ᠬᠣᠶᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠦᠨ ᠶᠡᠬᠡ ᠬᠤᠷᠠᠯ

  2019-01-05

    ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠶᠠᠳᠤᠭᠠᠷ ᠤᠳᠠᠭᠠᠨ ᠤ ᠲᠥᠯᠥᠭᠡᠯᠡᠭᠴᠢᠳ ᠦᠨ ᠶᠡᠬᠡ ᠬᠤᠷᠠᠯ  ᠨᠢ 1963 ᠤᠨ ᠤ 3 ᠰᠠᠷ᠎ᠠ ᠶ᠋ᠢᠨ 20 ᠦ ᠡᠳᠦᠷ ᠡᠴᠡ 30 ᠦ ᠡᠳᠦᠷ ᠪᠤᠯᠲᠠᠯ᠎ᠠ ᠬᠥᠬᠡᠬᠣᠲᠠ ᠳᠤ ᠬᠤᠷᠠᠯᠳᠤᠪᠠ᠃ ᠬᠤᠷᠠᠯ ᠤᠨ ᠵᠢᠩᠬᠢᠨᠢ ᠲᠥᠯᠥᠭᠡᠯᠡᠭᠴᠢ 497 ᠬᠥᠮᠦᠨ ᠂ ᠣᠷᠣᠯᠠᠭᠴᠢ ᠲᠥᠯᠥᠭᠡᠯᠡᠭᠴᠢ 77 ᠬᠥᠮᠦᠨ ᠪᠠᠶᠢᠵᠦ᠂ ᠶᠡᠬᠡ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠭᠡᠰᠢᠭᠦᠨ 35 ᠬᠥᠮᠦᠨ ᠪᠠ ᠣᠷᠣᠯᠠᠭᠴᠢ ᠭᠡᠰᠢᠭᠦᠨ 13 ᠬᠥᠮᠦᠨ ᠢ ᠰᠤᠩᠭᠤᠵᠤ ᠭᠠᠷᠭᠠᠭᠰᠠᠨ ᠪᠠᠶᠢᠨ᠎ᠠ᠃ ᠬᠤᠷᠠᠯ ᠠᠴᠠ ᠬᠣᠶᠢᠰᠢᠳᠠ ᠶᠢᠨ ᠡᠭᠦᠷᠭᠡ ᠪᠣᠯ᠄ ᠨᠡᠶᠢᠭᠡᠮ ᠵᠢᠷᠤᠮ ᠤᠨ ᠰᠤᠷᠭᠠᠨ ᠬᠥᠮᠦᠵᠢᠯ ᠦᠨ ᠬᠥᠳᠡᠯᠭᠡᠭᠡᠨ ᠢ ᠨᠡᠶᠢᠳᠡᠮ ᠥᠷᠨᠢᠭᠦᠯᠵᠦ᠂ ︽ ᠵᠢᠷᠭᠤᠭᠠᠨ ᠰᠠᠢᠢᠨ 》 ᠦᠢᠯᠡᠳᠪᠦᠷᠢᠯᠡᠯ ᠦᠨ ᠪᠠᠷᠢᠭᠠᠳᠠ ᠪᠠ 《 ᠲᠠᠪᠤᠨ ᠰᠠᠶᠢᠨᠲᠠᠶ 》 ᠭᠡᠰᠢᠭᠦᠳ ᠦᠨ ᠬᠥᠳᠡᠯᠭᠡᠭᠡᠨ ᠢ ᠲᠦᠭᠡᠮᠡᠯ ᠦᠷᠨᠢᠭᠦᠯᠵᠦ᠂ ᠠᠷᠠᠳ ᠤᠨ ᠨᠢᠭᠡᠳᠦᠯ ᠦᠨ ᠬᠠᠮᠲᠤ ᠶᠢᠨ ᠠᠵᠤ ᠠᠬᠤᠶ ᠶᠢ ᠪᠡᠬᠢᠵᠢᠭᠦᠯᠵᠦ᠂ ᠡᠯ᠎ᠡ ᠲᠠᠯ᠎ᠠ ᠶᠢᠨ ᠠᠵᠢᠯ ᠢᠶᠠᠨ ᠬᠥᠳᠡᠭᠡ ᠠᠵᠤ ᠠᠬᠤᠶ ᠪᠠᠷ ᠰᠠᠭᠤᠷᠢ ᠪᠣᠯᠭᠠᠭᠰᠠᠨ ᠵᠠᠮ ᠳᠤ ᠰᠢᠯᠵᠢᠭᠦᠯᠦᠨ᠂ ᠤᠯᠤᠰ ᠠᠷᠠᠳ ᠤᠨ ᠠᠵᠤ ᠠᠬᠤᠶ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠠᠪᠤᠳᠠᠯ ᠪᠤᠯᠬᠤ ᠶᠤᠮ᠃ 4 ᠰᠠᠷ᠎ᠠ ᠶᠢᠨ 1 ᠦ ᠡᠳᠦᠷ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠬᠣᠶᠠᠳᠤᠭᠠᠷ ᠬᠤᠭᠤᠴᠠᠭᠠᠨ ᠤ ᠲᠥᠪ ᠬᠣᠷᠢᠶᠠᠨ ᠤ ᠠᠩᠬᠠᠳᠤᠭᠠᠷ ᠪᠥᠬᠥᠳᠡ ᠬᠤᠷᠠᠯᠳᠤᠭᠠᠨ ᠶᠠᠪᠤᠭᠳᠠᠵᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶᠢᠨ ᠭᠡᠰᠢᠭᠦᠨ 15 ᠬᠥᠮᠦᠨ ᠢ ᠰᠤᠩᠭᠤᠨ ᠭᠠᠷᠭᠠᠵᠤ᠂ ᠤᠯᠠᠭᠠᠨᠬᠦᠦ ᠨᠢᠭᠡᠳᠦᠭᠡᠷ ᠱᠦᠵᠢ ᠶᠢᠨ ᠲᠤᠰᠢᠶᠠᠯ ᠳ᠋ᠤ ᠭᠠᠷᠴᠤ᠂ ᠺᠦᠢ ᠪᠢ᠂ ᠸᠠᠩ ᠳ᠋ᠦᠸᠸ᠂ ᠸᠠᠩ ᠽᠠᠢ ᠲᠢᠶᠠᠨ᠂ ᠸᠠᠩ ᠢ ᠯᠦᠨ᠂  ᠴᠢᠤᠸᠠᠨ ᠰᠢᠩ ᠾᠧᠩ᠂ ᠬᠤᠤ ᠵᠤᠤ ᠡᠾᠸᠩ ᠵᠡᠷᠭᠡ 6 ᠬᠥᠮᠦᠨ ᠱᠦᠵᠢ ᠨᠠᠷ ᠤ᠋ᠨ  ᠭᠠᠵᠠᠷ ᠤᠨ ᠱᠦᠵᠢ ᠪᠠᠷ ᠰᠤᠩᠭᠤᠭᠳᠠᠭᠰᠠᠨ ᠪᠠᠶᠢᠨ᠎ᠠ ᠃
    ᠶᠡᠬᠡ ᠬᠤᠷᠠᠯ ᠠᠴᠠ ᠰᠣᠩᠭᠣᠨ ᠭᠠᠷᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠶᠢᠨ ᠨᠡᠷᠡᠰ ᠲᠦ ᠄
ᠨᠢᠭᠡ᠂ ᠪᠠᠶᠢᠩᠭᠤ ᠶᠢᠨ ᠭᠡᠰᠢᠭᠦᠨ ( 14  ᠬᠦᠮᠦᠨ) ᠄
    ᠤᠯᠠᠭᠠᠨᠬᠦᠦ ( ᠮᠣᠩᠭᠣᠯ ᠦᠨᠳᠦᠰᠦᠲᠡᠨ )᠂ ᠺᠦᠢ ᠪᠢ ( ᠮᠣᠩᠭᠣᠯ ᠦᠨᠳᠦᠰᠦᠲᠡᠨ )᠂ ᠸᠠᠩ ᠳ᠋ᠦᠸᠸ᠂ ᠸᠠᠩ ᠽᠠᠢ ᠲᠢᠶᠠᠨ ( ᠮᠣᠩᠭᠣᠯ ᠦᠨᠳᠦᠰᠦᠲᠡᠨ )᠂ ᠸᠠᠩ ᠢ ᠯᠦᠨ᠂ ᠴᠢᠤᠸᠠᠨ ᠰᠢᠩ ᠾᠧᠩ᠂ ᠬᠤᠤ ᠵᠤᠤ ᠡᠾᠸᠩ᠂ ᠵᠠᠶᠠᠭᠠᠲᠠᠶ ( ᠮᠣᠩᠭᠣᠯ ᠦᠨᠳᠦᠰᠦᠲᠡᠨ )᠂ ᠯᠢᠦ ᠵᠢᠩ ᠫᠢᠩ᠂ ᠸᠠᠩ ᠸᠸᠨ ᠳ᠋ᠠ᠂ ᠭᠤᠤ ᠵᠢᠨ ᠮᠢᠩ ( ᠮᠠᠨᠵᠤ ᠦᠨᠳᠦᠰᠦᠲᠡᠨ)᠂ ᠡᠦ ᠲᠤᠤ ( ᠮᠣᠩᠭᠣᠯ ᠦᠨᠳᠦᠰᠦᠲᠡᠨ ) ᠯᠢ ᡁᠢ᠂ ᠪᠢᠯᠢᠭᠪᠠᠭᠠᠲᠤᠷ( ᠮᠣᠩᠭᠣᠯ ᠦᠨᠳᠦᠰᠦᠲᠡᠨ )
ᠬᠣᠶᠠᠷ᠂ ᠱᠦᠵᠢ :
ᠤᠯᠠᠭᠠᠨᠬᠦᠦ ( ᠮᠣᠩᠭᠣᠯ ᠦᠨᠳᠦᠰᠦᠲᠡᠨ )
    ᠶᠡᠬᠡ ᠬᠤᠷᠠᠯ ᠠᠴᠠ ᠰᠣᠩᠭᠣᠨ ᠭᠠᠷᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ ᠂ ᠳᠡᠳ᠋ ᠱᠦᠵᠢ ᠶᠢᠨ ᠨᠡᠷᠡᠰ ᠲᠦ ᠄

ᠨᠢᠭᠡ ᠂ ᠱᠦᠵᠢ :
            ᠺᠦᠢ ᠪᠢ ( ᠮᠣᠩᠭᠣᠯ ᠦᠨᠳᠦᠰᠦᠲᠡᠨ )
ᠬᠤᠶᠠᠷ᠂ ᠳᠡᠳ᠋ ᠱᠦᠵᠢ ᠄
            ᠱᠸᠨ ᠰᠢᠨ ᠹᠠ ᠂ ᠢ ᠾᠢ ᠱᠸᠩ ᠂ ᠭᠤᠤ ᠽᠸᠩ ᠭᠦᠢ

ᠵᠣᠬᠢᠶᠠᠭᠴᠢ:
ᠢᠷᠡᠯᠲᠡ: