ᠥᠪᠥᠷ ᠮᠣᠩᠭᠣᠯ ᠤᠨ ᠨᠠᠮ ᠤᠨ ᠤᠳᠤᠷᠢᠳᠬᠤ ᠪᠠᠶᠢᠭᠤᠯᠤᠯᠭ᠎ᠠ ᠶ᠋ᠢᠨ ᠴᠤᠭᠴᠠᠯᠠᠯ
1946 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠨ ᠰᠢ ᠴᠠᠬᠠᠷ ᠾᠸᠪᠸᠢ ᠵᠢᠨ ᠲᠥᠪ ᠦᠨ ᠲᠤᠪᠴᠢᠶᠠᠨ ᠡᠴᠠ᠄ ᠥᠪᠥᠷ ᠮᠣᠩᠭᠣᠯ ᠤᠨ ᠠᠵᠢᠯ ᠢ ᠨᠢᠭᠡᠳᠦᠯᠲᠡᠶ ᠤᠳᠤᠷᠢᠳᠬᠤ ᠶᠢᠨ ᠬᠠᠮᠲᠤ ᠥᠪᠥᠷ ᠮᠣᠩᠭᠣᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠬᠦᠭᠵᠢᠬᠦᠯᠬᠦ ᠶ᠋ᠢᠨ ᠲᠦᠯᠦᠭᠡ ᠂ ᠥᠪᠥᠷ ᠮᠣᠩᠭᠣᠯ ᠤᠷᠤᠨ ᠨᠢ ᠡᠯ᠎ᠡ ᠠᠶᠢᠮᠠᠭ ᠲᠤ ᠠᠶᠢᠮᠠᠭ ᠤᠨ ᠤᠨ ᠨᠠᠮ ᠤᠨ ᠬᠤᠷᠢᠶ᠎ᠠ ᠪᠠᠶᠢᠭᠤᠯᠬᠤ᠂ ᠬᠣᠰᠢᠭᠤ ᠨᠢ ᠬᠤᠰᠢᠭᠤᠨ ᠤ ᠨᠠᠮ ᠤᠨ ᠬᠣᠷᠢᠶ᠎ᠠ ᠪᠠᠶᠢᠭᠤᠯᠬᠤ ᠵᠡᠭᠦᠨ ᠮᠣᠩᠭᠣᠯ ᠪᠣᠯᠤᠨ ᠪᠠᠷᠠᠭᠤᠨ ᠮᠣᠩᠭᠣᠯ ᠤᠨ ᠬᠡᠪᠴᠢᠶᠡᠨ ᠳᠣᠲᠣᠷ᠎ᠠ ᠠᠵᠢᠯᠯᠠᠬᠤ ᠬᠣᠷᠢᠶ᠎ᠠ ᠪᠠᠶᠢᠭᠤᠯᠵᠤ ᠪᠤᠯᠤᠨ᠎ᠠ ᠭᠡᠰᠡᠨ ᠪᠦᠭᠡᠳ ᠣᠷᠣᠨ ᠤ ᠨᠠᠮ ᠤᠨ ᠬᠣᠷᠢᠶ᠎ᠠ ᠨᠢ ᠱᠠᠨ ᠰᠢ ᠴᠠᠬᠠᠷ ᠡᠾᠸᠪᠸᠢ ᠢᠢᠨ ᠲᠥᠪ ᠲᠣᠪᠴᠢᠶᠠᠨ ᠤ ᠤᠳᠤᠷᠢᠳᠤᠯᠭ᠎ᠠ ᠶ᠋ᠢ ᠬᠦᠯᠢᠶᠡᠵᠦ ᠂ ᠵᠡᠭᠦᠨ ᠪᠠᠷᠠᠭᠤᠨ ᠠᠵᠢᠯᠯᠠᠬᠤ ᠬᠣᠷᠢᠶ᠎ᠠ ᠨᠢ ᠥᠪᠥᠷ ᠮᠣᠩᠭᠣᠯ ᠤᠨ ᠨᠠᠮ ᠤᠨ ᠬᠣᠷᠢᠶ᠎ᠠ ᠵᠢᠴᠢ ᠪᠤᠰᠤᠳ ᠬᠣᠯᠪᠣᠭᠳᠠᠯ ᠪᠦᠬᠦᠢ ᠭᠠᠵᠠᠷ ᠣᠷᠣᠨ ᠤ ᠨᠠᠮ ᠤᠨ ᠬᠣᠷᠢᠶᠠᠨ ᠤ ᠤᠳᠤᠷᠢᠳᠤᠯᠭ᠎ᠠ ᠶᠢ ᠬᠦᠯᠢᠶᠡᠨ᠎ᠡ ᠭᠡᠰᠡᠨ ᠪᠠᠶᠢᠨ᠎ᠠ᠃ ᠲᠥᠪ ᠬᠣᠷᠢᠶᠠᠨ ᠤ ᠵᠢᠭᠠᠪᠤᠷᠢ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠥᠷ ᠮᠣᠩᠭᠣᠯ ᠤᠨ ᠡᠯ᠎ᠡ ᠠᠶᠢᠮᠠᠭ ᠤᠷᠢᠳ ᠬᠣᠵᠢᠳ ᠨᠠᠮ ᠤᠨ ᠠᠵᠢᠯ ᠤᠨ ᠺᠣᠮᠢᠰ ᠪᠠᠶᠢᠭᠤᠯᠵᠦ᠂ ᠡᠯ᠎ᠡ ᠣᠷᠣᠨ ᠨᠤᠲᠤᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ ᠨᠠᠮ ᠤᠨ ᠪᠠᠶᠢᠭᠤᠯᠤᠯᠲᠠ ᠶᠢᠨ ᠠᠵᠢᠯ ᠢ ᠦᠷᠨᠢᠭᠦᠯᠦᠨ᠂ ᠨᠠᠮ ᠤᠨ ᠭᠡᠰᠢᠭᠦᠨ ᠦ ᠡᠩᠨᠡᠭᠡ ᠦᠳᠲᠡᠷ ᠲᠦᠷᠭᠡᠨ ᠪᠤᠵᠠᠭᠠᠶᠢᠷᠠᠵᠠᠢ ᠃
1947 ᠣᠨ ᠤ 3 ᠰᠠᠷ᠎ᠠ ᠳᠤ ᠂ ᠤᠯᠠᠭᠠᠨᠬᠦᠦ ᠨᠠᠮ ᠤᠨ ᠲᠥᠪ ᠬᠣᠷᠢᠶᠠᠨ ᠡᠴᠡ ᠵᠢᠭᠠᠪᠦᠷᠢ ᠠᠪᠴᠤ᠂ ᠨᠢᠭᠡᠳᠦᠯᠲᠡᠶ ᠥᠪᠥᠷ ᠮᠣᠩᠭᠣᠯ ᠤᠨ ᠨᠠᠮ ᠤᠨ ᠬᠣᠷᠢᠢ᠎ᠠ ᠪᠠᠶᠢᠭᠤᠯᠬᠤ ᠶ᠋ᠢ ᠰᠠᠨᠠᠭᠠᠴᠢᠯᠠᠵᠠᠢ᠃ ᠲᠥᠪ ᠬᠣᠷᠢᠶᠠᠨ ᠤ ᠵᠥᠪᠰᠢᠶᠡᠷᠡᠯ ᠢᠶᠡᠷ᠂ ᠵᠡᠭᠦᠨ ᠬᠣᠶᠢᠲᠤ ᠣᠷᠣᠨ ᠤ ᠲᠣᠪᠴᠢᠶ᠎ᠠ ᠨᠢ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠣᠷᠢᠶ᠎ᠠ ᠶᠢ ᠪᠠᠶᠢᠭᠤᠯᠬᠤ ᠪᠠᠷ ᠲᠣᠭᠲᠠᠪᠠ᠃ ᠦᠪᠦᠷ ᠮᠤᠩᠭᠤᠯ ᠤᠨ ᠠᠵᠢᠯᠯᠠᠬᠤ ᠬᠤᠷᠢᠶ᠎ᠠ ᠨᠢ ᠵᠡᠭᠦᠨ ᠬᠣᠶᠢᠲᠤ ᠣᠷᠣᠨ ᠤ ᠲᠣᠪᠴᠢᠶᠠᠨ ᠤ ᠤᠳᠤᠷᠢᠳᠤᠯᠭ᠎ᠠ ᠳ᠋ᠦ ᠬᠠᠷᠢᠶᠠᠯᠠᠭᠳᠠᠬᠤ ᠪᠥᠭᠡᠳ ᠪᠠᠷᠠᠭᠤᠨ ᠮᠠᠨᠵᠤ ᠶᠢᠨ ᠬᠤᠪᠢᠶᠠᠷᠢ ᠲᠣᠪᠴᠢᠶ᠎ᠠ ᠲᠠᠢ ᠠᠵᠢᠯ ᠲᠤᠬᠢᠷᠠᠯᠴᠠᠬᠤ ᠪᠠᠷ ᠪᠤᠯᠪᠠ᠃ 4 ᠰᠠᠷ᠎ᠠ ᠶᠢᠨ 23 ᠤ ᠡᠳᠦᠷ ᠂ ᠥᠪᠥᠷ ᠮᠣᠩᠭᠣᠯ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠨᠢ ᠸᠠᠩ ᠤᠨ ᠰᠦᠮ᠎ᠡ ᠳᠦ ᠬᠤᠷᠠᠯᠳᠤᠵᠤ᠂ ᠥᠪᠥᠷ ᠮᠣᠩᠭᠣᠯ ᠤᠨ ᠣᠯᠠᠩᠬᠢ ᠠᠶᠢᠮᠠᠭ ᠬᠣᠰᠢᠭᠤᠨ ᠤ ᠮᠣᠩᠭᠣᠯ᠂ ᠬᠢᠲᠠᠳ᠂ ᠮᠠᠨᠵᠤ᠂ ᠠᠩᠬᠢ᠂ ᠰᠣᠯᠣᠩᠭᠣᠰ ᠵᠡᠷᠭᠡ ᠣᠯᠠᠨ ᠦᠨᠳᠦᠰᠦᠲᠡᠨ ᠦ ᠲᠥᠯᠥᠭᠡᠯᠡᠭᠴᠢ ᠨᠡᠶᠢᠲᠡ 392 ᠬᠥᠮᠦᠨ᠂ (ᠡᠬᠢᠯᠡᠯᠲᠡ ᠶᠢᠨ ᠶᠣᠰᠣᠯᠠᠯ ᠳᠤ ᠤᠷᠤᠯᠴᠠᠭᠰᠠᠨ ᠲᠦᠯᠦᠭᠡᠯᠡᠭᠴᠢ 392 ᠬᠦᠮᠦᠨ᠂ ᠶᠡᠬᠡ ᠬᠤᠷᠠᠯ ᠤᠨ ᠰᠣᠩᠭᠣᠭᠤᠯᠢ ᠳᠤ ᠰᠠᠨᠠᠯ ᠥᠭᠭᠦᠭᠰᠡᠨ ᠲᠥᠯᠥᠭᠡᠯᠡᠭᠴᠢᠳ 393 ᠬᠥᠮᠦᠨ ) ᠡᠭᠦᠨ ᠳᠦ ᠮᠣᠩᠭᠣᠯ ᠦᠨᠳᠦᠰᠦᠲᠡᠨ ᠨᠢ 349 ᠬᠥᠮᠦᠨ᠂ ᠲᠥᠯᠥᠭᠡᠯᠡᠭᠴᠢᠳ ᠦᠨ ᠪᠦᠬᠦ ᠲᠣᠭᠠᠨ ᠤ 87.69 % ᠶ᠋ᠢ ᠡᠵᠡᠯᠡᠪᠡ᠃ 5 ᠰᠠᠷ᠎ᠠ ᠶᠢᠨ 26 ᠤ ᠡᠳᠦᠷ ᠂ ᠵᠡᠭᠦᠨ ᠬᠣᠶᠢᠲᠤ ᠣᠷᠣᠨ ᠤ ᠲᠤᠪᠴᠢᠶᠠᠨ ᠡᠴᠠ《 ᠶᠦᠨ ᠽᠸᠸ ( ᠤᠯᠠᠭᠠᠨᠬᠦᠦ ) ᠵᠡᠷᠭᠡ ᠶᠢᠰᠦᠨ ᠨᠥᠬᠥᠷ ᠢ ᠥᠪᠥᠷ ᠮᠣᠩᠭᠣᠯ ᠤᠨ ᠠᠵᠢᠯᠯᠠᠬᠤ ᠬᠣᠷᠢᠢ᠎ᠠ ᠶᠢᠨ ᠭᠡᠰᠢᠭᠦᠨ ᠪᠣᠯᠭᠠᠬᠤ ᠲᠣᠭᠲᠠᠭᠠᠯ 》 ᠢ ᠵᠠᠷᠯᠠᠪᠠ᠃ 5 ᠰᠠᠷ᠎ᠠ ᠶᠢᠨ 31 ᠦ ᠡᠳᠦᠷ᠂ ᠥᠪᠥᠷ ᠮᠣᠩᠭᠣᠯ ᠤᠨ ᠠᠵᠢᠯ ᠤᠨ ᠺᠣᠮᠢᠰ ᠵᠢᠩᠬᠢᠨᠢ ᠪᠡᠷ ᠪᠠᠶᠢᠭᠤᠯᠤᠭᠳᠠᠵᠠᠢ᠃ 6 ᠰᠠᠷ᠎ᠠ ᠶᠢᠨ 2 ᠋ᠤᠨ ᠡᠳᠦᠷ᠂ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠤᠷᠢᠶᠠᠨ ᠡᠴᠠ《 ᠨᠠᠮ ᠪᠠᠶᠢᠭᠤᠯᠬᠤ ᠲᠤᠬᠠᠶ ᠠᠰᠠᠭᠤᠳᠠᠯ ᠬᠢᠭᠡᠳ ᠨᠠᠮ ᠤᠨ ᠳᠣᠲᠣᠭᠠᠳᠤ ᠶᠢᠨ ᠪᠦᠯᠬᠦᠮᠳᠡᠯ ᠦᠨ ᠠᠰᠠᠭᠤᠳᠠᠯ ᠤᠨ ᠲᠤᠬᠠᠶ ᠰᠢᠶᠳᠪᠦᠷᠢ 》 ᠶ᠋ᠢ ᠨᠡᠶᠢᠲᠡᠯᠡᠵᠦ᠂ ᠵᠢᠭᠠᠵᠤ ᠭᠠᠷᠭᠠᠭᠰᠠᠨ ᠨᠢ᠄ 《 ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠣᠷᠢᠶ᠎ᠠ ᠨᠢᠭᠡᠨᠲᠡ ᠪᠠᠶᠢᠭᠤᠯᠤᠭᠳᠠᠪᠠ᠂ ᠡᠭᠦᠨ ᠡᠴᠡ ᠣᠨᠳᠣᠣ ᠶᠠᠮᠠᠷᠪᠠ ᠬᠠᠮᠢᠶ᠎ᠠ ᠪᠦᠬᠦᠢ ᠨᠠᠮ ᠢ ᠲᠠᠬᠢᠵᠦ ᠪᠠᠶᠢᠭᠤᠯᠬᠤ ᠦᠭᠡᠢ᠃ ᠪᠦᠬᠦ ᠨᠠᠮ ᠤᠨ ᠭᠡᠰᠢᠭᠦᠳ ᠨᠠᠮ ᠤᠨ ᠰᠢᠶᠳᠪᠦᠷᠢ ᠶᠢ ᠡᠷᠡᠰ ᠬᠡᠷᠡᠭᠵᠢᠭᠦᠯᠵᠦ᠂ ᠨᠠᠮ ᠤᠨ ᠳᠣᠲᠣᠭᠠᠳᠤ ᠶᠢᠨ ᠪᠦᠯᠬᠦᠮᠳᠡᠯ ᠢ ᠴᠢᠩᠭᠠᠳᠬᠠᠵᠤ᠂ ᠴᠢᠩᠭ᠎ᠠ ᠵᠣᠬᠢᠶᠠᠨ ᠪᠠᠶᠢᠭᠤᠯᠤᠯᠲᠠ᠂ ᠨᠠᠮ ᠤᠨ ᠳᠤᠲᠤᠭᠠᠳᠤ ᠳ᠋ᠤ ᠪᠦᠯᠬᠦᠮᠳᠡᠵᠦ᠂ ᠴᠢᠩᠭ᠎ᠠ ᠨᠢᠮᠪᠠᠢ ᠵᠤᠬᠢᠶᠠᠨ ᠪᠠᠶᠢᠭᠤᠯᠵᠤ᠂ ᠦᠵᠡᠯ ᠰᠠᠨᠠᠭ᠎ᠠ ᠪᠤᠯᠤᠨᠠᠯᠬᠤᠮ ᠢᠶᠠᠨ ᠨᠢᠭᠡᠳᠬᠡᠨ᠂ ᠠᠭᠤᠤ ᠶᠡᠬᠡ ᠮᠦᠷᠲᠡᠭᠡᠨ ᠬᠦᠴᠢᠷ ᠪᠡᠷᠬᠡᠰᠢᠶᠡᠯᠲᠡᠢ ᠬᠤᠪᠢᠰᠬᠠᠯᠲᠤ ᠲᠡᠮᠡᠴᠡᠯ ᠢ ᠤᠭᠲᠤᠬᠤ ᠬᠡᠷᠡᠭᠲᠡᠶ》 ᠭᠡᠪᠡ ᠃
1947 ᠣᠨ ᠤ 7 ᠰᠠᠷ᠎ᠠ ᠡᠳᠦᠷ᠂ ᠸᠠᠩ ᠤᠨ ᠰᠦᠮ᠎ᠡ ( ᠤᠳᠤ ᠶᠢᠨ ᠤᠯᠠᠭᠠᠨᠬᠣᠲᠠ ) ᠳᠤ ᠬᠤᠷᠠᠯᠳᠤᠭᠤᠯᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 26 ᠵᠢᠯ ᠦᠨ ᠤᠢ ᠶᠢ ᠪᠡᠯᠭᠡᠯᠡᠬᠦ ᠶᠡᠬᠡ ᠬᠤᠷᠠᠯ ᠳᠡᠭᠡᠷ᠎ᠡ᠂ ᠤᠯᠠᠭᠠᠨᠬᠦᠦ ᠶᠠᠷᠢᠶ᠎ᠠ ᠲᠠᠯᠪᠢᠵᠤ᠂ 《ᠡᠨᠡ ᠡᠳᠦᠷ ᠪᠣᠯ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠣᠷᠢᠶ᠎ᠠ ᠮᠡᠨᠳᠦᠯᠡᠭᠰᠡᠨ ᠡᠳᠦᠷ ᠮᠥᠨ》 ᠬᠡᠮᠡᠨ ᠲᠦᠪ ᠴᠢᠩᠭ᠎ᠠ ᠪᠠᠷ ᠵᠠᠷᠯᠠᠭᠰᠠᠨ ᠪᠠᠶᠢᠨ᠎ᠠ᠃ 7 ᠰᠠᠷ᠎ᠠ ᠶᠢᠨ 9 ᠦ ᠡᠳᠦᠷ᠂ ᠤᠯᠠᠭᠠᠨᠬᠦᠦ ᠤᠯᠠᠨ ᠲᠦᠮᠡᠨ ᠦ ᠶᠡᠬᠡ ᠬᠤᠷᠠᠯ ᠳᠡᠭᠡᠷ᠎ᠡ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠣᠷᠢᠶ᠎ᠠ ᠪᠠᠶᠢᠭᠤᠯᠤᠭᠳᠠᠵᠤ᠂ ᠲᠡᠭᠦᠨ ᠤ ᠵᠠᠬᠢᠷᠭᠠᠨ ᠳ᠋ᠤ ᠬᠠᠮᠢᠶᠠᠷᠤᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠳ᠋ᠤ ᠬᠥᠯᠥᠨ ᠪᠣᠶᠢᠷ᠂ ᠨᠤᠨ ᠮᠥᠷᠡᠨ᠂ ᠬᠢᠩᠭᠠᠨ ᠂ ᠵᠢᠷᠢᠮ ᠂ ᠵᠤᠦ ᠤᠳᠠ᠂ ᠵᠣᠰᠣᠲᠤ᠂ ᠰᠢᠯᠢ ᠶᠢᠨ ᠭᠣᠣᠯ᠂ ᠴᠠᠬᠠᠷ ᠵᠡᠷᠭᠡ ᠭᠠᠵᠠᠷ ᠣᠷᠣᠨ ᠤ ᠠᠶᠢᠮᠠᠭ ᠤᠨ ᠨᠠᠮ ᠤᠨ ᠬᠣᠷᠢᠶ᠎ᠠ ᠪᠣᠯᠤᠨ ᠠᠶᠢᠮᠠᠭ ᠤᠨ ᠠᠵᠢᠯ ᠤᠨ ᠬᠣᠷᠢᠶ᠎ᠠ ᠪᠠᠭᠲᠠᠨ᠎ᠠ ᠭᠡᠵᠦ ᠳᠠᠬᠢᠨ ᠨᠢᠭᠡ ᠤᠳᠠᠭ᠎ᠠ ᠢᠯᠡ ᠪᠡᠷ ᠨᠡᠶᠢᠲᠡᠯᠡᠵᠡᠢ᠃ ᠨᠠᠮ ᠤᠨ ᠲᠥᠪ ᠬᠣᠷᠢᠶᠠᠨ ᠤ ᠵᠡᠭᠦᠨ ᠬᠣᠶᠢᠲᠤ ᠣᠷᠣᠨ ᠤ ᠲᠤᠪᠴᠢᠶᠠᠨ ᠡᠴᠠ ᠤᠯᠠᠭᠠᠨᠬᠦᠦ ᠶᠢ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠣᠷᠢᠶᠠᠨ ᠤ ᠱᠦᠵᠢ᠂ ᠯᠢᠦ ᠴᠦᠨ ᠢ ᠳᠡᠳ᠋ ᠱᠦᠵᠢ᠂ ᠺᠦᠢ ᠪᠢ᠂ ᠸᠠᠩ ᠹᠸᠩ᠂ ᠸᠠᠩ ᠽᠠᠢ ᠲᠢᠶᠠᠨ᠂ ᠸᠠᠩ ᠢ ᠯᠦᠨ ᠢ ᠪᠠᠶᠢᠩᠭᠤ ᠶᠢᠨ ᠭᠡᠰᠢᠭᠦᠨ᠂ ᠺᠸ ᠯᠢ ᠭᠸᠩ᠂ ᠬᠠᠹᠦᠩᠭ᠎ᠠ᠂ ᠲᠡᠮᠦᠷᠪᠠᠭᠠᠨ᠎ᠠ ᠶ᠋ᠢ ᠭᠡᠰᠢᠭᠦᠨ᠂ ᠵᠠᠶᠠᠭᠠᠲᠠᠶ᠂ ᠠᠰᠬᠠᠨ ᠢᠣᠷᠣᠯᠠᠭᠴᠢ ᠭᠡᠰᠢᠬᠦᠨ᠂ ᠹᠠᠩ ᠾᠢᠳ᠋ᠡ᠂ ᠸᠠᠩ ᠽᠸ ᠶ᠋ᠢ ᠨᠠᠷᠢᠨ ᠪᠢᠴᠢᠭ ᠦᠨ ᠳᠠᠷᠤᠭ᠎ᠠ᠂ ᠯᠢᠦ ᠵᠢᠩ ᠫᠢᠩ ᠳᠡᠳ᠋ ᠨᠠᠷᠢᠨ ᠪᠢᠴᠢᠭ ᠦᠨ ᠳᠠᠷᠤᠭ᠎ᠠ ᠪᠡᠷ ᠲᠤᠮᠢᠯᠠᠵᠠᠢ᠃ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠣᠷᠢᠢ᠎ᠠ ᠪᠠᠶᠢᠭᠤᠯᠤᠭᠳᠠᠭᠰᠠᠨ ᠨᠢ ᠨᠠᠮ ᠤᠨ ᠥᠪᠥᠷ ᠮᠣᠩᠭᠣᠯ ᠣᠷᠣᠨ ᠤ ᠠᠵᠢᠯ ᠤᠨ ᠲᠤᠬᠠᠶ ᠤᠳᠤᠷᠢᠳᠤᠯᠭ᠎ᠠ ᠨᠢ ᠲᠠᠷᠠᠬᠠᠶ ᠪᠠᠶᠢᠭᠰᠠᠨ ᠠᠴᠠ ᠪᠠᠨ ᠲᠥᠪᠯᠡᠷᠡᠯ ᠨᠢᠭᠡᠳᠦᠯᠲᠡᠶ ᠤᠳᠤᠷᠢᠳᠤᠯᠭ᠎ᠠ ᠶᠠᠪᠤᠭᠤᠯᠬᠤ ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠵᠠᠢ ᠃ 1947 ᠣᠨ ᠤ 8 ᠰᠠᠷ᠎ᠠ ᠶᠢᠨ 7 ᠤ ᠡᠳᠦᠷ᠂ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠤᠷᠢᠶᠠᠨ ᠡᠴᠠ ᠥᠪᠥᠷ ᠮᠣᠩᠭᠣᠯ ᠤᠨ ᠴᠡᠷᠢᠭ ᠦᠨ ᠶᠠᠪᠤᠳᠠᠯ ᠤᠯᠤᠰ ᠲᠦᠷᠦ ᠶᠢᠨ ᠶᠡᠬᠡ ᠰᠤᠷᠭᠠᠭᠤᠯᠢ ᠪᠠᠶᠢᠭᠤᠯᠬᠤ ᠪᠠᠷ ᠲᠤᠭᠲᠠᠵᠤ᠂ ᠤᠯᠠᠭᠠᠨᠬᠦᠦ ᠰᠤᠷᠭᠠᠭᠤᠯᠢ ᠶᠢᠨ ᠵᠠᠬᠢᠷᠤᠯ᠂ ᠤᠯᠤᠰ ᠲᠦᠷᠦ ᠶ᠋ᠢᠨ ᠵᠦᠪᠯᠡᠯᠭᠡᠨ ᠦ ᠠᠵᠢᠯ ᠢ ᠬᠠᠪᠰᠤᠷᠭᠠᠨ ᠬᠠᠷᠢᠭᠤᠴᠠᠪᠠ᠃1948 ᠣᠨ ᠤ 11 ᠰᠠᠷ᠎ᠠ ᠶᠢᠨ 1 ᠦ ᠡᠳᠦᠷ᠂ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠺᠣᠮᠢᠰ ᠡᠴᠡ ᠥᠪᠥᠷ ᠮᠣᠩᠭᠣᠯ ᠤᠨ ᠨᠠᠮ ᠤᠨ ᠰᠤᠷᠭᠠᠭᠤᠯᠢ ᠡᠷᠬᠢᠯᠡᠬᠦ ᠪᠡᠷ ᠰᠢᠢᠳᠪᠡ᠃ 11 ᠰᠠᠷ᠎ᠠ ᠶᠢᠨ 7 ᠤ ᠡᠳᠦᠷ᠂ ᠥᠪᠥᠷ ᠮᠣᠩᠭᠣᠯ ᠤᠨ ᠨᠠᠮ ᠤᠨ ᠰᠤᠷᠭᠠᠭᠤᠯᠢ ᠶᠢᠨ ᠰᠤᠷᠭᠠᠭᠤᠯᠢ ᠨᠢ ᠤᠬᠠᠭᠠᠨ ᠬᠤᠳᠠ ᠳ᠋ᠤ ᠵᠢᠩᠬᠢᠨᠢ ᠪᠡᠷ ᠬᠢᠴᠢᠶᠡᠯ ᠡᠬᠢᠯᠡᠵᠦ᠂ ᠤᠯᠠᠭᠠᠨᠬᠦᠦ ᠰᠤᠷᠭᠠᠭᠤᠯᠢ ᠶᠢᠨ ᠳᠠᠷᠤᠭ᠎ᠠ ᠶ᠋ᠢᠨ ᠲᠤᠰᠢᠶᠠᠯ ᠢ ᠬᠠᠷᠢᠭᠤᠴᠠᠵᠠᠢ ᠃ ᠡᠲᠡᠭᠡᠷ ᠶᠡᠬᠡ ᠰᠤᠷᠭᠠᠭᠤᠯᠢ ᠦᠯᠡᠮᠵᠢ ᠤᠯᠠᠨ ᠺᠠᠳ᠋ᠷ᠂ ᠥᠪᠥᠷ ᠮᠣᠩᠭᠣᠯ ᠤᠨ ᠠᠷᠠᠳ ᠤᠨ ᠴᠢᠯᠥᠭᠡᠯᠡᠬᠦ ᠴᠡᠷᠢᠭ ᠠᠨᠭᠭᠢ ᠶᠢᠨ ᠳᠠᠷᠤᠭ᠎ᠠ ᠪᠠᠶᠢᠯᠳᠤᠭᠴᠢᠳ ᠪᠠ ᠵᠠᠯᠠᠭᠤ ᠰᠤᠷᠤᠭᠴᠢᠳ ᠢ ᠬᠦᠮᠦᠵᠢᠬᠦᠯᠵᠦ᠂ ᠲᠤᠬᠠᠶ ᠶᠢᠨ ᠦᠶ᠎ᠡ ᠶᠢᠨ ᠴᠡᠷᠢᠭ ᠦᠨ ᠶᠠᠪᠤᠳᠠᠯ ᠤᠨ ᠲᠡᠮᠡᠴᠡᠯ᠂ ᠣᠷᠣᠨ ᠨᠤᠲᠤᠭ ᠤᠨ ᠵᠠᠰᠠᠭ ᠤᠨ ᠡᠷᠬᠡ ᠶᠢᠨ ᠪᠠᠶᠢᠭᠤᠯᠤᠯᠲᠠ ᠪᠠ ᠠᠵᠤ ᠠᠬᠤᠶ ᠰᠣᠶᠣᠯ ᠤᠨ ᠦᠢᠯᠡᠰ ᠦᠨ ᠬᠥᠭᠵᠢᠯᠲᠡ ᠶᠢᠨ ᠳᠤᠮᠳᠠ ᠴᠢᠬᠤᠯᠠ ᠦᠢᠯᠡᠳᠦᠯ ᠢᠶᠡᠨ ᠪᠠᠳᠠᠷᠠᠭᠤᠯᠵᠠᠶ ᠃