ᠮᠠᠷᠺᠰ ᠤᠨ ᠦᠵᠡᠯ ᠦᠨ ᠰᠤᠷᠤᠯᠴᠠᠬᠤ ᠬᠡᠯᠪᠡᠷᠢ ᠶᠢᠨ ᠳᠣᠢᠷᠤ ᠶᠢᠨ ᠨᠠᠮ ᠢ ᠠᠰᠠᠭᠤᠳᠠᠯ ᠤᠳ ᠤᠨ ᠲᠤᠬᠠᠶ ᠪᠣᠳᠣᠯᠬᠢᠯᠠᠯ
ᠠᠭᠤᠯᠭ᠎ᠠ ᠶᠢᠨ ᠲᠣᠪᠴᠢ
ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ ᠪᠣᠯ ᠨᠢᠭᠡᠨ ᠴᠣ ᠰᠢᠨ᠎ᠡ ᠰᠡᠳᠦᠪ ᠪᠠ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠡᠭᠦᠷᠭᠡ ᠮᠥᠨ᠃ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠪᠠ ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ ᠤᠨ ᠠᠭᠤᠯᠠᠭᠳᠠᠬᠤᠨ ᠵᠢᠴᠢ ᠡᠨᠡ ᠬᠣᠶᠠᠷ ᠤᠨ ᠬᠠᠷᠢᠴᠠᠭ᠎ᠠ ᠶᠢ ᠵᠥᠪ ᠢᠶᠠᠷ ᠲᠠᠨᠢᠵᠤ ᠂ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠢ ᠪᠠᠶᠢᠭᠤᠯᠬᠤ ᠴᠢᠬᠤᠯᠠ ᠴᠢᠨᠠᠷ ᠪᠠ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠶ ᠲᠠᠨᠢᠯᠲᠠ ᠶᠢ ᠲᠡᠭᠡᠭᠰᠢᠯᠡᠬᠦᠯᠵᠦ᠂ 《 ᠲᠦᠷᠪᠡᠠ ᠵᠦᠢᠯ ᠤᠨ ᠡᠭᠦᠷᠭᠡ 》ᠪᠡᠶᠡᠯᠡᠭᠦᠯᠬᠦ᠂᠂ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠂ ᠤᠳᠤ ᠶᠢᠨ ᠣᠷᠣᠰᠢᠵᠤ ᠪᠠᠶᠢᠭ᠎ᠠ ᠠᠰᠠᠭᠤᠳᠠᠯ ᠢ ᠬᠦᠨᠳᠦᠳᠬᠡᠨ ᠦᠵᠡᠵᠦ᠂ ᠰᠠᠶᠢᠨ ᠰᠠᠶᠢᠬᠠᠨ ᠰᠤᠷᠤᠯᠴᠠᠬᠤ ᠰᠤᠷᠲᠠᠯ ᠢᠶᠡᠷ ᠡᠭᠦᠳᠦᠨ ᠪᠠᠶᠢᠭᠤᠯᠬᠤ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠠᠬᠢᠭᠤᠯᠤᠨ᠎ᠠ᠃
ᠵᠠᠩᠭᠢᠯᠠᠭ᠎ᠠ ᠶᠢᠨ ᠦᠭᠡ᠄ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠢ ᠪᠠᠢᠭᠤᠯᠬᠤ ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ ᠪᠠᠶᠢᠭᠤᠯᠤᠯᠲᠠ ᠶᠢᠨ ᠠᠷᠭ᠎ᠠ ᠵᠠᠮ
ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ᠂ ᠡᠨᠡ ᠪᠣᠯ ᠨᠠᠮ ᠤᠨ ᠠᠷᠪᠠᠨ ᠳᠣᠯᠣᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ 《 ᠳᠡᠯᠡᠬᠡᠶ ᠶᠢᠷᠲᠢᠨᠴᠦ ᠬᠤᠪᠢᠷᠠᠵᠤ ᠪᠠᠶᠢᠨ᠎ᠠ᠂ ᠪᠠᠶᠢᠳᠠᠯ ᠬᠥᠭᠵᠢᠵᠦ ᠪᠠᠶᠢᠨ᠎ᠠ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠳᠦᠯᠭᠡ ᠭᠦᠨᠵᠡᠭᠡᠶᠢᠷᠡᠵᠦ ᠪᠠᠢᠨ᠎ᠠ》 ᠴᠠᠭ ᠡᠷᠢᠨ ᠤ ᠣᠨᠴᠠᠯᠢᠭ ᠲᠠᠢ᠂ ᠰᠢᠨ᠎ᠡ ᠡᠷᠢᠨ ᠵᠠᠭᠤᠨ ᠤ ᠲᠦᠷᠦ ᠪᠠᠷᠢᠭᠴᠢ ᠨᠠᠮ ᠤᠨ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠳᠤᠷᠠᠳᠤᠨ ᠭᠠᠷᠭᠠᠭᠰᠠᠨ ᠨᠢᠭᠡᠨ ᠪᠠᠢᠯᠳᠤᠬᠤ ᠪᠣᠳᠣᠯᠭ᠎ᠠ ᠶᠢᠨ ᠴᠢᠬᠤᠯᠠ ᠡᠭᠦᠷᠭᠡ ᠮᠦᠨ᠂ ᠨᠠᠮ ᠤᠨ ᠪᠠᠶᠢᠭᠤᠯᠤᠯᠲᠠ ᠶᠢᠨ ᠨᠢᠭᠡᠨ ᠴᠣ ᠰᠢᠨ᠎ᠡ ᠰᠡᠳᠦᠪ ᠪᠣᠯᠬᠤ ᠶᠤᠮ᠃ ᠡᠨᠡ ᠬᠦ ᠡᠭᠦᠷᠭᠡ ᠶᠢ ᠳᠤᠷᠠᠳᠤᠨ ᠭᠠᠷᠭᠠᠭᠰᠠᠨ ᠨᠢ ᠨᠠᠮ ᠤᠨ ᠪᠠᠶᠢᠭᠤᠯᠤᠯᠲᠠ ᠶᠢᠨ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠ ᠨᠠᠮ ᠤᠨ ᠪᠠᠶᠢᠭᠤᠯᠤᠯᠲᠠ ᠶᠢᠨ ᠦᠢᠯᠡᠳᠦᠯᠭᠡ ᠶᠢᠨ ᠪᠦᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠨᠢ ᠵᠠᠢᠯᠠᠰᠢ ᠦᠭᠡᠢ ᠶᠤᠮ᠃ ᠪᠦᠬᠦᠢᠯᠡ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦ ᠲᠠᠯ᠎ᠠ ᠳᠤ ᠬᠤᠯᠪᠣᠭᠳᠠᠵᠤ᠂ ᠵᠠᠩᠭᠢᠯᠠᠭ᠎ᠠ ᠶᠢᠨ ᠴᠢᠨᠠᠷᠲᠠᠶ ᠪᠠ ᠰᠢᠶ᠋ᠳᠪᠦᠷᠢᠯᠡᠭᠴᠢ ᠴᠢᠨᠠᠷᠲᠠᠶ ᠠᠴᠢ ᠬᠤᠯᠪᠣᠭᠳᠠᠯ ᠲᠠᠢ ᠶᠤᠮ᠃ ᠲᠤᠰ ᠵᠣᠬᠢᠶᠠᠯ ᠳᠤ ᠊ᠨᠡ ᠬᠦ ᠭᠤᠣᠯ ᠰᠡᠳᠦᠪ ᠤᠨ ᠲᠣᠭᠤᠷᠢᠨ ᠳᠤ ᠬᠡᠳᠦᠨ ᠠᠰᠠᠭᠤᠳᠠᠯ ᠤᠨ ᠲᠤᠬᠠᠶ ᠨᠢᠭᠡ ᠪᠠᠭ᠎ᠠ ᠰᠠᠭ᠎ᠠ ᠪᠣᠳᠣᠯᠬᠢᠯᠠᠭᠰᠠᠨ ᠢᠶᠠᠨ ᠶᠠᠷᠢᠶ᠎ᠠ᠃
ᠨᠢᠭᠡ᠄ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠪᠠ ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ
ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠶᠢᠨ ᠡᠭᠦᠰᠦᠯ ᠪᠠ ᠬᠥᠭᠵᠢᠯ ᠨᠢ ᠳᠡᠭᠡᠷ᠎ᠡ ᠵᠠᠭᠤᠨ ᠤ ᠲᠤᠤᠷ᠎ᠠ ᠬᠠᠭᠠᠰ ᠲᠤ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠠᠴᠠ ᠡᠭᠦᠰᠦᠯ ᠲᠠᠢ᠂ ᠥᠭᠡᠷ᠎ᠡ ᠪᠠᠷ ᠬᠡᠯᠡᠪᠡᠯ ᠮᠡᠳᠡᠯᠭᠡ᠂ ᠴᠢᠳᠠᠪᠤᠷᠢᠲᠠᠨ ᠢᠶᠠᠷ ᠭᠤᠣᠯᠯᠠᠭᠤᠯᠤᠭᠰᠠᠨ ᠲᠧᠭᠨᠢᠭ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠪᠦᠬᠦ ᠳᠡᠯᠡᠬᠡᠶ ᠶᠢᠨ ᠬᠡᠪᠴᠢᠶᠡᠨ ᠳᠤ ᠦᠷᠨᠢᠵᠠᠢ᠃ ᠡᠨᠡ ᠬᠤᠪᠢᠰᠬᠠᠯ ᠨᠢ ᠬᠥᠮᠦᠨ ᠲᠥᠷᠥᠯᠬᠢᠲᠡᠨ ᠤ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠵᠤ᠂ ᠣᠷᠣᠨ ᠪᠦᠰᠡ ᠶᠢᠨ ᠪᠠ ᠤᠯᠤᠰ ᠤᠨ ᠬᠦᠷᠢᠶ᠎ᠡ ᠶᠢ ᠰᠢᠪᠳᠤᠯᠵᠤ᠂ ᠪᠦᠭᠦ ᠪᠥᠮᠪᠥᠷᠴᠡᠭ ᠤᠨ ᠬᠡᠪᠴᠢᠶᠡᠨ ᠳᠣᠲᠣᠷ᠎ᠠ ᠰᠠᠨᠠᠯ ᠢᠶᠠᠨ ᠰᠤᠯᠢᠯᠴᠠᠬᠤ ᠳᠤ ᠬᠦᠷᠭᠡᠪᠡ᠃ ᠠᠵᠤ ᠠᠬᠤᠶ ᠶᠢᠨ ᠳᠡᠯᠡᠬᠡᠶᠢᠴᠢᠯᠡᠯ᠂ ᠮᠡᠳᠡᠭᠡ ᠵᠠᠩᠭᠢ ᠶᠢᠨ ᠰᠦᠯᠵᠢᠶᠡᠵᠢᠯᠲᠡ᠂ ᠨᠡᠶᠢᠭᠡᠮ ᠢ ᠮᠡᠳᠡᠯᠭᠡᠵᠢᠭᠦᠯᠬᠦ᠂ ᠰᠢᠨ᠎ᠡ ᠴᠠᠭ ᠦᠶ᠎ᠡ ᠶᠢᠨ ᠣᠨᠴᠠᠯᠢᠭ ᠪᠣᠯᠵᠤ᠂ ᠤᠯᠠᠮᠵᠢᠯᠠᠯᠲᠤ ᠮᠡᠳᠡᠯᠭᠡ ᠡᠵᠡᠮᠰᠢᠬᠦ ᠪᠡᠷ ᠭᠤᠣᠯ ᠪᠣᠯᠭᠠᠨ ᠰᠤᠷᠤᠯᠴᠠᠬᠤ ᠳᠠᠳᠬᠠᠯ ᠢ ᠦᠭᠡᠷᠡᠴᠢᠯᠡᠨ᠂ ᠬᠥᠮᠦᠨ ᠲᠥᠷᠥᠯᠬᠢᠲᠡᠨ ᠤ ᠰᠤᠷᠤᠯᠴᠠᠯᠭ᠎ᠠ ᠶᠢ ᠰᠢᠨᠡᠳᠬᠡᠵᠦ ᠴᠠᠭ ᠦᠶᠡᠴᠢ ᠴᠢᠨᠠᠷ ᠲᠠᠢ ᠪᠣᠯᠭᠠᠵᠠᠢ᠃ ᠡᠨᠡᠬᠦ ᠬᠤᠪᠢᠷᠠᠯᠲᠠ ᠨᠢ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠲᠤᠷᠠᠳᠤᠨ ᠭᠠᠷᠭᠠᠭᠰᠠᠨ《 ᠨᠠᠰᠤᠨ ᠲᠤᠷᠰᠢᠳᠠ ᠰᠤᠷᠤᠯᠴᠠᠬᠤ》 ᠣᠶᠢᠯᠠᠭᠠᠭᠳᠠᠬᠤᠨ ᠲᠠᠢ ᠵᠣᠬᠢᠴᠠᠵᠤ᠂《 ᠰᠤᠷᠤᠯᠴᠠᠬᠤ ᠮᠠᠶ᠋ᠢᠭ ᠤᠨ ᠨᠡᠶᠢᠭᠡᠮ ᠤᠨ ᠵᠦᠭ ᠤᠷᠤᠭᠰᠢᠯᠠᠬᠤ》 ᠬᠠᠷᠠᠯᠲᠠ ᠲᠠᠢ ᠨᠢᠭᠡ ᠵᠦᠢᠯ ᠤᠨ ᠰᠢᠨ᠎ᠡ ᠵᠣᠬᠢᠶᠠᠨ ᠪᠠᠶᠢᠭᠤᠯᠤᠯᠲᠠ᠂ ᠲᠤᠬᠠᠶᠢᠯᠠᠪᠠᠯ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠪᠤᠢ ᠪᠣᠯᠤᠭᠰᠠᠨ ᠪᠠᠶᠢᠨ᠎ᠠ᠃ ᠡᠭᠦᠨ ᠤ ᠬᠠᠮᠲᠤ᠂ ᠥᠷᠥᠨᠡᠳᠠᠬᠢᠨ ᠤ ᠵᠠᠷᠢᠮ ᠡᠷᠳᠡᠮᠲᠡᠨ᠂ ᠲᠤᠰᠬᠠᠶ ᠮᠡᠷᠭᠡᠵᠢᠯᠲᠡᠨ ᠵᠠᠯᠭ᠎ᠠ ᠵᠠᠯᠭ᠎ᠠ ᠪᠠᠷ ᠨᠣᠮ ᠵᠣᠬᠢᠶᠠᠯ ᠪᠢᠴᠢᠵᠤ᠂ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠶᠢᠨ ᠵᠣᠷᠢᠯᠲᠠ ᠶᠢᠨ ᠲᠤᠬᠠᠶ ᠰᠢᠰᠲ᠋ᠧᠮ ᠲᠠᠢ ᠦᠭᠦᠯᠡᠵᠠᠢ᠃ᠡᠭᠦᠨ ᠳᠤ᠂ ᠬᠠᠮᠤᠭ ᠦᠨ ᠲᠥᠯᠥᠭᠡᠯᠡᠬᠦ ᠴᠢᠨᠠᠷᠲᠠᠶ᠂ ᠨᠥᠯᠥᠭᠡ ᠬᠠᠮᠤᠭ ᠥᠷᠭᠡᠨ ᠨᠢ ᠠᠮᠧᠷᠢᠺᠠ ᠶᠢᠨ ᠮᠡᠰᠡᠴᠦ᠋ᠰᠧᠼ ᠵᠧᠦ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ ᠫᠧᠲᠷ ᠱᠧᠩ ᠵᠢᠶ ᠪᠢᠴᠢᠭᠰᠡᠨ 《 ᠲᠠᠪᠤᠳᠤᠭᠠᠷ ᠵᠦᠢᠯ ᠤᠨ ᠪᠣᠯᠪᠠᠰᠤᠷᠠᠯ — ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠶᠢᠨ ᠤᠷᠠᠯᠢᠭ ᠬᠢᠭᠡᠳ ᠪᠣᠳᠠᠲᠤ ᠶᠠᠪᠤᠳᠠᠯ 》 ᠭᠡᠬᠦ ᠨᠣᠮ ᠪᠣᠯᠣᠨ᠎ᠠ᠃ ᠡᠨᠡᠬᠦ ᠵᠣᠬᠢᠶᠠᠯ ᠳᠠᠭᠠᠨ ᠫᠧᠲᠷ ᠱᠧᠩ ᠵᠢᠶ ᠬᠥᠮᠦᠰ ᠲᠤ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠶᠢᠨ ᠣᠶᠢᠯᠠᠭᠠᠭᠳᠠᠬᠤᠨ ᠢ ᠤᠯᠠᠮᠵᠢᠯᠠᠵᠤ᠂᠂ ᠬᠠᠮᠢᠶᠠᠷᠤᠯᠲᠠ ᠶᠢᠨ ᠤᠬᠠᠭᠠᠨ ᠤ ᠡᠭᠦᠳᠡᠨ ᠡᠴᠡ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠢᠭᠤᠯᠤᠯᠲᠠ ᠶᠢᠨ ᠲᠠᠪᠤᠨ ᠶᠡᠭᠡ ᠬᠦᠴᠦᠨ ᠵᠦᠢᠯ᠂ ᠥᠭᠡᠷ᠎ᠡ ᠪᠠᠷ ᠬᠡᠯᠡᠪᠡᠯ ᠥᠪᠡᠷ ᠤᠨ ᠪᠡᠶ᠎ᠡ ᠪᠠᠨ ᠳᠠᠪᠠᠵᠤ᠂ ᠤᠶᠠᠨ ᠪᠢᠯᠢᠭ ᠢᠶᠠᠨ ᠰᠠᠶᠢᠵᠢᠷᠠᠭᠤᠯᠬᠤ ᠵᠠᠭᠪᠤᠷ᠂ ᠬᠠᠮᠲᠤ ᠶᠢᠨ ᠡᠷᠢᠯ ᠬᠦᠰᠡᠯ᠂ ᠬᠠᠮᠲᠤ ᠶᠢᠨ ᠬᠦᠰᠡᠯ᠂ ᠪᠦᠯᠬᠦᠮᠳᠡᠨ ᠰᠤᠷᠤᠯᠴᠠᠬᠤ᠂ 《ᠲᠠᠪᠤᠨ ᠵᠦᠢᠯ ᠤᠨ ᠪᠣᠯᠪᠠᠰᠤᠷᠠᠯ》 ᠰᠢᠰᠲ᠋ᠧᠮ ᠲᠠᠢ ᠰᠡᠳᠬᠢᠬᠦ ᠶᠢ ᠲᠤᠷᠠᠳᠴᠠᠢ᠃ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠭᠡᠳᠡᠭ ᠪᠣᠯ ᠳᠠᠷᠤᠶ ᠨᠢᠭᠡ ᠵᠦᠢᠯ ᠤᠨ ᠦᠷᠭᠦᠯᠵᠢᠯᠡᠭᠰᠡᠨ᠂ ᠥᠨᠳᠥᠷ ᠪᠦᠲᠦᠮᠵᠢᠲᠡᠶ ᠰᠤᠷᠤᠯᠴᠠᠵᠤ᠂ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠵᠠᠭᠪᠤᠷ ᠢ ᠪᠣᠯᠣᠨ᠎ᠠ᠃ ᠲᠡᠷᠡ ᠨᠢ ᠭᠤᠣᠯᠳᠠᠭᠤ ᠳᠣᠣᠷᠠᠬᠢ ᠬᠡᠳᠦᠨ ᠣᠨᠴᠠᠯᠢᠭ ᠲᠠᠢ᠄ ᠨᠢᠭᠡᠳᠦᠭᠡᠷ ᠲᠤ᠂ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠨᠢ ᠮᠡᠳᠡᠭᠡ ᠵᠠᠩᠭᠢᠵᠢᠯᠲᠠ᠂ ᠳᠡᠯᠡᠬᠡᠶᠢᠴᠢᠯᠡᠬᠦ᠂ ᠮᠡᠳᠡᠯᠭᠡᠵᠢᠭᠦᠯᠬᠦ ᠴᠠᠭ ᠦᠶ᠎ᠡ ᠶᠢᠨ ᠨᠥᠬᠦᠴᠡᠯ ᠳᠣᠣᠷ᠎ᠠ ᠪᠤᠢ ᠪᠣᠯᠤᠭᠰᠠᠨ ᠨᠢᠭᠡ ᠵᠦᠢᠯ ᠤᠨ ᠰᠢᠨ᠎ᠡ ᠰᠤᠷᠤᠯᠴᠠᠯᠭ᠎ᠠ ᠪᠣᠯᠬᠤ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠮᠥᠨ ;ᠬᠤᠶᠠᠷ᠂ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠶᠢ ᠢᠯᠡ ᠲᠣᠳᠣ ᠣᠨᠴᠠᠯᠢᠭ ᠪᠣᠯ 《 ᠰᠤᠷᠤᠯᠴᠠᠯᠭ᠎ᠠ 》᠃ ᠡᠶᠢᠮᠦᠷᠬᠦ ᠰᠤᠷᠤᠯᠴᠠᠯᠭ᠎ᠠ ᠪᠣᠯ ᠨᠢᠭᠡ ᠵᠦᠢᠯ ᠤᠨ ᠪᠦᠯᠬᠦᠮ ᠨᠡᠶᠢᠲᠡ ᠶᠢᠨ ᠬᠡᠯᠪᠡᠷᠢ ᠪᠠᠷ ᠬᠠᠷᠢᠯᠴᠠᠨ ᠬᠥᠳᠡᠯᠦᠯᠴᠡᠭᠰᠡᠨ᠂ ᠰᠤᠳᠤᠯᠤᠨ ᠶᠠᠷᠢᠯᠴᠠᠬᠤ ᠮᠠᠶ᠋ᠢᠭ ᠤᠨ ᠰᠤᠷᠤᠯᠴᠠᠯᠭ᠎ᠠ ᠪᠠ ᠵᠣᠬᠢᠴᠠᠩᠭᠤᠶ ᠵᠣᠬᠢᠶᠠᠨ ᠪᠠᠶᠢᠭᠤᠯᠤᠯᠲᠠ ᠶᠢᠨ ᠪᠦᠲᠦᠴᠡ ᠪᠠ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠦᠷᠢᠮ ᠪᠣᠯᠤᠨ ᠲᠣᠭᠲᠠᠴᠠ ᠲᠠᠢ ᠪᠠᠢᠬᠤ ᠶᠠᠪᠤᠳᠠᠯ ᠪᠣᠯᠤᠨ᠎ᠠ ; ᠭᠤᠷᠪᠠ᠂ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠶᠢᠨ ᠰᠠᠭᠤᠷᠢ ᠨᠢ ᠨᠢᠭᠡᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠪᠦᠷᠢᠯᠳᠦᠬᠦᠨ ᠰᠠᠶᠢᠨ ᠳᠤᠷ᠎ᠠ ᠠᠴᠠ ᠪᠠᠨ ᠲᠡᠭᠦᠨ ᠤ ᠲᠥᠯᠥᠭᠡ ᠲᠡᠮᠡᠴᠡᠬᠦ ᠬᠠᠮᠲᠤ ᠶᠢᠨ ᠬᠦᠰᠡᠯ ᠡᠷᠡᠮᠡᠯᠵᠡᠯ ᠪᠣᠯᠤᠨ᠎ᠠ᠃ ᠡᠨᠡ ᠨᠢ ᠠᠯᠤᠰ ᠤᠨ ᠲᠥᠰᠦᠪ ᠲᠤ ᠬᠤᠯᠠ᠂ ᠣᠢᠢᠷ᠎ᠠ᠂ ᠥᠨᠳᠥᠷ᠂ ᠳᠣᠣᠷ᠎ᠠ ᠬᠠᠷᠠᠯᠲᠠ ᠶᠢᠨ ᠬᠤᠯᠪᠣᠭ᠎ᠠ ᠬᠠᠷᠢᠴᠠᠭ᠎ᠠ ᠪᠠ ᠢᠯᠭᠠᠭ᠎ᠠ ᠲᠠᠢ ; ᠲᠥᠷᠪᠡ᠂ ᠰᠤᠷᠤᠯᠴᠠᠬᠤ ᠶᠢᠨ ᠵᠣᠷᠢᠯᠭ᠎ᠠ ᠪᠣᠯ ᠥᠪᠡᠷ ᠢ ᠪᠠᠨ ᠳᠠᠪᠠᠵᠤ᠂ ᠥᠭᠡᠷ᠎ᠡ ᠪᠠᠷ ᠬᠡᠯᠡᠪᠡᠯ᠂ ᠰᠡᠳᠬᠢᠬᠦ ᠠᠷᠭ᠎ᠠ ᠬᠡᠯᠪᠡᠷᠢ ᠪᠠᠨ ᠲᠤᠰ ᠪᠡᠶ᠎ᠡ ᠶᠢᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠣᠷᠴᠢᠨ ᠲᠣᠭᠤᠷᠢᠨ ᠳᠦ ᠵᠣᠬᠢᠴᠠᠬᠤ ᠪᠠ ᠥᠭᠡᠷᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠨᠢ ᠵᠢᠭᠡ ᠵᠦᠢᠯ ᠦᠨ ᠲᠡᠷᠢᠭᠦᠨ ᠤ ᠰᠤᠷᠤᠯᠴᠠᠵᠤ᠂ ᠬᠥᠮᠦᠵᠢᠭᠦᠯᠬᠦ᠂ ᠬᠠᠮᠢᠶᠠᠷᠤᠯᠲᠠ ᠪᠠ ᠣᠶᠢᠯᠠᠭᠠᠭᠳᠠᠬᠤᠨ ᠪᠣᠯᠣᠭᠰᠠᠨ ᠤ ᠬᠤᠪᠢ ᠳᠤ᠂ ᠡᠳᠦᠷ ᠢᠷᠡᠬᠦᠶ᠎ᠡ ᠳᠡᠯᠡᠬᠡᠶ ᠶᠢᠨ ᠤᠷᠤᠰᠬᠠᠯ ᠪᠣᠯᠵᠤ᠂ ᠤᠯᠠᠮ ᠠᠴᠠ ᠤᠯᠠᠮ ᠣᠯᠠᠨ ᠤᠯᠤᠰ ᠲᠤ ᠴᠢᠳᠬᠤᠯᠠᠭᠳᠠᠵᠤ ᠪᠤᠢ᠃
ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠢ ᠪᠠᠶᠢᠭᠤᠯᠬᠤ ᠳᠤ᠂ ᠡᠷᠬᠡᠪᠰᠢ ᠰᠢᠨᠵᠢᠯᠡᠬᠦ ᠤᠬᠠᠭᠠᠨᠴᠢ ᠪᠠᠷ ᠪᠦᠬᠦ ᠲᠠᠯ᠎ᠠ ᠪᠠᠷ ᠣᠢᠯᠭᠠᠬᠤ ᠬᠡᠷᠡᠭᠲᠡᠢ᠃ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠢ ᠪᠠᠶᠢᠭᠤᠯᠬᠤ ᠶᠢ ᠳᠤᠷᠠᠳᠤᠨ ᠭᠠᠷᠭᠠᠭᠰᠠᠨ ᠨᠢ ᠳᠠᠷᠤᠢ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠢᠭᠤᠯᠤᠯᠲᠠ ᠶᠢᠨ ᠣᠨᠣᠯ ᠢᠶᠠᠷ ᠣᠨᠣᠯ ᠤᠨ ᠡᠬᠢ ᠰᠤᠷᠪᠤᠯᠵᠢ ᠪᠣᠯᠭᠠᠭᠰᠠᠨ ᠶᠤᠮ᠃ ᠳᠦᠭᠦᠮ ᠢᠶᠠᠷ ᠬᠡᠯᠡᠪᠡᠯ᠂ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠪᠣᠯ ᠨᠢᠭᠡ ᠵᠦᠢᠯ ᠤᠨ ᠣᠨᠴᠠᠭᠠᠶ ᠲᠥᠷᠥᠯ ᠬᠡᠯᠪᠡᠷᠢ ᠪᠣᠯᠣᠨ᠎ᠠ᠂ ᠲᠡᠷᠡ ᠨᠢ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠶᠢᠨ ᠶᠡᠷᠦ ᠶᠢᠨ ᠣᠨᠴᠠᠯᠢᠭ ᠢ ᠪᠦᠷᠢᠯᠳᠦᠭᠦᠯᠬᠦ ᠠᠴᠠ ᠭᠠᠳᠠᠨ᠎ᠠ᠂ ᠪᠠᠰᠠ ᠡᠷᠬᠡᠪᠰᠢ ᠲᠦᠷᠦ ᠶᠢᠨ ᠨᠠᠮ ᠪᠣᠯᠤᠭᠰᠠᠨ ᠤ ᠬᠤᠪᠢ ᠳᠤ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠶᠢᠨ ᠥᠪᠡᠷᠮᠢᠴᠡ ᠴᠢᠨᠠᠷ ᠢᠯᠡᠷᠡᠭᠦᠯᠬᠦ ᠬᠡᠷᠡᠭᠲᠡᠢ᠃ ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ ᠭᠡᠳᠡᠭ ᠨᠢ ᠳᠠᠷᠤᠶ ᠦᠷᠭᠦᠯᠵᠢᠯᠡᠨ ᠦᠷ᠎ᠡ ᠠᠰᠢᠭ ᠥᠨᠳᠥᠷ ᠲᠠᠢ ᠰᠤᠷᠤᠯᠴᠠᠬᠤ ᠪᠠᠷ ᠳᠠᠮᠵᠢᠭᠤᠯᠤᠨ ᠵᠣᠬᠢᠶᠠᠨ ᠪᠠᠶᠢᠭᠤᠯᠤᠯᠲᠠ ᠵᠢᠴᠢ ᠭᠡᠰᠢᠭᠦᠨ ᠤ ᠬᠡᠪ ᠴᠢᠨᠠᠷ ᠪᠠ ᠪᠦᠲᠦᠭᠡᠯᠴᠢ ᠴᠢᠳᠠᠪᠤᠷᠢ ᠶᠢ ᠳᠡᠭᠡᠭᠰᠢᠯᠡᠭᠦᠯᠵᠦ᠂ ᠲᠦᠷᠦ ᠶᠢᠨ ᠨᠠᠮ ᠤᠨ ᠡᠭᠦᠷᠭᠡ ᠶᠢ ᠪᠡᠶᠡᠯᠡᠭᠦᠯᠬᠦ ᠶᠢᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠪᠡᠶᠡᠯᠡᠭᠦᠯᠬᠦ ᠬᠡᠯᠪᠡᠷᠢ ᠮᠥᠨ᠃ ᠮᠠᠨ ᠤ ᠨᠠᠮ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ ᠢ ᠪᠠᠶᠢᠭᠤᠯᠬᠤ ᠶᠢ ᠡᠭᠦᠷᠭᠡ ᠳᠤᠷᠠᠳᠤᠨ ᠭᠠᠷᠭᠠᠭᠰᠠᠨ ᠨᠢ ᠨᠢᠭᠡ ᠲᠠᠯ᠎ᠠ ᠪᠠᠷ᠂ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠶᠢᠨ ᠤᠨᠤᠯ ᠢᠶᠠᠷ ᠲᠤᠯᠢ ᠪᠣᠯᠭᠠᠵᠤ᠂ ᠰᠤᠷᠤᠯᠴᠠᠬᠤ ᠬᠡᠯᠪᠡᠷᠢ ᠶᠢᠨ ᠨᠠᠮ ᠤᠨ ᠪᠠᠶᠢᠭᠤᠯᠤᠯᠲᠠ ᠨᠢ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠣᠯᠤᠨ ᠬᠥᠭᠵᠢᠯᠲᠡ ᠶᠢᠨ ᠡᠩ ᠤᠨ ᠵᠢᠮ᠎ᠡ ᠶᠣᠰᠣ ᠲᠠᠢ ᠨᠡᠶᠢᠴᠡᠬᠦ ᠬᠡᠷᠡᠭᠲᠡᠢ᠃ ᠨᠦᠬᠦᠭᠡ ᠲᠠᠯ᠎ᠠ ᠪᠠᠷ᠂ ᠮᠠᠨ ᠤ ᠨᠠᠮ ᠤᠨ ᠣᠷᠣᠰᠢᠵᠤ ᠪᠠᠶᠢᠭ᠎ᠠ ᠲᠡᠦᠬᠡᠨ ᠣᠷᠣᠨ ᠪᠠᠶᠢᠷᠢ᠂ ᠣᠷᠣᠰᠢᠨ ᠲᠣᠭᠲᠠᠨᠢᠬᠤ ᠪᠠ ᠬᠥᠭᠵᠢᠯᠲᠡ ᠶᠢᠨ ᠣᠨᠴᠠᠭᠠᠶ ᠣᠷᠴᠢᠨ ᠲᠣᠭᠤᠷᠢᠨ ᠠᠴᠠ ᠡᠭᠦᠰᠴᠦ᠂ ᠤᠨᠤᠯ ᠤᠨ ᠰᠦᠪᠡᠭᠴᠢᠯᠡᠯᠳᠡ ᠪᠠ ᠦᠢᠯᠡᠳᠦᠯᠭᠡ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠴᠢᠩᠭᠠᠳᠬᠠᠵᠤ᠂ ᠳᠡᠯᠡᠬᠡᠢ ᠶᠢᠨ ᠪᠠᠶᠢᠳᠠᠯ᠂ ᠤᠯᠤᠰ ᠤᠨ ᠪᠠᠶᠢᠳᠠᠯ ᠪᠣᠯᠤᠨ ᠨᠠᠮ ᠤᠨ ᠪᠠᠶᠢᠳᠠᠯ ᠳᠦ ᠨᠡᠢᠴᠡᠭᠰᠡᠨ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠶ᠃ ᠪᠣᠳᠠᠲᠠᠶ ᠪᠠᠷ ᠬᠡᠯᠡᠪᠡᠯ᠂ ᠮᠠᠨ ᠤ ᠪᠠᠶᠢᠭᠤᠯᠵᠤ ᠪᠠᠶᠢᠭ᠎ᠠ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ ᠨᠢ ᠭᠤᠣᠯᠳᠠᠭᠤ ᠳᠣᠣᠷᠠᠬᠢ ᠮᠡᠲᠦ ᠬᠡᠳᠦᠨ ᠠᠭᠤᠯᠭ᠎ᠠ ᠲᠠᠢ ᠪᠠ ᠭᠤᠣᠯ ᠣᠨᠴᠠᠯᠢᠭ ᠲᠠᠢ᠄ ᠨᠢᠭᠡᠳᠦᠭᠡᠷ ᠲᠤ᠂ ᠮᠡᠳᠡᠯᠭᠡ ᠪᠠ ᠴᠢᠳᠠᠪᠤᠷᠢᠲᠠᠨ ᠤ ᠨᠠᠮ ᠤᠨ ᠣᠷᠣᠰᠢᠨ ᠲᠣᠭᠲᠠᠨᠢᠬᠤ ᠪᠠ ᠬᠥᠭᠵᠢᠯᠲᠡ ᠳᠤ ᠦᠵᠡᠭᠦᠯᠬᠦ ᠦᠢᠯᠡᠳᠦᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠨ᠎ᠡ᠂ ᠨᠢᠭᠡᠨ ᠪᠥᠬᠦ ᠭᠡᠰᠢᠭᠦᠨ ᠤ ᠰᠤᠷᠤᠯᠴᠠᠬᠤ᠂ ᠨᠠᠰᠤᠨ ᠲᠤᠷᠰᠢ ᠶᠢᠨ ᠰᠤᠷᠤᠯᠴᠠᠬᠤ᠂ ᠪᠦᠲᠦᠭᠡᠯᠴᠢ ᠰᠤᠷᠬᠤᠶ ᠲᠦᠷᠦ ᠶᠢᠨ ᠨᠠᠮ ᠪᠣᠯᠤᠨ᠎ᠠ᠃ ᠬᠣᠶᠠᠳᠤᠭᠠᠷ ᠲᠤ᠂ ᠪᠦᠬᠦ ᠨᠠᠮ ᠤᠨ ᠭᠡᠰᠢᠭᠦᠳ ᠦᠨ ᠲᠡᠮᠡᠴᠡᠵᠦ ᠪᠠᠶᠢᠭ᠎ᠠ ᠶᠠᠪᠤᠳᠠᠯ ᠪᠣᠯ ᠨᠢᠭᠡᠨ ᠬᠠᠮᠲᠤ ᠶᠢᠨ ᠬᠦᠰᠡᠯ ᠵᠣᠷᠢᠯᠭ᠎ᠠ᠂ ᠢᠵᠢ ᠪᠦᠷᠢᠨ ᠪᠥᠭᠡᠳ ᠨᠠᠮ ᠤᠨ ᠭᠡᠰᠢᠭᠦᠳ ᠦᠨ ᠰᠤᠷᠤᠯᠴᠠᠬᠤ ᠶᠢ ᠤᠷᠮᠠᠰᠢᠭᠤᠯᠵᠤ᠂ ᠠᠬᠢᠭᠤᠯᠤᠨ ᠪᠠᠲᠤᠯᠠᠵᠤ ᠴᠢᠳᠠᠬᠤ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ ᠪᠠ ᠪᠠᠶᠢᠭᠤᠯᠤᠯ ᠲᠣᠭᠲᠠᠴᠠ ᠶᠢ ᠲᠠᠰᠤᠷᠠᠯᠲᠠ ᠥᠬᠡᠶ ᠲᠡᠭᠡᠭᠰᠢᠯᠡᠭᠦᠯᠬᠦ ᠲᠦᠷᠦ ᠶᠢᠨ ᠨᠠᠮ ᠪᠣᠯᠤᠨ᠎ᠠ᠃ ᠭᠤᠷᠪᠠᠳᠤᠭᠠᠷ ᠲᠤ ᠮᠠᠷᠺᠰ ᠤᠨ ᠦᠵᠡᠯ ᠢᠶᠠᠷ ᠵᠢᠯᠤᠭᠤᠳᠤᠯᠭ᠎ᠠ ᠪᠣᠯᠭᠠᠨ ᠰᠤᠷᠤᠯᠴᠠᠬᠤ ᠪᠠ ᠦᠢᠯᠡᠳᠦᠯᠭᠡ ᠪᠠᠷ ᠡᠵᠡᠮᠰᠢᠬᠦ᠂ ᠬᠡᠷᠡᠭᠵᠢᠭᠦᠯᠬᠦ᠂ ᠰᠢᠨ᠎ᠡ ᠶᠢ ᠡᠭᠦᠳᠬᠦ ᠮᠠᠷᠺᠰ ᠤᠨ ᠦᠵᠡᠯ ᠤᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠲᠦᠷᠦ ᠶᠢᠨ ᠨᠠᠮ ᠪᠣᠯᠤᠨ᠎ᠠ᠃ ᠳᠥᠷᠪᠡᠳᠦᠭᠡᠷ ᠲᠦ᠂ ᠰᠤᠷᠤᠯᠴᠠᠬᠤ ᠪᠠᠷ ᠲᠠᠮᠢᠷᠵᠢᠨ ᠨᠠᠮ ᠤᠨ ᠲᠡᠷᠢᠭᠦᠨ ᠤ ᠴᠢᠨᠠᠷ ᠢ ᠲᠠᠰᠤᠷᠠᠯᠲᠠ ᠦᠭᠡᠢ ᠴᠢᠩᠭᠠᠳᠬᠠᠨ᠂ ᠨᠠᠮ ᠤᠨ ᠲᠦᠷᠦ ᠪᠠᠷᠢᠬᠤ ᠴᠢᠳᠠᠪᠤᠷᠢ ᠶᠢ ᠲᠡᠭᠡᠭᠰᠢᠯᠡᠬᠦᠯᠵᠦ᠂ ᠳᠤᠮᠳᠠᠳᠤ ᠤᠯᠤᠰ ᠤᠨ ᠬᠥᠭᠵᠢᠯᠲᠡ ᠳᠠᠪᠰᠢᠯᠲᠠ ᠶᠢ ᠨᠡᠩ ᠰᠠᠶᠢᠨ ᠢᠶᠠᠷ ᠬᠦᠳᠦᠯᠦᠨ ᠳᠠᠭᠠᠭᠤᠯᠬᠤ ᠲᠦᠷᠦ ᠶᠢᠨ ᠨᠠᠮ ᠮᠥᠨ᠃ ᠡᠭᠦᠨ ᠢᠶᠠᠷ ᠦᠵᠡᠪᠡᠯ᠂ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠪᠠᠢᠭᠤᠯᠬᠤ ᠪᠣᠯ ᠨᠢᠭᠡᠨ ᠰᠢᠨ᠎ᠡ ᠰᠡᠳᠦᠪ᠂ ᠨᠢᠭᠡᠨ ᠰᠢᠨ᠎ᠡ ᠶᠢ ᠡᠭᠦᠳᠬᠦ ᠴᠢᠨᠠᠷᠲᠠᠶ ᠠᠵᠢᠯ ᠮᠥᠨ᠃ ᠲᠡᠷᠡ ᠨᠢ ᠤᠯᠠᠮᠵᠢᠯᠠᠯᠲᠤ ᠰᠤᠷᠤᠯᠴᠠᠬᠤ ᠦᠵᠡᠯ ᠢ ᠦᠨᠳᠦᠰᠦᠨ ᠠᠴᠠ ᠨᠢ ᠬᠤᠪᠢᠷᠠᠭᠤᠯᠵᠤ᠂ ᠪᠢᠳᠡ ᠡᠷᠬᠡᠪᠰᠢ ᠰᠢᠨᠵᠢᠯᠡᠬᠦ ᠤᠬᠠᠭᠠᠨᠴᠢ ᠰᠤᠷᠤᠯᠴᠠᠬᠤ ᠦᠵᠡᠯᠲᠡ ᠲᠠᠢ ᠪᠠᠶᠢᠬᠤ ᠬᠡᠷᠡᠭᠲᠡᠶ᠃ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠤᠨ ᠰᠤᠷᠤᠯᠴᠠᠬᠤ ᠨᠢ ᠪᠠᠶᠢᠳᠠᠯ ᠳᠤ ᠵᠣᠬᠢᠴᠠᠭᠤᠯᠵᠤ᠂ ᠡᠭᠦᠷᠭᠡ ᠶᠢᠨ ᠲᠡᠳᠦᠢ ᠪᠡᠷ ᠰᠤᠷᠤᠯᠴᠠᠬᠤ ᠪᠢᠰᠢ᠂ ᠬᠠᠷᠢᠨ ᠢᠷᠡᠭᠡᠳᠦᠢ ᠳᠤ ᠬᠠᠨᠳᠤᠵᠤ᠂ ᠪᠦᠲᠦᠭᠡᠯᠴᠢ ᠴᠢᠳᠠᠪᠤᠷᠢ ᠶᠢ ᠳᠡᠭᠡᠭᠰᠢᠯᠡᠭᠦᠯᠬᠦ ᠰᠤᠷᠤᠯᠴᠠᠭ᠎ᠠ ; ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠤᠨ ᠰᠤᠷᠤᠯᠴᠠᠬᠤ ᠨᠢ 《 ᠰᠤᠷᠤᠯᠴᠠᠬᠤ 》 ᠶᠢ ᠳᠠᠩ ᠭᠠᠭᠴᠠ ᠮᠡᠳᠡᠯᠭᠡ ᠤᠯᠬᠤ᠂ ᠳᠠᠪᠲᠠᠨ ᠪᠣᠯᠪᠠᠰᠤᠷᠠᠭᠤᠯᠤᠯᠲᠠ᠂ ᠰᠤᠷᠤᠯᠴᠠᠯᠭ᠎ᠠ ᠳᠤ ᠣᠷᠣᠯᠴᠠᠵᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠣᠯᠭᠤᠬᠤ ᠪᠡᠷ ᠣᠢᠯᠭᠠᠵᠤ ᠪᠤᠯᠠᠬᠤ ᠦᠭᠡᠢ᠃ ᠡᠶᠢᠮᠦ ᠰᠤᠷᠤᠯᠴᠠᠬᠤ ᠶᠢᠨ ᠲᠥᠯᠥᠭᠡ ᠯᠡ ᠰᠤᠷᠤᠯᠴᠠᠬᠤ ᠬᠡᠯᠪᠡᠢᠭᠦᠦ ᠰᠤᠷᠤᠯᠴᠠᠬᠤ ᠦᠵᠡᠭᠳᠡᠯ ᠢ ᠠᠷᠢᠯᠭᠠᠵᠤ᠂ ᠪᠦᠬᠦ ᠲᠠᠯ᠎ᠠ ᠪᠠᠷ ᠰᠤᠷᠤᠯᠴᠠᠬᠤ᠂ ᠦᠷᠭᠦᠯᠵᠢᠯᠡᠨ ᠰᠤᠷᠤᠯᠴᠠᠵᠤ᠂ ᠪᠦᠬᠦ ᠲᠠᠯ᠎ᠠ ᠪᠠᠷ ᠬᠥᠭᠵᠢᠭᠰᠡᠨ ᠰᠢᠨ᠎ᠡ ᠰᠤᠷᠲᠠᠯ ᠢ ᠪᠤᠢ ᠪᠣᠢ ᠪᠣᠯᠭᠠᠨ᠎ᠠ᠃ ᠶᠡᠷᠦᠩᠬᠡᠶᠢᠯᠡᠪᠡᠯ᠂ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠢ ᠪᠠᠶᠢᠭᠤᠯᠬᠤ ᠪᠣᠯ ᠨᠢᠭᠡ ᠤᠳᠠᠭᠠᠨ ᠤ ᠦᠵᠡᠯ ᠰᠠᠨᠠᠭᠠᠨ ᠤ ᠠᠷᠭ᠎ᠠ ᠶᠢᠨ ᠲᠠᠯ᠎ᠠ ᠪᠠᠷ ᠬᠢ ᠰᠢᠨ᠎ᠡ ᠶᠢ ᠡᠭᠦᠳᠬᠦ ᠪᠠ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠢᠶᠠᠨ ᠬᠤᠪᠢᠷᠠᠭᠤᠯᠤᠯᠲᠠ ᠮᠦᠨ᠃
ᠬᠤᠶᠠᠷ᠂ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ ᠤᠨ ᠴᠢᠬᠤᠯᠠ ᠴᠢᠨᠠᠷ ᠬᠢᠭᠡᠳ ᠲᠡᠭᠦᠨ ᠤ ᠠᠴᠢ ᠬᠤᠯᠪᠣᠭᠳᠠᠯ
ᠨᠠᠮ ᠤᠨ ᠪᠠᠶᠢᠭᠤᠯᠤᠯᠲᠠ ᠶᠢᠨ ᠵᠣᠷᠢᠯᠲᠠ ᠪᠣᠯ ᠨᠠᠮ ᠤᠨ ᠣᠷᠣᠰᠢᠵᠤ ᠪᠠᠶᠢᠭ᠎ᠠ ᠴᠠᠭ ᠦᠶ᠎ᠡ ᠶᠢᠨ ᠠᠬᠤᠶ ᠪᠠᠶᠢᠳᠠᠯ ᠪᠠ ᠲᠡᠦᠬᠡᠨ ᠪᠠᠶᠢᠳᠠᠯ ᠲᠠᠢ ᠬᠤᠯᠪᠣᠭ᠎ᠠ ᠲᠠᠢ ᠪᠠᠶᠢᠳᠠᠭ᠃ ᠮᠠᠨ ᠤ ᠨᠠᠮ ᠤᠨ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠢ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠡᠭᠦᠷᠭᠡ ᠳᠤᠷᠠᠳᠤᠨ ᠭᠠᠷᠭᠠᠭᠰᠠᠨ ᠨᠢ ᠲᠠᠷᠤᠢ ᠴᠠᠭ ᠦᠶ᠎ᠡ ᠶᠢᠨ ᠬᠦᠭᠵᠢᠯᠲᠡ ᠶᠢᠨ ᠰᠤᠳᠠᠰᠤ ᠪᠣᠯᠤᠨ ᠰᠢᠨ᠎ᠡ ᠪᠠᠶᠢᠳᠠᠯ ᠳᠣᠣᠷᠠᠬᠢ ᠨᠠᠮ ᠤᠨ ᠡᠭᠦᠷᠭᠡᠯᠡᠵᠦ ᠪᠠᠶᠢᠭ᠎ᠠ ᠲᠡᠦᠬᠡᠨ ᠡᠭᠦᠷᠭᠡ ᠬᠢᠭᠡᠳ ᠨᠠᠮ ᠤᠨ ᠲᠤᠯᠭᠠᠷᠠᠵᠤ ᠪᠠᠶᠢᠭ᠎ᠠ ᠥᠷᠢᠰᠥᠯᠳᠦᠭᠡᠨ ᠪᠠ ᠰᠢᠯᠭᠠᠯᠲᠠ ᠳᠦ ᠳᠡᠭᠡᠳᠦ ᠬᠡᠮᠵᠢᠶᠡᠨ ᠤ ᠤᠬᠠᠮᠰᠠᠷ ᠪᠠ ᠰᠡᠷᠭᠡᠭ ᠲᠠᠨᠢᠯᠲᠠ ᠲᠠᠢ ᠪᠥᠭᠡᠳ ᠡᠵᠡᠮᠰᠢᠯᠲᠡ ᠲᠠᠢ ᠪᠠᠢᠬᠤ ᠶᠢ ᠢᠯᠡᠷᠡᠭᠦᠯᠵᠦ ᠪᠠᠢᠨ᠎ᠠ᠃
ᠨᠢᠭᠡ᠂ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠢ ᠪᠠᠢᠭᠤᠯᠬᠤ ᠨᠢ ᠪᠢᠲᠡᠨ ᠤ ᠨᠠᠮ ᠤᠨ ᠰᠤᠷᠤᠯᠴᠠᠬᠤ ᠶᠢ ᠴᠢᠬᠤᠯᠠᠴᠢᠯᠠᠨ ᠦᠵᠡᠵᠦ ᠪᠠ ᠴᠢᠳᠠᠮᠠᠭᠠᠶ ᠰᠡᠶᠢᠠ ᠰᠤᠷᠤᠯᠴᠠᠵᠤ ᠰᠢᠯᠢᠳᠡᠭ ᠤᠯᠠᠮᠵᠢᠯᠠᠯ ᠤᠨ ᠰᠢᠨ᠎ᠡ ᠪᠠᠶᠢᠳᠠᠯ ᠤᠨ ᠳᠣᠣᠷᠠᠬᠢ ᠲᠥᠪᠯᠡᠷᠡᠩᠭᠦᠶ ᠢᠯᠡᠷᠡᠯ ᠮᠥᠨ᠃ ᠰᠤᠷᠤᠯᠴᠠᠭ᠎ᠠ ᠪᠣᠯ ᠨᠢᠭᠡ ᠬᠥᠮᠦᠨ ᠤ ᠮᠡᠳᠡᠯᠭᠡ ᠤᠯᠬᠤ᠂ ᠬᠡᠪ ᠴᠢᠨᠠᠷ ᠢ ᠨᠢ ᠲᠡᠭᠡᠭᠰᠢᠯᠡᠬᠦᠯᠬᠦ᠂ ᠴᠢᠳᠠᠪᠤᠷᠢ ᠪᠠᠨ ᠨᠡᠮᠡᠭᠳᠡᠭᠦᠯᠬᠦ ᠴᠢᠬᠤᠯᠠ ᠠᠷᠭ᠎ᠠ ᠬᠡᠯᠪᠡᠷᠢ ᠮᠥᠨ᠂ ᠨᠢᠭᠡ ᠦᠨᠳᠦᠰᠦᠲᠡᠨ ᠤ ᠪᠠ ᠲᠦᠷᠦ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ᠂ ᠴᠡᠴᠡᠭᠯᠡᠨ ᠳᠠᠪᠰᠢᠬᠤ ᠶᠢᠨ ᠴᠢᠬᠤᠯᠠ ᠠᠷᠭ᠎ᠠ ᠵᠠᠮ ᠮᠥᠨ᠃ ᠰᠤᠷᠤᠯᠴᠠᠬᠤ ᠶᠢ ᠴᠢᠬᠤᠯᠠᠴᠢᠯᠠᠨ ᠴᠢᠳᠠᠮᠠᠭᠠᠶ ᠰᠡᠶᠢᠠ ᠰᠤᠷᠤᠯᠴᠠᠬᠤ ᠪᠣᠯ ᠮᠠᠨ ᠤ ᠨᠠᠮ ᠤᠨ ᠤᠷᠳᠤ ᠬᠤᠭᠤᠴᠠᠭᠠᠨ ᠤ ᠦᠢᠯᠡᠳᠦᠯᠭᠡ ᠳᠤᠮᠳᠠ ᠪᠦᠷᠢᠯᠳᠦᠭᠰᠡᠨ ᠰᠢᠯᠢᠳᠡᠭ ᠤᠯᠠᠮᠵᠢᠯᠠᠯ ᠮᠥᠨ᠂ ᠪᠠᠰᠠ ᠴᠤ ᠨᠠᠮ ᠤᠨ ᠨᠢᠭᠡᠨ ᠴᠢᠬᠤᠯᠠ ᠤᠯᠤᠰ ᠲᠦᠷᠦ ᠶᠢᠨ ᠳᠠᠪᠠᠭᠤᠯᠢᠭ ᠮᠥᠨ᠃ ᠨᠠᠮ ᠪᠠᠶᠢᠭᠤᠯᠤᠭᠳᠠᠭᠰᠠᠨ 90 ᠵᠢᠯ ᠤᠨ ᠲᠤᠷᠰᠢ᠂ ᠮᠠᠨ ᠤ ᠨᠠᠮ ᠶᠡᠷᠦ ᠶᠢᠨ ᠪᠠᠶᠢᠳᠠᠯ ᠪᠣᠯᠤᠨ ᠡᠭᠦᠷᠭᠡ ᠶᠢᠨ ᠬᠤᠪᠢᠷᠠᠯᠲᠠ ᠶᠢ ᠦᠨᠳᠦᠰᠦᠯᠡᠨ ᠰᠤᠷᠤᠯᠴᠠᠬᠤ ᠡᠭᠦᠷᠭᠡ ᠶᠢ ᠪᠦᠬᠦ ᠨᠠᠮ ᠳᠤ ᠳᠤᠷᠠᠳᠴᠤ᠂ ᠢᠯᠠᠩᠭᠤᠶ᠎ᠠ ᠤᠳᠠᠭ᠎ᠠ ᠪᠦᠷᠢ ᠶᠢᠨ ᠴᠢᠬᠤᠯᠠ ᠶᠡᠭᠡ ᠲᠡᠦᠬᠡᠨ ᠡᠷᠭᠢᠯᠲᠡ ᠶᠢᠨ ᠦᠶ᠎ᠡ ᠳᠤ ᠴᠥᠮ ᠰᠤᠷᠤᠯᠴᠠᠯᠭ᠎ᠠ ᠪᠠᠨ ᠴᠢᠩᠭᠠᠳᠬᠠᠵᠤ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠰᠢᠨ᠎ᠡ ᠢᠯᠠᠯᠲᠠ ᠤᠯᠬᠤ ᠴᠢᠬᠤᠯᠠ ᠡᠷᠳᠡᠨᠢ ᠮᠥᠨ᠂ ᠨᠠᠮ ᠤᠨ ᠦᠢᠯᠡᠰ ᠤᠨ ᠥᠷᠨᠢᠨ ᠬᠥᠭᠵᠢᠬᠦ ᠶᠢ ᠲᠦᠢᠯ ᠤᠨ ᠶᠡᠭᠡ ᠪᠠᠷ ᠲᠦᠯᠬᠢᠨ ᠠᠬᠢᠭᠤᠯᠪᠠ᠃ ᠥᠨᠥᠳᠥᠷ ᠳᠡᠯᠡᠬᠡᠶ ᠵᠢᠷᠲᠢᠨᠴᠦ ᠬᠤᠪᠢᠷᠠᠯᠲᠠ ᠶᠢᠨ ᠪᠠᠶᠢᠳᠠᠯ ᠤᠨ ᠬᠥᠭᠵᠢᠯ ᠤᠨ ᠰᠢᠨ᠎ᠡ ᠴᠠᠭ ᠦᠶ᠎ᠡ ᠶᠢᠨ ᠣᠨᠴᠠᠯᠢᠭ ᠢ ᠦᠨᠳᠦᠰᠦᠯᠡᠨ᠂ ᠨᠠᠮ ᠤᠨ ᠲᠥᠪ ᠬᠤᠷᠢᠶ᠎ᠠ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ ᠢ ᠪᠠᠶᠢᠭᠤᠯᠬᠤ ᠴᠢᠬᠤᠯᠠ ᠶᠡᠭᠡ ᠡᠭᠦᠷᠭᠡ ᠶᠢ ᠪᠦᠭᠦ ᠨᠠᠮ ᠤᠨ ᠡᠮᠦᠨ᠎ᠡ ᠲᠠᠯᠪᠢᠵᠤ᠂ ᠮᠠᠨ ᠤ ᠨᠠᠮ ᠤᠨ ᠴᠠᠭ ᠦᠶ᠎ᠡ ᠶᠢᠨ ᠦᠵᠡᠯ ᠤᠬᠠᠮᠰᠠᠷ ᠪᠣᠯᠤᠨ ᠴᠢᠩᠭ᠎ᠠ ᠲᠣᠳᠣᠷᠬᠠᠶ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠬᠦᠢᠴᠡᠳ ᠬᠠᠷᠠᠭᠤᠯᠤᠨ᠂ ᠮᠠᠷᠺᠰ ᠤᠨ ᠦᠵᠡᠯ ᠤᠨ ᠲᠦᠷᠦ ᠶᠢᠨ ᠨᠠᠮ ᠤᠨ ᠬᠡᠵᠢᠶᠡᠳᠡ ᠰᠡᠳᠬᠢᠯ ᠬᠠᠩᠬᠤ ᠤᠢᠭᠡᠢ᠂ ᠵᠣᠭᠰᠤᠭ᠎ᠠ ᠦᠭᠡᠢ ᠤᠷᠤᠭᠰᠢᠯᠠᠬᠤ ᠢᠯᠡ ᠲᠣᠳᠣ ᠣᠨᠴᠠᠯᠢᠭ ᠢ ᠳᠣᠰᠬᠠᠵᠠᠢ᠃
ᠬᠤᠶᠠᠷ᠂ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠢ ᠪᠠᠢᠭᠤᠯᠬᠤ ᠪᠣᠯ ᠨᠠᠮ ᠤᠨ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠲᠠᠭᠠᠬᠤ ᠵᠠᠶᠢᠯᠠᠰᠢ ᠦᠭᠡᠢ ᠰᠣᠩᠭᠤᠯᠲᠠ ᠮᠥᠨ᠃ ᠮᠠᠨ ᠤ ᠥᠨᠥᠳᠦᠷ ᠤᠨ ᠣᠷᠣᠰᠢᠵᠤ ᠪᠠᠶᠢᠭ᠎ᠠ ᠴᠠᠭ ᠦᠶ᠎ᠡ ᠪᠣᠯ ᠨᠠᠶᠢᠷᠠᠮᠳᠠᠯ ᠪᠠ ᠬᠥᠭᠵᠢᠯᠲᠡ ᠪᠠᠷ ᠴᠠᠭ ᠦᠶ᠎ᠡ ᠶᠢᠨ ᠭᠤᠣᠯ ᠰᠡᠳᠦᠪ ᠪᠣᠯᠭᠠᠭᠰᠠᠨ᠂ ᠤᠯᠤᠰ ᠳᠦᠷᠦ ᠶᠢᠨ ᠤᠯᠠᠨ ᠲᠦᠢᠯᠰᠢᠷᠠᠬᠤ ᠨᠢ ᠤᠯᠠᠮ ᠬᠤᠷᠴᠠ ᠲᠣᠳᠣ᠂ ᠠᠵᠤ ᠠᠬᠤᠶ ᠶᠢᠨ ᠳᠡᠯᠡᠬᠡᠶᠢᠴᠢᠯᠡᠯᠲᠡ ᠭᠦᠨᠵᠡᠭᠡᠶᠢᠷᠡᠨ ᠬᠥᠭᠵᠢᠵᠦ ᠪᠠᠶᠢᠭ᠎ᠠ ᠴᠠᠭ ᠦᠶ᠎ᠡ ᠳᠤ ᠣᠷᠣᠰᠢᠵᠤ᠂ ᠨᠢᠭᠡᠨ ᠬᠤᠪᠢᠰᠤᠯᠲᠠ᠂ ᠲᠣᠬᠢᠷᠠᠭᠤᠯᠬᠤ᠂ ᠰᠢᠨ᠎ᠡ ᠶᠢ ᠡᠭᠦᠳᠬᠦ ᠪᠠᠷ ᠮᠡᠳᠡᠭᠳᠡᠮ᠎ᠡ ᠣᠨᠴᠠᠯᠢᠭ ᠰᠢᠨᠵᠢ ᠲᠠᠢ ᠪᠣᠯᠤᠭᠰᠠᠨ ᠴᠠᠭ ᠦᠶ᠎ᠡ ᠮᠥᠨ᠃ ᠢᠯᠠᠩᠭᠤᠶ᠎ᠠ ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠡᠳᠦᠷ ᠠᠴᠠ ᠡᠳᠦᠷ ᠰᠢᠨᠡᠳᠴᠦ ᠪᠠᠶᠢᠨ᠎ᠠ᠂ ᠰᠢᠨ᠎ᠡ ᠨᠡᠭᠡᠭᠡᠯᠳᠠ᠂ ᠰᠢᠨ᠎ᠡ ᠡᠭᠦᠳᠦᠯᠲᠡ ᠲᠠᠰᠤᠷᠠᠯᠲᠠ ᠦᠭᠡᠢ ᠭᠠᠷᠴᠤ᠂ ᠮᠡᠳᠡᠯᠭᠡ ᠶᠢᠨ ᠦᠢᠯᠡᠳᠪᠦᠷᠢᠯᠡᠯ᠂ ᠮᠡᠳᠡᠯᠭᠡ ᠤᠯᠠᠮᠵᠢᠯᠠᠯ ᠠᠵᠤ ᠠᠬᠤᠢ ᠶᠢᠨ ᠴᠢᠬᠤᠯᠠ ᠬᠡᠯᠪᠡᠷᠢ ᠪᠣᠯᠵᠤ ᠡᠭᠦᠳᠦᠨ ᠪᠦᠲᠦᠭᠡᠬᠦ ᠲᠠᠰᠤᠷᠠᠯᠲᠠ ᠥᠬᠡᠶ ᠲᠦᠷᠭᠡᠳᠴᠦ᠂ ᠮᠡᠳᠡᠯᠭᠡ ᠪᠣᠯᠤᠨ ᠴᠢᠳᠠᠪᠤᠷᠢᠲᠠᠨᠨᠡᠶᠢᠭᠡᠮ ᠤᠨ ᠬᠥᠭᠵᠢᠯᠲᠡ ᠶᠢᠨ ᠨᠢᠭᠡᠳᠦᠭᠡᠷ ᠡᠬᠢ ᠪᠠᠶᠠᠯᠢᠭ ᠮᠥᠨ᠂ ᠮᠡᠳᠡᠯᠭᠡ ᠶᠢᠨ ᠠᠵᠤ ᠠᠬᠤᠶ᠂ ᠦᠢᠯᠡᠰ ᠪᠣᠰᠬᠠᠬᠤ ᠴᠢᠳᠠᠪᠤᠷᠢ᠂ ᠰᠢᠨ᠎ᠡ ᠶᠢ ᠡᠭᠦᠳᠬᠦ ᠴᠢᠳᠠᠪᠤᠷᠢ ᠤᠯᠤᠰ ᠤᠨ ᠶᠡᠷᠦᠩᠬᠡᠶ ᠬᠦᠴᠦᠨ ᠪᠠ ᠤᠯᠠᠨ ᠤᠯᠤᠰ ᠤᠨ ᠥᠷᠢᠰᠥᠯᠳᠦᠬᠦ ᠬᠦᠴᠦᠨ ᠤ ᠭᠤᠣᠯ ᠬᠦᠴᠦᠨ ᠵᠦᠢᠯ ᠪᠣᠯᠤᠭᠰᠠᠨ ᠪᠠᠶᠢᠨ᠎ᠠ᠃ ᠰᠤᠷᠦᠯᠴᠡᠯᠭ᠎ᠠ ᠶᠢ ᠴᠢᠬᠤᠯᠠᠴᠢᠯᠠᠬᠤ ᠪᠠ ᠴᠢᠩᠭᠠᠳᠬᠠᠵᠤ᠂ ᠰᠤᠷᠤᠯᠴᠠᠬᠤ ᠬᠡᠯᠪᠡᠷᠢ ᠶᠢᠨ ᠵᠣᠬᠢᠶᠠᠨ ᠪᠠᠶᠢᠭᠤᠯᠤᠯᠲᠠ᠂ ᠰᠤᠷᠤᠯᠴᠠᠬᠤ ᠬᠡᠯᠪᠡᠷᠢ ᠶᠢᠨ ᠨᠡᠶᠢᠭᠡᠮ ᠶᠢ ᠪᠠᠶᠢᠭᠤᠯᠬᠤ ᠪᠠᠷ ᠰᠠᠨᠠᠭᠠᠴᠢᠯᠠᠵᠤ ᠨᠢ ᠨᠢᠭᠡᠨᠲᠡ ᠨᠢᠭᠡ ᠪᠦᠯᠦᠭ ᠳᠡᠯᠡᠬᠡᠶ ᠶᠢᠨ ᠤᠷᠤᠰᠬᠠᠯ ᠪᠣᠯᠣᠭᠠᠳ ᠪᠠᠶᠢᠨ᠎ᠠ᠃ ᠨᠡᠶᠢᠭᠡᠮ ᠭᠡᠰᠡᠨ ᠴᠦ ᠲᠡᠷᠡ ᠬᠤᠪᠢ ᠬᠥᠮᠦᠨ ᠭᠡᠰᠡᠨ ᠴᠦ ᠲᠡᠷᠡ᠂ ᠲᠦᠷᠦ ᠪᠤᠶᠤ ᠲᠥᠷᠥ ᠶᠢᠨ ᠨᠠᠮ ᠴᠦ ᠭᠡᠰᠡᠨ ᠲᠡᠷᠡ ᠬᠡᠷᠪᠡ ᠰᠤᠷᠦᠯᠴᠡᠯᠭ᠎ᠠ ᠪᠠᠨ ᠴᠢᠩᠭᠠᠳᠬᠠᠬᠤ ᠤᠢᠭᠡᠢ᠂ ᠰᠤᠷᠤᠯᠴᠠᠬᠤ ᠴᠢᠳᠠᠪᠤᠷᠢ ᠪᠠᠨ ᠳᠡᠭᠡᠭᠰᠢᠯᠡᠭᠦᠯᠬᠦ ᠦᠭᠡᠢ ᠪᠣᠯ᠂ ᠯᠠᠪᠲᠠᠶ ᠡᠩᠨᠡᠭᠡ ᠠᠴᠠ ᠬᠤᠴᠣᠷᠬᠤ ᠪᠣᠯᠤᠨ᠎ᠠ᠃
ᠭᠤᠷᠪᠠ᠂ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠢ ᠪᠠᠢᠭᠤᠯᠬᠤ ᠪᠣᠯ ᠨᠠᠮ ᠠᠴᠠ ᠳᠤᠮᠳᠠᠳᠤ ᠤᠯᠤᠰ ᠤᠨ ᠬᠥᠭᠵᠢᠯᠲᠡ ᠳᠠᠪᠰᠢᠯᠳᠠ ᠶᠢ ᠬᠥᠲᠥᠯᠬᠦ ᠶᠢᠨ ᠰᠢᠶ᠋ᠳᠪᠦᠷᠢᠯᠡᠭᠴᠢ ᠬᠦᠴᠦᠨ ᠵᠦᠢᠯ ᠪᠣᠯᠤᠨ᠎ᠠ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢ᠂ ᠤᠷᠳᠤ ᠬᠤᠭᠤᠴᠠᠭᠠᠨ ᠤ ᠬᠠᠶᠢᠨ ᠰᠦᠪᠡᠭᠴᠢᠯᠡᠯᠳᠠ ᠪᠠ ᠦᠢᠯᠡᠳᠦᠯᠭᠡ ᠶᠢ ᠳᠠᠮᠵᠢᠭᠠᠳ᠂ ᠮᠠᠨ ᠤ ᠨᠠᠮ ᠠᠷᠠᠳ ᠲᠦᠮᠡᠨ ᠢ ᠳᠠᠭᠠᠭᠤᠯᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢ ᠠᠮᠵᠢᠯᠲᠠᠲᠠᠶ ᠪᠠᠷ ᠨᠡᠭᠡᠭᠡᠵᠤ ᠬᠥᠭᠵᠢᠵᠦ ᠪᠠᠶᠢᠭ᠎ᠠ ᠲᠤᠮᠤ ᠤᠯᠤᠰ ᠲᠤ ᠨᠡᠶᠢᠭᠡᠮ ᠵᠢᠷᠤᠮ ᠢ ᠪᠠᠶᠢᠭᠤᠯᠤᠨ ᠬᠥᠭᠵᠢᠭᠦᠯᠬᠦ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠵᠤ᠂ ᠡᠯ᠎ᠡ ᠵᠦᠢᠯ ᠤᠨ ᠠᠵᠢᠯ ᠦᠢᠯᠡᠰ ᠴᠥᠮ ᠳᠡᠯᠡᠬᠡᠶ ᠳ᠋ᠠᠬᠢᠨ ᠤ ᠠᠩᠬᠠᠷᠤᠯ ᠢ ᠲᠠᠲᠠᠮ᠎ᠠ ᠠᠮᠵᠢᠯᠲᠠ ᠪᠦᠲᠦᠮᠵᠢ ᠶᠢ ᠣᠯᠵᠠᠶ᠃
ᠭᠡᠲᠡᠯ᠎ᠡ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠬᠥᠭᠵᠢᠭᠦᠯᠬᠦ ᠪᠣᠯ ᠤᠷᠢᠳᠤ ᠡᠮᠦᠨ᠎ᠡ ᠪᠠᠶᠢᠭ᠎ᠠ ᠦᠭᠡᠢ ᠪᠦᠲᠦᠭᠡᠯᠴᠢ ᠴᠢᠨᠠᠷᠲᠠᠢ ᠦᠢᠯᠡᠰ ᠮᠥᠨ᠂ ᠤᠨᠤᠯ ᠪᠣᠯᠤᠨ ᠦᠢᠯᠡᠳᠦᠯᠭᠡ ᠶᠢᠨ ᠳᠠᠪᠬᠤᠷ ᠡᠷᠢᠯᠲᠡ ᠰᠤᠪᠢᠯᠲᠠ ᠬᠢᠬᠦ ᠨᠢᠭᠡᠨ ᠶᠠᠪᠤᠴᠠ ᠪᠠᠶᠢᠬᠤ ᠬᠡᠷᠡᠭᠲᠡᠶ᠃ ᠪᠢᠳᠠ ᠮᠡᠳᠡᠬᠦ ᠦᠭᠡᠢ᠂ ᠮᠠᠨ ᠳᠤ ᠲᠠᠨᠢᠭᠳᠠᠬᠤ ᠤᠢᠭᠡᠢ ᠵᠦᠢᠯ ᠪᠠᠰᠠ ᠮᠠᠰᠢ ᠤᠯᠡᠠ ᠪᠠᠶᠢᠳᠠᠭ᠂ ᠤᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠳᠲᠡᠷ ᠲᠦᠷᠭᠡᠨ ᠬᠥᠭᠵᠢᠯᠲᠡ ᠪᠣᠯᠤᠨ ᠮᠡᠳᠡᠯᠭᠡ ᠶᠢᠨ ᠦᠳᠲᠡᠷ ᠲᠦᠷᠭᠡᠨ ᠰᠢᠨᠡᠴᠢᠯᠡᠯᠲᠡ ᠶᠢ ᠦᠨᠳᠦᠰᠦᠯᠡᠨ ᠪᠢᠳᠡ ᠦᠷᠭᠦᠯᠵᠢᠯᠡᠨ ᠨᠡᠬᠡᠯᠭᠡᠨ ᠡᠭᠦᠳᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠰᠢᠨ᠎ᠡ ᠪᠠᠶᠢᠳᠠᠯ ᠢ ᠪᠤᠢ ᠪᠣᠯᠭᠠᠵᠤ᠂ ᠳᠤᠮᠳᠠᠳᠤ ᠤᠯᠤᠰ ᠢ ᠬᠥᠲᠥᠯᠥᠨ ᠳᠠᠭᠠᠭᠤᠯᠵᠤ ᠲᠠᠰᠤᠷᠠᠯᠲᠠ ᠥᠬᠡᠶ ᠬᠥᠭᠵᠢᠨ ᠲᠡᠪᠰᠢᠯᠠᠭᠤᠯᠬᠤ ᠬᠡᠷᠡᠭᠲᠡᠢ ᠪᠠᠶᠢᠨ᠎ᠠ᠃
ᠴᠤᠷ ᠤᠨ ᠭᠠᠭᠴᠠ ᠠᠷᠭ᠎ᠠ ᠪᠣᠯ ᠳᠠᠷᠤᠶ ᠰᠤᠷᠤᠯᠴᠠᠯᠭ᠎ᠠ ᠪᠠᠨ ᠴᠢᠩᠭᠠᠳᠬᠠᠵᠤ᠂ ᠰᠤᠷᠤᠯᠴᠠᠯᠭ᠎ᠠ ᠪᠠᠨᠦᠭᠡᠷᠡᠴᠢᠯᠡᠵᠤ᠂ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠢ ᠪᠠᠶᠢᠭᠤᠯᠬᠤ ᠬᠡᠷᠡᠭᠲᠡᠶ᠃ ᠣᠳᠤ᠂ ᠳᠤᠮᠳᠠᠳᠤ ᠤᠯᠤᠰ ᠤᠨ ᠬᠥᠭᠵᠢᠯᠲᠡ ᠨᠢᠭᠡᠨᠲᠡ ᠰᠢᠨ᠎ᠡ ᠨᠢᠭᠡᠨ ᠲᠡᠦᠬᠡ ᠶᠢᠨ ᠡᠬᠢᠯᠡᠯᠲᠡ ᠶᠢᠨ ᠴᠡᠭ ᠳᠡᠭᠡᠷ᠎ᠡ ᠵᠣᠭᠰᠣᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠯᠢ ᠤᠯᠠᠨ ᠱᠠᠳᠤ ᠦᠶᠡᠴᠢ ᠴᠢᠨᠠᠷᠲᠠᠶ ᠣᠨᠴᠠᠯᠢᠭ ᠢᠯᠡᠷᠡᠭᠰᠡᠨ ᠪᠠᠶᠢᠨ᠎ᠠ᠃ ᠪᠢᠳᠡ ᠳᠤ ᠬᠥᠭᠵᠢᠯᠲᠡ ᠶᠢᠨ ᠰᠠᠶᠢᠨ ᠰᠠᠶᠢᠬᠠᠨ ᠲᠣᠬᠢᠶᠠᠯ ᠲᠤᠯᠭᠠᠷᠠᠵᠤ ᠪᠠᠶᠢᠬᠤ ᠮᠥᠷᠲᠡᠭᠡᠨ ᠪᠠᠰᠠ ᠬᠠᠲᠠᠭᠤ ᠴᠢᠩᠭ᠎ᠠ ᠰᠢᠯᠭᠠᠯᠲᠠ ᠲᠤᠯᠭᠠᠷᠠᠵᠤ᠂ ᠰᠢᠨ᠎ᠡ ᠪᠠᠶᠢᠳᠠᠯ᠂ ᠰᠢᠨ᠎ᠡ ᠠᠰᠠᠭᠤᠳᠠᠯ᠂ ᠰᠢᠨ᠎ᠡ ᠵᠥᠷᠢᠴᠡᠯ ᠲᠠᠰᠤᠷᠠᠯᠲᠠ ᠦᠭᠡᠢ ᠢᠯᠡᠷᠡᠨ ᠭᠠᠷᠴᠤ ᠪᠠᠢᠨ᠎ᠠ᠃ ᠦᠢᠯᠡᠳᠦᠯᠭᠡ ᠶᠢᠨ ᠳᠤᠮᠳᠠ ᠳᠠᠬᠢᠨ ᠰᠤᠷᠤᠯᠴᠠᠬᠤ ᠶᠢ ᠪᠠᠴᠢᠮ ᠱᠠᠭᠠᠷᠳᠠᠵᠤ ᠪᠠᠢᠨ᠎ᠠ᠃ ᠶᠠᠭ ᠠᠷᠪᠠᠨ ᠳᠣᠯᠣᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ 《 ᠲᠣᠭᠲᠠᠭᠠᠯ 》 ᠳᠤ ᠳᠤᠷᠠᠳᠤᠭᠰᠠᠨ 《 ᠳᠡᠯᠡᠬᠡᠶ ᠵᠢᠷᠲᠢᠨᠴᠦ ᠬᠤᠪᠢᠷᠠᠵᠤ ᠪᠠᠶᠢᠨ᠎ᠠ᠂ ᠪᠠᠶᠢᠳᠠᠯ ᠬᠥᠭᠵᠢᠵᠦ ᠪᠠᠶᠢᠨ᠎ᠠ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠳᠦᠯᠭᠡ ᠶᠢ ᠭᠦᠨᠵᠡᠭᠡᠶ ᠲᠠᠰᠤᠷᠠᠯᠲᠠ ᠦᠭᠡᠢ ᠰᠤᠷᠤᠯᠴᠠᠵᠤ᠂ ᠰᠤᠷᠬᠤ ᠳᠠᠭᠠᠨ ᠰᠡᠶᠢᠠ ᠴᠢᠷᠮᠠᠶᠢᠨ ᠠᠬᠢᠭᠤᠯᠬᠤ ᠶᠢᠨ ᠠᠯᠢᠪᠠ ᠰᠢᠨᠵᠢᠯᠡᠬᠦ ᠤᠬᠠᠭᠠᠨᠴᠢ ᠰᠢᠨ᠎ᠡ ᠦᠵᠡᠯ ᠰᠠᠨᠠᠭ᠎ᠠ᠂ ᠰᠢᠨ᠎ᠡ ᠮᠡᠳᠡᠯᠭᠡ᠂ ᠰᠢᠨ᠎ᠡ ᠲᠤᠷᠰᠢᠯᠭ᠎ᠠ ᠶᠢ ᠴᠢᠷᠮᠠᠢᠨ ᠡᠵᠡᠮᠰᠢᠨ ᠬᠡᠷᠡᠭᠵᠢᠭᠦᠯᠬᠦ ᠪᠣᠯ ᠨᠠᠮ ᠬᠡᠵᠢᠶ᠎ᠡ ᠢᠮᠠᠭᠲᠠ ᠴᠠᠭ ᠦᠶ᠎ᠡ ᠶᠢᠨ ᠡᠮᠦᠨ᠎ᠡ ᠨᠢ ᠶᠠᠪᠤᠵᠤ ᠳᠤᠮᠳᠠᠳᠤ ᠤᠯᠤᠰ ᠤᠨ ᠬᠥᠭᠵᠢᠯᠲᠡ ᠳᠠᠪᠰᠢᠯᠲᠠ ᠶᠢ ᠬᠦᠲᠦᠯᠦᠨ ᠰᠢᠶ᠋ᠳᠪᠦᠷᠢᠯᠡᠭᠴᠢ ᠬᠦᠴᠦᠨ ᠵᠦᠢᠯ ᠪᠣᠯᠤᠨ᠎ᠠ᠃ ᠡᠢᠮᠦ ᠡᠴᠡ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠢ ᠪᠠᠢᠭᠤᠯᠬᠤ ᠨᠢ ᠨᠢᠭᠡᠨᠲᠡ ᠮᠠᠨ ᠤ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠪᠠ ᠠᠶᠤᠯ ᠲᠦᠭᠰᠢᠭᠦᠷᠢ ᠶᠢ ᠢᠯᠠᠨ ᠳᠠᠪᠠᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠪᠠᠶᠢᠳᠠᠯ ᠢ ᠨᠡᠭᠡᠭᠡᠬᠦ ᠶᠢᠨ ᠲᠤᠯᠭᠠᠮ ᠬᠡᠷᠡᠭᠴᠡᠭᠡ ᠮᠥᠨ᠃
ᠲᠥᠷᠪᠡ᠂ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠨᠠᠮ ᠢ ᠪᠠᠢᠭᠤᠯᠬᠤ ᠲᠦᠷᠦ ᠪᠣᠯ ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠶᠢ ᠪᠡᠬᠢᠵᠢᠭᠦᠯᠵᠦ᠂ ᠨᠠᠮ ᠤᠨ ᠲᠡᠷᠢᠭᠦᠨ ᠤ ᠴᠢᠨᠠᠷ ᠢ ᠪᠠᠷᠢᠮᠲᠠᠯᠠᠨ ᠬᠥᠭᠵᠢᠭᠦᠯᠬᠦ ᠶᠢᠨ ᠦᠨᠳᠦᠰᠦᠨ ᠱᠠᠭᠠᠷᠳᠠᠯᠭ᠎ᠠ ᠮᠥᠨ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠢᠶᠠᠷ ᠪᠡᠯᠭᠡ ᠲᠡᠮᠳᠡᠭ ᠪᠣᠯᠭᠠᠵᠤ᠂ ᠮᠠᠨ ᠤ ᠤᠯᠤᠰ ᠵᠠᠯᠭ᠎ᠠ ᠵᠠᠯᠭᠠᠪᠡᠷ ᠬᠠᠭᠠᠰ ᠺᠣᠯᠣᠨᠢ ᠬᠠᠭᠠᠰ ᠹᠸᠤᠳᠠᠯ ᠤᠨ ᠨᠡᠶᠢᠭᠡᠮ ᠠᠴᠠ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠰᠢᠨ᠎ᠡ ᠨᠡᠶᠢᠭᠡᠮ ᠤᠨ ᠡᠵᠡᠨ ᠰᠠᠭᠤᠭᠰᠠᠨ ᠲᠡᠦᠬᠡᠲᠦ ᠴᠢᠨᠠᠷᠲᠠᠶ ᠬᠤᠪᠢᠷᠠᠯᠲᠠ ᠭᠠᠷᠴᠤ᠂ ᠳᠡᠭᠡᠳᠦ ᠬᠡᠮᠵᠢᠶ᠎ᠡ ᠪᠠᠷ ᠲᠥᠪᠯᠡᠷᠡᠭᠦᠯᠦᠭᠰᠡᠨ ᠲᠥᠯᠥᠪᠯᠡᠭᠡᠲᠦ ᠠᠵᠤ ᠠᠬᠤᠶ ᠶᠢᠨ ᠪᠠᠶᠢᠭᠤᠯᠤᠯ ᠠᠴᠠ ᠠᠮᠢᠳᠤᠯᠢᠭ ᠬᠦᠴᠦᠨ ᠢᠶᠠᠷ ᠪᠢᠯᠬᠠᠭᠰᠠᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ᠂ ᠲᠦᠭᠵᠢᠮᠡᠯ ᠪᠠ ᠬᠠᠭᠠᠰ ᠲᠦᠭᠵᠢᠮᠡᠯ ᠪᠠᠶᠢᠭᠰᠠᠨ ᠠᠴᠠ ᠪᠠᠨ ᠪᠦᠬᠦ ᠲᠠᠯ᠎ᠠ ᠪᠠᠷ ᠨᠡᠭᠡᠭᠡᠯᠳᠡ ᠬᠢᠬᠦ ᠲᠡᠦᠬᠡᠲᠦ ᠴᠢᠨᠠᠷᠲᠠᠶ ᠬᠤᠪᠢᠷᠠᠯᠲᠠ ᠭᠠᠷᠴᠠᠶ᠃ ᠳᠡᠭᠡᠷ᠎ᠡ ᠳᠤᠷᠠᠳᠤᠭᠰᠠᠨ 《 ᠭᠤᠷᠪᠠᠨ ᠲᠡᠦᠬᠡᠲᠦ ᠬᠤᠪᠢᠷᠠᠯᠲᠠ 》 ᠨᠢ ᠨᠠᠮ ᠤᠨ ᠣᠷᠣᠰᠢᠵᠤ ᠪᠠᠶᠢᠭ᠎ᠠ ᠲᠡᠦᠬᠡᠨ ᠣᠷᠣᠨ ᠪᠠᠶᠢᠷᠢ᠂ ᠥᠭᠡᠷ᠎ᠡ ᠪᠠᠷ ᠬᠡᠯᠡᠪᠡᠯ ᠨᠠᠮ ᠪᠣᠯ ᠨᠡᠶᠢᠭᠡᠮ ᠵᠢᠷᠤᠮᠲᠤ ᠳᠤᠮᠳᠠᠳᠤ ᠤᠯᠤᠰ ᠤᠨ ᠲᠦᠷᠦ ᠪᠠᠷᠢᠭᠴᠢ ᠨᠠᠮ᠂ ᠨᠡᠶᠢᠭᠡᠮ ᠵᠢᠷᠤᠮᠲᠤ ᠪᠦᠲᠦᠬᠡᠨ ᠪᠠᠶᠢᠭᠤᠯᠤᠯᠲᠠ ᠶᠢᠨ ᠤᠳᠤᠷᠢᠳᠬᠤ ᠨᠠᠮ ᠵᠠᠬ᠎ᠠ ᠳᠡᠯᠭᠡᠭᠦᠷ ᠤᠨ ᠠᠵᠤ ᠠᠬᠤᠶ ᠶᠢᠨ ᠨᠥᠬᠦᠴᠡᠯ ᠪᠠ ᠪᠦᠬᠦ ᠲᠠᠯ᠎ᠠ ᠪᠠᠷ ᠨᠡᠭᠡᠭᠡᠯᠲᠡ ᠬᠢᠬᠦ ᠨᠥᠬᠦᠴᠡᠯ ᠳᠣᠣᠷ᠎ᠠ ᠣᠷᠣᠰᠢᠨ ᠲᠣᠭᠲᠠᠨᠢᠵᠤ ᠬᠥᠭᠵᠢᠵᠦ ᠪᠠᠢᠭ᠎ᠠ ᠨᠠᠮ ᠮᠥᠨ ᠬᠡᠰᠡᠨ ᠶᠢ ᠢᠯᠡᠷᠡᠭᠦᠯᠵᠡᠢ᠃ ᠡᠭᠦᠨ ᠠᠴᠠ ᠳᠤᠷᠠᠳᠤᠨᠭᠠᠷᠭᠠᠭᠰᠠᠨ ᠨᠢ᠂ ᠨᠠᠮ ᠤᠨ ᠲᠦᠷᠦ ᠪᠠᠷᠢᠬᠤ ᠴᠢᠳᠠᠪᠤᠷᠢ ᠪᠣᠯᠤᠨ ᠤᠳᠤᠷᠢᠳᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠪᠠ ᠠᠶᠤᠯ ᠲᠦᠭᠰᠢᠭᠦᠷᠢ ᠶᠢ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠪᠣᠯ ᠤᠷᠳᠤ ᠬᠤᠭᠤᠴᠠᠭᠠᠨ ᠤ ᠲᠡᠦᠬᠡᠲᠦ ᠴᠢᠨᠠᠷᠲᠠᠢ ᠠᠰᠠᠭᠤᠳᠠᠯ ᠪᠣᠯᠤᠨ᠎ᠠ᠃ ᠪᠦᠬᠦ ᠨᠠᠮ ᠢᠶᠠᠷ ᠢᠶᠠᠨ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠣᠪᠣᠷ ᠰᠤᠷᠲᠠᠯ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠲᠠᠯ᠎ᠠ ᠪᠠᠷ᠂ ᠴᠢᠨᠠᠭᠰᠢᠯᠠᠪᠠᠯ ᠤᠳᠤᠷᠢᠳᠬᠤ ᠪᠠᠶᠢᠭᠤᠯᠤᠯ ᠪᠣᠯᠤᠨ ᠲᠦᠷᠦ ᠪᠠᠷᠢᠬᠤ ᠠᠷᠭ᠎ᠠ ᠬᠡᠯᠪᠡᠷᠢ ᠶᠢᠨ ᠲᠠᠯ᠎ᠠ ᠪᠠᠷ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠡᠨᠡ ᠬᠤᠶᠠᠷ ᠲᠡᠦᠬᠡᠲᠦ ᠴᠢᠨᠠᠷᠲᠠᠢ ᠰᠢᠯᠭᠠᠯᠲᠠ ᠪᠠ ᠥᠷᠢᠰᠥᠯᠳᠦᠭᠡᠨ ᠢ ᠳᠠᠭᠠᠭᠠᠵᠤ ᠴᠢᠳᠠᠬᠤ ᠶᠢ ᠱᠠᠭᠠᠷᠳᠠᠵᠤ ᠪᠠᠢᠨ᠎ᠠ᠃ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠢ ᠪᠠᠢᠭᠤᠯᠬᠤ ᠨᠢ᠂ ᠨᠠᠮ ᠤᠨ ᠲᠡᠷᠢᠭᠦᠨ ᠤ ᠴᠢᠨᠠᠷ ᠢ ᠪᠠᠷᠢᠮᠲᠠᠯᠠᠨ ᠬᠥᠭᠵᠢᠭᠦᠯᠵᠦ᠂ ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ ᠦᠨᠳᠦᠰᠦᠨ ᠱᠠᠭᠠᠷᠳᠠᠯᠭ᠎ᠠ ᠮᠥᠨ᠃ ᠮᠠᠨ ᠤ ᠨᠠᠮ ᠨᠢᠭᠡᠨᠲᠡ 89 ᠵᠢᠯ ᠪᠣᠯᠵᠤ᠂ ᠲᠦᠷᠦ ᠪᠠᠷᠢᠭᠠᠳ 61 ᠵᠢᠯ ᠪᠤᠯᠵᠤ᠂ ᠥᠭᠡᠷᠡᠴᠢᠯᠡᠯᠲᠡ ᠨᠡᠭᠡᠭᠡᠯᠳᠡ ᠶᠢ ᠤᠲᠤᠷᠢᠳᠤᠭᠠᠳ 32 ᠵᠢᠯ ᠪᠣᠯᠵᠠᠢ᠂ ᠨᠠᠮ ᠤᠨ ᠲᠡᠷᠢᠭᠦᠨ ᠤ ᠴᠢᠨᠠᠷ ᠢ ᠪᠠᠷᠢᠮᠲᠠᠯᠠᠨ ᠬᠥᠭᠵᠢᠭᠦᠯᠵᠦ᠂ ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠶᠢ ᠴᠢᠩᠭᠠᠳᠬᠠᠨ ᠪᠠᠬᠢᠵᠢᠭᠦᠯᠵᠦ᠂ ᠨᠠᠮ ᠦᠢᠯᠡᠳᠦᠯᠭᠡ ᠶᠢᠨ ᠳᠤᠮᠳᠠ ᠬᠠᠲᠠᠭᠤᠵᠢᠨ ᠳᠠᠪᠲᠠᠭᠳᠠᠭᠠᠳ ᠨᠡᠩ ᠪᠣᠯᠪᠠᠰᠤᠷᠠᠩᠭᠤᠶ᠂ ᠨᠡᠩ ᠡᠷᠡᠰ ᠴᠢᠩᠭ᠎ᠠ ᠪᠣᠯᠵᠠᠢ᠃ ᠭᠡᠲᠡᠯ᠎ᠡ᠂ ᠮᠠᠨ ᠤ ᠵᠠᠷᠢᠮ ᠨᠠᠮ ᠤᠨ ᠵᠣᠬᠢᠶᠠᠨ ᠪᠠᠶᠢᠭᠤᠯᠤᠯᠲᠠ ᠶᠢᠨ ᠲᠦᠷᠦ ᠪᠠᠷᠢᠬᠤ ᠴᠢᠳᠠᠪᠤᠷᠢ ᠪᠠ ᠤᠳᠤᠷᠢᠳᠬᠤ ᠬᠢᠷᠢ ᠬᠡᠮᠵᠢᠶ᠎ᠡ ᠨᠢ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠱᠠᠭᠠᠷᠳᠠᠯᠭ᠎ᠠ ᠲᠠᠢ ᠪᠠᠰᠠ ᠪᠦᠷᠢᠮᠦᠰᠦᠨ ᠵᠣᠬᠢᠴᠠᠭᠠᠳᠤᠶ ᠪᠠᠶᠢᠵᠤ᠂ ᠵᠠᠷᠢᠮ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ᠂ ᠣᠶᠢᠯᠠᠭᠠᠭᠳᠠᠬᠤᠨ᠂ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠬᠡᠪ ᠴᠢᠨᠠᠷ ᠴᠢᠳᠠᠪᠤᠷᠢ ᠨᠢ ᠨᠠᠮ ᠤᠨ ᠵᠣᠷᠢᠯᠲᠠ ᠪᠠ ᠲᠡᠷᠢᠭᠦᠨ ᠤ ᠴᠢᠨᠠᠷ ᠤᠨ ᠱᠠᠭᠠᠷᠳᠠᠯᠭ᠎ᠠ ᠲᠠᠢ ᠪᠠᠰᠠ ᠪᠦᠷᠢᠮᠦᠰᠦᠨ ᠨᠡᠶᠢᠴᠡᠬᠦ ᠦᠭᠡᠢ ᠪᠠᠢᠬᠤ ᠶᠢ ᠦᠵᠡᠵᠦ ᠮᠡᠳᠡᠬᠦ ᠬᠡᠷᠡᠭᠲᠡᠢ᠃ ᠡᠨᠡ ᠨᠢ ᠬᠡᠳᠦ᠋ᠢᠪᠡᠷ ᠤᠯᠡᠠ ᠲᠠᠯ᠎ᠠ ᠶᠢᠨ ᠰᠢᠯᠲᠠᠭᠠᠨ ᠪᠠᠶᠢᠬᠤ ᠪᠣᠯᠪᠠᠴᠤ ᠴᠥᠮ ᠰᠤᠷᠦᠯᠴᠡᠯᠭ᠎ᠠ ᠶᠢ ᠤᠢᠯᠦ ᠴᠢᠬᠤᠯᠠᠴᠢᠯᠠᠬᠤ᠂ ᠦᠵᠡᠯ ᠰᠠᠨᠠᠭ᠎ᠠ ᠤᠨᠦᠯ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠢ ᠠᠩᠬᠠᠷᠬᠤ ᠤᠢᠭᠡᠢ ᠲᠠᠢ ᠨᠢᠭᠲᠠ ᠬᠤᠯᠪᠣᠭᠳᠠᠵᠤ ᠪᠠᠶᠢᠬᠤ ᠶᠤᠮ᠃ ᠲᠦᠷᠦ ᠪᠠᠷᠢᠬᠤ ᠰᠢᠯᠭᠠᠯᠲᠠ᠂ ᠥᠭᠡᠷᠡᠴᠢᠯᠡᠯᠲᠡ ᠨᠡᠭᠡᠭᠡᠯᠳᠡ ᠶᠢᠨ ᠰᠢᠯᠭᠠᠯᠲᠠ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠰᠢᠯᠭᠠᠯᠲᠠ᠂ ᠭᠠᠳᠠᠭᠠᠳᠤ ᠣᠷᠴᠢᠨ ᠨᠥᠬᠦᠴᠡᠯ ᠤᠨ ᠰᠢᠯᠭᠠᠯᠲᠠ ᠶᠢ ᠳᠠᠭᠠᠭᠠᠬᠤ ᠳᠤ ᠪᠢᠳᠠ ᠥᠩᠭᠡᠷᠡᠭᠰᠡᠨ ᠤ ᠠᠯᠢ ᠴᠤ ᠴᠠᠭ ᠦᠶ᠎ᠡ ᠠᠴᠠ ᠨᠡᠩ ᠢᠯᠡᠭᠦᠦ ᠰᠤᠷᠤᠯᠴᠠᠬᠤ ᠴᠢᠬᠤᠯᠠ ᠲᠠᠢ᠃
ᠭᠤᠷᠪᠠ᠂ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ ᠢ ᠪᠠᠶᠢᠭᠤᠯᠬᠤ ᠠᠷᠭ᠎ᠠ ᠵᠠᠮ
ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ ᠢ ᠭᠡᠳᠡᠭ ᠪᠣᠯ ᠮᠥᠨ ᠴᠢᠨᠠᠷ ᠳᠡᠭᠡᠷ᠎ᠡ ᠪᠠᠨ ᠨᠠᠮ ᠳᠤ ᠨᠢᠭᠡ ᠵᠦᠢᠯ ᠤᠨ ᠰᠢᠨ᠎ᠡ ᠵᠣᠬᠢᠶᠠᠨ ᠪᠠᠶᠢᠭᠤᠯᠤᠯᠲᠠ ᠶᠢᠨ ᠰᠢᠨᠵᠢ ᠲᠡᠮᠳᠡᠭ ᠣᠯᠭᠣᠭᠰᠠᠨ ᠶᠠᠪᠤᠳᠠᠯ ᠮᠥᠨ᠃ ᠳᠦᠷᠰᠦᠯᠢᠭ ᠢᠶᠠᠷ ᠬᠡᠯᠡᠪᠡᠯ᠂ ᠨᠠᠮ ᠤᠨ ᠰᠤᠷᠤᠯᠴᠠᠬᠤ ᠴᠢᠳᠠᠪᠤᠷᠢ᠂ ᠰᠢᠨ᠎ᠡ ᠶᠢ ᠡᠭᠦᠳᠬᠦ ᠴᠢᠳᠠᠪᠤᠷᠢ ᠪᠣᠯᠤᠨ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠨᠡᠯᠢᠶᠡᠳ ᠥᠨᠳᠥᠷ ᠰᠢᠨ᠎ᠡ ᠨᠢᠭᠡᠨ ᠲᠦᠪᠰᠢᠨ ᠳᠤ ᠬᠥᠷᠥᠭᠰᠡᠨ ᠪᠠᠶᠢᠳᠠᠯ ᠪᠠ ᠬᠢᠷᠢ ᠬᠡᠮᠵᠢᠶ᠎ᠡ ᠪᠣᠯᠣᠨ᠎ᠠ᠃ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠢ ᠪᠠᠶᠢᠭᠤᠯᠬᠤ ᠨᠢ ᠳᠠᠷᠤᠶ ᠡᠨᠡ ᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠶᠠᠪᠤᠭᠳᠠᠭᠰᠠᠨ ᠨᠢᠭᠡ ᠵᠦᠢᠯ ᠤᠨ ᠲᠠᠨᠢᠯᠲᠠ ᠪᠠ ᠦᠢᠯᠡᠳᠦᠯᠭᠡ ᠶᠢᠨ ᠶᠠᠪᠤᠴᠠ ᠮᠥᠨ᠃ ᠡᠭᠦᠨ ᠠᠴᠠ ᠡᠶᠢᠮᠦ ᠨᠢᠭᠡᠨ ᠳ᠋ᠦ᠋ᠩᠨᠡᠯᠲᠡ ᠶᠢ ᠣᠯᠵᠤ ᠪᠣᠯᠤᠨ᠎ᠠ᠂ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ᠂ ᠭᠤᠣᠯᠳᠠᠯᠭ᠎ᠠ ᠪᠠᠨ ᠪᠠᠶᠢᠭᠤᠯᠤᠯᠲᠠ ᠳᠤ ᠲᠠᠯᠪᠢᠵᠤ᠂ ᠦᠢᠯᠡᠳᠦᠯᠭᠡ ᠶᠢ ᠡᠷᠬᠢᠮᠯᠡᠨ᠂ ᠡᠷᠬᠡᠪᠰᠢ ᠨᠠᠮ ᠤᠨ ᠠᠷᠪᠠᠨ ᠳᠣᠯᠣᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠳᠤᠷᠠᠳᠤᠭᠰᠠᠨ 《 ᠰᠢᠨᠵᠢᠯᠡᠬᠦ ᠤᠬᠠᠭᠠᠨᠴᠢ ᠤᠨᠤᠯ ᠢᠶᠠᠷ ᠵᠡᠪᠰᠡᠭᠯᠡᠬᠦ᠂ ᠳᠡᠯᠡᠬᠡᠶ ᠶᠢᠨ ᠬᠠᠷᠠᠴᠠ ᠲᠠᠢ᠂ ᠵᠢᠮ᠎ᠡ ᠶᠣᠰᠣ ᠶᠢ ᠡᠵᠡᠮᠰᠢᠬᠦ ᠳᠤ ᠴᠢᠳᠠᠮᠠᠭᠠᠶ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠲᠠᠢ 》 ᠶᠢᠨ ᠱᠠᠭᠠᠷᠳᠠᠯᠭ᠎ᠠ ᠶᠣᠰᠣᠭᠠᠷ᠂ ᠭᠤᠷᠪᠠᠨ ᠲᠠᠯ᠎ᠠ ᠶᠢᠨ ᠠᠵᠢᠯ ᠢ ᠬᠦᠴᠦᠯᠡᠨ ᠰᠠᠶᠢᠲᠤᠷ ᠠᠳᠬᠤᠬᠤ ᠬᠡᠷᠡᠭᠲᠡᠶ᠃
( ᠨᠢᠭᠡ ) 《 ᠲᠦᠷᠪᠡᠠ ᠵᠦᠢᠯ ᠤᠨ ᠡᠭᠦᠷᠭᠡ》 ᠶᠢ ᠲᠣᠳᠣᠷᠬᠠᠢᠯᠠᠬᠤ ᠬᠡᠷᠡᠭᠲᠡᠢ᠃
1 . ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠶᠢ ᠠᠬᠢᠭᠤᠯᠬᠤ᠂ ᠴᠠᠭ ᠦᠶᠡᠴᠢᠯᠡᠬᠦ᠂ ᠣᠯᠠᠨ ᠲᠦᠮᠡᠨᠴᠢᠯᠡᠬᠦ ᠶᠢ ᠪᠣᠯ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ ᠢ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠮᠠᠨ ᠤ ᠤᠯᠤᠰ ᠤᠨ ᠤᠯᠤᠰ ᠤᠨ ᠪᠠᠶᠢᠳᠠᠯ ᠪᠣᠯᠤᠨ ᠴᠠᠭ ᠦᠶ᠎ᠡ ᠶᠢᠨ ᠣᠨᠴᠠᠯᠢᠭ ᠲᠠᠢ ᠨᠢᠭᠲᠠ ᠤᠶᠠᠯᠳᠤᠭᠤᠯᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ᠂ ᠣᠳᠣᠬᠢᠴᠢᠯᠠᠬᠤ᠂ ᠣᠯᠠᠨ ᠲᠦᠮᠡᠨᠴᠢᠯᠡᠬᠦ ᠶᠢ ᠶᠡᠬᠡᠪᠡᠷ ᠲᠦᠯᠬᠢᠨ ᠠᠬᠢᠭᠤᠯᠬᠤ ᠪᠣᠯ ᠮᠠᠷᠺᠰ ᠤᠨ ᠦᠵᠡᠯ ᠤᠨ ᠰᠢᠨ᠎ᠡ ᠠᠬᠤᠶ ᠪᠠᠶᠢᠳᠠᠯ ᠳᠦ ᠲᠠᠰᠤᠷᠠᠯᠳᠠ ᠦᠭᠡᠢ ᠵᠠᠮ ᠨᠡᠬᠡᠯᠭᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠪᠠᠰᠠ ᠴᠤ ᠳᠤᠮᠳᠠᠳᠤ ᠤᠯᠤᠰ ᠤᠨ ᠨᠡᠶᠢᠭᠡᠮ ᠤᠨ ᠲᠠᠪᠰᠢᠯᠳᠠ ᠶᠢ ᠬᠥᠲᠥᠯᠥᠨ ᠳᠠᠭᠠᠭᠤᠯᠬᠤ ᠪᠠ ᠲᠦᠯᠬᠢᠨ ᠠᠬᠢᠭᠤᠯᠵᠤ᠂ ᠨᠠᠮ ᠤᠨ ᠠᠵᠢᠯ ᠦᠢᠯᠡᠰ ᠤᠨ ᠬᠥᠭᠵᠢᠯᠲᠡ ᠶᠢᠨ ᠦᠨᠳᠦᠰᠦᠨ ᠤᠷᠢᠲᠠᠯ ᠮᠥᠨ᠃ 《ᠳᠤᠮᠳᠠᠳᠤ ᠤᠯᠦᠰᠴᠢᠯᠡᠬᠤ》 ᠪᠣᠯ ᠳᠠᠷᠤᠶ ᠳᠤᠮᠳᠠᠳᠤ ᠤᠯᠤᠰ ᠤᠨ ᠦᠨᠳᠦᠰᠦᠨ ᠤᠯᠤᠰ ᠤᠨ ᠪᠠᠶᠢᠳᠠᠯ ᠠᠴᠠ ᠡᠭᠦᠰᠴᠦ᠂ ᠮᠠᠷᠺᠰ ᠤᠨ ᠦᠵᠡᠯ ᠢᠶᠠᠷ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠬᠢᠵᠤ ᠬᠥᠭᠵᠢᠭᠦᠯᠬᠦ ᠥᠪᠡᠷᠮᠢᠴᠡ ᠲᠤᠷᠰᠢᠯᠭ᠎ᠠ ᠶᠢ ᠳ᠋ᠦᠩᠨᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠮᠠᠷᠺᠰ ᠤᠨ ᠦᠵᠡᠯ ᠤᠨ ᠰᠢᠨ᠎ᠡ ᠤᠨᠤᠯ ᠢ ᠪᠦᠷᠢᠯᠳᠤᠬᠦᠯᠦᠨ᠎ᠡ᠃ 《ᠴᠠᠭ ᠦᠶᠡᠴᠢᠯᠡᠬᠦ》 ᠪᠣᠯ ᠳᠠᠷᠤᠶ ᠰᠢᠨᠵᠢᠯᠡᠬᠦ ᠤᠬᠠᠭᠠᠨᠴᠢ ᠪᠠᠷ ᠴᠠᠭ ᠦᠶ᠎ᠡ ᠶᠢᠨ ᠭᠤᠣᠯ ᠰᠡᠳᠦᠪ ᠢ ᠡᠵᠡᠮᠳᠡᠵᠦ᠂ ᠴᠠᠭ ᠦᠶ᠎ᠡ ᠶᠢᠨ ᠬᠥᠭᠵᠢᠯᠲᠡ ᠶᠢᠨ ᠱᠠᠲᠤ ᠦᠶ᠎ᠡ ᠶᠢᠨ ᠴᠢᠨᠠᠷᠲᠠᠶ ᠣᠨᠴᠠᠯᠢᠭ ᠰᠢᠨᠵᠢ ᠪᠠ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠬᠥᠭᠵᠢᠯᠲᠡ᠂ ᠰᠢᠨ᠎ᠡ ᠦᠵᠡᠯ ᠲᠠᠨᠢᠯᠲᠠ ᠪᠡᠷ᠂ ᠪᠣᠳᠠᠲᠤ ᠵᠢᠷᠲᠢᠨᠴᠦ ᠶᠢᠨ ᠠᠵᠤ ᠠᠬᠤᠶ᠂ ᠤᠯᠤᠰ ᠲᠦ᠋ᠷᠦ᠂ ᠰᠣᠶᠣᠯ ᠪᠣᠯᠪᠠᠰᠤᠷᠠᠯ ᠵᠡᠷᠭᠡ ᠰᠢᠨ᠎ᠡ ᠠᠰᠠᠭᠤᠳᠠᠯ ᠳᠦ ᠬᠠᠷᠢᠭᠤᠯᠲᠠ ᠥᠭᠴᠦ᠂ ᠮᠠᠷᠺᠰ ᠤᠨ ᠦᠵᠡᠯ ᠤᠨ ᠴᠠᠭ ᠦᠶ᠎ᠡ ᠶᠢᠨ ᠰᠢᠨ᠎ᠡ ᠠᠭᠤᠯᠭ᠎ᠠ ᠶᠢ ᠣᠯᠭᠣᠨ᠎ᠠ᠃《ᠣᠯᠠᠨ ᠲᠦᠮᠡᠨᠴᠢᠯᠡᠬᠦ》 ᠨᠢ ᠪᠣᠷᠣᠭᠵᠢᠭᠤᠨ ᠣᠶᠢᠯᠠᠭᠠᠮᠵᠢᠲᠠᠶ ᠦᠭᠡ ᠬᠡᠯᠡ ᠪᠡᠷ ᠮᠠᠷᠺᠰ ᠤᠨ ᠦᠵᠡᠯ ᠤᠨ ᠤᠨᠤᠯ ᠤᠨ ᠦᠨᠳᠦᠰᠦᠯᠡᠯ ᠢ ᠲᠣᠳᠣᠷᠬᠠᠶᠢᠯᠠᠨ ᠥᠭᠦᠯᠡᠵᠦ᠂ ᠠᠷᠠᠳ ᠤᠯᠠᠨ ᠤ ᠰᠢᠨᠵᠢᠯᠡᠬᠦ ᠤᠬᠠᠭᠠᠨᠴᠢ ᠤᠨᠤᠯ ᠢ ᠦᠵᠡᠵᠦ ᠰᠣᠨᠢᠷᠬᠠᠬᠤ ᠳᠤᠷᠠᠲᠠᠶ᠂ ᠰᠢᠨᠵᠢᠯᠡᠬᠦ ᠤᠬᠠᠭᠠᠨᠴᠢ ᠤᠨᠤᠯ᠂ ᠠᠷᠠᠳ ᠣᠯᠠᠨ ᠳᠤ ᠦᠢᠯᠡᠴᠢᠯᠡᠵᠦ᠂ ᠠᠷᠠᠳ ᠤᠯᠠᠨ ᠤ ᠵᠢᠷᠲᠢᠨᠴᠦ ᠶᠢ ᠲᠠᠨᠢᠬᠤ ᠪᠠ ᠵᠢᠷᠲᠢᠨᠴᠦ ᠶᠢ ᠥᠭᠡᠷᠡᠴᠢᠯᠡᠬᠦ᠂ ᠰᠢᠨ᠎ᠡ ᠰᠠᠶᠢᠨ ᠰᠠᠶᠢᠬᠠᠨ ᠠᠮᠢᠳᠤᠷᠠᠯ ᠢ ᠡᠭᠦᠳᠦᠨ ᠪᠦᠲᠦᠭᠡᠬᠦ ᠬᠦᠴᠦᠷᠬᠡᠭ ᠶᠡᠭᠡ ᠵᠡᠪᠰᠡᠭ ᠪᠣᠯᠭᠠᠨ᠎ᠠ᠃ ᠢᠩᠭᠢᠪᠡᠯ ᠪᠢᠳᠡ ᠰᠠᠶ᠋ᠢ ᠨᠠᠮ ᠤᠨ ᠵᠢᠯᠣᠭᠤᠳᠬᠤ ᠤᠨᠤᠯ ᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠪᠡᠶᠡᠯᠡᠭᠦᠯᠦᠨ᠂ ᠨᠠᠮ ᠤᠨ ᠤᠨᠤᠯ ᠪᠣᠯᠤᠨ ᠦᠢᠯᠡᠳᠦᠯᠭᠡ ᠶᠢ ᠢᠮᠠᠭᠲᠠ ᠴᠠᠭ ᠦᠶᠡᠴᠢ ᠴᠢᠨᠠᠷ ᠲᠠᠢ ᠨᠡᠶᠢᠴᠡᠭᠰᠡᠨ᠂ ᠵᠢᠮ᠎ᠡ ᠶᠣᠰᠣᠴᠢ ᠴᠢᠨᠠᠷ ᠢ ᠡᠵᠡᠮᠳᠡᠨ᠂ ᠪᠦᠲᠦᠭᠡᠯᠴᠢ ᠴᠢᠨᠠᠷ ᠲᠠᠢ ᠪᠣᠯᠭᠠᠨ᠎ᠠ᠃
2.ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠢᠶᠠᠷ ᠪᠦᠬᠦ ᠨᠠᠮ ᠢ ᠵᠡᠪᠰᠡᠭᠯᠡᠬᠦ ᠪᠣᠯ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ ᠢ ᠪᠠᠢᠭᠤᠯᠬᠤ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠡᠭᠦᠷᠭᠡ ᠮᠥᠨ᠃ ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠴᠢᠳᠠᠮᠠᠭᠠᠶ ᠪᠠᠷ ᠬᠡᠷᠡᠭᠯᠡᠨ ᠵᠡᠪᠰᠡᠭᠲᠦ ᠨᠠᠮ ᠤᠨ ᠭᠡᠰᠢᠭᠦᠨ᠂ ᠺᠠᠳ᠋ᠷ ᠢ ᠵᠡᠪᠰᠡᠭᠯᠡᠨ᠂ ᠪᠦᠬᠦ ᠨᠠᠮ ᠤᠨ ᠦᠵᠡᠯ ᠰᠠᠨᠠᠭ᠎ᠠ ᠤᠨᠦᠯ ᠤᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠲᠡᠭᠡᠭᠰᠢᠯᠡᠬᠦᠯᠬᠦ ᠪᠣᠯ ᠮᠠᠨ ᠤ ᠨᠠᠮ ᠤᠨ ᠠᠵᠢᠯ ᠦᠢᠯᠡᠰ ᠢᠶᠠᠨ ᠬᠥᠭᠵᠢᠭᠦᠯᠦᠭᠰᠡᠨ ᠴᠢᠬᠤᠯᠠ ᠲᠤᠷᠰᠢᠯᠭ᠎ᠠ ᠮᠥᠨ᠂ ᠠᠷᠪᠠᠨ ᠳᠣᠯᠣᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ 《 ᠲᠣᠭᠲᠠᠭᠠᠯ 》 ᠳᠤ ᠳᠤᠷᠠᠳᠤᠨ ᠭᠠᠷᠭᠠᠭᠰᠠᠨ ᠨᠢ᠂ ᠨᠠᠮ ᠤᠨ ᠭᠡᠰᠢᠭᠦᠳ᠂ ᠺᠠᠳ᠋ᠷ ᠢ ᠵᠣᠬᠢᠶᠠᠨ ᠪᠠᠶᠢᠭᠤᠯᠤᠨ ᠮᠠᠷᠺᠰ ᠯᠧᠨᠢᠨ ᠤ ᠦᠵᠡᠯ᠂ ᠮᠠᠤ ᠽᠧ ᠳ᠋ᠦ᠋ᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ 《 ᠭᠤᠷᠪᠠ ᠶᠢ ᠲᠥᠯᠥᠭᠡᠯᠡᠬᠦ 》 ᠴᠢᠬᠤᠯᠠ ᠦᠵᠡᠯ ᠰᠠᠨᠠᠭ᠎ᠠ ᠵᠢᠴᠢ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠭᠦᠨᠵᠡᠭᠡᠢ ᠰᠤᠷᠤᠯᠴᠠᠵᠤ᠂ᠬᠤᠪᠢᠰᠤᠩᠭᠤᠶ ᠪᠣᠳᠠᠰᠴᠢ ᠦᠵᠡᠯ ᠪᠠ ᠲᠡᠦᠬᠡ ᠶᠢᠨ ᠪᠣᠳᠠᠰᠴᠢ ᠦᠵᠡᠯ ᠤᠨ ᠦᠨᠳᠦᠰᠦᠨ ᠦᠵᠡᠯᠲᠡ ᠶᠢ ᠪᠠᠲᠤ ᠪᠡᠬᠢ ᠪᠣᠢ ᠪᠣᠯᠭᠠᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠦᠬᠦ ᠤᠨᠤᠯ ᠪᠠ ᠦᠢᠯᠡᠳᠦᠯᠭᠡ ᠶᠢ ᠬᠤᠷᠢᠶᠠᠩᠭᠤᠶᠢᠯᠠᠪᠠᠯ ᠳᠠᠷᠤᠶ ᠮᠠᠷᠺᠰ ᠤᠨ ᠦᠵᠡᠯ ᠭᠡᠵᠦ ᠶᠠᠭᠤ ᠪᠣᠯᠬᠤ ᠶᠢ ᠪᠦᠲᠦᠭᠡᠯᠴᠢ ᠴᠢᠨᠠᠷᠲᠠᠶ ᠪᠠᠷ ᠰᠤᠳᠤᠯᠤᠨ ᠰᠦᠪᠡᠭᠴᠢᠯᠡᠵᠦ᠂ ᠮᠠᠷᠺᠰ ᠤᠨ ᠦᠵᠡᠯ ᠳᠤ ᠬᠡᠷᠬᠢᠨ ᠬᠠᠨᠳᠤᠬᠤ᠂ ᠶᠠᠭᠤ ᠶᠢ ᠨᠡᠶᠢᠭᠡᠮ ᠵᠢᠷᠤᠮ ᠭᠡᠬᠦ᠂ ᠨᠡᠶᠢᠭᠡᠮ ᠵᠢᠷᠤᠮ ᠢ ᠬᠡᠷᠬᠢᠨ ᠪᠦᠲᠦᠭᠡᠨ ᠪᠠᠶᠢᠭᠤᠯᠬᠤ᠂ ᠶᠠᠮᠠᠷ ᠶᠠᠩᠵᠤ ᠶᠢᠨ ᠨᠠᠮ ᠢ ᠪᠠᠶᠢᠭᠤᠯᠬᠤ᠂ ᠨᠠᠮ ᠢ ᠬᠡᠷᠬᠢᠨ ᠪᠠᠶᠢᠭᠤᠯᠬᠤ᠂ ᠶᠠᠮᠠᠷ ᠬᠥᠭᠵᠢᠯᠲᠡ ᠶᠢ ᠪᠡᠶᠡᠯᠡᠭᠦᠯᠬᠦ᠂ ᠬᠡᠷᠬᠢᠨ ᠬᠥᠭᠵᠢᠭᠦᠯᠬᠦ ᠵᠡᠷᠭᠡ ᠴᠢᠬᠤᠯᠠ ᠶᠡᠭᠡ ᠤᠨᠤᠯ ᠤᠨ ᠪᠠ ᠪᠣᠳᠠᠲᠤ ᠠᠰᠠᠭᠤᠳᠠᠯ ᠤᠳ ᠲᠤ ᠬᠠᠷᠢᠭᠤᠯᠲᠠ ᠥᠭᠭᠦᠭᠰᠡᠨ ᠪᠠᠶᠢᠨ᠎ᠠ᠃ ᠡᠷᠬᠡᠪᠰᠢ ᠪᠦᠬᠦ ᠲᠠᠯ᠎ᠠ ᠶᠢᠨ ᠰᠢᠰᠲ᠋ᠧᠮ ᠲᠠᠢ ᠪᠦᠷᠢᠨ ᠪᠦᠲᠦᠨ ᠵᠥᠪ ᠣᠨᠣᠪᠴᠢᠲᠠᠶ ᠪᠠᠷᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠢ ᠰᠤᠷᠤᠯᠴᠠᠨ ᠶᠢᠨ ᠡᠵᠡᠮᠰᠢᠬᠦ ᠴᠢᠬᠤᠯᠠ ᠶᠡᠭᠡ ᠠᠴᠢ ᠬᠤᠯᠪᠣᠭᠳᠠᠯ᠃ ᠴᠠᠭ ᠦᠶ᠎ᠡ ᠶᠢᠨ ᠠᠬᠤᠢ ᠪᠠᠶᠢᠳᠠᠯ᠂ ᠦᠢᠯᠡᠳᠦᠯᠭᠡ ᠶᠢᠨ ᠰᠠᠭᠤᠷᠢ ᠪᠣᠯᠤᠨ ᠲᠡᠦᠬᠡᠲᠦ ᠪᠠᠶᠢᠷᠢ ᠰᠠᠭᠤᠷᠢ ᠶᠢ ᠭᠦᠨᠵᠡᠭᠡᠶ ᠣᠶᠢᠯᠠᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠱᠤᠭᠤᠮ᠂ ᠬᠥᠭᠵᠢᠯᠲᠡ ᠶᠢᠨ ᠵᠠᠮ᠂ ᠬᠥᠭᠵᠢᠯᠲᠡ ᠶᠢᠨ ᠱᠠᠳᠤ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠦᠨᠳᠦᠰᠦᠨ ᠡᠭᠦᠷᠭᠡ ᠬᠥᠭᠵᠢᠯᠲᠡ ᠶᠢᠨ ᠬᠥᠳᠡᠯᠭᠡᠬᠦ ᠬᠦᠴᠦᠨ᠂ ᠲᠦᠰᠢᠭᠯᠡᠬᠦ ᠬᠦᠴᠦᠨ᠂ ᠳᠡᠯᠡᠬᠡᠶ ᠶᠢᠨ ᠪᠠᠶᠢᠯᠳᠤᠬᠤ ᠪᠤᠳᠦᠯᠭ᠎ᠠ᠂ ᠤᠳᠤᠷᠢᠳᠬᠤ ᠬᠦᠴᠦᠨ ᠪᠣᠯᠤᠨ ᠦᠨᠳᠦᠰᠦᠨ ᠬᠠᠷᠠᠯᠲᠠ ᠵᠡᠷᠭᠡ ᠠᠰᠠᠭᠤᠳᠠᠯ ᠳᠡᠭᠡᠷ᠎ᠡ ᠪᠦᠷᠢᠯᠳᠦᠭᠦᠯᠦᠭᠰᠡᠨ ᠥᠪᠡᠷᠮᠢᠴᠡ ᠪᠦᠲᠦᠭᠡᠯᠴᠢ ᠴᠢᠨᠠᠷ ᠪᠦᠬᠦᠢ ᠤᠨᠤᠯ ᠤᠨ ᠦᠵᠡᠯᠲᠡ ᠶᠢ ᠭᠦᠨᠵᠡᠭᠡᠶ ᠤᠶᠢᠯᠠᠭᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠭᠦᠨᠵᠡᠭᠡᠶ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢᠨ ᠠᠮᠵᠢᠯᠲᠠ ᠲᠠᠢ ᠲᠤᠷᠰᠢᠯᠭ᠎ᠠ ᠶᠢ ᠨᠠᠷᠢᠨ ᠬᠢᠨᠠᠮᠠᠭᠠᠶ ᠳ᠋ᠦ᠋ᠩᠨᠡᠵᠦ᠂ ᠰᠤᠷᠤᠯᠴᠠᠨ ᠦᠢᠯᠡᠳᠦᠯᠭᠡᠵᠢᠭᠦᠯᠬᠦ ᠶᠢ ᠭᠦᠨᠵᠡᠭᠡᠢ ᠪᠥᠭᠡᠳ ᠥᠷᠭᠡᠴᠡ ᠲᠠᠢ ᠪᠣᠯᠬᠤ ᠵᠦᠭ᠂ ᠪᠦᠬᠦ ᠨᠠᠮ ᠢᠶᠠᠷ ᠢᠶᠠᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢᠨ ᠲᠠᠨᠢᠯᠲᠠ ᠶᠢᠨ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ᠂ ᠦᠵᠡᠯ ᠰᠠᠨᠠᠭᠠᠨ ᠤ ᠲᠠᠯ᠎ᠠ ᠪᠠᠷ ᠰᠢᠨ᠎ᠡ ᠦᠷ᠎ᠡ ᠪᠦᠲᠦᠭᠡᠯ ᠲᠠᠢ ᠪᠣᠯᠭᠠᠨ᠎ᠠ᠃
3 . ᠨᠡᠶᠢᠭᠡᠮ ᠵᠢᠷᠤᠮ ᠤᠨ ᠭᠤᠣᠯᠯᠠᠬᠤ ᠦᠷᠲᠡᠭ ᠤᠨ ᠰᠢᠰᠲ᠋ᠧᠮ ᠤᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠢ ᠪᠠᠢᠭᠤᠯᠬᠤ ᠶᠢᠨ ᠴᠢᠬᠤᠯᠠ ᠡᠭᠦᠷᠭᠡ ᠮᠥᠨ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠰᠢᠰᠲ᠋ᠧᠮ ᠪᠣᠯ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢᠨ ᠮᠥᠨ ᠴᠢᠨᠠᠷ ᠤᠨ ᠢᠯᠡᠷᠡᠯ ᠪᠠ ᠭᠣᠣᠯᠯᠠᠭᠴᠢ ᠠᠭᠤᠯᠭ᠎ᠠ ᠮᠥᠨ᠂ ᠮᠠᠨ ᠤ ᠨᠠᠮ ᠤᠨ ᠠᠵᠤ ᠠᠬᠤᠶ ᠶᠢᠨ ᠳᠡᠯᠡᠬᠡᠶᠢᠴᠢᠯᠡᠯᠲᠡ ᠪᠠ ᠨᠡᠶᠢᠭᠡᠮ ᠤᠨ ᠤᠯᠠᠨ ᠶᠠᠩᠵᠤᠯᠠᠭᠰᠠᠨ ᠪᠠᠶᠢᠳᠠᠯ ᠳᠣᠣᠷ᠎ᠠ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠵᠠᠮ ᠨᠡᠭᠡᠭᠡᠨ ᠤᠷᠤᠭᠰᠢᠯᠠᠬᠤ ᠤᠶᠤᠨ ᠰᠠᠨᠠᠭᠠᠨ ᠤ ᠲᠤᠭ ᠮᠥᠨ᠃ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ ᠢ ᠪᠠᠶᠢᠭᠤᠯᠬᠤ ᠶᠢᠨ ᠨᠢᠭᠡᠨ ᠴᠢᠬᠤᠯᠠ ᠡᠭᠦᠷᠭᠡ ᠪᠣᠯ ᠳᠠᠷᠤᠶ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠰᠤᠷᠭᠠᠨ ᠬᠥᠮᠥᠵᠢᠭᠦᠯᠦᠨ ᠳᠠᠢᠴᠢᠯᠠᠵᠤ ᠨᠡᠶᠢᠭᠡᠮ ᠵᠢᠷᠤᠮ ᠤᠨ ᠭᠤᠣᠯᠯᠠᠬᠤ ᠦᠷᠳᠡᠭ ᠵᠢᠱᠢᠶᠡᠴᠢ ᠪᠡᠷ ᠰᠤᠷᠤᠯᠴᠠᠨ ᠦᠢᠯᠡᠳᠦᠯᠭᠡᠵᠢᠭᠦᠯᠵᠦ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠬᠥᠲᠥᠯᠪᠦᠷᠢ᠂ ᠦᠨᠳᠦᠰᠦᠨ ᠲᠤᠷᠰᠢᠯᠭ᠎ᠠ ᠶᠢ ᠲᠤᠤᠱᠯᠠᠭᠤᠯᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢ ᠴᠢᠩᠭᠠᠳᠬᠠᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢᠶᠠᠷ ᠶᠠᠪᠤᠵᠤ᠂ ᠨᠠᠮ ᠪᠠ ᠠᠷᠠᠳ ᠲᠦᠮᠡᠨ ᠤ ᠦᠢᠯᠡᠰ ᠤᠨ ᠲᠥᠯᠥᠭᠡ ᠴᠥᠬᠦᠷᠡᠰᠢ ᠦᠭᠡᠢ ᠲᠡᠮᠡᠴᠡᠬᠦ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢ ᠴᠢᠩᠭᠠᠷᠠᠭᠤᠯᠤᠨ᠎ᠠ᠃ ᠨᠠᠮ ᠤᠨ ᠭᠡᠰᠢᠭᠦᠳ ᠂ ᠺᠠᠳ᠋ᠷᠴᠤᠳ ᠢ ᠬᠥᠮᠥᠵᠢᠭᠦᠯᠦᠨ ᠮᠠᠷᠺᠰ ᠤᠨ ᠦᠵᠡᠯ ᠤᠨ ᠵᠢᠯᠣᠭᠤᠳᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ᠂ ᠡᠬᠡ ᠣᠷᠣᠨᠴᠢ ᠦᠵᠡᠯ ᠢᠶᠠᠷ ᠭᠤᠣᠯ ᠪᠣᠯᠭᠠᠭᠰᠠᠨ ᠦᠨᠳᠦᠰᠦᠲᠡᠨ ᠤ ᠵᠣᠷᠢᠭ ᠰᠠᠨᠠᠭ᠎ᠠ ᠪᠣᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠭᠤᠣᠯ ᠪᠣᠯᠭᠠᠭᠰᠠᠨ ᠴᠠᠭ ᠦᠶ᠎ᠡ ᠶᠢᠨ ᠵᠣᠷᠢᠭ ᠰᠠᠨᠠᠭ᠎ᠠ᠂ 《 ᠨᠠᠢᠮᠠᠨ ᠢᠷᠠᠭᠤ ᠠᠯᠳᠠᠷ ᠨᠠᠢᠮᠠᠨ ᠢᠴᠢᠭᠦᠷᠢ ᠭᠤᠲᠤᠮᠰᠢᠭ 》 ᠢᠶᠠᠷ ᠭᠤᠣᠯ ᠠᠭᠤᠯᠭ᠎ᠠ ᠪᠣᠯᠭᠠᠭᠰᠠᠨ ᠨᠡᠶᠢᠭᠡᠮ ᠵᠢᠷᠤᠮ ᠤᠨ ᠢᠷᠠᠭᠤ ᠠᠯᠳᠠᠷ ᠢᠴᠢᠭᠦᠷᠢ ᠭᠤᠲᠤᠮᠰᠢᠭ ᠤᠨ ᠦᠵᠡᠯᠲᠡ ᠶᠢ ᠪᠣᠢ ᠪᠤᠯᠭᠠᠨ᠎ᠠ᠃ ᠵᠢᠱᠢᠶᠡᠴᠢ ᠪᠠᠷ ᠦᠢᠯᠡᠳᠤᠯᠭᠡᠵᠢᠬᠦᠯᠬᠦ ᠪᠠᠷ ᠳᠠᠮᠵᠢᠭᠤᠯᠤᠨ᠂ ᠬᠦᠰᠡᠯᠡᠩ ᠢᠲᠡᠭᠡᠯ ᠵᠣᠷᠢᠭ᠂ ᠶᠣᠰᠣ ᠮᠣᠷᠠᠯ ᠤᠨ ᠦᠵᠡᠯ ᠰᠡᠳᠬᠢᠯᠭᠡ ᠪᠠ ᠤᠶᠦᠠ ᠰᠠᠨᠠᠭᠠᠨ ᠤ ᠪᠠᠶᠢᠳᠠᠯ ᠤᠨ ᠠᠰᠠᠭᠤᠳᠠᠯ ᠢ ᠦᠨᠡᠨ ᠬᠦ ᠰᠠᠶᠢᠲᠤᠷ ᠰᠢᠢᠳᠪᠤᠷᠢᠯᠡᠨ᠎ᠡ᠃ ᠲᠤᠤᠱᠯᠠᠭᠤᠯᠤᠨ ᠨᠡᠪᠲᠡᠷᠡᠭᠦᠯᠬᠦ ᠳᠡᠭᠡᠷ᠎ᠡ ᠬᠦᠴᠦ ᠲᠡᠯᠪᠢᠨ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠰᠢᠰᠲ᠋ᠧᠮ ᠢ᠂ ᠨᠠᠮ ᠤᠨ ᠭᠡᠰᠢᠭᠦᠨ᠂ ᠺᠠᠳ᠋ᠷ ᠤᠨ ᠰᠤᠷᠭᠠᠨ ᠬᠥᠮᠦᠵᠢᠯ ᠬᠠᠮᠢᠶᠠᠷᠤᠯᠲᠠ ᠶᠢᠨ ᠪᠦᠬᠦ ᠶᠠᠪᠤᠴᠠ ᠳᠦ ᠦᠨᠡᠨᠬᠦ ᠢᠯᠡᠷᠡᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠥᠷᠳᠡᠭ ᠤᠨ ᠰᠢᠰᠲ᠋ᠧᠮ ᠨᠢ ᠦᠨᠡᠨ ᠬᠦ ᠨᠠᠮ ᠤᠨ ᠭᠡᠰᠢᠭᠦᠨ᠂ ᠺᠠᠳ᠋ᠷ ᠤᠨ ᠦᠨᠳᠦᠰᠦᠨ ᠵᠢᠷᠤᠮᠯᠠᠯ ᠢ ᠪᠣᠯᠵᠤ᠂ ᠡᠷᠬᠡᠪᠰᠢ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠦᠳᠦᠭᠡᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠲᠦᠷᠢᠮ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠵᠦ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢᠨ ᠡᠯ᠎ᠡ ᠬᠦᠷᠢᠶᠡᠨ ᠳᠦ ᠨᠠᠮ ᠤᠨ ᠭᠡᠰᠢᠭᠦᠨ᠂ ᠺᠠᠳ᠋ᠷ ᠤᠨ ᠡᠳᠦᠷ ᠲᠤᠲᠤᠮ ᠤᠨ ᠠᠵᠢᠯ ᠰᠤᠷᠤᠯᠭ᠎ᠠ ᠠᠮᠢᠳᠤᠷᠠᠯ ᠳᠤᠮᠳᠠ ᠳᠤ ᠪᠠᠨ ᠠᠭᠤᠰᠬᠠᠨ ᠣᠷᠣᠭᠤᠯᠬᠤ ᠬᠡᠷᠡᠭᠲᠡᠶ᠃ ᠦᠢᠯᠡᠳᠦᠯᠭᠡᠵᠢᠭᠦᠯᠬᠦ ᠵᠢᠱᠢᠶ᠎ᠡ ᠦᠵᠡᠭᠦᠯᠬᠦ ᠲᠠᠯ᠎ᠠ ᠪᠠᠷ ᠬᠦᠴᠦ ᠣᠷᠣᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠤᠯᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠠᠮ ᠤᠨ ᠭᠡᠰᠢᠭᠦᠨ᠂ ᠺᠠᠳ᠋ᠷᠴᠤᠳ᠂ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠰᠢᠰᠲ᠋ᠧᠮ ᠢ ᠰᠤᠷᠤᠯᠴᠠᠨ ᠦᠢᠯᠡᠳᠦᠯᠭᠡᠵᠢᠭᠦᠯᠵᠦ᠂ ᠪᠡᠶ᠎ᠡ ᠪᠠᠷ ᠢᠶᠠᠨ ᠬᠡᠪ ᠳᠦ᠋ᠷᠢᠮ ᠪᠣᠯᠬᠤ᠂ ᠪᠡᠶ᠎ᠡ ᠪᠠᠷ ᠢᠶᠠᠨ ᠤᠢᠯᠢᠭᠡᠷ ᠳᠠᠭᠤᠷᠢᠶᠠᠯ ᠪᠣᠯᠬᠤ᠂ ᠥᠪᠡᠷ ᠤᠨ ᠵᠢᠱᠢᠶᠡᠴᠢ ᠦᠢᠯᠡ ᠠᠵᠢᠯᠯᠠᠭ᠎ᠠ ᠪᠣᠯᠤᠨ ᠡᠷᠬᠢᠮ ᠳᠡᠭᠡᠳᠦ ᠵᠠᠩ ᠴᠢᠨᠠᠷ ᠢᠶᠠᠷ ᠢᠶᠠᠨ ᠤᠯᠠᠨ ᠲᠦᠮᠡᠨ ᠢ ᠨᠥᠯᠥᠭᠡᠯᠡᠵᠦ ᠨᠡᠶᠢᠭᠡᠮ ᠤᠨ ᠬᠡᠪ ᠰᠤᠷᠲᠠᠯ ᠢ ᠲᠠᠶᠢᠴᠢᠯᠠᠨᠲ᠋ᠠᠭᠠᠭᠤᠯᠵᠤ ᠦᠢᠯᠡᠳᠦᠯᠭᠡᠵᠢᠭᠦᠯᠬᠦ ᠬᠡᠷᠡᠭᠲᠡᠶ᠃ ᠡᠬᠦᠨ ᠠᠴᠠ ᠭᠠᠳᠠᠨ᠎ᠠ᠂ ᠤᠳᠤ ᠦᠶ᠎ᠡ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢ ᠬᠢᠨᠠᠮᠠᠭᠠᠶ ᠰᠤᠷᠤᠯᠴᠠᠨ ᠡᠵᠡᠮᠰᠢᠵᠦ᠂ ᠵᠢᠱᠢᠶᠡᠯᠡᠪᠡᠯ ᠬᠤᠳᠠ ᠶᠢᠨ ᠲᠥᠯᠥᠪᠵᠢᠭᠦᠯᠭᠡ᠂ ᠣᠷᠴᠢᠨ ᠠᠬᠤᠶ ᠶᠢᠨ ᠬᠠᠮᠠᠭᠠᠯᠠᠯᠲᠠ᠂ ᠡᠵᠡᠨ ᠮᠡᠳᠡᠨ ᠰᠢᠨ᠎ᠡ ᠢ ᠡᠭᠦᠳᠬᠦ᠂ ᠪᠠᠶᠢᠴᠠᠭᠠᠨ ᠭᠠᠷᠭᠠᠵᠤ᠂ ᠮᠥᠩᠭᠦᠨ ᠭᠦᠢᠯᠭᠡᠭᠡᠨ ᠤ ᠲᠣᠭᠲᠠᠴᠠ᠂ ᠠᠷᠠᠳᠴᠢᠯᠠᠯ ᠪᠠ ᠬᠠᠤᠯᠢ ᠲᠦᠷᠢᠮ᠂ ᠨᠡᠶᠢᠭᠡᠮ ᠤᠨ ᠬᠠᠮᠢᠶᠠᠷᠤᠯᠲᠠ᠂ ᠤᠯᠠᠮᠵᠢᠯᠠᠬᠤ ᠵᠠᠭᠤᠴᠢ ᠶᠢ ᠬᠡᠷᠡᠭᠯᠡᠬᠦ᠂ ᠤᠯᠠᠨ ᠤᠯᠤᠰ ᠤᠨ ᠤᠯᠤᠰ ᠲᠦᠷᠦ ᠵᠡᠷᠭᠡ ᠲᠠᠯ᠎ᠠ ᠶᠢᠨ ᠮᠡᠳᠡᠯᠭᠡ ᠶᠢ ᠰᠤᠷᠤᠯᠴᠠᠵᠤ᠂ ᠳᠤᠮᠳᠠᠳᠤ ᠭᠠᠳᠠᠭᠠᠳᠤ ᠶᠢ ᠬᠠᠪᠰᠤᠷᠤᠨ ᠰᠤᠷᠤᠯᠴᠠᠵᠤ᠂ ᠡᠷᠲᠡ ᠡᠳᠦᠭᠡ ᠶᠢ ᠬᠠᠪᠰᠤᠷᠤᠨ ᠰᠤᠷᠤᠯᠴᠠᠨ᠂ ᠨᠡᠢᠭᠡᠮ ᠦᠨ ᠰᠢᠨᠵᠢᠯᠡᠯ ᠪᠠ ᠪᠠᠢᠭᠠᠯᠢ ᠶᠢᠨ ᠰᠢᠨᠵᠢᠯᠡᠯ ᠢ ᠬᠠᠪᠰᠤᠷᠤᠨ ᠰᠤᠷᠤᠯᠴᠠᠬᠤ ᠬᠡᠷᠡᠭᠲᠡᠢ᠃
4 . ᠰᠤᠷᠤᠯᠴᠠᠬᠤ ᠮᠠᠶ᠋ᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠪᠣᠯ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ ᠢ ᠪᠠᠶᠢᠭᠤᠯᠬᠤ ᠶᠢᠨ ᠰᠠᠭᠤᠷᠢ ᠢᠨᠵᠧᠨᠧᠷᠢᠩ ᠮᠥᠨ᠃ ᠮᠠᠷᠺᠰ ᠤᠨ ᠦᠵᠡᠯ ᠤᠨ ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ ᠢ ᠪᠠᠶᠢᠭᠤᠯᠬᠤ ᠶᠢᠨ ᠰᠠᠭᠤᠷᠢ ᠪᠣᠯ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ᠎ᠠ᠃ ᠡᠷᠬᠡᠪᠰᠢ ᠰᠤᠷᠤᠯᠴᠠᠬᠤ ᠶᠠᠪᠤᠳᠠᠯ ᠢᠶᠠᠷ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠴᠢᠬᠤᠯᠠ ᠣᠨᠴᠠᠯᠢᠭ ᠰᠢᠨᠵᠢ ᠪᠤᠯᠭᠠᠵᠤ᠂ ᠰᠤᠷᠤᠯᠴᠠᠬᠤ ᠶᠠᠪᠤᠳᠠᠯ ᠢᠶᠠᠷ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢᠨ ᠴᠢᠬᠤᠯᠠ ᠠᠭᠤᠯᠭ᠎ᠠ ᠪᠤᠯᠭᠠᠵᠤ᠂ ᠰᠤᠷᠤᠯᠴᠠᠬᠤ ᠶᠠᠪᠤᠳᠠᠯ ᠢᠶᠠᠷ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠬᠦᠴᠦᠨ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠭᠠᠬᠤ ᠱᠠᠭᠠᠷᠳᠠᠯᠭ᠎ᠠ ᠶᠣᠰᠣᠭᠠᠷ ᠰᠤᠷᠤᠯᠴᠠᠬᠤ ᠮᠠᠶ᠋ᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠳᠡᠯᠭᠡᠷ ᠦᠷᠨᠢᠬᠦᠯᠬᠦ ᠬᠡᠷᠡᠭᠲᠡᠢ᠃ ᠨᠠᠮ ᠤᠨ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠪᠣᠯ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠤᠨ ᠦᠨᠳᠦᠰᠦᠨ ᠠᠵᠢᠯ ᠤᠨ ᠨᠢᠭᠡᠴᠢ ᠪᠠ ᠰᠤᠷᠤᠯᠴᠠᠬᠤ ᠨᠢᠭᠡᠴᠢ ᠮᠥᠨ᠂ ᠰᠤᠷᠤᠯᠴᠠᠬᠤ ᠬᠡᠯᠪᠡᠷᠢ ᠶᠢᠨ ᠲᠦᠷᠦ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠠᠯᠲᠠ ᠳᠤ ᠳᠣᠭᠢᠷᠬᠠᠰᠠᠨ ᠪᠣᠳᠠᠲᠤ ᠪᠡᠶ᠎ᠡ᠂ ᠰᠤᠷᠤᠯᠴᠠᠬᠤ ᠬᠡᠯᠪᠡᠷᠢ ᠶᠢᠨ ᠳᠦᠷᠤ ᠶᠢᠨ ᠨᠠᠮ ᠤᠨ ᠠᠵᠢᠯᠯᠠᠬᠤ ᠵᠠᠭᠪᠤᠷ ᠤᠨ ᠳᠤᠮᠳᠠ ᠨᠠᠮ ᠤᠨ ᠵᠣᠬᠢᠶᠠᠨ ᠪᠠᠶᠢᠭᠤᠯᠤᠯᠲᠠ ᠪᠣᠯ ᠰᠤᠷᠤᠯᠴᠠᠬᠤ ᠬᠡᠯᠪᠡᠷᠢ ᠶᠢᠨ ᠲᠥᠷᠥ ᠶᠢᠨ ᠨᠠᠮ ᠤᠨ ᠪᠦᠷᠢᠯᠳᠦᠭᠦᠨ ᠦ ᠳᠣᠲᠣᠷᠠᠬᠢ ᠵᠠᠩᠭᠢᠯᠠᠭ᠎ᠠ ᠪᠣᠯᠬᠤ ᠶᠤᠮ᠃
ᠰᠤᠷᠤᠯᠴᠠᠬᠤ ᠮᠠᠶ᠋ᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠢᠭᠤᠯᠬᠤ ᠳᠦ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ᠂ ᠨᠠᠮ ᠤᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ᠂ ᠨᠠᠮ ᠤᠨ ᠭᠡᠰᠢᠭᠦᠨ ᠤ ᠬᠠᠮᠲᠤ ᠶᠢᠨ ᠤᠶᠤᠨ ᠤᠬᠠᠭᠠᠨ ᠢ ᠬᠥᠭᠵᠢᠭᠡᠬᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠷ᠂ ᠨᠠᠮ ᠤᠨ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠬᠡᠪ ᠰᠤᠷᠲᠠᠯ᠂ ᠲᠦᠷᠢᠮ ᠪᠠ ᠢᠯᠵᠠᠷᠠᠯ ᠢ ᠡᠰᠡᠷᠭᠦᠴᠡᠵᠦ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠮᠥᠨ ;ᠰᠤᠷᠤᠯᠴᠠᠬᠤ ᠮᠠᠶ᠋ᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠢᠭᠤᠯᠬᠤ ᠳᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷᠴᠤᠳ ᠤᠨ ᠤᠨᠤᠯ ᠪᠠ ᠲᠤᠬᠠᠶᠢᠯᠠᠭᠰᠠᠨ ᠠᠵᠢᠯ ᠢ ᠰᠤᠷᠤᠯᠴᠠᠭᠤᠯᠬᠤ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠨᠣᠮ ᠤᠩᠰᠢᠭᠤᠯᠬᠤ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠨᠣᠮ ᠤᠩᠰᠢᠬᠤ ᠳᠤᠷᠠᠲᠠᠢ᠂ ᠨᠣᠮ ᠢ ᠰᠠᠶᠢᠨ ᠤᠩᠰᠢᠵᠤ᠂ ᠰᠠᠢᠨ ᠨᠣᠮ ᠢ ᠤᠩᠰᠢᠬᠤ ᠪᠣᠯᠭᠠᠨ᠂ ᠤᠳᠤᠷᠢᠳᠬᠤ ᠺᠠᠳ᠋ᠷᠴᠤᠳ ᠤᠨ ᠰᠤᠷᠤᠯᠴᠠᠯᠭ᠎ᠠ ᠪᠠᠷ ᠪᠦᠬᠦ ᠨᠠᠮ ᠤᠨ ᠰᠤᠷᠤᠯᠴᠠᠯᠭ᠎ᠠ ᠶᠢ ᠲᠠᠶᠢᠴᠢᠯᠠᠭᠤᠯᠬᠤ ᠬᠡᠷᠡᠭᠲᠡᠢ᠃ ᠰᠤᠷᠤᠯᠴᠠᠬᠤ ᠮᠠᠶ᠋ᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠨᠡᠨ ᠬᠦ ᠰᠤᠷᠤᠯᠴᠠᠬᠤ ᠮᠠᠶ᠋ᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯᠭᠠᠵᠤ᠂ ᠡᠯ᠎ᠡ ᠱᠠᠲᠤᠨ ᠤ ᠤᠳᠤᠷᠢᠳᠬᠤ ᠪᠠᠭ ᠢ ᠰᠤᠷᠤᠯᠴᠠᠬᠤ ᠮᠠᠶ᠋ᠢᠭ ᠤᠨ ᠪᠦᠯᠬᠦᠮ ᠨᠡᠢᠲᠡ ᠪᠣᠯᠭᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠤᠷᠤᠯᠴᠠᠬᠤ ᠶᠢᠨ ᠦᠯᠢᠭᠡᠷ ᠳᠠᠭᠤᠷᠢᠶᠠᠯ ᠪᠣᠯᠬᠤ ᠬᠡᠷᠡᠭᠲᠡᠶ᠃
( ᠬᠤᠶᠠᠷ ) ᠰᠤᠷᠤᠯᠴᠠᠬᠤ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠴᠢᠩᠭᠠᠳᠬᠠᠬᠤ
ᠪᠦᠯ