ᠵᠢᠷᠭᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠦᠨ ᠶᠡᠬᠡ ᠬᠤᠷᠠᠯ
1994 ᠤᠨ ᠤ 12 ᠰᠠᠷ᠎ᠠ ᠶ᠋ᠢᠨ 19 ᠦ ᠡᠳᠦᠷ ᠡᠴᠡ 23 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠤᠳᠠᠭᠠᠨ ᠤ ᠲᠥᠯᠥᠭᠡᠯᠡᠭᠴᠢᠳ ᠦᠨ ᠶᠡᠬᠡ ᠬᠤᠷᠠᠯ ᠬᠥᠬᠡᠬᠣᠲᠠ ᠳᠤ ᠬᠤᠷᠠᠯᠳᠤᠵᠤ᠂ ᠶᠡᠬᠡ ᠬᠤᠷᠠᠯ ᠡᠴᠠ 51 ᠵᠢᠩᠬᠢᠨᠢ ᠭᠡᠰᠢᠭᠦᠨ ᠪᠣᠯᠤᠨ 9 ᠤᠷᠤᠯᠠᠭᠴᠢ ᠬᠡᠰᠢᠬᠦᠨ ᠢᠶ᠋ᠡᠷ ᠪᠦᠷᠢᠯᠳᠤᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶ᠋ᠢ ᠰᠤᠩᠭᠤᠵᠤ ᠭᠠᠷᠭᠠᠭᠰᠠᠨ ᠪᠠᠶᠢᠨ᠎ᠠ᠃ 12 ᠰᠠᠷ᠎ᠠ ᠶᠢᠨ 24 ᠦ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ ᠲᠥᠪ ᠬᠣᠷᠢᠶᠠᠨ ᠤ ᠠᠩᠬᠠᠳᠤᠭᠠᠷ ᠪᠦᠭᠦᠳᠡ ᠬᠤᠷᠠᠯ ᠢ ᠬᠤᠷᠠᠯᠳᠤᠭᠤᠯᠵᠤ᠂ ᠬᠤᠷᠠᠯ ᠠᠴᠠ ᠯᠢᠦ ᠮᠢᠩ ᠽᠦᠦ᠂ ᠦᠯᠵᠠᠢ᠂ ᠪᠠᠢ ᠡᠸᠨ ᠭᠸ᠂ ᠸᠠᠩ ᠵᠠᠨ᠂ ᠤᠶᠤᠨᠴᠢᠮᠡᠭ᠂ ᠶᠤᠢᠠ ᠪᠦ᠋ ᠯᠤᠢᠡᠭ᠂ ᠹᠸᠩ ᠴᠢᠨ᠂ ᠹᠸᠩ ᠴᠢᠨ᠂ ᠫᠸᠩ ᠼᠦᠢ ᠹᠸᠩ᠂ ᠬᠠᠨ ᠮᠠᠤ ᠬᠤᠸᠠ᠂ ᠪᠠᠶᠠᠨ ᠂ ᠸᠠᠨ ᠵᠢᠢ ᠱᠸᠩ᠂ ᠵᠸᠦ ᠳ᠋ᠸᠸ ᠬᠠᠢ᠂ ᠶᠢᠦ ᠷᠸᠨ ᠵᠡᠷᠭᠡ 13 ᠬᠦᠮᠦᠨ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠪᠠᠶᠢᠩᠭᠤ ᠶᠢᠨ ᠭᠡᠰᠢᠭᠦᠨ ᠢᠶᠠᠷ ᠰᠣᠩᠭᠣᠵᠤ ᠂ ᠯᠢᠦ ᠮᠢᠩ ᠽᠦᠦ ᠶ᠋ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠦᠵᠢ ᠪᠡᠷ ᠰᠤᠩᠭᠤᠵᠤ᠂ ᠦᠯᠵᠡᠢ᠂ ᠪᠠᠢ ᠡᠸᠨ ᠭᠸ᠂ ᠸᠠᠩ ᠵᠠᠨ᠂ ᠤᠶᠤᠨᠴᠢᠮᠡᠭ᠂ ᠶᠤᠢᠠ ᠪᠦ᠋ ᠯᠦᠩ ᠢᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠳᠡᠳ᠋ ᠱᠦᠵᠢ᠂ ᠰᠢᠨ᠎ᠡ ᠨᠢᠭᠡ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠡᠰᠢᠬᠦᠨ ᠢᠶ᠋ᠡᠷ ᠰᠤᠩᠭᠤᠭᠰᠠᠨ ᠤ ᠬᠠᠮᠲᠤ ᠠᠩᠬᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠶᠦᠨ ᠪᠦ᠋ ᠯᠦᠩ ᠢ ᠱᠦᠵᠢ ᠪᠡᠷ ᠰᠤᠩᠭᠤᠵᠤ᠂ ᠬᠠᠨ ᠮᠠᠤ ᠬᠤᠸᠠ᠂ ᠸᠠᠩ ᠱᠠᠩ ᠯᠦᠸᠸ᠂ ᠰᠦᠨ ᠰᠢᠶᠠᠨ ᠴᠢᠶᠠᠨ ᠢ ᠳᠡᠳ᠋ ᠱᠦᠵᠢ ᠪᠡᠷ ᠰᠤᠩᠭᠤᠭᠰᠠᠨ ᠪᠠᠶᠢᠨ᠎ᠠ᠃ ᠯᠢᠦ ᠮᠢᠩ ᠽᠦᠦ ᠡᠴᠡ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠵᠢᠷᠭᠤᠳᠤᠭᠠᠷ ᠬᠤᠭᠤᠴᠠᠭᠠᠨ ᠤ ᠲᠥᠪ ᠬᠣᠷᠢᠶᠠᠨ ᠤ ᠠᠩᠬᠠᠳᠤᠭᠠᠷ ᠪᠥᠬᠥᠳᠡ ᠬᠤᠷᠠᠯᠳᠤᠭᠠᠨ ᠳᠡᠭᠡᠷ᠎ᠡ ᠨᠠᠮ ᠤᠨ ᠲᠥᠪ ᠬᠣᠷᠢᠶᠠᠨ ᠤ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠵᠤ᠂ ᠦᠵᠡᠯ ᠰᠠᠨᠠᠭ᠎ᠠ ᠪᠠᠨ ᠴᠢᠯᠦᠭᠡᠯᠡᠨ᠂ ᠦᠨᠡᠨ ᠡᠴᠡ ᠵᠦᠪ ᠢ ᠡᠷᠢᠵᠦ᠂ ᠪᠦᠲᠦᠭᠡᠯᠴᠢ ᠪᠡᠷ ᠠᠵᠢᠯ ᠢᠶ᠋ᠡᠨ ᠦᠷᠨᠢᠬᠦᠯᠵᠦ᠂ ᠰᠢᠷᠭᠠᠭᠤ ᠲᠡᠮᠡᠴᠡᠨ᠂ ᠴᠡᠪᠡᠷ ᠴᠢᠬᠡᠴᠢ ᠪᠡᠷ ᠪᠡᠶ᠎ᠡ ᠪᠠ ᠱᠠᠭᠠᠷᠳᠠᠬᠤ᠂ ᠤᠯᠠᠨ ᠲᠦᠮᠡᠨ ᠲᠡᠶ ᠬᠠᠷᠢᠴᠠᠵᠤ ᠪᠣᠳᠠᠲᠠᠢ ᠠᠵᠢᠯᠯᠠᠵᠤ᠂ ᠰᠤᠷᠤᠯᠴᠠᠯᠭ᠎ᠠ ᠪᠠᠨ ᠴᠢᠩᠭᠠᠳᠬᠠᠵᠤ᠂ ᠤᠨᠦᠯ ᠢ ᠪᠣᠳᠠᠲᠤ ᠪᠠᠶᠢᠳᠠᠯ ᠲᠠᠶ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ ᠭᠡᠵᠦ ᠵᠢᠭᠠᠵᠤ ᠭᠠᠷᠭᠠᠭᠰᠠᠨ ᠪᠠᠶᠢᠨ᠎ᠠ ᠃
ᠶᠡᠬᠡ ᠬᠤᠷᠠᠯ ᠠᠴᠠ ᠰᠣᠩᠭᠣᠨ ᠭᠠᠷᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ :
ᠨᠢᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶᠢᠨ ᠭᠡᠰᠢᠭᠦᠨ ( 13 ᠬᠦᠮᠦᠨ) ᠄
ᠯᠢᠦ ᠮᠢᠩ ᠽᠦ᠋᠂ ᠦᠯᠵᠡᠢ ( ᠮᠣᠩᠭᠣᠯ ᠦᠨᠳᠦᠰᠦᠲᠡᠨ ) ᠪᠠᠶ ᠡᠸᠨ ᠫᠸᠢ᠂ ᠸᠠᠩ ᠵᠠᠨ᠂ ᠤᠶᠤᠨᠴᠢᠮᠡᠭ ( ᠡᠮᠡᠭᠲᠡᠶ᠂ ᠮᠣᠩᠭᠣᠯ ᠦᠨᠳᠦᠰᠦᠲᠡᠨ)᠂ ᠶᠦᠨ ᠪᠦ᠋ ᠯᠦᠩ ( ᠮᠣᠩᠭᠣᠯ ᠦᠨᠳᠦᠰᠦᠲᠡᠨ)᠂ ᠹᠸᠩ ᠴᠢᠨ᠂ ᠫᠸᠩ ᠼᠦᠢ ᠹᠸᠩ᠂ ᠬᠠᠨ ᠮᠠᠤ ᠬᠤᠸᠠ᠂ ᠪᠠᠶᠠᠨ( ᠮᠣᠩᠭᠣᠯ ᠦᠨᠳᠦᠰᠦᠲᠡᠨ )᠂ ᠸᠠᠨᠵᠢᠢ ᠱᠸᠩ᠂ ᠵᠸᠦ ᠳ᠋ᠸᠸ ᠬᠠᠢ᠂ ᠶᠢᠦ ᠷᠸᠨ( ᠮᠣᠩᠭᠣᠯ ᠦᠨᠳᠦᠰᠦᠲᠡᠨ )
ᠬᠣᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠦᠵᠢ ᠄
ᠯᠢᠦ ᠮᠢᠩ ᠽᠦᠦ
ᠭᠤᠷᠪᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠳᠡᠳ᠋ ᠱᠦᠵᠢ ᠄
ᠦᠯᠵᠡᠢ ( ᠮᠣᠩᠭᠣᠯ ᠦᠨᠳᠦᠰᠦᠲᠡᠨ ) ᠪᠠᠶ ᠡᠸᠨ ᠫᠸᠢ᠂ ᠸᠠᠩ ᠵᠠᠨ᠂ ᠤᠶᠤᠨᠴᠢᠮᠡᠭ (ᠮᠣᠩᠭᠣᠯ ᠦᠨᠳᠦᠰᠦᠲᠡᠨ)᠂ ᠶᠦᠨ ᠪᠦ᠋ ᠯᠦᠩ(ᠮᠣᠩᠭᠣᠯ ᠦᠨᠳᠦᠰᠦᠲᠡᠨ)
ᠶᠡᠬᠡ ᠬᠤᠷᠠᠯ ᠠᠴᠠ ᠰᠣᠩᠭᠣᠨ ᠭᠠᠷᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ :
ᠨᠢᠭᠡ᠂ ᠪᠠᠶᠢᠩᠭᠤ ᠶᠢᠨ ᠭᠡᠰᠢᠭᠦᠨ ( 9 ᠬᠥᠮᠦᠨ )᠄
ᠶᠦᠨ ᠪᠦ᠋ ᠯᠦᠩ ( ᠮᠣᠩᠭᠣᠯ ᠦᠨᠳᠦᠰᠦᠲᠡᠨ )᠂ ᠰᠦᠨ ᠰᠢᠶᠠᠨ ᠴᠢᠶᠠᠨ᠂ ᠾᠧᠦ ᠴᠢᠨ᠂ ᠵᠦᠩ ᠢᠦᠢ ᠲᠠᠩ᠂ ᠯᠢ ᠵᠢᠦ ᠰᠢᠶᠠᠩ᠂ ᠸᠠᠩ ᠪᠢᠨ ( ᠮᠣᠩᠭᠣᠯ ᠦᠨᠳᠦᠰᠦᠲᠡᠨ )᠂ ᠨᠠᠷᠠᠠ( ᠮᠣᠩᠭᠣᠯ ᠦᠨᠳᠦᠰᠦᠲᠡᠨ )
ᠬᠣᠶᠠᠷ᠂ ᠱᠦᠵᠢ :
ᠶᠦᠨ ᠪᠦ᠋ ᠯᠦᠩ ( ᠮᠣᠩᠭᠣᠯ ᠦᠨᠳᠦᠰᠦᠲᠡᠨ )
ᠭᠤᠷᠪᠠ᠂ ᠳᠡᠳ᠋ ᠱᠦᠵᠢ :
ᠬᠠᠨ ᠸᠸᠨ ᠭᠦᠢ ( ᠮᠣᠩᠭᠣᠯ ᠦᠨᠳᠦᠰᠦᠲᠡᠨ )᠂ ᠸᠠᠩ ᠱᠠᠩ ᠯᠦᠸᠸ᠂ ᠰᠦᠨ ᠰᠢᠶᠠᠨ ᠴᠢᠶᠠᠨ