ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠦᠨ ᠶᠡᠬᠡ ᠬᠤᠷᠠᠯ

  2019-01-08

    1989 ᠤᠨ ᠤ 12 ᠰᠠᠷ᠎ᠠ ᠶ᠋ᠢᠨ 21 ᠦ ᠡᠳᠦᠷ ᠡᠴᠡ 26 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠦᠨ ᠶᠡᠬᠡ ᠬᠤᠷᠠᠯ ᠬᠥᠬᠡᠬᠣᠲᠠ ᠳᠤ ᠶᠠᠪᠤᠭᠳᠠᠪᠠ᠃ ᠬᠤᠷᠠᠯ ᠠᠴᠠ ᠸᠠᠩ ᠴᠢᠶᠦᠢᠨ ᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠳᠥᠷᠪᠡᠳᠦᠭᠡᠷ ᠬᠤᠭᠤᠴᠠᠭᠠᠨ ᠤ ᠪᠦ᠋ᠬᠦ ᠤᠯᠤᠰ ᠤᠨ ᠬᠣᠷᠢᠶᠠᠨ ᠤ ᠨᠠᠶᠢᠳᠠᠯᠭ᠎ᠠ ᠪᠠᠷ ᠶᠡᠬᠡ ᠬᠤᠷᠠᠯ ᠳᠤ ᠬᠢᠭᠰᠡᠨ 《 ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠭᠤᠷᠪᠠᠨ ᠵᠦᠢᠯ ᠦᠨ ᠤᠢᠢᠷ᠎ᠠ ᠶᠢᠨ ᠬᠤᠭᠤᠴᠠᠭᠠᠨ ᠤ ᠬᠠᠷᠠᠯᠲᠠ ᠶ᠋ᠢ ᠴᠢᠷᠮᠠᠶᠢᠨ ᠪᠡᠶᠡᠯᠡᠬᠦᠯᠵᠦ᠂ ᠪᠦᠯᠬᠦᠮᠳᠡᠯᠲᠠᠢ᠂ ᠴᠢᠨᠡᠭᠡᠯᠢᠭ ᠂ ᠪᠣᠯᠪᠠᠰᠤᠨ ᠥᠪᠥᠷ ᠮᠤᠩᠭᠤᠯ ᠪᠣᠯᠭᠠᠨ ᠪᠥᠲᠥᠭᠡᠨ ᠪᠠᠶᠢᠭᠤᠯᠬᠤ ᠪᠠᠷ ᠲᠡᠮᠡᠴᠡᠬᠦ 》 ᠠᠵᠢᠯ ᠤᠨ ᠢᠯᠡᠳᠬᠡᠯ ᠢ ᠬᠢᠨᠠᠨ ᠶᠠᠷᠢᠯᠴᠠᠬᠤ ᠪᠥᠭᠡᠳ ᠪᠠᠲᠤᠯᠠᠭᠰᠠᠨ ᠪᠠᠶᠢᠨ᠎ᠠ᠃ ᠢᠯᠡᠳᠬᠡᠯ ᠳᠦ ᠵᠢᠭᠠᠵᠤ ᠭᠠᠷᠭᠠᠭᠰᠠᠨ ᠨᠢ᠂ ᠬᠣᠶᠢᠰᠢᠳᠠ ᠶᠢᠨ ᠲᠠᠪᠤᠨ ᠵᠢᠯ ᠳᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠪᠠᠶᠢᠭᠤᠯᠤᠯᠲᠠ ᠶᠢᠨ ᠬᠢᠲᠠᠳ ᠡᠮ ᠡᠮᠨᠡᠯᠭᠡ ᠶᠢᠨ ᠡᠭᠦᠷᠭᠡ ᠪᠣᠯ᠄ ᠨᠠᠮ ᠤᠨ ᠦᠨᠳᠦᠰᠦᠨ ᠱᠤᠭᠤᠮ ᠤᠨ ᠵᠢᠯᠦᠭᠤᠳᠦᠯᠭ᠎ᠠ ᠶᠢᠨ ᠳᠣᠣᠷ᠎ᠠ᠂ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ ᠂ ᠨᠠᠮ ᠤᠨ ᠭᠡᠰᠢᠭᠦᠨ ᠦ ᠤᠯᠤᠰ ᠲᠦᠷᠦ ᠦᠵᠡᠯ ᠰᠠᠨᠠᠭᠠᠨ ᠤ ᠬᠡᠪ ᠴᠢᠨᠠᠷ ᠢ ᠳᠡᠭᠡᠭᠰᠢᠯᠡᠭᠦᠯᠵᠦ᠂ ᠪᠠᠲᠤ ᠴᠢᠩᠭ᠎ᠠ ᠵᠥᠪ ᠣᠨᠣᠪᠴᠢᠲᠠᠶ ᠤᠯᠤᠰ ᠲᠦᠷᠦ ᠶᠢᠨ ᠴᠢᠭᠯᠡᠯ ᠢ ᠪᠠᠲᠤᠯᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠨᠠᠮ ᠤᠨ ᠡᠩᠨᠡᠭᠡ ᠶᠢ ᠴᠡᠪᠡᠷᠵᠢᠭᠦᠯᠵᠦ᠂ ᠨᠠᠮ ᠤᠨ ᠰᠠᠬᠢᠯᠭ᠎ᠠ ᠪᠠᠲᠤ ᠶᠢ  ᠴᠢᠩᠭᠠᠳᠬᠠᠵᠤ᠂ ᠲᠠᠰᠤᠷᠠᠯᠲᠠ ᠦᠭᠡᠢ ᠡᠯ᠎ᠡ ᠱᠠᠲᠤᠨ ᠤ ᠤᠳᠤᠷᠢᠳᠬᠤ ᠪᠠᠭ ᠢ ᠰᠠᠶᠢᠲᠤᠷ ᠪᠦᠳᠦᠭᠡᠨ ᠪᠠᠶᠢᠭᠤᠯᠤᠨ᠎ᠠ᠃ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠨᠠᠮ ᠤᠨ ᠳᠣᠲᠣᠷᠠᠬᠢ ᠢᠯᠵᠠᠷᠠᠨ ᠳᠤᠷᠤᠶᠢᠲᠤᠭᠰᠠᠨ ᠦᠵᠡᠭᠳᠡᠯ ᠢ ᠠᠷᠢᠯᠭᠠᠵᠤ᠂ ᠨᠠᠮ ᠪᠠ ᠤᠯᠠᠨ ᠲᠦᠮᠡᠨ ᠦ ᠬᠠᠷᠢᠴᠠᠭ᠎ᠠ ᠶᠢ ᠰᠠᠶᠢᠵᠢᠷᠠᠭᠤᠯᠤᠨ ᠨᠢᠭᠲᠠᠷᠠᠭᠤᠯᠤᠨ᠎ᠠ᠃ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠡᠨ ᠬᠦ ᠨᠠᠮ ᠤᠨ ᠲᠡᠢᠢᠴᠢᠠ ᠬᠦᠴᠦᠨ᠂ ᠨᠢᠭᠲᠠᠷᠠᠯ ᠤᠨ ᠬᠦᠴᠦᠨ ᠪᠣᠯᠤᠨ ᠲᠠᠲᠠᠬᠤ ᠬᠦᠴᠦᠨ ᠢ ᠳᠡᠭᠡᠭᠰᠢᠯᠡᠬᠦᠯᠦᠨ᠂ ᠨᠠᠮ ᠤᠨ ᠤᠳᠤᠷᠢᠳᠬᠤ ᠭᠣᠣᠯᠯᠠᠭᠴᠢ ᠬᠦᠴᠦᠨ ᠪᠣᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠢᠢᠴᠢᠨ ᠪᠡᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠦ ᠬᠣᠰᠢᠭᠤᠴᠢ ᠵᠢᠱᠢᠶᠡᠴᠢ ᠦᠢᠯᠡᠳᠦᠯ ᠭᠠᠷᠭᠠᠬᠤ ᠬᠡᠷᠡᠭᠲᠡᠶ᠃ ᠸᠠᠩ ᠴᠢᠶᠦᠢᠨ ᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠦᠵᠢ ᠪᠡᠷ ᠰᠤᠩᠭᠤᠵᠤ᠂ ᠪᠥᠬᠡ᠂ ᠵᠠᠩ ᠳ᠋ᠢᠩ ᠬᠤᠸᠠ᠂ ᠴᠢᠶᠠᠨ ᠹᠸᠨ ᠶᠦᠩ ᠳᠡᠳ᠋ ᠱᠦᠵᠢ ᠪᠠᠷ ᠰᠤᠩᠭᠤᠭᠳᠠᠭᠰᠠᠨ ᠤ ᠬᠠᠮᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠥᠪᠯᠡᠭᠴᠢᠳ ᠦᠨ ᠬᠣᠷᠢᠶ᠎ᠠ ᠪᠠ ᠲᠥᠪ ᠦᠨ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠬᠢᠨ ᠲᠤᠰ ᠲᠤᠰ ᠬᠤᠤ ᠰᠢᠸ ᠱᠠᠨ ᠢ ᠵᠥᠪᠯᠡᠭᠴᠢᠳ ᠦᠨ ᠬᠣᠷᠢᠶᠠᠨ ᠤ ᠡᠷᠬᠢᠯᠡᠭᠴᠢ᠂ ᠭᠡᠷᠡᠯᠲᠦ ᠶ᠋ᠢ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠪᠠᠷ ᠰᠤᠩᠭᠤᠭᠰᠠᠨ ᠪᠠᠶᠢᠨ᠎ᠠ ᠃
     ᠶᠡᠬᠡ ᠬᠤᠷᠠᠯ ᠠᠴᠠ ᠰᠣᠩᠭᠣᠨ ᠭᠠᠷᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠶᠢᠨ ᠨᠡᠷᠡᠰ ᠲᠦ᠄
ᠨᠢᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶᠢᠨ ᠭᠡᠰᠢᠭᠦᠨ ( 10 ᠬᠥᠮᠦᠨ ) ᠄
    ᠸᠠᠩ ᠴᠢᠶᠦᠢᠨ᠂ ᠪᠦᠬᠡ ( ᠮᠣᠩᠭᠣᠯ ᠦᠨᠳᠦᠰᠦᠲᠡᠨ )᠂ ᠵᠠᠩ ᠳ᠋ᠢᠩ ᠬᠤᠸᠠ᠂ ᠴᠢᠶᠠᠨ ᠹᠧᠨ ᠶᠤᠢᠡᠭ ( ᠮᠣᠩᠭᠣᠯ ᠦᠨᠳᠦᠰᠦᠲᠡᠨ )᠂ ᠭᠡᠷᠡᠯᠲᠦ ( ᠮᠣᠩᠭᠣᠯ ᠦᠨᠳᠦᠰᠦᠲᠡᠨ )᠂ ᠸᠸᠨ ᠵᠢᠩ ( ᠮᠣᠩᠭᠣᠯ ᠦᠨᠳᠦᠰᠦᠲᠡᠨ ) ᠯᠢᠦ ᠶᠦᠨ ᠱᠠᠨ᠂ ᠶᠠᠩ ᠡᠸᠨ ᠪᠥᠸᠸ᠂ ᠴᠧᠨ ᠺᠦᠢ ᠶᠤᠸᠠᠨ᠂ ᠤᠶᠤᠨᠴᠢᠮᠡᠭ ( ᠮᠣᠩᠭᠣᠯ ᠦᠨᠳᠦᠰᠦᠲᠡᠨ )
ᠬᠣᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠦᠵᠢ ᠄
    ᠸᠠᠩ ᠴᠢᠶᠦᠢᠨ ᠂
ᠭᠤᠷᠪᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠳᠡᠳ᠋ ᠱᠦᠵᠢ ᠄
    ᠪᠦᠬᠡ ( ᠮᠣᠩᠭᠣᠯ ᠦᠨᠳᠦᠰᠦᠲᠡᠨ )᠂ ᠵᠠᠩ ᠳ᠋ᠢᠩ ᠬᠤᠸᠠ᠂ ᠴᠢᠶᠠᠨ ᠹᠧᠨ ᠶᠤᠢᠡᠭ ( ᠮᠣᠩᠭᠣᠯ ᠦᠨᠳᠦᠰᠦᠲᠡᠨ )

    ᠶᠡᠬᠡ ᠬᠤᠷᠠᠯ ᠠᠴᠠ ᠰᠣᠩᠭᠣᠨ ᠭᠠᠷᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠥᠪᠯᠡᠭᠴᠢ ᠶᠢᠨ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠶᠢᠨ ᠨᠡᠷᠡᠰ ᠲᠦ ᠄
ᠨᠢᠭᠡ᠂ ᠪᠠᠶᠢᠩᠭᠤ ᠶᠢᠨ ᠭᠡᠰᠢᠭᠦᠨ ( 4  ᠬᠦᠮᠦᠨ) ᠄
    ᠬᠤᠤ ᠰᠢᠸ ᠱᠠᠨ᠂ ᠫᠸᠩ ᠮᠸᠩ ᠭᠸᠩ᠂ ᠴᠤᠯᠮᠤᠨ( ᠮᠣᠩᠭᠣᠯ ᠦᠨᠳᠦᠰᠦᠲᠡᠨ)᠂ ᠶᠦᠨ ᠱᠦᠦ ᠪᠢ ( ᠡᠮᠡᠭᠲᠡᠶ ᠂ ᠮᠣᠩᠭᠣᠯ ᠦᠨᠳᠦᠰᠦᠲᠡᠨ )
ᠬᠣᠶᠠᠷ᠂ ᠡᠷᠬᠢᠯᠡᠭᠴᠢ :
    ᠬᠤᠤ ᠰᠢᠸ ᠱᠠᠨ

    ᠶᠡᠬᠡ ᠬᠤᠷᠠᠯ ᠠᠴᠠ ᠰᠣᠩᠭᠣᠨ ᠭᠠᠷᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠶᠢᠨ ᠨᠡᠷᠡᠰ ᠲᠦ ᠄
ᠨᠢᠭᠡ᠂ ᠪᠠᠶᠢᠩᠭᠤ ᠶᠢᠨ ᠭᠡᠰᠢᠭᠦᠨ ( 7 ᠬᠥᠮᠦᠨ
    ᠭᠡᠷᠡᠯᠲᠦ ( ᠮᠣᠩᠭᠣᠯ ᠦᠨᠳᠦᠰᠦᠲᠡᠨ )᠂ ᠶᠣᠣ ᠰᠢᠶᠠᠩ᠂ ᠲᠠᠨ ᠪᠦᠸᠸ ᠸᠸᠨ( ᠲᠦᠵᠢᠶᠠ ᠦᠨᠳᠦᠰᠦᠲᠡᠨ )᠂ ᠲᠡᠭᠰᠢᠬᠦᠦ( ᠮᠣᠩᠭᠣᠯ ᠦᠨᠳᠦᠰᠦᠲᠡᠨ )᠂ ᠰᠦᠨ ᠰᠢᠶᠠᠨ ᠴᠢᠶᠠᠨ᠂ ᠶᠦᠨ ᠽᠸ ᠯᠢᠨ ( ᠮᠣᠩᠭᠣᠯ ᠦᠨᠳᠦᠰᠦᠲᠡᠨ )
ᠬᠣᠶᠠᠷ᠂ ᠱᠦᠵᠢ :
    ᠭᠡᠷᠡᠯᠲᠦ ( ᠮᠣᠩᠭᠣᠯ ᠦᠨᠳᠦᠰᠦᠲᠡᠨ )
ᠭᠤᠷᠪᠠ᠂ ᠳᠡᠳ᠋ ᠱᠦᠵᠢ :
    ᠶᠣᠣ ᠰᠢᠶᠠᠩ᠂ ᠲᠠᠨ ᠪᠦᠸᠸ ᠸᠸᠨ ( ᠲᠦᠵᠢᠶᠠ ᠦᠨᠳᠦᠰᠦᠲᠡᠨ )

ᠵᠣᠬᠢᠶᠠᠭᠴᠢ:
ᠢᠷᠡᠯᠲᠡ: