ᠨᠠᠮ ᠤᠨ ᠵᠣᠬᠢᠶᠠᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠡᠭᠴᠡᠯᠡᠬᠦ

  2018-12-30

    1978 ᠤᠨ ᠤ4 ᠰᠠᠷ᠎ᠠ ᠶ᠋ᠢᠨ 20 ᠦ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠡᠴᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ 4 ᠰᠠᠷ᠎ᠠ ᠶᠢᠨ ᠡᠬᠢ ᠪᠡᠷ ᠳᠡᠪᠰᠢᠭᠦᠯᠦᠭᠰᠡᠨ 《< ᠰᠢᠨ᠎ᠡ ᠥᠪᠥᠷ ᠠᠷᠠᠳ ᠤᠨ ᠨᠠᠮ > ᠶ᠋ᠢ ᠤᠯᠠᠮ ᠨᠢᠭᠡ ᠠᠯᠬᠤᠮ ᠰᠢᠢᠳᠪᠦᠷᠢᠯᠡᠬᠦ ᠠᠰᠠᠭᠤᠳᠠᠯ ᠤᠨ ᠲᠤᠬᠠᠶ ᠰᠠᠨᠠᠯ ᠤᠨ ᠮᠡᠳᠡᠭᠦᠯᠦᠯᠲᠡ 》 ᠶ᠋ᠢ ᠵᠢᠩᠬᠢᠨᠢ ᠪᠡᠷ ᠵᠥᠪᠰᠢᠶᠡᠷᠡᠵᠦ᠂ 《ᠰᠢᠨ᠎ᠡ ᠥᠪᠥᠷ ᠠᠷᠠᠳ ᠤᠨ ᠨᠠᠮ 》 ᠦ᠋ᠨ ᠲᠡᠦᠬᠡ ᠶᠢᠨ ᠪᠤᠷᠤᠭᠤ ᠬᠡᠷᠡᠭ ᠢ ᠴᠠᠭᠠᠳᠬᠠᠬᠤ ᠴᠢᠬᠤᠯᠠ ᠴᠣᠬᠣᠯᠠᠪᠤᠷᠢ ᠪᠢᠴᠢᠵᠠᠢ᠃ ᠡᠨᠡ ᠪᠣᠯ ᠳᠠᠷᠤᠶ 《 ᠳᠦᠷᠪᠡ ᠬᠤᠶᠠᠷ ᠲᠡᠭ》 ᠦ᠋ᠨ ᠵᠢᠭᠠᠪᠤᠷᠢ ᠶ᠋ᠢ ᠵᠢᠭᠠᠵᠤ ᠪᠤᠢ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠸᠠᠩ ᠢᠦᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠢᠯᠢᠰ ᠬᠤᠳᠠᠯ ᠪᠤᠷᠤᠭᠤ ᠬᠡᠷᠡᠭ ᠢ ᠴᠠᠭᠠᠳᠬᠠᠨ ᠢᠯᠭᠠᠷᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠠᠳᠬᠤᠵᠤ᠂ ᠬᠢᠯᠢᠰ ᠬᠤᠳᠠᠯ ᠪᠤᠷᠤᠭᠤ ᠬᠡᠷᠡᠭ ᠢ ᠴᠠᠭᠠᠳᠬᠠᠬᠤ ᠠᠵᠢᠯ ᠨᠢ ᠪᠦᠬᠦ ᠲᠠᠯ᠎ᠠ ᠪᠠᠷ ᠥᠷᠨᠢᠭᠦᠯᠪᠡ᠃ ᠭᠡᠪᠡᠴᠦ᠂ 《 ᠲᠤᠢᠷᠪᠡᠠ ᠬᠥᠮᠦᠨ ᠦ ᠪᠦᠯᠦᠭ 》 ᠦᠨ ᠠᠶᠢᠮᠠᠭ ᠪᠦᠯᠦᠭ ᠦᠨ ᠰᠢᠰᠲ᠋ᠧᠮ ᠦᠨ ᠭᠣᠣᠯᠯᠠᠭᠴᠢ ᠬᠦᠴᠦᠨ ᠮᠥᠨ ᠥᠪᠥᠷ ᠮᠣᠩᠭᠣᠯ ᠤᠨ ᠨᠠᠮ ᠵᠠᠰᠠᠭ ᠤᠨ ᠶᠡᠬᠡ ᠪᠠᠶᠢᠳᠠᠯ ᠢ ᠠᠳᠬᠤᠵᠤ ᠪᠠᠶᠢᠬᠤ ᠤᠴᠢᠷ ᠡᠴᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠢᠯᠢᠰ ᠬᠤᠳᠠᠯ ᠪᠤᠷᠤᠭᠤ ᠬᠡᠷᠡᠭ ᠢ ᠴᠠᠭᠠᠳᠬᠠᠬᠤ ᠠᠯᠬᠤᠴᠠ ᠨᠢ ᠮᠦᠨ ᠬᠦ ᠵᠢᠩᠬᠢᠨᠢ ᠲᠦᠷᠭᠡᠨ ᠵᠠᠮ ᠳ᠋ᠤ ᠪᠠᠨ ᠤᠷᠤᠵᠤ ᠴᠢᠳᠠᠭ᠎ᠠ ᠦᠭᠡᠢ ᠪᠠᠶᠢᠭᠰᠠᠭᠠᠷ ᠶᠤᠮ᠃ 1978 ᠣᠨ ᠤ 10 ᠰᠠᠷ᠎ᠠ ᠳᠤ᠂ ᠤᠯᠠᠭᠠᠨᠬᠦᠦ ᠪᠠᠶᠢᠴᠠᠭᠠᠯᠲᠠ ᠬᠢᠭᠰᠡᠨ ᠦ ᠪᠡᠨ ᠳᠠᠷᠠᠭ᠎ᠠ ᠳ᠋ᠧᠩ ᠰᠢᠶᠤᠤ ᠫᠢᠩ ᠨᠦᠬᠦᠷ ᠲᠦ ᠥᠪᠥᠷ ᠮᠣᠩᠭᠣᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠪᠢᠴᠢᠵᠦ᠂ ᠥᠪᠥᠷ ᠮᠣᠩᠭᠣᠯ ᠤᠨ ᠣᠷᠣᠰᠢᠵᠤ ᠪᠠᠶᠢᠬᠤ ᠬᠦᠨᠳᠦ ᠰᠦᠷᠡᠬᠡᠶ ᠠᠰᠠᠭᠤᠳᠠᠯ ᠤᠨ ᠲᠤᠬᠠᠢ ᠲᠤᠭᠠᠴᠢᠭᠰᠠᠨ ᠪᠠᠶᠢᠨ᠎ᠠ᠃ ᠬᠤᠸᠠ ᠭᠦᠸᠸ ᠸᠸᠢ᠂ ᠳ᠋ᠧᠩ ᠰᠢᠶᠤᠤ ᠫᠢᠩ ᠡᠴᠡ ᠢᠯᠡᠳᠬᠡᠯ ᠳᠦ ᠴᠣᠬᠣᠯᠲᠠ ᠬᠢᠪᠡ᠃ 1979 ᠣᠨ ᠤ 2 ᠰᠠᠷ᠎ᠠ ᠡᠴᠡ ᠡᠬᠢᠯᠡᠵᠦ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠨᠢ ᠨᠠᠮ ᠤᠨ ᠲᠥᠪ ᠬᠣᠷᠢᠶᠠᠨ ᠤ ᠪᠠᠶᠢᠷᠢᠯᠠᠭᠤᠯᠤᠯᠲᠠ ᠶᠤᠰᠤᠭᠠᠷ ᠪᠥᠬᠥ ᠣᠷᠣᠨ ᠤ ᠬᠡᠪᠴᠢᠶᠡᠨ ᠳ᠋ᠤ ᠪᠠᠶᠢᠴᠠᠭᠠᠬᠤ ᠠᠵᠢᠯ ᠢ ᠭᠣᠣᠯᠴᠢᠯᠠᠨ ᠠᠳᠬᠤᠵᠤ᠂ 《 ᠲᠤᠢᠷᠪᠡᠠ ᠬᠥᠮᠦᠨ ᠦ ᠪᠦᠯᠦᠭ 》 ᠲᠡᠶ ᠬᠣᠯᠪᠣᠭᠳᠠᠭᠰᠠᠨ ᠬᠥᠮᠦᠨ ᠪᠠ ᠬᠡᠷᠡᠭ ᠢ ᠪᠠᠶᠢᠴᠠᠭᠠᠨ ᠴᠡᠪᠡᠷᠯᠡᠭᠰᠡᠨ ᠡᠴᠡ 《 ᠲᠤᠢᠷᠪᠡᠠ ᠬᠥᠮᠦᠨ ᠦ ᠪᠦᠯᠦᠭ 》 ᠦᠨ ᠠᠶᠢᠮᠠᠭ ᠪᠦᠯᠦᠭ ᠦᠨ ᠰᠢᠰᠲ᠋ᠧᠮ ᠢ ᠡᠡᠷᠯᠡᠨ ᠠᠷᠢᠯᠭᠠᠬᠤ ᠠᠯᠬᠤᠴᠠ ᠨᠢ ᠶᠡᠬᠡᠬᠡᠨ ᠲᠦᠷᠭᠡᠳᠬᠡᠭᠳᠡᠭᠰᠡᠨ ᠪᠠᠶᠢᠨ᠎ᠠ ᠃
    1976 ᠤᠨ10 ᠰᠠᠷ᠎ᠠ ᠡᠴᠠ 1982 ᠤᠨ ᠤ 12 ᠰᠠᠷ᠎ᠠ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠬᠢ ᠨᠢ ᠨᠠᠮ ᠤᠨ ᠲᠥᠯᠥᠭᠡᠯᠡᠭᠴᠢᠳ ᠦᠨ ᠶᠡᠬᠡ ᠬᠤᠷᠠᠯ ᠢ ᠬᠤᠷᠠᠯᠳᠤᠭᠰᠠᠨ ᠦᠭᠡᠢ ᠪᠠᠶᠢᠳᠠᠯ ᠳᠤᠤᠷ᠎ᠠ ᠬᠡ ᠲᠤᠬᠢᠷᠠᠭᠤᠯᠤᠯᠲᠠ ᠪᠠ ᠬᠤᠪᠢᠷᠠᠭᠤᠯᠤᠯᠲᠠ ᠬᠢᠭᠰᠡᠨ ᠪᠠᠶᠢᠨ᠎ᠠ᠃ 1980 ᠤᠨ ᠤ 2 ᠰᠠᠷ᠎ᠠ ᠶ᠋ᠢᠨ14 ᠦ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠦ ᠨᠠᠮ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠤᠭᠲᠠᠪᠠ᠃ ᠡᠭᠦᠨ ᠡᠴᠡ ᠭᠠᠳᠠᠨ᠎ᠠ ᠂ 1980 ᠤᠨ ᠤ 10 ᠰᠠᠷ᠎ᠠ ᠶ᠋ᠢᠨ ᠳᠤᠮᠳᠠᠴᠢ ᠶ᠋ᠢᠨ ᠠᠶᠢᠮᠠᠭ ᠬᠤᠳᠠ ᠶᠢᠨ ᠨᠠᠮ ᠤᠨ ᠬᠣᠷᠢᠶᠠᠨ ᠤ ᠱᠦᠵᠢ ᠨᠡᠷ ᠦᠨ ᠬᠤᠷᠠᠯ ᠳᠡᠭᠡᠷ᠎ᠡ ᠪᠠᠶᠢᠭᠤᠯᠤᠮᠵᠢ ᠪᠠᠶᠢᠭᠤᠯᠬᠤ ᠪᠠ ᠬᠥᠮᠦᠨ ᠲᠣᠬᠢᠷᠠᠭᠤᠯᠬᠤ ᠠᠵᠢᠯ ᠢ ᠤᠳᠤᠷᠢᠳᠬᠤ ᠪᠠᠭ ᠢ ᠪᠠᠶᠢᠭᠤᠯᠬᠤ ᠶ᠋ᠢ ᠲᠤᠭᠲᠠᠵᠤ᠂ 1983 ᠤᠨ ᠤ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠳ᠋ᠤ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ ᠃
     1979 ᠤᠨ ᠤ 5 ᠰᠠᠷ᠎ᠠ ᠶ᠋ᠢᠨ 30 ᠦ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶ᠎ᠠ᠂ ᠲᠦᠷᠤ ᠶᠢᠨ ᠶᠠᠪᠤᠳᠠᠯ ᠤᠨ ᠬᠣᠷᠢᠶᠠᠨ ᠡᠴᠡ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ 1969 ᠣᠨ ᠤ 7 ᠰᠠᠷ᠎ᠠ ᠠᠴᠠ ᠡᠮᠦᠨᠡᠬᠢ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠰᠡᠷᠭᠦᠭᠡᠬᠦ ᠪᠡᠷ ᠲᠣᠭᠲᠠᠪᠠ ᠃ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠰᠡᠷᠭᠦᠭᠡᠬᠦ ᠶ᠋ᠢᠨ ᠬᠠᠮᠲᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠣᠲᠠ᠂ ᠬᠣᠰᠢᠭᠤ ᠰᠢᠶᠠᠨ ᠤ ᠡᠯ᠎ᠡ ᠲᠦᠷᠦᠯ ᠦᠨ ᠨᠠᠮ ᠤᠨ ᠵᠣᠬᠢᠶᠠᠨ ᠪᠠᠶᠢᠭᠤᠯᠤᠯᠲᠠ ᠴᠤ ᠲᠠᠰᠤᠷᠠᠯᠲᠠ ᠥᠬᠡ ᠰᠡᠷᠭᠦᠨ ᠲᠡᠭᠦᠯᠳᠡᠷᠵᠢᠭᠦᠯᠵᠦ᠂ ᠡᠯ᠎ᠡ ᠠᠶᠢᠮᠠᠭ ᠬᠣᠲᠠ᠂ ᠬᠣᠰᠢᠭᠤ ᠰᠢᠶᠠᠨ ᠤ ᠨᠠᠮ ᠤᠨ ᠬᠣᠷᠢᠶᠠᠨ ᠤ ᠤᠳᠤᠷᠢᠳᠬᠤ ᠪᠠᠭ ᠤᠨ ᠬᠢᠨ ᠨᠢ ᠲᠠᠰᠤᠷᠠᠯᠲᠠ ᠦᠭᠡᠢ ᠲᠤᠬᠢᠷᠠᠭᠤᠯᠤᠯᠲᠠ ᠳᠤᠮᠳᠠ ᠲᠣᠭᠲᠠᠭᠤᠨ ᠪᠠᠶᠢᠳᠠᠯ ᠢ ᠪᠠᠲᠤᠯᠠᠭᠰᠠᠨ ᠪᠠᠶᠢᠨ᠎ᠠ᠃ ᠳᠠᠰᠤᠷᠠᠯᠳᠠ ᠦᠭᠡᠢ ᠰᠡᠷᠭᠦᠯᠲᠡ ᠪᠠ ᠬᠦᠭᠵᠢᠬᠦᠯᠦᠯᠲᠡ ᠶ᠋ᠢ ᠳᠠᠭᠠᠯᠳᠤᠨ᠂ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠢᠦᠳᠲᠡᠷ ᠲᠦᠷᠭᠡᠨ ᠰᠡᠷᠭᠦᠵᠦ  ᠂ ᠪᠠᠶᠢᠭᠤᠯᠤᠭᠳᠠᠭᠰᠠᠨ ᠪᠦᠭᠡᠳ ᠲᠡᠭᠦᠯᠳᠡᠷᠵᠢᠭᠦᠯᠵᠦ ᠂ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠳᠤ ᠬᠠᠷᠢᠶᠠᠯᠠᠬᠤ ᠬᠠᠷᠢᠶᠠᠯᠠᠭᠳᠠᠬᠤ ᠬᠠᠷᠢᠴᠠᠭ᠎ᠠ  ᠨᠢᠠᠯᠬᠤᠮ ᠠᠯᠬᠤᠮ ᠢᠶᠠᠷ ᠲᠣᠳᠣᠷᠬᠠᠶ ᠪᠤᠯᠵᠤ᠂ ᠡᠳᠦᠷ ᠢᠷᠡᠬᠦᠶ᠎ᠡ  ᠵᠦᠢ ᠶᠤᠰᠤᠨ ᠳ᠋ᠤ ᠨᠡᠶᠢᠴᠡᠬᠦ ᠪᠤᠯᠪᠠ ᠃ ᠲᠡᠭᠦᠨᠴᠢᠯᠡᠨ ᠂ ᠨᠠᠮ ᠤᠨ ᠭᠡᠰᠢᠭᠦᠨ ᠢ ᠬᠦᠭᠵᠢᠬᠦᠯᠬᠦ ᠶ᠋ᠢ ᠴᠢᠬᠤᠯᠠᠴᠢᠯᠠᠵᠤ᠂ ᠰᠢᠨ᠎ᠡ ᠰᠤᠷᠭᠤᠭ ᠬᠦᠴᠦᠨ ᠢ ᠨᠡᠮᠡᠷᠢᠯᠡᠭᠰᠡᠨ ᠪᠠᠶᠢᠨ᠎ᠠ᠃ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠠᠴᠠ ᠬᠣᠶᠢᠰᠢ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠨᠢ ᠰᠡᠬᠡᠭᠡᠲᠡᠨ ᠤᠨ ᠠᠵᠤ ᠠᠬᠤᠶᠢᠯᠠᠯ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠦᠨ ᠨᠢᠭᠡᠳᠦᠭᠡᠷ ᠹᠷᠣᠨᠲ᠋ ᠲᠤ ᠨᠠᠮ ᠤᠨ ᠭᠡᠰᠢᠭᠦᠨ  ᠬᠦᠮᠦᠵᠢᠭᠦᠯᠬᠦ ᠶ᠋ᠢ ᠶᠡᠬᠡᠳᠡ ᠬᠦᠨᠳᠦᠳᠬᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ᠂ ᠶᠡᠬᠡ ᠳᠡᠭᠡᠳᠦ ᠰᠤᠷᠭᠠᠭᠤᠯᠢ ᠶᠢᠨ ᠰᠤᠷᠤᠭᠴᠢᠳ᠂ ᠡᠯ᠎ᠡ ᠲᠦᠷᠦᠯ ᠦᠨ ᠲᠤᠰᠬᠠᠶ ᠮᠡᠷᠭᠡᠵᠢᠯ ᠦᠨ ᠠᠵᠢᠯᠲᠠᠨ᠂ ᠵᠠᠯᠠᠭᠤ ᠰᠢᠯᠢᠳᠡᠭ ᠬᠥᠮᠦᠰ ᠢ ᠨᠠᠮ ᠳᠤ ᠣᠷᠣᠭᠤᠯᠤᠨ ᠠᠪᠴᠢᠷᠠᠬᠤ ᠶᠢ ᠠᠩᠬᠠᠷᠴᠤ᠂ ᠨᠠᠮ ᠤᠨ ᠭᠡᠰᠢᠭᠦᠳ ᠦᠨ ᠡᠩᠨᠡᠭᠡᠨ ᠦ ᠪᠦᠲᠦᠴᠡ ᠶᠢ  ᠰᠢᠯᠢᠳᠡᠭᠵᠢᠬᠦᠯᠬᠦ ᠪᠡᠷ ᠴᠢᠷᠮᠠᠶᠢᠵᠠᠢ᠃ 1976 ᠤᠨ ᠡᠴᠠ 1982 ᠤᠨ ᠪᠤᠯᠲᠠᠯᠠᠬᠢ ᠵᠢᠷᠭᠤᠭᠠᠨ ᠵᠢᠯ ᠳᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠭᠡᠰᠢᠭᠦᠨ ᠦ ᠲᠣᠭ᠎ᠠ ᠨᠢ 296638 ᠬᠦᠮᠦᠨ ᠡᠴᠡ 656118 ᠬᠦᠮᠦᠨ ᠪᠤᠯᠤᠨ ᠨᠡᠮᠡᠭᠳᠡᠵᠦ ᠂ ᠨᠠᠮ ᠤᠨ ᠭᠡᠰᠢᠭᠦᠨ ᠦ ᠲᠣᠭ᠎ᠠ ᠨᠢᠭᠡ ᠲᠠᠬᠢᠨ ᠡᠴᠠ ᠢᠯᠡᠬᠦᠦ ᠨᠡᠮᠡᠭᠳᠡᠵᠡᠢ᠃ ᠡᠭᠦᠨ ᠦ ᠳᠣᠲᠣᠷ᠎ᠠ ᠡᠯ᠎ᠡ ᠴᠥᠭᠡᠨ ᠲᠣᠭᠠᠲᠤ ᠦᠨᠳᠦᠰᠦᠲᠡᠨ ᠦ ᠨᠠᠮ ᠤᠨ ᠭᠡᠰᠢᠭᠦᠨ ᠤ ᠲᠤᠭ᠎ᠠ ᠨᠢ ᠨᠢ 27809 ᠬᠦᠮᠦᠨ ᠡᠴᠡ 109562 ᠬᠦᠮᠦᠨ ᠪᠤᠯᠤᠨ ᠨᠡᠮᠡᠭᠳᠡᠵᠦ᠂ ᠡᠮᠡᠭᠲᠡᠶ ᠨᠠᠮ ᠤᠨ ᠭᠡᠰᠢᠭᠦᠨ ᠤ ᠲᠤᠭ᠎ᠠ ᠨᠢ 41959 ᠬᠥᠮᠦᠨ ᠡᠴᠡ 95074 ᠬᠦᠮᠦᠨ ᠪᠤᠯᠤᠨ ᠨᠡᠮᠡᠭᠳᠡᠪᠡ᠃ 1996 ᠣᠨ ᠤ 6 ᠰᠠᠷ᠎ᠠ ᠪᠤᠯᠲᠠᠯ᠎ᠠ᠂ ᠪᠦᠬᠦ ᠣᠷᠣᠨ ᠤ ᠨᠠᠮ ᠤᠨ ᠭᠡᠰᠢᠭᠦᠨ ᠦ ᠲᠣᠭ᠎ᠠ ᠨᠢ102 ᠲᠦᠮᠡᠨ ᠬᠦᠮᠦᠨ ᠢ ᠳᠠᠪᠠᠭᠰᠠᠨ ᠪᠠᠶᠢᠨ᠎ᠠ᠃ ᠡᠭᠦᠨ ᠳᠦ ᠂ ᠵᠥᠪᠬᠡᠨ 1995 ᠣᠨ ᠤ ᠨᠢᠭᠡ ᠵᠢᠯ ᠳᠦ 4.5 ᠲᠦᠮᠡᠨ ᠬᠦᠮᠦᠨ ᠢ ᠨᠠᠮ ᠤᠨ ᠭᠡᠰᠢᠬᠦᠨ ᠢᠶ᠋ᠡᠷ ᠬᠦᠭᠵᠢᠭᠦᠯᠦᠭᠰᠡᠨ ᠪᠠᠶᠢᠨ᠎ᠠ᠃

ᠵᠣᠬᠢᠶᠠᠭᠴᠢ:
ᠢᠷᠡᠯᠲᠡ: