ᠤᠳᠤᠷᠢᠳᠬᠤ ᠪᠠᠶᠢᠭᠤᠯᠤᠮᠵᠢ ᠪᠠ ᠺᠠᠳ᠋ᠷ ᠤᠨ ᠳᠦᠷᠢᠮ ᠤᠨ ᠦᠭᠡᠷᠡᠴᠢᠯᠡᠯᠲᠡ

  2018-12-31

    1982 ᠣᠨ ᠤ 10 ᠳ᠋ᠤᠭᠠᠷ ᠰᠠᠷ᠎ᠠ ᠶᠢᠨ ᠳᠤᠮᠳᠠᠴᠢ ᠪᠠᠷ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠠᠶᠢᠮᠠᠭ ᠬᠤᠳᠠ ᠶᠢᠨ ᠨᠠᠮ ᠤᠨ ᠬᠣᠷᠢᠶᠠᠨ ᠤ ᠱᠦᠵᠢ ᠨᠡᠷ ᠦᠨ ᠬᠤᠷᠠᠯ ᠬᠤᠷᠠᠯᠳᠤᠭᠤᠯᠵᠠᠢ᠃ ᠬᠤᠷᠠᠯ ᠤᠨ ᠴᠢᠬᠤᠯᠠ ᠨᠢᠭᠡᠨ ᠠᠭᠤᠯᠭ᠎ᠠ ᠭᠡᠪᠡᠯ ᠳᠠᠷᠤᠶ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶ᠋ᠢᠨ ᠨᠠᠮ ᠵᠠᠰᠠᠭ ᠤᠨ ᠪᠠᠶᠢᠭᠤᠯᠤᠯᠭ᠎ᠠ ᠶᠢᠨ ᠪᠠᠶᠢᠭᠤᠯᠤᠮᠵᠢ ᠶᠢ ᠥᠭᠡᠷᠡᠴᠢᠯᠡᠬᠦ ᠠᠰᠠᠭᠤᠳᠠᠯ ᠤᠨ ᠲᠤᠬᠠᠶ ᠰᠤᠳᠤᠯᠤᠨ ᠪᠠᠶᠢᠷᠢᠯᠠᠭᠤᠯᠵᠤ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠠᠵᠢᠯᠳᠠᠨ ᠢ ᠲᠣᠬᠢᠷᠠᠭᠤᠯᠬᠤ ᠠᠵᠢᠯ ᠤᠨ ᠪᠠᠭ ᠪᠠᠶᠢᠭᠤᠯᠵᠤ᠂ ᠪᠠᠶᠢᠭᠤᠯᠤᠮᠵᠢ ᠶᠢ ᠥᠭᠡᠷᠡᠴᠢᠯᠡᠬᠦ ᠪᠠ ᠬᠥᠮᠦᠨ ᠢ ᠲᠣᠬᠢᠷᠠᠭᠤᠯᠬᠤ ᠲᠠᠯ᠎ᠠ ᠪᠠᠷ ᠠᠩᠬ᠎ᠠ ᠠᠯᠬᠤᠮ ᠤᠨ ᠰᠠᠨᠠᠯ ᠳᠤᠷᠠᠳᠤᠭᠰᠠᠨ ᠪᠠᠶᠢᠨ᠎ᠠ᠃ 11 ᠰᠠᠷ᠎ᠠ ᠶᠢᠨ 17 ᠤ ᠡᠳᠦᠷ᠂ ᠨᠠᠮ ᠤᠨ ᠬᠣᠷᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠤᠳᠤᠷᠢᠳᠬᠤ ᠺᠠᠳ᠋ᠷᠴᠤᠳ ᠤᠨ ᠶᠡᠬᠡ ᠬᠤᠷᠠᠯ ᠬᠤᠷᠠᠯᠳᠤᠭᠤᠯᠵᠤ ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠰᠠᠶᠢᠲᠤᠷ ᠬᠢᠬᠦ ᠲᠤᠬᠠᠶ ᠨᠠᠮ ᠤᠨ ᠲᠥᠪ ᠬᠣᠷᠢᠶᠠᠨ ᠤ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠋ ᠤᠨ ᠲᠤᠬᠠᠢ ᠳᠠᠶᠢᠴᠢᠯᠠᠯᠲᠠ ᠪᠠᠶᠢᠷᠢᠯᠠᠭᠤᠯᠤᠯᠲᠠ ᠬᠢᠵᠡᠢ᠃ ᠰᠢᠯᠢᠳᠡᠭ ᠴᠣᠮᠬᠠᠨ ᠪᠠᠶᠢᠬᠤ ᠵᠠᠷᠴᠢᠮ ᠢ ᠦᠨᠳᠦᠰᠦᠯᠡᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠴᠢᠬᠤᠯᠠᠴᠢᠯᠠᠭᠰᠠᠨ ᠪᠠ ᠬᠤᠪᠢᠰᠬᠠᠯᠵᠢᠯᠲᠠ᠂ ᠵᠠᠯᠠᠭᠤᠵᠢᠭᠤᠯᠬᠤ ᠂ ᠮᠡᠳᠡᠯᠭᠡᠵᠢᠭᠦᠯᠬᠦ᠂ ᠲᠤᠰᠬᠠᠶᠢᠵᠢᠭᠤᠯᠬᠤ ᠴᠢᠭᠯᠡᠯᠲᠡ᠂ ᠪᠠᠲᠤ ᠰᠣᠩᠭᠣᠵᠤ ᠳᠡᠪᠰᠢᠭᠦᠯᠬᠦ ᠬᠡᠷᠡᠭᠴᠡᠭᠡ ᠲᠡᠶ ᠨᠢᠭᠡ ᠪᠦᠯᠦᠭ ᠮᠣᠷᠠᠯ ᠴᠢᠳᠠᠪᠤᠷᠢ ᠬᠣᠣᠰᠯᠠᠭᠰᠠᠨ᠂ ᠰᠢᠨ᠎ᠡ ᠪᠠᠶᠢᠳᠠᠯ ᠢ ᠪᠤᠢ ᠪᠣᠯᠭᠠᠵᠤ ᠴᠢᠳᠠᠬᠤ ᠢᠳᠡᠷ ᠵᠠᠯᠠᠭᠤ ᠨᠠᠰᠤᠨ ᠤ ᠰᠢᠯᠢᠳᠡᠭ ᠺᠠᠳ᠋ᠷᠴᠤᠳ ᠢ ᠶᠠᠮᠤᠨ ᠂ ᠬᠣᠷᠢᠶ᠎ᠠ᠂ ᠠᠯᠪᠠᠨ ᠭᠡᠷ᠂ ᠲᠢᠩᠬᠢᠮ ᠲᠣᠪᠴᠢᠶ᠎ᠠ ᠶᠢᠨ ᠤᠳᠤᠷᠢᠳᠬᠤ ᠪᠠᠭ ᠲᠤ ᠲᠡᠪᠰᠢᠭᠦᠯᠦᠨ᠎ᠡ᠃ ᠡᠭᠦᠨ ᠦ ᠬᠠᠮᠲᠤ᠂ ᠠᠬᠠᠮᠠᠳ ᠺᠠᠳ᠋ᠷᠴᠤᠳ ᠤᠨ ᠦᠢᠯᠡᠳᠦᠯ ᠢ ᠴᠦ ᠭᠦᠢᠴᠡᠳ ᠲᠦᠰᠢᠭᠯᠡᠵᠦ ᠪᠠᠳᠠᠷᠠᠭᠤᠯᠬᠤ ᠬᠡᠷᠡᠭᠲᠡᠶ᠂ ᠤᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠠᠷᠠᠳᠴᠢᠯᠠᠯ ᠲᠥᠪᠯᠡᠷᠡᠯ ᠦᠨ ᠶᠣᠰᠣ ᠶᠢ ᠪᠠᠷᠢᠮᠲᠠᠯᠠᠬᠤ ᠬᠡᠷᠡᠭᠲᠡᠶ᠃ ᠰᠡᠬᠡᠭᠡᠲᠡᠨ ᠦ ᠲᠤᠬᠠᠶ ᠂ 1983 ᠣᠨ ᠤ 1 ᠰᠠᠷ᠎ᠠ ᠶ᠋ᠢᠨ4 ᠦ ᠡᠳᠦᠷ ᠡᠴᠡ 5 ᠤ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠪᠠᠶᠢᠩᠭᠤ ᠶᠢᠨ ᠭᠡᠰᠢᠭᠦᠳ ᠡᠴᠠ ᠰᠡᠬᠡᠭᠡᠲᠡᠨ ᠦ ᠲᠤᠬᠠᠶ ᠠᠰᠠᠭᠤᠳᠠᠯ ᠢ ᠵᠥᠪ ᠢᠶᠡᠷ ᠲᠠᠨᠢᠵᠤ ᠵᠣᠷᠢᠭᠲᠠᠶ ᠪᠠᠷ ᠳᠡᠪᠰᠢᠭᠦᠯᠦᠨ ᠬᠡᠷᠡᠭᠯᠡᠬᠦ  ᠲᠤᠬᠠᠢ ᠰᠤᠷᠤᠯᠴᠠᠨ ᠰᠤᠳᠤᠯᠤᠭᠰᠠᠨ ᠪᠠᠶᠢᠨ᠎ᠠ᠃ ᠬᠤᠷᠠᠯ ᠤᠨ ᠶᠠᠷᠢᠯᠴᠠᠭᠰᠠᠨ ᠦᠷ᠎ᠡ ᠳ᠋ᠦᠩ ᠢ ᠦᠨᠳᠦᠰᠦᠯᠡᠵᠦ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶᠢᠨ ᠭᠡᠰᠢᠭᠦᠨ 14 ᠦ ᠡᠳᠦᠷ 《 ᠰᠡᠬᠡᠭᠡᠲᠡᠨ ᠦ ᠤᠯᠤᠰ ᠲᠦᠷᠦ ᠶᠢᠨ ᠠᠵᠢᠯ ᠪᠣᠯᠤᠨ ᠠᠮᠢᠳᠤᠷᠠᠯ ᠤᠨ ᠬᠠᠷᠠᠭᠠᠯᠵᠠᠯ ᠢ ᠰᠠᠶᠢᠵᠢᠷᠠᠭᠤᠯᠬᠤ ᠲᠤᠬᠠᠶ ᠲᠦᠷ ᠬᠡᠷᠡᠭᠵᠢᠭᠦᠯᠬᠦ ᠲᠣᠭᠲᠠᠭᠠᠯ 》 ᠢ ᠨᠡᠶᠢᠲᠡᠯᠡᠵᠦ ᠂ ᠰᠡᠬᠡᠭᠡᠲᠡᠨ ᠦ ᠪᠣᠳᠠᠲᠤ ᠬᠦᠴᠢᠷᠳᠡᠯ ᠢ ᠨᠢ ᠦᠨᠡᠨ ᠬᠦ ᠰᠢᠶᠳᠪᠦᠷᠢᠯᠡᠵᠦ ᠂ ᠲᠡᠭᠦᠨ ᠦ ᠭᠣᠣᠯ ᠠᠭᠤᠯᠭ᠎ᠠ ᠨᠢ᠄ ᠰᠡᠬᠡᠭᠡᠲᠡᠨ ᠦ ᠤᠯᠤᠰ ᠲᠦᠷᠤ ᠶᠢᠨ ᠬᠠᠷᠠᠭᠠᠯᠵᠠᠯ ᠤᠨ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠰᠡᠬᠡᠭᠡᠲᠡᠨ ᠦ ᠳᠣᠲᠣᠷ᠎ᠠ ᠠᠴᠠ ᠨᠠᠮ ᠤᠨ ᠭᠡᠰᠢᠭᠦᠨ ᠡᠯᠰᠡᠬᠦ ᠶ᠋ᠢ ᠴᠢᠬᠤᠴᠢᠯᠠᠨ ᠦᠵᠡᠬᠦ ᠬᠡᠷᠡᠭᠲᠡᠢ ᠃ ᠰᠡᠬᠡᠭᠡᠲᠡᠨ ᠦ  ᠬᠠᠮᠢᠶᠠᠷᠤᠯᠲᠠ ᠪᠠ ᠬᠡᠷᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠶ ᠃ ᠰᠡᠬᠡᠭᠡᠲᠡᠨ ᠦ ᠪᠣᠯᠪᠠᠰᠤᠷᠠᠭᠤᠯᠤᠯ ᠪᠠ ᠳᠡᠭᠡᠭᠰᠢᠯᠡᠭᠦᠯᠬᠦ ᠠᠵᠢᠯ ᠢ ᠰᠠᠶᠢᠲᠤᠷ ᠠᠳᠬᠤᠬᠤ ᠬᠡᠷᠡᠭᠲᠡᠶ ᠃ ᠲᠤᠰᠬᠠᠶ ᠮᠡᠷᠭᠡᠵᠢᠯ ᠦᠨ ᠮᠡᠷᠭᠡᠵᠢᠯ ᠦᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠠᠵᠢᠯ ᠤᠨ ᠨᠥᠬᠥᠴᠡᠯ ᠢ ᠨᠢ ᠰᠠᠶᠢᠵᠢᠷᠠᠭᠤᠯᠵᠤ᠂ ᠰᠤᠷᠭᠠᠨ ᠬᠥᠮᠦᠵᠢᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠨᠡᠮᠡᠭᠳᠡᠭᠦᠯᠦᠨ᠎ᠡ ᠃ ᠠᠯᠬᠤᠮ ᠠᠯᠬᠤᠮ ᠢᠶᠠᠷ ᠣᠷᠣᠨ ᠰᠠᠭᠤᠴᠠ ᠶᠢᠨ ᠬᠦᠴᠢᠷᠳᠡᠯ ᠢ ᠨᠢ ᠰᠢᠶᠳᠪᠦᠷᠢᠯᠡᠵᠦ᠂ ᠠᠮᠢᠳᠤᠷᠠᠯ ᠤᠨ ᠨᠥᠬᠥᠴᠡᠯ ᠢ ᠰᠠᠶᠢᠵᠢᠷᠠᠭᠤᠯᠤᠨ᠎ᠠ ᠃ 1 ᠳ᠋ᠦᠭᠡᠷ ᠰᠠᠷ᠎ᠠ ᠶᠢᠨ 18 ᠤ ᠡᠳᠦᠷ᠂ ᠥᠪᠥᠷ ᠮᠣᠩᠭᠣᠯ ᠤᠨ ᠵᠠᠰᠠᠭ ᠤᠨ ᠣᠷᠳᠣᠨ ᠡᠴᠠ ᠵᠠᠰᠠᠭ ᠤᠨ ᠣᠷᠳᠣᠨ ᠤ ᠰᠢᠰᠲ᠋ᠧᠮ ᠦᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠭᠠᠵᠠᠷ ᠤᠨ ᠳᠡᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷᠴᠤᠳ ᠤᠨ ᠶᠡᠬᠡ ᠬᠤᠷᠠᠯ ᠬᠢᠵᠦ᠂ ᠪᠠᠶᠢᠭᠤᠯᠤᠮᠵᠢ ᠶᠢᠨ ᠥᠭᠡᠷᠡᠴᠢᠯᠡᠯᠲᠡ ᠬᠢᠬᠦ ᠶ᠋ᠢ ᠵᠢᠭᠠᠨ ᠭᠠᠷᠭᠠᠵᠤ᠂ ᠺᠠᠳ᠋ᠷ ᠤᠨ ᠡᠩᠨᠡᠭᠡ ᠶᠢ ᠬᠤᠪᠢᠰᠬᠠᠯᠵᠢᠭᠤᠯᠵᠤ᠂ ᠵᠠᠯᠠᠭᠤᠵᠢᠭᠤᠯᠬᠤ᠂ ᠮᠡᠳᠡᠯᠭᠡᠵᠢᠭᠦᠯᠬᠦ  ᠂ ᠲᠤᠰᠬᠠᠶᠢᠵᠢᠭᠰᠠᠨ ᠪᠣᠯ ᠡᠨᠡ ᠵᠢᠯ ᠦᠨ ᠠᠵᠢᠯ ᠤᠨ ᠨᠢᠭᠡᠨ ᠶᠡᠬᠡ ᠶᠠᠪᠤᠳᠠᠯ ᠮᠥᠨ ᠭᠡᠵᠡᠢ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠰᠠᠶᠢᠲᠤᠷ ᠬᠢᠬᠦ᠂ ᠰᠡᠬᠡᠭᠡᠲᠡᠨ ᠦ ᠦᠢᠯᠡᠳᠦᠯ ᠢ ᠭᠦᠢᠴᠡᠳ ᠪᠠᠳᠠᠷᠠᠭᠤᠯᠵᠤ᠂ ᠢᠳᠡᠷ ᠵᠠᠯᠠᠭᠤ ᠰᠢᠯᠢᠳᠡᠭ ᠺᠠᠳ᠋ᠷᠴᠤᠳ ᠢ ᠤᠳᠤᠷᠢᠳᠬᠤ ᠪᠠᠭ ᠲᠤ ᠰᠢᠯᠢᠨ ᠳᠡᠪᠰᠢᠭᠦᠯᠵᠦ᠂ ᠦᠵᠡᠯ ᠰᠠᠨᠠᠭ᠎ᠠ ᠡᠷᠳᠡᠮ ᠴᠢᠳᠠᠪᠤᠷᠢ ᠬᠣᠣᠰᠯᠠᠭᠰᠠᠨ᠂ ᠢᠳᠡᠷ ᠳᠣᠷᠪᠢᠲᠠᠶ ᠰᠡᠬᠡᠭᠡᠲᠡᠨ ᠢ ᠰᠢᠯᠢᠨ ᠰᠤᠩᠭᠤᠵᠤ᠂ ᠢᠯᠠᠩᠭᠤᠶ᠎ᠠ ᠢᠳᠡᠷ ᠨᠠᠰᠤᠨ ᠤ ᠰᠡᠬᠡᠭᠡᠲᠡᠨ ᠨᠢ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠦᠨ ᠤᠳᠤᠷᠢᠳᠬᠤ ᠪᠠᠭ ᠲᠤ ᠰᠢᠯᠵᠢᠨ ᠤᠷᠤᠨ᠎ᠠ᠃ 3 ᠰᠠᠷ᠎ᠠ ᠶᠢᠨ 26 ᠤ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤ ᠬᠤᠷᠢᠶᠠᠨ ᠡᠴᠠ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠴᠡᠷᠢᠭ ᠦᠨ ᠪᠠᠶᠢᠭᠤᠯᠭ᠎ᠠ ᠶᠢᠨ ᠭᠠᠵᠠᠷ ᠤᠨ ᠲᠡᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷᠴᠤᠳ ᠤᠨ ᠶᠡᠬᠡ ᠬᠤᠷᠠᠯ ᠬᠢᠵᠦ᠂ 《ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠰᠢᠨ᠎ᠡ ᠬᠠᠭᠤᠴᠢᠨ ᠤ ᠰᠤᠯᠢᠯᠴᠠᠭ᠎ᠠ ᠵᠠᠯᠭᠠᠮᠵᠢ᠂ ᠬᠠᠮᠲᠤᠷᠠᠨ ᠠᠵᠢᠯᠯᠠᠬᠤ ᠶᠠᠷᠢᠯᠴᠠᠬᠤ ᠬᠤᠷᠠᠯ ᠤᠨ ᠲᠣᠪᠴᠢ ᠲᠡᠮᠳᠡᠭᠯᠡᠯ 》 ᠵᠣᠷᠢᠭ ᠰᠠᠨᠠᠭ᠎ᠠ ᠶ᠋ᠢ ᠤᠯᠠᠮᠵᠢᠯᠠᠵᠦ᠂ 《 ᠲᠦᠷᠪᠡᠵᠢᠬᠦᠯᠬᠦ 》 ᠪᠠᠷᠢᠮᠵᠢᠶ᠎ᠠ ᠶ᠋ᠢ ᠲᠤᠭᠲᠠᠭᠠᠵᠤ᠂ ᠰᠢᠨ᠎ᠡ ᠬᠠᠭᠤᠴᠢᠨ ᠤ ᠬᠠᠯᠠᠭ᠎ᠠ ᠵᠠᠯᠭᠠᠮᠵᠢ ᠶ᠋ᠢ ᠪᠡᠶᠡᠯᠡᠬᠦᠯᠦᠨ᠎ᠡ᠃ ᠡᠨᠡ ᠤᠳᠠᠭᠠᠨ ᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠰᠢᠨ᠎ᠡ ᠤᠳᠤᠷᠢᠳᠬᠤ ᠪᠠᠭ᠂ ᠪᠠᠶᠢᠩᠭᠤ ᠶᠢᠨ ᠭᠡᠰᠢᠭᠦᠨ ᠨᠢ ᠤᠤᠯ ᠤᠨ15 ᠬᠦᠮᠦᠨ ᠡᠴᠡ 12 ᠬᠥᠮᠦᠨ ᠪᠣᠯᠭᠠᠨ ᠬᠥᠩᠭᠡᠯᠡᠭᠰᠡᠨ ᠪᠠᠶᠢᠪᠠᠯ ᠂ ᠵᠢᠩᠬᠢᠨᠢ ᠳᠡᠳ᠋ ᠱᠦᠵᠢ ᠨᠢ ᠤᠤᠯ ᠤᠨ 8 ᠬᠥᠮᠦᠨ ᠡᠴᠡ 5 ᠬᠥᠮᠦᠨ ᠪᠤᠯᠲᠠᠯ᠎ᠠ ᠬᠠᠰᠤᠭᠰᠠᠨ ᠪᠠᠶᠢᠨ᠎ᠠ᠃ 7 ᠰᠠᠷ᠎ᠠ ᠶᠢᠨ 7 ᠤ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠠᠶᠢᠮᠠᠭ ᠬᠣᠲᠠ ᠶᠢᠨ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳ᠋ᠢᠶᠠᠩᠬᠤᠸᠠ ᠬᠤᠷᠠᠯ ᠬᠤᠷᠠᠯᠳᠤᠭᠤᠯᠵᠤ᠂ ᠠᠶᠢᠮᠠᠭ ᠬᠣᠲᠠ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠬᠣᠰᠢᠭᠤ ᠰᠢᠶᠠᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠪᠠᠶᠢᠭᠤᠯᠤᠮᠵᠢ ᠶᠢ ᠥᠭᠡᠷᠡᠴᠢᠯᠡᠬᠦ ᠠᠵᠢᠯ ᠢ ᠪᠠᠶᠢᠷᠢᠯᠠᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠭᠣᠣᠯᠳᠠᠯᠭ᠎ᠠ ᠪᠣᠯ ᠨᠢᠭᠡ ᠪᠦᠯᠦᠭ ᠦᠵᠡᠯ ᠰᠠᠨᠠᠭ᠎ᠠ ᠡᠷᠳᠡᠮ ᠴᠢᠳᠠᠯ ᠬᠣᠣᠰᠯᠠᠭᠰᠠᠨ᠂ ᠨᠡᠯᠢᠶᠡᠳ ᠥᠨᠳᠥᠷ ᠰᠣᠶᠣᠯ ᠪᠠ ᠲᠤᠬᠠᠶᠢᠯᠠᠭᠰᠠᠨ ᠠᠵᠢᠯ ᠤᠨ ᠮᠡᠳᠡᠯᠭᠡ᠂ ᠰᠢᠨ᠎ᠡ ᠪᠠᠶᠢᠳᠠᠯ ᠢ ᠪᠤᠢ ᠪᠣᠯᠭᠠᠵᠤ ᠴᠢᠳᠠᠬᠤ ᠢᠳᠡᠷ ᠵᠠᠯᠠᠭᠤ ᠰᠡᠬᠡᠭᠡᠲᠡᠨ ᠢ ᠰᠣᠩᠭᠣᠵᠤ ᠤᠳᠤᠷᠢᠳᠬᠤ ᠪᠠᠭ ᠲᠤ ᠣᠷᠣᠭᠤᠯᠵᠤ᠂ ᠤᠯᠤᠰ ᠲᠦᠷᠤ ᠶᠢᠨ ᠨᠥᠬᠥᠴᠡᠯ  ᠂ ᠨᠠᠰᠤ᠂ ᠰᠣᠶᠣᠯ ᠤᠨ ᠪᠣᠭᠣᠮᠲᠠ ᠶ᠋ᠢ ᠴᠢᠩᠭ᠎ᠠ ᠠᠳᠬᠤᠵᠤ᠂ ᠰᠢᠨ᠎ᠡ ᠤᠳᠤᠷᠢᠳᠬᠤ ᠪᠠᠭ ᠤᠨ ᠶᠠᠰᠤ ᠴᠢᠨᠠᠷ ᠢ ᠪᠠᠲᠤᠯᠠᠵᠤ᠂ ᠥᠭᠡᠷᠡᠴᠢᠯᠡᠯᠲᠡ ᠶᠢ ᠠᠳᠬᠤᠬᠤ ᠪᠠᠷ ᠦᠯᠦ ᠪᠠᠷᠠᠮ ᠪᠠᠰᠠ ᠦᠢᠯᠡᠳᠪᠦᠷᠢᠯᠡᠯ ᠢ ᠠᠳᠬᠤᠨ᠎ᠠ᠃ 7 ᠰᠠᠷ᠎ᠠ ᠶᠢᠨ 22 ᠤᠨ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠲᠢᠩᠬᠢᠮ ᠦᠨ ᠳᠠᠷᠤᠭ᠎ᠠ ᠲᠣᠪᠴᠢᠶᠠᠨ ᠳᠠᠷᠤᠭ᠎ᠠ ᠨᠠᠷ ᠢ ᠴᠤᠭᠯᠠᠭᠤᠯᠤᠨ ᠬᠤᠷᠠᠯ ᠬᠤᠷᠠᠯᠳᠤᠭᠤᠯᠵᠤ᠂ ᠬᠡᠷᠬᠢᠨ ᠡᠯ᠎ᠡ ᠲᠢᠩᠬᠢᠮ ᠲᠤᠪᠴᠢᠶᠠᠨ ᠤ ᠲᠤᠳᠤᠭᠠᠲᠤ  ᠳ᠋ᠠᠬᠢ ᠠᠵᠢᠯ ᠤᠨ ᠪᠠᠶᠢᠷᠢ ᠤᠨ ᠲᠤᠬᠠᠢ᠂ ᠠᠵᠢᠯᠲᠠᠨ ᠤ ᠣᠷᠣᠨ ᠲᠣᠭ᠎ᠠ ᠶᠢ ᠪᠠᠭᠠᠰᠬᠠᠬᠤ ᠠᠰᠠᠭᠤᠳᠠᠯ ᠳ᠋ᠤ ᠪᠣᠳᠠᠲᠠᠶ ᠱᠠᠭᠠᠷᠳᠠᠯᠭ᠎ᠠ ᠳᠤᠷᠠᠳᠴᠤ᠂ ᠡᠨᠡ ᠤᠳᠠᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠨᠢ  ᠬᠤᠷᠴᠠ ᠭᠠᠪᠰᠢᠭᠠᠶ ᠪᠣᠯᠭᠠᠬᠤ ᠵᠠᠷᠴᠢᠮ ᠢ ᠪᠠᠷᠢᠮᠲᠠᠯᠠᠵᠦ᠂ ᠳᠠᠪᠬᠤᠷᠳᠠᠭᠰᠠᠨ ᠪᠠᠶᠢᠭᠤᠯᠤᠮᠵᠢ ᠶᠢ ᠬᠠᠰᠤᠬᠤ᠂ ᠲᠤᠬᠠᠶᠢᠯᠠᠭᠰᠠᠨ ᠠᠵᠢᠯ ᠨᠢ ᠠᠳᠠᠯᠢᠪᠲᠤᠷ ᠢ ᠨᠡᠶᠢᠯᠡᠭᠦᠯᠵᠦ᠂ ᠲᠡᠰ ᠳᠠᠪᠬᠤᠷᠭ᠎ᠠ ᠶᠢ ᠴᠥᠭᠡᠳᠬᠡᠬᠦ ᠂ ᠵᠠᠪᠰᠠᠷ ᠤᠨ ᠪᠠᠶᠢᠭᠤᠯᠤᠮᠵᠢ ᠦᠭᠡᠢ᠂ ᠨᠠᠮ ᠵᠠᠰᠠᠭ ᠢ ᠰᠠᠯᠭᠠᠬᠤ᠂ ᠵᠠᠰᠠᠭ ᠠᠵᠤ ᠠᠬᠤᠶᠢᠯᠠᠯ ᠢ ᠰᠠᠯᠭᠠᠵᠤ᠂ ᠵᠠᠰᠠᠭ ᠪᠠ ᠠᠵᠢᠯ ᠦᠢᠯᠡᠰ ᠦᠨ ᠨᠢᠭᠡᠴᠢ ᠶᠢ ᠰᠠᠯᠭᠠᠬᠤ ᠬᠡᠮᠡᠨ ᠲᠤᠭᠲᠠᠵᠠᠢ᠃

ᠵᠣᠬᠢᠶᠠᠭᠴᠢ:
ᠢᠷᠡᠯᠲᠡ: