ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠦᠨ ᠶᠡᠬᠡ ᠬᠤᠷᠠᠯ

  2019-01-06

    1971 ᠤᠨ ᠤ ᠡᠬᠢᠨ ᠢᠶ᠋ᠡᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤᠷᠢᠳ ᠬᠣᠵᠢᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠯ᠎ᠡ ᠬᠣᠰᠢᠭᠤ ᠰᠢᠶᠠᠨ ᠲᠣᠭᠣᠷᠢᠭ ᠤᠨ ᠬᠣᠷᠢᠶ᠎ᠠ ᠶ᠋ᠢ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶ᠋ᠢ ᠠᠯᠭᠤᠷ ᠠᠭᠠᠵᠢᠮ ᠢᠶᠠᠷ ᠰᠡᠷᠭᠦᠭᠡᠭᠰᠡᠨ ᠪᠠᠶᠢᠨ᠎ᠠ᠃ 5 ᠰᠠᠷ᠎ᠠ ᠶᠢᠨ 11 ᠦ ᠡᠳᠦᠷ᠂ ᠨᠠᠮ ᠤᠨ ᠲᠥᠪ ᠬᠤᠷᠢᠶᠠᠨ ᠡᠴᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠵᠥᠪᠯᠡᠯ ᠢ ᠦᠭᠡᠷᠡᠴᠢᠯᠡᠨ ᠵᠤᠬᠢᠶᠠᠨ ᠪᠠᠶᠢᠭᠤᠯᠤᠭᠰᠠᠨ ᠪᠠᠶᠢᠨ᠎ᠠ᠃ ᠶᠦᠦ ᠲᠠᠢ ᠵᠦᠩ ᠬᠤᠪᠢᠰᠬᠠᠯ ᠤᠨ ᠵᠥᠪᠯᠡᠯ ᠦᠨ ᠡᠷᠬᠢᠯᠡᠭᠴᠢ ᠶ᠋ᠢᠨ ᠲᠤᠰᠢᠶᠠᠯ ᠢ ᠬᠠᠷᠢᠭᠤᠴᠠᠵᠤ᠂ ᠲᠸᠩ ᠬᠠᠢ ᠴᠢᠩ ᠵᠡᠷᠭᠡ ᠬᠦᠮᠦᠰ ᠦᠨ ᠲᠤᠰᠢᠶᠠᠯ ᠢ ᠨᠢ ᠤᠭᠴᠠᠷᠠᠭᠤᠯᠤᠭᠰᠠᠨ ᠪᠠᠶᠢᠨ᠎ᠠ᠃ 5 ᠰᠠᠷ᠎ᠠ ᠶ᠋ᠢᠨ 13 ᠦ ᠡᠳᠦᠷ ᠡᠴᠡ 18 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠲᠥᠯᠥᠭᠡᠯᠡᠭᠴᠢᠳ ᠦᠨ ᠶᠡᠬᠡ ᠬᠤᠷᠠᠯ ᠢ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠬᠤᠭᠤᠴᠠᠭᠠᠨ ᠤ ᠬᠣᠷᠢᠶ᠎ᠠ ᠰᠤᠩᠭᠤᠨ ᠭᠠᠷᠭᠠᠭᠰᠠᠨ ᠪᠠᠶᠢᠨ᠎ᠠ᠃  ᠶᠢᠦ ᠲᠠᠢ ᠵᠦᠩ ᠡᠴᠠ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠵᠦ᠂ ᠡᠸ ᠲᠤᠤ᠂ ᠰᠢᠤᠢ ᠰᠢᠨ᠂ ᠳ᠋ᠧᠩ ᠼᠦᠨ ᠯᠦᠨ᠂ ᠵᠤᠤ ᠽᠢ ᠶᠠᠩ ᠵᠡᠷᠭᠡ ᠱᠦᠵᠢ ᠶᠢᠨ ᠲᠤᠰᠢᠶᠠᠯ ᠢ ᠬᠠᠷᠢᠭᠤᠴᠠᠪᠠ ᠃     ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠪᠠᠶᠢᠭᠤᠯᠤᠮᠵᠢ ᠨᠢ ᠠᠩᠬ᠎ᠠ ᠠᠯᠬᠤᠮ ᠤᠨ ᠲᠤᠬᠢᠷᠠᠭᠤᠯᠤᠯᠲᠠ ᠪᠤᠯᠤᠨ ᠴᠡᠭᠴᠡᠯᠡᠯᠲᠡ ᠶ᠋ᠢ ᠬᠢᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠦᠨ ᠠᠵᠢᠯ ᠤᠨ ᠲᠤᠬᠠᠢ ᠤᠳᠤᠷᠢᠳᠤᠯᠭ᠎ᠠ ᠶ᠋ᠢ ᠰᠡᠷᠭᠦᠭᠡᠵᠦ᠂ ᠥᠪᠥᠷ ᠮᠣᠩᠭᠣᠯ ᠤᠨ ᠬᠤᠪᠢᠶᠠᠷᠢ ᠣᠷᠣᠨ ᠤ ᠴᠡᠷᠢᠭ ᠦᠨ ᠵᠠᠬᠢᠷᠭ᠎ᠠ ᠶ᠋ᠢ ᠡᠴᠦᠰᠯᠡᠭᠦᠯᠦᠭᠰᠡᠨ ᠪᠠᠶᠢᠨ᠎ᠠ ᠃
    ᠶᠡᠬᠡ ᠬᠤᠷᠠᠯ ᠠᠴᠠ ᠰᠣᠩᠭᠣᠨ ᠭᠠᠷᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠶᠢᠨ ᠨᠡᠷᠡᠰ ᠲᠦ ᠄
ᠨᠢᠭᠡ᠂ ᠪᠠᠶᠢᠩᠭᠤ ᠶᠢᠨ ᠭᠡᠰᠢᠭᠦᠨ ( 13 ᠬᠦᠮᠦᠨ ) ᠄
      ᠶᠢᠦ ᠲᠠᠢ ᠵᠦᠩ ᠂ ᠡᠦ ᠲᠤᠤ ( ᠮᠣᠩᠭᠣᠯ ᠦᠨᠳᠦᠰᠦᠲᠡᠨ )᠂ ᠰᠢᠤᠢ ᠰᠢᠨ᠂ ᠳ᠋ᠧᠩ ᠼᠦᠨ ᠯᠦᠨ᠂ ᠵᠤᠤ ᠽᠢ ᠶᠠᠩ᠂ ᠲᠸᠩ ᠵᠦᠨ ᠴᠢᠩ᠂ ᠪᠤᠯᠤᠯᠲᠠᠢ (ᠮᠣᠩᠭᠣᠯ ᠦᠨᠳᠦᠰᠦᠲᠡᠨ )᠂ ᠾᠧ ᠹᠸᠩ ᠱᠠᠨ᠂ ᠴᠥ᠋ ᠢᠦᠶ ᠴᠤᠸᠠᠨ᠂ ᠸᠠᠩ ᠪᠢ  ᠵᠧᠨ ( ᠡᠮᠡᠭᠲᠡᠶ )
ᠬᠣᠶᠠᠷ᠂ ᠱᠦᠵᠢ :
      ᠶᠢᠦ ᠲᠠᠢ ᠵᠦᠩ

ᠵᠣᠬᠢᠶᠠᠭᠴᠢ:
ᠢᠷᠡᠯᠲᠡ: