ᠨᠢᠭᠡ ᠰᠠᠯᠠᠭ᠎ᠠ ᠦᠨᠡᠨᠴᠢ ᠰᠢᠳᠤᠷᠭᠤ ᠂ ᠬᠠᠷᠢᠭᠤᠴᠠᠯᠭ᠎ᠠ ᠡᠭᠦᠷᠭᠡᠯᠡᠳᠡᠭ ᠳᠡᠭᠡᠳᠦ ᠬᠡᠪ ᠪᠣᠯᠪᠠᠰᠤᠷᠠᠯ ᠲᠠᠶ ᠦᠨᠳᠦᠰᠦᠲᠡᠨ ᠦ ᠺᠠᠳ᠋ᠷ ᠤᠨ ᠡᠩᠨᠡᠭᠡ ᠶ᠋ᠢ ᠳᠠᠪᠲᠠᠨ ᠪᠣᠯᠪᠠᠰᠤᠷᠠᠭᠤᠯᠵᠠᠢ

  2018-12-26

    ᠨᠠᠮ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠭᠣᠣᠯᠯᠠᠬᠤ ᠪᠠᠶᠢᠷᠢ ᠶᠢ ᠡᠵᠡᠯᠡᠳᠡᠭ᠃ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠺᠠᠳ᠋ᠷ ᠤᠨ ᠡᠩᠨᠡᠭᠡ ᠪᠠᠷ ᠳᠠᠮᠵᠢᠨ ᠦᠢᠯᠡᠳᠦᠯ ᠢᠶᠡᠨ ᠪᠠᠳᠠᠷᠠᠭᠤᠯᠵᠤ ᠪᠠᠶᠢᠨ᠎ᠠ᠃ ᠨᠠᠮ ᠤᠨ ᠺᠠᠳ᠋ᠷ ᠪᠣᠯ ᠨᠠᠮ ᠤᠨ ᠵᠣᠬᠢᠶᠠᠨ ᠪᠠᠶᠢᠭᠤᠯᠤᠯᠲᠠ ᠶᠢᠨ ᠭᠣᠣᠯᠯᠠᠭᠴᠢ ᠬᠦᠴᠦᠨ ᠮᠥᠨ᠂ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢᠨ ᠭᠣᠣᠯ ᠲᠤᠤᠱᠯᠠᠭᠤᠯᠤᠨ ᠬᠡᠷᠡᠭᠵᠢᠭᠦᠯᠦᠭᠴᠢ ᠮᠥᠨ᠂ ᠨᠠᠮ ᠤᠨ ᠤᠳᠤᠷᠢᠳᠤᠯᠭ᠎ᠠ ᠶᠢ ᠪᠡᠶᠡᠯᠡᠭᠦᠯᠬᠦ ᠰᠢᠢᠳᠪᠦᠷᠢᠲᠦ ᠬᠦᠴᠦᠨ ᠮᠥᠨ᠃ ᠮᠠᠤ ᠽᠸ ᠳ᠋ᠦᠩ ᠄ 《 ᠤᠯᠤᠰ ᠲᠤᠢᠷᠦ ᠶᠢᠨ ᠱᠤᠭᠤᠮ ᠢ ᠲᠣᠭᠲᠠᠭᠠᠭᠰᠠᠨ ᠤ ᠲᠡᠷᠡᠭ᠎ᠠ ᠺᠠᠳ᠋ᠷ ᠪᠣᠯ ᠰᠢᠶᠳᠪᠦᠷᠢᠯᠡᠭᠴᠢ ᠬᠦᠴᠦᠨ ᠵᠦᠢᠯ ᠪᠣᠯᠤᠨ᠎ᠠ ᠃ 》 ᠭᠡᠵᠦ ᠳᠤᠷᠠᠳᠴᠤ ᠦᠩᠭᠡᠷᠡᠭᠰᠡᠨ ᠪᠠᠶᠢᠨ᠎ᠠ᠃ 70 ᠵᠢᠯ ᠦᠨ ᠲᠤᠷᠰᠢ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠪᠣᠯᠤᠨ ᠺᠠᠳ᠋ᠷ ᠤᠨ ᠲᠤᠬᠠᠶ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ ᠂ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ ᠬᠥᠮᠦᠵᠢᠭᠦᠯᠦᠨ ᠬᠡᠷᠡᠭᠯᠡᠵᠦ ᠪᠠᠶᠢᠭ᠎ᠠ ᠶ᠋ᠢ ᠪᠠᠷᠢᠮᠲᠠᠯᠠᠵᠤ ᠦᠨᠳᠦᠰᠦᠲᠡᠨ ᠦ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠵᠢᠯ ᠪᠣᠯᠭᠠᠨ ᠠᠳᠬᠤᠵᠤ᠂ ᠬᠥᠮᠦᠵᠢᠭᠦᠯᠵᠦ ᠬᠡᠷᠡᠭᠯᠡᠬᠦ ᠡᠷᠴᠢᠮ ᠢᠶᠡᠨ ᠬᠦᠴᠦᠯᠡᠨ ᠴᠢᠩᠭᠠᠳᠬᠠᠵᠤ᠂ ᠰᠢᠯᠢᠨ ᠰᠣᠩᠭᠣᠵᠤ ᠬᠥᠮᠥᠵᠢᠭᠦᠯᠬᠦ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ ᠂ ᠭᠣᠣᠯᠳᠠᠯᠭ᠎ᠠ ᠲᠠᠢ᠂ ᠲᠦᠷᠦᠯ ᠬᠤᠪᠢᠶᠠᠨ ᠴᠥᠭᠡᠨ ᠲᠣᠭᠠᠲᠤ ᠦᠨᠳᠦᠰᠦᠲᠡᠨ ᠦ ᠺᠠᠳ᠋ᠷ ᠤᠨ ᠡᠩᠨᠡᠭᠡᠨ ᠦ ᠪᠠᠶᠢᠭᠤᠯᠤᠯᠲᠠ ᠠᠬᠢᠭᠤᠯᠵᠤ᠂ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠦ ᠰᠢᠨ᠎ᠡ ᠬᠠᠭᠤᠴᠢᠨ ᠤ ᠰᠣᠯᠢᠭᠳᠠᠯ᠂ ᠦᠶ᠎ᠡ ᠤᠯᠠᠮᠵᠢᠯᠠᠬᠤ ᠶ᠋ᠢ ᠪᠠᠲᠤᠯᠠᠭᠰᠠᠨ ᠪᠠᠶᠢᠨ᠎ᠠ ᠃
    ( ᠨᠢᠭᠡ ) ᠺᠠᠳ᠋ᠷ ᠤᠨ ᠡᠩᠨᠡᠭᠡ ᠶᠢᠨ ᠦᠵᠡᠯ ᠰᠠᠨᠠᠭ᠎ᠠ ᠤᠯᠤᠰ ᠲᠤᠢᠷᠦ
    ᠦᠵᠡᠯ ᠰᠠᠨᠠᠭ᠎ᠠ ᠪᠠᠷ ᠨᠠᠮ ᠪᠠᠶᠢᠭᠤᠯᠬᠤ ᠶ᠋ᠢ ᠪᠠᠷᠢᠮᠲᠠᠯᠠᠵᠤ ᠂ ᠦᠵᠡᠯ ᠰᠠᠨᠠᠭᠠᠨ ᠤ ᠬᠥᠮᠦᠵᠢᠯ ᠭᠡᠬᠦ ᠡᠨᠡᠬᠦ ᠦᠨᠳᠦᠰᠦᠨ ᠵᠦᠢᠯ ᠢ ᠴᠢᠩᠭ᠎ᠠ ᠠᠳᠬᠤᠨ᠎ᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠨᠢ᠂ ᠦᠵᠡᠯ ᠰᠠᠨᠠᠭᠠᠨ ᠤ ᠲᠠᠯ᠎ᠠ ᠪᠠᠷ ᠨᠠᠮ ᠤᠨ ᠪᠠᠶᠢᠭᠤᠯᠤᠯᠲᠠ ᠬᠢᠬᠦ ᠡᠨᠡ ᠬᠦ 《 ᠤᠯᠠᠮᠵᠢᠯᠠᠯᠲᠤ ᠡᠷᠳᠡᠨᠢ 》 ᠶ᠋ᠢ ᠬᠦᠴᠦ ᠲᠠᠯᠪᠢᠨ ᠰᠠᠶᠢᠲᠤᠷ ᠠᠰᠢᠭᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠡᠨᠡ ᠬᠦ 《ᠠᠮᠢᠨ ᠰᠤᠳᠠᠰᠤ 》 ᠴᠢᠩᠭ᠎ᠠ ᠠᠳᠬᠤᠵᠤ ᠂ ᠨᠠᠮ ᠤᠨ ᠳᠣᠲᠣᠭᠠᠳᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠶ᠋ᠢ ᠪᠠᠷᠢᠮᠲᠠᠯᠠᠵᠤ᠂ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠴᠢᠬᠤᠯᠠ ᠭᠠᠷᠳᠠᠴᠠ ᠪᠣᠯᠭᠠᠵᠤ ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠶᠢᠨ ᠦᠢᠯᠡᠳᠦᠯᠭᠡ ᠶ᠋ᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠪᠠᠷ ᠵᠣᠬᠢᠶᠠᠨ ᠪᠠᠶᠢᠭᠤᠯᠵᠤ᠂ 《 ᠭᠤᠷᠪᠠᠨ ᠴᠢᠩᠭ᠎ᠠ ᠭᠤᠷᠪᠠᠨ ᠪᠣᠳᠠᠲᠠᠢ 》 ᠲᠤᠰᠬᠠᠢ ᠰᠡᠳᠦᠪᠲᠦ ᠬᠥᠮᠦᠵᠢᠯ ᠂ 《 ᠬᠣᠶᠠᠷ ᠢ  ᠰᠤᠷᠤᠯᠴᠠᠵᠤ ᠨᠢᠭᠡ ᠳ᠋ᠤ ᠲᠡᠩᠴᠡᠭᠦᠯᠬᠦ 》 ᠰᠣᠷᠣᠯᠴᠠᠯᠭ᠎ᠠ ᠬᠥᠮᠦᠵᠢᠯ᠂ ᠣᠯᠠᠨ ᠲᠦᠮᠡᠨᠴᠢ ᠱᠤᠭᠤᠮ ᠤᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢᠨ ᠳᠠᠮᠵᠢᠭᠤᠯᠤᠨ᠂ ᠡᠯ᠎ᠡ ᠱᠠᠲᠤᠨ ᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷᠴᠤᠳ《 ᠳᠥᠷᠪᠡᠨ ᠰᠤᠷᠲᠠᠯ 》 ᠤᠨ ᠦᠨᠳᠦᠰᠦ ᠰᠤᠷᠪᠤᠯᠵᠢ ᠶ᠋ᠢ ᠭᠦᠨᠵᠡᠭᠡᠶ ᠵᠠᠳᠠᠯᠤᠨ ᠰᠢᠨᠵᠢᠯᠡᠵᠦ᠂ ᠵᠢᠩᠬᠢᠨᠢ ᠰᠢᠭᠦᠮᠵᠢᠯᠡᠯ᠂ 《 ᠬᠤᠷᠴᠠ ᠰᠢᠷᠦᠭᠦᠨ 》 ᠴᠢᠨᠠᠷᠯᠢᠭ  ᠲᠣᠰᠬᠠᠢ ᠰᠡᠳᠡᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠨᠡᠶᠢᠳᠡᠮ ᠬᠤᠷᠠᠯᠳᠤᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠭᠦᠨᠵᠡᠭᠡᠶ ᠦᠵᠡᠯ ᠰᠠᠨᠠᠭᠠᠨ ᠤ ᠬᠥᠮᠦᠵᠢᠯ ᠢ ᠬᠦᠷᠲᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠤᠯᠠᠮ ᠨᠢᠭᠡ ᠠᠯᠬᠤᠮ ᠳᠦᠷᠢᠮᠵᠢᠭᠦᠯᠦᠭᠰᠡᠨ ᠪᠠᠶᠢᠨ᠎ᠠ᠃
    ᠨᠠᠮ ᠤᠨ ᠲᠦᠷᠢᠮ ᠨᠠᠮ ᠤᠨ ᠲᠣᠭᠲᠠᠭᠠᠯ ᠢ ᠰᠤᠷᠤᠯᠴᠠᠬᠤ᠂ ᠶᠡᠷᠦᠩᠬᠡᠢ ᠱᠦᠵᠢ ᠰᠢ ᠶᠢᠨ ᠫᠢᠩ ᠦᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶ᠋ᠢ ᠰᠤᠷᠤᠯᠴᠠᠬᠤ ᠪᠠᠷ ᠳᠠᠮᠵᠢᠭᠤᠯᠤᠨ᠂ 《 ᠰᠤᠷᠤᠯᠴᠠᠬᠤ 》 ᠪᠠ 《 ᠬᠢᠬᠦ 》 ᠶ᠋ᠢ ᠬᠠᠷᠢᠯᠴᠠᠨ ᠤᠶᠠᠯᠳᠤᠭᠤᠯᠬᠤ ᠶ᠋ᠢ ᠴᠢᠩᠭᠠᠳᠬᠠᠵᠤ᠂ ᠨᠡᠪᠲᠡ ᠣᠶᠢᠯᠠᠭᠤᠯᠤᠨ᠎ᠠ ᠃ ᠨᠢᠭᠡ ᠳᠦ ᠂ ᠨᠠᠮ ᠤᠨ ᠭᠡᠰᠢᠭᠦᠨ ᠺᠠᠳ᠋ᠷ ᠤ ᠪᠠᠷᠢᠮᠵᠢᠶ᠎ᠠ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠤᠬᠠᠮᠰᠠᠷ᠂ ᠶᠡᠬᠡ ᠲᠠᠯ᠎ᠠ ᠶᠢᠨ ᠤᠬᠠᠮᠰᠠᠷ᠂ ᠭᠣᠣᠯᠯᠠᠬᠤ ᠤᠬᠠᠮᠰᠠᠷ ᠨᠢᠭᠡᠳᠦᠯᠲᠡᠢ ᠪᠠᠶᠢᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠪᠠ᠃ ᠬᠣᠶᠠᠷ ᠲᠤ᠂ ᠠᠷᠢᠭᠤᠨ ᠴᠢᠭᠴᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠢ ᠤᠯᠠᠮ ᠨᠢᠭᠡ ᠠᠯᠬᠤᠮ ᠪᠤᠢ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠠᠪᠤᠳᠠᠯ ᠢ ᠦᠨᠳᠦᠰᠦᠨ ᠱᠠᠳᠤ ᠲᠡᠶᠢᠰᠢ ᠦᠷᠭᠦᠯᠵᠢᠯᠡᠭᠦᠯᠬᠦ ᠶ᠋ᠢ ᠠᠬᠢᠭᠤᠯᠬᠤ᠂ ᠨᠠᠮ ᠤᠨ ᠲᠡᠷᠢᠭᠦᠨ ᠦ ᠴᠢᠨᠠᠷ᠂ ᠴᠡᠪᠡᠷ ᠴᠢᠨᠠᠷ ᠤᠨ ᠲᠠᠯ᠎ᠠ ᠪᠠᠷ ᠴᠥᠮ ᠡᠳᠦᠶ ᠲᠡᠳᠦᠶ ᠬᠤᠪᠢᠷᠠᠯᠲᠠ ᠭᠠᠷᠪᠠ᠂ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠢ ᠶᠡᠬᠡ ᠪᠡᠷ ᠳᠡᠭᠡᠭᠰᠢᠯᠡᠵᠡᠶ᠃ ᠭᠤᠷᠪᠠ ᠳᠤ᠂ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠪᠠ 《 ᠭᠤᠷᠪᠠᠨ ᠴᠢᠩᠭ᠎ᠠ ᠭᠤᠷᠪᠠᠨ ᠪᠣᠳᠠᠲᠠᠶ 》 ᠶᠢᠨ ᠲᠤᠰᠬᠠᠶ ᠰᠡᠳᠦᠪᠲᠦ ᠬᠥᠮᠦᠵᠢᠯ ᠬᠢᠭᠰᠡᠨ ᠦᠷ᠎ᠡ ᠪᠦᠲᠦᠭᠡᠯ ᠢ ᠥᠷᠭᠡᠳᠬᠡᠵᠦ᠂ ᠨᠠᠮ ᠤᠨ ᠭᠡᠰᠢᠭᠦᠨ ᠺᠠᠳ᠋ᠷ ᠤᠨ ᠡᠩᠨᠡᠭᠡ ᠶ᠋ᠢᠨ ᠲᠤᠪᠤᠢᠢᠮ᠎ᠠ ᠠᠰᠠᠭᠤᠳᠠᠯ ᠢ ᠰᠢᠶᠳᠪᠦᠷᠢᠯᠡᠬᠦ ᠲᠠᠯ᠎ᠠ ᠪᠠᠷ ᠨᠡᠡᠭ ᠰᠠᠶᠢᠲᠤᠷ ᠰᠡᠳᠬᠢᠨ ᠪᠣᠳᠣᠯᠬᠢᠯᠠᠬᠤ ᠶ᠋ᠢ ᠰᠢᠢᠳᠪᠦᠷᠢᠯᠡᠵᠦ᠂ ᠬᠢᠷᠢ ᠲᠡᠩᠴᠡᠭᠰᠡᠨ ᠨᠠᠮ ᠤᠨ ᠭᠡᠰᠢᠭᠦᠨ ᠦ ᠪᠠᠷᠢᠮᠵᠢᠶ᠎ᠠ ᠪᠡᠷ ᠲᠤᠰ ᠪᠡᠶ᠎ᠡ ᠪᠠᠨ ᠱᠠᠭᠠᠷᠳᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠢᠢᠴᠢᠨ ᠪᠡᠬᠢᠯᠡᠯᠲᠡ ᠪᠣᠯᠤᠨ ᠨᠠᠮ ᠤᠨ ᠭᠡᠰᠢᠭᠦᠨ ᠦ ᠬᠣᠰᠢᠭᠤᠴᠢ ᠵᠢᠱᠢᠶᠡᠴᠢ ᠶ᠋ᠢᠨ ᠦᠢᠯᠡᠳᠦᠯ ᠢ ᠪᠠᠳᠠᠷᠠᠭᠤᠯᠬᠤ᠂ ᠬᠦᠴᠦᠷᠬᠡᠭᠵᠢᠬᠦ ᠪᠡᠷ ᠬᠦᠴᠦᠯᠡᠨ ᠴᠢᠷᠮᠠᠶᠢᠵᠤ᠂ ᠠᠵᠢᠯ ᠬᠢᠵᠦ ᠦᠢᠯᠡᠰ ᠪᠤᠰᠬᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ 《 ᠺᠠᠳ᠋ᠷᠴᠤᠳ ᠤᠨ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ 》 ᠢ ᠬᠡᠷᠡᠭᠵᠢᠭᠦᠯᠵᠦ ᠂ ᠶᠡᠬᠡ ᠬᠡᠪᠴᠢᠶ᠎ᠡ ᠪᠡᠷ ᠺᠠᠳ᠋ᠷ ᠪᠣᠯᠪᠠᠰᠤᠷᠠᠭᠤᠯᠬᠤ ᠠᠵᠢᠯ ᠢ ᠥᠷᠨᠢᠭᠦᠯᠦᠨ᠎ᠡ᠃ ᠶᠡᠷᠦᠩᠬᠡᠶ ᠱᠦᠵᠢ ᠰᠢ ᠶᠢᠨ ᠫᠢᠩ ᠦᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠥᠷ ᠮᠣᠩᠭᠣᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠭᠣᠣᠯ ᠰᠡᠳᠠᠪ ᠢ ᠨᠢᠭᠲᠠ ᠤᠶᠠᠯᠳᠤᠭᠤᠯᠤᠨ᠂ 《 ᠺᠠᠳ᠋ᠷ ᠤᠨ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ 》 ᠢ ᠲᠦᠯᠬᠢᠨ ᠠᠬᠢᠭᠤᠯᠵᠤ᠂ ᠰᠤᠷᠤᠯᠴᠠᠯᠭ᠎ᠠ ᠪᠣᠯᠪᠠᠰᠤᠷᠠᠯ ᠢ ᠦᠨᠡᠨᠬᠦ ᠰᠠᠶᠢᠲᠤᠷ ᠠᠳᠬᠤᠬᠤ᠂ 《 ᠶᠠᠭᠤ ᠬᠢᠪᠡᠯ ᠶᠠᠭᠤ ᠪᠠᠨ ᠰᠤᠷᠬᠤ ᠶᠢ᠂ ᠶᠠᠭᠤ ᠳᠤᠲᠠᠪᠠᠯ ᠶᠠᠭᠤ ᠨᠥᠬᠥᠪᠥᠷᠢᠯᠡᠬᠦ 》 ᠶᠣᠰᠣᠭᠠᠷ ᠱᠠᠭᠠᠷᠳᠠᠵᠤ᠂ ᠳᠡᠰ ᠳᠠᠪᠬᠤᠷᠭ᠎ᠠ ᠲᠥᠷᠥᠯ ᠬᠤᠪᠢᠶᠠᠨ ᠺᠠᠳ᠋ᠷᠴᠤᠳ ᠢ ᠶᠡᠬᠡ ᠬᠡᠪᠴᠢᠶ᠎ᠡ ᠪᠡᠷ ᠳᠠᠪᠲᠠᠨ ᠪᠣᠯᠪᠠᠰᠤᠷᠠᠭᠤᠯᠤᠨ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠺᠠᠳ᠋ᠷᠴᠤᠳ  ᠤᠨ ᠰᠠᠶᠢᠨ ᠰᠠᠶᠢᠬᠠᠨ ᠰᠤᠷᠤᠯᠴᠠᠬᠤ ᠳᠠᠳᠬᠠᠯ ᠪᠠ ᠠᠭᠤᠷ ᠠᠮᠢᠰᠬᠤᠯ ᠢ ᠪᠣᠶ ᠪᠣᠯᠭᠠᠨ᠎ᠠ ᠃
    ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠦᠨ ᠲᠤᠷᠰᠢ᠂ ᠢᠮᠠᠭᠲᠠ ᠮᠠᠷᠺᠰ ᠤᠨ ᠦᠵᠡᠯ ᠦᠨ ᠳᠤᠮᠳᠠᠳᠤ ᠤᠯᠤᠰᠴᠢᠯᠠᠭᠰᠠᠨ ᠤᠨᠤᠯ ᠤᠨ ᠦᠷ᠎ᠡ ᠪᠦᠲᠦᠭᠡᠯ  ᠢᠶ᠋ᠡᠷ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠵᠡᠪᠰᠡᠭᠯᠡᠵᠦ᠂ ᠬᠥᠭᠵᠢᠵᠦ ᠪᠠᠶᠢᠭ᠎ᠠ ᠮᠠᠷᠺᠰ ᠤᠨ ᠦᠵᠡᠯ ᠢᠶᠡᠷ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠰᠤᠷᠭᠠᠨ ᠬᠥᠮᠥᠵᠢᠭᠦᠯᠵᠦ᠂ ᠨᠠᠮ ᠤᠨ ᠳᠣᠲᠣᠭᠠᠳᠤ ᠶᠢᠨ ᠠᠮᠢᠳᠤᠷᠠᠯ ᠤᠨ ᠲᠤᠢᠷᠢᠮ ᠪᠣᠯᠤᠨ ᠠᠵᠢᠯ ᠤᠨ ᠳᠦᠷᠢᠮ ᠦᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ᠂ ᠤᠳᠤᠷᠢᠳᠬᠤ ᠪᠠᠭ ᠤᠨ ᠤᠯᠤᠰ ᠲᠦᠷᠤ ᠶᠢᠨ ᠦᠵᠡᠯ ᠤᠬᠠᠮᠰᠠᠷ᠂ ᠪᠥ᠋ᠬᠦ ᠲᠠᠯ᠎ᠠ ᠶᠢᠨ ᠤᠬᠠᠮᠰᠠᠷ ᠂ ᠭᠣᠣᠯᠯᠠᠭᠴᠢ ᠤᠬᠠᠮᠰᠠᠷ᠂ ᠨᠢᠭᠡᠳᠦᠯᠲᠡᠢ ᠪᠠᠶᠢᠬᠤ ᠤᠬᠠᠮᠰᠠᠷ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠪᠦᠬᠦ ᠲᠠᠯ᠎ᠠ ᠶᠢ ᠡᠵᠡᠮᠳᠡᠬᠦ ᠪᠠ ᠪᠤᠳᠤᠯᠢᠶᠠᠨᠲᠠᠶ ᠠᠰᠠᠭᠤᠳᠠᠯ ᠢ ᠰᠢᠶᠳᠪᠦᠷᠢᠯᠡᠬᠦ ᠴᠢᠳᠠᠪᠤᠷᠢ ᠶ᠋ᠢ ᠳᠡᠭᠡᠭᠰᠢᠯᠡᠭᠦᠯᠦᠨ᠎ᠡ᠃ 70 ᠵᠢᠯ ᠦᠨ ᠬᠥᠭᠵᠢᠯᠲᠡ ᠪᠡᠷ ᠳᠠᠮᠵᠢᠭᠠᠳ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ᠂ ᠤᠯᠤᠰ ᠲᠦᠷᠦ ᠶᠢᠨ ᠲᠠᠯ᠎ᠠ ᠪᠠᠷ ᠤᠯᠠᠮ ᠪᠣᠯᠪᠠᠰᠤᠷᠠᠩᠭᠤᠶ ᠪᠠᠲᠤ ᠴᠢᠩᠭ᠎ᠠ ᠪᠣᠯᠵᠤ᠂ ᠦᠯᠡᠮᠵᠢ ᠤᠯᠡᠠ ᠨᠡᠶᠢᠲᠡ ᠶᠢᠨ ᠲᠥᠯᠥᠭᠡ ᠨᠠᠮ ᠪᠠᠶᠢᠭᠤᠯᠬᠤ᠂ ᠠᠷᠠᠳ ᠤᠨ ᠲᠥᠯᠥᠭᠡ ᠲᠦᠷᠦ ᠪᠠᠷᠢᠬᠤ ᠰᠢᠯᠢᠳᠡᠭ ᠤᠳᠤᠷᠢᠳᠬᠤ ᠺᠠᠳ᠋ᠷᠴᠤᠳ ᠪᠠᠰᠠ ᠲᠠᠰᠤᠷᠠᠯᠲᠠ ᠦᠭᠡᠶ ᠴᠣᠯᠭᠣᠷᠠᠨ ᠭᠠᠷᠴᠤ ᠢᠷᠡᠭᠰᠡᠨ ᠪᠠᠶᠢᠨ᠎ᠠ ᠃
    ( ᠬᠣᠶᠠᠷ ) ᠦᠨᠳᠦᠰᠦᠲᠡᠨ ᠦ ᠺᠠᠳ᠋ᠷ ᠢ ᠬᠥᠮᠦᠵᠢᠭᠦᠯᠦᠨ ᠰᠢᠯᠢᠵᠦ ᠬᠡᠷᠡᠭᠯᠡᠬᠦ ᠶᠠᠪᠤᠳᠠᠯ ᠢ ᠬᠠᠮᠢᠶᠠᠷᠬᠤ ᠡᠷᠴᠢᠮ ᠢᠶᠡᠨ ᠴᠢᠩᠭᠠᠷᠠᠭᠤᠯᠬᠤ
    ᠤᠯᠤᠰ ᠢ ᠵᠠᠰᠠᠬᠤ ᠳᠤ ᠤᠷᠢᠳᠠᠪᠠᠷ ᠨᠠᠮ ᠢ ᠵᠠᠰᠠᠵᠤ ᠨᠠᠮ ᠢ ᠵᠠᠰᠠᠬᠤ ᠳᠤ ᠤᠢᠷᠳᠠᠪᠡᠷ ᠲᠤᠰᠢᠶᠠᠯᠳᠠᠳ ᠢ ᠵᠠᠰᠠᠨ᠎ᠠ ᠃ ᠺᠠᠳ᠋ᠷ ᠤᠨ ᠡᠩᠨᠡᠭᠡᠨ ᠦ ᠪᠠᠶᠢᠭᠤᠯᠤᠯᠲᠠ ᠪᠣᠯ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠳ᠋ᠡᠬᠢ ᠴᠢᠬᠤᠯᠠ ᠠᠴᠠ ᠴᠢᠬᠤᠯᠠ ᠶᠠᠪᠤᠳᠠᠯ ᠪᠣᠯᠤᠨ᠎ᠠ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠳᠤ ᠠᠪᠴᠤ ᠬᠡᠯᠡᠪᠡᠯ᠂ ᠵᠣᠬᠢᠶᠠᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠴᠢᠬᠤᠯᠠ ᠨᠢᠭᠡᠨ ᠡᠭᠦᠷᠭᠡ ᠪᠣᠯ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ ᠬᠥᠮᠦᠵᠢᠭᠦᠯᠦᠨ ᠰᠢᠯᠢᠵᠦ ᠬᠡᠷᠡᠭᠯᠡᠬᠦ ᠶᠠᠪᠤᠳᠠᠯ ᠪᠣᠯᠣᠨ᠎ᠠ᠃ ᠴᠥᠭᠡᠨ ᠲᠣᠭᠠᠲᠤ ᠦᠨᠳᠦᠰᠦᠲᠡᠨ ᠦ ᠺᠠᠳ᠋ᠷ ᠪᠣᠯ ᠨᠠᠮ ᠡᠴᠠ ᠴᠥᠭᠡᠨ ᠲᠣᠭᠠᠲᠤ ᠦᠨᠳᠦᠰᠦᠲᠡᠨ ᠦ ᠣᠯᠠᠨ ᠲᠦᠮᠡᠨ ᠲᠡᠶ ᠬᠠᠷᠢᠯᠴᠠᠬᠤ ᠬᠥᠭᠥᠷᠭᠡ ᠪᠠ ᠬᠣᠯᠪᠣᠭᠠᠰᠤ ᠮᠥᠨ᠂ ᠦᠨᠳᠦᠰᠦᠲᠡᠨ ᠦ ᠠᠵᠢᠯ ᠢ ᠰᠠᠶᠢᠲᠤᠷ ᠬᠢᠬᠦ ᠶᠢᠨ ᠭᠣᠣᠯᠯᠠᠭᠴᠢ ᠬᠦᠴᠦᠨ ᠮᠥᠨ᠃ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ ᠬᠥᠮᠦᠵᠢᠭᠦᠯᠬᠦ ᠪᠣᠯ ᠦᠨᠳᠦᠰᠦᠲᠡᠨ ᠦ ᠪᠦᠯᠬᠦᠮᠳᠡᠯ ᠢ ᠪᠡᠬᠢᠵᠢᠭᠦᠯᠬᠦ ᠪᠠ ᠦᠨᠳᠦᠰᠦᠲᠡᠨ ᠦ ᠠᠰᠠᠭᠤᠳᠠᠯ ᠢ ᠲᠤᠶᠢᠯᠪᠤᠷᠢᠲᠠᠶ ᠰᠢᠶᠳᠪᠦᠷᠢᠯᠡᠬᠦ ᠵᠠᠩᠭᠢᠯᠠᠭ᠎ᠠ ᠮᠥᠨ᠃ ᠤᠯᠠᠨ ᠵᠢᠯ ᠦᠨ ᠲᠤᠷᠰᠢ᠂ ᠥᠪᠥᠷ ᠮᠣᠩᠭᠣᠯ ᠤᠨ ᠴᠥᠭᠡᠨ ᠲᠣᠭᠠᠲᠤ ᠦᠨᠳᠦᠰᠦᠲᠡᠨ ᠦ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠦᠨᠳᠦᠰᠦᠲᠡᠨ ᠦ ᠲᠦᠷᠦ ᠶᠢᠨ ᠪᠣᠳᠤᠯᠭ᠎ᠠ ᠶ᠋ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠭᠤᠯᠭ᠎ᠠ ᠪᠣᠯᠭᠠᠭᠰᠠᠨ ᠪᠠᠶᠢᠨ᠎ᠠ ᠂ ᠲᠠᠰᠤᠷᠠᠯᠲᠠ ᠦᠭᠡᠶ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ ᠬᠥᠮᠦᠵᠢᠭᠦᠯᠬᠦ ᠪᠠ ᠰᠢᠯᠢᠨ ᠰᠣᠩᠭᠣᠬᠤ ᠬᠡᠷᠡᠭᠯᠡᠬᠦ ᠡᠷᠴᠢᠮ ᠢ ᠴᠢᠩᠭᠠᠷᠠᠭᠤᠯᠵᠤ ᠂ ᠴᠠᠭ ᠲᠤᠬᠠᠶ ᠳᠤᠨᠢ ᠴᠥᠭᠡᠨ ᠲᠣᠭᠠᠲᠤ ᠦᠨᠳᠦᠰᠦᠲᠡᠨ ᠦ ᠰᠢᠯᠢᠳᠡᠭ ᠺᠠᠳ᠋ᠷ ᠢ ᠡᠯ᠎ᠡ ᠱᠠᠲᠤᠨ ᠤ ᠤᠳᠤᠷᠢᠳᠬᠤ ᠪᠠᠶᠢᠷᠢᠨ ᠳᠤ ᠰᠢᠯᠢᠨ ᠳᠡᠪᠰᠢᠭᠦᠯᠵᠦ᠂ ᠲᠡᠳᠡᠨ ᠦ ᠦᠨᠳᠦᠰᠦᠲᠡᠨ ᠦ ᠭᠠᠵᠠᠷ ᠣᠷᠣᠨ ᠤ ᠥᠭᠡᠷᠡᠴᠢᠯᠡᠯᠲᠡ ᠬᠢᠵᠦ ᠲᠣᠭᠲᠠᠭᠤᠨ ᠬᠥᠭᠵᠢᠭᠦᠯᠬᠦ ᠠᠵᠢᠯ ᠳᠤᠮᠳᠠᠬᠢ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠪᠠᠶᠢᠨ᠎ᠠ ᠃
    ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠂ 51 ᠠᠵᠢᠯ ᠤᠨ ᠰᠠᠯᠠᠭ᠎ᠠ ᠮᠥᠴᠢᠷ ᠦᠨ ᠤᠳᠤᠷᠢᠳᠬᠤ ᠪᠠᠭ ᠤᠨ ᠳᠣᠲᠣᠷᠠᠬᠢ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ 47 ᠲᠣᠬᠢᠷᠠᠭᠤᠯᠵᠤ᠃ 12 ᠠᠶᠢᠮᠠᠭ ᠬᠣᠲᠠ  ᠶᠢᠨ ᠨᠠᠮ ᠤᠨ ᠬᠣᠷᠢᠶ᠎ᠠ᠂ ᠵᠠᠰᠠᠭ ᠤᠨ ᠣᠷᠳᠣᠨ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠰᠢᠭᠦᠬᠦ ᠬᠣᠷᠢᠢ᠎ᠠ ᠪᠠᠶᠢᠴᠠᠭᠠᠬᠤ ᠬᠦᠷᠢᠶᠡᠯᠡᠩ ᠦᠨ ᠤᠳᠤᠷᠢᠳᠬᠤ ᠪᠠᠭ ᠤᠨ ᠳᠣᠲᠣᠷ᠎ᠠ ᠣᠯᠠᠩᠬᠢ ᠨᠢ ᠪᠦᠷ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ ᠲᠣᠬᠢᠷᠠᠭᠤᠯᠤᠭᠰᠠᠨ ᠪᠠᠶᠢᠨ᠎ᠠ ᠃ 2013 ᠣᠨ ᠳ᠋ᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠦ ᠬᠤᠭᠤᠴᠠᠭ᠎ᠠ ᠰᠣᠯᠢᠬᠤ ᠦᠶ᠎ᠡ ᠳᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠬᠣᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ 544 ᠳᠤᠮᠳᠠ᠂ ᠴᠥᠭᠡᠨ ᠲᠣᠭᠠᠲᠤ ᠦᠨᠳᠦᠰᠦᠲᠡᠨ ᠦ ᠲᠥᠯᠥᠭᠡᠯᠡᠭᠴᠢ 209 ᠪᠠᠶᠢᠵᠤ ᠂ ᠲᠥᠯᠥᠭᠡᠯᠡᠭᠴᠢᠳ ᠦᠨ ᠪᠦᠬᠦ ᠲᠣᠭᠠᠨ ᠤ 38.4% ᠶ᠋ᠢ ᠡᠵᠡᠯᠡᠵᠦ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠦ 520 ᠭᠡᠰᠢᠭᠦᠳ ᠦᠨ ᠳᠣᠲᠣᠷ᠎ᠠ ᠴᠥᠭᠡᠨ ᠲᠣᠭᠠᠲᠤ ᠦᠨᠳᠦᠰᠦᠲᠡᠨ ᠦ ᠭᠡᠰᠢᠭᠦᠨ 191 ᠬᠥᠮᠦᠨ᠂ ᠭᠡᠰᠢᠭᠦᠳ ᠦᠨ ᠪᠦᠬᠦ ᠲᠣᠭᠠᠨ ᠤ 36.7% ᠪᠣᠯᠤᠨ᠎ᠠ᠃ ᠲᠡᠳᠡ ᠪᠥᠬᠥ ᠣᠷᠣᠨ ᠤ 542 ᠲᠦᠮᠡᠨ ᠴᠥᠭᠡᠨ ᠲᠣᠭᠠᠲᠤ ᠦᠨᠳᠦᠰᠦᠲᠡᠨ ᠢ ᠲᠦᠯᠦᠭᠡᠯᠡᠵᠦ᠂ ᠡᠵᠡᠨ ᠬᠥᠮᠦᠨ ᠦ ᠣᠪᠣᠷ ᠢᠶᠠᠷ ᠤᠯᠤᠰ ᠤᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠬᠠᠮᠢᠶᠠᠷᠤᠯᠲᠠ ᠳᠤ ᠢᠳᠡᠪᠬᠢᠲᠡᠶ ᠣᠷᠣᠯᠴᠠᠨ᠂ ᠦᠨᠳᠦᠰᠦᠨ ᠬᠠᠤᠯᠢ ᠪᠠ ᠦᠨᠳᠦᠰᠦᠲᠡᠨ ᠦ ᠣᠷᠣᠨ ᠤ ᠥᠪᠡᠷᠲᠡᠭᠡᠨ ᠵᠠᠰᠠᠬᠤ ᠬᠠᠤᠯᠢ ᠶᠢᠨ ᠣᠯᠭᠣᠭᠰᠠᠨ ᠡᠷᠬᠡ ᠶ᠋ᠢ ᠬᠡᠷᠡᠭᠵᠢᠭᠦᠯᠵᠦ ᠪᠠᠶᠢᠨ᠎ᠠ ᠃
    ᠶᠡᠷᠦᠩᠬᠡᠶ ᠳᠦᠨᠢ ᠠᠪᠴᠤ ᠦᠵᠡᠪᠡᠯ ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠠᠴᠠ ᠡᠭᠦᠰᠴᠦ ᠂ ᠺᠠᠳ᠋ᠷ ᠤᠨ ᠡᠩᠨᠡᠭᠡᠨ ᠦ ᠪᠦᠲᠦᠴᠡ ᠶᠢ ᠰᠠᠶᠢᠵᠢᠷᠠᠭᠤᠯᠬᠤ ᠶᠢ ᠪᠣᠳᠣᠯᠬᠢᠯᠠᠵᠤ ᠂ ᠦᠨᠳᠦᠰᠦᠲᠡᠨ ᠦ ᠪᠦᠯᠬᠦᠮᠳᠡᠯ ᠂ ᠬᠢᠯᠢ ᠬᠢᠵᠠᠭᠠᠷ ᠣᠷᠣᠨ ᠤ ᠲᠣᠭᠲᠠᠭᠤᠨ ᠪᠠᠶᠢᠳᠠᠯ ᠢ ᠬᠠᠮᠠᠭᠠᠯᠠᠵᠤ᠂ ᠠᠯᠪᠠᠲᠠᠨ ᠢ ᠡᠯᠰᠡᠵᠦ ᠬᠡᠷᠡᠭᠯᠡᠬᠦ ᠶᠠᠪᠤᠴᠠ ᠳᠦ ᠴᠥᠭᠡᠨ ᠲᠣᠭᠠᠲᠤ ᠦᠨᠳᠦᠰᠦᠲᠡᠨ ᠦ ᠺᠠᠳ᠋ᠷᠴᠤᠳ ᠤᠨ ᠥᠬᠡᠶᠢᠳᠡᠭᠦᠯᠬᠦ ᠳ᠋ᠤ ᠠᠰᠢᠭᠲᠠᠶ ᠨᠢᠭᠡᠨ ᠢᠵᠢ ᠰᠣᠩᠭᠣᠨ ᠬᠡᠷᠡᠭᠯᠡᠬᠦ ᠲᠣᠭᠲᠠᠴᠠ ᠶᠢ ᠪᠦᠷᠢᠯᠳᠦᠭᠦᠯᠦᠭᠰᠡᠨ ᠪᠠᠶᠢᠨ᠎ᠠ᠃ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠬᠢᠬᠦ ᠡᠨᠡ ᠬᠦ ᠭᠣᠣᠯᠳᠠᠯᠭ᠎ᠠ ᠶ᠋ᠢ ᠴᠢᠬᠤᠯᠠᠴᠢᠯᠠᠬᠤ ᠶᠢᠨ ᠬᠠᠮᠲᠤ᠂ ᠵᠡᠷᠭᠡ ᠳ᠋ᠦ᠋ᠨᠢ ᠴᠥᠭᠡᠨ ᠲᠣᠭᠠᠲᠤ ᠦᠨᠳᠦᠰᠦᠲᠡᠨ ᠦ ᠺᠠᠳ᠋ᠷ ᠤᠨ ᠴᠢᠳᠠᠪᠤᠷᠢ ᠶᠢᠨ ᠬᠡᠪ ᠴᠢᠨᠠᠷ ᠢ ᠪᠣᠯᠪᠠᠰᠤᠷᠠᠭᠤᠯᠬᠤ ᠬᠡᠷᠡᠭᠲᠡᠶ ᠃
    ᠥᠪᠡᠷᠲᠡᠭᠡᠨ ᠵᠠᠰᠠᠬᠤ ᠣᠷᠣᠨ ᠤ ᠰᠠᠢᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠡᠯ᠎ᠡ ᠱᠠᠲᠤᠨ ᠤ ᠺᠠᠳ᠋ᠷ ᠢ ᠰᠠᠶᠢᠲᠤᠷ ᠰᠣᠩᠭᠣᠵᠤ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠵᠦ᠂ ᠴᠥᠭᠡᠨ ᠲᠣᠭᠠᠲᠤ ᠦᠨᠳᠦᠰᠦᠲᠡᠨ ᠦ ᠺᠠᠳ᠋ᠷ ᠤᠨ ᠡᠩᠨᠡᠭᠡ ᠶ᠋ᠢ ᠴᠢᠬᠤᠯᠠᠴᠢᠯᠠᠨ  ᠬᠥᠮᠥᠵᠢᠭᠦᠯᠦᠨ᠎ᠡ᠂ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠤᠨ᠎ᠠ ᠃ ᠺᠠᠳ᠋ᠷ ᠤᠨ ᠪᠣᠯᠪᠠᠰᠤᠷᠠᠯ ᠤᠨ《 ᠤᠷᠢᠵᠤ ᠠᠪᠴᠢᠷᠠᠬᠤ ᠪᠠ ᠭᠠᠳᠠᠭᠰᠢ ᠭᠠᠷᠬᠤ 》 ᠶᠢ ᠪᠠᠷᠢᠮᠲᠠᠯᠠᠵᠤ᠂ ᠺᠠᠳ᠋ᠷ ᠢ ᠪᠣᠯᠪᠠᠰᠤᠷᠠᠭᠤᠯᠬᠤ  ᠢ ᠴᠢᠬᠤᠯᠠᠴᠢᠯᠠᠵᠤ᠂  ᠨᠠᠮ ᠤᠨ ᠰᠤᠷᠭᠠᠭᠤᠯᠢ ᠶᠢᠨ ᠡᠩ ᠦᠨ ᠪᠣᠯᠪᠠᠰᠤᠷᠠᠯ᠂ ᠭᠠᠳᠠᠭᠰᠢ ᠭᠠᠷᠬᠤ ᠪᠣᠯᠪᠠᠰᠤᠷᠠᠯ ᠂ ᠪᠡᠶ᠎ᠡ ᠪᠡᠨ ᠳᠠᠭᠠᠭᠠᠨ ᠰᠣᠩᠭᠣᠨ ᠰᠤᠷᠬᠤ ᠵᠡᠷᠭᠡ ᠠᠷᠭ᠎ᠠ ᠬᠡᠯᠪᠡᠷᠢ ᠶᠢ ᠭᠣᠣᠯᠴᠢᠯᠠᠨ ᠤᠶᠠᠯᠳᠤᠭᠤᠯᠵᠤ᠂ ᠺᠠᠳ᠋ᠷ ᠢ ᠢᠳᠡᠪᠬᠢᠲᠡᠢ ᠪᠠᠷ ᠪᠡᠭᠡᠵᠢᠩ ᠂ ᠱᠠᠩᠬᠠᠶ ᠂ ᠵᠧᠵᠢᠶᠠᠩ ᠂ ᠭᠤᠸᠠᠩᠳᠦ᠋ᠩ ᠵᠡᠷᠭᠡ ᠬᠥᠭᠵᠢᠭᠰᠡᠨ ᠭᠠᠵᠠᠷ ᠣᠷᠣᠨ ᠳᠤ ᠰᠣᠩᠭᠣᠨ ᠲᠣᠮᠢᠯᠠᠵᠤ ᠪᠠᠶᠢᠴᠠᠭᠠᠨ ᠰᠤᠷᠤᠯᠴᠠᠵᠤ᠂ ᠥᠪᠥᠷ ᠮᠣᠩᠭᠣᠯ ᠤᠨ ᠺᠠᠳ᠋ᠷᠴᠤᠳ ᠤᠨ ᠪᠣᠯᠪᠠᠰᠤᠷᠠᠭᠤᠯᠤᠯ ᠤᠨ ᠰᠦᠯᠵᠢᠶᠡᠨ ᠦ ᠳᠡᠭᠡᠳᠦ ᠰᠤᠷᠭᠠᠭᠤᠯᠢ ᠶᠢ ᠡᠭᠦᠳᠦᠨ ᠪᠠᠶᠢᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠺᠠᠳ᠋ᠷ ᠤᠨ ᠬᠠᠮᠢᠶᠠᠷᠤᠯᠲᠠ ᠶᠢᠨ ᠪᠦᠷᠢᠨ ᠬᠠᠮᠤᠷᠬᠤ ᠶᠢ ᠠᠩᠬ᠎ᠠ ᠤᠳᠠᠭ᠎ᠠ ᠪᠡᠶᠡᠯᠡᠭᠦᠯᠦᠨ᠎ᠡ ᠃ ᠺᠠᠳ᠋ᠷ ᠲᠣᠮᠢᠯᠠᠵᠤ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠶ᠋ᠢ ᠴᠢᠩᠭᠠᠳᠬᠠᠵᠤ ᠂ ᠺᠠᠳ᠋ᠷ ᠢ ᠲᠥᠯᠥᠪᠯᠡᠭᠡ ᠲᠡᠶ ᠪᠡᠷ ᠠᠵᠤ ᠠᠬᠤᠶ ᠬᠥᠭᠵᠢᠭᠰᠡᠨ ᠭᠠᠵᠠᠷ ᠣᠷᠣᠨ᠂ ᠲᠥᠪ ᠦᠨ ᠪᠠᠶᠢᠭᠤᠯᠤᠯᠭ᠎ᠠ ᠪᠠ ᠤᠯᠤᠰ ᠤᠨ ᠶᠠᠮᠤᠨ ᠤ ᠬᠣᠷᠢᠶ᠎ᠠ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ᠋ ᠤᠨ ᠠᠵᠢᠯ ᠤᠨ ᠪᠠᠶᠢᠷᠢ ᠳ᠋ᠦ ᠰᠣᠩᠭᠣᠨ ᠲᠣᠮᠢᠯᠠᠵᠤ ᠲᠤᠰᠢᠶᠠᠯ ᠡᠭᠦᠷᠭᠡᠯᠡᠭᠦᠯᠦᠨ  ᠪᠣᠯᠪᠠᠰᠤᠷᠠᠭᠤᠯᠤᠨ᠎ᠠ᠂ ᠲᠠᠰᠤᠷᠠᠯᠲᠠ ᠦᠭᠡᠢ ᠺᠠᠳ᠋ᠷ ᠤᠨ ᠬᠠᠷᠠᠭ᠎ᠠ ᠶ᠋ᠢ ᠥᠷᠭᠡᠳᠬᠡᠵᠦ᠂ ᠺᠠᠳ᠋ᠷ ᠤᠨ ᠥᠩᠭᠡᠷᠡᠯᠲᠡ ᠶ᠋ᠢ ᠡᠯᠪᠡᠭ ᠪᠠᠶᠠᠯᠢᠭ ᠪᠥᠭᠡᠳ ᠪᠣᠳᠠᠲᠠᠶ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ 《 ᠳᠡᠭᠡᠷ᠎ᠡ ᠡᠯᠭᠦᠵᠦ᠂ ᠳᠣᠣᠷ᠎ᠠ ᠡᠯᠭᠦᠭᠰᠡᠨ᠂ ᠬᠢᠷᠢ ᠬᠡᠮ ᠡᠴᠡ ᠰᠦᠯᠵᠢᠶ᠎ᠡ ᠮᠡᠬᠡ ᠂ ᠬᠠᠷᠢᠯᠴᠠᠨ ᠬᠣᠯᠪᠣᠬᠤ 》 ᠵᠡᠷᠭᠡ ᠬᠡᠯᠪᠡᠷᠢ ᠪᠡᠷ ᠳᠠᠮᠵᠢᠭᠤᠯᠤᠨ᠂ 5069 ᠺᠠᠳ᠋ᠷ ᠢ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠪᠠᠷ ᠰᠣᠩᠭᠣᠨ ᠲᠣᠮᠢᠯᠠᠵᠤ᠂ ᠡᠭᠦᠨ ᠦ ᠳᠣᠲᠣᠷ᠎ᠠ ᠤᠯᠤᠰ ᠤᠨ ᠶᠠᠮᠤᠨ ᠬᠣᠷᠢᠶ᠎ᠠ ᠪᠣᠯᠤᠨ ᠬᠥᠭᠵᠢᠭᠰᠡᠨ ᠣᠷᠣᠨ ᠳᠤ ᠲᠤᠰᠢᠶᠠᠯ ᠡᠭᠦᠷᠭᠡᠯᠡᠬᠦ  ᠨᠢ 756 ᠬᠥᠮᠦᠨ ᠬᠦᠷᠴᠦ᠂ ᠪᠡᠷᠬᠡ ᠬᠠᠲᠠᠭᠤᠵᠢᠯᠲᠠᠶ ᠵᠠᠬ᠎ᠠ ᠬᠢᠵᠠᠭᠠᠷ ᠣᠷᠣᠨ ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ᠋ ᠲᠤ ᠲᠤᠰᠢᠶᠠᠯ ᠡᠭᠦᠷᠭᠡᠯᠡᠬᠦ  ᠨᠢ 4435 ᠬᠥᠮᠦᠨ ᠃
    ᠺᠠᠳ᠋ᠷ ᠤᠨ ᠰᠠᠭᠤᠭ᠎ᠠ ᠰᠢᠶᠠᠩ ᠭᠠᠴᠠᠭ᠎ᠠ ᠶᠢ ᠳᠠᠭᠠᠭᠠᠨ ᠠᠪᠣᠬᠤ ᠡᠷᠴᠢᠮ ᠢᠶᠡᠨ ᠴᠢᠩᠭᠠᠷᠠᠭᠤᠯᠵᠤ ᠂ ᠤᠶᠠᠯᠳᠤᠭᠤᠯᠤᠨ᠂ ᠺᠠᠳ᠋ᠷ ᠦᠨᠳᠦᠰᠦᠨ ᠱᠠᠲᠤᠨ ᠳᠤ ᠪᠠ ᠣᠳᠣᠬᠠᠨ ᠳ᠋ᠤ ᠦᠷᠨᠢᠭᠦᠯᠵᠦ ᠪᠠᠶᠢᠭ᠎ᠠ ᠠᠵᠢᠯ ᠤᠨ ᠰᠠᠬᠢᠯᠭ᠎ᠠ ᠪᠠᠲᠤ᠂ ᠠᠵᠢᠯ ᠤᠨ ᠰᠤᠷᠲᠠᠯ ᠢᠶᠠᠨ ᠴᠡᠭᠴᠡᠯᠡᠬᠦ ᠲᠤᠰᠬᠠᠶ ᠠᠵᠢᠯᠯᠠᠭ᠎ᠠ ᠲᠠᠢ ᠤᠶᠠᠯᠳᠤᠭᠤᠯᠤᠨ᠂ ᠡᠯ᠎ᠡ ᠱᠠᠲᠤᠨ ᠤ ᠺᠠᠳ᠋ᠷ ᠲᠣᠰᠬᠣᠨ ᠳᠤ ᠰᠠᠭᠤᠬᠤ ᠴᠡᠭ ᠢ ᠵᠣᠬᠢᠶᠠᠨ ᠪᠠᠶᠢᠭᠤᠯᠵᠤ᠂ ᠪᠣᠳᠠᠲᠤ ᠪᠠᠶᠢᠳᠠᠯ ᠢ ᠪᠠᠶᠢᠴᠠᠭᠠᠨ ᠣᠶᠢᠯᠠᠭᠠᠵᠤ᠂ ᠯᠠᠪᠳᠠᠭᠤᠨ ᠪᠠᠲᠤᠲᠠᠢ ᠬᠠᠪᠰᠤᠷᠤᠨ ᠲᠡᠳᠬᠦᠵᠦ᠂ ᠰᠤᠮᠤ ᠭᠠᠴᠠᠭ᠎ᠠ ᠲᠣᠰᠬᠣᠨ ᠳ᠋ᠦ ᠰᠠᠭᠤᠬᠤ ᠶᠠᠪᠤᠴᠠ ᠳ᠋ᠤ ᠣᠯᠠᠨ ᠲᠦᠮᠡᠨ ᠦ ᠳᠤᠮᠳᠠ ᠭᠦᠨᠵᠡᠭᠡᠶᠢᠷᠡᠵᠦ᠂ ᠰᠤᠷᠲᠠᠯ ᠢᠶᠠᠨ ᠬᠤᠪᠢᠷᠠᠭᠤᠯᠵᠤ᠂ ᠤᠯᠠᠨ ᠲᠦᠮᠡᠨ ᠦ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ ᠃
    ᠴᠢᠩᠭ᠎ᠠ ᠰᠢᠯᠢᠨ ᠰᠣᠩᠭᠣᠵᠤ ᠲᠤᠰᠢᠶᠠᠯ ᠳᠤ ᠲᠣᠮᠢᠯᠠᠬᠤ᠃ ᠬᠥᠮᠦᠨ ᠰᠣᠩᠭᠣᠬᠤ ᠬᠥᠮᠦᠨ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠪᠦᠬᠦ ᠶᠠᠪᠤᠴᠠ ᠳᠤ ᠦᠨᠡᠨ ᠪᠠᠶᠢᠳᠠᠯ ᠢ ᠲᠡᠮᠳᠡᠭᠯᠡᠬᠦ ᠠᠷᠭ᠎ᠠ ᠶ᠋ᠢ ᠨᠡᠶᠢᠲᠡᠯᠡᠨ ᠬᠡᠷᠡᠭᠵᠢᠭᠦᠯᠵᠦ᠂ ᠲᠣᠳᠣᠷᠬᠠᠶ ᠰᠠᠨᠠᠭᠠᠴᠢᠯᠠᠭ᠎ᠠ ᠲᠠᠢ ᠂ ᠠᠷᠠᠳᠴᠢᠯᠠᠯ ᠢᠶᠠᠷ ᠲᠠᠨᠢᠯᠴᠠᠭᠤᠯᠬᠤ᠂ ᠪᠠᠶᠢᠴᠠᠭᠠᠬᠤ ᠂ ᠶᠠᠷᠢᠯᠴᠠᠨ ᠲᠣᠭᠲᠠᠭᠠᠵᠤ ᠂ ᠲᠤᠰᠢᠶᠠᠯ ᠡᠭᠦᠷᠭᠡᠯᠡᠬᠦ ᠡᠯ᠎ᠡ ᠭᠣᠭᠴᠣᠭ᠎ᠠ ᠤ ᠪᠤᠳᠠᠳᠤ ᠠᠭᠤᠯᠭ᠎ᠠ ᠂ 《 ᠲᠠᠪᠤᠨ ᠠᠰᠠᠭᠤᠳᠠᠯ ᠢ ᠰᠠᠢᠢᠨ ᠠᠷᠢᠭᠤᠨ ᠴᠢᠬᠡᠴᠢ ᠪᠡᠷ ᠵᠠᠰᠠᠭ ᠪᠠᠷᠢᠬᠤ 》 ᠶ᠋ᠢ ᠰᠠᠶᠢᠲᠤᠷ ᠠᠳᠬᠤᠵᠤ᠂ ᠲᠥᠪ ᠴᠢᠬᠡᠴᠢ ᠬᠡᠪ ᠰᠤᠷᠲᠠᠯ ᠪᠦᠬᠦᠢ ᠬᠥᠮᠦᠨ ᠰᠣᠩᠭᠣᠵᠤ ᠬᠥᠮᠦᠨ ᠬᠡᠷᠡᠭᠯᠡᠬᠦ ᠣᠷᠴᠢᠨ ᠪᠤᠢ ᠪᠣᠯᠬᠤ ᠶ᠋ᠢ ᠲᠦᠯᠬᠢᠨ ᠠᠬᠢᠭᠤᠯᠤᠨ᠎ᠠ ᠃
    ᠴᠢᠩᠭ᠎ᠠ ᠬᠢᠨᠠᠨ ᠰᠢᠯᠭᠠᠵᠤ ᠦᠨᠡᠯᠡᠯᠲᠡ ᠬᠢᠬᠦ ᠬᠡᠷᠡᠭᠲᠡᠶ ᠃ 《 ᠭᠤᠷᠪᠠ ᠶᠢ ᠨᠢᠭᠡ ᠴᠤᠭᠴᠠᠵᠢᠭᠤᠯᠬᠤ 》 ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠰᠢᠨᠵᠢᠯᠡᠬᠦ ᠤᠬᠠᠭᠠᠨᠴᠢ ᠪᠠᠷ ᠰᠢᠯᠭᠠᠨ ᠬᠢᠨᠠᠬᠤ ᠭᠦᠢᠴᠡᠳᠬᠡᠯ ᠲᠣᠭ᠎ᠠ ᠶ᠋ᠢ ᠲᠣᠭᠳᠠᠭᠠᠵᠤ᠂ ᠦᠷᠭᠦᠯᠵᠢᠯᠡᠬᠦᠶᠢᠴᠡ ᠬᠥᠭᠵᠢᠯᠲᠡ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠂ ᠠᠮᠢ ᠠᠬᠤᠶ ᠶᠢᠨ ᠪᠣᠯᠪᠠᠰᠤᠨ᠂ ᠬᠠᠤᠯᠢ ᠪᠠᠷ ᠵᠠᠰᠠᠬᠤ ᠪᠠᠶᠢᠭᠤᠯᠤᠯᠲᠠ ᠪᠣᠯᠤᠨ ᠨᠠᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠬᠢᠨᠠᠨ ᠰᠢᠯᠭᠠᠬᠤ ᠶᠢᠨ ᠡᠵᠡᠯᠡᠮᠵᠢ ᠶ᠋ᠢ ᠨᠡᠮᠡᠭᠳᠡᠭᠦᠯᠵᠦ᠂ ᠡᠯ᠎ᠡ ᠱᠠᠲᠤᠨ ᠤ ᠺᠠᠳ᠋ᠷᠴᠤᠳ ᠤᠨ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠤᠢ ᠪᠣᠯᠭᠠᠵᠤ᠂ ᠰᠠᠨᠠᠭ᠎ᠠ ᠰᠡᠳᠬᠢᠯ ᠪᠣᠯᠤᠨ ᠤᠶᠦᠠ ᠴᠢᠳᠠᠯ ᠢᠶᠠᠨ ᠰᠢᠨᠵᠢᠯᠡᠬᠦ ᠤᠬᠠᠭᠠᠨᠴᠢ ᠬᠥᠭᠵᠢᠯᠲᠡ ᠶᠢ ᠲᠦᠯᠬᠢᠨ ᠠᠬᠢᠭᠤᠯᠬᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠡᠭᠡᠷ᠎ᠡ ᠲᠠᠯᠪᠢᠬᠤ ᠬᠡᠷᠡᠭᠳᠡᠢ ᠃
    ᠴᠢᠩᠭ᠎ᠠ ᠬᠢᠨᠠᠯᠲᠠ ᠲᠠᠯᠪᠢᠵᠤ ᠬᠠᠮᠢᠶᠠᠷᠤᠨ᠎ᠠ᠃ ᠮᠡᠳᠡᠭᠡ ᠵᠠᠩᠭᠢ ᠳᠤ ᠬᠢᠨᠠᠯᠲᠠ ᠲᠠᠯᠪᠢᠵᠤ ᠶᠠᠪᠤᠭᠤᠯᠬᠤ᠂ ᠬᠠᠮᠢᠶᠠᠷᠴᠤ ᠬᠢᠨᠠᠯᠲᠠ ᠲᠠᠯᠪᠢᠬᠤ᠂ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ 《 ᠭᠤᠷᠪᠠ ᠶᠢ ᠨᠢᠭᠡ ᠴᠤᠭᠴᠠᠵᠢᠭᠤᠯᠬᠤ 》 ᠬᠢᠨᠠᠯᠲᠠ ᠲᠠᠯᠪᠢᠬᠤ ᠠᠷᠭ᠎ᠠ ᠶᠢ ᠬᠠᠶᠢᠨ ᠰᠦᠪᠡᠭᠴᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤᠰᠬᠠᠶᠢᠯᠠᠨ ᠬᠢᠨᠠᠯᠲᠠ ᠲᠠᠯᠪᠢᠬᠤ ᠲᠠᠰᠤᠭ‍ᠢ ᠵᠣᠬᠢᠶᠠᠨ ᠪᠠᠶᠢᠭᠤᠯᠵᠤ ᠂ ᠴᠢᠩᠭ᠎ᠠ ᠬᠢᠨᠠᠯᠲᠠ ᠲᠠᠯᠪᠢᠬᠤ ᠬᠦᠴᠦᠨ ᠢ ᠴᠢᠩᠭᠠᠳᠬᠠᠵᠤ᠂ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠴᠢᠩᠭᠠᠷᠠᠭᠤᠯᠬᠤ ᠬᠡᠷᠡᠭᠲᠡᠶ᠃ ᠬᠥᠮᠦᠨ ᠰᠣᠩᠭᠣᠨ ᠬᠡᠷᠡᠭᠯᠡᠬᠦ ᠲᠠᠯ᠎ᠠ ᠶᠢᠨ ᠲᠤᠰᠬᠠᠶ ᠪᠠᠶᠢᠴᠠᠭᠠᠯᠲᠠ ᠥᠷᠨᠢᠭᠦᠯᠵᠦ᠂ 《 ᠭᠤᠷᠪᠠ ᠬᠡᠲᠦᠷᠡᠵᠦ ᠬᠣᠶᠠᠷ ᠡᠷᠦᠶ ᠬᠤᠷᠤᠶ ᠥᠬᠡᠶ 》 ᠂ ᠲᠠᠩᠰᠠ ᠡᠪᠬᠡᠮᠡᠯ  ᠢ ᠬᠠᠭᠤᠷᠮᠠᠭᠯᠠᠬᠤ᠂ ᠤᠳᠤᠷᠢᠳᠬᠤ ᠺᠠᠳ᠋ᠷ ᠲᠣᠭᠲᠠᠭᠠᠯ ᠠᠴᠠ ᠵᠥᠷᠢᠴᠡᠨ ᠲᠤᠰᠢᠶᠠᠯ ᠬᠠᠪᠰᠠᠷᠭᠠᠬᠤ ᠵᠡᠷᠭᠡ ᠨᠠᠶᠮᠠᠨ ᠲᠤᠪᠤᠢᠢᠮ᠎ᠠ ᠠᠰᠠᠭᠤᠳᠠᠯ ᠤᠳ ᠢ ᠲᠥᠪᠯᠡᠷᠡᠭᠦᠯᠦᠨ ᠵᠠᠰᠠᠵᠤ ᠴᠡᠭᠴᠡᠯᠡᠭᠰᠡᠨ ᠪᠠᠶᠢᠨ᠎ᠠ᠃ 《 ᠪᠦᠳᠦᠭᠦᠨ ᠨᠣᠶᠠᠨ 》 ᠤ ᠨᠡᠷᠡᠰ ᠦᠨ ᠳᠡᠪᠲᠡᠷ ᠪᠠᠶᠢᠭᠤᠯᠵᠤ᠂ ᠰᠢᠨ᠎ᠡ ᠪᠡᠷ ᠭᠠᠷᠤᠭᠰᠠᠨ 《 ᠭᠠᠭᠴᠠᠭᠠᠷ ᠦᠯᠡᠳᠡᠭᠰᠡᠨ ᠨᠣᠶᠠᠨ 》 ᠢ ᠴᠠᠭ ᠲᠤᠬᠠᠶ ᠳᠤᠨᠢ ᠳᠠᠩᠰᠠᠯᠠᠨ ᠳᠡᠭᠡᠭᠰᠢ ᠮᠡᠳᠡᠭᠳᠡᠨ᠂ 《 ᠭᠠᠭᠴᠠᠭᠠᠷ ᠦᠯᠡᠳᠡᠭᠰᠡᠨ ᠨᠣᠶᠠᠨ 》 ᠢ ᠪᠠᠶᠢᠩᠭᠤᠴᠢᠯᠠᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠯᠳᠦᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ 《 ᠬᠣᠭᠣᠰᠣᠨ ᠨᠡᠷ᠎ᠡ ᠪᠡᠷ ᠴᠠᠯᠢᠩ ᠠᠪᠲᠠᠭ 》 ᠬᠥᠮᠦᠨ ᠢ ᠠᠷᠢᠯᠭᠠᠨ ᠪᠤᠴᠠᠭᠠᠨ᠎ᠠ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠳ᠋ᠦ ᠬᠢᠨᠠᠯᠲᠠ ᠲᠠᠯᠪᠢᠵᠤ ᠴᠢᠩᠭᠠᠳᠬᠠᠨ᠎ᠠ᠂ ᠲᠣᠭᠣᠷᠢᠨ ᠪᠠᠶᠢᠴᠠᠭᠠᠬᠤ᠂ ᠬᠢᠨᠠᠨ ᠪᠤᠳᠤᠯᠳᠠ᠂  ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ ᠂ ᠬᠢᠨᠠᠵᠤ ᠪᠠᠶᠢᠴᠠᠭᠠᠬᠤ᠂ ᠬᠤᠪᠢ ᠬᠥᠮᠦᠨ ᠦ ᠬᠣᠯᠪᠣᠭᠳᠠᠯ ᠪᠦᠬᠦᠢ ᠤᠴᠢᠷ ᠶᠠᠪᠤᠳᠠᠯ ᠤᠨ ᠮᠡᠳᠡᠭᠦᠯᠦᠯᠲᠡ ᠶᠢ ᠰᠤᠭᠤᠴᠢᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠢ ᠨᠠᠷᠢᠨ ᠬᠢᠨᠠᠮᠠᠭᠠᠶ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃ 《12380 》 ᠢᠶᠠᠷ ᠬᠦᠯᠢᠶᠡᠨ ᠠᠪᠴᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ ᠂ ᠪᠠᠶᠢᠴᠠᠭᠠᠨ ᠲᠣᠳᠣᠯᠠᠭᠰᠠᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶ᠋ᠢ ᠴᠢᠩᠭ᠎ᠠ ᠰᠢᠶᠳᠪᠦᠷᠢᠯᠡᠬᠦ ᠬᠡᠷᠡᠭᠲᠡᠶ ᠃
    ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠦᠨ ᠶᠡᠬᠡ ᠬᠤᠷᠠᠯ᠂ ᠺᠠᠳ᠋ᠷ ᠠᠵᠢᠯᠳᠠᠨ ᠤ ᠶᠠᠪᠤᠳᠠᠯ ᠤᠨ ᠳᠦᠷᠢᠮ ᠦᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠳ᠋ᠤ᠂ ᠪᠠᠶᠢᠷᠢᠰᠢᠯ ᠨᠠᠷᠢᠨ ᠵᠢᠷᠤᠭ᠂ ᠴᠢᠭᠯᠡᠯ ᠨᠢ ᠲᠣᠳᠣᠷᠬᠠᠶ 《 ᠪᠠᠶᠢᠯᠳᠤᠬᠤ ᠪᠣᠳᠣᠯᠭ᠎ᠠ ᠶ᠋ᠢᠨ ᠵᠢᠷᠤᠭ 》 ᠢ ᠵᠢᠷᠤᠭᠯᠠᠭᠰᠠᠨ ᠪᠠᠶᠢᠨ᠎ᠠ᠃ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠰᠢ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠨᠢ ᠲᠥᠪ ᠬᠣᠷᠢᠶᠠᠨ ᠤ ᠵᠣᠷᠢᠭ ᠰᠠᠨᠠᠭᠠᠨ ᠤ ᠵᠢᠯᠤᠭᠤᠳᠤᠯᠭ᠎ᠠ ᠳᠣᠣᠷ᠎ᠠ᠂ 《ᠨᠠᠮ ᠤᠨ ᠪᠠᠶᠢᠭᠤᠯᠤᠯᠲᠠ ᠶᠢᠨ ᠲᠦᠷᠢᠮ ᠦᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠦᠯ 》 ᠢ ᠯᠠᠪᠯᠠᠨ ᠂ ᠺᠠᠳ᠋ᠷ ᠠᠵᠢᠯᠴᠢᠨ ᠢ ᠬᠠᠮᠢᠶᠠᠷᠬᠤ ᠲᠦᠷᠢᠮ ᠢ ᠥᠭᠡᠷᠡᠴᠢᠯᠡᠬᠦ ᠲᠠᠯ᠎ᠠ ᠪᠠᠷ ᠤᠯᠠᠮ ᠨᠢᠭᠡ ᠠᠯᠬᠤᠮ ᠬᠠᠶᠢᠨ ᠰᠦᠪᠡᠭᠴᠢᠯᠡᠯᠲᠡ ᠬᠢᠵᠠᠢ᠃ ᠨᠢᠭᠡ ᠳᠦ ᠂ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠪᠠ ᠬᠢᠨᠠᠨ ᠰᠢᠯᠭᠠᠵᠤ ᠦᠨᠡᠯᠡᠬᠦ ᠳᠦᠷᠢᠮ ᠦᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 《 ᠵᠥᠪᠬᠡᠨ ᠫᠢᠶᠣᠣ ᠪᠠᠷ ᠂ ᠬᠤᠪᠢ ᠪᠠᠷ ᠂ ᠵᠥᠪᠬᠡᠨ GDP ᠵᠢ ᠴᠢᠬᠤᠯᠠᠴᠢᠯᠠᠨ᠂ ᠨᠠᠰᠤ ᠵᠢᠯ  》 ᠬᠥᠮᠦᠨ ᠦ ᠠᠰᠠᠭᠤᠳᠠᠯ ᠪᠣᠯᠬᠣ ᠶ᠋ᠢ ᠰᠢᠢᠳᠪᠦᠷᠢᠯᠡᠭᠰᠡᠨ ᠪᠠᠶᠢᠨ᠎ᠠ᠃ ᠬᠣᠶᠠᠷ ᠲᠤ ᠂ ᠺᠠᠳ᠋ᠷ ᠤᠨ ᠡᠩᠨᠡᠭᠡ ᠶᠢ ᠴᠢᠩᠭ᠎ᠠ ᠬᠠᠮᠢᠶᠠᠷᠬᠤ ᠲᠦᠷᠢᠮ ᠦᠨ ᠰᠢᠰᠲ᠋ᠧᠮ ᠢ ᠲᠡᠭᠦᠯᠳᠡᠷᠵᠢᠭᠦᠯᠬᠦ ᠪᠡᠷ ᠭᠣᠣᠯᠳᠠᠯᠭ᠎ᠠ ᠪᠣᠯᠭᠠᠵᠤ ᠂ ᠺᠠᠳ᠋ᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠺᠠᠳ᠋ᠷ ᠤᠨ ᠲᠠᠪᠰᠢᠵᠤ ᠪᠠᠭᠤᠵᠤ ᠪᠦᠷ ᠪᠣᠯᠬᠤ ᠶ᠋ᠢ ᠲᠦᠯᠬᠢᠨ ᠠᠬᠢᠭᠤᠯᠵᠤ᠂ ᠺᠠᠳ᠋ᠷ ᠤᠨ ᠬᠠᠮᠢᠶᠠᠷᠤᠯᠲᠠ ᠶᠢᠨ ᠬᠡᠲᠦᠷᠬᠡᠶ ᠠᠭᠤᠴᠢᠯᠠᠵᠤ᠂ ᠬᠡᠲᠦᠷᠬᠡᠶ ᠵᠥᠭᠡᠯᠡᠨ ᠢᠶᠡᠷ ᠬᠠᠨᠳᠤᠬᠤ ᠠᠰᠠᠭᠤᠳᠠᠯ ᠢ ᠰᠢᠢᠳᠪᠦᠷᠢᠯᠡᠨ᠎ᠡ᠃ ᠭᠤᠷᠪᠠ ᠳᠤ᠂ ᠺᠠᠳ᠋ᠷᠴᠤᠳ ᠢ ᠤᠷᠮᠠᠰᠢᠭᠤᠯᠤᠨ ᠵᠣᠷᠢᠭᠵᠢᠭᠤᠯᠬᠤ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠥᠷᠭᠡᠨ ᠤᠯᠠᠨ ᠺᠠᠳ᠋ᠷ ᠤᠨ ᠢᠳᠡᠪᠬᠢᠵᠢᠯ ᠪᠠ ᠪᠦᠲᠦᠭᠡᠯᠴᠢ ᠴᠢᠨᠠᠷ ᠢ ᠳᠠᠶᠢᠴᠢᠯᠠᠵᠤ᠂ ᠠᠯᠪᠠᠲᠠᠨ ᠤ ᠲᠤᠰᠢᠶᠠᠯ ᠪᠣᠯᠤᠨ ᠲᠤᠰᠢᠶᠠᠯ ᠤᠨ ᠳᠡᠰ  ᠢ ᠬᠠᠷᠠᠭᠠᠯᠵᠠᠭᠤᠯᠬᠤ ᠳᠦᠷᠢᠮ  ᠢ  ᠬᠡᠷᠡᠭᠵᠢᠭᠦᠯᠬᠦ ᠶ᠋ᠢ ᠲᠦᠯᠬᠢᠨ ᠠᠬᠢᠭᠤᠯᠵᠤ᠂ ᠦᠶ ᠲᠦᠮᠡᠨ ᠬᠥᠮᠦᠨ ᠰᠢᠬᠠᠯᠳᠤᠨ ᠣᠷᠣᠯᠴᠠᠬᠤ ᠠᠰᠠᠭᠤᠳᠠᠯ ᠢ ᠰᠢᠢᠳᠪᠦᠷᠢᠯᠡᠨ᠎ᠡ᠃
    ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ 70 ᠵᠢᠯ ᠦᠨ ᠬᠥᠭᠵᠢᠯᠲᠡ ᠶᠢᠨ ᠠᠮᠵᠢᠯᠲᠠ᠂ ᠢᠯᠠᠩᠭᠤᠶ᠎ᠠ ᠰᠢᠨ᠎ᠡ ᠡᠷᠡᠨ ᠳᠤ ᠤᠷᠤᠭᠰᠠᠠ ᠠᠴᠠ ᠨᠠᠭᠠᠰᠢᠬᠢ ᠲᠠᠪᠠᠯᠳᠠᠳᠤ ᠮᠠᠶ᠋ᠢᠭ ᠤᠨ ᠬᠥᠭᠵᠢᠯᠲᠡ ᠨᠢ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠤᠳᠤᠷᠢᠳᠤᠯᠭ᠎ᠠ ᠶᠢᠨ ᠳᠣᠣᠷ᠎ᠠ ᠂ ᠨᠢᠭᠡᠨ ᠰᠠᠯᠠᠭ᠎ᠠ ᠨᠠᠮ ᠳᠠᠭᠠᠨ ᠦᠨᠡᠨᠴᠢ ᠰᠢᠳᠤᠷᠭᠤ᠂ ᠬᠤᠪᠢ ᠬᠥᠮᠦᠨ ᠤ ᠠᠷᠢᠭᠤᠨ ᠴᠢᠬᠡᠴᠢ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠨᠠᠰᠤ ᠵᠢᠯ ᠪᠠ ᠮᠡᠳᠡᠯᠭᠡ ᠶᠢᠨ ᠪᠦᠲᠦᠴᠡ ᠨᠢ ᠵᠦᠢ ᠵᠣᠬᠢᠰᠲᠠᠶ᠂ ᠶᠣᠰᠣ ᠮᠣᠷᠠᠯ ᠬᠢᠭᠡᠳ ᠠᠪᠢᠶᠠᠰ ᠴᠢᠳᠠᠪᠤᠷᠢ ᠵᠡᠷᠭᠡ ᠪᠡᠷ ᠬᠣᠣᠰᠯᠠᠭᠰᠠᠨ ᠨᠠᠮ ᠤᠨ ᠭᠡᠰᠢᠭᠦᠨ ᠺᠠᠳ᠋ᠷᠴᠤᠳ ᠤᠨ ᠡᠩᠨᠡᠭᠡ ᠪᠦᠷᠢᠯᠳᠦᠭᠰᠡᠨ ᠢ ᠲᠣᠳᠣᠷᠬᠠᠶᠢᠯᠠᠭᠰᠠᠨ ᠪᠥᠭᠡᠳ ᠡᠯ᠎ᠡ ᠵᠦᠢᠯ ᠦᠨ ᠥᠭᠡᠷᠡᠴᠢᠯᠡᠯᠲᠡ ᠪᠠ ᠪᠦᠳᠦᠭᠡᠠ ᠪᠠᠶᠢᠭᠤᠯᠤᠯᠲᠠ ᠶᠢᠨ ᠳᠤᠮᠳᠠ ᠣᠷᠣᠯᠠᠭᠤᠯᠵᠤ ᠪᠣᠯᠤᠰᠢ ᠦᠭᠡᠢ ᠦᠢᠯᠡᠳᠦᠯ ᠪᠠᠳᠠᠷᠠᠭᠤᠯᠵᠤ ᠪᠠᠶᠢᠨ᠎ᠠ  ᠃

ᠵᠣᠬᠢᠶᠠᠭᠴᠢ:
ᠢᠷᠡᠯᠲᠡ: