ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠠᠢ ᠤᠳᠤᠷᠢᠳᠤᠯᠭ᠎ᠠ ᠶᠢ ᠴᠣᠭᠴᠠᠯᠠᠨ ᠪᠠᠶᠢᠭᠤᠯᠬᠤ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠤ ᠳᠠᠷᠠᠭ᠎ᠠ ᠂ ᠨᠠᠮ ᠤᠨ ᠲᠥᠪ ᠬᠣᠷᠢᠶᠠᠨ ᠤ ᠵᠥᠪᠰᠢᠶᠡᠷᠡᠯ ᠢᠶᠡᠷ ᠪᠠᠶᠢᠭᠤᠯᠤᠭᠳᠠᠭᠰᠠᠨ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠣᠷᠢᠶ᠎ᠠ ᠨᠢ ᠥᠪᠥᠷ ᠮᠣᠩᠭᠣᠯ ᠤᠨ ᠬᠤᠪᠢᠰᠬᠠᠯ ᠢ ᠤᠳᠤᠷᠢᠳᠬᠤ ᠭᠣᠣᠯ ᠬᠦᠴᠦᠨ ᠪᠤᠯᠵᠤ᠂ ᠥᠪᠥᠷ ᠮᠣᠩᠭᠣᠯ ᠤᠨ ᠬᠤᠪᠢᠰᠬᠠᠯ ᠢ ᠤᠳᠤᠷᠢᠳᠤᠨ ᠲᠤᠶᠢᠯᠪᠤᠷᠢᠲᠠᠶ ᠢᠯᠠᠯᠲᠠ ᠤᠯᠬᠤ᠂ ᠭᠣᠮᠢᠨᠳᠠᠩ ᠤᠨ ᠲᠡᠷᠰᠯᠡᠭᠦᠴᠦᠳ ᠢᠯᠠᠬᠤ ᠳ᠋ᠤ ᠬᠤᠪᠢ ᠨᠡᠮᠡᠷᠢ ᠦᠵᠡᠬᠦᠯᠦᠭᠰᠡᠨ ᠪᠦᠭᠡᠳ ᠥᠪᠥᠷ ᠮᠣᠩᠭᠣᠯ ᠤᠨ ᠨᠠᠮ ᠤᠨ ᠣᠷᠣᠨ ᠨᠤᠲᠤᠭ ᠤᠨ ᠬᠦᠴᠦᠨ ᠢ ᠲᠠᠰᠤᠷᠠᠯᠲᠠ ᠦᠭᠡᠢ ᠬᠦᠭᠵᠢᠬᠦᠯᠦᠨ᠂ ᠶᠡᠬᠡ ᠬᠦᠴᠦᠨ ᠢᠶ᠋ᠡᠷ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶ᠋ᠢ ᠬᠦᠭᠵᠢᠬᠦᠯᠵᠡᠢ᠃ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠬᠤ ᠠᠴᠠ ᠡᠮᠦᠨ᠎ᠡ᠂ ᠥᠪᠥᠷ ᠮᠣᠩᠭᠣᠯ ᠣᠷᠣᠨ ᠤ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠬᠥᠭᠵᠢᠭᠡᠳ 2100 ᠨᠠᠮ ᠤᠨ ᠭᠡᠰᠢᠭᠦᠨ ᠲᠠᠢ ᠶᠡᠷᠦᠩᠬᠡᠶ ᠲᠣᠭ᠎ᠠ ᠨᠢ 27130 ᠬᠥᠮᠦᠨ ᠲᠠᠢ ᠪᠤᠯᠵᠤ᠂ ᠥᠪᠥᠷ ᠮᠣᠩᠭᠣᠯ ᠤᠨ ᠭᠠᠵᠠᠷ ᠣᠷᠣᠨ ᠤ ᠨᠢᠭᠡᠳᠦᠯᠲᠡᠶ ᠨᠠᠮ ᠤᠨ ᠵᠣᠬᠢᠶᠠᠨ ᠪᠠᠶᠢᠭᠤᠯᠤᠯᠲᠠ ᠶ᠋ᠢ ᠨᠥᠬᠥᠴᠡᠯ ᠨᠢᠭᠡᠨᠲᠡ ᠪᠦᠷᠢᠯᠳᠦᠪᠡ᠃ ᠨᠠᠮ ᠤᠨ ᠵᠣᠬᠢᠶᠠᠨ ᠪᠠᠶᠢᠭᠤᠯᠤᠯᠲᠠ ᠶ᠋ᠢᠨ ᠪᠠᠶᠢᠷᠢᠯᠠᠭᠤᠯᠤᠯᠲᠠ ᠡᠴᠠ ᠠᠪᠴᠤ ᠦᠵᠡᠪᠡᠯ᠂ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠤᠯᠤᠭᠳᠠᠭᠰᠠᠨ ᠡᠬᠢᠨ ᠦ ᠦᠶ᠎ᠡ ᠳᠦ᠂ ᠵᠡᠭᠦᠨ ᠪᠠᠷᠠᠭᠤᠨ ᠮᠣᠩᠭᠣᠯ ᠬᠠᠷᠠᠬᠠᠨ ᠨᠢᠭᠡᠳᠦᠭᠡ ᠦᠭᠡᠢ ᠪᠠᠶᠢᠭᠰᠠᠨ ᠡᠴᠡ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭᠠᠬᠢ ᠲᠦᠷᠦᠭᠦᠦ ᠲᠤᠯᠦᠭᠠᠠ ᠵᠢᠯ ᠳ᠋ᠤ᠂ ᠥᠪᠥᠷ ᠮᠣᠩᠭᠣᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠨᠢ ᠠᠯᠢ ᠤᠯᠠᠨ ᠬᠤᠪᠢᠰᠤᠯᠲᠠ ᠶ᠋ᠢ ᠦᠩᠭᠡᠷᠡᠬᠦᠯᠵᠠᠢ᠃ 1949 ᠣᠨ ᠤ 12 ᠰᠠᠷ᠎ᠠ ᠳᠤ᠂ ᠲᠥᠪ ᠬᠣᠷᠢᠶᠠᠨ ᠡᠴᠠ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠣᠷᠢᠶ᠎ᠠ ᠶ᠋ᠢ ᠬᠦᠴᠦᠨ ᠦᠭᠡᠢ ᠪᠣᠯᠭᠠᠬᠤ ᠪᠠᠷ ᠲᠤᠭᠲᠠᠵᠤ᠂ ᠨᠠᠮ ᠤᠨ ᠲᠥᠪ ᠬᠣᠷᠢᠶᠠᠨ ᠤ ᠥᠪᠥᠷ ᠮᠣᠩᠭᠣᠯ ᠤᠨ ᠬᠤᠪᠢᠶᠠᠷᠢ ᠲᠣᠪᠴᠢᠶ᠎ᠠ ᠪᠠᠶᠢᠭᠤᠯᠵᠤ᠂ ᠨᠠᠮ ᠤᠨ ᠲᠥᠪ ᠬᠣᠷᠢᠶᠠᠨ ᠤ ᠤᠮᠠᠷᠠᠲᠤ ᠣᠷᠣᠨ ᠤ ᠲᠤᠪᠴᠢᠶᠠᠨ ᠳ᠋ᠤ ᠬᠠᠷᠢᠶᠠᠯᠠᠭᠤᠯᠵᠤ᠂ ᠬᠤᠪᠢᠶᠠᠷᠢ ᠲᠤᠪᠴᠢᠶᠠᠨ ᠤ ᠰᠠᠭᠤᠷᠢᠨ ᠭᠠᠵᠠᠷ ᠨᠢ ᠤᠯᠠᠭᠠᠨᠬᠤᠲᠠ ᠡᠴᠡ ᠴᠢᠭᠤᠯᠤᠯᠲᠤ ᠬᠠᠭᠠᠯᠭ᠎ᠠ ᠤᠷᠤᠭᠤ ᠨᠡᠭᠦᠭᠰᠡᠨ ᠪᠠᠶᠢᠨ᠎ᠠ᠃ ᠡᠭᠦᠨ ᠦ ᠬᠠᠮᠲᠤ᠂ ᠲᠥᠪ ᠡᠴᠡ ᠥᠪᠥᠷ ᠮᠣᠩᠭᠣᠯ ᠤᠨ ᠵᠡᠭᠦᠨ ᠣᠷᠣᠨ ᠤ ᠬᠣᠷᠢᠶ᠎ᠠ ᠪᠠᠶᠢᠭᠤᠯᠬᠤ ᠶ᠋ᠢ ᠵᠦᠪᠰᠢᠶᠡᠷᠡᠪᠡ᠃ ᠵᠡᠭᠦᠨ ᠣᠷᠣᠨ ᠤ ᠨᠠᠮ ᠤᠨ ᠬᠣᠷᠢᠶ᠎ᠠ ᠨᠢ ᠥᠪᠥᠷ ᠮᠣᠩᠭᠣᠯ ᠤᠨ ᠬᠤᠪᠢᠶᠠᠷᠢ ᠲᠤᠪᠴᠢᠶᠠᠨ ᠳ᠋ᠤ ᠬᠠᠷᠢᠶᠠᠯᠠᠭᠳᠠᠵᠤ᠂ ᠥᠪᠥᠷ ᠮᠣᠩᠭᠣᠯ ᠤᠨ ᠬᠤᠪᠢᠶᠠᠷᠢ ᠲᠣᠪᠴᠢᠶ᠎ᠠ ᠪᠣᠯᠤᠨ ᠤᠮᠠᠷᠠᠲᠤ ᠣᠷᠣᠨ ᠤ ᠲᠣᠪᠴᠢᠶ᠎ᠠ ᠶᠢᠨ ᠳᠠᠪᠬᠤᠷ ᠤᠳᠤᠷᠢᠳᠤᠯᠭ᠎ᠠ ᠳᠤᠤᠷ᠎ᠠ ᠬᠠᠮᠢᠶᠤᠷᠤᠭᠳᠠᠨᠠ᠃ ᠲᠡᠭᠦᠨ ᠦ ᠭᠣᠣᠯ ᠡᠭᠦᠷᠭᠡ ᠪᠣᠯ ᠵᠢᠷᠢᠮ ᠠᠶᠢᠮᠠᠭ᠂ ᠵᠣᠣ ᠤᠳᠠ ᠠᠶᠢᠮᠠᠭ ᠤᠨ ᠠᠵᠢᠯ ᠢ ᠤᠳᠤᠷᠢᠳᠬᠤ ᠶᠠᠪᠤᠳᠠᠯ ᠪᠤᠯᠤᠨ᠎ᠠ᠃ ᠪᠣᠳᠠᠲᠠᠶ ᠠᠵᠢᠯ ᠤᠨ ᠬᠡᠷᠡᠭᠴᠡᠭᠡ ᠶᠢ ᠦᠨᠳᠦᠰᠦᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠳ᠋ᠤ ᠨᠡᠶᠢᠯᠡᠯᠲᠡ ᠬᠢᠬᠦ ᠨᠢ ᠥᠪᠥᠷ ᠮᠣᠩᠭᠣᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠲᠦᠷᠢᠮ ᠦᠨ ᠪᠠᠶᠢᠭᠤᠯᠤᠯᠲᠠ ᠶᠢᠨ ᠴᠢᠬᠤᠯᠠ ᠨᠢᠭᠡᠨ ᠣᠨᠴᠠᠯᠢᠭ ᠪᠣᠯᠬᠤ ᠶᠤᠮ᠃ 1952 ᠣᠨ ᠤ 8 ᠰᠠᠷ᠎ᠠ ᠳᠤ᠂ ᠥᠪᠥᠷ ᠮᠣᠩᠭᠣᠯ ᠪᠠ ᠰᠦᠢᠶᠤᠸᠠᠨ ᠤ ᠠᠵᠢᠯ ᠤᠨ ᠲᠤᠬᠠᠶ ᠤᠳᠤᠷᠢᠳᠤᠯᠭ᠎ᠠ ᠪᠠᠨ ᠴᠢᠩᠭᠠᠳᠬᠠᠬᠤ ᠶᠢᠨ ᠲᠥᠯᠥᠭᠡ᠂ ᠲᠥᠪ ᠬᠣᠷᠢᠶ᠎ᠠ ᠠᠴᠠ ᠤᠮᠠᠷᠠᠲᠤ ᠣᠷᠣᠨ ᠤ ᠲᠣᠪᠴᠢᠶ᠎ᠠ ᠳ᠋ᠤ ᠬᠢᠭᠰᠡᠨ ᠲᠤᠭᠲᠠᠭᠠᠯ ᠳ᠋ᠤ᠄ ᠥᠪᠥᠷ ᠮᠣᠩᠭᠣᠯ ᠤᠨ ᠬᠤᠪᠢᠶᠠᠷᠢ ᠲᠣᠪᠴᠢᠶ᠎ᠠ ᠪᠤᠯᠤᠨ ᠰᠦᠢᠶᠤᠸᠠᠨ ᠮᠤᠵᠢ ᠶᠢ ᠨᠡᠶᠢᠯᠡᠭᠦᠯᠦᠨ ᠰᠦᠢᠶᠤᠸᠠᠨ ᠮᠤᠵᠢ ᠶᠢᠨ ᠨᠠᠮ ᠤᠨ ᠬᠤᠷᠢᠶᠠᠨ ᠤ ᠳᠦᠷᠢᠮ ᠦᠨ ᠪᠠᠶᠢᠭᠤᠯᠤᠮᠵᠢ ᠶ᠋ᠢ ᠤᠭᠴᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠤ ᠬᠤᠪᠢᠶᠠᠷᠢ ᠲᠣᠪᠴᠢᠶ᠎ᠠ ᠭᠡᠵᠦ ᠥᠭᠡᠷᠡᠴᠢᠯᠡᠵᠡᠶ ᠃
ᠨᠡᠶᠢᠭᠡᠮ ᠵᠢᠷᠤᠮ ᠤᠨ ᠥᠭᠡᠷᠡᠴᠢᠯᠡᠯᠲᠡ ᠶᠢᠨ ᠬᠤᠭᠤᠴᠠᠭᠠᠨ ᠳᠤ᠂ ᠨᠠᠮ ᠤᠨ ᠰᠢᠯᠵᠢᠯᠲᠡ ᠶᠢᠨ ᠦᠶ᠎ᠡ ᠶᠢᠨ ᠶᠡᠷᠦᠩᠬᠡᠶ ᠱᠤᠭᠤᠮ ᠤᠨ ᠱᠠᠭᠠᠷᠳᠠᠯᠭ᠎ᠠ ᠶᠣᠰᠣᠭᠠᠷ᠂ ᠨᠠᠮ ᠤᠨ ᠦᠨᠳᠦᠰᠦᠲᠡᠨ ᠦ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠨᠠᠷᠢᠯᠢᠭ ᠲᠤᠤᠱᠠᠯᠠᠭᠤᠯᠬᠤ ᠶ᠋ᠢᠨ ᠲᠤᠰᠠᠳᠠ᠂ ᠡᠬᠡ ᠤᠯᠤᠰ ᠤᠨ ᠨᠢᠭᠡᠳᠦᠯ ᠪᠣᠯᠤᠨ ᠦᠨᠳᠦᠰᠦᠲᠡᠨ ᠦ ᠪᠦᠯᠬᠦᠮᠳᠡᠯ ᠢ ᠪᠡᠬᠢᠵᠢᠬᠦᠯᠵᠦ᠂ ᠨᠢᠭᠡᠳᠦᠭᠰᠡᠨ ᠡᠬᠡ ᠤᠯᠤᠰ ᠤᠨ ᠶᠡᠬᠡ ᠭᠡᠷ ᠪᠦᠯᠢ ᠳᠦ ᠡᠯ᠎ᠡ ᠦᠨᠳᠦᠰᠦᠲᠡᠨ ᠠᠯᠢᠪᠠ ᠡᠷᠬᠡ ᠠᠰᠢᠭ ᠤᠨ ᠲᠠᠯ᠎ᠠ ᠪᠠᠷ ᠡᠷᠬᠡ ᠲᠡᠭᠰᠢ ᠪᠠᠶᠢᠬᠤ ᠂ ᠦᠨᠳᠦᠰᠦᠲᠡᠨ ᠦ ᠣᠷᠣᠨ ᠤ ᠥᠪᠡᠷᠲᠡᠭᠡᠨ ᠵᠠᠰᠠᠬᠤ ᠶᠢ ᠬᠡᠷᠡᠷᠭᠵᠢᠬᠦᠯᠦᠨ᠂ ᠲᠡᠦᠬᠡᠨ ᠡᠴᠡ ᠦᠯᠡᠳᠡᠭᠳᠡᠵᠦ ᠢᠷᠡᠭᠰᠡᠨ ᠡᠯ᠎ᠡ ᠦᠨᠳᠦᠰᠦᠲᠡᠨ ᠦ ᠡᠷᠬᠡ ᠲᠡᠭᠰᠢ ᠪᠤᠰᠤ ᠪᠠᠶᠢᠳᠠᠯ ᠢ ᠤᠰᠠᠳᠬᠠᠬᠤ ᠶ᠋ᠢᠨ ᠲᠦᠯᠦᠭᠡ᠂ ᠤᠮᠠᠷᠠᠲᠤ ᠣᠷᠣᠨ ᠤ ᠲᠣᠪᠴᠢᠶᠠᠨ ᠡᠴᠡ ᠳᠤᠷᠠᠳᠤᠭᠰᠠᠨ ᠰᠠᠨᠠᠯ ᠵᠥᠪᠯᠡᠯᠭᠡ ᠢᠶᠠᠷ᠂ ᠨᠠᠮ ᠤᠨ ᠲᠥᠪ ᠬᠣᠷᠢᠶᠠᠨ ᠤ ᠵᠦᠪᠰᠢᠶᠡᠷᠡᠯ ᠢᠶ᠋ᠡᠷ᠂ ᠰᠦᠶᠶᠤᠸᠠᠨ ᠮᠤᠵᠢ ᠶᠢᠨ ᠡᠯ᠎ᠡ ᠡᠲᠡᠭᠡᠳ ᠦᠨ ᠠᠷᠠᠳ ᠤᠨ ᠲᠥᠯᠥᠭᠡᠯᠡᠭᠴᠢᠳ ᠦᠨ ᠬᠤᠷᠠᠯ ᠡᠴᠡ 1954 ᠣᠨ ᠤ 3 ᠰᠠᠷ᠎ᠠ ᠳᠤ ᠲᠣᠭᠲᠠᠭᠠᠯ ᠭᠠᠷᠭᠠᠵᠤ ᠂ ᠰᠦᠢᠶᠤᠸᠠᠨ ᠮᠤᠵᠢ ᠪᠤᠯᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠡᠶᠢᠯᠡᠭᠦᠯᠵᠦ᠂ ᠰᠦᠢᠶᠤᠸᠠᠨ ᠮᠤᠵᠢ ᠶᠢᠨ ᠪᠠᠶᠢᠭᠤᠯᠤᠮᠵᠢ ᠶᠢᠨ ᠲᠦᠷᠢᠮ ᠢ ᠬᠦᠴᠦᠨ ᠦᠭᠡᠢ ᠪᠣᠯᠭᠠᠵᠤ᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠤ ᠬᠤᠪᠢᠶᠠᠷᠢ ᠲᠣᠪᠴᠢᠶ᠎ᠠ 》 ᠶᠢ ᠨᠢ 《 ᠨᠠᠮ ᠤᠨ ᠲᠥᠪ ᠬᠣᠷᠢᠶᠠᠨ ᠤ ᠥᠪᠥᠷ ᠮᠣᠩᠭᠣᠯ ᠤᠨ ᠬᠤᠪᠢᠶᠠᠷᠢ ᠲᠣᠪᠴᠢᠶ᠎ᠠ 》 ᠬᠡᠮᠡᠨ ᠬᠠᠯᠠᠬᠤ ᠪᠠᠷ ᠶᠠᠷᠢᠯᠴᠠᠨ ᠪᠠᠲᠤᠯᠠᠵᠠᠢ᠃ 1955 ᠣᠨ ᠤ 7 ᠰᠠᠷ᠎ᠠ ᠶᠢᠨ 1 ᠦ ᠡᠳᠦᠷ᠂ ᠨᠠᠮ ᠤᠨ ᠲᠥᠪ ᠬᠣᠷᠢᠶᠠᠨ ᠤ ᠵᠥᠪᠰᠢᠶᠡᠷᠡᠯ ᠢᠶᠡᠷ᠂ ᠥᠪᠥᠷ ᠮᠣᠩᠭᠣᠯ ᠤᠨ ᠬᠤᠪᠢᠶᠠᠷᠢ ᠲᠣᠪᠴᠢᠶ᠎ᠠ ᠶ᠋ᠢ ᠬᠦᠴᠦᠨ ᠦᠭᠡᠢ ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶ᠎ᠠ ᠶ᠋ᠢ ᠦᠭᠡᠷᠡᠴᠢᠯᠡᠨ ᠪᠠᠶᠢᠭᠤᠯᠵᠠᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠪᠦᠳᠤᠭᠡᠨ ᠪᠠᠶᠢᠭᠤᠯᠤᠯᠲᠠ ᠶᠢᠨ ᠬᠡᠷᠡᠭᠴᠡᠭᠡ ᠡᠴᠠ ᠪᠤᠯᠵᠤ᠂ ᠨᠠᠮ ᠤᠨ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠳ᠋ᠠᠬᠢ ᠤᠳᠤᠷᠢᠳᠤᠯᠭ᠎ᠠ ᠶ᠋ᠢ ᠴᠢᠩᠭᠠᠳᠬᠠᠵᠤ᠂ ᠤᠳᠤᠷᠢᠳᠬᠤ ᠳᠠᠪᠬᠤᠷᠭ᠎ᠠ ᠶᠢ ᠪᠠᠭᠠᠰᠬᠠᠵᠤ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠳᠤᠮᠳᠠᠬᠢ ᠴᠢᠬᠤᠯᠠ ᠶᠡᠬᠡ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠶ᠋ᠢᠨ ᠲᠦᠯᠦᠭᠡ᠂ ᠨᠠᠮ ᠤᠨ ᠲᠥᠪ ᠬᠣᠷᠢᠶᠠᠨ ᠤ ᠵᠥᠪᠰᠢᠶᠡᠷᠡᠯ ᠢᠶᠡᠷ᠂ 1955 ᠣᠨ ᠤ 11 ᠰᠠᠷ᠎ᠠ ᠶᠢᠨ 15 ᠤ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠡᠴᠠ ᠵᠡᠭᠦᠨ ᠬᠡᠰᠡᠭ ᠦᠨ ᠭᠠᠵᠠᠷ ᠣᠷᠣᠨ ᠋ᠦ ᠨᠠᠮ ᠋ ᠦᠨ ᠬᠣᠷᠢᠢ᠎ᠠ ᠶ᠋ᠢ ᠬᠦᠴᠦᠨ ᠦᠭᠡᠢ ᠪᠤᠯᠭᠠᠬᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠣᠶᠢᠷ ᠠᠶᠢᠮᠠᠭ ᠺᠣᠮᠢᠰ ᠢ ᠪᠠᠶᠢᠭᠤᠯᠵᠠᠢ᠃ ᠵᠡᠭᠦᠨ ᠣᠷᠣᠨ ᠤ ᠨᠠᠮ ᠤᠨ ᠬᠣᠷᠢᠶ᠎ᠠ ᠶ᠋ᠢ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠤᠤᠯ ᠤᠨ ᠵᠡᠭᠦᠨ ᠣᠷᠣᠨ ᠤ ᠨᠠᠮ ᠤᠨ ᠬᠣᠷᠢᠶ᠎ᠠ ᠶ᠋ᠢᠨ ᠤᠳᠤᠷᠢᠳᠤᠭᠰᠠᠨ ᠵᠤᠤ ᠤᠳᠠ ᠠᠶᠢᠮᠠᠭ ᠤᠨ ᠵᠥᠪᠯᠡᠯ᠂ ᠵᠢᠷᠢᠮ ᠠᠶᠢᠮᠠᠭ ᠤᠨ ᠠᠶᠢᠮᠠᠭ ᠤᠨ ᠨᠠᠮ ᠤᠨ ᠬᠣᠷᠢᠶ᠎ᠠ ᠵᠢᠴᠢ ᠰᠢᠨ᠎ᠡ ᠪᠡᠷ ᠪᠠᠶᠢᠭᠤᠯᠤᠭᠳᠠᠭᠰᠠᠨ ᠬᠥᠯᠥᠨ ᠪᠤᠢᠢᠷ ᠠᠶᠢᠮᠠᠭ ᠤᠨ ᠨᠠᠮ ᠤᠨ ᠬᠣᠷᠢᠶᠠᠨ ᠤ ᠨᠠᠮ ᠤᠨ ᠬᠣᠷᠢᠶᠠᠨ ᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠢᠭᠤᠳ ᠤᠳᠤᠷᠢᠳᠤᠯᠭ᠎ᠠ ᠶᠢ ᠬᠦᠯᠢᠶᠡᠬᠦ ᠪᠣᠯᠤᠨ᠎ᠠ᠃ 1956 ᠣᠨ ᠤ 6 ᠰᠠᠷ᠎ᠠ ᠳᠤ᠂ ᠭᠠᠨᠰᠦ ᠮᠤᠵᠢ ᠳ᠋ᠦ ᠬᠠᠷᠢᠶᠠᠯᠠᠭᠳᠠᠵᠤ ᠪᠠᠶᠢᠭᠰᠠᠨ ᠪᠠᠶᠠᠨᠬᠤᠲᠠ ᠮᠣᠩᠭᠣᠯ ᠦᠨᠳᠦᠰᠦᠲᠡᠨ ᠦ ᠥᠪᠡᠷᠲᠡᠭᠡᠨ ᠵᠠᠰᠠᠬᠤ ᠵᠧᠸ ᠨᠢ ᠦᠪᠡᠷᠲᠡᠭᠡᠨ ᠵᠠᠰᠠᠬᠤ ᠤᠷᠤᠨ ᠳ᠋ᠤ ᠬᠠᠷᠢᠶᠠᠯᠠᠭᠳᠠᠭᠰᠠᠨ ᠤ ᠳᠠᠷᠠᠭ᠎ᠠ᠂ ᠬᠤᠵᠢᠮ ᠨᠢ ᠪᠠᠶᠠᠨᠨᠠᠭᠤᠷ ᠠᠶᠢᠮᠠᠭ ᠬᠡᠮᠡᠨ ᠦᠭᠡᠷᠡᠴᠢᠯᠡᠵᠦ᠂ ᠳᠠᠷᠠᠭ᠎ᠠ ᠨᠢ ᠦᠪᠦᠷ ᠮᠤᠩᠭᠤᠯ ᠤᠨ ᠦᠪᠡᠷᠲᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠡᠴᠠ ᠪᠠᠶᠠᠨᠨᠠᠭᠤᠷ ᠠᠶᠢᠮᠠᠭ ᠤᠨ ᠨᠠᠮ ᠤᠨ ᠬᠣᠷᠢᠶ᠎ᠠ ᠪᠠᠶᠢᠭᠤᠯᠬᠤ ᠪᠠᠷ ᠲᠤᠭᠲᠠᠵᠤ ᠲᠡᠷᠡ ᠨᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠨᠠᠮ ᠤᠨ ᠬᠣᠷᠢᠶᠠᠨ ᠤ ᠰᠢᠭᠤᠳ ᠤᠳᠤᠷᠢᠳᠤᠯᠭ᠎ᠠ ᠶᠢ ᠬᠦᠯᠢᠶᠡᠬᠦ ᠪᠣᠯᠤᠨ᠎ᠠ᠃ ᠰᠢᠨ᠎ᠡ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠤᠯᠬᠤ ᠠᠴᠠ ᠡᠮᠦᠨ᠎ᠡ᠂ ᠨᠠᠮ ᠤᠨ ᠳᠣᠯᠣᠳᠤᠭᠠᠷ ᠬᠤᠭᠤᠴᠠᠭᠠᠨ ᠤ ᠲᠥᠪ ᠬᠣᠷᠢᠶᠠᠨ ᠤ ᠬᠣᠶᠠᠳᠤᠭᠠᠷ ᠪᠥᠬᠥᠳᠡ ᠬᠤᠷᠠᠯ ᠳᠡᠭᠡᠷ᠎ᠡ ᠳᠤᠮᠳᠠᠳᠤ ᠤᠯᠤᠰ ᠤᠨ ᠡᠪ ᠬᠠᠮᠲᠤ ᠨᠠᠮ ᠡᠴᠡ 《 ᠥᠪᠥᠷ ᠮᠣᠩᠭᠣᠯ ᠤᠨ ᠲᠡᠦᠬᠡ ᠶᠢᠨ ᠤᠤᠯ ᠤᠨ ᠳᠦᠷᠰᠦ ᠪᠠᠶᠢᠳᠠᠯ 》 ᠢ ᠠᠯᠬᠤᠮ ᠠᠯᠬᠤᠮ ᠢᠶᠠᠷ ᠰᠡᠷᠭᠦᠭᠡᠬᠦ᠂ ᠥᠭᠡᠷ᠎ᠡ ᠪᠡᠷ ᠬᠡᠯᠡᠪᠡᠯ ᠷᠧᡁᠧ᠂ ᠴᠠᠬᠠᠷ ᠪᠠ ᠰᠦᠢᠶᠤᠸᠠᠨ ᠭᠤᠷᠪᠠᠨ ᠮᠤᠵᠢ ᠶ᠋ᠢ ᠦᠭᠡᠶᠢᠰᠬᠡᠵᠦ᠂ ᠥᠪᠥᠷ ᠮᠣᠩᠭᠣᠯ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠨᠢᠭᠡᠳᠬᠡᠵᠦ᠂ ᠥᠪᠥᠷ ᠮᠣᠩᠭᠣᠯ ᠤᠨ ᠵᠡᠭᠦᠨ᠂ ᠪᠠᠷᠠᠭᠤᠨ ᠬᠣᠶᠠᠷ ᠬᠡᠰᠡᠭ ᠤᠷᠲᠤ ᠬᠤᠭᠤᠴᠠᠭ᠎ᠠ ᠪᠠᠷ ᠬᠡᠰᠡᠭᠯᠡᠭᠳᠡᠭᠰᠡᠨ ᠪᠠᠶᠢᠳᠠᠯ ᠢ ᠲᠦᠢᠯᠪᠦᠷᠢᠲᠠᠢ ᠤᠰᠠᠳᠬᠠᠬᠤ ᠳᠤᠷᠠᠳᠤᠯᠭ᠎ᠠ ᠶ᠋ᠢ ᠰᠠᠨᠠᠭᠠᠴᠢᠯᠠᠭᠰᠠᠨ ᠪᠠᠶᠢᠨ᠎ᠠ᠃ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ ᠂ ᠤᠯᠠᠨ ᠤᠳᠠᠭ᠎ᠠ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠤᠬᠢᠷᠠᠭᠤᠯᠭ᠎ᠠ ᠪᠠᠷ᠂ 1956 ᠤᠨ ᠤ 4 ᠰᠠᠷ᠎ᠠ ᠶ᠋ᠢᠨ ᠰᠡᠭᠦᠯᠴᠢ ᠡᠴᠡ 6 ᠰᠠᠷ᠎ᠠ ᠶ᠋ᠢᠨ ᠡᠬᠢᠨ ᠪᠤᠯᠲᠠᠯ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠠᠶᠠᠨᠨᠠᠭᠤᠷ ᠠᠶᠢᠮᠠᠭ ᠢ ᠪᠠ ᠪᠠᠶᠠᠨᠬᠣᠲᠠ ᠢ ᠪᠠᠶᠢᠭᠤᠯᠵᠤ᠂ ᠥᠪᠥᠷ ᠮᠣᠩᠭᠣᠯ ᠤᠨ ᠲᠡᠦᠬᠡ ᠭᠠᠵᠠᠷ ᠣᠷᠣᠨ ᠢ ᠦᠨᠳᠦᠰᠦᠨ ᠳᠡᠭᠡᠷ᠎ᠡ ᠪᠡᠨ ᠰᠡᠷᠭᠦᠭᠡᠭᠰᠡᠨ ᠪᠠᠶᠢᠨ᠎ᠠ ᠃