ᠠᠩᠬᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠦᠨ ᠶᠡᠬᠡ ᠬᠤᠷᠠᠯ
1956 ᠤᠨ ᠤ 7 ᠰᠠᠷ᠎ᠠ ᠶ᠋ᠢᠨ 5 ᠦ ᠡᠳᠦᠷ ᠡᠴᠡ 17 ᠦ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠦᠨ ᠶᠡᠬᠡ ᠬᠤᠷᠠᠯ ᠬᠥᠬᠡᠬᠣᠲᠠ ᠳᠤ ᠬᠤᠷᠠᠯᠳᠤᠵᠤ᠂ ᠮᠣᠩᠭᠣᠯ᠂ ᠬᠢᠲᠠᠳ᠂ ᠬᠤᠲᠤᠩ᠂ ᠳᠠᠭᠤᠷ ᠵᠡᠷᠭᠡ ᠦᠨᠳᠦᠰᠦᠲᠡᠨ ᠦ ᠵᠢᠩᠬᠢᠨᠢ ᠲᠥᠯᠥᠭᠡᠯᠡᠭᠴᠢ 399 ᠬᠥᠮᠦᠨ᠂ ᠣᠷᠣᠯᠠᠭᠴᠢ ᠲᠥᠯᠥᠭᠡᠯᠡᠭᠴᠢ 30 ᠬᠥᠮᠦᠨ ᠬᠤᠷᠠᠯ ᠳᠤ ᠣᠷᠣᠯᠴᠠᠪᠠ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠦᠵᠢ ᠤᠯᠠᠭᠠᠨᠬᠦᠦ ᠶᠡᠬᠡ ᠬᠤᠷᠠᠯ ᠳᠤ ᠢᠯᠡᠳᠬᠡᠯ ᠬᠢᠭᠰᠡᠨ ᠪᠠᠶᠢᠨ᠎ᠠ᠃ ᠬᠤᠷᠠᠯ ᠠᠴᠠ ᠭᠡᠰᠢᠭᠦᠨ 35 ᠬᠥᠮᠦᠨ᠂ ᠣᠷᠣᠯᠠᠭᠴᠢ ᠭᠡᠰᠢᠭᠦᠨ 13 ᠬᠥᠮᠦᠰ ᠢ ᠰᠤᠩᠭᠤᠵᠤ ᠭᠠᠷᠭᠠᠬᠤ ᠪᠠᠷ ᠳᠠᠮᠵᠢᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠬᠣᠷᠢᠶ᠎ᠠ ᠪᠦᠷᠢᠯᠳᠦᠵᠦ᠂ ᠤᠯᠠᠭᠠᠨᠬᠦᠦ ᠵᠡᠷᠭᠡ 21 ᠬᠥᠮᠦᠨ ᠪᠠ ᠸᠠᠩ ᠳ᠋ᠦᠸᠸ᠂ ᠪᠠᠲᠤᠪᠠᠭᠠᠨ᠎ᠠ ᠬᠤᠶᠠᠷ ᠬᠥᠮᠦᠨ ᠲᠣᠰ ᠲᠣᠰ ᠨᠠᠮ ᠤᠨ ᠨᠠᠢᠮᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠦᠨ ᠶᠡᠬᠡ ᠬᠤᠷᠠᠯ ᠳᠤ ᠤᠷᠤᠯᠴᠠᠬᠤ ᠵᠢᠩᠬᠢᠨᠢ ᠲᠦᠯᠦᠭᠡᠯᠡᠭᠴᠢ ᠪᠠ ᠣᠷᠣᠯᠠᠭᠴᠢ ᠲᠥᠯᠥᠭᠡᠯᠡᠭᠴᠢ ᠪᠤᠯᠤᠨ ᠰᠤᠩᠭᠤᠭᠳᠠᠭᠰᠠᠨ ᠪᠠᠶᠢᠨ᠎ᠠ᠃ 7 ᠰᠠᠷ᠎ᠠ ᠶᠢᠨ 20 ᠤ ᠡᠳᠦᠷ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠠᠩᠬᠠᠳᠤᠭᠠᠷ ᠤᠳᠠᠭ᠎ᠠ ᠶᠢᠨ ᠪᠥᠬᠥ ᠭᠡᠰᠢᠭᠦᠳ ᠦᠨ ᠬᠤᠷᠠᠯ ᠶᠠᠪᠤᠭᠳᠠᠵᠤ᠂ ᠰᠣᠩᠭᠣᠭᠤᠯᠢ ᠳ᠋ᠤ ᠤᠯᠠᠭᠠᠨᠬᠦᠦ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠨᠢᠭᠡᠳᠦᠭᠡᠷ ᠱᠦᠵᠢ᠂ ᠰᠦ ᠴᠢᠶᠠᠨ ᠢ᠂ ᠶᠠᠩ ᡁᠢ ᠯᠢᠨ᠂ ᠺᠦᠢ ᠪᠢ᠂ ᠸᠠᠩ ᠳ᠋ᠦᠸᠸ ᠱᠦᠵᠢ ᠨᠡᠷ ᠦᠨ ᠭᠠᠵᠠᠷ ᠤᠨ ᠱᠦᠵᠢ ᠪᠠᠷ ᠰᠤᠩᠭᠤᠭᠳᠠᠵᠤ᠂ ᠤᠯᠠᠭᠠᠨᠬᠦᠦ ᠵᠡᠷᠭᠡ 15 ᠬᠥᠮᠦᠨ ᠨᠢ ᠪᠠᠶᠢᠩᠭᠤ ᠶᠢᠨ ᠬᠣᠷᠢᠶᠠᠨ ᠤ ᠭᠡᠰᠢᠭᠦᠨ ᠢᠶᠠᠷ ᠰᠤᠩᠭᠤᠭᠳᠠᠭᠰᠠᠨ ᠪᠠᠶᠢᠨ᠎ᠠ ᠃
1956 ᠤᠨ ᠤ 11 ᠰᠠᠷ᠎ᠠ ᠶ᠋ᠢᠨ 5 ᠦ ᠡᠳᠦᠷ ᠡᠴᠡ 19 ᠦ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠡᠴᠠ ᠨᠢᠭᠡᠳᠦᠭᠡᠷ ᠬᠤᠭᠤᠴᠠᠭᠠᠨ ᠤ ᠬᠣᠶᠠᠳᠤᠭᠠᠷ ᠤᠳᠠᠭ᠎ᠠ ᠶᠢᠨ ᠪᠦᠭᠦ ᠭᠡᠰᠢᠭᠦᠳ ᠦᠨ ᠥᠷᠭᠡᠳᠬᠡᠭᠰᠡᠨ ᠬᠤᠷᠠᠯᠳᠤᠭᠠᠨ ᠢ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃ 《 ᠨᠠᠢᠮᠠᠳᠤᠭᠠᠷ ᠶᠡᠬᠡ ᠬᠤᠷᠠᠯ 》 ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠠᠩᠬᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠠᠴᠠ ᠨᠠᠰᠢᠬᠢ ᠠᠵᠢᠯ ᠢ ᠪᠠᠶᠢᠴᠠᠭᠠᠨ ᠳ᠋ᠦᠩᠨᠡᠵᠦ᠂ ᠨᠣᠶᠠᠨᠴᠢ ᠰᠤᠷᠲᠠᠯ᠂ ᠠᠶᠢᠮᠠᠭᠴᠢᠯᠠᠬᠤ ᠦᠵᠡᠯ ᠪᠠ ᠪᠡᠶᠡᠴᠢ ᠦᠵᠡᠯ ᠦᠨ ᠠᠯᠳᠠᠭ᠎ᠠ ᠳᠤᠲᠠᠭᠳᠠᠯ ᠢ ᠢᠯᠡᠴᠢᠯᠡᠨ ᠰᠢᠭᠦᠮᠵᠢᠯᠡᠵᠦ᠂ 《< ᠨᠠᠢᠮᠠᠳᠤᠭᠠᠷ ᠶᠡᠬᠡ ᠬᠤᠷᠠᠯ > ᠤᠨ ᠰᠢᠶᠳᠪᠦᠷᠢ ᠢ ᠲᠤᠤᠱᠯᠠᠭᠤᠯᠵᠤ᠂ ᠨᠠᠮ ᠤᠨ ᠤᠳᠤᠷᠢᠳᠬᠤ ᠰᠤᠷᠲᠠᠯ ᠢ ᠴᠡᠭᠴᠡᠯᠡᠨ᠂ ᠨᠠᠮ ᠤᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠲᠤᠬᠠᠶ ᠰᠢᠶᠳᠪᠦᠷᠢ 》 ᠶ᠋ᠢ ᠲᠣᠭᠲᠠᠭᠠᠵᠤ᠂ ᠪᠥᠬᠥ ᠣᠷᠣᠨ ᠤ ᠬᠣᠰᠢᠭᠤ ᠰᠢᠶᠠᠨ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠤᠨ ᠳᠤᠮᠳᠠ ᠨᠢᠭᠡ ᠤᠳᠠᠭᠠᠨ ᠤ ᠭᠠᠷᠤᠯᠲᠠ ᠪᠠᠨ ᠨᠡᠮᠡᠭᠳᠡᠭᠦᠯᠦᠨ ᠭᠠᠮᠨᠠᠨ ᠠᠷᠪᠢᠯᠠᠬᠤ ᠶ᠋ᠢ ᠭᠣᠣᠯ ᠪᠣᠯᠭᠠᠭᠰᠠᠨ᠂ ᠲᠤᠪᠴᠢ ᠨᠠᠷᠢᠯᠢᠭ ᠪᠠᠶᠢᠭᠤᠯᠤᠮᠵᠢ ᠪᠠᠷ ᠭᠣᠣᠯᠳᠠᠯᠭ᠎ᠠ ᠪᠣᠯᠭᠠᠭᠰᠠᠨ ᠦᠵᠡᠯ ᠰᠠᠨᠠᠭ᠎ᠠ ᠣᠪᠣᠷ ᠰᠤᠷᠲᠠᠯ ᠴᠡᠭᠴᠡᠯᠡᠬᠦ ᠬᠥᠳᠡᠯᠭᠡᠭᠡᠨ ᠢ ᠦᠷᠨᠢᠭᠦᠯᠬᠦ ᠪᠡᠷ ᠲᠤᠭᠲᠠᠭᠰᠠᠨ ᠪᠠᠶᠢᠨ᠎ᠠ ᠃
ᠶᠡᠬᠡ ᠬᠤᠷᠠᠯ ᠠᠴᠠ ᠰᠤᠩᠭᠤᠵᠤ ᠭᠠᠷᠠᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠶᠢᠨ ᠨᠡᠷᠡᠰ ᠲᠦ ᠄
ᠨᠢᠭᠡ᠂ ᠪᠠᠶᠢᠩᠭᠤ ᠶᠢᠨ ᠭᠡᠰᠢᠭᠦᠨ ( 15 ᠬᠥᠮᠦᠨ ) ᠄
ᠤᠯᠠᠭᠠᠨᠬᠦᠦ ( ᠮᠤᠩᠭᠤᠯ ᠦᠨᠳᠦᠰᠦᠲᠡᠨ ) ᠂ ᠰᠦᠦ ᠴᠢᠶᠠᠨ ᠢ᠂ ᠶᠠᠩ ᡁᠢ ᠯᠢᠨ᠂ ᠺᠦᠢ ᠪᠢ (ᠮᠣᠩᠭᠣᠯ ᠦᠨᠳᠦᠰᠦᠲᠡᠨ )᠂ ᠸᠠᠩ ᠳ᠋ᠦᠸᠸ᠂ ᠸᠠᠩ ᠸᠸᠨ ᠳ᠋ᠠ᠂ ᠸᠠᠩ ᠽᠠᠢ ᠲᠢᠶᠠᠨ ( ᠮᠣᠩᠭᠣᠯ ᠦᠨᠳᠦᠰᠦᠲᠡᠨ )᠂ ᠸᠠᠩ ᠢ ᠯᠦᠨ᠂ ᠴᠢᠤᠸᠠᠨ ᠰᠢᠩ ᠾᠧᠩ᠂ ᠵᠠᠶᠠᠭᠠᠲᠠᠶ ( ᠮᠣᠩᠭᠣᠯ ᠦᠨᠳᠦᠰᠦᠲᠡᠨ ) ᠭᠤᠤ ᠽᠸᠩ ᠫᠸᠢ᠂ ᠲᠡᠮᠦᠷᠪᠠᠭᠠᠨ᠎ᠠ ( ᠮᠣᠩᠭᠣᠯ ᠦᠨᠳᠦᠰᠦᠲᠡᠨ )᠂ ᠬᠤᠤ ᠵᠤᠤ ᠡᠾᠸᠩ᠂ ᠯᠢᠦ ᠵᠢᠩ ᠫᠢᠩ᠂ ᠬᠤᠸᠠᠩ ᠵᠢᠤᠢ ᠵᠢᠶᠦ᠋ᠨ
ᠬᠣᠶᠠᠷ᠂ ᠱᠦᠵᠢ :
ᠤᠯᠠᠭᠠᠨᠬᠦᠦ ( ᠮᠣᠩᠭᠣᠯ ᠦᠨᠳᠦᠰᠦᠲᠡᠨ )