ᠰᠤᠷᠤᠯᠭ᠎ᠠ ᠪᠡᠷ ᠰᠠᠭᠤᠷᠢ ᠪᠣᠯᠭᠠᠨ ᠂ ᠬᠢᠬᠦ ᠪᠡᠷ ᠭᠣᠣᠯᠳᠠᠯᠭ᠎ᠠ ᠪᠣᠯᠭᠠᠭᠰᠠᠨ᠂ ᠳᠤᠯᠠᠭᠠᠨᠭᠡᠷ ᠬᠠᠯᠠᠭᠤᠨ ᠳᠤᠯᠠᠭᠠᠨ ᠭᠡᠷ ᠪᠦᠯᠢ ᠪᠤᠭᠤᠲᠤ ᠬᠤᠳᠠ ᠶᠢᠨ ᠲᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ ᠤ ᠪᠠᠲᠤᠬᠠᠭᠠᠯᠭ᠎ᠠ ᠪᠠᠯᠭᠠᠰᠤ ᠶᠢᠨ ᠳᠤᠯᠠᠭᠠᠨᠭᠡᠷ ᠨᠡᠶᠢᠭᠡᠮ ᠲᠣᠭᠣᠷᠢᠭ ᠲᠤ

  2019-01-02

    《ᠬᠣᠶᠠᠷ ᠢ ᠰᠤᠷᠤᠯᠴᠠᠵᠦ ᠨᠢᠭᠡ ᠳᠦ ᠲᠡᠩᠴᠡᠭᠦᠯᠬᠦ 》 ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠡᠴᠡ ᠨᠠᠰᠢ᠂ ᠲᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ ᠤ ᠪᠠᠲᠤᠬᠠᠭᠠᠯᠭ᠎ᠠ ᠪᠠᠯᠭᠠᠰᠤ ᠶᠢᠨ ᠳᠤᠯᠠᠭᠠᠨᠭᠡᠷ ᠨᠡᠶᠢᠭᠡᠮ ᠲᠣᠭᠣᠷᠢᠭ ᠲᠤ 《 ᠦᠨᠳᠦᠰᠦᠲᠡᠨ ᠦ ᠪᠦᠯᠬᠦᠮᠳᠡᠬᠦ ᠬᠡᠯᠪᠡᠷᠢ 》 ᠭᠡᠬᠦ ᠭᠣᠣᠯ ᠰᠡᠳᠦᠪᠲᠦ ᠰᠣᠶᠣᠯ ᠢᠶᠠᠷ ᠬᠦᠲᠦᠯᠦᠮᠵᠢ ᠪᠣᠯᠭᠠᠵᠤ ᠂ 《 1241 》 ᠦᠶᠯᠡᠴᠢᠯᠡᠭᠡᠨ ᠦ ᠵᠠᠭᠪᠤᠷ ᠢ ᠪᠠᠶᠢᠭᠤᠯᠵᠤ ᠂ ᠨᠡᠶᠢᠭᠡᠮ ᠲᠣᠭᠣᠷᠢᠭ ᠤᠨ ᠨᠠᠮ ᠤᠨ ᠭᠡᠰᠢᠭᠦᠨ ᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠲᠠᠢᠢᠴᠢᠯᠠᠨ ᠂ ᠥᠷᠭᠡᠨ ᠤᠯᠠᠨ ᠨᠠᠮ ᠤᠨ ᠭᠡᠰᠢᠭᠦᠳ ᠦᠨ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ᠂ ᠦᠨᠳᠦᠰᠦᠲᠡᠨ ᠦ ᠪᠦᠯᠬᠦᠮᠳᠡᠯ ᠦᠨ ᠬᠡᠯᠪᠡᠷᠢᠲᠦ  ᠨᠡᠶᠢᠭᠡᠮ ᠲᠣᠭᠣᠷᠢᠭ ᠢ ᠪᠦᠬᠦ ᠬᠦᠴᠦᠨ ᠢᠶᠡᠷ ᠪᠦᠲᠦᠭᠡᠨ ᠪᠠᠶᠢᠭᠤᠯᠤᠨ᠎ᠠ ᠃                                                                 ( ᠨᠢᠭᠡ) ᠰᠠᠭᠤᠭᠠᠯᠢ ᠠᠷᠠᠳ ᠲᠤ ᠨᠡᠩ ᠰᠠᠶᠢᠨ ᠦᠢᠯᠡᠴᠢᠯᠡᠬᠦ ᠪᠠᠲᠤ ᠪᠡᠬᠢ ᠰᠠᠭᠤᠷᠢ ᠶᠢ ᠲᠠᠯᠪᠢᠬᠤ ᠶᠢᠨ ᠲᠦᠯᠦᠭᠡ ᠬᠦᠭᠦᠷᠭᠡ ᠪᠠᠶᠢᠭᠤᠯᠤᠨ᠎ᠠ᠃ ᠰᠠᠭᠤᠭᠠᠯᠢ ᠠᠷᠠᠳ ᠤᠨ ᠡᠷᠦᠭᠡ ᠠᠮᠠ ᠶᠢᠨ ᠲᠠᠨᠭᠰᠠ ᠶᠢᠨ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤᠨ ᠤ ᠬᠣᠣᠰ ᠴᠢᠭᠯᠡᠯᠲᠦ ᠬᠠᠷᠢᠯᠴᠠᠭᠠᠨ ᠤ ᠲᠣᠭᠲᠠᠴᠠ ᠶᠢ ᠪᠠᠶᠢᠭᠤᠯᠵᠤ᠂ ᠮᠠᠯᠴᠢᠳ ᠤᠨ ᠮᠡᠳᠡᠭᠡ ᠵᠠᠩᠭᠢ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠮᠡᠳᠡᠭᠡ ᠵᠠᠩᠭᠢ ᠶᠢᠨ ᠰᠣᠯᠢᠯᠴᠠᠭ᠎ᠠ ᠂ ᠪᠠᠶᠢᠴᠠᠭᠠᠯᠲᠠ᠂ ᠬᠠᠷᠢᠯᠴᠠᠭ᠎ᠠ᠂ ᠪᠤᠴᠠᠯᠲᠠ ᠶᠢᠨ ᠴᠠᠭ ᠲᠤᠬᠠᠢᠢᠴᠢ ᠴᠢᠨᠠᠷ᠂ ᠣᠨᠣᠪᠴᠢᠲᠤ ᠴᠢᠨᠠᠷ ᠢ ᠳᠡᠭᠡᠭᠰᠢᠯᠡᠭᠦᠯᠦᠨ᠂ ᠬᠥᠳᠡᠯᠦᠩᠭᠦᠢ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠶ ᠪᠠᠷ ᠬᠠᠮᠲᠤᠷᠠᠭᠰᠠᠨ ᠬᠤᠷᠠᠯ ᠡᠷᠬᠢᠯᠡᠵᠦ᠂ ᠬᠠᠮᠲᠤ ᠪᠠᠷ ᠰᠤᠳᠤᠯᠤᠨ ᠶᠠᠷᠢᠯᠴᠠᠨ᠎ᠠ᠃ ᠬᠣᠲᠠ ᠣᠷᠣᠬᠣ ᠰᠢᠯᠵᠢᠭᠦᠯᠦᠯᠲᠡ ᠳᠡᠬᠢ ᠮᠠᠯᠴᠢᠨ ᠤ ᠬᠠᠮᠢᠶᠠᠷᠤᠯᠲᠠ ᠶᠢᠨ ᠳᠤᠮᠳᠠ ᠢᠯᠡᠷᠡᠭᠰᠡᠨ ᠰᠢᠨ᠎ᠡ ᠠᠰᠠᠭᠤᠳᠠᠯ ᠂ ᠰᠢᠨ᠎ᠡ ᠪᠠᠶᠢᠳᠠᠯ ᠢ ᠵᠦᠪᠳᠡᠨ ᠰᠢᠢᠳᠪᠦᠷᠢᠯᠡᠵᠦ᠂ ᠰᠠᠭᠤᠭᠠᠯᠢ ᠠᠷᠠᠳ ᠤᠨ ᠰᠠᠭᠤᠭ᠎ᠠ ᠭᠠᠵᠠᠷ ᠣᠷᠣᠨ ᠪᠠ ᠡᠷᠦᠬᠡ ᠠᠮᠠ ᠶᠢᠨ ᠪᠠᠶᠢᠭ᠎ᠠ ᠭᠠᠵᠠᠷ ᠤᠨ 《 ᠬᠣᠸᠰ ᠴᠢᠭᠯᠡᠯᠲᠦ ᠬᠠᠮᠢᠶᠠᠷᠤᠯᠲᠠ᠂ ᠬᠣᠣᠰ ᠴᠢᠭᠯᠡᠯᠲᠦ ᠬᠢᠨᠠᠯᠲᠠ᠂ ᠬᠣᠣᠰ ᠴᠢᠭ᠋ᠯᠡᠯᠲᠦ ᠦᠢᠯᠡᠴᠢᠯᠡᠭᠡᠨ》 ᠦ ᠬᠥᠮᠦᠨ ᠠᠮᠠ ᠶᠢᠨ ᠬᠠᠮᠢᠶᠠᠷᠤᠯᠲᠠ ᠶᠢᠨ ᠰᠢᠨ᠎ᠡ ᠲᠣᠭᠲᠠᠴᠠ ᠢ ᠪᠦᠷᠢᠯᠳᠦᠵᠠᠢ᠃ 

    ( ᠬᠣᠷᠠᠷ) ᠲᠤᠬᠠᠢᠯᠠᠪᠠᠯ ᠮᠣᠩᠭᠣᠯ ᠬᠢᠲᠠᠳ ᠬᠣᠶᠠᠷ ᠬᠡᠯᠡᠨ ᠦ ᠦᠢᠯᠡᠴᠢᠯᠡᠭᠡ ᠬᠠᠩᠭᠠᠵᠤ ᠂ ᠨᠡᠶᠢᠭᠡᠮ ᠲᠣᠭᠣᠷᠢᠭ ᠤᠨ ᠦᠢᠯᠡᠴᠢᠯᠡᠭᠡᠨ ᠤ ᠰᠠᠭᠤᠭᠠᠯᠢ ᠠᠷᠠᠳ ᠳᠠᠬᠢ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠴᠢᠩᠭᠠᠳᠬᠠᠨ᠎ᠠ᠃ ᠨᠡᠶᠢᠭᠡᠮ ᠲᠣᠭᠣᠷᠢᠭ ᠡᠴᠡ《 ᠮᠣᠩᠭᠣᠯ ᠬᠢᠲᠠᠳ ᠬᠣᠣᠰ ᠬᠡᠯᠡᠨ》 ᠦ ᠣᠨᠴᠠᠯᠢᠭᠲᠤ ᠦᠢᠯᠡᠴᠢᠯᠡᠭᠡ ᠶᠢ ᠬᠡᠷᠡᠭᠵᠢᠭᠦᠯᠦᠨ ᠂ ᠨᠡᠶᠢᠭᠡᠮ ᠲᠣᠭᠣᠷᠢᠭ ᠤᠨ ᠰᠣᠶᠣᠯ ᠤᠨ ᠠᠵᠢᠯᠯᠠᠭᠠᠨ ᠤ ᠭᠠᠵᠠᠷ ᠳᠠᠬᠢ ᠡᠯ᠎ᠡ ᠲᠥᠷᠥᠯ ᠦᠨ ᠬᠡᠷ ᠤᠨ ᠫᠠᠶᠢᠰᠠ ᠲᠡᠮᠳᠡᠭ ᠫᠠᠶᠢᠰᠠ᠂ ᠤᠷᠢᠶ᠎ᠠ ᠯᠣᠽᠦ᠋ᠩ ᠤᠨ ᠮᠡᠳᠡᠭᠳᠡᠯ᠂ ᠳᠡᠯᠭᠡᠭᠦᠷ ᠦᠨ ᠴᠣᠩᠬᠣ ᠰᠠᠮᠪᠠᠷ᠎ᠠ ᠶᠢᠨ ᠰᠣᠨᠢᠨ᠂ ᠲᠦᠷᠢᠮ ᠲᠣᠭᠲᠠᠭᠠᠯ ᠦᠨ ᠵᠢᠷᠤᠭᠲᠤ ᠳᠡᠪᠲᠡᠷ᠂ ᠳᠠᠩᠰᠠ ᠡᠪᠬᠡᠮᠡᠯ ᠤᠨ ᠬᠦᠰᠦᠨᠦᠭᠲᠦ ᠵᠡᠷᠭᠡ ᠶᠢᠨ ᠠᠭᠤᠯᠭ᠎ᠠ  ᠶᠢ ᠪᠦᠬᠦᠨ ᠢ ᠮᠣᠩᠭᠣᠯ ᠬᠢᠲᠠᠳ ᠬᠣᠸᠰ ᠬᠡᠯᠡ ᠵᠡᠷᠭᠡᠪᠡᠷ ᠬᠡᠷᠡᠭᠯᠡᠬᠦ ᠬᠡᠷᠡᠭᠲᠡᠶ ᠃ ᠨᠡᠶᠢᠭᠡᠮ ᠲᠣᠭᠣᠷᠢᠭ ᠲᠤ 《 ᠨᠢᠭᠡ ᠥᠷᠲᠡᠭᠡ ᠮᠠᠶ᠋ᠢᠭ 》 ᠤᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠦ ᠲᠢᠩᠬᠢᠮ ᠳᠤ 《 ᠮᠣᠩᠭᠣᠯ ᠬᠢᠲᠠᠳ ᠬᠣᠸᠰ ᠬᠡᠯᠡᠨ ᠦ ᠦᠶᠯᠡᠴᠢᠯᠡᠭᠡᠨ ᠦ ᠠᠵᠢᠯ ᠤᠨ ᠪᠠᠶᠢᠷᠢ 》 ᠨᠡᠭᠡᠭᠡᠬᠦ ᠶᠢᠨ ᠬᠠᠮᠲᠤ᠂ ᠠᠵᠢᠯ ᠤᠨ ᠴᠢᠯᠥᠭᠡᠨ ᠦ ᠴᠠᠭ ᠢᠶᠠᠨ ᠠᠰᠢᠭᠯᠠᠨ᠂ ᠮᠣᠩᠭᠣᠯ ᠬᠢᠲᠠᠳ ᠬᠣᠸᠰ ᠬᠡᠯᠡᠨ ᠦ ᠬᠢᠴᠢᠶᠡᠯᠯᠡᠭᠡ᠂ ᠮᠣᠩᠭᠣᠯ ᠬᠢᠲᠠᠳ ᠬᠣᠸᠰ ᠬᠡᠯᠡᠨ ᠦ ᠰᠤᠷᠤᠯᠴᠠᠯᠠᠭ᠎ᠠ ᠶᠢᠨ ᠮᠠᠲ᠋ᠧᠷᠢᠶᠠᠯ ᠢ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯᠲᠠᠳ᠂ ᠬᠡᠰᠡᠭ ᠰᠠᠭᠤᠭᠠᠯᠢ ᠠᠷᠠᠳ ᠲᠤ ᠮᠣᠩᠭᠣᠯ ᠬᠢᠲᠠᠳ ᠬᠣᠸᠰ ᠬᠡᠯᠡᠨ ᠦ ᠪᠣᠯᠪᠠᠰᠤᠷᠠᠯ ᠬᠢᠨ᠎ᠡ᠃ ᠮᠠᠯᠴᠢᠳ ᠤᠨ ᠦᠢᠯᠡᠰ ᠪᠣᠰᠬᠠᠬᠤ ᠲᠤᠰᠬᠠᠶ ᠵᠡᠭᠡᠯᠢ ᠶᠢ ᠪᠠᠶᠢᠭᠤᠯᠵᠦ᠂ ᠲᠣᠭᠲᠠᠮᠠᠯ ᠬᠤᠭᠤᠴᠠᠭ᠎ᠠ ᠲᠠᠶ ᠪᠠᠷ ᠮᠣᠩᠭᠣᠯ ᠬᠢᠲᠠᠳ ᠬᠣᠸᠰ ᠬᠡᠯᠡᠨ ᠦ ᠠᠵᠢᠯ ᠣᠯᠵᠤ ᠦᠢᠯᠡᠰ ᠪᠤᠰᠬᠠᠬᠤ᠂ ᠣᠶᠣᠳᠠᠯ ᠤᠨ ᠮᠡᠷᠭᠡᠵᠢᠯ ᠂ ᠮᠣᠩᠭᠣᠯ ᠦᠨᠳᠦᠰᠦᠲᠡᠨ ᠦ ᠤᠯᠠᠮᠵᠢᠯᠠᠯᠲᠤ ᠵᠡᠭᠦᠦ ᠬᠠᠳᠬᠤᠮᠠᠯ ᠤᠨ ᠮᠡᠷᠭᠡᠵᠢᠯ ᠵᠡᠷᠭᠡ ᠬᠡᠷᠡᠭᠯᠡᠭᠡᠨ ᠦ ᠮᠡᠷᠭᠡᠵᠢᠯ ᠤᠨ ᠪᠣᠯᠪᠠᠰᠤᠷᠠᠭᠤᠯᠤᠯ ᠦᠨ ᠠᠵᠢᠯᠯᠠᠭ᠎ᠠ ᠶᠢ ᠦᠷᠨᠢᠭᠦᠯᠵᠦ᠂ ᠮᠠᠯᠴᠢᠳ ᠤᠨ ᠠᠵᠢᠯ ᠡᠷᠬᠢᠯᠡᠬᠦ ᠮᠡᠷᠭᠡᠵᠢᠯ ᠢ ᠳᠡᠭᠡᠭᠰᠢᠯᠡᠭᠦᠯᠵᠦ ᠂ ᠮᠠᠯᠴᠢᠳ ᠤᠨ ᠠᠵᠢᠯ ᠣᠯᠭᠣᠯᠲᠠ ᠶᠢᠨ ᠵᠠᠮ ᠢ ᠦᠷᠭᠡᠳᠭᠡᠨ ᠰᠢᠯᠵᠢᠭᠦᠯᠦᠨ᠎ᠡ ᠃

    ( ᠭᠤᠷᠪᠠ) ᠲᠤᠬᠠᠢᠯᠠᠪᠠᠯ ᠲᠦᠷᠪᠡᠨ 15 ᠮᠢᠨᠦ᠋ᠲ ᠤᠨ ᠠᠷᠠᠳ ᠲᠤ ᠲᠥᠬᠥᠮ ᠦᠵᠡᠭᠦᠯᠬᠦ ᠦᠶᠯᠡᠴᠢᠯᠡᠭᠡᠨ ᠦ ᠲᠣᠸᠷ ᠢ ᠪᠠᠶᠢᠭᠤᠯᠵᠤ᠂ ᠰᠠᠭᠤᠭᠠᠯᠢ ᠠᠷᠠᠳ ᠲᠤ ᠦᠢᠯᠡᠴᠢᠯᠡᠬᠦ ᠴᠢᠨᠠᠷ ᠴᠢᠨᠰᠠᠭ᠎ᠠ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠶᠢᠭᠡᠮ ᠲᠣᠭᠣᠷᠢᠭ ᠤᠨ《 ᠬᠣᠶᠠᠷ ᠵᠥᠪᠯᠡᠯ 》 ᠦᠨ ᠺᠠᠳ᠋ᠷ ᠳᠠᠭᠠᠭᠤᠯᠤᠨ᠂ ᠨᠡᠶᠢᠭᠡᠮ ᠲᠣᠭᠣᠷᠢᠭ ᠤᠨ ᠠᠵᠢᠯ ᠠᠴᠠ ᠪᠠᠨ ᠪᠠᠭᠤᠭᠰᠠᠨ ᠺᠠᠳ᠋ᠷ᠂ ᠲᠤᠰᠢᠶᠠᠯ ᠳᠤ ᠪᠠᠶᠢᠭ᠎ᠠ ᠨᠠᠮ ᠤᠨ ᠭᠡᠰᠢᠭᠦᠨ᠂ ᠤᠳᠬ᠎ᠠ ᠤᠷᠠᠯᠢᠭ ᠤᠨ ᠪᠠᠬᠠᠲᠠᠨ᠂ ᠬᠠᠯᠠᠭᠤᠨ ᠰᠡᠳᠭᠢᠯᠲᠦ ᠰᠠᠭᠤᠭᠠᠯᠢ ᠠᠷᠠᠳ ᠵᠡᠷᠭᠡ ᠶᠢ ᠴᠤᠭᠯᠠᠭᠤᠯᠤᠨ ᠰᠠᠶᠢᠨ ᠳᠤᠷᠠᠴᠤᠳ ᠤᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠬᠤ ᠬᠡᠷᠡᠭᠲᠡᠶ᠃ 15 ᠮᠢᠨᠦ᠋ᠲ ᠦᠨ ᠳᠣᠲᠣᠷ᠎ᠠ ᠴᠠᠭ ᠲᠤᠬᠠᠶ ᠳᠤᠨᠢ ᠲᠣᠭᠲᠠᠭᠰᠠᠨ ᠠᠮᠢᠳᠤᠷᠠᠯ ᠤᠨ ᠬᠠᠷᠠᠭᠠᠯᠵᠠᠯ ᠦᠵᠡᠭᠦᠯᠬᠦ ᠦᠶᠯᠡᠴᠢᠯᠡᠭᠡᠨ ᠦ ᠲᠣᠸᠷ ᠢ ᠪᠠᠶᠢᠭᠤᠯᠵᠤ᠂ ᠥᠨᠥᠴᠢᠨ ᠪᠡᠯᠪᠡᠰᠦᠨ ᠭᠣᠣᠨᠢ ᠨᠠᠰᠤᠲᠠᠨ᠂ ᠵᠡᠮᠳᠡᠭᠴᠦᠦᠯ ᠂ ᠭᠡᠷ ᠢᠶᠡᠨ ᠰᠠᠬᠢᠵᠤ ᠬᠣᠴᠣᠷᠤᠭᠰᠠᠨ ᠬᠡᠦᠬᠡᠳ ᠂ ᠦᠨᠦᠴᠢᠨ ᠦᠷᠦᠭᠡᠰᠦᠨ ᠵᠡᠷᠭᠡ ᠣᠨᠴᠠᠭᠠᠶ ᠬᠦᠴᠢᠷᠳᠡᠯ ᠲᠡᠶ ᠰᠠᠭᠤᠭᠠᠯᠢ ᠠᠷᠠᠳ ᠲᠤ ᠡᠷᠡᠭᠦᠯ ᠬᠠᠮᠠᠭᠠᠯᠠᠯ ᠤᠨ ᠠᠷᠢᠭᠤᠨ ᠴᠡᠪᠡᠷ ᠬᠠᠩᠭᠠᠬᠤ ᠂ ᠤᠰᠤᠨ ᠤ ᠰᠦᠶᠳᠬᠡᠯ ᠴᠠᠬᠢᠯᠭᠠᠨ ᠤ ᠰᠦᠢᠳᠬᠡᠯ ᠳ᠋ᠢᠶᠠᠩᠬᠤᠸᠠ ᠶᠢᠨ ᠵᠠᠷᠤᠳᠠᠯ ᠶᠢ ᠣᠷᠣᠯᠠᠨ ᠲᠤᠰᠢᠶᠠᠬᠤ᠂ ᠬᠣᠭᠣᠯᠠ ᠬᠦᠷᠭᠡᠬᠦ ᠂ ᠪᠠᠷᠠᠭ᠎ᠠ ᠬᠤᠳᠠᠯᠳᠤᠨ ᠠᠪᠬᠤ ᠵᠡᠷᠭᠡ ᠦᠢᠯᠡᠴᠢᠯᠡᠭᠡ ᠬᠠᠩᠭᠠᠵᠤ ᠂ ᠲᠣᠭᠲᠠᠮᠠᠯ ᠬᠤᠭᠤᠴᠠᠭ᠎ᠠ ᠲᠠᠶ ᠪᠠᠷ ᠪᠣᠯᠭᠣᠭᠠᠨ ᠲᠣᠬᠣᠨᠢᠭᠤᠯᠵᠤ᠂ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠲᠡᠳᠡᠨ ᠢ ᠬᠠᠪᠰᠤᠷᠴᠤ ᠠᠮᠢᠳᠤᠷᠠᠯ ᠤᠨ ᠳᠤᠮᠳᠠᠬᠢ ᠬᠦᠴᠢᠷ ᠢ ᠢᠯᠠᠨ ᠳᠠᠪᠠᠭᠤᠯᠤᠨ᠎ᠠ᠃ 15 ᠮᠢᠨᠦ᠋ᠲ ᠦᠨ ᠠᠮᠤᠷ ᠲᠦᠪᠰᠢᠨ ᠪᠥᠭᠡᠳ ᠳᠥᠭᠥᠮ ᠳᠥᠲᠡ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠦ ᠲᠣᠸᠷ ᠢ ᠪᠠᠶᠢᠭᠤᠯᠵᠤ ᠂ ᠨᠡᠶᠢᠭᠡᠮ ᠲᠣᠭᠣᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠳᠡᠭᠡ ᠪᠣᠯᠤᠨ ᠨᠡᠶᠢᠭᠡᠮ ᠲᠣᠭᠣᠷᠢᠭ ᠤᠨ ᠰᠠᠭᠤᠭᠠᠯᠢ ᠠᠷᠠᠳ ᠤᠨ 《 ᠨᠢᠭᠡ ᠬᠠᠷᠠᠭᠠᠯᠵᠠᠬᠤ ᠣᠯᠠᠨ》 ᠬᠡᠷ ᠪᠦᠯᠢ ᠶᠢᠨ ᠡᠮᠴᠢ ᠲᠡᠶ ᠭᠡᠷ᠎ᠡ ᠲᠣᠭᠲᠠᠬᠤ᠂ ᠡᠷᠦᠬᠡ ᠪᠣᠯᠭᠠᠨ ᠳᠦ ᠡᠷᠡᠭᠦᠯ ᠮᠡᠨᠳᠦ ᠶᠢᠨ ᠳᠠᠩᠰᠠ ᠡᠪᠬᠡᠮᠡᠯ ᠪᠠᠢᠭᠤᠯᠤᠨ ᠦᠭᠴᠦ᠂ ᠡᠮᠴᠢ ᠰᠤᠪᠢᠯᠠᠭᠴᠢ ᠶᠢᠨ ᠦᠢᠯᠡᠴᠢᠯᠡᠭᠡᠨ ᠦ ᠺᠠᠷᠲ ᠣᠯᠭᠣᠵᠣ ᠂ 60 ᠨᠠᠰᠤᠨ ᠠᠴᠠ ᠳᠡᠭᠡᠭᠰᠢᠬᠢ ᠭᠠᠭᠴᠠ ᠦᠷ᠎ᠡ ᠬᠡᠦᠬᠡᠳ ᠲᠡᠶ ᠨᠠᠰᠤᠲᠠᠨ ᠲᠤ ᠲᠣᠪᠴᠢᠳᠠᠨ ᠨᠡᠪᠲᠡᠷᠡᠭᠦᠯᠬᠦ ᠭᠠᠷ ᠤᠲᠠᠰᠤ ᠶᠢ ᠣᠯᠭᠣᠬᠤ ᠪᠣᠯᠤᠨ᠎ᠠ᠃ 15 ᠮᠢᠨᠦ᠋ᠲ ᠦᠨ ᠨᠠᠰᠤᠲᠠᠶᠢᠴᠤᠳ ᠤᠨ ᠰᠣᠶᠣᠯ ᠪᠡᠶ᠎ᠡ ᠶᠢᠨ ᠲᠠᠮᠢᠷ ᠤᠨ ᠦᠶᠯᠡᠴᠢᠯᠡᠭᠡᠨ ᠦ ᠲᠣᠸᠷ ᠢ ᠪᠠᠶᠢᠭᠤᠯᠵᠤ ᠂ ᠨᠠᠰᠤᠲᠠᠶᠢᠴᠤᠳ ᠲᠤ  ᠺᠣᠮᠫᠢᠦ᠋ᠲ᠋ᠧᠷ ᠤᠨ ᠦᠷᠦᠭᠡ᠂  ᠨᠣᠮ ᠣᠨ ᠰᠡᠡᠭ ᠂ ᠰᠢᠲᠠᠷ᠎ᠠ ᠶᠢᠨ ᠥᠷᠥᠭᠡ ᠂ ᠵᠣᠭᠣᠭᠳᠠᠬᠤ ᠦᠷᠦᠭᠡ᠂ ᠤᠯᠠᠨ ᠴᠢᠳᠠᠪᠤᠷᠢᠲᠤ ᠰᠣᠶᠣᠯ ᠤᠨ ᠠᠵᠢᠯᠯᠠᠭᠠᠨ ᠤ ᠦᠷᠦᠭᠡ ᠵᠡᠷᠭᠡ ᠵᠤᠭ᠎ᠠ ᠴᠡᠩᠭᠡᠯ ᠦᠨ ᠭᠠᠵᠠᠷ ᠢ ᠡᠳᠦᠷᠵᠢᠨ ᠰᠦᠢᠳᠭᠡᠯ ᠬᠤᠷᠢᠶᠠᠬᠤ ᠦᠭᠡᠢ ᠪᠡᠷ ᠬᠠᠩᠭᠠᠨ᠎ᠠ᠃ 15 ᠮᠢᠨᠦ᠋ᠲ ᠦᠨ ᠰᠠᠭᠤᠭᠠᠯᠢ ᠠᠷᠠᠳ ᠤᠨ ᠦᠵᠡᠯ ᠰᠠᠨᠠᠭᠠᠨ ᠤ ᠲᠠᠠᠢᠳᠬᠤᠷᠠᠭᠤᠯᠤᠯ ᠤᠨ ᠦᠶᠯᠡᠴᠢᠯᠡᠭᠡᠨ ᠦ ᠲᠣᠸᠷ ᠢ ᠪᠠᠶᠢᠭᠤᠯᠵᠤ ᠂ ᠰᠠᠭᠤᠭᠠᠯᠢ ᠠᠷᠠᠳ ᠤᠨ ᠠᠶᠢᠯ ᠵᠡᠷᠭᠡᠯᠡᠳᠡᠭᠡ ᠬᠣᠭᠣᠷᠣᠨᠳᠣ ᠶᠢᠨ ᠬᠠᠪᠰᠤᠷᠤᠯᠴᠠᠯ᠂ ᠬᠠᠶᠢᠷ᠎ᠠ ᠰᠡᠳᠭᠢᠯᠭᠡ ᠶᠢᠨ ᠨᠡᠪᠲᠡᠷᠡᠯᠴᠡᠯ ᠂ ᠰᠡᠳᠬᠢᠯ ᠢᠶᠡᠨ ᠶᠠᠷᠢᠯᠴᠠᠬᠤ ᠂ ᠰᠡᠳᠭᠢᠴᠡ ᠶᠢᠨ ᠵᠥᠪᠯᠡᠯᠭᠡ ᠥᠭᠬᠦ ᠵᠡᠷᠭᠡ ᠦᠵᠡᠯ ᠰᠠᠨᠠᠭᠠᠨ ᠤ ᠦᠢᠯᠡᠴᠢᠯᠡᠭᠡ ᠬᠠᠩᠭᠠᠬᠤ ᠬᠡᠷᠡᠭᠲᠡᠶ ᠃ ᠨᠡᠶᠢᠭᠡᠮ ᠲᠣᠭᠣᠷᠢᠭ ᠤᠨ ᠨᠠᠰᠤᠨ ᠳᠤ ᠥᠯᠥ ᠭᠦᠷᠦᠭᠰᠡᠳ ᠦᠨ ᠰᠡᠳᠭᠢᠴᠡ ᠶᠢᠨ ᠵᠢᠯᠤᠭᠣᠳᠤᠯᠭ᠎ᠠ ᠶᠢᠨ ᠦᠷᠳᠠᠭᠡ ᠳᠦ ᠲᠦᠰᠢᠭᠯᠡᠵᠦ᠂ ᠸᠢᠴᠠᠲ ᠴᠤᠭᠯᠠᠷᠠᠯ ᠪᠠ ᠬᠠᠯᠠᠮᠰᠢᠯ ᠤᠲᠠᠰᠤ ᠨᠡᠪᠲᠡᠷᠡᠭᠦᠯᠦᠨ᠂ ᠪᠠᠲᠤᠬᠠᠭᠠᠯᠭ᠎ᠠ ᠳᠤᠮᠳᠠᠳᠤ ᠰᠤᠷᠭᠠᠭᠤᠯᠢ᠂ ᠪᠠᠲᠤᠬᠠᠭᠠᠯᠭ᠎ᠠ ᠬᠣᠶᠠᠳᠤᠭᠠᠷ ᠪᠠᠭ᠎ᠠ ᠰᠤᠷᠭᠠᠭᠤᠯᠢ ᠂ ᠮᠣᠩᠭᠣᠯ ᠦᠨᠳᠦᠰᠦᠲᠡᠨ ᠦ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠭᠤᠷᠪᠠᠨ ᠪᠠᠭᠰᠢ ᠶᠢ ᠤᠷᠢᠵᠤ᠂ 15 ᠮᠢᠨᠦ᠋ᠲ ᠦᠨ ᠳᠣᠲᠣᠷ᠎ᠠ ᠤᠶᠤᠨ ᠰᠠᠨᠠᠭᠠᠨ ᠤ ᠲᠤᠰᠠᠯᠠᠮᠵᠢ ᠬᠡᠷᠡᠭᠰᠡᠬᠦ᠂ ᠰᠡᠳᠭᠢᠴᠡ ᠶᠢᠨ ᠡᠶᠡᠳᠡᠭᠦᠯᠦᠭᠡ ᠬᠡᠷᠡᠭᠰᠡᠬᠦ ᠰᠠᠭᠤᠭᠠᠯᠢ ᠠᠷᠠᠳ ᠤᠨ ᠬᠡᠷ ᠲᠦ ᠬᠦᠷᠴᠦ ᠰᠡᠳᠭᠢᠴᠡ ᠶᠢᠨ ᠲᠠᠠᠢᠳᠬᠤᠷᠠᠭᠤᠯᠤᠯ ᠵᠢᠯᠤᠭᠣᠳᠤᠯᠭ᠎ᠠ ᠬᠢᠵᠦ᠂ ᠠᠰᠠᠭᠤᠳᠠᠯ ᠢ ᠲᠣᠬᠢᠲᠠᠶ ᠰᠢᠢᠳᠪᠦᠷᠢᠯᠡᠭᠰᠡᠨ ᠪᠠᠶᠢᠬᠤ ᠬᠡᠷᠡᠭᠲᠡᠶ ᠃

    (ᠳᠦᠷᠪᠡ) ᠲᠤᠬᠠᠶᠢᠯᠠᠪᠠᠯ ᠤᠯᠠᠨ ᠲᠦᠮᠡᠨ ᠤ ᠬᠠᠨᠤᠮᠵᠢᠲᠠᠶ ᠬᠠᠷᠠᠯᠲᠠ ᠳᠤ ᠰᠠᠭᠤᠷᠢᠯᠠᠨ᠂ ᠳᠤᠯᠠᠭᠠᠨᠭᠡᠷ ᠬᠠᠯᠠᠭᠤᠨ ᠳᠤᠯᠠᠭᠠᠨ ᠭᠡᠷ ᠢ ᠪᠠᠶᠢᠭᠤᠯᠤᠨ᠎ᠠ᠃ ᠨᠡᠶᠢᠭᠡᠮ ᠲᠣᠭᠣᠷᠢᠭ ᠠᠴᠠ ᠣᠶᠢᠯᠠᠭᠠᠵᠤ ᠮᠡᠳᠡᠭᠰᠡᠨ ᠨᠢ᠂ ᠰᠠᠭᠤᠭᠠᠯᠢ ᠠᠷᠠᠳ ᠠᠴᠠ ᠪᠠᠶᠢᠭᠠᠯᠢ ᠶᠢᠨ ᠰᠢᠲᠠᠮᠠᠬᠠᠶ ᠬᠡᠢ ᠡᠷᠦᠬᠡ ᠳᠦ ᠣᠷᠣᠬᠣ ᠶᠢ ᠲᠤᠩ ᠶᠡᠬᠡ ᠬᠦᠰᠡᠨ ᠬᠦᠯᠢᠶᠡᠵᠦ ᠪᠠᠶᠢᠭ᠎ᠠ ᠪᠣᠯᠪᠠᠴᠤ ᠡᠷᠦᠭᠡ ᠳᠦ ᠣᠷᠣᠭᠣᠯᠬᠣ ᠤᠭᠰᠠᠷᠠᠯ ᠤᠨ ᠰᠦᠶᠳᠬᠡᠯ ᠳᠤ ᠡᠷᠡᠭᠡᠯᠵᠡᠭᠰᠡᠨ ᠪᠠᠶᠢᠳᠠᠯ ᠭᠠᠷᠤᠭᠰᠠᠨ ᠳᠦ ᠬᠣᠰᠢᠭᠤᠨ ᠤ ᠵᠠᠰᠠᠭ ᠤᠨ ᠣᠷᠳᠣᠨ ᠪᠠ ᠪᠠᠶᠢᠭᠠᠯᠢ ᠶᠢᠨ ᠰᠢᠲᠠᠮᠠᠬᠠᠶ ᠬᠡᠢ ᠶᠢᠨ ᠺᠣᠮᠫᠠᠨᠢ ᠡᠴᠡ ᠳᠡᠮᠵᠢᠯᠡᠭᠡ ᠬᠦᠰᠡᠭᠰᠡᠨ ᠢᠳᠡᠪᠬᠢᠲᠠᠢ ᠴᠢᠷᠮᠠᠢᠯᠠᠭ᠎ᠠ ᠪᠠᠷ ᠳᠠᠮᠵᠢᠨ᠂ ᠬᠣᠰᠢᠭᠤ ᠵᠠᠰᠠᠭ ᠤᠨ ᠣᠷᠳᠣᠨ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠺᠣᠮᠫᠠᠨᠢ ᠪᠣᠯᠤᠨ ᠰᠠᠭᠤᠭᠠᠯᠢ ᠠᠷᠠᠳ ᠲᠤᠰ ᠲᠤᠰ ᠪᠦᠬᠦ ᠵᠠᠷᠤᠳᠠᠯ ᠤᠨ ᠭᠤᠷᠪᠠᠨ ᠤ ᠨᠢᠭᠡ ᠶᠢ ᠡᠭᠦᠷᠭᠡᠯᠡᠨ᠎ᠡ᠃ ᠪᠠᠢᠭᠠᠯᠢ ᠶᠢᠨ ᠰᠢᠲᠠᠮᠠᠬᠠᠢ ᠬᠡᠢ ᠶᠢ ᠡᠷᠦᠬᠡ ᠳᠦ ᠣᠷᠣᠭᠤᠯᠬᠤ ᠢᠨᠵᠧᠨᠧᠷᠢᠩ ᠢ ᠬᠡᠷᠡᠭᠵᠢᠭᠦᠯᠬᠦ ᠶᠢᠨ ᠬᠠᠮᠲᠤ ᠠᠵᠢᠯᠲᠠᠳ ᠲᠤ ᠪᠠᠢᠭᠠᠯᠢ ᠶᠢᠨ ᠬᠡᠢ ᠶᠢ ᠠᠮᠤᠷ ᠲᠦᠪᠰᠢᠨ ᠢᠶᠡᠷ ᠬᠡᠷᠡᠭᠯᠡᠬᠦ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠲᠤᠰᠬᠠᠢ ᠰᠡᠳᠦᠪᠲᠦ ᠪᠣᠯᠪᠠᠰᠤᠷᠠᠯ ᠬᠢᠵᠦ ᠲᠠᠶᠢᠯᠪᠤᠷᠢᠯᠠᠨ ᠦᠭᠬᠦᠨ᠎ᠡ᠃ ᠰᠠᠭᠤᠭᠠᠯᠢ ᠠᠷᠠᠳ ᠤ ᠠᠴᠠ ᠡᠷᠦᠭᠡ ᠳᠦ ᠪᠠᠢᠭᠠᠯᠢ ᠶᠢᠨ ᠰᠢᠲᠠᠮᠠᠬᠠᠢ ᠬᠡᠢ ᠶᠢ ᠣᠷᠣᠭᠤᠯᠬᠤ ᠢᠨᠵᠧᠨᠧᠷᠢᠩ ᠦᠨ ᠲᠤᠬᠠᠶ ᠥᠪᠡᠷ ᠥᠪᠡᠷ ᠦᠨ ᠢᠶᠠᠨ ᠲᠦᠷᠦᠭᠳᠡᠯ ᠢ ᠢᠯᠡᠳᠬᠡᠵᠦ ᠳᠡᠭᠡᠳᠦ ᠬᠡᠮᠵᠢᠶ᠎ᠡ ᠪᠡᠷ ᠦᠨᠡᠯᠡᠨ᠂ ᠰᠠᠭᠤᠭᠠᠯᠢ ᠠᠷᠠᠳ ᠤᠳ ᠡᠨᠳᠡᠬᠢ ᠶᠢ《 ᠳᠤᠯᠠᠭᠠᠨᠭᠡᠷ ᠬᠠᠯᠠᠭᠤᠨ ᠳᠤᠯᠠᠭᠠᠨ ᠭᠡᠷ ᠪᠦᠯᠢ 》 ᠬᠡᠮᠡᠨ ᠲᠣᠲᠤᠨᠤᠴᠢᠯᠠᠨ ᠳᠠᠭᠤᠳᠠᠳᠠᠭ ᠪᠢᠯᠡ ᠃

     《 ᠬᠣᠶᠠᠷ ᠢ ᠰᠤᠷᠤᠯᠴᠠᠵᠦ ᠨᠢᠭᠡ ᠳᠦ ᠲᠡᠩᠴᠡᠭᠦᠯᠬᠦ 》 ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠡᠴᠡ ᠨᠠᠰᠢ ᠂ ᠨᠡᠶᠢᠭᠡᠮ ᠲᠣᠭᠣᠷᠢᠭ ᠤᠨ ᠨᠠᠮ ᠤᠨ ᠶᠡᠷᠦᠩᠬᠡᠢ ᠡᠭᠦᠷ ᠬᠣᠶᠠᠷ ᠰᠠᠷ᠎ᠠ ᠳᠤ ᠨᠢᠭᠡ ᠤᠳᠠᠭ᠎ᠠ ᠡᠷᠡᠭᠦᠯ ᠮᠡᠨᠳᠦ ᠶᠢᠨ ᠰᠤᠷᠭᠠᠨ ᠬᠥᠮᠦᠵᠢᠯ ᠦᠨ ᠲᠠᠶᠢᠯᠤᠮᠵᠢ᠂ ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠵᠦ᠂ ᠨᠡᠶᠢᠭᠡᠮ ᠲᠣᠭᠣᠷᠢᠭ ᠤᠨ ᠠᠬᠠᠮᠠᠳ ᠨᠠᠮ ᠤᠨ ᠭᠡᠰᠢᠭᠦᠨ ᠰᠠᠷ᠎ᠠ ᠪᠦᠷᠢ ᠲᠦᠷᠦᠭᠦᠯᠡᠨ 1 ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠵᠣᠬᠢᠶᠠᠨ ᠪᠠᠢᠭᠤᠯᠤᠨ᠂ ᠰᠠᠭᠤᠭᠠᠯᠢ ᠠᠷᠠᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠡᠯᠪᠡᠭ ᠪᠠᠶᠠᠯᠢᠭ ᠪᠣᠯᠭᠠᠳᠠᠭ᠃ ᠨᠡᠶᠢᠭᠡᠮ ᠲᠣᠭᠣᠷᠢᠭ ᠤᠨ ᠰᠠᠶᠢᠨ ᠳᠤᠷ᠎ᠠ ᠶᠢᠨ ᠠᠵᠢᠯᠯᠠᠭᠴᠢ ᠨᠠᠮ ᠤᠨ ᠭᠡᠰᠢᠭᠦᠨ ᠡᠴᠡ ᠦᠰᠦ ᠵᠠᠰᠠᠬᠤ ᠠᠵᠢᠯᠯᠠᠭ᠎ᠠ ᠶᠢ ᠰᠠᠷ᠎ᠠ ᠪᠦᠷᠢ ᠨᠢᠭᠡ ᠤᠳᠠᠭ᠎ᠠ ᠥᠷᠨᠢᠭᠦᠯᠦᠨ᠎ᠡ᠃ ᠥᠨᠥ 300 ᠭᠠᠷᠤᠶ ᠬᠥᠮᠦᠨ ( ᠤᠳᠠᠭ᠎ᠠ ) ᠰᠠᠭᠤᠭᠠᠯᠢ ᠠᠷᠠᠳ ᠤᠨ ᠦᠰᠦ ᠶᠢ ᠵᠠᠰᠠᠵᠤ ᠂ ᠬᠥᠳᠡᠯᠵᠦ ᠪᠠᠷᠢᠬᠤ ᠳᠤ ᠳᠥᠭᠥᠮ ᠦᠭᠡᠢ ᠨᠠᠰᠤᠲᠠᠶᠢᠴᠤᠳ ᠤᠨ ᠬᠡᠷ ᠲᠦᠨᠢ ᠬᠦᠷᠴᠦ ᠵᠠᠰᠠᠳᠠᠭ ᠨᠠᠢᠢᠳᠡ 31 ᠬᠥᠮᠦᠨ ( ᠤᠳᠠᠭ᠎ᠠ ) ᠪᠠᠶᠢᠨ᠎ᠠ ᠃ ᠡᠭᠦᠨ ᠦ ᠬᠠᠮᠲᠤ ᠨᠡᠶᠢᠭᠡᠮ ᠲᠣᠭᠣᠷᠢᠭ ᠤᠨ ᠢᠶᠠᠨ ᠬᠡᠷ ᠢᠶᠡᠨ ᠰᠠᠬᠢᠵᠤ ᠬᠣᠴᠣᠷᠤᠭᠰᠠᠨ ᠬᠡᠦᠬᠡᠳ ᠢ ᠨᠡᠯᠢᠶᠡᠳ ᠠᠷᠪᠢᠨ᠂ ᠬᠥᠷᠰᠢ ᠵᠡᠷᠭᠡᠯᠡᠳᠡᠭᠡ ᠮᠣᠩᠭᠣᠯ ᠦᠨᠳᠦᠰᠦᠲᠡᠨ ᠦ ᠬᠡᠦᠬᠡᠳ ᠦᠨ ᠴᠡᠴᠡᠷᠯᠢᠭ ᠂ ᠪᠠᠲᠤᠬᠠᠭᠠᠯᠭ᠎ᠠ ᠬᠣᠶᠠᠳᠤᠭᠠᠷ ᠳᠤᠮᠳᠠᠳᠤ ᠰᠤᠷᠭᠠᠭᠤᠯᠢ ᠵᠡᠷᠭᠡ ᠶᠢᠨ ᠪᠤᠳᠠᠲᠤ ᠪᠠᠶᠢᠳᠠᠯ ᠲᠠᠢ ᠤᠶᠠᠯᠳᠤᠭᠤᠯᠤᠨ᠂ ᠨᠠᠰᠤᠨ ᠳᠤ ᠥᠯᠥ ᠭᠦᠷᠦᠭᠰᠡᠳ ᠦᠨ ᠰᠡᠳᠭᠢᠴᠡ ᠶᠢᠨ ᠬᠦᠮᠦᠵᠢᠯ ᠦᠨ ᠬᠠᠪᠰᠤᠷᠤᠨ ᠵᠢᠯᠣᠭᠣᠳᠬᠤ ᠦᠷᠳᠠᠭᠡ ᠶᠢ ᠪᠠᠶᠢᠭᠤᠯᠵᠦ᠂ ᠲᠤᠰᠢᠶᠠᠯ ᠳᠤ ᠪᠠᠶᠢᠭ᠎ᠠ ᠨᠠᠮ ᠤᠨ ᠭᠡᠰᠢᠭᠦᠨ ᠢ ᠨᠡᠶᠢᠭᠡᠮ ᠲᠣᠭᠣᠷᠢᠭ ᠲᠤ ᠣᠷᠣᠭᠤᠯᠬᠤ ᠠᠵᠢᠯᠯᠠᠭ᠎ᠠ ᠶᠢ ᠥᠷᠨᠢᠭᠦᠯᠬᠦ ᠬᠡᠷᠡᠭᠲᠡᠶ ᠃ ᠣᠳᠣᠬᠠᠨ ᠪᠣᠯᠲᠠᠯ᠎ᠠ᠂ ᠡᠯᠡᠰᠦᠨ ᠴᠠᠷ᠎ᠠ ᠶᠢᠨ ᠲᠣᠭᠯᠠᠭᠠᠮ᠂ ᠨᠠᠰᠤᠨ ᠳᠤ ᠥᠯᠥ ᠭᠦᠷᠦᠭᠰᠡᠳ ᠦᠨ ᠪᠦᠯᠬᠦᠮ ᠬᠠᠪᠰᠤᠷᠤᠨ ᠵᠢᠯᠣᠭᠣᠳᠬᠤ᠂ ᠰᠡᠳᠭᠢᠴᠡ ᠶᠢᠨ ᠣᠨᠴᠠᠭᠠᠶ ᠬᠡᠷᠡᠭ ᠦᠨ ᠵᠥᠪᠯᠡᠯᠭᠡ ᠥᠭᠬᠦ ᠵᠡᠷᠭᠡ ᠨᠠᠰᠤᠨ ᠳᠤ ᠥᠯᠥ ᠭᠦᠷᠦᠭᠰᠡᠳ ᠦᠨ ᠰᠡᠳᠭᠢᠴᠡ ᠶᠢᠨ ᠡᠷᠡᠭᠦᠯ ᠮᠡᠨᠳᠦ ᠶᠢᠨ ᠠᠵᠢᠯᠯᠠᠭ᠎ᠠ ᠶᠢ 14 ᠤᠳᠠᠭ᠎ᠠ ᠦᠷᠨᠢᠭᠦᠯᠦᠨ 104 ᠬᠥᠮᠦᠨ ( ᠤᠳᠠᠭ᠎ᠠ ) ᠢ ᠵᠢᠯᠣᠭᠣᠳᠴᠤ᠂ ᠭᠡᠷ ᠢᠶᠡᠨ ᠰᠠᠬᠢᠵᠤ ᠬᠣᠴᠣᠷᠤᠭᠰᠠᠨ 2 ᠬᠡᠦᠬᠡᠳ ᠲᠤ ᠦᠨ᠎ᠡ ᠲᠦᠯᠦᠪᠦᠷᠢ ᠦᠭᠡᠢ ᠪᠡᠷ ᠬᠢᠴᠢᠶᠡᠯ ᠨᠦᠬᠦᠨ ᠦᠭᠴᠦ᠂ ᠲᠠᠷᠢᠬᠢᠨ ᠤ ᠰᠠ ᠬᠡᠸᠬᠡᠳ ᠵᠢᠴᠢ ᠶᠠᠳᠠᠭᠤ ᠬᠦᠴᠢᠷᠳᠡᠯᠲᠡᠢ 5 ᠬᠡᠦᠬᠡᠳ ᠢ ᠪᠣᠯᠭᠣᠭᠠᠨ ᠦᠵᠡᠪᠡ᠃ ᠬᠠᠷᠢᠶᠠᠲᠤ ᠣᠷᠣᠨ ᠤ ᠳᠣᠲᠤᠷᠠᠬᠢ ᠬᠢᠮᠳᠠ ᠲᠦᠷᠢᠶᠡᠰᠦᠲᠦ ᠣᠷᠣᠨ ᠰᠠᠭᠤᠴᠠ ᠶᠢᠨ ᠵᠢᠵᠢᠭ ᠲᠣᠭᠣᠷᠢᠭ᠂ ᠮᠠᠯᠴᠢᠳ ᠤᠨ ᠲᠣᠭᠣᠷᠢᠭ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠵᠢᠵᠢᠭ ᠲᠣᠭᠣᠷᠢᠭ ᠵᠡᠷᠭᠡ ᠬᠡᠳᠦᠨ ᠰᠠᠭᠤᠭᠠᠯᠢ ᠠᠷᠠᠳ ᠤᠨ ᠲᠣᠭᠣᠷᠢᠭ᠂ ᠬᠠᠷᠢᠶ᠎ᠠ ᠣᠷᠣᠨ ᠤ ᠳᠣᠲᠣᠷᠠᠬᠢ ᠦᠨᠦᠴᠢᠨ ᠪᠡᠯᠪᠡᠰᠦᠨ᠂ ᠭᠠᠨᠢ ᠨᠠᠰᠤᠲᠠᠨ᠂ ᠵᠡᠮᠳᠡᠭ ᠬᠥᠮᠦᠨ ᠣᠯᠠᠨ ᠪᠥᠭᠡᠳ ᠣᠯᠠᠩᠬᠢ ᠨᠢ ᠭᠡᠷ ᠦᠨ ᠠᠮᠢᠳᠤᠷᠠᠯ ᠨᠢ ᠨᠡᠯᠢᠶᠡᠳ ᠬᠦᠴᠢᠷᠳᠡᠯ ᠲᠡᠶ ᠪᠠᠶᠢᠬᠤ ᠠᠰᠠᠭᠤᠳᠠᠯ ᠳᠦ ᠴᠢᠭᠯᠡᠭᠦᠯᠦᠨ ᠨᠡᠶᠢᠭᠡᠮ ᠲᠣᠭᠣᠷᠢᠭ ᠤᠨ ᠨᠠᠮ ᠤᠨ ᠶᠡᠷᠦᠩᠬᠡᠢ ᠡᠭᠦᠷ ᠦᠨ ᠤᠳᠤᠷᠢᠳᠤᠯᠭ᠎ᠠ ᠳᠣᠣᠷ᠎ᠠ ᠂ ᠮᠣᠩᠭᠣᠯ ᠬᠢᠲᠠᠳ ᠬᠣᠸᠰ ᠬᠡᠯᠡᠨ ᠦ ᠰᠠᠶᠢᠨ ᠳᠤᠷᠠᠴᠤᠳ ᠤᠨ ᠦᠢᠯᠡᠴᠢᠯᠡᠭᠡᠨ ᠦ ᠡᠩᠨᠡᠭᠡ ᠶᠢ ᠪᠠᠶᠢᠭᠤᠯᠵᠦ ᠂ ᠲᠣᠭᠲᠠᠭᠰᠠᠨ ᠬᠤᠭᠤᠴᠠᠭ᠎ᠠ ᠲᠠᠶ ᠪᠠᠷ ᠦᠨᠦᠴᠢᠨ ᠪᠡᠯᠪᠡᠰᠦᠨ᠂ ᠭᠠᠨᠢ ᠨᠠᠰᠤᠲᠠᠨ᠂ ᠵᠡᠮᠳᠡᠭᠴᠦᠳ ᠦᠨ ᠭᠡᠷ ᠲᠤ ᠣᠴᠢᠨ ᠬᠠᠪᠰᠤᠷᠴᠤ ᠭᠡᠷ ᠦᠨ ᠠᠵᠢᠯ᠂ ᠭᠡᠷ ᠲᠡᠷᠭᠡ ᠴᠡᠪᠡᠷᠯᠡᠬᠦ ᠵᠡᠷᠭᠡ ᠠᠵᠢᠯ ᠢ ᠨᠢ ᠬᠢᠨ᠎ᠡ᠃ ᠡᠪᠡᠳᠴᠢᠨ ᠳᠦ ᠨᠡᠷᠪᠡᠭᠳᠡᠭᠰᠡᠳ᠂ ᠦᠨᠦᠴᠢᠨ ᠦᠷᠦᠭᠡᠰᠦᠨ ᠵᠡᠷᠭᠡ ᠣᠨᠴᠠᠭᠠᠶ ᠬᠦᠴᠢᠷᠳᠡᠯ ᠲᠡᠶ ᠰᠠᠭᠤᠭᠠᠯᠢ ᠠᠷᠠᠳ ᠲᠤ《 ᠨᠢᠭᠡ ᠬᠠᠷᠠᠭᠠᠯᠵᠠᠬᠤ ᠨᠢᠭᠡ 》 ᠪᠤᠶᠤ 《 ᠨᠢᠭᠡ ᠬᠠᠷᠠᠭᠠᠯᠵᠠᠬᠤ ᠣᠯᠠᠨ 》 ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠦ᠂ ᠲᠣᠭᠲᠠᠮᠠᠯ ᠬᠤᠭᠤᠴᠠᠭ᠎ᠠ ᠲᠠᠶ ᠪᠠᠷ ᠲᠣᠭᠣᠷᠢᠨ ᠶᠠᠪᠤᠵᠤ ᠲᠣᠬᠤᠨᠢᠭᠤᠯᠤᠨ᠂ ᠡᠭᠦᠳᠡ ᠪᠤᠱᠤᠭᠠᠲᠠᠨ ᠦᠢᠯᠡᠴᠢᠯᠡᠵᠦ᠂ ᠠᠮᠢᠳᠤᠷᠠᠯ ᠤᠨ ᠳᠤᠮᠳᠠᠬᠢ ᠪᠡᠷᠬᠡᠲᠡᠶ ᠠᠰᠠᠭᠤᠳᠠᠯ ᠢ ᠬᠠᠪᠰᠤᠷᠴᠤ ᠰᠢᠢᠳᠪᠦᠷᠢᠯᠡᠨ ᠦᠭᠴᠦ᠂ ᠬᠠᠷᠢᠯᠴᠠᠨ ᠪᠦᠯᠬᠦᠮᠳᠡᠵᠦ᠂ ᠬᠠᠷᠢᠯᠴᠠᠨ ᠬᠠᠪᠰᠤᠷᠤᠯᠴᠠᠭᠰᠠᠨ ᠪᠠᠶᠢᠳᠠᠯ ᠢ ᠡᠭᠦᠳᠴᠦ᠂ ᠪᠣᠯᠪᠠᠰᠤᠨ ᠡᠶ᠎ᠡ ᠵᠣᠬᠢᠴᠠᠩᠭᠤᠶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃

    《1241 》 ᠦᠶᠯᠡᠴᠢᠯᠡᠭᠡᠨ ᠦ ᠵᠠᠭᠪᠤᠷ ᠢ ᠬᠡᠷᠡᠭᠵᠢᠭᠦᠯᠬᠦ ᠪᠡᠷ ᠳᠠᠮᠵᠢᠭᠤᠯᠤᠨ᠂ ᠳᠤᠯᠠᠭᠠᠨᠭᠡᠷ ᠨᠡᠶᠢᠭᠡᠮ ᠲᠣᠭᠣᠷᠢᠭ ᠤᠨ ᠨᠠᠮ ᠤᠨ ᠭᠡᠰᠢᠭᠦᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠠᠰᠤ ᠴᠢᠨᠠᠷ ᠪᠠ ᠦᠷ᠎ᠡ ᠪᠦᠲᠦᠮᠵᠢ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ 《 ᠬᠣᠶᠠᠷ ᠢ ᠰᠤᠷᠤᠯᠴᠠᠵᠦ ᠨᠢᠭᠡ ᠳᠦ ᠲᠡᠩᠴᠡᠭᠦᠯᠬᠦ 》 ᠰᠤᠷᠤᠯᠴᠠᠯᠭ᠎ᠠ ᠬᠥᠮᠦᠵᠢᠯ ᠦᠨ ᠠᠵᠢᠯ ᠢ ᠴᠤ ᠤᠯᠠᠮ ᠡᠮᠦᠨ᠎ᠡ ᠭᠦᠨᠵᠡᠭᠡᠶᠢᠷᠡᠭᠦᠯᠵᠦ ᠂ ᠳᠤᠯᠠᠭᠠᠨᠭᠡᠷ ᠨᠡᠶᠢᠭᠡᠮ ᠲᠣᠭᠣᠷᠢᠭ ᠤᠨ ᠬᠢᠳᠡᠯ ᠨᠢ ᠣᠳᠣᠬᠠᠨ ᠤ ᠥᠷᠨᠢᠭᠦᠯᠵᠦ ᠪᠠᠶᠢᠭ᠎ᠠ 《 ᠬᠣᠶᠠᠷ ᠢ ᠰᠤᠷᠤᠯᠴᠠᠵᠦ ᠨᠢᠭᠡ ᠳᠦ ᠲᠡᠩᠴᠡᠭᠦᠯᠬᠦ 》 ᠰᠤᠷᠤᠯᠴᠠᠯᠭ᠎ᠠ ᠬᠥᠮᠦᠵᠢᠯ ᠤᠨ ᠪᠠᠠᠢᠩᠭᠤᠵᠢᠭᠤᠯᠬᠤ  ᠳᠦᠷᠢᠮᠵᠢᠭᠦᠯᠬᠦ ᠠᠵᠢᠯ ᠢ ᠬᠡᠷᠬᠢᠨ ᠲᠦᠯᠬᠢᠨ ᠠᠬᠢᠭᠤᠯᠬᠤ ᠲᠤᠬᠠᠢ ᠳᠣᠣᠷᠠᠬᠢ ᠬᠡᠳᠦᠨ ᠰᠡᠩᠬᠡᠷᠡᠭᠦᠯᠦᠯ ᠢ ᠣᠯᠵᠤ ᠪᠣᠯᠤᠨ᠎ᠠ ᠃

    ᠨᠢᠭᠡ ᠳᠦ ᠂ ᠡᠷᠬᠡᠪᠰᠢ ᠪᠣᠳᠠᠲᠤ ᠪᠠᠶᠢᠳᠠᠯ ᠳᠤ ᠰᠠᠭᠤᠷᠢᠯᠠᠨ᠎ᠠ᠃ ᠭᠠᠭᠴᠠ ᠬᠦ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠬᠦᠷᠢᠶ᠎ᠡ ᠬᠡᠪᠴᠢᠶ᠎ᠡ᠂ ᠠᠳᠠᠯᠢ ᠪᠤᠰᠤ ᠠᠵᠢᠯ ᠲᠦᠷᠦᠯ ᠦᠨ ᠣᠨᠴᠠᠯᠢᠭ ᠲᠤ ᠲᠣᠬᠢᠷᠠᠭᠤᠯᠤᠨ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠥᠪᠡᠷ ᠥᠪᠡᠷ ᠦᠨ ᠣᠨᠴᠠᠯᠢᠭ ᠲᠠᠶ᠂ ᠪᠣᠳᠠᠲᠤ ᠪᠠᠶᠢᠳᠠᠯ ᠲᠠᠶ ᠨᠡᠶᠢᠴᠡᠬᠦ ᠰᠤᠷᠭᠠᠨ ᠬᠥᠮᠦᠵᠢᠯ ᠦᠨ ᠬᠠᠷᠠᠯᠲᠠ ᠶᠢᠨ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠨᠠᠮ ᠤᠨ ᠭᠡᠰᠢᠭᠦᠨ ᠦ《 ᠰᠤᠷᠤᠯᠴᠠᠬᠤ ᠪᠠ ᠬᠢᠬᠦ ᠶᠢ ᠤᠶᠠᠯᠳᠤᠭᠤᠯᠤᠨ》᠂ ᠰᠤᠷᠤᠯᠴᠠᠯᠠᠭ᠎ᠠ ᠪᠠᠷ ᠦᠢᠯᠡᠳᠦᠯᠭᠡ ᠶᠢ ᠠᠬᠢᠭᠤᠯᠬᠤ᠂ ᠠᠮ ᠤᠨ ᠭᠡᠰᠢᠭᠦᠳ ᠦᠨ ᠠᠵᠢᠯ ᠤᠨ ᠪᠠᠶᠢᠷᠢ ᠳᠠᠭᠠᠨ ᠰᠠᠭᠤᠷᠢᠯᠠᠨ ᠰᠢᠨ᠎ᠡ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠶᠢ ᠵᠢᠯᠣᠭᠣᠳᠣᠯᠭ᠎ᠠ ᠪᠣᠯᠭᠠᠨ ᠂ ᠲᠣᠰ ᠠᠵᠢᠯ ᠲᠥᠷᠥᠯ ᠳᠡᠭᠡᠨ ᠬᠣᠰᠢᠭᠤᠴᠢ ᠪᠣᠯᠬᠤ ᠪᠠᠷ ᠴᠢᠷᠮᠠᠶᠢᠵᠤ ᠂ ᠰᠢᠨ᠎ᠡ ᠭᠠᠪᠢᠶ᠎ᠠ ᠪᠠᠶᠢᠭᠤᠯᠬᠤ ᠪᠠᠷ ᠮᠡᠷᠡᠢᠵᠦ᠂ ᠥᠷᠭᠡᠨ ᠤᠯᠠᠨ ᠨᠠᠮ ᠤᠨ ᠭᠡᠰᠢᠭᠦᠳ ᠦᠨ ᠢᠳᠡᠪᠬᠢᠵᠢᠯ ᠢ ᠲᠠᠶᠢᠴᠢᠯᠠᠨ᠂ ᠬᠥᠭᠵᠢᠯᠲᠡ ᠶᠢ ᠲᠦᠯᠬᠢᠨ ᠠᠬᠢᠭᠤᠯᠬᠤ ᠬᠦᠴᠦᠷᠬᠡᠭ ᠶᠡᠬᠡ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠪᠠᠲᠤᠯᠠᠨ᠎ᠠ᠃

    ᠬᠣᠶᠠᠷ ᠲᠤ᠂ ᠡᠷᠬᠡᠪᠰᠢ ᠠᠯᠬᠤᠮ ᠠᠯᠬᠤᠮ ᠢᠶᠠᠷ ᠭᠦᠨᠵᠡᠭᠡᠢᠷᠡᠨ᠎ᠡ᠃ 《 ᠬᠣᠶᠠᠷ ᠢ ᠰᠤᠷᠤᠯᠴᠠᠵᠦ ᠨᠢᠭᠡ ᠳᠦ ᠲᠡᠩᠴᠡᠭᠦᠯᠬᠦ 》 ᠰᠤᠷᠤᠯᠴᠠᠯᠭ᠎ᠠ ᠬᠥᠮᠦᠵᠢᠯ ᠂ ᠢᠯᠠᠩᠭᠤᠶ᠎ᠠ ᠪᠠᠶᠢᠩᠭᠤᠵᠢᠭᠤᠯᠬᠤ ᠳᠦᠷᠢᠮᠵᠢᠭᠦᠯᠬᠦ ᠶᠢ ᠳᠥᠯᠭᠢᠨ ᠠᠬᠢᠭᠤᠯᠬᠤ ᠶᠠᠪᠤᠴᠠ ᠳᠤ᠂ ᠡᠮᠬᠢ ᠵᠢᠷᠤᠮ ᠲᠠᠶ ᠠᠭᠠᠵᠢᠮ ᠢᠶᠠᠷ ᠤᠷᠤᠭᠰᠢᠯᠠᠬᠤ ᠠᠵᠢᠯ ᠤᠨ ᠵᠠᠷᠴᠢᠮ ᠶᠢ ᠡᠷᠬᠡᠪᠰᠢ ᠪᠠᠷᠢᠮᠲᠠᠯᠠᠬᠤ ᠬᠡᠷᠡᠭᠲᠡᠢ᠃ ᠲᠤᠬᠠᠶᠢᠯᠠᠪᠠᠯ ᠵᠦᠪᠬᠡᠨ ᠬᠤᠷᠳᠤᠴᠠ ᠶᠢ ᠴᠢᠬᠤᠯᠠᠴᠢᠯᠠᠵᠤ ᠴᠢᠨᠠᠷ ᠢ ᠬᠠᠷᠢᠨ ᠣᠮᠲᠣᠭᠠᠶᠢᠯᠠᠵᠤ ᠪᠣᠯᠬᠤ ᠦᠭᠡᠢ ᠂ ᠮᠦᠨ ᠴᠦ ᠪᠠᠰᠠ ᠨᠢᠭᠡ ᠯᠡ ᠬᠦ᠋ᠭ᠌ᠢ ᠢᠶᠠᠷ ᠴᠢᠨᠠᠷ ᠢ ᠬᠦᠭᠡᠭᠡᠴᠡᠯᠳᠦᠵᠦ ᠠᠬᠢᠴᠠ ᠶᠢ ᠤᠮᠳᠤᠭᠠᠢᠯᠠᠵᠤ ᠪᠣᠯᠬᠤ ᠦᠭᠡᠢ᠃

    ᠭᠤᠷᠪᠠ ᠳᠤ᠂ ᠡᠷᠬᠡᠪᠰᠢ ᠠᠷᠠᠳ ᠲᠦᠮᠡᠨ ᠢᠶᠡᠷ ᠦᠨᠳᠦᠰᠦ ᠪᠣᠯᠭᠠᠬᠤ ᠬᠡᠷᠡᠭᠲᠡᠶ ᠃ 《 ᠬᠣᠶᠠᠷ ᠢ ᠰᠤᠷᠤᠯᠴᠠᠵᠤ ᠨᠢᠭᠡ ᠶᠢ ᠬᠢᠬᠦ 》 ᠰᠤᠷᠤᠯᠴᠠᠯᠭ᠎ᠠ ᠬᠥᠮᠦᠵᠢᠯ ᠨᠢ ᠬᠠᠮᠤᠭ ᠡᠴᠦᠰ ᠲᠤ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠠᠵᠠᠷ ᠣᠷᠣᠨ ᠤ ᠬᠥᠭᠵᠢᠯᠲᠡ ᠶᠢ ᠠᠬᠢᠭᠤᠯᠤᠨ᠂ ᠠᠷᠠᠳ ᠤᠯᠠᠨ ᠳᠤ ᠦᠢᠯᠡᠴᠢᠯᠡᠬᠦ ᠬᠡᠷᠡᠭᠲᠡᠶ ᠃ ᠤᠯᠡᠠ ᠲᠦᠮᠡᠨ ᠡᠴᠡ ᠬᠦᠨᠳᠡᠢᠷᠡᠪᠡᠯ 《 ᠬᠣᠶᠠᠷ ᠢ ᠰᠤᠷᠤᠯᠴᠠᠵᠦ ᠨᠢᠭᠡ ᠳᠦ ᠲᠡᠩᠴᠡᠭᠦᠯᠬᠦ 》 ᠰᠤᠷᠤᠯᠴᠠᠯᠭ᠎ᠠ ᠬᠥᠮᠦᠵᠢᠯ ᠨᠢ ᠵᠦᠪ ᠠᠶᠠᠯᠠᠯ ᠤᠨ ᠴᠢᠭᠯᠡᠯ ᠡᠴᠡ ᠰᠠᠯᠤᠨ᠎ᠠ᠃


ᠵᠣᠬᠢᠶᠠᠭᠴᠢ:
ᠢᠷᠡᠯᠲᠡ: