠠᠮᠢᠶᠠᠷᠬᠤ ᠪᠠ ᠨᠠᠮ ᠢ ᠵᠠᠰᠠᠬᠤ ᠬᠢᠷᠢ ᠬᠡᠮᠵᠢᠶ᠎ᠡ ᠪᠡᠨ ᠳᠡᠭᠡᠭᠰᠢᠯᠡᠭᠦᠯᠦᠨ᠎ᠡ . ᠡᠳᠡᠭᠡᠷ ᠦᠨᠳᠦᠰᠦᠨ ᠲᠤᠷᠰᠢᠯᠭ᠎ᠠ ᠢᠯᠡᠷᠡᠯ ᠪᠠ ᠭᠦᠨᠵᠡᠭᠡᠶᠢᠷᠡᠭᠦᠯᠵᠦ ᠂ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢᠨ ᠵᠢᠮ᠎ᠡ ᠶᠣᠰᠣ ᠂ ᠬᠥᠮᠦᠨ ᠲᠥᠷᠥᠯᠬᠢᠲᠡᠨ ᠦ ᠨᠡᠶᠢᠭᠡᠮ ᠦᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠶ ᠲᠠᠨᠢᠯᠲᠠ ᠪᠠᠨ ᠰᠢᠨ᠎ᠡ ᠪᠠᠶᠢᠳᠠᠯ ᠤᠨ ᠳᠣᠣᠷ᠎ᠠ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠵᠢᠯᠣᠭᠣᠳᠬᠤ ᠵᠠᠷᠴᠢᠮ ᠮᠥᠨ ᠃ ᠰᠢᠨ᠎ᠡ ᠪᠣᠳᠠᠲᠤ ᠪᠠᠶᠢᠳᠠᠯ ᠠᠴᠠ ᠡᠭᠦᠰᠴᠦ ᠂ ᠰᠢᠨᠵᠢᠯᠡᠬᠦ ᠤᠬᠠᠭᠠᠨᠴᠢ ᠣᠨᠣᠯ ᠢᠶᠠᠷ ᠨᠠᠮ ᠤᠨ ᠪᠠᠶᠢᠭᠤᠯᠤᠯᠲᠠ ᠶᠢ ᠵᠢᠯᠣᠭᠣᠳᠴᠤ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠰᠤᠳᠤᠯᠤᠨ ᠰᠢᠶᠳᠪᠦᠷᠢᠯᠡᠵᠦ ᠂ ᠨᠠᠮ ᠤᠨ ᠪᠠᠶᠢᠭᠤᠯᠤᠯᠲᠠ ᠳᠤ ᠲᠤᠯᠭᠠᠷᠠᠭᠰᠠᠨ ᠴᠢᠬᠤᠯᠠ ᠶᠡᠬᠡ ᠤᠨᠦᠯ ᠤᠨ ᠪᠠ ᠪᠣᠳᠠᠲᠤ ᠠᠰᠠᠭᠤᠳᠠᠯ ᠤᠳ ᠢ ᠪᠣᠳᠣᠯᠬᠢᠯᠠᠵᠤ ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ ᠂ ᠪᠦᠬᠦ ᠲᠠᠯ᠎ᠠ ᠪᠠᠷ ᠲᠠᠨᠢᠵᠤ ᠤᠬᠠᠮᠰᠠᠷ ᠠᠴᠠ ᠪᠠᠨ ᠬᠡᠷᠡᠭᠯᠡᠵᠦ ᠂ ᠮᠠᠷᠺᠰ ᠤᠨ ᠦᠵᠡᠯ ᠦᠨ ᠲᠦᠷᠦ ᠪᠠᠷᠢᠭᠴᠢ ᠨᠠᠮ ᠤᠨ ᠪᠠᠶᠢᠭᠤᠯᠤᠯᠲᠠ ᠶᠢᠨ ᠵᠢᠮ᠎ᠡ ᠶᠣᠰᠣ ᠂ ᠲᠦᠷᠪᠡ ᠂ ᠨᠠᠮ ᠤᠨ ᠪᠠᠶᠢᠭᠤᠯᠤᠯᠲᠠ ᠶᠢᠨ ᠠᠭᠤᠤ ᠶᠡᠬᠡ ᠰᠢᠨ᠎ᠡ 《 ᠢᠨᠵᠧᠨᠧᠷᠢᠩ ᠢ ᠪᠦᠭᠦ ᠲᠠᠯ᠎ᠠ ᠪᠠᠷ ᠲᠦᠯᠭᠢᠨ ᠠᠬᠢᠭᠤᠯᠤᠶ᠎ᠠ 》 ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ ᠃
    ᠦᠵᠡᠯ ᠰᠠᠨᠠᠭᠠᠨ ᠤ ᠪᠠᠶᠢᠭᠤᠯᠤᠯᠲᠠ ᠶᠢᠨ ᠲᠠᠯ᠎ᠠ ᠪᠠᠷ ᠂ ᠲᠡᠦᠬᠡ ᠶᠢᠨ ᠰᠢᠨ᠎ᠡ ᠨᠥᠬᠥᠴᠡᠯ ᠦᠨ ᠳᠣᠣᠷ᠎ᠠ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠂ ᠡᠷᠬᠡᠪᠰᠢ ᠦᠵᠡᠯ ᠰᠠᠨᠠᠭ᠎ᠠ ᠪᠠᠨ ᠴᠢᠯᠥᠭᠡᠯᠡᠬᠦ ᠂ ᠦᠨᠡᠨ ᠮᠥᠨ ᠢᠶᠡᠷ ᠨᠢ ᠂ ᠴᠠᠭ ᠦᠢ᠎ᠡ ᠲᠡᠶ ᠵᠡᠷᠭᠡᠴᠡᠨ ᠤᠷᠤᠭᠰᠢᠯᠠᠬᠤ ᠂ ᠶᠡᠬᠡᠪᠡᠷ ᠲᠦᠯᠬᠢᠨ ᠠᠬᠢᠭᠤᠯᠵᠤ ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠂ ᠴᠠᠭ ᠦᠶᠡᠴᠢᠯᠡᠬᠦ ᠂ ᠢᠷᠬᠡᠨᠴᠢᠯᠡᠯ ᠂ ᠪᠦᠬᠦ ᠨᠠᠮ ᠤᠨ ᠦᠵᠡᠯ ᠰᠠᠨᠠᠭ᠎ᠠ ᠤᠯᠤᠰ ᠲᠦᠷᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠃ ᠳᠤᠮᠳᠠᠳᠤ ᠤᠯᠤᠰ ᠤᠨ ᠡᠪ ᠬᠠᠮᠲᠤ ᠨᠠᠮ ᠤᠨ 90 ᠵᠢᠯ ᠦᠨ ᠲᠤᠷᠰᠢᠬᠢ ᠂ ᠮᠠᠨ ᠤ ᠨᠠᠮ ᠮᠠᠷᠺᠰ ᠤᠨ ᠦᠵᠡᠯ ᠦᠨ ᠭᠣᠣᠯ ᠦᠨᠳᠦᠰᠦᠯᠡᠯ ᠢ ᠳᠤᠮᠳᠠᠳᠤ ᠤᠯᠤᠰ ᠤᠨ ᠬᠤᠪᠢᠰᠬᠠᠯ ᠂ ᠪᠦ᠋ᠲᠦᠭᠡᠨ ᠪᠠᠶᠢᠭᠤᠯᠬᠤ ᠂ ᠥᠭᠡᠷᠡᠴᠢᠯᠡᠯᠲᠡ ᠶᠢᠨ ᠪᠣᠳᠠᠲᠤ ᠪᠠᠶᠢᠳᠠᠯ ᠲᠠᠶ ᠤᠶᠠᠯᠳᠤᠭᠤᠯᠵᠤ ᠂ ᠲᠠᠰᠤᠷᠠᠯᠲᠠ ᠦᠭᠡᠢ ᠲᠦᠯᠬᠢᠨ ᠠᠬᠢᠭᠤᠯᠵᠤ ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ 90 ᠵᠢᠯ ᠪᠣᠯᠤᠨ᠎ᠠ ᠃ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠡᠷ ᠪᠦᠬᠦ ᠨᠠᠮ ᠢ ᠵᠡᠪᠰᠡᠭᠯᠡᠵᠦ ᠂ ᠠᠷᠠᠳ ᠲᠦᠮᠡᠨ ᠢ ᠰᠤᠷᠭᠠᠨ ᠬᠥᠮᠦᠵᠢᠭᠦᠯᠵᠦ ᠂ ᠪᠦᠬᠦ ᠨᠠᠮ ᠤᠨ ᠦᠵᠡᠯ ᠰᠠᠨᠠᠭ᠎ᠠ ᠤᠯᠤᠰ ᠲᠦᠷᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠰᠢᠨ᠎ᠡ ᠡᠭᠦᠷᠭᠡ ᠪᠣᠯᠤᠨ᠎ᠠ ᠃ ᠴᠢᠬᠤᠯᠠᠴᠢᠯᠠᠵᠤ ᠂ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠪᠣᠯ ᠨᠠᠮ ᠤᠨ ᠪᠠᠶᠢᠭᠤᠯᠤᠯᠲᠠ ᠶᠢᠨ ᠬᠠᠮᠤᠭ ᠤᠨ ᠶᠡᠬᠡ ᠳᠠᠪᠠᠭᠤᠯᠢᠭ ᠮᠥᠨ ᠂ ᠪᠠᠰᠠ ᠴᠤ ᠨᠠᠮ ᠤᠨ ᠪᠠᠶᠢᠭᠤᠯᠤᠯᠲᠠ ᠶᠢᠨ ᠮᠥᠩᠬᠡ ᠶᠢᠨ ᠭᠣᠣᠯ ᠰᠡᠳᠦᠪ ᠮᠥᠨ ᠃ 90 ᠵᠢᠯ ᠦᠨ ᠲᠤᠷᠰᠢᠬᠢ ᠠᠭᠤᠤ ᠶᠡᠬᠡ ᠠᠶᠠᠨ ᠵᠠᠮ ᠳᠤ ᠂ ᠮᠠᠨ ᠤ ᠨᠠᠮ ᠮᠠᠷᠺᠰ ᠤᠨ ᠦᠵᠡᠯ ᠦᠨ ᠭᠣᠣᠯ ᠦᠨᠳᠦᠰᠦᠯᠡᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠶ ᠤᠶᠠᠯᠳᠤᠭᠤᠯᠵᠤ ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠵᠢ ᠲᠦᠯᠬᠢᠨ ᠠᠬᠢᠭᠤᠯᠬᠤ ᠲᠡᠦᠬᠡᠨ ᠶᠠᠪᠤᠴᠠ ᠳᠤ ᠭᠠᠷᠴᠤ ᠂ ᠬᠣᠶᠠᠷ ᠶᠡᠬᠡ ᠤᠨᠦᠯ ᠤᠨ ᠦᠷ᠎ᠡ ᠪᠦᠲᠦᠭᠡᠯ ᠭᠠᠷᠤᠭᠰᠠᠨ ᠶᠤᠮ ᠃ ᠨᠢᠭᠡ ᠶᠡᠬᠡ ᠤᠨᠤᠯ ᠤᠨ ᠦᠷ᠎ᠡ ᠪᠦᠲᠦᠭᠡᠯ ᠪᠣᠯ ᠮᠠᠤ ᠽᠸ ᠳ᠋ᠦᠩ ᠦᠨ ᠦᠵᠡᠯ ᠰᠠᠨᠠᠭ᠎ᠠ ᠮᠥᠨ . ᠮᠠᠤ ᠽᠸ ᠳ᠋ᠦᠩ ᠦᠨ ᠦᠵᠡᠯ ᠰᠠᠨᠠᠭ᠎ᠠ ᠪᠣᠯ ᠮᠠᠷᠺᠰ ᠯᠧᠨᠢᠨ ᠦ ᠦᠵᠡᠯ ᠢ ᠳᠤᠮᠳᠠᠳᠤ ᠤᠯᠤᠰ ᠲᠤ ᠬᠡᠷᠡᠭᠯᠡᠨ ᠬᠥᠭᠵᠢᠭᠦᠯᠦᠭᠰᠡᠨ ᠦ ᠂ ᠰᠢᠰᠲ᠋ᠧᠮ ᠲᠡᠶ ᠬᠠᠷᠢᠭᠤᠯᠲᠠ ᠥᠭᠴᠦ ᠂ ᠬᠠᠭᠠᠰ ᠺᠣᠯᠣᠨᠢ ᠬᠠᠭᠠᠰ ᠹᠸᠤᠳᠠᠯ ᠤᠨ ᠳᠣᠷᠣᠨᠠᠳᠠᠬᠢᠨ ᠤ ᠲᠤᠮᠤ ᠤᠯᠤᠰ ᠲᠤ ᠂ ᠰᠢᠨ᠎ᠡ ᠠᠷᠠᠳᠴᠢᠯᠠᠭᠰᠠᠨ ᠬᠤᠪᠢᠰᠬᠠᠯ ᠪᠠ ᠨᠡᠶᠢᠭᠡᠮ ᠵᠢᠷᠤᠮᠲᠤ ᠬᠤᠪᠢᠰᠬᠠᠯ ᠬᠡᠷᠬᠢᠨ ᠪᠡᠶᠡᠯᠡᠭᠦᠯᠬᠦ ᠠᠰᠠᠭᠤᠳᠠᠯ ᠂ ᠪᠥᠭᠡᠳ ᠶᠠᠮᠠᠷ ᠶᠠᠩᠵᠤ ᠶᠢᠨ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠂ ᠨᠡᠶᠢᠭᠡᠮ ᠵᠢᠷᠤᠮ ᠢ ᠬᠡᠷᠬᠢᠨ ᠪᠦᠳᠤᠭᠡᠨ ᠪᠠᠶᠢᠭᠤᠯᠬᠤ ᠰᠢᠷᠭᠠᠭᠤ ᠬᠠᠲᠠᠭᠤᠵᠢᠯᠲᠠᠶ ᠬᠠᠶᠢᠨ ᠰᠦᠪᠡᠭᠴᠢᠯᠡᠵᠦ ᠂ ᠪᠦᠲᠦᠭᠡᠯᠴᠢ ᠴᠢᠨᠠᠷᠲᠠᠶ ᠠᠭᠤᠯᠭ᠎ᠠ ᠪᠠᠷ ᠮᠠᠷᠺᠰ ᠤᠨ ᠦᠵᠡᠯ ᠦᠨ ᠡᠷᠳᠡᠨᠢᠰ ᠦᠨ ᠰᠠᠩ ᠳᠤ ᠰᠢᠨ᠎ᠡ ᠡᠳ᠋ ᠪᠠᠶᠠᠯᠢᠭ ᠢ ᠨᠡᠮᠡᠷᠢᠯᠡᠭᠰᠡᠨ ᠪᠠᠶᠢᠨ᠎ᠠ ᠃ ᠨᠦᠭᠦᠭᠡ ᠨᠢᠭᠡ ᠤᠨᠤᠯ ᠤᠨ ᠶᠡᠬᠡ ᠦᠷ᠎ᠡ ᠪᠦᠲᠦᠭᠡᠯ ᠪᠣᠯ ᠳᠤᠮᠳᠠᠳᠤ ᠤᠯᠤᠰ ᠤᠨ ᠣᠨᠴᠠᠯᠢᠭ ᠪᠦᠭᠦᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠪᠣᠯᠤᠨ᠎ᠠ . ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠪᠣᠯ ᠳ᠋ᠧᠩ ᠰᠢᠶᠤᠤ ᠫᠢᠩ ᠦᠨ ᠣᠨᠣᠯ ᠂ 《 ᠭᠤᠷᠪᠠ ᠶᠢ ᠲᠥᠯᠥᠭᠡᠯᠡᠬᠦ 》 ᠴᠢᠬᠤᠯᠠ ᠦᠵᠡᠯ ᠰᠠᠨᠠᠭ᠎ᠠ ᠵᠢᠴᠢ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠵᠡᠷᠭᠡ ᠴᠢᠬᠤᠯᠠ ᠶᠡᠬᠡ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠪᠠᠭᠲᠠᠭᠠᠭᠰᠠᠨ ᠰᠢᠨᠵᠢᠯᠡᠬᠦ ᠤᠬᠠᠭᠠᠨᠴᠢ ᠤᠨᠤᠯ ᠤᠨ ᠰᠢᠰᠲ᠋ᠧᠮ ᠮᠥᠨ ᠂ ᠰᠢᠰᠲ᠋ᠧᠮ ᠲᠡᠶ ᠬᠠᠷᠢᠭᠤᠯᠲᠠ ᠥᠭᠴᠦ ᠂ ᠳᠤᠮᠳᠠᠳᠤ ᠤᠯᠤᠰ ᠰᠢᠭ᠋ ᠡᠶᠢᠮᠦ ᠠᠷᠪᠠᠨ ᠬᠡᠳᠦᠨ ᠳ᠋ᠦᠩᠰᠢᠭᠤᠷ ᠬᠥᠮᠦᠨ ᠠᠮᠠ ᠲᠠᠶ ᠬᠥᠭᠵᠢᠵᠦ ᠪᠠᠶᠢᠭ᠎ᠠ ᠲᠤᠮᠤ ᠤᠯᠤᠰ ᠲᠤ ᠶᠠᠮᠠᠷ ᠶᠠᠩᠵᠤ ᠶᠢᠨ ᠨᠡᠶᠢᠭᠡᠮ ᠵᠢᠷᠤᠮ ᠢ ᠪᠦᠲᠦᠭᠡᠨ ᠨᠡᠶᠢᠭᠡᠮ ᠵᠢᠷᠤᠮ ᠢ ᠬᠡᠷᠬᠢᠨ ᠪᠦᠲᠦᠭᠡᠨ ᠪᠠᠶᠢᠭᠤᠯᠬᠤ ᠂ ᠶᠠᠮᠠᠷ ᠶᠠᠩᠵᠤ ᠶᠢᠨ ᠨᠠᠮ ᠢ ᠪᠠᠶᠢᠭᠤᠯᠬᠤ ᠂ ᠨᠠᠮ ᠢ ᠬᠡᠷᠬᠢᠨ ᠪᠠᠶᠢᠭᠤᠯᠬᠤ ᠂ ᠶᠠᠮᠠᠷ ᠬᠥᠭᠵᠢᠯᠲᠡ ᠶᠢ ᠪᠡᠶᠡᠯᠡᠭᠦᠯᠬᠦ ᠂ ᠬᠡᠷᠬᠢᠨ ᠬᠥᠭᠵᠢᠭᠦᠯᠬᠦ ᠵᠡᠷᠭᠡ ᠠᠯᠢ ᠤᠯᠠᠨ ᠴᠢᠬᠤᠯᠠ ᠶᠡᠬᠡ ᠠᠰᠠᠭᠤᠳᠠᠯ ᠮᠥᠨ ᠂ ᠮᠠᠤ ᠽᠸ ᠳ᠋ᠦᠩ ᠦᠨ ᠦᠵᠡᠯ ᠰᠠᠨᠠᠭᠠᠨ ᠤ ᠵᠠᠯᠭᠠᠮᠵᠢᠯᠠᠯ ᠪᠠ ᠬᠥᠭᠵᠢᠭᠦᠯᠦᠯ ᠮᠥᠨ ᠃ ᠨᠠᠮ ᠤᠨ ᠤᠨᠦᠯ ᠤᠨ ᠪᠠᠶᠢᠭᠤᠯᠤᠯᠲᠠ ᠶᠢ ᠲᠤᠶᠢᠯ ᠤᠨ ᠶᠡᠷᠦ ᠪᠤᠰᠤ ᠶᠢᠨ ᠬᠥᠭᠵᠢᠯᠲᠡ ᠶᠢᠨ ᠶᠠᠪᠤᠴᠠ ᠶᠢ ᠶᠠᠪᠤᠵᠤ ᠪᠠᠶᠢᠨ᠎ᠠ ᠂ ᠮᠠᠨ ᠳᠤ ᠣᠯᠭᠣᠭᠰᠠᠨ ᠭᠦᠨ ᠭᠦᠨᠵᠡᠭᠡᠶ ᠰᠡᠩᠬᠡᠷᠡᠭᠦᠯᠦᠯ ᠮᠥᠨ ᠄ ᠮᠠᠷᠺᠰ ᠤᠨ ᠦᠵᠡᠯ ᠪᠣᠯ ᠲᠠᠨᠢᠯᠲᠠ ᠶᠢᠨ ᠵᠢᠮ᠎ᠡ ᠶᠣᠰᠣ ᠶᠢ ᠵᠢᠷᠤᠮᠯᠠᠨ ᠂ ᠦᠨᠡᠨ ᠶᠣᠰᠣ ᠶᠢ ᠢᠯᠡᠷᠡᠭᠦᠯᠵᠦ ᠰᠢᠨᠵᠢᠯᠡᠬᠦ ᠤᠬᠠᠭᠠᠨᠴᠢ ᠤᠨᠤᠯ ᠡᠷᠬᠡᠪᠰᠢ ᠢᠮᠠᠭᠲᠠ ᠮᠠᠷᠺᠰ ᠤᠨ ᠦᠵᠡᠯ ᠦᠨ ᠵᠢᠯᠣᠭᠣᠳᠬᠤ ᠪᠠᠶᠢᠷᠢ ᠰᠠᠭᠤᠷᠢ ᠶᠢ ᠭᠤᠶᠢᠪᠢᠰᠢ ᠦᠭᠡᠢ ᠪᠠᠷᠢᠮᠲᠠᠯᠠᠵᠤ ᠂ ᠪᠠᠷᠢᠮᠲᠠᠯᠠᠵᠤ ᠂ ᠬᠥᠭᠵᠢᠵᠦ ᠪᠠᠶᠢᠭ᠎ᠠ ᠮᠠᠷᠺᠰ ᠤᠨ ᠦᠵᠡᠯ ᠢᠶᠡᠷ ᠦᠢᠯᠡᠳᠦᠯᠭᠡ ᠶᠢ ᠵᠢᠯᠣᠭᠣᠳᠬᠤ ᠂ ᠮᠠᠷᠺᠰ ᠤᠨ ᠦᠵᠡᠯ ᠦᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠡᠬᠢ ᠵᠢᠯᠣᠭᠣᠳᠬᠤ ᠪᠠᠶᠢᠷᠢ ᠰᠠᠭᠤᠷᠢ ᠶᠢ ᠲᠠᠰᠤᠷᠠᠯᠲᠠ ᠦᠭᠡᠢ ᠪᠡᠬᠢᠵᠢᠭᠦᠯᠬᠦ ᠬᠡᠷᠡᠭᠲᠡᠶ ᠂ ᠲᠠᠰᠤᠷᠠᠯᠳᠠ ᠦᠭᠡᠢ ᠪᠡᠬᠢᠵᠢᠭᠦᠯᠵᠦ ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠦᠨ ᠠᠷᠠᠳ ᠲᠦᠮᠡᠨ ᠦ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠮᠥᠨ ᠃
    ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠲᠠᠯ᠎ᠠ ᠪᠠᠷ ᠂ ᠲᠡᠦᠬᠡ ᠶᠢᠨ ᠰᠢᠨ᠎ᠡ ᠨᠥᠬᠥᠴᠡᠯ ᠦᠨ ᠳᠣᠣᠷ᠎ᠠ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠂ ᠡᠷᠬᠡᠪᠰᠢ ᠭᠠᠵᠠᠷ ᠂ ᠴᠢᠳᠠᠪᠤᠷᠢᠲᠠᠨ ᠢ ᠬᠡᠷᠡᠭᠯᠡᠬᠦ ᠂ ᠮᠣᠷᠠᠯ ᠴᠢᠳᠠᠪᠤᠷᠢ ᠶᠢ ᠬᠣᠣᠰᠯᠠᠭᠤᠯᠵᠤ ᠂ ᠮᠣᠷᠠᠯ ᠢ ᠲᠡᠷᠢᠭᠦᠨ ᠳᠦ ᠲᠠᠯᠪᠢᠬᠤ ᠬᠥᠮᠦᠨ ᠬᠡᠷᠡᠭᠯᠡᠬᠦ ᠪᠠᠷᠢᠮᠵᠢᠶ᠎ᠠ ᠶᠢ ᠪᠠᠷᠢᠮᠲᠠᠯᠠᠵᠤ ᠂ ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ ᠨᠠᠮ ᠪᠠ ᠤᠯᠤᠰ ᠣᠷᠣᠨ ᠤ ᠠᠵᠢᠯ ᠦᠢᠯᠡᠰ ᠦᠨ ᠳᠣᠲᠣᠷ᠎ᠠ ᠴᠤᠭᠯᠠᠭᠤᠯᠤᠨ ᠠᠪᠴᠢᠷᠠᠨ᠎ᠠ ᠃ ᠡᠩ ᠦᠨ ᠪᠠᠶᠢᠳᠠᠯ ᠳᠤ ᠠᠪᠴᠤ ᠬᠡᠯᠡᠪᠡᠯ ᠂ ᠺᠠᠳ᠋ᠷ ᠤᠨ ᠡᠩᠨᠡᠭᠡᠨ ᠦ ᠪᠠᠶᠢᠭᠤᠯᠤᠯᠲᠠ ᠪᠣᠯ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠯᠲᠠ ᠶᠢᠨ ᠴᠢᠬᠤᠯᠠ ᠠᠭᠤᠯᠭ᠎ᠠ ᠂ ᠭᠡᠪᠡᠴᠦ 《 7 · 1 》 ᠋ ᠤ ᠶᠠᠷᠢᠶᠠᠨ ᠳᠠᠭᠠᠨ ᠂ ᠳᠤᠷᠠᠳᠴᠤ ᠂ ᠡᠷᠬᠡᠪᠰᠢ ᠭᠠᠵᠠᠷ ᠂ ᠴᠢᠳᠠᠪᠤᠷᠢᠲᠠᠨ ᠢ ᠬᠡᠷᠡᠭᠯᠡᠬᠦ ᠂ ᠮᠣᠷᠠᠯ ᠴᠢᠳᠠᠪᠤᠷᠢ ᠶᠢ ᠬᠣᠣᠰᠯᠠᠭᠤᠯᠵᠤ ᠂ ᠮᠣᠷᠠᠯ ᠢ ᠲᠡᠷᠢᠭᠦᠨ ᠳᠦ ᠲᠠᠯᠪᠢᠬᠤ ᠬᠥᠮᠦᠨ ᠬᠡᠷᠡᠭᠯᠡᠬᠦ ᠪᠠᠷᠢᠮᠵᠢᠶ᠎ᠠ ᠶᠢ ᠪᠠᠷᠢᠮᠲᠠᠯᠠᠵᠤ ᠂ ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ ᠨᠠᠮ ᠪᠠ ᠤᠯᠤᠰ ᠣᠷᠣᠨ ᠤ ᠠᠵᠢᠯ ᠦᠢᠯᠡᠰ ᠦᠨ ᠳᠣᠲᠣᠷ᠎ᠠ ᠴᠤᠭᠯᠠᠭᠤᠯᠤᠨ ᠠᠪᠴᠢᠷᠠᠨ᠎ᠠ ᠃ ᠬᠡᠷᠡᠭᠯᠡᠵᠦ ᠪᠠᠶᠢᠬᠤ ᠨᠢ ᠨᠢᠭᠡ ᠶᠡᠬᠡ 《 ᠴᠢᠳᠠᠪᠤᠷᠢᠲᠠᠨ ᠤ ᠲᠤᠬᠠᠢ ᠦᠵᠡᠯᠲᠡ 》 ᠂ ᠡᠨᠡ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠭᠤᠯᠤᠭᠳᠠᠬᠤᠨ ᠤᠯᠠᠮ ᠪᠠᠶᠠᠯᠢᠭ ᠂ ᠠᠭᠤᠯᠬᠤᠨ ᠨᠢ ᠨᠡᠩ ᠥᠷᠭᠡᠨ ᠪᠣᠯᠤᠭᠰᠠᠨ ᠪᠠᠶᠢᠨ᠎ᠠ ᠃ ᠬᠡᠳᠦᠨ ᠠᠷᠪᠠᠨ ᠵᠢᠯ ᠦᠨ ᠲᠤᠷᠰᠢ ᠂ ᠮᠠᠨ ᠤ ᠨᠠᠮ ᠭᠠᠵᠠᠷ ᠂ ᠡᠷᠳᠡᠮᠲᠡᠨ ᠮᠡᠷᠭᠡᠳ ᠢ ᠬᠡᠷᠡᠭᠯᠡᠬᠦ ᠺᠠᠳ᠋ᠷ ᠤᠨ ᠱᠤᠭᠤᠮ ᠢ ᠬᠡᠷᠡᠭᠵᠢᠭᠦᠯᠵᠦ ᠂ ᠦᠵᠡᠯ ᠰᠠᠨᠠᠭ᠎ᠠ ᠡᠷᠳᠡᠮ ᠴᠢᠳᠠᠯ ᠬᠣᠣᠰᠯᠠᠭᠰᠠᠨ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠢ ᠨᠠᠮ ᠪᠠ ᠤᠯᠤᠰ ᠤᠨ ᠠᠵᠢᠯ ᠦᠢᠯᠡᠰ ᠦᠨ ᠳᠤᠮᠳᠠ ᠂ ᠪᠦᠯᠦᠭ ᠪᠦᠯᠦᠭ ᠢᠶᠡᠷ ᠬᠥᠮᠦᠵᠢᠭᠦᠯᠦᠨ ᠪᠣᠶᠢᠵᠢᠭᠤᠯᠬᠤ ᠴᠤᠭ ᠪᠠᠳᠠᠷᠠᠩᠭᠤᠶ ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠂ ᠨᠠᠮ ᠤᠨ ᠭᠡᠰᠢᠭᠦᠨ ᠺᠠᠳ᠋ᠷᠴᠤᠳ ᠤᠨ ᠡᠩᠨᠡᠭᠡᠨ ᠦ ᠂ ᠨᠠᠮ ᠤᠨᠡᠩᠨᠡᠭᠡ ᠲᠡᠰᠦᠷᠡᠯᠳᠠ ᠤᠢᠭᠡᠢ ᠪᠤᠵᠠᠭᠠᠶᠢᠷᠠᠵᠤ ᠂ ᠨᠠᠮ ᠤᠨ ᠭᠡᠰᠢᠭᠦᠨ ᠺᠠᠳ᠋ᠷᠴᠤᠳ ᠤᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠨᠠᠮ ᠪᠠ ᠠᠷᠠᠳ ᠲᠦᠮᠡᠨ ᠦ ᠠᠵᠢᠯ ᠦᠢᠯᠡᠰ ᠦᠨ ᠬᠥᠭᠵᠢᠯᠲᠡ ᠶᠢ ᠬᠦᠴᠦᠲᠡᠶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢ ᠶᠠᠪᠤᠬᠤ ᠲᠤᠳᠤᠮ ᠥᠷᠭᠡᠨ ᠠᠭᠤᠳᠠᠮ ᠪᠣᠯᠭᠠᠵᠤ ᠴᠢᠳᠠᠬᠤ ᠡᠰᠡᠬᠦ ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢ ᠪᠡᠶᠡᠯᠡᠭᠦᠯᠵᠦ ᠴᠢᠳᠠᠬᠤ ᠡᠰᠡᠬᠦ ᠂ ᠂ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠢ ᠲᠡᠰᠦᠷᠡᠯᠳᠠ ᠤᠢᠭᠡᠢ ᠬᠥᠮᠦᠵᠢᠭᠦᠯᠦᠨ ᠭᠠᠷᠭᠠᠵᠤ ᠴᠢᠳᠠᠬᠤ ᠡᠰᠡᠬᠦ ᠶᠢ ᠦᠵᠡᠬᠦ ᠬᠡᠷᠡᠭᠲᠡᠶ ᠂ ᠨᠡᠩ ᠴᠤ ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ ᠴᠣᠯᠭᠣᠷᠠᠭᠤᠯᠵᠤ ᠡᠰᠡᠬᠦ ᠶᠢ ᠦᠵᠡᠬᠦ ᠬᠡᠷᠡᠭᠲᠡᠶ ᠂ ᠠᠪᠢᠶᠠᠰ ᠴᠢᠳᠠᠪᠤᠷᠢ ᠪᠠᠨ ᠭᠠᠷᠭᠠᠬᠤ ᠃ ᠬᠤᠪᠢᠷᠠᠯᠲᠠ ᠶᠡᠬᠡᠲᠡᠶ ᠳᠡᠯᠡᠬᠡᠶ ᠶᠢᠨ ᠪᠠᠶᠢᠳᠠᠯ ᠂ ᠬᠠᠲᠠᠭᠤ ᠪᠡᠷᠬᠡ ᠪᠥᠭᠡᠳ ᠨᠦᠰᠡᠷ ᠬᠦᠨᠳᠦ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠡᠭᠦᠷᠭᠡ ᠂ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠲᠡᠢᠢᠴᠢᠯᠡᠵᠤ ᠦᠷᠭᠦᠯᠵᠢᠯᠡᠨ ᠤᠷᠤᠭᠰᠢᠯᠠᠵᠤ ᠂ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠵᠤ ᠂ ᠠᠵᠢᠯ ᠦᠢᠯᠡᠰ ᠦᠨ ᠰᠢᠨ᠎ᠡ ᠢᠯᠠᠯᠲᠠ ᠶᠢ ᠲᠡᠮᠡᠴᠡᠨ ᠣᠯᠵᠤ ᠂ ᠰᠢᠯᠢᠳᠡᠭ ᠴᠢᠳᠠᠪᠤᠷᠢᠲᠠᠨ ᠢ ᠬᠥᠮᠦᠵᠢᠭᠦᠯᠦᠨ ᠰᠢᠯᠢᠵᠦ ᠬᠡᠷᠡᠭᠯᠡᠬᠦ ᠬᠡᠷᠡᠭᠲᠡᠶ ᠃ ᠮ ᠊ 7.1 ᠮ ᠤ ᠶᠠᠷᠢᠶ᠎ᠠ ᠭᠡᠵᠦ ᠲᠣᠳᠣᠷᠬᠠᠶ ᠳᠤᠷᠠᠳᠤᠨ ᠭᠠᠷᠭᠠᠪᠠ ᠂ ᠺᠠᠳ᠋ᠷ ᠤᠨ ᠤᠬᠠᠮᠰᠠᠷ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ ᠂ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠳᠡᠭᠡᠨ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ ᠂ ᠵᠢᠩᠬᠢᠨᠢ ᠡᠷᠳᠡᠮ ᠴᠢᠳᠠᠪᠤᠷᠢ ᠲᠠᠶ ᠂ ᠪᠣᠳᠠᠲᠤ ᠠᠮᠵᠢᠯᠲᠠ ᠳᠤᠪᠤᠶᠢᠮ᠎ᠠ ᠂ ᠤᠯᠠᠨ ᠲᠦᠮᠡᠨ ᠳᠦ ᠮᠡᠳᠡᠷᠡᠭᠳᠡᠭᠰᠡᠨ ᠺᠠᠳ᠋ᠷ ᠂ ᠮᠣᠷᠠᠯ ᠢᠶᠠᠷ ᠪᠡᠶ᠎ᠡ ᠪᠡᠨ ᠵᠠᠰᠠᠬᠤ ᠂ ᠮᠣᠷᠠᠯ ᠢᠶᠠᠷ ᠤᠯᠠᠨ ᠢ ᠪᠢᠰᠢᠷᠡᠭᠦᠯᠬᠦ ᠂ ᠮᠣᠷᠠᠯ ᠢᠶᠠᠷ ᠴᠢᠳᠠᠪᠤᠷᠢᠲᠠᠨ ᠢ ᠤᠳᠤᠷᠢᠳᠬᠤ ᠂ ᠤᠬᠠᠮᠰᠠᠷ ᠢᠶᠠᠷ ᠴᠢᠳᠠᠪᠤᠷᠢ ᠶᠢ ᠴᠢᠮᠡᠬᠦ ᠂ ᠤᠬᠠᠮᠰᠠᠷ ᠴᠢᠳᠠᠪᠤᠷᠢ ᠶᠢ ᠬᠣᠣᠰᠯᠠᠭᠤᠯᠤᠭᠰᠠᠨ ᠬᠥᠮᠦᠨ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠬᠤ ᠬᠡᠷᠡᠭᠲᠡᠶ ᠃ ᠪᠠᠷᠢᠮᠲᠠᠯᠠᠵᠤ ᠂ ᠪᠣᠳᠠᠲᠤ ᠠᠮᠵᠢᠯᠲᠠ ᠺᠠᠳ᠋ᠷ ᠢ ᠬᠡᠷᠡᠭᠯᠡᠬᠦ ᠂ ᠴᠢᠳᠠᠪᠤᠷᠢᠲᠠᠶ ᠬᠥᠮᠦᠰ ᠲᠦ ᠠᠵᠠ ᠲᠣᠬᠢᠶᠠᠯ ᠣᠯᠭᠣᠵᠤ ᠂ ᠠᠵᠢᠯ ᠦᠢᠯᠡᠰ ᠪᠦᠲᠦᠭᠡᠭᠰᠡᠳ ᠲᠦ ᠲᠠᠪᠴᠠᠩ ᠬᠠᠩᠭᠠᠵᠤ ᠂ ᠨᠣᠮᠣᠬᠠᠨ ᠰᠢᠳᠤᠷᠭᠤ ᠬᠥᠮᠦᠨ ᠢ ᠬᠣᠨᠵᠢᠭᠳᠠᠭᠤᠯᠬᠤ ᠦᠭᠡᠢ ᠂ ᠵᠠᠪᠰᠢᠨ ᠰᠢᠷᠭᠤᠯᠠᠭᠴᠢ ᠳᠤ ᠠᠰᠢᠭ ᠣᠯᠭᠣᠬᠤ ᠂ ᠰᠢᠯᠢᠳᠡᠭ ᠺᠠᠳ᠋ᠷᠴᠤᠳ ᠴᠦ ᠨᠠᠮ ᠪᠠ ᠠᠷᠠᠳ ᠲᠦᠮᠡᠨ ᠦ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠃
    ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠂ ᠲᠡᠦᠬᠡ ᠶᠢᠨ ᠰᠢᠨ᠎ᠡ ᠨᠥᠬᠥᠴᠡᠯ ᠦᠨ ᠳᠣᠣᠷ᠎ᠠ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠂ ᠡᠷᠬᠡᠪᠰᠢ ᠬᠥᠮᠦᠨ ᠢᠶᠡᠷ ᠦᠨᠳᠦᠰᠦ ᠪᠣᠯᠭᠠᠬᠤ ᠶᠢ ᠪᠠᠷᠢᠮᠲᠠᠯᠠᠬᠤ ᠂ ᠠᠷᠠᠳ ᠤᠨ ᠲᠥᠯᠥᠭᠡ ᠲᠦᠷᠦ ᠪᠠᠷᠢᠬᠤ ᠣᠶᠢᠯᠠᠭᠠᠭᠳᠠᠬᠤᠨ ᠢ ᠮᠠᠷᠺᠰ ᠤᠨ ᠦᠵᠡᠯ ᠦᠨ ᠤᠯᠠᠨ ᠲᠦᠮᠡᠨᠴᠢ ᠦᠵᠡᠯᠲᠡ ᠶᠢ ᠪᠠᠲᠤ ᠪᠡᠬᠢ ᠪᠤᠢ ᠪᠣᠯᠭᠠᠵᠤ ᠂ ᠤᠬᠠᠮᠰᠠᠷ ᠠᠴᠠ ᠪᠠᠨ ᠨᠠᠮ ᠤᠨ ᠣᠯᠠᠨ ᠲᠦᠮᠡᠨᠴᠢ ᠱᠤᠭᠤᠮ ᠢ ᠲᠤᠭᠤᠰᠢᠯᠠᠭᠤᠯᠵᠤ ᠂ ᠢᠮᠠᠭᠲᠠ ᠨᠠᠮ ᠪᠣᠯᠤᠨ ᠠᠷᠠᠳ ᠤᠯᠠᠨ ᠤ ᠬᠣᠭᠣᠷᠣᠨᠳᠣᠬᠢ ᠴᠢᠰᠤ ᠮᠢᠬᠠᠨ ᠤ ᠬᠠᠷᠢᠯᠴᠠᠭ᠎ᠠ ᠶᠢ ᠪᠠᠲᠤᠯᠠᠨ᠎ᠠ ᠃ 《 ᠲᠤᠯᠤᠭᠠᠨ ᠰᠠᠷ᠎ᠠ ᠶᠢᠨ ᠨᠢᠭᠡᠨ 》 ᠦ ᠶᠠᠷᠢᠶᠠᠨ ᠤ ᠤᠯᠠᠭᠠᠨ ᠱᠤᠭᠤᠮ ᠪᠣᠯ ᠳᠠᠷᠤᠶ ᠨᠠᠮ ᠪᠣᠯᠤᠨ ᠠᠷᠠᠳ ᠲᠦᠮᠡᠨ ᠦ ᠬᠣᠭᠣᠷᠣᠨᠳᠣᠬᠢ ᠬᠠᠷᠢᠴᠠᠭᠠᠨ ᠤ ᠠᠰᠠᠭᠤᠳᠠᠯ ᠮᠥᠨ ᠃ 《 ᠲᠤᠯᠤᠭᠠᠨ ᠰᠠᠷ᠎ᠠ ᠶᠢᠨ ᠨᠢᠭᠡᠨ 》 ᠦ ᠶᠠᠷᠢᠶᠠᠨ ᠤ ᠳᠤᠮᠳᠠ ᠢᠯᠡᠷᠡᠭᠰᠡᠨ ᠳᠠᠪᠲᠠᠮᠵᠢ ᠪᠠᠷ ᠬᠠᠮᠤᠭ ᠨᠢᠭᠡᠨ ᠦᠭᠡ ᠪᠣᠯ ᠳᠠᠷᠤᠶ 《 ᠠᠷᠠᠳ ᠲᠦᠮᠡᠨ 》 ᠭᠡᠬᠦ ᠂ ᠨᠡᠢᠢᠳᠡ 136 ᠤᠳᠠᠭ᠎ᠠ ᠭᠠᠷᠴᠤ ᠥᠩᠭᠡᠷᠡᠭᠰᠡᠨ ᠶᠤᠮ ᠃ ᠮᠠᠷᠺᠰ ᠤᠨ ᠦᠵᠡᠯ ᠦᠨ ᠤᠯᠠᠨ ᠲᠦᠮᠡᠨᠴᠢ ᠦᠵᠡᠯᠲᠡ ᠪᠣᠯ 《 ᠳᠤᠯᠤᠭᠠᠨ ᠰᠠᠷ᠎ᠠ ᠶᠢᠨ ᠨᠢᠭᠡᠨ 》 ᠦ ᠭᠣᠣᠯ ᠬᠦᠭ ᠠᠶᠠᠰ ᠪᠣᠯᠤᠨ᠎ᠠ ᠃ 《 ᠮᠠᠨ ᠤ ᠨᠠᠮ ᠤᠨ ᠭᠤᠷᠪᠠᠨ ᠶᠡᠬᠡ ᠶᠠᠪᠤᠳᠠᠯ ᠨᠢ ᠠᠷᠠᠳ ᠲᠦᠮᠡᠨ ᠢ ᠨᠢᠭᠲᠠ ᠳᠣᠢᠰᠢᠬᠯᠠᠨ ᠪᠠᠶᠠᠯᠠᠭᠦᠯᠣᠭᠰᠠᠨ ᠪᠠ ᠠᠬᠢᠭᠤᠯᠤᠭᠰᠠᠨ ᠪᠠᠶᠢᠨ᠎ᠠ 》 ᠂ ᠲᠡᠦᠬᠡ ᠪᠠ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠭᠡᠰᠡᠨ ᠳ᠋ᠦᠩᠨᠡᠯᠲᠡ ᠭᠠᠷᠭᠠᠵᠠᠶ ᠃ 《 ᠠᠷᠠᠳ ᠲᠦᠮᠡᠨ ᠪᠣᠯ ᠵᠢᠩᠬᠢᠨᠢ ᠪᠠᠭᠠᠲᠤᠷ ᠮᠥᠨ ᠂ ᠡᠭᠦᠨ ᠢ ᠪᠢᠳᠡ ᠬᠡᠵᠢᠶᠡᠳᠡ ᠮᠠᠷᠲᠠᠵᠤ ᠪᠣᠯᠬᠤ ᠦᠭᠡᠢ 》 ᠡᠴᠡ 《 ᠠᠷᠠᠳ ᠲᠦᠮᠡᠨ ᠦ ᠭᠣᠣᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ ᠂ ᠠᠷᠠᠳ ᠲᠦᠮᠡᠨ ᠦ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ ᠂ ᠠᠷᠠᠳ ᠲᠦᠮᠡᠨ ᠢᠶᠡᠷ ᠪᠠᠭᠰᠢ ᠪᠠᠷᠢᠵᠤ 》 ᠃ ᠨᠠᠮ ᠪᠣᠯ ᠠᠷᠠᠳ ᠲᠦᠮᠡᠨ ᠦ ᠳᠣᠲᠣᠷ᠎ᠠ ᠠᠴᠠ ᠢᠷᠡᠵᠦ ᠂ ᠠᠷᠠᠳ ᠲᠦᠮᠡᠨ ᠦ ᠳᠤᠮᠳᠠ ᠦᠨᠳᠦᠰᠦᠯᠡᠵᠦ ᠂ ᠠᠷᠠᠳ ᠲᠦᠮᠡᠨ ᠳᠦ ᠦᠢᠯᠡᠴᠢᠯᠡᠬᠦ ᠪᠣᠯ ᠮᠠᠨ ᠤ ᠨᠠᠮ ᠤᠨ ᠥᠨᠢ ᠡᠭᠦᠷᠢᠳᠡ ᠢᠯᠠᠭᠳᠠᠰᠢ ᠦᠭᠡᠢ ᠪᠠᠶᠢᠷᠢᠨ ᠳᠤ ᠪᠠᠶᠢᠬᠤ ᠶᠢᠨ ᠦᠨᠳᠦᠰᠦ ᠂ ᠪᠢᠳᠡ ᠰᠡᠳᠬᠢᠯ ᠳᠡᠭᠡᠨ ᠤᠯᠠᠨ ᠲᠦᠮᠡᠨ ᠢ ᠪᠤᠳᠤᠵᠤ ᠂ ᠤᠯᠠᠨ ᠲᠦᠮᠡᠨ ᠰᠠᠶ᠋ᠢ ᠪᠢᠳᠡᠨ ᠢ ᠰᠡᠳᠬᠢᠯ ᠳᠡᠭᠡᠨ ᠪᠤᠳᠤᠬᠤ ᠶᠤᠮ ᠃ ᠪᠢᠳᠡ ᠤᠯᠠᠨ ᠲᠦᠮᠡᠨ ᠢ ᠳᠣᠲᠣᠨᠣ ᠬᠥᠮᠦᠨ ᠢᠶᠡᠨ ᠭᠡᠵᠦ ᠦᠵᠡᠪᠡᠯ ᠂ ᠤᠯᠠᠨ ᠲᠦᠮᠡᠨ ᠰᠠᠶ᠋ᠢ ᠪᠢᠳᠡᠨ ᠢ ᠳᠣᠲᠣᠨᠣ ᠬᠥᠮᠦᠨ ᠂ ᠵᠡᠷᠭᠡ . ᠡᠶᠢᠮᠦ ᠥᠭᠦᠯᠡᠯᠲᠡ ᠨᠢ ᠴᠥᠮ ᠮᠠᠨ ᠤ ᠨᠠᠮ ᠥᠷᠭᠡᠨ ᠤᠯᠠᠨ ᠠᠷᠠᠳ ᠲᠦᠮᠡᠨ ᠦ ᠲᠡᠦᠬᠡᠲᠦ ᠪᠠᠶᠢᠷᠢ ᠰᠠᠭᠤᠷᠢ ᠶᠢ ᠬᠦᠨᠳᠦᠳᠬᠡᠬᠦ ᠬᠡᠷᠡᠭᠲᠡᠶ ᠃ ᠬᠥᠮᠦᠨ ᠢᠶᠡᠷ ᠭᠣᠣᠯ ᠪᠣᠯᠭᠠᠬᠤ ᠂ ᠠᠷᠠᠳ ᠤᠨ ᠲᠥᠯᠥᠭᠡ ᠲᠦᠷᠦ ᠪᠠᠷᠢᠬᠤ ᠪᠣᠯ ᠮᠠᠨ ᠤ ᠨᠠᠮ ᠤᠨ ᠰᠢᠨᠵᠢ ᠴᠢᠨᠠᠷ ᠪᠠ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠦ ᠦᠢᠯᠡᠴᠢᠯᠡᠬᠦ ᠦᠨᠳᠦᠰᠦᠨ ᠵᠣᠷᠢᠯᠲᠠ ᠶᠢᠨ ᠲᠥᠪᠯᠡᠷᠡᠩᠭᠦᠶ ᠢᠯᠡᠷᠡᠯ ᠮᠥᠨ ᠂ ᠵᠢᠯᠣᠭᠣᠳᠤᠨ ᠂ ᠦᠨᠡᠯᠡᠯᠲᠡ ᠂ ᠮᠠᠨ ᠤ ᠨᠠᠮ ᠤᠨ ᠲᠦᠷᠦ ᠪᠠᠷᠢᠬᠤ ᠠᠯᠢᠪᠠ ᠠᠵᠢᠯᠯᠠᠭ᠎ᠠ ᠶᠢ ᠰᠢᠯᠭᠠᠬᠤ ᠬᠠᠮᠤᠭ ᠤᠨ ᠥᠨᠳᠥᠷ ᠪᠠᠷᠢᠮᠵᠢᠶ᠎ᠠ ᠮᠥᠨ ᠃ ᠪᠦᠬᠦ ᠨᠠᠮ ᠤᠨ ᠨᠥᠬᠥᠳ ᠡᠷᠬᠡᠪᠰᠢ ᠤᠯᠠᠨ ᠲᠦᠮᠡᠨ ᠲᠡᠶ ᠨᠢᠭᠲᠠ ᠬᠠᠷᠢᠯᠴᠠᠬᠤ ᠪᠣᠯ ᠮᠠᠨ ᠤ ᠨᠠᠮ ᠤᠨ ᠬᠠᠮᠤᠭ ᠤᠨ ᠶᠡᠬᠡ ᠤᠯᠤᠰ ᠲᠦᠷᠦ ᠶᠢᠨ ᠳᠠᠪᠠᠭᠤᠯᠢᠭ ᠲᠠᠯ᠎ᠠ ᠪᠣᠯᠬᠤ ᠂ ᠤᠯᠠᠨ ᠲᠦᠮᠡᠨ ᠡᠴᠡ ᠬᠥᠨᠳᠡᠶᠢᠷᠡᠬᠦ ᠪᠣᠯ ᠮᠠᠨ ᠤ ᠨᠠᠮ ᠤᠨ ᠲᠦᠷᠦ ᠪᠠᠷᠢᠭᠰᠠᠨ ᠤ ᠳᠠᠷᠠᠭᠠᠬᠢ ᠬᠠᠮᠤᠭ ᠤᠨ ᠶᠡᠬᠡ ᠠᠶᠤᠯ ᠲᠦᠭᠰᠢᠭᠦᠷᠢ ᠪᠣᠯᠬᠤ ᠶᠢ ᠪᠠᠲᠤ ᠴᠡᠭᠡᠵᠢᠯᠡᠬᠦ ᠬᠡᠷᠡᠭᠲᠡᠶ . ᠪᠢᠳᠡ ᠡᠷᠬᠡᠪᠰᠢ ᠠᠷᠠᠳ ᠲᠦᠮᠡᠨ ᠦ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠵᠤ ᠂ ᠰᠠᠶᠢᠲᠤᠷ ᠪᠡᠶᠡᠯᠡᠭᠦᠯᠵᠦ ᠂ ᠰᠠᠶᠢᠲᠤᠷ ᠬᠠᠮᠠᠭᠠᠯᠠᠵᠤ ᠂ ᠰᠠᠶᠢᠲᠤᠷ ᠬᠥᠭᠵᠢᠭᠦᠯᠬᠦ ᠂ ᠬᠠᠮᠤᠭ ᠤᠨ ᠥᠷᠭᠡᠨ ᠤᠯᠠᠨ ᠠᠷᠠᠳ ᠲᠦᠮᠡᠨ ᠦ ᠦᠨᠳᠦᠰᠦᠨ ᠠᠰᠢᠭ ᠲᠤᠰᠠ ᠶᠢ ᠠᠯᠢᠪᠠ ᠠᠵᠢᠯ ᠤᠨ ᠡᠭᠦᠰᠦᠯᠲᠡ ᠪᠠ ᠲᠡᠭᠦᠰᠦᠯᠲᠡ ᠪᠣᠯᠭᠠᠵᠤ ᠂ ᠬᠢᠵᠦ ᠂ ᠡᠷᠬᠡ ᠪᠡᠨ ᠠᠷᠠᠳ ᠤᠨ ᠲᠥᠯᠥᠭᠡ ᠬᠡᠷᠡᠭᠯᠡᠬᠦ ᠂ ᠠᠷᠠᠳ ᠲᠦᠮᠡᠨ ᠢ ᠬᠡᠵᠢᠶᠡᠳᠡ ᠪᠤᠳᠤᠬᠤ ᠂ ᠠᠰᠢᠭ ᠢ ᠠᠷᠠᠳ ᠲᠠᠭᠠᠨ ᠬᠦᠷᠲᠡᠭᠦᠯᠬᠦ ᠂ ᠮᠠᠨ ᠤ ᠠᠵᠢᠯ ᠢᠶᠠᠨ ᠬᠠᠮᠤᠭ ᠤᠨ ᠥᠷᠭᠡᠨ ᠳᠡᠯᠭᠡᠷ ᠬᠠᠮᠤᠭ ᠤᠨ ᠨᠠᠶᠢᠳᠠᠪᠤᠷᠢᠲᠠᠶ ᠬᠠᠮᠤᠭ ᠤᠨ ᠪᠠᠲᠤ ᠪᠡᠬᠢ ᠤᠯᠠᠨ ᠲᠦᠮᠡᠨ ᠦ ᠰᠠᠭᠤᠷᠢ ᠪᠠ ᠬᠦᠴᠦᠨ ᠴᠢᠳᠠᠯ ᠤᠨ ᠡᠬᠢ ᠰᠤᠷᠪᠤᠯᠵᠢ ᠮᠥᠨ ᠃ ᠡᠪ ᠬᠠᠮᠲᠤ ᠨᠠᠮ ᠤᠨ ᠭᠡᠰᠢᠭᠦᠨ ᠨᠢᠭᠡᠪᠦᠷᠢ ᠴᠥᠮ ᠠᠷᠠᠳ ᠲᠦᠮᠡᠨ ᠢ ᠰᠡᠳᠬᠢᠯ ᠵᠢᠷᠦᠬᠡᠨ ᠦ ᠪᠡᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠬᠤ ᠬᠡᠷᠡᠭᠲᠡᠶ ᠃ ᠳᠡᠭᠡᠳᠦ ᠬᠡᠮᠵᠢᠶ᠎ᠡ ᠪᠡᠷ ᠬᠦᠨᠳᠦᠳᠬᠡᠨ ᠦᠵᠡᠬᠦ ᠶᠢᠨ ᠬᠠᠮᠲᠤ ᠦᠨᠡᠨ ᠬᠦ ᠰᠠᠶᠢᠲᠤᠷ ᠬᠢᠵᠦ ᠂ ᠰᠢᠨ᠎ᠡ ᠪᠠᠶᠢᠳᠠᠯ ᠤᠨ ᠳᠣᠣᠷ᠎ᠠ ᠤᠯᠠᠨ ᠲᠦᠮᠡᠨ ᠦ ᠠᠵᠢᠯ ᠢ ᠵᠠᠰᠠᠭ ᠤᠨ ᠠᠵᠢᠯ ᠢ ᠠᠷᠠᠳ ᠠᠴᠠ ᠠᠰᠠᠭᠤᠬᠤ ᠪᠠᠷᠢᠮᠲᠠᠯᠠᠬᠤ ᠬᠡᠷᠡᠭᠲᠡᠶ ᠂ ᠠᠷᠠᠳ ᠤᠨ ᠬᠡᠷᠡᠭᠴᠡᠭᠡ ᠶᠢ ᠣᠶᠢᠯᠠᠭᠠᠬᠤ ᠂ ᠠᠷᠠᠳ ᠠᠴᠠ ᠠᠷᠭ᠎ᠠ ᠤᠬᠠᠭᠠᠨ ᠰᠦᠪᠡᠭᠴᠢᠯᠡᠬᠦ ᠂ ᠤᠯᠠᠨ ᠲᠦᠮᠡᠨ ᠦ ᠬᠦᠰᠡᠯ ᠱᠠᠭᠠᠷᠳᠠᠯᠭ᠎ᠠ ᠶᠢ ᠦᠨᠡᠨ ᠰᠡᠳᠬᠢᠯ ᠡᠴᠡ ᠪᠡᠨ ᠰᠣᠨᠣᠰᠴᠤ ᠂ ᠤᠯᠠᠨ ᠲᠦᠮᠡᠨ ᠦ ᠬᠦᠰᠡᠯ ᠡᠷᠡᠮᠡᠯᠵᠡᠯ ᠢ ᠦᠨᠡᠨ ᠮᠥᠨ ᠢᠶᠡᠷ ᠨᠢ ᠲᠤᠰᠬᠠᠵᠤ ᠂ ᠤᠯᠠᠨ ᠲᠦᠮᠡᠨ ᠦ ᠵᠣᠪᠠᠭᠤᠷᠢ ᠵᠦᠳᠡᠭᠦᠷᠢ ᠶᠢ ᠦᠨᠡᠨ ᠰᠡᠳᠬᠢᠯᠭᠡ ᠪᠡᠷ ᠠᠩᠬᠠᠷᠤᠨ ᠬᠠᠷᠠᠭᠠᠯᠵᠠᠵᠤ ᠂ ᠬᠠᠤᠯᠢ ᠶᠣᠰᠣᠭᠠᠷ ᠪᠠᠲᠤᠯᠠᠵᠤ ᠂ ᠠᠷᠠᠳ ᠤᠯᠠᠨ ᠤ ᠠᠵᠤ ᠠᠬᠤᠶ ᠂ ᠤᠯᠤᠰ ᠲᠦ᠋ᠷᠦ ᠂ ᠰᠣᠶᠣᠯ ᠂ ᠨᠡᠶᠢᠭᠡᠮ ᠵᠡᠷᠭᠡ ᠡᠯ᠎ᠡ ᠵᠦᠢᠯ ᠦᠨ ᠡᠷᠬᠡ ᠠᠰᠢᠭ ᠃
    ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢᠨ ᠲᠠᠯ᠎ᠠ ᠪᠠᠷ ᠂ ᠲᠡᠦᠬᠡ ᠶᠢᠨ ᠰᠢᠨ᠎ᠡ ᠨᠥᠬᠥᠴᠡᠯ ᠦᠨ ᠳᠣᠣᠷ᠎ᠠ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠂ ᠡᠷᠬᠡᠪᠰᠢ ᠪᠠᠷᠢᠮᠲᠠᠯᠠᠵᠤ ᠂ ᠦᠨᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ ᠂ ᠶᠡᠷᠦᠩᠬᠡᠶᠢᠯᠡᠨ ᠵᠠᠰᠠᠬᠤ ᠂ ᠵᠠᠯᠬᠠᠭᠠᠬᠤ ᠪᠠ ᠰᠡᠷᠭᠡᠶᠢᠯᠡᠬᠦ ᠶᠢ ᠵᠡᠷᠭᠡᠪᠡᠷ ᠠᠳᠬᠤᠬᠤ ᠂ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠴᠢᠭᠯᠡᠯᠲᠡ ᠶᠢ ᠪᠠᠷᠢᠮᠲᠠᠯᠠᠵᠤ ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠥᠷᠨᠢᠭᠦᠯᠵᠦ ᠂ ᠮᠠᠷᠺᠰ ᠤᠨ ᠦᠵᠡᠯ ᠦᠨ ᠲᠦᠷᠦ ᠶᠢᠨ ᠨᠠᠮ ᠤᠨ ᠲᠡᠷᠢᠭᠦᠨ ᠦ ᠴᠢᠨᠠᠷ ᠪᠠ ᠴᠡᠪᠡᠷ ᠴᠢᠨᠠᠷ ᠢ ᠢᠮᠠᠭᠲᠠ ᠪᠠᠷᠢᠮᠲᠠᠯᠠᠬᠤ ᠬᠡᠷᠡᠭᠲᠡᠶ ᠃ 《 ᠤᠯᠤᠰ ᠢ ᠵᠠᠰᠠᠬᠤ ᠳᠤ ᠡᠷᠬᠡᠪᠰᠢ ᠤᠷᠢᠳᠠᠪᠠᠷ ᠨᠠᠮ ᠢ ᠵᠠᠰᠠᠬᠤ ᠂ ᠨᠠᠮ ᠢ ᠵᠠᠰᠠᠬᠤ ᠳᠤ ᠵᠠᠪᠠᠯ ᠴᠢᠩᠭ᠎ᠠ ᠪᠠᠶᠢᠬᠤ ᠬᠡᠷᠡᠭᠲᠡᠶ " ᠂ ᠡᠨᠡ ᠪᠣᠯ ᠮᠠᠨ ᠤ ᠨᠠᠮ ᠤᠨ ᠲᠦᠷᠦ ᠪᠠᠷᠢᠭᠰᠠᠨ ᠠᠴᠠ ᠨᠠᠭᠠᠰᠢᠬᠢ ᠴᠢᠩᠭᠠᠳᠬᠠᠵᠤ ᠂ ᠲᠤᠰ ᠪᠡᠶ᠎ᠡ ᠶᠢᠨ ᠪᠠᠶᠢᠭᠤᠯᠤᠯᠲᠠ ᠶᠢᠨ ᠨᠢᠭᠡᠨ ᠦᠨᠳᠦᠰᠦᠨ ᠲᠤᠷᠰᠢᠯᠭ᠎ᠠ ᠮᠥᠨ ᠃ ᠮ ᠊ 7.1 ᠮ ᠤ ᠶᠠᠷᠢᠶ᠎ᠠ ᠭᠡᠵᠦ ᠲᠣᠳᠣᠷᠬᠠᠶ ᠳᠤᠷᠠᠳᠤᠭᠰᠠᠨ ᠪᠠᠶᠢᠨ᠎ᠠ ᠄ ᠢᠯᠵᠠᠷᠠᠯ ᠢ ᠡᠷᠡᠰ ᠢᠶᠡᠷ ᠵᠠᠯᠬᠠᠭᠠᠨ ᠰᠢᠳᠬᠡᠬᠦ ᠪᠠ ᠪᠦᠲᠦᠮᠵᠢᠲᠡᠶ ᠪᠡᠷ ᠤᠷᠢᠳᠴᠢᠯᠠᠨ ᠰᠡᠷᠭᠡᠶᠢᠯᠡᠬᠦ ᠂ ᠬᠥᠮᠦᠨ ᠦ ᠰᠡᠳᠬᠢᠯ ᠦᠨ ᠬᠠᠨᠳᠤᠰᠢ ᠪᠠ ᠨᠠᠮ ᠤᠨ ᠮᠠᠨᠳᠤᠵᠤ ᠮᠥᠬᠥᠬᠦ ᠲᠡᠶ ᠬᠣᠯᠪᠣᠭᠳᠠᠵᠤ ᠪᠠᠶᠢᠳᠠᠭ ᠂ ᠲᠡᠷᠡ ᠪᠣᠯ ᠨᠠᠮ ᠤᠨ ᠡᠷᠬᠡᠪᠰᠢ ᠢᠮᠠᠭᠲᠠ ᠰᠠᠶᠢᠲᠤᠷ ᠠᠳᠬᠤᠬᠤ ᠬᠡᠷᠡᠭᠲᠡᠶ ᠴᠢᠬᠤᠯᠠ ᠶᠡᠬᠡ ᠤᠯᠤᠰ ᠲᠦᠷᠦ ᠶᠢᠨ ᠡᠭᠦᠷᠭᠡ ᠮᠥᠨ ᠃ ᠮᠠᠨ ᠤ ᠨᠠᠮ ᠤᠷᠲᠤ ᠬᠤᠭᠤᠴᠠᠭ᠎ᠠ ᠪᠠᠷ ᠲᠦᠷᠦ ᠪᠠᠷᠢᠬᠤ ᠨᠥᠬᠥᠴᠡᠯ ᠳᠣᠣᠷᠠᠬᠢ ᠢᠯᠵᠠᠷᠠᠯ ᠡᠭᠦᠰᠬᠦ ᠶᠢᠨ ᠬᠦᠨᠳᠦ ᠨᠣᠴᠢᠲᠠᠶ ᠴᠢᠨᠠᠷ ᠪᠣᠯᠤᠨ ᠠᠶᠦᠯᠳᠦ ᠴᠢᠨᠠᠷ ᠢ ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠬᠤ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠴᠥᠮ ᠢᠯᠵᠠᠷᠠᠨ ᠲᠤᠷᠦᠢᠢᠳᠡᠬᠤ ᠶᠢ ᠡᠰᠡᠷᠭᠦᠴᠡᠬᠦ ᠲᠤᠬᠠᠶ ᠰᠡᠷᠭᠡᠭ ᠲᠠᠨᠢᠯᠲᠠ ᠲᠠᠶ ᠶᠤᠮ ᠃ ᠮᠠᠨ ᠤ ᠨᠠᠮ ᠲᠤᠭ ᠲᠡᠮᠲᠡᠭ ᠲᠣᠳᠣᠷᠬᠠᠶ ᠪᠠᠷ ᠂ ᠨᠢᠭᠡ ᠨᠡᠶᠢᠲᠡ ᠳᠦ ᠲᠤᠤᠱᠯᠠᠭᠤᠯᠤᠨ ᠢᠯᠵᠠᠷᠠᠯ ᠢ ᠡᠰᠡᠷᠭᠦᠴᠡᠭᠰᠡᠨ ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢ ᠲᠠᠰᠤᠷᠠᠯᠲᠠ ᠦᠭᠡᠢ ᠮᠡᠳᠡᠭᠳᠡᠮ᠎ᠡ ᠰᠢᠨ᠎ᠡ ᠠᠬᠢᠴᠠ ᠲᠠᠶ ᠪᠤᠯᠵᠤ ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠪᠠᠲᠤᠯᠠᠭ᠎ᠠ ᠬᠠᠩᠭᠠᠭᠰᠠᠨ ᠪᠠᠶᠢᠨ᠎ᠠ ᠃ ᠡᠭᠦᠨ ᠦ ᠵᠡᠷᠭᠡᠴᠡᠭᠡᠪᠡᠷ ᠂ ᠢᠯᠵᠠᠷᠠᠯ ᠢ ᠡᠰᠡᠷᠭᠦᠴᠡᠬᠦ ᠲᠡᠮᠡᠴᠡᠯ ᠦᠨ ᠪᠠᠶᠢᠳᠠᠯ ᠮᠥᠨ ᠬᠦ ᠬᠦᠨᠳᠦ ᠨᠣᠴᠢᠲᠠᠶ ᠪᠠᠶᠢᠵᠤ ᠂ ᠡᠭᠦᠷᠭᠡ ᠮᠥᠨ ᠴᠦ ᠬᠠᠲᠠᠭᠤ ᠪᠡᠷᠬᠡ ᠪᠠᠶᠢᠭᠰᠠᠭᠠᠷ ᠪᠠᠶᠢᠨ᠎ᠠ . ᠢᠯᠵᠠᠷᠠᠯ ᠢ ᠬᠡᠷᠪᠡ ᠪᠦᠲᠦᠮᠵᠢᠲᠡᠶ ᠪᠡᠷ ᠵᠠᠯᠬᠠᠭᠠᠨ ᠰᠢᠳᠬᠡᠵᠦ ᠴᠢᠳᠠᠬᠤ ᠦᠭᠡᠢ ᠪᠣᠯ ᠨᠠᠮ ᠳᠠᠷᠤᠶ ᠠᠷᠠᠳ ᠲᠦᠮᠡᠨ ᠦ ᠢᠲᠡᠭᠡᠯ ᠪᠠ ᠳᠡᠮᠵᠢᠯᠭᠡ ᠶᠢ ᠠᠯᠳᠠᠬᠤ ᠪᠣᠯᠤᠨ᠎ᠠ ᠃ ᠪᠦᠬᠦ ᠨᠠᠮ ᠢᠶᠠᠷ ᠢᠶᠠᠨ ᠡᠷᠬᠡᠪᠰᠢ ᠰᠡᠷᠡᠮᠵᠢ ᠶᠢᠨ ᠬᠤᠨᠭᠬᠤ ᠪᠠᠨ ᠪᠠᠶᠢᠩᠭᠤ ᠳᠤᠤᠭᠠᠷᠭᠠᠵᠤ ᠂ ᠭᠦᠢᠴᠡᠳ ᠲᠠᠨᠢᠵᠤ ᠂ ᠢᠯᠵᠠᠷᠠᠯ ᠢ ᠡᠰᠡᠷᠭᠦᠴᠡᠬᠦ ᠲᠡᠮᠡᠴᠡᠯ ᠦᠨ ᠤᠷᠳᠤ ᠬᠤᠭᠤᠴᠠᠭᠠᠲᠤ ᠴᠢᠨᠠᠷ ᠂ ᠪᠤᠳᠤᠯᠢᠶᠠᠨᠲᠤ ᠴᠢᠨᠠᠷ ᠂ ᠬᠦᠴᠢᠷᠳᠡᠯᠲᠡᠶ ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢ ᠨᠡᠩ ᠲᠤᠪᠤᠢᠢᠮ᠎ᠠ ᠪᠠᠶᠢᠷᠢᠨ ᠳᠤ ᠲᠠᠯᠪᠢᠵᠤ ᠂ ᠨᠡᠩ ᠡᠷᠡᠰ ᠪᠠᠲᠤ ᠢᠲᠡᠭᠡᠯ ᠂ ᠨᠡᠩ ᠡᠷᠡᠰ ᠴᠢᠩᠭ᠎ᠠ ᠣᠪᠣᠷ ᠂ ᠨᠡᠩ ᠬᠦᠴᠦᠲᠡᠶ ᠠᠷᠭ᠎ᠠ ᠬᠡᠮᠵᠢᠶ᠎ᠡ ᠪᠡᠷ ᠢᠯᠵᠠᠷᠠᠯ ᠢ ᠵᠠᠯᠬᠠᠭᠠᠨ ᠰᠢᠳᠬᠡᠬᠦ ᠪᠠ ᠤᠷᠢᠳᠴᠢᠯᠠᠨ ᠰᠡᠷᠭᠡᠶᠢᠯᠡᠬᠦ ᠰᠢᠰᠲ᠋ᠧᠮ ᠦᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠂ ᠡᠷᠡᠰ ᠭᠤᠶᠢᠪᠢᠰᠢ ᠤᠢᠭᠡᠢ ᠪᠡᠷᠢᠯᠵᠠᠷᠠᠯ ᠢ ᠡᠰᠡᠷᠭᠦᠴᠡᠬᠦ ᠲᠡᠮᠡᠴᠡᠯ ᠢ ᠡᠴᠦᠰ ᠲᠦᠨᠢ ᠲᠤᠯᠲᠠᠯ᠎ᠠ ᠬᠢᠬᠦ ᠬᠡᠷᠡᠭᠲᠡᠶ ᠃ ᠤᠳᠤᠷᠢᠳᠬᠤ ᠺᠠᠳ᠋ᠷᠴᠤᠳ ᠲᠤ ᠰᠢᠨ᠎ᠡ ᠱᠠᠭᠠᠷᠳᠠᠯᠭ᠎ᠠ ᠨᠢ ᠄ ᠣᠷᠣᠰᠢᠨ ᠲᠣᠭᠲᠠᠨᠢᠬᠤ ᠳᠤ ᠬᠥᠮᠦᠨ ᠪᠣᠯᠬᠤ ᠦᠨᠳᠦᠰᠦ ᠪᠡᠨ ᠮᠠᠷᠲᠠᠬᠤ ᠦᠭᠡᠢ ᠂ ᠵᠠᠰᠠᠭ ᠠᠯᠪᠠᠨ ᠵᠠᠷᠤᠴᠠ ᠪᠣᠯᠬᠤ ᠰᠡᠳᠬᠢᠯ ᠢᠶᠡᠨ ᠬᠠᠶᠠᠬᠤ ᠦᠭᠡᠢ ᠂ ᠡᠷᠬᠡ ᠪᠡᠨ ᠬᠡᠷᠡᠭᠵᠢᠭᠦᠯᠬᠦ ᠳᠦ ᠬᠤᠪᠢ ᠪᠠᠨ ᠪᠣᠷᠳᠣᠬᠤ ᠦᠭᠡᠢ ᠪᠡᠷ ᠂ ᠡᠪ ᠬᠠᠮᠲᠤᠴᠤᠳ ᠤᠨ ᠤᠯᠤᠰ ᠲᠦᠷᠦ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠶ ᠃
    ᠲᠦᠷᠢᠮ ᠦᠨ ᠪᠠᠶᠢᠭᠤᠯᠤᠯᠲᠠ ᠶᠢᠨ ᠲᠠᠯ᠎ᠠ ᠪᠠᠷ ᠂ ᠲᠡᠦᠬᠡ ᠶᠢᠨ ᠰᠢᠨ᠎ᠡ ᠨᠥᠬᠥᠴᠡᠯ ᠦᠨ ᠳᠣᠣᠷ᠎ᠠ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠂ ᠡᠷᠬᠡᠪᠰᠢ ᠲᠦᠷᠢᠮ ᠢᠶᠡᠷ ᠡᠷᠬᠡ ᠶᠢ ᠬᠠᠮᠢᠶᠠᠷᠬᠤ ᠬᠡᠷᠡᠭ ᠤᠴᠢᠷ ᠢ ᠬᠠᠮᠢᠶᠠᠷᠬᠤ ᠠᠵᠢᠯᠳᠠᠨ ᠢ ᠬᠠᠮᠢᠶᠠᠷᠬᠤ ᠶᠢ ᠪᠠᠷᠢᠮᠲᠠᠯᠠᠨ ᠂ ᠠᠷᠠᠳᠴᠢᠯᠠᠯ ᠲᠥᠪᠯᠡᠷᠡᠯ ᠦᠨ ᠶᠣᠰᠣ ᠶᠢ ᠲᠡᠭᠦᠯᠳᠡᠷᠵᠢᠭᠦᠯᠵᠦ ᠂ ᠲᠠᠰᠤᠷᠠᠯᠲᠠ ᠦᠭᠡᠢ ᠲᠦᠯᠬᠢᠨ ᠠᠬᠢᠭᠤᠯᠵᠤ ᠂ ᠨᠠᠮ ᠤᠨ ᠪᠠᠶᠢᠭᠤᠯᠤᠯᠲᠠ  ᠶᠢ ᠳᠦᠷᠢᠮᠵᠢᠭᠦᠯᠬᠦ ᠂ ᠳᠦᠷᠢᠮᠵᠢᠭᠦᠯᠦᠯ ᠂ ᠵᠢᠷᠤᠮᠵᠢᠭᠤᠯᠬᠤ . ᠮ ᠊ 7.1 ᠮ ᠤ ᠶᠠᠷᠢᠶ᠎ᠠ ᠶᠢ ᠣᠨᠴᠠᠭᠠᠶᠢᠯᠠᠨ ᠴᠢᠬᠤᠯᠠᠴᠢᠯᠠᠪᠠ ᠄ ᠡᠷᠬᠡᠪᠰᠢ ᠲᠦᠷᠢᠮ ᠦᠨ ᠪᠠᠶᠢᠭᠤᠯᠤᠯᠲᠠ ᠶᠢ ᠢᠮᠠᠭᠲᠠ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠂ ᠵᠣᠬᠢᠶᠠᠨ ᠪᠠᠶᠢᠭᠤᠯᠤᠯᠲᠠ ᠶᠢᠨ ᠪᠦᠳᠦᠭᠡᠨ ᠪᠠᠶᠢᠭᠤᠯᠤᠯᠲᠠ ᠂ ᠰᠤᠷᠲᠠᠯ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢᠨ ᠳᠤᠮᠳᠠ ᠭᠣᠣᠯᠳᠠᠯᠭ᠎ᠠ ᠶᠢ ᠳᠤᠪᠤᠢᠢᠯᠠᠭᠠᠬᠤ ᠂ ᠪᠦᠬᠦ ᠲᠠᠯ᠎ᠠ ᠪᠠᠷ ᠲᠤᠢᠯᠬᠢᠠ ᠠᠬᠢᠭᠤᠯᠬᠤ ᠂ ᠤᠯᠠᠮᠵᠢᠯᠠᠯ ᠢ ᠵᠠᠯᠭᠠᠮᠵᠢᠯᠠᠵᠤ ᠂ ᠵᠣᠷᠢᠭᠲᠠᠢ ᠪᠠᠷ ᠰᠢᠨ᠎ᠡ ᠶᠢ ᠡᠭᠦᠳᠴᠦ ᠂ ᠠᠭᠤᠯᠭ᠎ᠠ ᠨᠢ ᠵᠣᠬᠢᠴᠠᠯᠳᠤᠭᠰᠠᠨ ᠂ ᠲᠤᠬᠢᠷᠠᠭᠤᠯᠤᠯᠳᠠ ᠨᠢ ᠰᠢᠨᠵᠢᠯᠡᠬᠦ ᠤᠬᠠᠭᠠᠨᠴᠢ ᠂ ᠢᠵᠢ ᠪᠦᠷᠢᠨ ᠂ ᠪᠦᠲᠦᠮᠵᠢᠲᠡᠶ ᠪᠥᠭᠡᠳ ᠲᠤᠰᠠᠲᠠᠶ ᠲᠦᠷᠢᠮ ᠦᠨ ᠰᠢᠰᠲ᠋ᠧᠮ ᠢ ᠪᠠᠶᠢᠭᠤᠯᠬᠤ ᠬᠡᠷᠡᠭᠲᠡᠶ ᠃ ᠨᠠᠮ ᠤᠨ ᠲᠦᠷᠢᠮ ᠦᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠂ ᠪᠠᠷᠢᠮᠲᠠᠯᠠᠵᠤ ᠂ ᠨᠠᠮ ᠤᠨ ᠲᠦᠷᠢᠮ ᠢᠶᠡᠷ ᠦᠨᠳᠦᠰᠦ ᠪᠣᠯᠭᠠᠬᠤ ᠂ ᠠᠷᠠᠳᠴᠢᠯᠠᠯ ᠲᠥᠪᠯᠡᠷᠡᠯ ᠦᠨ ᠶᠣᠰᠣ ᠪᠠᠷ ᠭᠣᠣᠯᠳᠠᠯᠭ᠎ᠠ ᠪᠣᠯᠭᠠᠵᠤ ᠂ ᠂ ᠨᠠᠮ ᠤᠨ ᠤᠳᠤᠷᠢᠳᠬᠤ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ ᠂ ᠨᠠᠮ ᠤᠨ ᠤᠳᠤᠷᠢᠳᠬᠤ ᠠᠷᠭ᠎ᠠ ᠮᠠᠶ᠋ᠢᠭ ᠪᠠ ᠲᠦᠷᠦ ᠪᠠᠷᠢᠬᠤ ᠠᠷᠭ᠎ᠠ ᠮᠠᠶ᠋ᠢᠭ ᠢ ᠥᠭᠡᠷᠡᠴᠢᠯᠡᠵᠦ ᠲᠡᠭᠦᠯᠳᠡᠷᠵᠢᠭᠦᠯᠬᠦ ᠬᠡᠷᠡᠭᠲᠡᠶ ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠬᠥᠭᠵᠢᠭᠦᠯᠵᠦ ᠂ ᠢᠳᠡᠪᠬᠢᠲᠡᠶ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ ᠂ ᠨᠠᠮ ᠤᠨ ᠠᠵᠢᠯ ᠢ ᠢᠯᠡ ᠪᠣᠯᠭᠠᠬᠤ ᠂ ᠨᠠᠮ ᠤᠨ ᠭᠡᠰᠢᠭᠦᠨ ᠦ ᠪᠡᠶᠡᠴᠢ ᠴᠣᠭᠴᠠ ᠪᠣᠯᠬᠤ ᠪᠠᠶᠢᠷᠢ ᠰᠠᠭᠤᠷᠢ ᠪᠣᠯᠤᠨ ᠠᠷᠠᠳᠴᠢᠯᠠᠯ ᠤᠨ ᠡᠷᠬᠡ ᠶᠢ ᠪᠠᠲᠤᠯᠠᠬᠤ ᠂ ᠨᠠᠮ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠦᠷᠢᠮ ᠪᠠ ᠨᠠᠮ ᠤᠨ ᠳᠣᠲᠣᠭᠠᠳᠤ ᠶᠢᠨ ᠰᠣᠩᠭᠣᠭᠤᠯᠢ ᠶᠢᠨ ᠲᠦᠷᠢᠮ ᠢ ᠲᠡᠭᠦᠯᠳᠡᠷᠵᠢᠭᠦᠯᠵᠦ ᠂ ᠨᠠᠮ ᠤᠨ ᠳᠣᠲᠣᠭᠠᠳᠤ ᠶᠢᠨ ᠠᠷᠠᠳᠴᠢᠯᠠᠯ ᠢᠶᠠᠷ ᠰᠢᠶᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠨᠠᠮ ᠤᠨ ᠪᠦᠯᠬᠦᠮᠳᠡᠯ ᠨᠢᠭᠡᠳᠦᠯ ᠢ ᠪᠠᠲᠤᠯᠠᠵᠤ ᠂ ᠨᠠᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠨᠡᠮᠡᠭᠳᠡᠭᠦᠯᠵᠦ ᠂ ᠠᠷᠠᠳᠴᠢᠯᠠᠯ ᠲᠥᠪᠯᠡᠷᠡᠯ ᠦᠨ ᠶᠣᠰᠣᠨ ᠤ ᠵᠠᠷᠴᠢᠮ ᠠᠴᠠ ᠵᠥᠷᠢᠴᠡᠭᠰᠡᠨ ᠬᠤᠪᠢ ᠬᠥᠮᠦᠨ ᠦ ᠭᠠᠭᠴᠠᠭᠠᠷ ᠡᠵᠡᠨ ᠮᠡᠳᠡᠵᠦ ᠡᠵᠡᠷᠬᠡᠬᠦ ᠪᠠ ᠦᠬᠡᠨᠴᠡ ᠲᠤᠷᠦᠢ ᠰᠤᠯᠠ ᠵᠠᠳᠠᠭᠠᠶ ᠪᠠᠶᠢᠬᠤ ᠦᠵᠡᠭᠳᠡᠯ ᠢ ᠡᠷᠡᠰ ᠲᠡᠪᠴᠢᠬᠦ ᠬᠡᠷᠡᠭᠲᠡᠶ . ᠪᠦᠬᠦ ᠨᠠᠮ ᠤᠨ ᠨᠥᠬᠥᠳ ᠴᠥᠮ ᠪᠠᠲᠤ ᠪᠡᠬᠢ ᠪᠤᠢ ᠪᠣᠯᠭᠠᠵᠤ ᠂ ᠬᠠᠤᠯᠢ ᠴᠠᠭᠠᠵᠠ ᠶᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠂ ᠲᠦᠷᠢᠮ ᠦᠨ ᠡᠮᠦᠨ᠎ᠡ ᠣᠨᠴᠠ ᠡᠷᠬᠡ ᠪᠠᠶᠢᠬᠤ ᠦᠭᠡᠢ ᠂ ᠲᠦᠷᠢᠮ ᠦᠨ ᠬᠢᠵᠠᠭᠠᠷᠯᠠᠯ ᠳᠤ ᠣᠨᠴᠠᠭᠠᠶ ᠵᠦᠢᠯ ᠪᠠᠶᠢᠬᠤ ᠦᠭᠡᠢ ᠭᠡᠰᠡᠨ ᠦᠵᠡᠯᠲᠡ ᠶᠢ ᠨᠠᠷᠢᠨ ᠬᠢᠨᠠᠮᠠᠭᠠᠶ ᠰᠤᠷᠤᠯᠴᠠᠵᠤ ᠂ ᠲᠦᠷᠢᠮ ᠢ ᠴᠢᠩᠭ᠎ᠠ ᠬᠡᠷᠡᠭᠵᠢᠭᠦᠯᠵᠦ ᠂ ᠲᠦᠷᠢᠮ ᠢ ᠲᠦᠷᠢᠮ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠶ ᠃ ᠬᠤ ᠵᠢᠨ ᠲᠤᠤ ᠨᠥᠬᠥᠷ ᠦᠨ ᠮ ᠊ 7.1 ᠮ ᠤ ᠶᠠᠷᠢᠶ᠎ᠠ ᠳᠤᠮᠳᠠ ᠳᠠᠪᠲᠠᠨ ᠢᠯᠡᠷᠬᠡᠶᠢᠯᠡᠬᠦ ᠨᠢ ᠄ 《 ᠳᠤᠮᠳᠠᠳᠤ ᠤᠯᠤᠰ ᠤᠨ ᠶᠠᠪᠤᠳᠠᠯ ᠢ ᠰᠠᠶᠢᠲᠤᠷ ᠬᠢᠬᠦ ᠳᠦ ᠵᠠᠩᠭᠢᠯᠠᠭ᠎ᠠ ᠨᠢ ᠨᠠᠮ ᠳᠤ ᠪᠤᠢ ᠮ ᠊ ᠂ ᠡᠨᠡ ᠪᠣᠯ ᠳᠤᠮᠳᠠᠳᠤ ᠤᠯᠤᠰ ᠤᠨ ᠨᠡᠶᠢᠭᠡᠮ ᠦᠨ 90 ᠵᠢᠯ ᠦᠨ ᠬᠥᠭᠵᠢᠯᠲᠡ ᠶᠢᠨ ᠶᠠᠪᠤᠴᠠ ᠶᠢ ᠡᠷᠭᠢᠴᠡᠭᠦᠯᠬᠦᠶ᠎ᠡ ᠂ ᠴᠢᠬᠤᠯᠠ ᠰᠡᠩᠬᠡᠷᠡᠭᠦᠯᠦᠯ ᠪᠣᠯᠤᠨ᠎ᠠ ᠃ ᠢᠮᠠᠭᠲᠠ ᠪᠠᠷᠢᠮᠲᠠᠯᠠᠵᠤ ᠂ ᠨᠠᠮ ᠤᠨ ᠨᠡᠭᠡᠭᠡᠯᠲᠡᠲᠡᠶ ᠪᠡᠷ ᠤᠷᠤᠭᠰᠢᠯᠠᠬᠤ ᠤᠶᠤᠨ ᠤ ᠬᠥᠳᠡᠯᠭᠡᠭᠴᠢ ᠬᠦᠴᠦᠨ ᠮᠥᠨ ᠂ ᠢᠮᠠᠭᠲᠠ ᠨᠠᠮ ᠪᠣᠯᠤᠨ ᠠᠷᠠᠳ ᠤᠯᠠᠨ ᠤ ᠬᠣᠭᠣᠷᠣᠨᠳᠣᠬᠢ ᠴᠢᠰᠤ ᠮᠢᠬᠠᠨ ᠤ ᠬᠠᠷᠢᠯᠴᠠᠭ᠎ᠠ ᠶᠢ ᠪᠠᠲᠤᠯᠠᠨ᠎ᠠ ᠂ ᠨᠠᠮ ᠤᠨ ᠥᠷᠨᠢᠭᠦᠨ ᠪᠠᠳᠠᠷᠠᠭᠤᠨ ᠠᠮᠢᠳᠤᠯᠢᠭ ᠬᠦᠢᠴᠣᠠ ᠢ ᠢᠮᠠᠭᠲᠠ ᠪᠠᠲᠤᠯᠠᠬᠤ ᠬᠡᠷᠡᠭᠲᠡᠶ ᠂ ᠢᠮᠠᠭᠲᠠ ᠨᠠᠮ ᠤᠨ ᠪᠡᠶ᠎ᠡ ᠴᠣᠭᠴᠠ ᠶᠢᠨ ᠡᠷᠡᠭᠦᠯ ᠮᠠᠨᠳᠤ ᠂ ᠡᠨᠡᠬᠦ 《 ᠳᠥᠷᠪᠡᠨ ᠢᠮᠠᠭᠲᠠ 》 ᠪᠣᠯ ᠮᠠᠨ ᠤ ᠨᠠᠮ ᠤᠨ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷᠢᠮᠲᠠᠯᠠᠨ ᠬᠥᠭᠵᠢᠭᠦᠯᠵᠦ ᠂ ᠮᠠᠷᠺᠰ ᠤᠨ ᠦᠵᠡᠯ ᠦᠨ ᠲᠦᠷᠦ ᠶᠢᠨ ᠨᠠᠮ ᠤᠨ ᠲᠡᠷᠢᠭᠦᠨ ᠦ ᠴᠢᠨᠠᠷ ᠤᠨ ᠦᠨᠳᠦᠰᠦᠨ ᠱᠠᠭᠠᠷᠳᠠᠯᠭ᠎ᠠ ᠮᠥᠨ ᠃

ᠵᠣᠬᠢᠶᠠᠭᠴᠢ: ᠰᠦᠨ ᠵᠡᠢ
ᠢᠷᠡᠯᠲᠡ: ᠥᠪᠥᠷ ᠮᠣᠩᠭᠤᠯ ᠤᠨ ᠨᠠᠮ ᠤᠨ ᠰᠤᠷᠭᠠᠭᠤᠯᠢ