ᠳᠥᠷᠪᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠦᠨ ᠶᠡᠬᠡ ᠬᠤᠷᠠᠯ
1984 ᠤᠨ ᠤ 12 ᠰᠠᠷ᠎ᠠ ᠶ᠋ᠢᠨ 1 ᠤ ᠡᠳᠦᠷ ᠡᠴᠡ 7 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠦᠨ ᠬᠤᠷᠠᠯ ᠬᠥᠬᠡᠬᠣᠲᠠ ᠳᠤ ᠬᠤᠷᠠᠯᠳᠤᠵᠤ᠂ 499 ᠨᠠᠮ ᠤᠨ ᠭᠡᠰᠢᠭᠦᠨ ᠲᠥᠯᠥᠭᠡᠯᠡᠭᠴᠢ ᠬᠤᠷᠠᠯ ᠳᠤ ᠣᠷᠣᠯᠴᠠᠪᠠ᠃ ᠬᠤᠷᠠᠯ ᠠᠴᠠ ᠵᠧᠦ ᠾᠦᠢ ᠶ᠋ᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠬᠤᠭᠤᠴᠠᠭᠠᠨ ᠤ ᠬᠣᠷᠢᠶᠠᠨ ᠤ ᠨᠠᠶᠢᠳᠠᠯᠭ᠎ᠠ ᠪᠠᠷ ᠬᠢᠭᠰᠡᠨ 《ᠠᠷᠪᠠᠨ ᠬᠣᠶᠠᠳᠤᠭᠠᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠶᠢ ᠪᠠᠷᠢᠮᠲᠠᠯᠠᠨ ᠲᠤᠤᠱᠯᠠᠭᠤᠯᠵᠤ᠂ ᠥᠭᠡᠷᠡᠴᠢᠯᠡᠯᠲᠡ ᠨᠡᠭᠡᠭᠡᠯᠳᠠ ᠶᠢᠨ ᠠᠯᠬᠤᠴᠠ ᠪᠠᠨ ᠲᠦᠷᠭᠡᠳᠬᠡᠨ᠂ ᠥᠪᠥᠷ ᠮᠣᠩᠭᠣᠯ ᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠢᠯᠠᠯᠲᠠ ᠶᠢ ᠲᠡᠮᠡᠴᠡᠨ ᠤᠯᠬᠤ ᠶᠢᠨ ᠲᠥᠯᠥᠭᠡ ᠲᠡᠮᠡᠴᠡᠵᠡᠭᠡᠶ᠎ᠡ 》 ᠭᠡᠰᠡᠨ ᠠᠵᠢᠯ ᠤᠨ ᠢᠯᠡᠳᠬᠡᠯ ᠢ ᠬᠢᠨᠠᠨ ᠰᠤᠨᠤᠰᠴᠤ ᠂ ᠪᠠᠶᠢᠴᠠᠭᠠᠭᠰᠠᠨ ᠤ ᠬᠠᠮᠲᠤ ᠪᠠᠲᠤᠯᠠᠭᠰᠠᠨ ᠪᠠᠶᠢᠨ᠎ᠠ᠃ ᠶᠡᠬᠡ ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠭᠤᠴᠢ ᠭᠠᠷᠤᠶ ᠵᠢᠯ ᠤᠨ ᠨᠡᠶᠢᠭᠡᠮ ᠵᠢᠷᠤᠮᠲᠤ ᠪᠦᠳᠦᠬᠡᠨ ᠪᠠᠶᠢᠭᠤᠯᠤᠯᠲᠠ ᠶᠢᠨ ᠦᠨᠳᠦᠰᠦᠨ ᠲᠤᠷᠰᠢᠯᠭ᠎ᠠ ᠶᠢ ᠳ᠋ᠦᠩᠨᠡᠵᠦ᠄ ᠠᠵᠤ ᠠᠬᠤᠶ ᠶᠢᠨ ᠪᠦᠳᠦᠭᠡᠠ ᠪᠠᠶᠢᠭᠤᠯᠤᠯᠲᠠ ᠪᠠᠷ ᠭᠣᠣᠯᠳᠠᠯᠭ᠎ᠠ ᠪᠣᠯᠭᠠᠨ᠂ ᠪᠦᠬᠦ ᠥᠪᠥᠷ ᠮᠣᠩᠭᠣᠯ ᠤᠨ ᠪᠣᠳᠠᠲᠤ ᠪᠠᠶᠢᠳᠠᠯ ᠢ ᠦᠨᠳᠦᠰᠦᠯᠡᠵᠦ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠲᠣᠭᠲᠠᠭᠠᠬᠤ ᠬᠡᠷᠡᠭᠲᠡᠶ᠃ ᠡᠯ᠎ᠡ ᠲᠠᠯ᠎ᠠ ᠶᠢᠨ ᠪᠦᠯᠬᠦᠮᠳᠡᠯ ᠢ ᠬᠠᠮᠠᠭᠠᠯᠠᠨ ᠴᠢᠩᠭᠠᠳᠬᠠᠬᠤ ᠬᠡᠷᠡᠭᠲᠡᠶ᠂ ᠢᠯᠠᠩᠭᠤᠶ᠎ᠠ ᠡᠯ᠎ᠡ ᠦᠨᠳᠦᠰᠦᠲᠡᠨ ᠦ ᠪᠦᠯᠬᠦᠮᠳᠡᠯ ᠢ ᠴᠢᠨᠭᠭᠠᠳᠬᠠᠤ ᠬᠡᠷᠡᠭᠲᠡᠶ᠃ ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠬᠤ ᠶᠢ ᠪᠠᠷᠢᠮᠲᠠᠯᠠᠵᠤ᠂ ᠬᠣᠶᠠᠷ ᠪᠣᠯᠪᠠᠰᠤᠨ ᠤ ᠪᠠᠶᠢᠭᠤᠯᠤᠯᠲᠠ ᠶᠢ ᠪᠠᠷᠢᠮᠲᠠᠯᠠᠨ᠎ᠠ᠃ ᠶᠡᠬᠡ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠬᠤᠭᠤᠴᠠᠭᠠᠨ ᠤ ᠪᠦ᠋ᠬᠦ ᠤᠯᠤᠰ ᠤᠨ ᠬᠤᠷᠢᠶ᠎ᠠ ᠶ᠋ᠢ ᠰᠤᠩᠭᠤᠨ ᠭᠠᠷᠭᠠᠵᠤ᠂ ᠵᠧᠦ ᠾᠦᠢ ᠱᠦᠵᠢ ᠶᠢᠨ ᠲᠤᠰᠢᠶᠠᠯ ᠢ ᠬᠠᠷᠢᠭᠤᠴᠠᠵᠤ᠂ ᠪᠥᠬᠡ ᠵᠡᠷᠭᠡ ᠳᠥᠷᠪᠡᠨ ᠬᠥᠮᠦᠨ ᠳᠡᠳ᠋ ᠱᠦᠵᠢ ᠶ᠋ᠢᠨ ᠲᠤᠰᠢᠶᠠᠯ ᠢ ᠬᠠᠷᠢᠭᠤᠴᠠᠪᠠ᠃ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠥᠪᠯᠡᠭᠴᠢ ᠶᠢᠨ ᠺᠣᠮᠢᠰ ᠢ ᠰᠤᠩᠭᠤᠨ ᠭᠠᠷᠭᠠᠵᠤ᠂ ᠸᠠᠩ ᠳ᠋ᠦᠸᠸ ᠡᠷᠭᠢᠯᠡᠭᠴᠢ ᠶᠢᠨ ᠲᠤᠰᠢᠶᠠᠯ ᠢ ᠡᠭᠦᠷᠭᠡᠯᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠶᠢ ᠰᠤᠩᠭᠤᠨ ᠭᠠᠷᠭᠠᠵᠤ᠂ ᠱᠢ ᠭᠤᠸᠠᠩ ᠬᠤᠸᠠ ᠱᠦᠵᠢ ᠶᠢᠨ ᠲᠤᠰᠢᠶᠠᠯ ᠢ ᠬᠠᠷᠢᠭᠤᠴᠠᠪᠠ ᠃
ᠶᠡᠬᠡ ᠬᠤᠷᠠᠯ ᠠᠴᠠ ᠰᠣᠩᠭᠣᠨ ᠭᠠᠷᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠶᠢᠨ ᠨᠡᠷᠡᠰ ᠲᠦ᠄
ᠨᠢᠭᠡ᠂ ᠪᠠᠶᠢᠩᠭᠤ ᠶᠢᠨ ᠭᠡᠰᠢᠭᠦᠨ ( 13 ᠬᠦᠮᠦᠨ ) ᠄
ᠵᠧᠸ ᠾᠤᠶᠢ᠂ ᠪᠦᠬᠡ ( ᠮᠣᠩᠭᠣᠯ ᠦᠨᠳᠦᠰᠦᠲᠡᠨ ) ᠂ ᠴᠢᠶᠠᠨ ᠹᠸᠨ ᠶᠥᠩ ( ᠮᠣᠩᠭᠣᠯ ᠦᠨᠳᠦᠰᠦᠲᠡᠨ ) ᠂ ᠪᠠᠲᠤᠪᠠᠭᠠᠨ᠎ᠠ ( ᠮᠣᠩᠭᠣᠯ ᠦᠨᠳᠦᠰᠦᠲᠡᠨ ) ᠂ ᠲᠢᠶᠠᠨ ᠼᠦᠩ ᠮᠢᠩ᠂ ᠱᠢ ᠭᠤᠸᠠᠩ ᠬᠤᠸᠠ᠂ ᠦᠨᠡᠨ( ᠮᠣᠩᠭᠣᠯ ᠦᠨᠳᠦᠰᠦᠲᠡᠨ ) ᠂ ᠯᠢ ᠰᠢᠶᠠᠩ ᠢ᠂ ᠰᠢᠤᠢ ᠯᠢᠩ ᠷᠸᠨ ( ᠡᠮᠡᠭᠲᠡᠢ ) ᠂ ᠮᠠ ᠵᠡᠸᠨ ᠳ᠋ᠦᠸᠸ ( ᠮᠣᠩᠭᠣᠯ ᠦᠨᠳᠦᠰᠦᠲᠡᠨ )
ᠬᠣᠶᠠᠷ·ᠱᠦᠵᠢ :
ᠵᠧᠦ ᠾᠦᠢ
ᠭᠤᠷᠪᠠ᠂ ᠳᠡᠳ᠋ ᠱᠦᠵᠢ :
ᠪᠦᠬᠡ ( ᠮᠣᠩᠭᠣᠯ ᠦᠨᠳᠦᠰᠦᠲᠡᠨ )᠂ ᠴᠢᠶᠠᠨ ᠹᠸᠨ ᠶᠥᠩ ( ᠮᠣᠩᠭᠣᠯ ᠦᠨᠳᠦᠰᠦᠲᠡᠨ )᠂ ᠪᠠᠲᠤᠪᠠᠭᠠᠨ᠎ᠠ ( ᠮᠣᠩᠭᠣᠯ ᠦᠨᠳᠦᠰᠦᠲᠡᠨ )᠂ ᠲᠢᠶᠠᠨ ᠼᠦᠩ ᠮᠢᠩ