ᠨᠠᠮ ᠤᠨ ᠭᠡᠰᠢᠭᠦᠨ ᠦ 《ᠬᠤᠪᠢ ᠴᠤᠭᠯᠠᠭᠤᠯᠬᠤ ᠳᠦᠷᠢᠮᠲᠦ 》 ᠬᠠᠮᠢᠶᠠᠷᠤᠯᠲᠠ  ᠪᠡᠷ ᠨᠠᠮ ᠤᠨ ᠭᠡᠰᠢᠭᠦᠨ ᠡᠳᠦᠷ ᠲᠤᠳᠤᠮ ᠤᠨ ᠬᠠᠮᠢᠶᠠᠷᠤᠯᠲᠠ ᠶ᠋ᠢ ᠲᠦᠯᠬᠢᠨ ᠠᠬᠢᠭᠤᠯᠬᠤ ᠨᠢ ᠬᠡᠷᠡᠭᠵᠢᠬᠦᠯᠦᠭᠳᠡᠪᠡ ( ᠬᠥᠯᠥᠨ ᠪᠣᠶᠢᠷ ᠬᠣᠲᠠ ᠶᠢᠨ ᠵᠠᠯᠠᠶᠢᠨᠠᠭᠤᠷ ᠲᠣᠭᠣᠷᠢᠭ )

  2019-01-03

    ( ᠨᠢᠭᠡ ) ᠭᠣᠣᠯ ᠠᠷᠭ᠎ᠠ
    1 . ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠲᠤᠵᠢᠭᠤᠯᠬᠤ ᠪᠠᠷ ᠪᠣᠯᠭᠠᠬᠤ ᠶᠠᠪᠤᠳᠠᠯ ᠢᠶᠠᠷ ᠤᠷᠢᠲᠠᠯ ᠪᠣᠯᠭᠠᠬᠤ ᠬᠡᠷᠡᠭᠲᠡᠶ᠃

    ᠨᠢᠭᠡ ᠳᠦ᠂ ᠨᠠᠮ ᠤᠨ ᠡᠭᠦᠷ ᠦᠨ ᠦᠨᠳᠦᠰᠦᠨ ᠪᠦᠲᠦᠭᠡᠨ ᠪᠠᠶᠢᠭᠤᠯᠤᠯᠲᠠ ᠶ᠋ᠢ ᠴᠢᠩᠭᠠᠳᠬᠠᠨ᠎ᠠ᠃ 《ᠦᠨᠳᠦᠰᠦᠨ ᠱᠠᠲᠤᠨ ᠤ ᠨᠠᠮ ᠤᠨ ᠡᠭᠦᠷ ᠢ ᠳᠦᠷᠢᠮᠵᠢᠭᠦᠯᠬᠦ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ》 ᠢ ᠨᠡᠶᠢᠲᠡᠯᠡᠵᠦ᠂ 《 ᠵᠣᠬᠢᠶᠠᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠤᠳᠤᠷᠢᠳᠬᠤ ᠪᠠᠭ ᠤᠨ ᠪᠠᠲᠤ ᠴᠢᠩᠭ᠎ᠠ᠂ ᠲᠦᠷᠢᠮ ᠲᠡᠭᠦᠯᠳᠡᠷᠵᠢᠭᠰᠡᠨ ᠂ ᠠᠵᠢᠯᠯᠠᠭᠠᠨ ᠨᠢ ᠡᠮᠬᠢ ᠵᠢᠷᠤᠮ ᠲᠠᠶ᠂ ᠠᠵᠢᠯᠯᠠᠭᠠᠨ ᠤ ᠦᠷᠭᠦᠯᠵᠢ᠂ ᠦᠢᠯᠡᠳᠦᠯ ᠲᠤᠪᠤᠢᠢᠮ᠎ᠠ᠂ ᠵᠢᠭᠰᠠᠭᠠᠯ ᠤᠨ ᠭᠠᠵᠠᠷ ᠢᠶᠠᠨ ᠵᠢᠷᠤᠮᠵᠢᠭᠤᠯᠵᠤ᠂ ᠳᠠᠩᠰᠠ ᠡᠪᠬᠡᠮᠡᠯ ᠪᠦᠷᠢᠨ 》 8 ᠲᠠᠯ᠎ᠠ ᠠᠴᠠ ᠨᠠᠮ ᠤᠨ ᠡᠭᠦᠷ ᠢ ᠳᠦᠷᠢᠮᠵᠢᠭᠦᠯᠬᠦ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠡᠭᠦᠷ ᠦᠨ ᠪᠦᠬᠦᠯᠢ ᠴᠣᠭᠴᠠ ᠶᠢᠨ ᠴᠢᠳᠠᠮᠵᠢ ᠶᠢ ᠴᠢᠩᠭᠠᠳᠬᠠᠵᠤ ᠂ ᠨᠠᠮ ᠤᠨ ᠭᠡᠰᠢᠭᠦᠨ ᠦ ᠡᠩᠨᠡᠭᠡᠨ ᠦ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠨᠠᠮ ᠤᠨ ᠡᠭᠦᠷ ᠦᠨ ᠳᠠᠢᠢᠴᠢᠨ ᠪᠡᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠦ ᠬᠣᠰᠢᠭᠤᠴᠢ ᠵᠢᠱᠢᠶᠡᠴᠢ ᠦᠢᠯᠡᠳᠦᠯ ᠨᠢ ᠨᠡᠩ ᠲᠣᠪᠣᠢᠢᠮ᠎ᠠ ᠪᠣᠯᠵᠠᠶ᠃

    ᠬᠣᠶᠠᠷ ᠲᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠵᠢᠷᠤᠮᠵᠢᠭᠤᠯᠤᠨ ᠥᠷᠨᠢᠭᠦᠯᠦᠨ᠎ᠡ ᠃《 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠵᠢᠷᠤᠮᠵᠢᠭᠤᠯᠵᠤ᠂ ᠳᠦᠷᠢᠮᠵᠢᠭᠦᠯᠬᠦ ᠶᠢ ᠠᠬᠢᠭᠤᠯᠬᠤ ᠲᠤᠬᠠᠢ ᠰᠠᠨᠠᠯ 》 ᠂ 《 ᠪᠥᠬᠥ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶ᠋ᠢᠨ <ᠨᠠᠮ ᠤᠨ ᠡᠭᠦᠷ ᠤᠨᠭᠣᠣᠯ ᠰᠡᠳᠦᠪᠲᠦ ᠨᠠᠮ ᠤᠨ ᠡᠳᠦᠷ> ᠤᠨ ᠲᠤᠬᠠᠢ ᠰᠠᠨᠠᠯ 》 ᠢ ᠳᠠᠷᠤᠮᠠᠯᠯᠠᠨ ᠲᠠᠷᠬᠠᠭᠠᠵᠤ ᠂ ᠨᠠᠮ ᠤᠨ ᠡᠭᠦᠷ ᠦᠨ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ 《 ᠭᠤᠷᠪᠠᠨ ᠬᠤᠷᠠᠯ ᠨᠢᠭᠡ ᠬᠢᠴᠢᠶᠡᠯ 》 ᠦᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ 《 ᠭᠣᠣᠯ ᠰᠡᠳᠦᠪᠲᠦ ᠨᠠᠮ ᠤᠨ ᠡᠳᠦᠷᠯᠢᠭ 》 ᠦᠨ ᠠᠵᠢᠯᠯᠠᠭ᠎ᠠ ᠶ᠋ᠢ ᠬᠦᠴᠦᠯᠡᠨ ᠵᠢᠷᠤᠮᠵᠢᠭᠤᠯᠤᠨ᠎ᠠ᠃ ᠰᠠᠷ᠎ᠠ ᠪᠦᠷᠢ ᠶᠢᠨ 10 ᠤ ᠡᠳᠦᠷ ᠡᠭᠦᠷ ᠦᠨ ᠭᠡᠰᠢᠭᠦᠳ ᠦᠨ ᠬᠤᠷᠠᠯ ᠬᠢᠬᠦ ᠪᠡᠷ ᠲᠤᠭᠲᠠᠵᠤ ᠂ ᠤᠯᠠᠷᠢᠯ ᠤᠨ ᠬᠠᠮᠤᠭ ᠰᠡᠭᠦᠯ ᠦᠨ ᠨᠢᠭᠡ ᠰᠠᠷ᠎ᠠ ᠪᠦᠷᠢ ᠶᠢᠨ 20 ᠤ ᠡᠳᠦᠷ ᠨᠠᠮ ᠤᠨ ᠡᠭᠦᠷ ᠦᠨ ᠶᠡᠬᠡ ᠬᠤᠷᠠᠯ ᠬᠤᠷᠠᠯᠳᠤᠭᠤᠯᠵᠤ᠂ ᠨᠠᠮ ᠤᠨ ᠬᠢᠴᠢᠶᠡᠯ ᠣᠷᠣᠬᠤ ᠠᠵᠢᠯᠯᠠᠭ᠎ᠠ ᠥᠷᠨᠢᠭᠦᠯᠵᠦ ᠂ ᠰᠠᠷ᠎ᠠ ᠪᠦᠷᠢ 1—2 ᠤᠳᠠᠭ᠎ᠠ ᠬᠤᠷᠠᠯᠳᠤᠭᠤᠯᠵᠤ᠂ ᠰᠠᠷ᠎ᠠ ᠪᠦᠷᠢ ᠶᠢᠨ ᠠᠩᠬᠠᠨ ᠤ ᠭᠠᠷᠠᠭ ᠤᠨ ᠲᠠᠪᠤᠨ ᠳᠤ ᠨᠠᠮ ᠤᠨ ᠳᠤᠭᠤᠶᠢᠯᠠᠩ ᠤᠨ ᠬᠤᠷᠠᠯ < ᠭᠣᠣᠯ ᠰᠡᠳᠦᠪᠲᠦ ᠨᠠᠮ ᠤᠨ ᠡᠳᠦᠷᠯᠢᠭ > ᠦᠨ ᠠᠵᠢᠯᠯᠠᠭ᠎ᠠ ᠥᠷᠨᠢᠭᠦᠯᠵᠦ ᠂ ᠨᠠᠮ ᠤᠨ ᠡᠭᠦᠷ ᠦᠨ ᠠᠵᠢᠯ ᠢ ᠦᠨᠡᠨ ᠬᠦ  ᠪᠠᠲᠤᠯᠠᠵᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠪᠠ ᠰᠠᠬᠢᠯᠭ᠎ᠠ ᠪᠠᠲᠤ ᠶᠣᠰᠣ ᠲᠦᠷᠢᠮ ᠢ ᠦᠨᠡᠨᠬᠦ ᠴᠢᠩᠭ᠎ᠠ ᠪᠠᠷᠢᠵᠤ᠂ ᠪᠣᠳᠠᠲᠤ ᠦᠷ᠎ᠡ ᠪᠦᠲᠦᠮᠵᠢ ᠲᠡᠶ ᠪᠠᠶᠢᠯᠭᠠᠨ᠎ᠠ᠃

    ᠭᠤᠷᠪᠠ ᠳᠤ ᠂ ᠨᠠᠮ ᠤᠨ ᠡᠭᠦᠷ ᠦᠨ ᠦᠢᠯᠡᠳᠦᠯ ᠢ ᠪᠠᠳᠠᠷᠠᠭᠤᠯᠪᠠ ᠃ ᠠᠳᠠᠯᠢ ᠪᠤᠰᠤ ᠰᠢᠰᠲ᠋ᠧᠮ᠂ ᠠᠳᠠᠯᠢ ᠪᠤᠰᠤ ᠬᠦᠷᠢᠶ᠎ᠡ᠂ ᠠᠳᠠᠯᠢ ᠪᠤᠰᠤ ᠲᠥᠷᠥᠯ ᠦᠨ ᠨᠠᠮ ᠤᠨ ᠡᠭᠦᠷ ᠦᠨ ᠪᠠᠶᠢᠳᠠᠯ ᠢ ᠦᠨᠳᠦᠰᠦᠯᠡᠨ᠂ ᠨᠠᠮ ᠤᠨ ᠡᠭᠦᠷ ᠦᠨ ᠪᠠᠶᠢᠭᠤᠯᠤᠯᠲᠠ ᠶᠢ ᠢᠳᠡᠪᠬᠢᠲᠡᠶ ᠪᠡᠷ ᠬᠠᠶᠢᠨ ᠰᠦᠪᠡᠭᠴᠢᠯᠡᠵᠦ᠂ ᠰᠢᠨ᠎ᠡ ᠰᠡᠳᠬᠢᠴᠡ᠂ ᠰᠢᠨ᠎ᠡ ᠠᠷᠭ᠎ᠠ ᠬᠡᠯᠪᠡᠷᠢ ᠶᠢ ᠬᠦᠴᠦᠯᠡᠨ ᠬᠥᠭᠵᠢᠭᠡᠵᠦ᠂ ᠨᠠᠮ ᠤᠨ ᠡᠭᠦᠷ ᠦᠨ ᠭᠣᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠨᠠᠮ ᠤᠨ ᠭᠡᠰᠢᠭᠦᠨ ᠬᠤᠪᠢ ᠬᠤᠷᠠᠮᠳᠤᠭᠤᠯᠬᠤ ᠲᠦᠷᠢᠮ ᠢ ᠪᠠᠶᠢᠭᠤᠯᠵᠤ ᠬᠠᠮᠢᠶᠠᠷᠬᠤ ᠪᠠᠲᠤ ᠪᠡᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠠᠯᠪᠠᠨ ᠪᠠᠶᠢᠭᠤᠯᠤᠯᠭ᠎ᠠ ᠤᠨ ᠠᠵᠢᠯ ᠦᠶᠯᠡᠰ ᠦᠨ ᠨᠢᠭᠡᠴᠡ ᠶᠢᠨ ᠨᠠᠮ ᠤᠨ ᠡᠭᠦᠷ ᠡᠴᠠ《 ᠭᠤᠷᠪᠠᠨ ᠳᠦᠷᠢᠮᠵᠢᠭᠰᠡᠨ ᠠᠵᠢᠯᠯᠠᠭ᠎ᠠ ᠨᠢᠭᠡ ᠪᠦᠲᠦᠭᠡᠨ ᠪᠠᠶᠢᠭᠤᠯᠤᠯᠲᠠ 》 ᠶ᠋ᠢᠨ ᠠᠵᠢᠯᠯᠠᠭ᠎ᠠ ᠶ᠋ᠢ ᠦᠷᠨᠢᠭᠦᠯᠵᠦ᠂ ᠵᠡᠭᠡᠯᠢ ᠭᠤᠳᠤᠮᠵᠢ ᠨᠡᠶᠢᠭᠡᠮ ᠲᠣᠭᠣᠷᠢᠭ ᠤᠨ ᠨᠠᠮ ᠤᠨ ᠵᠣᠬᠢᠶᠠᠨ ᠪᠠᠶᠢᠭᠤᠯᠤᠯᠲᠠ 《 ᠲᠠᠪᠤᠨ ᠰᠢᠯᠢᠳᠡᠭ ᠢᠨᠵᠧᠨᠧᠷᠢᠩ 》 ᠢ ᠬᠡᠷᠡᠭᠵᠢᠬᠦᠯᠵᠦ ᠂ 《 ᠬᠣᠶᠠᠷ ᠰᠢᠨ᠎ᠡ 》 ᠨᠠᠮ ᠤᠨ ᠵᠣᠬᠢᠶᠠᠨ ᠪᠠᠶᠢᠭᠤᠯᠤᠯᠲᠠ ᠳ᠋ᠦ《 ᠭᠤᠷᠪᠠ ᠶᠢ ᠳᠡᠯᠭᠡᠬᠦ ᠂ ᠭᠤᠷᠪᠠ ᠶᠢ ᠠᠳᠠᠯᠢᠳᠬᠠᠬᠤ᠂ ᠬᠣᠣᠰ ᠮᠣᠳᠣ ᠬᠦᠭᠡᠭᠡᠴᠡᠯᠳᠦᠬᠦ 》 ᠶᠢ ᠪᠤᠯᠢᠶᠠᠯᠳᠤᠬᠤ ᠠᠵᠢᠯᠯᠠᠭ᠎ᠠ ᠦᠷᠨᠢᠭᠦᠯᠵᠦ᠂ ᠤᠯᠤᠰ ᠤᠨ ᠥᠮᠴᠢᠯᠡᠯ ᠦᠨ ᠠᠵᠤ ᠠᠬᠤᠶᠢᠯᠠᠯ ᠳ᠋ᠦ ᠨᠠᠮ ᠤᠨ ᠵᠣᠬᠢᠶᠠᠨ ᠪᠠᠶᠢᠭᠤᠯᠤᠯᠲᠠ ᠡᠴᠡ 《 ᠬᠤᠤᠰ ᠤᠳᠤᠨ ᠪᠤᠯᠬᠤ ᠪᠠᠷ ᠬᠦᠭᠡᠭᠡᠴᠡᠯᠳᠦᠬᠦ 》 ᠶ᠋ᠢ ᠦᠷᠭᠦᠯᠵᠢᠯᠡᠨ  ᠭᠦᠨᠵᠡᠭᠡᠶᠢᠷᠡᠭᠦᠯᠦᠨ᠎ᠡ᠃

    ᠲᠦᠷᠪᠡ ᠳᠦ ᠂ ᠨᠠᠮ ᠤᠨ ᠡᠭᠦᠷ ᠦᠨ ᠱᠦᠵᠢ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠤᠨ᠎ᠠ ᠃ ᠱᠦᠵᠢ ᠶ᠋ᠢᠨ《 ᠨᠢᠭᠡᠳᠦᠭᠡᠷ ᠬᠠᠷᠢᠭᠤᠴᠠᠯᠭᠠᠲᠠᠨ 》 ᠭᠡᠬᠦ ᠬᠠᠷᠢᠭᠤᠴᠠᠯᠭ᠎ᠠ ᠶ᠋ᠢᠨ ᠳᠦᠷᠢᠮ ᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠦ ᠭᠠᠷ ᠤᠨ ᠦᠰᠦᠭ ᠵᠢᠷᠤᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢᠨ ᠲᠤᠬᠠᠢ ᠱᠦᠵᠢ ᠶ᠋ᠢᠨ ᠠᠵᠢᠯ ᠤᠨ ᠲᠤᠬᠠᠢ ᠳᠤᠲᠤᠷᠬᠠᠢ ᠭᠠᠷᠭᠠᠨ ᠦᠭᠴᠦ᠂ ᠨᠠᠮ ᠤᠨ ᠡᠭᠦᠷ ᠦᠨ ᠱᠦᠵᠢ ᠶᠢᠨ ᠬᠠᠷᠢᠭᠤᠴᠠᠯᠭ᠎ᠠ ᠶᠢ ᠱᠠᠲᠦ ᠱᠠᠲᠦ ᠪᠠᠷ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠬᠤᠪᠢ ᠬᠤᠷᠠᠮᠳᠤᠭᠤᠯᠬᠤ ᠬᠠᠮᠢᠶᠠᠷᠤᠯᠲᠠ ᠳ᠋ᠦ ᠠᠵᠢᠯ ᠤᠨ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠃
    2᠂ ᠰᠢᠰᠲ᠋ᠧᠮ ᠦᠨ ᠪᠠᠶᠢᠭᠤᠯᠤᠯᠲᠠ ᠶᠢ ᠵᠢᠷᠤᠮᠵᠢᠭᠤᠯᠬᠤ ᠡᠴᠡ ᠭᠠᠷᠳᠡᠵᠦ ᠬᠢᠬᠦ ᠬᠡᠷᠡᠭᠲᠡᠶ᠃

    ᠨᠢᠭᠡ ᠳᠦ᠂ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ ᠨᠢᠭᠡᠳᠦᠯᠲᠡᠶ ᠲᠥᠯᠥᠪᠯᠡᠨ ᠵᠢᠯᠣᠭᠣᠳᠬᠤ ᠬᠡᠷᠡᠭᠲᠡᠶ᠃ 《 ᠵᠠᠯᠠᠶᠢᠨᠠᠭᠤᠷ ᠲᠣᠭᠣᠷᠢᠭ ᠤᠨ ᠨᠠᠮ ᠤᠨ ᠭᠡᠰᠢᠭᠦᠨ ᠤ《 ᠬᠤᠪᠢ ᠴᠤᠭᠯᠠᠭᠤᠯᠬᠤ ᠳᠦᠷᠢᠮᠲᠦ 》 ᠬᠠᠮᠢᠶᠠᠷᠤᠯᠲᠠ ᠶᠢᠨ ᠲᠤᠬᠠᠶ ᠰᠠᠨᠠᠯ 》 ᠢ ᠲᠤᠭᠲᠠᠭᠠᠵᠤ᠂ ᠦᠨᠳᠦᠰᠦᠨ ᠵᠠᠷᠴᠢᠮ᠂ ᠬᠡᠷᠡᠭᠵᠢᠭᠦᠯᠬᠦ ᠬᠡᠪᠴᠢᠶ᠎ᠡ᠂ ᠠᠭᠤᠯᠭ᠎ᠠ ᠠᠷᠭ᠎ᠠ ᠮᠠᠶᠠᠭ ᠵᠢᠴᠢ ᠪᠣᠳᠠᠲᠠᠶ ᠱᠠᠭᠠᠷᠳᠠᠯᠭ᠎ᠠ ᠶ᠋ᠢ ᠲᠤᠳᠤᠷᠬᠠᠢ ᠪᠤᠯᠭᠠᠵᠤ ᠂ ᠬᠤᠪᠢ ᠬᠤᠷᠠᠮᠳᠤᠭᠤᠯᠬᠤ ᠬᠠᠮᠢᠶᠠᠷᠤᠯᠲᠠ ᠳ᠋ᠤ ᠶᠡᠷᠦᠩᠬᠡᠶ ᠵᠢᠷᠤᠮᠯᠠᠯ ᠪᠠ ᠦᠨᠳᠦᠰᠦᠯᠡᠯ ᠬᠠᠩᠭᠠᠬᠤ ᠬᠡᠷᠡᠭᠲᠡᠶ᠃

    ᠬᠣᠶᠠᠷ ᠲᠤ ᠂ ᠬᠠᠮᠢᠶᠠᠷᠬᠤ ᠡᠲᠡᠭᠡᠳ ᠢ ᠣᠨᠣᠪᠴᠢᠲᠠᠶ ᠪᠠᠷ ᠲᠥᠷᠥᠯ ᠬᠤᠪᠢᠶᠠᠬᠤ᠃ ᠠᠯᠪᠠᠨ ᠪᠠᠶᠢᠭᠤᠯᠭ᠎ᠠ ᠠᠵᠢᠯ ᠦᠢᠯᠡᠰ ᠦᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠲᠣᠭᠣᠷᠢᠭ ᠤᠨ ᠨᠠᠮ ᠤᠨ ᠵᠣᠬᠢᠶᠠᠨ ᠪᠠᠶᠢᠭᠤᠯᠤᠯᠲᠠ᠂ 《 ᠬᠣᠶᠠᠷ ᠰᠢᠨ᠎ᠡ  》 ᠨᠠᠮ ᠤᠨ ᠵᠣᠬᠢᠶᠠᠨ ᠪᠠᠶᠢᠭᠤᠯᠤᠯᠲᠠ᠂ ᠤᠯᠤᠰ ᠤᠨ ᠥᠮᠴᠢᠯᠡᠯ ᠦᠨ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ᠂ ᠣᠷᠣᠨ ᠤ ᠳᠡᠰ ᠳᠠᠪᠬᠤᠷᠭ᠎ᠠ ᠠᠴᠠ ᠨᠠᠮ ᠤᠨ ᠭᠡᠰᠢᠭᠦᠨ ᠢ ᠶᠡᠬᠡ ᠲᠥᠯᠥᠪ ᠬᠠᠮᠢᠶᠠᠷᠤᠯᠲᠠ ᠶᠢᠨ ᠠᠵᠢᠯ ᠤᠨ ᠪᠠᠶᠢᠷᠢ ᠪᠠ ᠡᠩ ᠦᠨ ᠠᠵᠢᠯ ᠤᠨ ᠪᠠᠶᠢᠷᠢ ᠭᠡᠵᠦ ᠬᠣᠶᠠᠷ ᠲᠥᠷᠥᠯ ᠬᠤᠪᠢᠶᠠᠨ᠎ᠠ᠃ ᠦᠨᠳᠦᠰᠦᠨ ᠱᠠᠲᠤᠨ ᠤ ᠨᠠᠮ ᠤᠨ ᠡᠭᠦᠷ ᠦᠨ ᠨᠢᠭᠡᠴᠡ ᠶᠢᠨ ᠰᠢᠨᠵᠢ ᠴᠢᠨᠠᠷ᠂ ᠨᠠᠮ ᠤᠨ ᠭᠡᠰᠢᠭᠦᠨ ᠦ ᠠᠵᠢᠯ ᠤᠨ ᠪᠠᠶᠢᠷᠢ ᠶᠢᠨ ᠣᠨᠴᠠᠯᠢᠭ ᠲᠠᠢ ᠤᠶᠠᠯᠳᠤᠭᠤᠯᠤᠨ ᠨᠠᠮ ᠤᠨ ᠭᠡᠰᠢᠭᠦᠨ ᠤ ᠲᠦᠷᠦᠯ ᠬᠤᠪᠢᠶᠠᠷᠢᠯᠠᠯ ᠢ ᠤᠯᠠᠮ ᠪᠤᠲᠠᠳᠠᠢ ᠪᠤᠯᠭᠠᠨ᠎ᠠ᠃ ᠵᠢᠱᠢᠶᠡᠯᠡᠪᠡᠯ ᠡᠷᠡᠭᠦᠯ ᠬᠠᠮᠠᠭᠠᠯᠠᠯ ᠤᠨ ᠰᠢᠰᠲ᠋ᠧᠮ ᠦᠨ ᠬᠢᠨ ᠤ ᠨᠠᠮ ᠤᠨ ᠭᠡᠰᠢᠭᠦᠨ ᠢ ᠵᠠᠰᠠᠭ ᠵᠠᠬᠢᠷᠭᠠᠨ ᠤ ᠠᠵᠢᠯ ᠤᠨ ᠪᠠᠶᠢᠷᠢ᠂ ᠡᠮ ᠡᠮᠨᠡᠯᠭᠡ ᠶᠢᠨ ᠠᠵᠢᠯ ᠤᠨ ᠪᠠᠶᠢᠷᠢ᠂ ᠰᠤᠪᠢᠯᠠᠬᠤ ᠠᠵᠢᠯ ᠤᠨ ᠪᠠᠶᠢᠷᠢ ᠭᠡᠵᠦ  ᠬᠤᠪᠢᠶᠠᠨ ᠨᠠᠷᠢᠯᠢᠭᠵᠢᠭᠤᠯᠬᠤ᠃ ᠨᠡᠶᠢᠭᠡᠮ ᠲᠣᠭᠣᠷᠢᠭ ᠤᠨ ᠨᠠᠮ ᠤᠨ ᠭᠡᠰᠢᠭᠦᠨ ᠢ ᠨᠡᠶᠢᠭᠡᠮ ᠲᠣᠭᠣᠷᠢᠭ ᠤᠨ ᠺᠠᠳ᠋ᠷ᠂ ᠨᠠᠮ ᠤᠨ ᠭᠡᠰᠢᠭᠦᠨ᠂ ᠣᠶᠤᠲᠠᠨ ᠨᠠᠮ ᠤᠨ ᠭᠡᠰᠢᠭᠦᠨ ᠂ ᠶᠠᠪᠤᠭᠤᠯ ᠨᠠᠮ ᠤᠨ ᠭᠡᠰᠢᠭᠦᠨ᠂ ᠠᠵᠢᠯ ᠠᠴᠠ ᠪᠠᠨ ᠪᠠᠭᠤᠵᠤ ᠠᠮᠠᠷᠠᠭᠰᠠᠨ ᠨᠠᠮ ᠤᠨ ᠭᠡᠰᠢᠭᠦᠨ ᠪᠠ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠨᠠᠮ ᠤᠨ ᠭᠡᠰᠢᠭᠦᠨ ᠭᠡᠬᠦ ᠵᠡᠷᠭᠡ ᠲᠦᠷᠦᠯ ᠪᠤᠯᠭᠠᠨ ᠨᠠᠷᠢᠯᠢᠭᠵᠢᠭᠤᠯᠵᠤ᠂ ᠲᠦᠷᠦᠯ ᠬᠤᠪᠢᠶᠠᠨ ᠨᠠᠷᠢᠯᠢᠭ ᠢ ᠦᠨᠡᠨ ᠬᠦ ᠪᠠᠲᠤᠯᠠᠵᠦ᠂ ᠵᠤᠬᠢᠰᠲᠠᠢ ᠬᠠᠮᠢᠶᠠᠷᠤᠯᠲᠠ ᠶᠠᠪᠤᠭᠤᠯᠤᠨ᠎ᠠ᠃

    ᠭᠤᠷᠪᠠ ᠳᠤ ᠂  ᠬᠠᠮᠢᠶᠠᠷᠤᠯᠲᠠ ᠶ᠋ᠢ ᠨᠠᠭᠤᠯᠭ᠎ᠠ ᠦ ᠪᠦᠲᠦᠭᠡᠨ ᠪᠠᠶᠢᠭᠤᠯᠤᠯᠲᠠ ᠶ᠋ᠢᠨ ᠭᠦᠶᠴᠡᠳᠬᠡᠯ ᠲᠣᠭᠠᠨ ᠤ ᠰᠢᠰᠲ᠋ᠧᠮ ᠤᠨ ᠪᠠᠶᠢᠭᠤᠤᠯᠤᠯᠲᠠ ᠶ᠋ᠢ ᠳᠤᠲᠤᠷᠬᠠᠢ ᠪᠤᠯᠭᠠᠨ᠎ᠠ ᠃ ᠨᠠᠮ ᠤᠨ ᠭᠡᠰᠢᠭᠦᠨ ᠦ ᠬᠤᠪᠢ ᠶ᠋ᠢ ᠰᠠᠭᠤᠷᠢ ᠵᠦᠢᠯᠡᠰ ᠪᠠ ᠬᠤᠪᠢ ᠨᠡᠮᠡᠬᠦ ᠵᠦᠶᠯ ᠪᠤᠷᠭᠠᠨ ᠬᠤᠪᠢᠶᠠᠪᠠ᠃ ᠰᠠᠭᠤᠷᠢ ᠵᠦᠢᠯᠡᠰ ᠨᠢ ᠵᠠᠭᠤᠨ ᠬᠤᠪᠢ ᠶᠢᠨ ᠲᠦᠷᠢᠮ ᠢ ᠬᠡᠷᠡᠭᠵᠢᠭᠦᠯᠵᠦ ᠂ ᠨᠠᠮ ᠤᠨ ᠭᠡᠰᠢᠭᠦᠨ ᠤ ᠪᠦᠬᠦ ᠵᠢᠯ ᠶ᠋ᠢᠨ ᠠᠵᠢᠯ ᠤᠨ ᠦᠷ᠎ᠡ ᠪᠦᠲᠦᠮᠵᠢ ᠶ᠋ᠢᠨ ᠶᠡᠷᠦᠩᠬᠡᠶᠢᠯᠡᠭᠰᠡᠨ ᠦᠨᠡᠨᠯᠡᠯᠲᠡ ᠮᠦᠨ᠃  ᠲᠡᠷᠡ ᠨᠢ ᠡᠳᠦᠷ ᠲᠤᠲᠤᠮ ᠤᠨ ᠦᠶᠯᠡ ᠠᠵᠢᠯᠯᠠᠭᠠᠨ ᠤ ᠬᠤᠪᠢ᠂ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠬᠤᠪᠢ᠂ ᠨᠠᠮ ᠤᠨ ᠵᠣᠬᠢᠶᠠᠨ ᠪᠠᠶᠢᠭᠤᠯᠤᠯᠲᠠ ᠬᠤᠪᠢ ᠭᠡᠵᠦ ᠭᠤᠷᠪᠠᠨ ᠲᠠᠯ᠎ᠠ ᠡᠴᠡ ᠦᠨᠡᠯᠡᠨ ᠲᠣᠭᠲᠠᠭᠠᠬᠤ 5᠄ 3᠄ 2 ᠶ᠋ᠢᠨ ᠬᠠᠷᠢᠴᠠᠯ ᠶᠣᠰᠣᠭᠠᠷ ᠨᠡᠮᠡᠭᠦᠷᠢ ᠲᠣᠭᠲᠠᠭᠠᠨ᠎ᠠ᠃ ᠡᠭᠦᠨ ᠦ ᠳᠣᠲᠣᠷ᠎ᠠ ᠡᠳᠦᠷ ᠲᠤᠲᠤᠮ ᠤᠨ ᠦᠢᠯᠡ ᠠᠵᠢᠯᠯᠠᠭ᠎ᠠ ᠦ ᠶᠡᠷᠦᠩᠬᠡᠶ ᠬᠤᠪᠢ ᠨᠢ 100 ᠬᠤᠪᠢ ᠂ ᠬᠤᠪᠢ ᠲᠡᠮᠳᠡᠭᠯᠡᠬᠦ ᠪᠠᠷᠢᠮᠵᠢᠶ᠎ᠠ ᠨᠢ ᠶᠡᠬᠡ ᠲᠦᠯᠦᠪ ᠤᠯᠤᠰ ᠲᠦᠷᠦ ᠶᠢᠨ ᠢᠯᠡᠷᠡᠯ᠂ ᠰᠠᠬᠢᠯᠭ᠎ᠠ ᠪᠠᠲᠤ ᠬᠡᠷᠡᠭᠵᠢᠭᠦᠯᠬᠦ ᠂ ᠶᠣᠰᠣ ᠰᠤᠷᠲᠠᠬᠤᠨ ᠪ ᠬᠡᠪ ᠴᠢᠨᠠᠷ᠂ ᠦᠢᠯᠡᠳᠦᠯ ᠢᠶᠡᠨ  ᠪᠠᠳᠠᠷᠠᠭᠤᠯᠬᠤ 4 ᠲᠥᠷᠥᠯ ᠳᠦ ᠬᠤᠪᠢᠶᠠᠳᠠᠭ᠃ ᠤᠯᠤᠰ ᠲᠦᠷᠦ ᠶᠢᠨ ᠢᠯᠡᠷᠡᠯ ᠬᠢᠷᠢ ᠲᠡᠩᠴᠡᠯ ᠨᠢ ᠭᠣᠣᠯᠳᠠᠭᠤ ᠨᠠᠮ ᠤᠨ ᠭᠡᠰᠢᠭᠦᠨ ᠤ ᠨᠠᠮ ᠤᠨ ᠰᠦᠢᠳᠬᠡᠯ ᠲᠤᠰᠢᠶᠠᠬᠤ᠂ 《 ᠭᠤᠷᠪᠠᠨ ᠬᠤᠷᠠᠯ ᠤᠨ ᠬᠢᠴᠢᠶᠡᠯ 》 ᠳ᠋ᠤ ᠤᠷᠤᠯᠴᠠᠬᠤ᠂ ᠨᠠᠮ ᠤᠨ ᠡᠭᠦᠷ ᠦᠨ ᠲᠥᠪᠯᠡᠷᠡᠨ ᠰᠤᠷᠤᠯᠴᠠᠬᠤ᠂ ᠪᠤᠯᠪᠠᠰᠤᠷᠠᠯ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠡᠷᠭᠡ ᠶᠡᠷᠦᠩᠬᠡᠶ ᠬᠤᠪᠢ ᠨᠢ 35 ᠬᠤᠪᠢ᠃ ᠰᠠᠬᠢᠯᠭ᠎ᠠ ᠪᠠᠲᠤ ᠶᠢ ᠬᠡᠷᠡᠭᠵᠢᠭᠦᠯᠬᠦ ᠳᠦ ᠭᠣᠣᠯᠳᠠᠭᠤ ᠨᠠᠮ ᠤᠨ ᠰᠠᠬᠢᠯᠭ᠎ᠠ ᠪᠠᠲᠤ ᠶᠢ ᠬᠡᠷᠡᠭᠵᠢᠭᠦᠯᠬᠦ ᠂ ᠠᠵᠢᠯ ᠤᠨ ᠰᠠᠬᠢᠯᠭ᠎ᠠ ᠪᠠᠲᠤ ᠵᠡᠷᠭᠡ ᠪᠠᠶᠢᠳᠠᠯ ᠢ ᠦᠨᠳᠦᠰᠦᠯᠡᠨ᠂ ᠶᠡᠷᠦᠩᠬᠡᠶ ᠬᠤᠪᠢ ᠨᠢ 25 ᠬᠤᠪᠢ᠃ ᠶᠣᠰᠣ ᠮᠣᠷᠠᠯ ᠵᠠᠩ ᠴᠢᠨᠠᠷ ᠨᠢ ᠭᠣᠣᠯᠳᠠᠭᠤ ᠨᠠᠮ ᠤᠨ ᠭᠡᠰᠢᠭᠦᠨ ᠤ ᠬᠤᠪᠢ ᠬᠥᠮᠦᠨ ᠦ ᠵᠠᠩ ᠰᠤᠷᠲᠠᠯ᠂ ᠭᠡᠷ ᠦᠨ ᠰᠤᠷᠲᠠᠯ ᠤᠨ ᠪᠠᠶᠢᠭᠤᠯᠤᠯᠲᠠ ᠵᠢᠴᠢ ᠨᠡᠶᠢᠭᠡᠮ ᠨᠡᠶᠢᠲᠡ ᠶᠢᠨ ᠶᠣᠰᠣ ᠮᠣᠷᠠᠯ ᠢ ᠪᠠᠶᠢᠳᠠᠯ ᠢ ᠰᠢᠯᠭᠠᠨ ᠦᠨᠡᠯᠡᠵᠦ᠂ ᠶᠡᠷᠦᠩᠬᠡᠶ ᠬᠤᠪᠢ ᠨᠢ 20  ᠬᠤᠪᠢ᠃ ᠦᠢᠯᠡᠳᠦᠯ ᠢᠶᠡᠨ ᠪᠠᠳᠠᠷᠠᠭᠤᠯᠬᠤ ᠬᠡᠰᠡᠭ ᠨᠢ ᠭᠣᠣᠯᠳᠠᠭᠤ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠦ ᠠᠵᠢᠯᠯᠠᠭ᠎ᠠ᠂ ᠠᠮᠠᠯᠠᠯᠲᠠ ᠪᠠᠨ ᠦᠢᠯᠡᠳᠦᠯᠭᠡᠵᠢᠬᠦᠯᠬᠦ ᠵᠡᠷᠭᠡ ᠬᠣᠰᠢᠭᠤᠴᠢ ᠵᠢᠱᠢᠶᠡᠴᠢ ᠦᠢᠯᠡ ᠪᠠᠶᠢᠳᠠᠯ ᠢ ᠨᠢ ᠦᠨᠳᠦᠰᠦᠯᠡᠵᠦ᠂ ᠶᠡᠷᠦᠩᠬᠡᠶ ᠬᠤᠪᠢ ᠨᠢ 20 ᠬᠤᠪᠢ᠃  ᠵᠢᠯ ᠦᠨ ᠬᠤᠪᠢ ᠶ᠋ᠢ ᠶᠡᠷᠦᠩᠬᠡᠶᠢᠯᠡᠨ ᠪᠤᠲᠤᠬᠤ ᠦᠶ᠎ᠡ ᠳᠦ ᠂ ᠡᠳᠦᠷ ᠲᠤᠲᠤᠮ ᠤᠨ ᠦᠶᠯᠡ ᠠᠵᠢᠯᠯᠠᠭᠠᠨ ᠤ ᠬᠤᠷᠠᠮᠳᠤᠯ ᠬᠤᠪᠢ ᠶᠢ 50% ᠶ᠋ᠢᠨ ᠬᠠᠷᠢᠴᠠᠯ ᠢᠶᠠᠷ ᠨᠡᠮᠡᠵᠦ ᠲᠣᠭᠲᠠᠭᠠᠨ᠎ᠠ᠃ ᠠᠷᠠᠳᠴᠢᠯᠠᠯ ᠢᠶᠠᠷ ᠦᠨᠡᠯᠡᠯᠲᠡ ᠬᠢᠬᠦ ᠨᠢ ᠶᠡᠷᠦᠩᠬᠡᠶ ᠬᠤᠪᠢ 100 ᠪᠠᠶᠢᠵᠦ᠂ ᠵᠢᠯ ᠦᠨ ᠡᠴᠦᠰ ᠲᠦ ᠡᠯ᠎ᠡ ᠡᠭᠦᠷ ᠢᠶᠡᠷ ᠨᠢᠭᠡᠴᠢ ᠪᠣᠯᠭᠠᠨ᠂ ᠵᠣᠬᠢᠶᠠᠨ ᠪᠠᠶᠢᠭᠤᠯᠤᠯᠲᠠ ᠶᠢᠨ ᠨᠠᠮ ᠤᠨ ᠭᠡᠰᠢᠭᠦᠨ ᠳᠦ ᠠᠷᠠᠳᠴᠢᠯᠠᠯ ᠢᠶᠠᠷ ᠦᠨᠡᠯᠡᠯᠲᠡ ᠬᠢᠬᠦ ᠶᠡᠬᠡ ᠬᠤᠷᠠᠯ ᠬᠤᠷᠠᠯᠳᠤᠭᠤᠯᠵᠤ᠂ ᠨᠠᠮ ᠤᠨ ᠭᠡᠰᠢᠭᠦᠨ ᠪᠣᠯᠤᠨ ᠣᠯᠠᠨ ᠲᠦᠮᠡᠨ ᠦ ᠲᠥᠯᠥᠭᠡᠯᠡᠭᠴᠢᠳ ᠡᠴᠡ ᠫᠢᠶᠣᠣ ᠥᠭᠴᠦ ᠬᠤᠪᠢ ᠤᠯᠭᠤᠨ᠎ᠠ᠃ ᠵᠢᠯ ᠦᠨ ᠬᠤᠪᠢ ᠶ᠋ᠢ  ᠶᠡᠷᠦᠩᠬᠡᠶᠢᠯᠡᠨ ᠪᠤᠲᠤᠬᠤ ᠦᠶ᠎ᠡ ᠳᠦ᠂ ᠠᠷᠠᠳᠴᠢᠯᠠᠯ ᠢᠶᠠᠷ ᠦᠨᠡᠯᠡᠬᠦ ᠬᠤᠷᠠᠮᠳᠤᠯ ᠬᠤᠪᠢ ᠶᠢ 30% ᠶ᠋ᠢᠨ ᠬᠠᠷᠢᠴᠠᠯ ᠢᠶᠠᠷ ᠨᠡᠮᠡᠵᠦ ᠲᠤᠭᠲᠠᠭᠠᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠡᠯᠡᠨ ᠲᠣᠭᠲᠠᠭᠠᠬᠤ ᠶᠡᠷᠦᠩᠬᠡᠶ ᠬᠤᠪᠢ ᠨᠢ 100 ᠬᠤᠪᠢ ᠪᠠᠶᠢᠵᠦ᠂ ᠵᠢᠯ ᠦᠨ ᠡᠴᠦᠰ ᠪᠤᠯᠭᠠᠨ ᠡᠭᠦᠷ ᠦᠨ ᠭᠡᠰᠢᠭᠦᠳ ᠦᠨ ᠬᠤᠷᠠᠯ ᠬᠤᠷᠠᠯ  ᠬᠤᠷᠠᠯᠳᠤᠵᠤ ᠬᠠᠮᠲᠤ ᠪᠠᠷ ᠰᠤᠳᠤᠯᠤᠨ ᠶᠠᠷᠢᠯᠴᠠᠵᠤ ᠂ ᠨᠠᠮ ᠤᠨ ᠭᠡᠰᠢᠭᠦᠨ ᠦ ᠡᠳᠦᠷ ᠲᠤᠳᠤᠮ ᠤᠨ ᠢᠯᠡᠷᠡᠯ ᠪᠣᠯᠤᠨ ᠠᠷᠠᠳᠴᠢᠯᠠᠯ ᠢᠶᠠᠷ ᠦᠨᠡᠯᠡᠯᠲᠡ ᠬᠢᠬᠦ ᠳᠦ ᠣᠷᠣᠯᠴᠠᠬᠤ ᠪᠠᠶᠢᠳᠠᠯ ᠲᠠᠢ ᠤᠶᠠᠯᠳᠤᠭᠤᠯᠤᠨ ᠵᠣᠬᠢᠶᠠᠨ ᠪᠠᠶᠢᠭᠤᠯᠤᠯᠲᠠ ᠶᠢᠨ ᠬᠤᠪᠢ ᠤᠯᠭᠤᠳᠠᠭ᠃ ᠵᠢᠯ ᠦᠨ ᠶᠡᠷᠦᠩᠬᠡᠶᠢᠯᠡᠭᠰᠡᠨ ᠬᠤᠪᠢ ᠪᠤᠳᠤᠬᠤ ᠦᠶ᠎ᠡ ᠳᠦ᠂ ᠨᠠᠮ ᠤᠨ ᠵᠣᠬᠢᠶᠠᠨ ᠪᠠᠶᠢᠭᠤᠯᠤᠯᠲᠠ ᠤᠨ ᠦᠨᠡᠯᠡᠨ ᠲᠣᠭᠲᠠᠭᠠᠬᠤ ᠬᠤᠷᠠᠮᠳᠤᠯ ᠬᠤᠪᠢ ᠶᠢ 20% ᠪᠡᠷ ᠨᠡᠮᠡᠨ ᠪᠤᠲᠤᠨ᠎ᠠ᠃ ᠳᠠᠬᠢᠨ ᠪᠠᠰᠠ ᠬᠤᠪᠢ ᠨᠡᠮᠡᠬᠦ ᠲᠥᠷᠥᠯ ᠵᠦᠶᠯ ᠢ ᠨᠡᠮᠡᠨ ᠤᠷᠤᠭᠤᠯᠵᠤ ᠂ ᠨᠡᠶᠢᠲᠡ ᠬᠤᠪᠢ ᠨᠢ 20 ᠬᠤᠪᠢ ᠪᠠᠶᠢᠵᠦ᠂ ᠰᠠᠭᠤᠷᠢ ᠠᠵᠢᠯ ᠤᠨ ᠳᠡᠭᠡᠷ᠎ᠡ100 ᠬᠤᠪᠢ ᠳᠡᠭᠡᠷ ᠣᠨᠴᠠ ᠬᠤᠪᠢ ᠨᠡᠮᠡᠬᠦ ᠨᠢ ( ᠨᠡᠮᠡᠵᠦᠣᠷᠣᠭᠤᠯᠬᠤ ᠬᠤᠪᠢ ᠨᠢ ᠵᠢᠯ ᠦᠨ ᠶᠡᠷᠦᠩᠬᠡᠢ ᠬᠤᠪᠢ ᠳ᠋ᠤ ᠤᠷᠤᠭᠤᠯᠬᠤ ᠡᠰᠡᠬᠦ ᠲᠤᠬᠠᠢ ᠦᠨᠳᠦᠰᠦᠨ ᠱᠠᠲᠤᠨ ᠤ ᠡᠪᠯᠡᠯ ᠤᠨ ᠪᠤᠳᠠᠳᠤ ᠪᠠᠶᠢᠳᠠᠯ ᠲᠠᠢ ᠤᠶᠠᠯᠳᠤᠭᠤᠯᠵᠤ ᠪᠠᠶᠢᠭᠠᠳ ᠲᠤᠭᠲᠠᠭᠠᠨ᠎ᠠ ) ᠨᠠᠮ ᠤᠨ ᠭᠡᠰᠢᠭᠦᠨ ᠦ ᠬᠣᠰᠢᠭᠤᠴᠢ ᠵᠢᠱᠢᠶᠡᠴᠢ ᠦᠢᠯᠡᠳᠦᠯ ᠢᠶᠡᠨ ᠪᠠᠳᠠᠷᠠᠭᠤᠯᠬᠤ ᠳ᠋ᠤ ᠪᠣᠳᠠᠲᠠᠶ ᠪᠤᠳᠤᠯᠬᠢᠯᠠᠯ ᠢ ᠤᠯᠢᠭᠤᠯᠪᠠ᠃ ᠬᠤᠪᠢ ᠨᠡᠮᠡᠬᠦ ᠲᠥᠷᠥᠯ ᠵᠦᠶᠯ ᠨᠢ ᠰᠠᠨᠠᠭᠠᠴᠢᠯᠠᠭ᠎ᠠ ᠠᠴᠠ ᠪᠠᠨ ᠨᠠᠮ ᠤᠨ ᠣᠨᠴᠠᠭᠠᠶ ᠰᠦᠢᠳᠬᠡᠯ ᠲᠤᠰᠢᠶᠠᠬᠤ ᠂ ᠰᠢᠳᠤᠷᠭᠤ ᠶᠠᠪᠤᠳᠠᠯ ᠢ ᠵᠣᠷᠢᠭᠲᠠᠶ ᠬᠢᠬᠦ᠂ ᠲᠡᠷᠢᠭᠦᠨ ᠤ ᠬᠢ ᠢ ᠰᠢᠯᠭᠠᠷᠠᠭᠤᠯᠵᠤ ᠱᠠᠩᠨᠠᠯ ᠵᠡᠷᠭᠡ 10 ᠲᠠᠯ᠎ᠠ ᠶᠢᠨ ᠦᠨᠡᠯᠡᠬᠦ ᠠᠭᠤᠯᠭ᠎ᠠ ᠲᠠᠢ ᠪᠠᠶᠢᠵᠦ᠂ ᠨᠠᠮ ᠤᠨ ᠭᠡᠰᠢᠭᠦᠨ ᠦ ᠵᠡᠷᠭᠡ ᠳᠡᠰ ᠢ ᠦᠨᠡᠯᠡᠨ ᠲᠣᠭᠲᠠᠭᠠᠬᠤ ᠪᠠ ᠰᠢᠯᠢᠳᠡᠭ ᠢ ᠰᠢᠯᠭᠠᠷᠠᠭᠤᠯᠬᠤ ᠳ᠋ᠦ ᠯᠠᠪᠯᠠᠬᠤ ᠵᠦᠶᠯ ᠪᠤᠯᠭᠠᠨ᠎ᠠ᠃ ᠬᠤᠪᠢ ᠲᠡᠮᠳᠡᠭᠯᠡᠬᠦ ᠶ᠋ᠢ ᠲᠤᠭᠲᠠᠭᠠᠬᠤ ᠶᠠᠪᠤᠴᠠ ᠳ᠋ᠤ᠂ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠨᠢ ᠨᠢᠭᠡᠴᠢ ᠶᠢᠨ ᠰᠠᠯᠠᠭ᠎ᠠ ᠮᠥᠴᠢᠷ᠂ ᠠᠵᠢᠯ ᠲᠥᠷᠥᠯ ᠤᠨ ᠬᠦᠷᠢᠶᠡᠨ ᠤ ᠪᠣᠳᠠᠲᠠᠶ ᠪᠠᠶᠢᠳᠠᠯ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠨᠠᠮ ᠤᠨ ᠭᠡᠰᠢᠬᠦᠨ ᠦ ᠬᠤᠪᠢ ᠨᠡᠮᠡᠬᠦ ᠬᠠᠷᠢᠴᠠᠯ᠂ ᠬᠣᠰᠢᠭᠤᠴᠢ ᠦᠢᠯᠡᠳᠦᠯ ᠂ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠬᠦᠭᠵᠢᠭᠡᠬᠦ ᠬᠡᠷᠡᠭᠲᠡᠢ ᠃
    3᠂ ᠴᠢᠩᠭ᠎ᠠ ᠪᠣᠳᠠᠲᠠᠢ ᠠᠵᠢᠯᠯᠠᠬᠤ ᠶᠠᠪᠤᠴᠠ ᠶ᠋ᠢ ᠵᠢᠷᠤᠮᠵᠢᠭᠤᠯᠬᠤ ᠬᠡᠷᠡᠭᠲᠡᠢ᠃

    ᠨᠢᠭᠡ ᠳᠦ ᠂ ᠬᠤᠪᠢ ᠲᠡᠮᠳᠡᠭᠯᠡᠵᠦ ᠳᠠᠩᠰᠠᠯᠠᠬᠤ ᠶ᠋ᠢ ᠵᠢᠷᠤᠮᠵᠢᠭᠤᠯᠬᠤ ᠬᠡᠷᠡᠭᠲᠡᠶ ᠃ ᠨᠠᠮ ᠤᠨ ᠡᠭᠦᠷ ᠨᠢᠭᠡᠪᠦᠢ ᠲᠤᠭᠲᠠᠭᠰᠠᠨ ᠨᠢᠭᠡᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠥᠨᠳᠥᠷ᠂ ᠦᠵᠡᠯ ᠰᠠᠨᠠᠭ᠎ᠠ ᠵᠠᠩ ᠴᠢᠨᠠᠷ ᠰᠠᠶᠢᠲᠠᠢ᠂ ᠲᠥᠪ ᠭᠣᠣᠯᠴᠢ ᠂ ᠬᠡᠷᠡᠭ ᠶᠠᠪᠤᠳᠠᠯ ᠰᠢᠶᠳᠪᠦᠷᠢᠯᠡᠬᠦ ᠳᠡᠭᠡᠨ ᠭᠣᠣᠯᠴᠢ ᠪᠠᠶᠢᠬᠤ ᠨᠠᠮ ᠤᠨ ᠭᠡᠰᠢᠭᠦᠨ ᠢ ᠬᠤᠪᠢ ᠲᠡᠮᠳᠡᠭᠯᠡᠭᠴᠢ ᠪᠤᠯᠭᠠᠨ᠂ ᠨᠠᠮ ᠤᠨ ᠭᠡᠰᠢᠭᠦᠨ ᠦ ᠠᠵᠢᠯ ᠤᠨ ᠪᠠᠶᠢᠳᠠᠯ ᠢ ᠴᠤᠭᠯᠠᠭᠤᠯᠬᠤ ᠂ ᠡᠳᠦᠷ ᠲᠤᠳᠤᠮ ᠤᠨ ᠠᠵᠢᠯ ᠳᠤ ᠭᠠᠷᠬᠤ ᠶᠢ ᠰᠢᠯᠭᠠᠨ ᠬᠢᠨᠠᠵᠦ᠂ ᠡᠬᠡ ᠳᠠᠩᠰᠠ ᠲᠠᠭᠯᠠᠬᠤ᠂ ᠬᠤᠪᠢ ᠳᠡᠮᠳᠡᠭᠯᠡᠨ ᠵᠠᠷᠯᠠᠨ ᠨᠡᠶᠢᠲᠡᠯᠡᠬᠦ ᠪᠠ ᠳᠡᠭᠡᠭᠰᠢ ᠮᠡᠳᠡᠭᠦᠯᠬᠦ ᠵᠡᠷᠭᠡ ᠡᠳᠦᠷ ᠲᠤᠳᠤᠮ ᠤᠨ ᠠᠵᠢᠯ ᠢ ᠡᠷᠬᠢᠯᠡᠨ ᠬᠢᠨ᠎ᠡ᠃

    ᠬᠣᠶᠠᠷ ᠲᠤ ᠂ ᠬᠠᠮᠢᠶᠠᠷᠤᠯᠲᠠ ᠶᠢᠨ ᠪᠣᠳᠠᠲᠤ ᠲᠡᠮᠳᠡᠭᠯᠡᠯ ᠢ ᠵᠢᠷᠤᠮᠵᠢᠭᠤᠯᠬᠤ ᠬᠡᠷᠡᠭᠲᠡᠶ ᠃ ᠳᠦᠷᠢᠮᠲᠦ ᠨᠢᠭᠡᠳᠦᠯᠲᠡᠶ ᠨᠠᠮ ᠤᠨ ᠭᠡᠰᠢᠭᠦᠨ ᠤ ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ ᠭᠠᠷ ᠠᠪᠤᠯᠭ᠎ᠠ ᠶ᠋ᠢ ᠪᠠᠶᠢᠭᠤᠯᠵᠤ᠂ ᠨᠠᠮ ᠤᠨ ᠭᠡᠰᠢᠭᠦᠨ ᠤ ᠡᠳᠦᠷ ᠲᠤᠳᠤᠮ ᠤᠨ ᠦᠢᠯᠠ ᠠᠵᠢᠯᠯᠠᠭᠠᠨ ᠤ ᠴᠣᠮᠬᠠᠷᠠᠯ ᠲᠣᠳᠣᠷᠬᠠᠶ ᠬᠠᠭᠤᠳᠠᠰᠤ᠂ ᠡᠬᠡ ᠳᠠᠨᠭᠰᠠ  ᠂ ᠨᠡᠮᠡᠯᠲᠡ ᠬᠤᠪᠢ ᠪᠦᠷᠢᠳᠬᠡᠯ ᠦᠨ ᠬᠦᠰᠦᠨᠦᠭᠲᠦ᠂ ᠣᠨ ᠤ ᠴᠣᠮᠬᠠᠳᠬᠠᠯ ᠶᠡᠷᠦᠩᠬᠡᠶ ᠬᠦᠰᠦᠨᠦᠭᠲᠦ ᠪᠣᠯᠤᠨ 《 ᠨᠠᠮ ᠤᠨ ᠭᠡᠰᠢᠬᠦᠨ ᠢᠠᠷᠠᠳᠴᠢᠯᠠᠯ ᠢᠶᠠᠷ ᠦᠨᠡᠯᠡᠯᠲᠡ ᠬᠢᠨ ᠰᠢᠯᠭᠠᠨ ᠲᠣᠭᠲᠠᠭᠠᠬᠤ ᠬᠦᠰᠦᠨᠦᠭᠲᠦ 》 ᠬᠠᠮᠢᠶᠠᠷᠤᠯᠲᠠ ᠶᠢᠨ ᠭᠠᠷ ᠠᠪᠤᠯᠭ᠎ᠠ ᠶ᠋ᠢ ᠴᠡᠭᠴᠡᠯᠡᠬᠦ ᠶᠠᠪᠤᠴᠠ ᠳ᠋ᠤ᠂  《ᠭᠠᠷ ᠲᠤ ᠨᠢᠭᠡ ᠲᠡᠪᠲᠡᠷ ᠪᠠᠶᠢᠬᠤ 》 ᠶ᠋ᠢ ᠦᠨᠡᠨ ᠬᠦ ᠪᠠᠲᠤᠯᠠᠵᠤ ᠂ ᠨᠠᠮ ᠤᠨ ᠭᠡᠰᠢᠭᠦᠳ ᠦᠨ ᠠᠵᠢᠯᠯᠠᠭ᠎ᠠ ᠶᠢᠨ ᠪᠦᠬᠦ ᠶᠠᠪᠤᠴᠠ ᠳᠤ ᠤᠷᠤᠮ ᠦᠯᠡᠳᠡᠭᠡᠬᠦ ᠬᠡᠷᠡᠭᠲᠡᠶ ᠃

    ᠭᠤᠷᠪᠠ ᠳᠤ ᠂ ᠵᠠᠷᠯᠠᠨ ᠮᠡᠳᠡᠭᠳᠡᠬᠦ ᠶ᠋ᠢ  ᠵᠢᠷᠤᠮᠵᠢᠭᠤᠯᠬᠤ ᠬᠡᠷᠡᠭᠲᠡᠢ᠃ ᠤᠯᠠᠷᠢᠯ ᠮᠡᠳᠡᠭᠡᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠠᠷ᠎ᠠ ᠪᠤᠯᠭᠠᠨ ᠨᠠᠮ ᠤᠨ ᠭᠡᠰᠢᠭᠦᠨ ᠬᠤᠪᠢ ᠶ᠋ᠢ ᠨᠡᠶᠢᠲᠡᠯᠡᠨ᠎ᠡ ᠃ ᠨᠠᠮ ᠤᠨ ᠭᠡᠰᠢᠭᠦᠨ ᠤ ᠬᠤᠪᠢ ᠶ᠋ᠢ ᠨᠡᠶᠢᠲᠡᠯᠡᠬᠦ ᠢᠯᠡ ᠪᠤᠯᠤᠩ ᠭᠠᠷᠭᠠᠵᠤ᠂ ᠲᠣᠭᠲᠠᠮᠠᠯ ᠰᠠᠷ᠎ᠠ ᠶ᠋ᠢᠨ ᠠᠩᠬᠠᠨ ᠤ ᠭᠠᠷᠠᠭ ᠤᠨ ᠲᠠᠪᠤᠨ ᠳᠤ ᠨᠠᠮ ᠤᠨ ᠭᠡᠰᠢᠭᠦᠨ ᠦ ᠬᠤᠪᠢ ᠶ᠋ᠢ ᠵᠠᠷᠯᠠᠨ ᠨᠡᠶᠢᠲᠡᠯᠡᠨ᠎ᠡ᠃ ᠤᠯᠠᠷᠢᠯ ᠪᠦᠷᠢ ᠨᠢᠭᠡ ᠤᠳᠠᠭ᠎ᠠ ᠨᠠᠮ ᠤᠨ ᠭᠡᠰᠢᠭᠦᠳ ᠦᠨ ᠶᠡᠬᠡ ᠬᠤᠷᠠᠯ ᠳᠡᠭᠡᠷ᠎ᠡ᠂ ᠨᠠᠮ ᠤᠨ ᠭᠡᠰᠢᠭᠦᠨ ᠤ ᠤᠯᠠᠷᠢᠯ ᠤᠨ ᠴᠣᠮᠬᠠᠷᠠᠯ ᠪᠠ ᠨᠡᠷᠡᠰ ᠦᠨ ᠵᠢᠭᠰᠠᠭᠠᠯᠲᠠ ᠶᠢᠨ ᠡᠮᠦᠨ᠎ᠡ ᠵᠠᠷᠯᠠᠨ ᠨᠡᠶᠢᠲᠡᠯᠡᠵᠦ᠂ ᠨᠠᠮ ᠤᠨ ᠭᠡᠰᠢᠭᠦᠨ ᠤᠯᠠᠨ ᠲᠦᠮᠡᠨ ᠦ ᠬᠢᠨᠠᠯᠲᠠ ᠶᠢ ᠬᠦᠯᠢᠶᠡᠬᠦ ᠬᠡᠷᠡᠭᠲᠡᠶ ᠃
    4᠂ ᠬᠤᠪᠢ ᠲᠡᠮᠳᠡᠭᠯᠡᠵᠦ ᠦᠷ᠎ᠡ ᠳ᠋ᠦᠩ ᠢ ᠠᠰᠢᠭᠯᠠᠬᠤ ᠶ᠋ᠢ ᠬᠦᠴᠦᠯᠡᠨ ᠴᠢᠩᠭᠠᠳᠬᠠᠨ᠎ᠠ᠃

    ᠨᠢᠭᠡ ᠳᠦ᠂ ᠶᠡᠷᠦᠩᠬᠡᠢ ᠦᠨᠡᠯᠡᠨ ᠲᠣᠭᠲᠠᠭᠠᠯᠲᠠ ᠶ᠋ᠢᠨ ᠪᠠᠶᠢᠳᠠᠯ ᠢ ᠦᠨᠳᠦᠰᠦᠯᠡᠬᠦ ᠬᠡᠷᠡᠭᠲᠡᠢ᠃ ᠣᠨ ᠤ ᠬᠤᠪᠢ ᠶ᠋ᠢ ᠦᠨᠳᠦᠰᠦᠯᠡᠵᠦ ᠪᠠᠶᠢᠭᠠᠳ᠂ ᠨᠠᠮ ᠤᠨ ᠭᠡᠰᠢᠬᠦᠳ ᠢ ᠰᠢᠯᠢᠳᠡᠭ᠂ ᠬᠢᠷᠢ ᠲᠡᠩᠴᠡᠭᠰᠡᠨ᠂ ᠦᠨᠳᠦᠰᠦᠨ ᠳᠡᠭᠡᠨ ᠬᠢᠷᠢ ᠲᠡᠩᠴᠡᠭᠦᠯᠬᠦ ᠂ ᠬᠢᠷᠢ ᠲᠡᠩᠴᠡᠬᠦ ᠦᠭᠡᠢ ᠭᠡᠬᠦ ᠳᠥᠷᠪᠡᠨ ᠲᠥᠷᠥᠯ ᠳ᠋ᠦ ᠬᠤᠪᠢᠶᠠᠨ᠎ᠠ᠃ ᠣᠨ ᠤ ᠬᠤᠪᠢ ᠨᠢ 90 ᠬᠤᠪᠢ ᠠᠴᠠ ᠳᠡᠭᠡᠭᠰᠢ ᠪᠠᠶᠢᠪᠠᠯ ᠰᠢᠯᠢᠳᠡᠭ ᠨᠠᠮ ᠤᠨ ᠭᠡᠰᠢᠭᠦᠨ᠂ 89 70 ᠬᠣᠪᠢ ᠶᠢᠨ ᠬᠤᠭᠤᠷᠤᠨᠲᠤ ᠪᠤᠯ ᠬᠢᠷᠢ ᠲᠡᠩᠴᠡᠭᠰᠡᠨ ᠨᠠᠮ ᠤᠨ ᠭᠡᠰᠢᠭᠦᠨ᠂ 69 60  ᠶᠢᠨ ᠬᠤᠭᠤᠷᠤᠨᠲᠤ ᠪᠤᠯ ᠦᠨᠳᠦᠰᠦᠨ ᠬᠢᠷᠢ ᠲᠡᠩᠴᠡᠭᠰᠡᠨ ᠨᠠᠮ ᠤᠨ ᠭᠡᠰᠢᠭᠦ ᠂ 60 ᠬᠤᠪᠢ ᠠᠴᠠ ᠳᠣᠷᠣᠭᠰᠢ ᠨᠢ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠭᠡᠵᠦ ᠲᠤᠭᠲᠠᠭᠠᠨ ᠂ ᠰᠢᠯᠢᠳᠡᠭ ᠨᠠᠮ ᠤᠨ ᠭᠡᠰᠢᠭᠦᠨ ᠦ ᠬᠠᠷᠢᠴᠠᠯ ᠨᠢ ᠶᠡᠷᠦᠩᠬᠡᠶ ᠳᠡᠭᠡᠨ ᠲᠤᠰ ᠨᠠᠮ ᠤᠨ ᠡᠭᠦᠷ ᠨᠠᠮ ᠤᠨ ᠭᠡᠰᠢᠭᠦᠨ ᠦ ᠶᠡᠷᠦᠩᠬᠡᠶ ᠲᠣᠭᠠᠨ ᠤ 30% ᠬᠡᠲᠦᠷᠡᠵᠦ ᠪᠣᠯᠬᠤ ᠦᠭᠡᠢ ᠃     ᠬᠣᠶᠠᠷ ᠲᠤ᠂ ᠬᠤᠪᠢ ᠲᠡᠮᠳᠡᠭᠯᠡᠬᠦ ᠵᠢᠱᠢᠶᠡᠴᠢ ᠮᠤᠲ᠋ᠸᠯ ᠳ᠋ᠦ ᠲᠦᠰᠢᠭᠯᠡᠨ᠎ᠡ᠃ ᠬᠣᠶᠠᠷ ᠤᠯᠠᠷᠢᠯ ᠳᠠᠷᠠᠭᠠᠯᠠᠨ ᠬᠤᠪᠢ ᠨᠢ 90 ᠬᠤᠪᠢ ᠠᠴᠠ ᠳᠡᠭᠡᠭᠰᠢ ᠪᠤᠶᠤ ᠨᠡᠷᠡᠰ ᠦᠨ ᠵᠢᠭᠰᠠᠭᠠᠯᠲᠠ ᠶᠢᠨ ᠡᠮᠦᠨ᠎ᠡ ᠡᠩᠨᠡᠭᠡᠨ ᠳᠦ ᠪᠠᠶᠢᠭ᠎ᠠ ᠨᠠᠮ ᠤᠨ ᠭᠡᠰᠢᠭᠦᠨ ᠤ ᠠᠵᠢᠯ ᠤᠨ ᠪᠠᠶᠢᠷᠢ ᠶ᠋ᠢ ᠨᠢ ᠨᠠᠮ ᠤᠨ ᠭᠡᠰᠢᠭᠦᠨ ᠤ ᠬᠣᠰᠢᠭᠤᠴᠢ ᠠᠵᠢᠯ ᠤᠨ ᠪᠠᠶᠢᠷᠢ ᠬᠡᠮᠡᠨ ᠲᠤᠭᠲᠠᠭᠠᠵᠤ᠂ ᠲᠡᠭᠦᠨ ᠦ ᠵᠢᠱᠢᠢ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠭᠡᠰᠢᠭᠦᠳ ᠦᠨ ᠠᠵᠢᠯ ᠤᠨ ᠪᠠᠶᠢᠷᠢ ᠳᠠᠭᠠᠨ ᠬᠣᠰᠢᠭᠤᠴᠢ ᠪᠤᠯᠬᠤ ᠲᠠᠯ᠎ᠠ ᠶ᠋ᠢ ᠪᠠᠳᠠᠷᠠᠭᠤᠯᠤᠨ᠎ᠠ᠃

    ᠭᠤᠷᠪᠠ ᠳᠤ᠂ ᠬᠤᠪᠢ ᠲᠡᠮᠳᠡᠭᠯᠡᠬᠦ ᠶ᠋ᠢ ᠦᠨᠳᠦᠰᠦᠯᠡᠵᠦ ᠪᠠᠶᠢᠭᠠᠳ ᠬᠠᠪᠰᠤᠷᠴᠤ ᠲᠡᠳᠬᠦᠬᠦ ᠃ ᠳᠠᠷᠠᠭᠠᠯᠠᠭᠠᠳ ᠬᠣᠶᠠᠷ ᠤᠯᠠᠷᠢᠯ ᠳᠤ ᠬᠤᠪᠢ ᠨᠢ 60 ᠬᠤᠪᠢ ᠠᠴᠠ ᠳᠣᠷᠣᠭᠰᠢ ᠪᠤᠶᠤ ᠬᠤᠪᠢ ᠨᠡᠷᠡᠰ ᠦᠨ ᠵᠢᠭᠰᠠᠭᠠᠯᠲᠠ ᠨᠢ ᠠᠷᠤ ᠪᠠᠷ ᠪᠠᠶᠢᠭ᠎ᠠ ᠠᠵᠢᠯᠳᠠᠨ ᠢ ᠨᠠᠮ ᠤᠨ ᠭᠡᠰᠢᠭᠦᠨ ᠢ ᠬᠣᠰᠢᠭᠤᠴᠢ ᠠᠵᠢᠯ ᠤᠨ ᠪᠠᠶᠢᠷᠢᠨ ᠳ᠋ᠠᠬᠢ ᠨᠠᠮ ᠤᠨ ᠭᠡᠰᠢᠭᠦᠨ ᠺᠠᠳ᠋ᠷ ᠡᠴᠠ《 ᠨᠢᠭᠡ ᠳᠦ ᠨᠢᠭᠡ ᠲᠤᠯᠭᠠᠨ ᠬᠠᠷᠢᠬᠤ 》 ᠪᠠᠷ ᠬᠠᠪᠰᠤᠷᠤᠨ ᠲᠡᠳᠬᠦᠵᠦ᠂ ᠨᠠᠮ ᠤᠨ ᠭᠡᠰᠢᠭᠦᠨ ᠦ ᠤᠯᠤᠰ ᠲᠦᠷᠦ ᠶᠢᠨ ᠬᠢᠷᠢ ᠬᠡᠮ᠂ ᠨᠠᠮ ᠤᠨ ᠭᠡᠰᠢᠭᠦᠨ ᠦ ᠬᠣᠰᠢᠭᠤᠴᠢ ᠤᠬᠠᠮᠰᠠᠷ ᠢ ᠨᠢ ᠳᠡᠭᠡᠭᠰᠢᠯᠡᠬᠦᠯᠦᠨ᠎ᠡ᠃ ᠣᠨ ᠤ ᠬᠤᠪᠢ ᠨᠢ 60 ᠬᠤᠪᠢ ᠠᠴᠠ ᠳᠣᠷᠣᠭᠰᠢ ᠲᠤᠶᠠᠷᠢᠯᠴᠠᠵᠤ ᠰᠡᠷᠡᠮᠵᠢᠬᠦᠯᠵᠦ᠂ ᠬᠤᠭᠤᠴᠠᠭ᠎ᠠ ᠲᠣᠭᠲᠠᠭᠠᠨ  ᠵᠠᠯᠠᠷᠠᠭᠤᠯᠬᠤ ᠵᠡᠷᠭᠡ ᠠᠳᠠᠯᠢ ᠪᠤᠰᠤ ᠠᠷᠭ᠎ᠠ ᠮᠠᠶ᠋ᠢᠭ ᠢᠶᠠᠷ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ ᠪᠣᠯᠤᠨ᠎ᠠ ᠃
    ( ᠬᠣᠶᠠᠷ ) ᠣᠨᠴᠠᠯᠢᠭ ᠪᠠ ᠦᠷ᠎ᠡ ᠪᠦᠲᠦᠮᠵᠢ
    1᠂ ᠠᠮ ᠤᠨ ᠡᠭᠦᠷ ᠦᠨ ᠭᠣᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ ᠃ ᠨᠠᠮ ᠤᠨ ᠡᠭᠦᠷ ᠦᠨ ᠭᠣᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠨᠠᠮ ᠤᠨ ᠭᠡᠰᠢᠭᠦᠨ ᠦ ᠬᠤᠪᠢ ᠬᠤᠷᠠᠮᠳᠤᠭᠤᠯᠬᠤ ᠬᠠᠮᠢᠶᠠᠷᠤᠯᠲᠠ ᠬᠢᠬᠦ ᠪᠣᠳᠠᠲᠠᠶ ᠬᠢᠬᠦ ᠠᠷᠭ᠎ᠠ ᠭᠡᠪᠡᠯ᠂ ᠬᠤᠪᠢ ᠲᠡᠮᠳᠡᠭᠯᠡᠬᠦ ᠪᠠᠷᠢᠮᠵᠢᠶ᠎ᠠ ᠶᠢ ᠨᠠᠮ ᠤᠨ ᠡᠭᠦᠷ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠭᠡᠰᠢᠬᠦᠨ ᠦ ᠲᠦᠷᠦᠯ ᠬᠡᠯᠪᠡᠷᠢ ᠳ᠋ᠦ ᠪᠣᠳᠠᠲᠠᠶ ᠨᠠᠷᠢᠯᠢᠭ ᠵᠢᠭᠤᠯᠤᠯ ᠬᠢᠵᠦ᠂ ᠬᠤᠪᠢ ᠬᠤᠷᠠᠮᠳᠤᠭᠤᠯᠬᠤ ᠬᠠᠮᠢᠶᠠᠷᠤᠯᠲᠠ ᠤᠨ ᠴᠢᠨᠠᠷ ᠢᠶᠠᠷ ᠴᠢᠩᠭ᠎ᠠ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠠᠮ ᠤᠨ ᠨᠠᠮ ᠤᠨ ᠭᠡᠰᠢᠭᠦᠨ ᠤ ᠬᠤᠪᠢ ᠬᠤᠷᠠᠮᠳᠤᠭᠤᠯᠬᠤ ᠬᠠᠮᠢᠶᠠᠷᠤᠯᠲᠠ ᠶ᠋ᠢ ᠬᠡᠷᠡᠭᠵᠢᠬᠦᠯᠬᠦ ᠪᠡᠷ ᠳᠠᠮᠵᠢᠨ᠂ ᠨᠠᠮ ᠤᠨ ᠡᠭᠦᠷ ᠡᠴᠠ 《 ᠭᠤᠷᠪᠠᠨ ᠬᠤᠷᠠᠯ ᠨᠢᠭᠡ ᠬᠢᠴᠢᠶᠡᠯ 》᠂ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠠᠷᠠᠳᠴᠢᠯᠠᠭᠰᠠᠨ ᠠᠮᠢᠳᠤᠷᠠᠯ ᠤᠨ ᠬᠤᠷᠠᠯ ᠪᠠ ᠨᠠᠮ ᠤᠨ ᠭᠡᠰᠢᠭᠦᠨ ᠳᠦ ᠠᠷᠠᠳᠴᠢᠯᠠᠯ ᠢᠶᠠᠷ ᠦᠨᠡᠯᠡᠯᠲᠡ ᠬᠢᠬᠦ᠂ 《ᠭᠣᠣᠯ ᠰᠡᠳᠦᠪᠲᠦ ᠨᠠᠮ ᠤᠨ ᠡᠳᠦᠷ》᠂ ᠰᠡᠳᠬᠢᠯ ᠦᠨ ᠦᠭᠡ ᠪᠡᠨ ᠬᠡᠯᠡᠯᠴᠡᠨ ᠶᠠᠷᠢᠯᠴᠠᠬᠤ ᠵᠡᠷᠭᠡ ᠡᠯ᠎ᠡ ᠵᠦᠢᠯ ᠦᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠦᠷᠢᠮ ᠨᠢ ᠪᠦᠲᠦᠮᠵᠢᠲᠡᠶ ᠨᠠᠶᠢᠳᠠᠪᠦᠷᠢᠵᠢᠭᠤᠯᠤᠯᠲᠠ ᠤᠯᠵᠤ᠂ ᠨᠠᠮ ᠤᠨ ᠡᠭᠦᠷ ᠦᠨ ᠬᠢᠨᠠᠨ ᠬᠠᠮᠢᠶᠠᠷᠬᠤ ᠡᠷᠴᠢᠮ ᠢ ᠨᠡᠮᠡᠭᠳᠡᠭᠦᠯᠬᠦ ᠪᠠ ᠨᠠᠮ ᠤᠨ ᠭᠡᠰᠢᠭᠦᠨ ᠦ ᠥᠪᠡᠷ ᠢ ᠪᠡᠨ ᠬᠢᠵᠠᠭᠠᠷᠯᠠᠬᠤ ᠴᠢᠳᠠᠪᠤᠷᠢ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠪᠠ ᠰᠠᠬᠢᠯᠭ᠎ᠠ ᠪᠠᠲᠤ ᠶᠣᠰᠣ ᠲᠦᠷᠢᠮ ᠢ ᠦᠨᠡᠨᠬᠦ ᠴᠢᠩᠭ᠎ᠠ ᠪᠠᠷᠢᠵᠤ ᠨᠠᠶᠢᠳᠠᠪᠤᠷᠢᠵᠢᠭᠤᠯᠤᠨ᠎ᠠ ᠃
    2᠂ ᠣᠨᠴᠠᠯᠢᠭ ᠲᠠᠶ ᠠᠵᠢᠯᠯᠠᠭᠠᠨ ᠤ ᠬᠡᠯᠪᠡᠷᠢ ᠶ᠋ᠢ ᠵᠤᠬᠢᠶᠠᠨ ᠪᠠᠶᠢᠭᠤᠯᠬᠤ᠃ ᠨᠠᠮ ᠤᠨ ᠭᠡᠰᠢᠭᠦᠨ ᠦ ᠭᠣᠣᠯ ᠰᠡᠳᠦᠪᠲᠦ ᠬᠥᠮᠦᠵᠢᠯ᠂ ᠠᠵᠢᠯ ᠤᠨ ᠪᠠᠶᠢᠷᠢ ᠶ᠋ᠢᠨ ᠪᠤᠯᠪᠠᠰᠤᠷᠠᠯ ᠂ ᠨᠠᠮ ᠤᠨ ᠭᠡᠰᠢᠭᠦᠨ ᠦ ᠵᠢᠱᠢᠶ᠎ᠡ ᠦᠵᠡᠭᠦᠯᠬᠦ ᠠᠵᠢᠯ ᠤᠨ ᠪᠠᠶᠢᠷᠢ ᠵᠡᠷᠭᠡ ᠨᠠᠮᠴᠢ ᠴᠢᠨᠠᠷ ᠲᠠᠢ ᠦᠢᠯᠡᠳᠦᠯᠭᠡ ᠶᠢᠨ ᠳᠤᠮᠳᠠ ᠳᠠᠪᠲᠠᠨ ᠪᠣᠯᠪᠠᠰᠤᠷᠠᠭᠤᠯᠬᠤ ᠶᠢ ᠠᠵᠢᠯᠯᠠᠭ᠎ᠠ ᠶ᠋ᠢ ᠨᠠᠷᠢᠨ ᠬᠢᠨᠠᠮᠠᠭᠠᠢ ᠦᠷᠨᠢᠬᠦᠯᠵᠦ᠂ ᠨᠠᠮ ᠤᠨ ᠭᠡᠰᠢᠭᠦᠳ ᠤᠨ ᠰᠤᠷᠭᠠᠨ ᠬᠥᠮᠦᠵᠢᠯ ᠬᠦᠷᠲᠡᠬᠦ᠂ ᠬᠡᠪ ᠴᠢᠨᠠᠷ ᠢ ᠳᠡᠭᠡᠭᠰᠢᠯᠡᠭᠦᠯᠬᠦ ᠂ ᠦᠢᠯᠡᠳᠦᠯ ᠢᠶᠡᠨ ᠪᠠᠳᠠᠷᠠᠭᠤᠯᠬᠤ ᠳᠤᠨᠢ ᠨᠥᠬᠥᠴᠡᠯ ᠪᠦᠷᠢᠯᠳᠦᠭᠦᠯᠵᠦ ᠥᠭᠭᠦᠨ᠎ᠡ ᠃ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠦ ᠠᠵᠢᠯᠯᠠᠭ᠎ᠠ ᠶᠢ ᠡᠷᠬᠢᠯᠡᠵᠦ᠂ ᠨᠠᠮ ᠤᠨ ᠭᠡᠰᠢᠭᠦᠨ ᠦ ᠠᠮᠠᠯᠳᠠᠬᠤ ᠪᠠ ᠠᠮᠠᠯᠳᠠᠭᠰᠠᠨ ᠢᠶᠠᠨ ᠭᠦᠢᠴᠡᠳᠬᠡᠬᠦ ᠵᠡᠷᠭᠡ ᠠᠵᠢᠯ ᠬᠢᠭᠡᠳ ᠨᠠᠮ ᠤᠨ ᠭᠡᠰᠢᠭᠦᠨ ᠤ ᠬᠤᠪᠢ ᠬᠤᠷᠠᠮᠳᠤᠭᠤᠯᠬᠤ ᠳᠦᠷᠢᠮᠲᠦ ᠬᠠᠮᠢᠶᠠᠷᠤᠯᠲᠠ ᠶᠢ ᠣᠷᠭᠠᠨᠢᠭ ᠢᠶᠠᠷ ᠤᠶᠠᠯᠳᠤᠭᠤᠯᠵᠤ᠂ 《 ᠵᠢᠵᠢᠭ ᠴᠣᠮᠬᠠᠷᠠᠯ 》 (积分)  ᠢᠶᠡᠷ ᠨᠠᠮ ᠤᠨ ᠭᠡᠰᠢᠭᠦᠨ  ᠤ《 ᠶᠡᠬᠡ ᠡᠩᠨᠡᠭᠡ 》 ᠤ ᠲᠤᠮᠢ ᠡᠩᠨᠡᠭᠡ ᠶ᠋ᠢ ᠬᠠᠮᠢᠶᠠᠷᠤᠨ᠎ᠠ᠃ ᠬᠤᠪᠢ ᠬᠤᠷᠠᠮᠳᠤᠭᠤᠯᠬᠤ ᠬᠠᠮᠢᠶᠠᠷᠤᠯᠲᠠ ᠨᠢ ᠥᠷᠨᠢᠭᠦᠯᠦᠭᠰᠡᠨ ᠡᠴᠡ ᠨᠠᠰᠢ᠂ ᠨᠠᠮ ᠤᠨ ᠭᠡᠰᠢᠭᠦᠨ ᠦ ᠬᠤᠪᠢ ᠶ᠋ᠢᠨ ᠵᠣᠬᠢᠶᠠᠨ ᠪᠠᠶᠢᠭᠤᠯᠬᠤ ᠳ᠋ᠦ ᠤᠷᠤᠯᠴᠠᠬᠤ ᠪᠠ ᠰᠠᠨᠠᠭᠠᠴᠢᠯᠠᠭᠠᠲᠤ ᠴᠢᠨᠠᠷ ᠢ ᠮᠡᠳᠡᠭᠳᠡᠬᠦᠶᠢᠴᠡ ᠳᠡᠭᠡᠭᠰᠢᠯᠡᠯᠲᠡ ᠲᠠᠢ ᠪᠤᠯᠵᠠᠢ᠃ ᠨᠠᠮ ᠪᠠᠶᠢᠭᠤᠯᠤᠭᠳᠠᠭᠰᠠᠨ 96 ᠵᠢᠯ ᠦᠨ ᠤᠢ ᠪᠠᠷ ᠠᠵᠠ ᠲᠣᠬᠢᠶᠠᠯ ᠪᠣᠯᠭᠠᠵᠤ᠂ ᠨᠠᠮ ᠤᠨ ᠭᠡᠰᠢᠭᠦᠨ ᠤ ᠬᠤᠪᠢ ᠪᠠᠷ ᠦᠨᠳᠦᠰᠦ ᠪᠠᠷᠢᠮᠲᠠ ᠪᠣᠯᠭᠠᠵᠤ᠂ ᠪᠥᠬᠥ ᠣᠷᠣᠨ ᠳᠤ ᠨᠡᠶᠢᠲᠡ 15 ᠲᠡᠷᠢᠭᠦᠨ ᠦ ᠡᠪ ᠬᠠᠮᠲᠤ ᠨᠠᠮ ᠤᠨ ᠭᠡᠰᠢᠬᠦᠨ ᠢ ᠬᠥᠬᠢᠭᠦᠯᠵᠦ᠂ ᠨᠠᠮ ᠤᠨ ᠠᠵᠢᠯᠲᠠᠨ 10 ᠨᠡᠷ᠎ᠡ᠂ ᠲᠡᠷᠢᠭᠦᠨ ᠦ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ 10 ᠢ ᠬᠦᠬᠢᠭᠦᠯᠦᠨ ᠱᠠᠩᠨᠠᠭᠰᠠᠨ ᠪᠠᠶᠢᠨ᠎ᠠ ᠃
    3᠂ ᠬᠢᠨᠠᠨ ᠪᠠᠶᠢᠴᠠᠭᠠᠬᠤ ᠬᠡᠪ ᠪᠠᠶᠢᠳᠠᠯ ᠢ ᠠᠬᠢᠭᠤᠯᠬᠤ ᠬᠡᠷᠡᠭᠲᠡᠶ᠃ ᠣᠷᠣᠨ ᠤ ᠲᠣᠰ ᠱᠠᠲᠤᠨ ᠤ ᠪᠠᠶᠢᠴᠠᠭᠠᠨ ᠰᠤᠳᠤᠯᠤᠯᠲᠠ ᠬᠢᠵᠦ ᠵᠢᠯᠣᠭᠣᠳᠬᠤ ᠳᠤᠭᠤᠶᠢᠯᠠᠩ ᠤᠨ ᠲᠣᠭᠲᠠᠮᠠᠯ ᠬᠤᠭᠤᠴᠠᠭ᠎ᠠ ᠲᠠᠶ ᠪᠠᠷ ᠰᠢᠪᠠᠳᠠᠨ ᠵᠢᠯᠣᠭᠣᠳᠬᠤ ᠠᠵᠢᠯ ᠤᠨ ᠦᠢᠯᠡᠳᠦᠯ  ᠢ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠬᠤᠪᠢ ᠬᠤᠷᠠᠮᠳᠤᠭᠤᠯᠬᠤ ᠳᠦᠷᠢᠮᠲᠦ ᠬᠠᠮᠢᠶᠠᠷᠤᠯᠲᠠ ᠶ᠋ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠮᠳᠠᠭᠤᠯᠤᠨ ᠪᠠᠶᠢᠴᠠᠭᠠᠵᠤ ᠵᠢᠭᠠᠨ ᠵᠢᠯᠤᠳᠤᠭᠤᠯᠭ᠎ᠠ ᠬᠢᠬᠦ ᠬᠡᠷᠡᠭᠲᠡᠶ᠃ ᠣᠷᠣᠨ ᠤ ᠰᠢᠭᠤᠳ ᠬᠠᠷᠢᠶ᠎ᠠ ᠨᠠᠮ ᠤᠨ ᠵᠣᠬᠢᠶᠠᠨ ᠪᠠᠶᠢᠭᠤᠯᠤᠯᠲᠠ ᠨᠢ ᠪᠦᠬᠦ ᠶᠠᠪᠤᠴᠠ ᠪᠠᠷ ᠮᠥᠷᠳᠡᠨ ᠵᠢᠯᠣᠭᠣᠳᠴᠤ᠂ ᠭᠣᠣᠯᠳᠠᠯᠭ᠎ᠠ ᠲᠠᠶ ᠴᠢᠩᠭ᠎ᠠ ᠠᠳᠬᠤᠵᠤ᠂ ᠦᠨᠳᠦᠰᠦᠨ ᠱᠠᠲᠤᠨ ᠤ ᠨᠠᠮ ᠤᠨ ᠡᠭᠦᠷ ᠦᠨ ᠬᠤᠪᠢ ᠬᠤᠷᠠᠮᠳᠤᠭᠤᠯᠬᠤ ᠬᠠᠮᠢᠶᠠᠷᠤᠯᠲᠠ ᠶ᠋ᠢ ᠬᠦᠴᠦᠲᠡᠶ ᠠᠬᠢᠭᠤᠯᠵᠤ᠂ ᠠᠵᠢᠯᠯᠠᠭ᠎ᠠ ᠶᠢᠨ ᠵᠢᠷᠤᠮᠵᠢᠯ᠂ ᠴᠣᠮᠬᠠᠷᠠᠯ ᠣᠨᠣᠪᠴᠢᠲᠠᠶ᠂ ᠰᠢᠨᠵᠢᠯᠡᠬᠦ ᠤᠬᠠᠭᠠᠨᠴᠢ ᠪᠠᠶᠢᠬᠤ ᠶ᠋ᠢ ᠪᠠᠲᠤᠯᠠᠨ᠎ᠠ᠃ ᠴᠢᠩᠭ᠎ᠠ ᠵᠢᠯᠤᠭᠤᠳᠬᠤ ᠪᠠᠷ ᠳᠠᠮᠵᠢᠨ ᠨᠠᠮ ᠤᠨ ᠭᠡᠰᠢᠭᠦᠨ ᠤ ᠬᠤᠪᠢ ᠬᠤᠷᠠᠮᠳᠤᠭᠤᠯᠬᠤ ᠳᠦᠷᠢᠮᠲᠦ ᠬᠠᠮᠢᠶᠠᠷᠤᠯᠲᠠ ᠶᠢᠨ ᠠᠵᠢᠯ ᠤᠨ ᠪᠣᠳᠠᠲᠤ ᠪᠦᠲᠦᠮᠵᠢ ᠶ᠋ᠢ ᠪᠠᠲᠤᠯᠠᠨ᠎ᠠ
    4᠂ ᠰᠡᠳᠬᠢᠨ ᠪᠣᠳᠣᠯᠬᠢᠯᠠᠬᠤ ᠪᠠ ᠰᠡᠩᠬᠡᠷᠡᠭᠦᠯᠦᠯ
    ᠨᠢᠭᠡ᠂ ᠭᠣᠣᠯ ᠠᠵᠢᠯ ᠲᠠᠶ ᠤᠶᠠᠯᠳᠤᠭᠤᠯᠤᠨ᠂ ᠶᠡᠬᠡ ᠲᠠᠯ᠎ᠠ ᠳᠤ ᠦᠢᠯᠡᠴᠢᠯᠡᠬᠦ ᠃
    ᠨᠠᠮ ᠤᠨ ᠭᠡᠰᠢᠭᠦᠨ ᠤ 《ᠬᠤᠪᠢ ᠴᠤᠭᠯᠠᠭᠤᠯᠬᠤ ᠳᠦᠷᠢᠮᠲᠦ 》 ᠬᠠᠮᠢᠶᠠᠷᠤᠯᠲᠠ ᠪᠠ ᠨᠠᠮ ᠤᠨ ᠪᠠᠶᠢᠭᠤᠯᠤᠯᠲᠠ ᠶᠢᠨ ᠭᠣᠣᠯᠳᠠᠯᠭ᠎ᠠ ᠲᠠᠶ ᠠᠵᠢᠯ ᠢ ᠤᠶᠠᠯᠳᠤᠭᠤᠯᠬᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠳᠦᠭᠡᠨ ᠪᠠᠶᠢᠭᠤᠯᠤᠯᠲᠠ ᠯᠤᠭ᠎ᠠ ᠤᠶᠠᠯᠳᠤᠭᠤᠯᠬᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠵᠢᠷᠤᠮᠵᠢᠭᠤᠯᠵᠤ ᠳᠦᠷᠢᠮᠵᠢᠭᠦᠯᠬᠦ  ᠲᠠᠢ ᠤᠶᠠᠯᠳᠤᠭᠤᠯᠵᠤ᠂ ᠪᠠᠷᠠᠭᠤᠨ ᠬᠢᠵᠠᠭᠠᠷ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶ᠋ᠢᠨ ᠤᠷᠲᠤ ᠬᠤᠩᠬᠢᠯ ᠢ ᠴᠤᠭᠴᠠᠯᠠᠨ᠎ᠠ ᠃
    ᠬᠣᠶᠠᠷ ᠂ ᠰᠢᠨᠵᠢᠯᠡᠬᠦ ᠤᠬᠠᠭᠠᠨᠴᠢ ᠪᠠᠶᠢᠵᠦ᠂ ᠬᠡᠷᠡᠭᠵᠢᠭᠦᠯᠬᠦ ᠳᠦ ᠠᠮᠠᠷᠬᠠᠨ ᠪᠠᠶᠢᠬᠤ ᠶ᠋ᠢ ᠪᠠᠷᠢᠮᠲᠠᠯᠠᠬᠤ ᠃
    ᠳᠥᠭᠥᠮ ᠳᠥᠲᠡ᠂ ᠶᠠᠪᠤᠭᠤᠷᠢᠲᠠᠶ᠂ ᠯᠠᠪᠳᠠᠭᠤᠨ ᠪᠣᠯᠭᠣᠮᠵᠢᠲᠠᠶ᠂ ᠥᠨᠳᠥᠷ ᠦᠷ᠎ᠡ ᠪᠦᠲᠦᠭᠡᠯᠲᠠᠢ ᠪᠠᠶᠢᠬᠤ ᠶ᠋ᠢ ᠪᠠᠷᠢᠮᠲᠠᠯᠠᠵᠦ᠂ 《 ᠨᠠᠮ ᠤᠨ ᠳᠦᠷᠢᠮ 》 ᠪᠣᠯᠤᠨ ᠰᠢᠨ᠎ᠡ ᠴᠠᠭ ᠦᠶ᠎ᠡ ᠤᠨ ᠰᠢᠨ᠎ᠡ ᠪᠠᠶᠢᠳᠠᠯ ᠳᠣᠣᠷ᠎ᠠ ᠬᠢᠷᠢ ᠲᠡᠩᠴᠡᠭᠰᠡᠨ ᠨᠠᠮ ᠤᠨ ᠭᠡᠰᠢᠭᠦᠨ ᠢ ᠱᠠᠭᠠᠷᠳᠠᠵᠤ᠂ ᠰᠢᠨᠵᠢᠯᠡᠬᠦ ᠤᠬᠠᠭᠠᠨᠴᠢ ᠪᠠᠷ ᠬᠤᠪᠢ ᠬᠤᠷᠠᠮᠳᠤᠭᠤᠯᠬᠤ ᠳᠦᠷᠢᠮᠲᠦ ᠬᠠᠮᠢᠶᠠᠷᠤᠯᠲᠠ ᠶᠢᠨ ᠵᠠᠷᠴᠢᠮ ᠢ ᠲᠤᠭᠲᠠᠭᠠᠵᠤ᠂ ᠴᠣᠮᠬᠠᠷᠠᠯ ᠤᠨ ᠠᠭᠤᠯᠭ᠎ᠠ ᠶ᠋ᠢ ᠪᠣᠳᠠᠲᠠᠶ᠂ ᠪᠠᠷᠢᠮᠵᠢᠶᠠᠵᠢᠯ᠂ ᠨᠠᠷᠢᠯᠢᠭᠵᠢᠭᠤᠯᠤᠨ᠂ ᠠᠭᠤᠯᠭ᠎ᠠ ᠤᠨ ᠬᠥᠨᠳᠡᠶ ᠬᠣᠭᠣᠰᠣᠨ ᠂ ᠦᠨᠳᠦᠰᠦᠨ ᠱᠠᠲᠤᠨ ᠡᠴᠠ ᠰᠠᠯᠤᠩᠭᠢᠷᠠᠭᠰᠠᠨ ᠢ ᠰᠡᠷᠭᠡᠶᠢᠯᠡᠨ᠎ᠡ ᠃
    ᠭᠤᠷᠪᠠ᠂ ᠢᠯᠡ ᠪᠡᠷ ᠪᠦᠲᠦᠭᠡᠵᠦ᠂ ᠪᠣᠳᠠᠲᠤ ᠦᠷ᠎ᠡ ᠪᠦᠲᠦᠮᠵᠢ ᠪᠠᠶᠢᠬᠤ ᠶ᠋ᠢ ᠪᠠᠲᠤᠯᠠᠬᠤ ᠬᠡᠷᠡᠭᠲᠡᠶ ᠃
     ᠢᠯᠡ ᠪᠣᠯᠭᠠᠬᠤ᠂ ᠡᠷᠬᠡ ᠲᠡᠭᠰᠢ᠂ ᠭᠣᠣᠯᠴᠢ ᠶ᠋ᠢ ᠵᠢᠷᠤᠮᠯᠠᠵᠦ᠂ ᠬᠤᠪᠢ ᠬᠤᠷᠠᠮᠳᠠᠭᠤᠯᠤᠯ ᠢ ᠢᠯᠡ ᠨᠡᠶᠢᠲᠡᠯᠡᠬᠦ  ᠪᠤᠯᠤᠩ ᠭᠠᠷᠭᠠᠵᠤ᠂ ᠨᠡᠶᠢᠲᠡᠯᠡᠬᠦ ᠲᠦᠷᠢᠮ ᠢ ᠪᠠᠶᠢᠭᠤᠯᠵᠤ᠂ ᠨᠠᠮ ᠤᠨ ᠭᠡᠰᠢᠭᠦᠨ ᠡᠴᠠ ᠤᠯᠠᠨ ᠲᠦᠮᠡᠨ ᠦ ᠬᠢᠨᠠᠯᠲᠠ ᠶᠢ ᠬᠦᠯᠢᠶᠡᠵᠦ᠂ ᠬᠤᠪᠢ ᠬᠤᠷᠠᠮᠳᠤᠭᠤᠯᠬᠤ ᠲᠦᠷᠢᠮ ᠢ ᠪᠠᠶᠢᠭᠤᠯᠵᠤ ᠬᠠᠮᠢᠶᠠᠷᠬᠤ ᠠᠵᠢᠯ ᠤᠨ ᠲᠠᠯ᠎ᠠ ᠪᠠᠷ ᠬᠢ ᠨᠡᠶᠢᠲᠡ ᠶᠢᠨ ᠢᠳᠡᠭᠡᠴᠡ ᠵᠢ ᠳᠡᠭᠡᠭᠰᠢᠯᠡᠭᠦᠯᠬᠦ ᠬᠡᠷᠡᠭᠲᠡᠶ᠃ ᠵᠠᠷᠴᠢᠮᠲᠤ ᠴᠢᠨᠠᠷ ᠪᠣᠯᠤᠨ ᠠᠮᠢᠳᠤᠯᠢᠭ ᠴᠢᠨᠠᠷ ᠢ ᠤᠶᠠᠯᠳᠤᠭᠤᠯᠵᠤ᠂ ᠨᠠᠮ ᠤᠨ ᠡᠭᠦᠷ ᠦᠨ ᠭᠣᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠬᠠᠮᠢᠶᠠᠷᠤᠯᠲᠠ ᠶᠢᠨ ᠠᠭᠤᠯᠭ᠎ᠠ ᠪᠠᠶᠠᠯᠢᠭ ᠬᠤᠪᠢ ᠬᠤᠷᠠᠮᠳᠤᠭᠤᠯᠬᠤ ᠲᠦᠷᠢᠮ ᠢ ᠪᠠᠶᠢᠭᠤᠯᠵᠤ᠂ ᠨᠠᠮ ᠤᠨ ᠭᠡᠰᠢᠭᠦᠨ ᠢ ᠲᠦᠷᠦᠯ ᠬᠤᠪᠢᠶᠠᠨ ᠂ ᠲᠣᠳᠣᠷᠬᠠᠶ ᠲᠣᠭ᠎ᠠ ᠬᠡᠮᠵᠢᠶᠡᠨ ᠦ ᠪᠠᠷᠢᠮᠵᠢᠶ᠎ᠠ ᠶ᠋ᠢ  ᠨᠠᠷᠢᠯᠢᠭᠵᠢᠭᠤᠯᠤᠨ᠎ᠠ ᠃᠃
    ᠲᠦᠷᠪᠡ᠂ ᠡᠳᠦᠷ ᠲᠤᠳᠤᠮ ᠢ ᠠᠳᠬᠤᠵᠤ᠂ ᠦᠷᠭᠦᠯᠵᠢᠲᠡ ᠶ᠋ᠢ ᠴᠢᠩᠭ᠎ᠠ ᠠᠳᠬᠤᠬᠤ ᠬᠡᠷᠡᠭᠲᠡᠢ᠃
    ᠨᠠᠮ ᠤᠨ ᠡᠭᠦᠷ ᠢᠶᠡᠷ ᠦᠨᠳᠦᠰᠦᠨ ᠨᠢᠭᠡᠴᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ  ᠢᠶᠠᠷ ᠦᠨᠳᠦᠰᠦᠨ ᠬᠡᠯᠪᠡᠷᠢ ᠪᠣᠯᠭᠠᠭᠰᠠᠨ᠂ 《 ᠭᠤᠷᠪᠠᠨ ᠬᠤᠷᠠᠯ ᠨᠢᠭᠡ ᠬᠢᠴᠢᠶᠡᠯ》 ᠂ 《 ᠭᠣᠣᠯ ᠰᠡᠳᠦᠪᠲᠦ ᠨᠠᠮ ᠤᠨ ᠡᠳᠦᠷ 》 ᠵᠡᠷᠭᠡ ᠨᠠᠮ ᠤᠨ ᠭᠡᠰᠢᠭᠦᠨ ᠦ ᠡᠳᠦᠷ ᠲᠤᠳᠤᠮ ᠤᠨ ᠰᠤᠷᠭᠠᠨ ᠬᠥᠮᠦᠵᠢᠯ ᠦᠨ ᠬᠠᠮᠢᠶᠠᠷᠤᠯᠲᠠ ᠶᠢᠨ ᠲᠦᠷᠢᠮ ᠢᠶᠠᠷ ᠦᠨᠳᠦᠰᠦᠨ ᠲᠦᠰᠢᠭ ᠪᠣᠯᠭᠠᠵᠤ᠂ ᠨᠠᠮ ᠤᠨ ᠭᠡᠰᠢᠭᠦᠨ ᠦ ᠥᠪᠡᠷ ᠢ ᠪᠡᠨ ᠴᠡᠪᠡᠷᠰᠢᠭᠦᠯᠬᠦ ᠂ ᠥᠪᠡᠷ ᠢ ᠪᠡᠨ ᠳᠡᠭᠡᠭᠰᠢᠯᠡᠭᠦᠯᠬᠦ ᠰᠠᠨᠠᠭᠠᠴᠢᠯᠠᠭᠠᠲᠤ ᠴᠢᠨᠠᠷ ᠢ ᠨᠡᠮᠡᠭᠳᠡᠭᠦᠯᠵᠦ ᠂ ᠨᠠᠮ ᠤᠨ ᠭᠡᠰᠢᠭᠦᠨ ᠦ ᠬᠥᠮᠦᠵᠢᠯ ᠬᠠᠮᠢᠶᠠᠷᠤᠯᠲᠠ ᠳ᠋ᠦ ᠲᠠᠯ᠎ᠠ ᠳ᠋ᠤ ᠡᠳᠦᠷ ᠲᠤᠲᠤᠮ ᠢ ᠠᠳᠬᠤᠨ᠂ ᠦᠷᠭᠦᠯᠵᠢᠳᠡ ᠴᠢᠩᠭ᠎ᠠ ᠠᠳᠬᠤᠬᠤ ᠬᠡᠷᠡᠭᠲᠡᠢ ᠃

ᠵᠣᠬᠢᠶᠠᠭᠴᠢ:
ᠢᠷᠡᠯᠲᠡ: