ᠪᠥ᠋ᠬᠦ ᠲᠠᠯ᠎ᠠ ᠪᠠᠷ ᠨᠠᠮ ᠢ ᠴᠡᠭᠴᠡᠯᠡᠬᠦ

  2019-01-01

    ᠨᠠᠮ ᠤᠨ ᠠᠷᠪᠠᠨ ᠬᠣᠶᠠᠳᠤᠭᠠᠷ ᠶᠡᠬᠡ ᠬᠤᠷᠠᠯ ᠤᠨ ᠪᠠᠶᠢᠷᠢᠯᠠᠭᠤᠯᠤᠯᠲᠠ ᠶ᠋ᠢ ᠦᠨᠳᠦᠰᠦᠯᠡᠵᠦ᠂ 1983 ᠣᠨ ᠤ 10 ᠰᠠᠷ᠎ᠠ ᠳᠤ᠂ ᠨᠠᠮ ᠤᠨ ᠠᠷᠪᠠᠨ ᠬᠣᠶᠠᠳᠤᠭᠠᠷ ᠬᠤᠭᠤᠴᠠᠭᠠᠨ ᠤ ᠲᠥᠪ ᠬᠣᠷᠢᠶᠠᠨ ᠤ ᠬᠣᠶᠠᠳᠤᠭᠠᠷ ᠪᠥᠬᠥᠳᠡ ᠬᠤᠷᠠᠯ ᠡᠴᠡ 《ᠨᠠᠮ ᠤᠨ ᠲᠥᠪ ᠬᠣᠷᠢᠶᠠᠨ ᠤ ᠨᠠᠮ ᠴᠡᠭᠴᠡᠯᠡᠬᠦ ᠲᠤᠬᠠᠶ ᠲᠣᠭᠲᠠᠭᠠᠯ》 ᠢ ᠨᠡᠶᠢᠲᠡᠯᠡᠵᠦ᠂ ᠪᠦᠬᠦ ᠨᠠᠮ ᠤᠨ ᠳᠣᠲᠣᠷ᠎ᠠ ᠬᠤᠭᠤᠴᠠᠭ᠎ᠠ ᠪᠠ ᠪᠦᠯᠦᠭ ᠬᠤᠪᠢᠶᠠᠨ ᠦᠵᠡᠯ ᠰᠠᠨᠠᠭ᠎ᠠ ᠪᠠᠨ ᠨᠢᠭᠡᠳᠬᠡᠵᠦ᠂ ᠰᠤᠷᠲᠠᠯ ᠴᠡᠭᠴᠡᠯᠡᠬᠦ᠂ ᠰᠠᠬᠢᠯᠭ᠎ᠠ ᠪᠠᠲᠤ ᠶᠢ ᠴᠢᠩᠭ᠋ᠠᠳᠬᠠᠬᠤ᠂ ᠪᠦᠬᠦ ᠲᠠᠯ᠎ᠠ ᠪᠠᠷ ᠨᠠᠮ ᠴᠡᠭᠴᠡᠯᠡᠬᠦ ᠦᠨᠳᠦᠰᠦᠨ ᠡᠭᠦᠷᠭᠡ ᠪᠡᠨ ᠪᠣᠯᠭᠠᠭᠰᠠᠨ ᠵᠣᠬᠢᠶᠠᠨ ᠪᠠᠶᠢᠭᠤᠯᠤᠯᠲᠠ ᠪᠠᠨ ᠴᠡᠪᠡᠷᠵᠢᠭᠦᠯᠬᠦ 》 ᠠᠵᠢᠯᠯᠠᠭ᠎ᠠ ᠶ᠋ᠢ ᠨᠢᠭᠡ ᠤᠳᠠᠭ᠎ᠠ ᠦᠷᠨᠢᠭᠦᠯᠦᠨ᠎ᠡ᠃ ᠡᠨᠡ ᠪᠣᠯ ᠥᠭᠡᠷᠡᠴᠢᠯᠡᠯᠲᠡ ᠨᠡᠬᠡᠬᠡᠯᠳᠡ ᠡᠴᠡ ᠨᠠᠭᠠᠰᠢᠬᠢ᠂ ᠨᠠᠮ ᠤᠨ ᠪᠠᠶᠢᠭᠤᠯᠤᠯᠲᠠ ᠶᠢᠨ ᠲᠡᠦᠬᠡᠨ ᠳᠡᠬᠢ ᠨᠢᠭᠡᠨ ᠶᠡᠬᠡ ᠶᠠᠪᠤᠳᠠᠯ ᠮᠥᠨ᠂ ᠮᠦᠨ ᠴᠤ ᠣᠳᠣ ᠬᠦᠷᠲᠡᠯᠡᠬᠢ ᠨᠠᠮ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ ᠡᠴᠡ ᠨᠠᠰᠢᠬᠢ ᠬᠢᠵᠦ ᠪᠠᠶᠢᠭ᠎ᠠ ᠴᠤᠷ ᠤᠨ ᠭᠠᠭᠴᠠ ᠬᠦ ᠪᠦᠬᠦ ᠨᠠᠮ ᠤᠨ ᠰᠢᠨᠵᠢᠲᠠᠢ ᠨᠢᠭᠡ ᠤᠳᠠᠭᠠᠨ ᠤ ᠴᠢᠨᠠᠷᠲᠠᠶ ᠨᠠᠮ ᠴᠡᠭᠴᠡᠯᠡᠬᠦ ᠠᠵᠢᠯᠯᠠᠭ᠎ᠠ ᠪᠣᠯᠤᠨ᠎ᠠ ᠃
    1983 ᠣᠨ ᠤ 10 ᠰᠠᠷ᠎ᠠ ᠶᠢᠨ 14 ᠦ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ 《 (ᠳᠤᠮᠳᠠᠳᠤ ᠤᠯᠤᠰ ᠤᠨ ᠡᠪ ᠬᠠᠮᠲᠤ ᠨᠠᠮ ᠴᠡᠭᠴᠡᠯᠡᠬᠦ ᠲᠤᠬᠠᠶ ᠲᠣᠭᠲᠠᠭᠠᠯ ) ᠤᠨ ᠮᠡᠳᠡᠭᠳᠡᠯ ᠢ ᠭᠦᠨᠵᠡᠭᠡᠢ ᠰᠤᠷᠤᠯᠴᠠᠬᠤ 》 ᠮᠡᠳᠡᠭᠳᠡᠯ ᠢ ᠲᠠᠷᠬᠠᠭᠠᠪᠠ᠃ 1983 ᠣᠨ  ᠤ 12 ᠰᠠᠷ᠎ᠠ ᠡᠴᠠ 1987 ᠤᠨ ᠤ 1 ᠰᠠᠷ᠎ᠠ ᠪᠤᠯᠲᠠᠯ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠨᠢ 《ᠡᠪ ᠬᠠᠮᠲᠤ ᠨᠠᠮ ᠤᠨ ᠲᠥᠪ ᠬᠣᠷᠢᠶᠠᠨ ᠤ ᠨᠠᠮ ᠴᠡᠭᠴᠡᠯᠡᠬᠦ ᠲᠤᠬᠠᠶ ᠲᠣᠭᠲᠠᠭᠠᠯ 》 ᠢ ᠦᠨᠳᠦᠰᠦᠯᠡᠨ᠂ ᠭᠤᠷᠪᠠᠨ ᠵᠢᠯ ᠭᠠᠷᠤᠶ ᠶᠢᠨ ᠬᠤᠭᠤᠴᠠᠭ᠎ᠠ ᠶ᠋ᠢ ᠬᠡᠷᠡᠭᠰᠡᠵᠦ᠂ ᠪᠥᠬᠥ ᠣᠷᠣᠨ ᠤ ᠬᠡᠪᠴᠢᠶᠡᠨ ᠳᠦ ᠬᠤᠶᠠᠷ ᠬᠤᠭᠤᠴᠠᠭ᠎ᠠ ᠬᠤᠪᠢᠶᠠᠨ ᠪᠦᠬᠦ ᠲᠠᠯ᠎ᠠ ᠪᠠᠷ ᠨᠠᠮ ᠤᠨ ᠴᠡᠭᠴᠡᠯᠡᠯᠲᠡ ᠶ᠋ᠢ ᠬᠢᠭᠰᠡᠨ ᠪᠠᠶᠢᠨ᠎ᠠ᠃ ᠨᠠᠮ ᠴᠡᠭᠴᠡᠯᠡᠬᠦ ᠠᠵᠢᠯ ᠤᠨ ᠳᠤᠮᠳᠠ᠂ ᠥᠷᠭᠡᠨ ᠤᠯᠠᠨ ᠨᠠᠮ ᠤᠨ ᠭᠡᠰᠢᠭᠦᠨ ᠨᠠᠮ ᠴᠡᠭᠴᠡᠯᠡᠬᠦ ᠲᠤᠬᠠᠶ ᠪᠢᠴᠢᠭ ᠮᠠᠲ᠋ᠧᠷᠢᠶᠠᠯ ᠢ ᠰᠢᠰᠲ᠋ᠧᠮ ᠲᠡᠶ ᠰᠤᠷᠤᠯᠴᠠᠵᠤ᠂ ᠪᠣᠳᠠᠲᠤ ᠪᠠᠶᠢᠳᠠᠯ ᠲᠠᠶ ᠤᠶᠠᠯᠳᠤᠭᠤᠯᠤᠨ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠨ᠂ ᠦᠵᠡᠯ ᠰᠠᠨᠠᠭ᠎ᠠ ᠶᠢ ᠨᠢᠭᠡᠳᠬᠡᠵᠦ᠂ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠠᠴᠠ ᠨᠠᠰᠢᠬᠢ ᠱᠤᠭᠤᠮ ᠢ ᠴᠢᠭᠯᠡᠯᠲᠡ᠂ ᠲᠦᠷᠦ ᠶᠢᠨ ᠪᠤᠳᠤᠯᠭ᠎ᠠ ᠶᠢᠨ ᠲᠤᠬᠠᠶ ᠲᠠᠨᠢᠯᠲᠠ ᠪᠠᠨ ᠳᠡᠭᠡᠭᠰᠢᠯᠡᠭᠦᠯᠵᠦ ᠂ ᠨᠠᠮ ᠤᠨ ᠳᠦᠷᠪᠡᠨ ᠦᠨᠳᠦᠰᠦᠨ ᠵᠠᠷᠴᠢᠮ ᠢ ᠪᠠᠷᠢᠮᠲᠠᠯᠠᠬᠤ ᠲᠠᠯ᠎ᠠ ᠪᠠᠷ ᠳᠡᠭᠡᠭᠰᠢᠯᠡᠭᠦᠯᠦᠨ᠂ ᠤᠯᠤᠰ ᠲᠦᠷᠦ ᠶᠢᠨ ᠲᠠᠯ᠎ᠠ ᠪᠠᠷ ᠲᠥᠪ ᠬᠣᠷᠢᠶ᠎ᠠ ᠲᠠᠶ ᠨᠢᠭᠡᠳᠦᠯᠲᠡᠶ ᠪᠠᠶᠢᠬᠤ ᠤᠬᠠᠮᠰᠠᠷᠲᠤ ᠴᠢᠨᠠᠷ ᠢ ᠳᠡᠭᠡᠭᠰᠢᠯᠡᠬᠦᠯᠵᠡᠢ᠃ ᠥᠷᠭᠡᠨ ᠤᠯᠠᠨ ᠨᠠᠮ ᠤᠨ ᠭᠡᠰᠢᠭᠦᠨ᠂ ᠢᠯᠠᠩᠭᠤᠶ᠎ᠠ ᠨᠠᠮ ᠤᠨ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠠᠵᠢᠯ ᠤᠨ ᠳᠤᠮᠳᠠ ᠤᠷᠳᠤ ᠬᠤᠭᠤᠴᠠᠭ᠎ᠠ ᠪᠠᠷ ᠣᠷᠣᠰᠢᠵᠤ ᠪᠠᠶᠢᠭᠰᠠᠨ 《 ᠵᠡᠭᠦᠨ 》 ᠦ ᠨᠥᠯᠥᠭᠡ ᠪᠠ ᠬᠡᠪᠰᠢᠮᠡᠯ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠴᠡᠪᠡᠷᠯᠡᠵᠦ᠂ ᠬᠤᠳᠠ ᠬᠥᠳᠡᠭᠡ ᠶᠢᠨ ᠠᠵᠤ ᠠᠬᠤᠶ ᠶᠢᠨ ᠪᠠᠶᠢᠭᠤᠯᠤᠮᠵᠢ ᠳ᠋ᠤ ᠥᠭᠡᠷᠡᠴᠢᠯᠡᠯᠲᠡ ᠬᠢᠵᠦ᠂ ᠴᠢᠯᠥᠭᠡᠲᠡᠶ ᠶᠠᠪᠤᠯᠴᠠᠬᠤ᠂ ᠠᠮᠢᠳᠤᠯᠢᠭ ᠢᠶᠠᠷ ᠡᠷᠬᠢᠯᠡᠬᠦ ᠲᠦᠷᠦ ᠶᠢᠨ ᠪᠤᠳᠤᠯᠭ᠎ᠠ ᠶᠢ ᠨᠡᠩ ᠭᠦᠨ ᠣᠶᠢᠯᠠᠭᠠᠵᠤ᠂ ᠲᠠᠨᠢᠯᠲᠠ ᠨᠢ ᠨᠢᠭᠡᠳᠬᠦ ᠵᠦᠭ ᠬᠠᠨᠳᠤᠪᠠ᠃ ᠬᠣᠰᠢᠭᠤ ᠰᠢᠶᠠᠨ ᠤ ᠱᠠᠲᠤᠨ ᠠᠴᠠ ᠳᠡᠭᠡᠭᠰᠢᠬᠢ ᠨᠢᠭᠡᠴᠢ ᠨᠢ ᠪᠠᠰᠠ 《 ᠰᠣᠶᠣᠯ ᠤᠨ ᠶᠡᠬᠡ ᠬᠤᠪᠢᠰᠬᠠᠯ 》 ᠢ ᠲᠤᠶᠢᠯᠪᠤᠷᠢᠲᠠᠶ ᠦᠭᠡᠢᠢᠰᠭᠢᠭᠦ  ᠰᠤᠷᠭᠠᠨ ᠬᠦᠮᠦᠵᠢᠯ ᠢ ᠥᠷᠨᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠦ 《ᠰᠣᠶᠣᠯ ᠤᠨ ᠶᠡᠬᠡ ᠬᠤᠪᠢᠰᠬᠠᠯ 》 ᠤᠨ ᠥᠪᠥᠷ ᠮᠣᠩᠭᠣᠯ ᠤᠨ ᠡᠯ᠎ᠡ ᠦᠨᠳᠦᠰᠦᠲᠡᠨ ᠤ ᠠᠷᠠᠳ ᠲᠦᠮᠡᠨ ᠳᠦ  ᠠᠪᠴᠢᠷᠠᠭᠰᠠᠨ ᠨᠢᠭᠡ ᠤᠳᠠᠭᠠᠨ ᠤ ᠭᠠᠶ ᠭᠠᠮᠰᠢᠭ ᠢ ᠭᠦᠨᠵᠡᠭᠡᠢ ᠲᠠᠨᠢᠭᠤᠯᠵᠠᠢ᠃ ᠡᠭᠦᠨ ᠦ ᠬᠠᠮᠲᠤ᠂ ᠬᠡᠰᠡᠭ ᠪᠦᠯᠦᠭ ᠨᠠᠮ ᠤᠨ ᠭᠡᠰᠢᠭᠦᠨ ᠪᠠ ᠨᠠᠮ ᠤᠨ ᠺᠠᠳ᠋ᠷ ᠨᠠᠷ ᠤᠨ ᠪᠦᠯᠦᠭ ᠢᠶᠡᠷ ᠵᠠᠭᠠᠭᠯᠠᠬᠤ᠂ ᠱᠤᠭᠤᠮ ᠢᠯᠭᠠᠵᠤ᠂ ᠬᠥᠮᠦᠨ ᠢᠶᠡᠷ ᠵᠠᠭᠠᠭᠯᠠᠬᠤ᠂ ᠵᠥᠪ ᠪᠤᠷᠤᠭᠤ ᠶ᠋ᠢ ᠪᠤᠯᠢᠶᠠᠯᠳᠤᠬᠤ᠂ ᠶᠡᠬᠡ ᠪᠠᠭ᠎ᠠ ᠶᠢᠨ ᠠᠰᠠᠭᠤᠳᠠᠯ ᠤᠨ ᠲᠤᠬᠠᠢ ᠵᠦᠷᠢᠴᠡᠯ ᠦᠨ ᠠᠰᠠᠭᠤᠳᠠᠯ ᠢ ᠰᠢᠢᠳᠪᠦᠷᠢᠯᠡᠵᠦ᠂ ᠺᠠᠳ᠋ᠷ ᠤᠨ ᠬᠣᠭᠣᠷᠣᠨᠳᠣᠬᠢ᠂ ᠤᠯᠠᠨ ᠲᠦᠮᠡᠨ ᠦ ᠬᠤᠭᠤᠷᠤᠨᠳᠤᠬᠢ᠂ ᠦᠨᠳᠦᠰᠦᠲᠡᠨ ᠦ ᠬᠤᠭᠤᠷᠤᠨᠳᠤᠬᠢ 《ᠰᠣᠶᠣᠯ ᠤᠨ ᠶᠡᠬᠡ ᠬᠤᠪᠢᠰᠬᠠᠯ 》 ᠤᠨ ᠳᠤᠮᠳᠠ ᠪᠤᠢ ᠪᠣᠯᠤᠭᠰᠠᠨ ᠵᠦᠢᠯ ᠵᠦᠢᠯ ᠢᠶᠡᠷ ᠬᠠᠭᠠᠴᠠᠯ ᠢ ᠠᠷᠢᠯᠭᠠᠵᠤ᠂ ᠨᠠᠮᠴᠢ ᠴᠢᠨᠠᠷ ᠪᠤᠯᠤᠨ ᠡᠯ᠎ᠡ ᠦᠨᠳᠦᠰᠦᠲᠡᠨ ᠦ ᠬᠣᠭᠣᠷᠣᠨᠳᠣᠬᠢ ᠪᠦᠯᠬᠦᠮᠳᠡᠯ ᠢ ᠴᠢᠩᠭᠠᠷᠠᠭᠤᠯᠤᠭᠰᠠᠨ ᠪᠠᠶᠢᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠭᠡᠰᠢᠭᠦᠨ ᠳᠦ ᠴᠢᠭᠯᠡᠭᠦᠯᠦᠭᠰᠡᠨ ᠰᠢᠨᠵᠢ ᠲᠠᠢ ᠪᠠᠷ ᠨᠠᠮ ᠤᠨ ᠦᠨᠳᠦᠰᠦᠨ ᠮᠡᠳᠡᠯᠭᠡ᠂ ᠨᠠᠮᠴᠢ ᠴᠢᠨᠠᠷ᠂ ᠬᠦᠰᠡᠯᠡᠩ ᠪᠣᠯᠤᠨ ᠰᠠᠬᠢᠯᠭ᠎ᠠ ᠪᠠᠲᠤ᠂ ᠨᠠᠮ ᠤᠨ ᠰᠢᠯᠢᠳᠡᠭ ᠤᠯᠠᠮᠵᠢᠯᠠᠯ ᠤᠨ ᠲᠤᠬᠠᠶ ᠬᠥᠮᠦᠵᠢᠯ ᠬᠢᠵᠦ᠂ ᠰᠢᠨ᠎ᠡ ᠴᠠᠭ ᠦᠶ᠎ᠡ ᠳᠡᠬᠢ ᠨᠠᠮ ᠤᠨ ᠭᠡᠰᠢᠭᠦᠨ ᠦ ᠪᠠᠷᠢᠮᠵᠢᠶ᠎ᠠ ᠶᠢᠨ ᠲᠤᠬᠠᠶ ᠰᠤᠷᠭᠠᠨ ᠬᠥᠮᠦᠵᠢᠯ  ᠬᠢᠬᠦ ᠪᠡᠷ ᠳᠠᠮᠵᠢᠭᠤᠯᠤᠨ ᠥᠷᠭᠡᠨ ᠤᠯᠠᠨ ᠨᠠᠮ ᠤᠨ ᠭᠡᠰᠢᠭᠦᠳ ᠤᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠦ ᠦᠢᠯᠡᠴᠢᠯᠡᠬᠦ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠪᠠᠲᠤᠳᠬᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠳᠦᠭᠡᠠ ᠪᠠᠶᠢᠭᠤᠯᠬᠤ ᠲᠠᠨᠢᠯᠲᠠ ᠶ᠋ᠢ ᠭᠦᠨᠵᠡᠭᠡᠶᠢᠷᠡᠬᠦᠯᠵᠦ᠂ ᠠᠵᠢᠯ ᠤᠨ ᠳᠤᠮᠳᠠ ᠪᠠᠨ ᠤᠬᠠᠮᠰᠠᠷ ᠠᠴᠠ ᠪᠠᠨ ᠬᠣᠰᠢᠭᠤᠴᠢ ᠵᠢᠱᠢᠶᠡᠴᠢ ᠦᠢᠯᠡᠳᠦᠯ  ᠪᠠᠳᠠᠷᠠᠭᠤᠯᠬᠤ ᠶ᠋ᠢ ᠠᠬᠢᠭᠤᠯᠵᠠᠢ ᠃
    ᠨᠠᠮ ᠴᠡᠭᠴᠡᠯᠡᠬᠦ ᠶᠠᠪᠤᠴᠠ ᠳᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨᠨᠢ ᠦᠵᠡᠯ ᠰᠠᠨᠠᠭ᠎ᠠ ᠪᠠᠨ ᠨᠢᠭᠡᠳᠬᠡᠬᠦ᠂ ᠰᠤᠷᠲᠠᠯ ᠴᠡᠭᠴᠡᠯᠡᠬᠦ ᠂ ᠰᠠᠬᠢᠯᠭ᠎ᠠ ᠪᠠᠲᠤ ᠶᠢ ᠴᠢᠩᠭ᠋ᠠᠳᠬᠠᠬᠤ᠂ ᠵᠣᠬᠢᠶᠠᠨ ᠪᠠᠶᠢᠭᠤᠯᠤᠯᠲᠠ ᠪᠠᠨ ᠴᠡᠪᠡᠷᠵᠢᠭᠦᠯᠬᠦ ᠬᠡᠷᠡᠭᠲᠡᠶ ᠳᠦᠷᠪᠡᠨ ᠲᠠᠯ᠎ᠠ ᠪᠠᠷ ᠴᠥᠮ ᠯᠤᠲᠤ ᠶᠡᠬᠡ ᠠᠮᠵᠢᠯᠲᠠ ᠣᠯᠤᠭᠰᠠᠨ ᠪᠠᠶᠢᠨ᠎ᠠ᠃ 1983 ᠣᠨ ᠤ 12 ᠰᠠᠷ᠎ᠠ ᠡᠴᠠ 1985 ᠤᠨ ᠤ1 ᠰᠠᠷ᠎ᠠ ᠪᠤᠯᠲᠠᠯᠠᠬᠢ ᠠᠩᠬᠠᠳᠤᠭᠠᠷ ᠬᠤᠭᠤᠴᠠᠭᠠᠨ ᠤ ᠨᠠᠮ ᠴᠡᠭᠴᠡᠯᠡᠬᠦ ᠠᠵᠢᠯ ᠤᠨ ᠳᠤᠮᠳᠠ᠂ ᠨᠡᠶᠢᠲᠡ 30122 ᠨᠡᠷᠡᠰ ᠨᠠᠮ ᠤᠨ ᠭᠡᠰᠢᠭᠦᠨ  ᠤᠷᠤᠯᠴᠠᠪᠠ ( ᠪᠥᠬᠥ ᠨᠠᠮ ᠤᠨ ᠭᠡᠰᠢᠭᠦᠨ ᠦ 4.5% ᠶ᠋ᠢ ᠡᠵᠡᠯᠡᠨ᠎ᠡ )᠃ 1985 ᠣᠨ ᠤ 1 ᠰᠠᠷ᠎ᠠ ᠡᠴᠠ 1987 ᠤᠨ ᠤ 6 ᠰᠠᠷ᠎ᠠ ᠬᠦᠷᠲᠡᠯᠡᠬᠢ ᠬᠣᠶᠠᠳᠤᠭᠠᠷ ᠬᠤᠭᠤᠴᠠᠭᠠᠨ ᠤ ᠨᠠᠮ ᠴᠡᠭᠴᠡᠯᠡᠬᠦ ᠠᠵᠢᠯ ᠤᠨ ᠳᠤᠮᠳᠠ᠂ ᠪᠠᠷᠤᠭ 64 ᠨᠡᠷᠡᠰ ᠨᠠᠮ ᠤᠨ ᠭᠡᠰᠢᠭᠦᠨ ᠣᠷᠣᠯᠴᠠᠪᠠ ᠃ 1985 ᠣᠨ ᠤ 1 ᠰᠠᠷ᠎ᠠ ᠪᠣᠯᠲᠠᠯ᠎ᠠ᠂ ᠬᠡᠷᠡᠭ ᠪᠣᠯᠭᠠᠨ ᠳᠠᠩᠰᠠᠯᠠᠭᠰᠠᠨ ᠡᠷᠬᠡ ᠪᠡᠨ ᠠᠰᠢᠭᠯᠠᠨ ᠬᠤᠪᠢ ᠪᠠᠨ ᠪᠣᠷᠳᠣᠬᠤ ᠪᠤᠶᠤ ᠬᠦᠨᠳᠦ ᠨᠣᠴᠢᠲᠠᠶ ᠨᠣᠶᠠᠨᠴᠢ ᠰᠤᠷᠲᠠᠯ ᠠᠴᠠ ᠰᠦᠢᠳᠬᠡᠨ ᠪᠦᠷᠢᠯᠭᠡᠭᠰᠡᠨ ᠵᠡᠷᠭᠡ ᠠᠰᠠᠭᠤᠳᠠᠯ ᠢ ᠨᠡᠶᠢᠲᠡ 664  ᠬᠤᠪᠢ ᠪᠠᠶᠢᠵᠦ᠂ 368 ᠬᠡᠷᠡᠭ ᠶᠠᠪᠤᠳᠠᠯ ᠢ ᠨᠢᠭᠡᠨᠲᠡ ᠬᠡᠷᠡᠭ ᠲᠠᠰᠤᠯᠪᠠ ᠃ 14 ᠨᠡᠷᠡᠰ ᠨᠠᠮ ᠤᠨ ᠭᠡᠰᠢᠬᠦᠨ ᠨᠠᠮ ᠠᠴᠠ ᠬᠦᠭᠡᠭᠡᠭᠳᠡᠬᠦ ᠰᠢᠢᠳᠬᠡᠯ ᠤᠯᠵᠤ᠂ 73 ᠬᠥᠮᠦᠨ ᠨᠢ ᠨᠠᠮ ᠤᠨ ᠳᠣᠲᠣᠷᠠᠬᠢ ᠪᠤᠰᠤᠳ ᠰᠠᠬᠢᠯᠭ᠎ᠠ ᠪᠠᠲᠤ ᠶᠢᠨ ᠰᠢᠢᠳᠬᠡᠯ ᠤᠯᠵᠠᠢ ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠨᠢᠭᠡᠨᠲᠡ 307 ᠨᠡᠷᠡᠰ ᠨᠠᠮ ᠤᠨ ᠭᠡᠰᠢᠭᠦᠨ ᠨᠢ 7085 ᠲᠡᠭᠰᠢ ᠳᠦᠷᠪᠡᠯᠵᠢᠨ ᠮᠸᠲ᠋ᠷ ᠲᠠᠯᠠᠪᠠᠢ ᠶ᠋ᠢᠨ ᠭᠡᠷ ᠦᠨ ᠲᠦᠷᠢᠶᠡᠰᠦ ᠶ᠋ᠢ ᠨᠦᠬᠦᠪᠦᠷᠢᠯᠡᠨ ᠦᠭᠴᠦ᠂ ᠣᠷᠣᠨ ᠰᠠᠭᠤᠴᠠ ᠢᠯᠡᠭᠦᠦ ᠡᠵᠡᠯᠡᠭᠰᠡᠨ ᠬᠥᠮᠦᠨ ᠦ ᠲᠣᠭ᠎ᠠ ᠶ᠋ᠢᠨ ᠪᠦᠬᠦ ᠬᠥᠮᠦᠨ ᠦ ᠲᠣᠭᠠᠨ ᠤ 98% ᠢ ᠨᠢ ᠵᠠᠯᠠᠷᠠᠭᠤᠯᠤᠭᠰᠠᠨ ᠪᠠᠶᠢᠨ᠎ᠠ᠃ ᠨᠥᠬᠥᠴᠡᠯ ᠳᠦ ᠨᠡᠶᠢᠴᠡᠬᠦ ᠦᠭᠡᠢ ᠠᠵᠢᠯᠴᠢᠨ ᠤ ᠺᠠᠳ᠋ᠷ ᠶ᠋ᠢᠨ ᠪᠠᠶᠢᠷᠢᠨ ᠳ᠋ᠤ ᠰᠢᠯᠵᠢᠭᠰᠡᠨ 317 ᠬᠥᠮᠦᠨ ᠢ ᠤᠭᠴᠠᠷᠠᠭᠤᠯᠵᠤ᠂ ᠠᠯᠪᠠᠨ ᠤ ᠵᠣᠭᠣᠰ ᠢ ᠲᠥᠯᠥᠬᠦ ᠣᠷᠳᠦ ᠬᠤᠭᠤᠴᠠᠭ᠎ᠠ ᠪᠠᠷ ᠥᠷᠢᠲᠦᠭᠰᠡᠨ 20 ᠲᠦᠮᠡᠨ ᠲᠥᠭᠥᠷᠢᠭ ᠢ ᠪᠤᠴᠠᠭᠠᠯᠭᠠᠪᠠ᠃ 1985 ᠤᠨ ᠡᠴᠠ 1986 ᠤᠨ ᠤ 7 ᠰᠠᠷ᠎ᠠ ᠶᠢᠨ 1 ᠦ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠭᠳᠠᠭᠰᠠᠨ 65 ᠵᠢᠯ ᠦᠨ ᠤᠢ ᠶᠢ ᠪᠡᠯᠭᠡᠯᠡᠬᠦ ᠦᠶ᠎ᠡ ᠳᠦ᠂ ᠪᠥᠬᠥ ᠣᠷᠣᠨ ᠤ ᠨᠠᠮ ᠵᠠᠰᠠᠭ ᠤᠨ ᠪᠠᠶᠢᠭᠤᠯᠭ᠎ᠠ ᠪᠣᠯᠤᠨ ᠨᠠᠮ ᠵᠠᠰᠠᠭ ᠤᠨ ᠺᠠᠳ᠋ᠷ ᠤᠨ ᠤᠷᠤᠯᠴᠠᠭᠰᠠᠨ ᠠᠵᠤ ᠠᠬᠤᠶᠢᠯᠠᠯ ᠢ 537 ᠨᠡᠷ᠎ᠡ ᠪᠠᠶᠢᠴᠠᠭᠠᠨ ᠭᠠᠷᠭᠠᠵᠤ᠂ ᠠᠷᠠᠯᠵᠢᠶ᠎ᠠ ᠮᠠᠶᠢᠮᠠᠶ ᠬᠢᠬᠦ ᠳ᠋ᠦ ᠤᠷᠤᠯᠴᠠᠭᠰᠠᠨ ᠨᠠᠮ ᠵᠠᠰᠠᠭ ᠤᠨ ᠺᠠᠳ᠋ᠷ 863 ᠨᠡᠷᠡᠰ᠂ ᠬᠤᠳᠠᠯᠳᠤᠭ᠎ᠠ ᠮᠠᠶᠢᠮᠠᠶ ᠬᠢᠵᠦ ᠠᠵᠤ ᠠᠬᠤᠶᠢᠯᠠᠯ ᠪᠠᠶᠢᠭᠤᠯᠤᠭᠰᠠᠨ 800 ᠭᠠᠷᠤᠶ ᠨᠡᠷᠡᠷᠰ ᠨᠠᠮ ᠵᠠᠰᠠᠭ ᠤᠨ ᠺᠠᠳ᠋ᠷ ᠦ᠋ᠨ 573 ᠨᠡᠷᠡᠰ ᠭᠡᠰᠢᠬᠦᠨ ᠢ ᠭᠠᠷᠭᠠᠵᠤ᠂ ᠪᠤᠰᠤᠳ ᠨᠢ ᠦᠨᠳᠦᠰᠦᠨ ᠳᠡᠭᠡᠨ ᠠᠵᠤ ᠠᠬᠤᠶᠢᠯᠠᠯ ᠠᠴᠠ ᠬᠠᠷᠢᠶᠠᠯᠠᠯ ᠳ᠋ᠤ ᠰᠢᠯᠵᠢᠨ ᠤᠷᠤᠵᠠᠢ᠃ 1987 ᠣᠨ ᠤ 6 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠨᠠᠮ ᠴᠡᠭᠴᠡᠯᠡᠬᠦ ᠠᠵᠢᠯ ᠵᠢᠩᠬᠢᠨᠢ ᠳᠠᠭᠤᠰᠬᠤ ᠲᠤᠯᠲᠠᠯ᠎ᠠ᠂ ᠨᠡᠶᠢᠲᠡ 369 ᠶᠡᠬᠡ ᠬᠡᠷᠡᠭ ᠢ ᠪᠠᠶᠢᠴᠠᠭᠠᠨ ᠲᠤᠳᠤᠯᠵᠤ᠂ 419 ᠰᠢᠶᠠᠨ ᠤ ᠤᠳᠤᠷᠢᠳᠬᠤ ᠪᠠᠭ ᠢ ᠲᠤᠬᠢᠷᠠᠭᠤᠯᠤᠯᠲᠠ ᠪᠠ ᠲᠡᠭᠦᠯᠳᠡᠷᠵᠢᠭᠦᠯᠦᠯᠲᠡ ᠬᠢᠵᠦ ᠂ 41 ᠲᠦᠮᠡᠨ ᠨᠡᠷᠡᠰ ᠰᠢᠨ᠎ᠡ ᠨᠠᠮ ᠤᠨ ᠭᠡᠰᠢᠭᠦᠨ ᠢ ᠡᠯᠰᠡᠵᠦ ᠬᠦᠭᠵᠢᠬᠦᠯᠦᠨ᠂ 《 ᠰᠣᠶᠣᠯ ᠤᠨ ᠶᠡᠬᠡ ᠬᠤᠪᠢᠰᠬᠠᠯ 》 ᠤᠨ ᠳᠤᠮᠳᠠᠬᠢ 《 ᠭᠤᠷᠪᠠᠨ ᠵᠦᠢᠯ ᠦᠨ ᠬᠥᠮᠦᠨ 》 ᠢ ᠴᠡᠪᠡᠷᠯᠡᠨ ᠠᠷᠢᠯᠭᠠᠭᠰᠠᠨ ᠪᠠᠶᠢᠨ᠎ᠠ ᠃

ᠵᠣᠬᠢᠶᠠᠭᠴᠢ:
ᠢᠷᠡᠯᠲᠡ: