ᠳᠣᠯᠣᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠦᠨ ᠶᠡᠬᠡ ᠬᠤᠷᠠᠯ
2001 ᠣᠨ ᠤ 11 ᠰᠠᠷ᠎ᠠ ᠶ᠋ᠢᠨ 30 ᠦ ᠡᠳᠦᠷ ᠡᠴᠡ12 ᠰᠠᠷ᠎ᠠ ᠶ᠋ᠢᠨ 4 ᠦ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ ᠲᠥᠯᠥᠭᠡᠯᠡᠭᠴᠢᠳ ᠦᠨ ᠶᠡᠬᠡ ᠬᠤᠷᠠᠯ ᠬᠥᠬᠡᠬᠣᠲᠠ ᠳᠤ ᠶᠠᠪᠤᠭᠳᠠᠪᠠ᠃ ᠪᠦᠬᠦ ᠣᠷᠣᠨ ᠤ ᠡᠯ᠎ᠡ ᠭᠠᠵᠠᠷ ᠤᠨ ᠲᠥᠯᠥᠭᠡᠯᠡᠭᠴᠢ 619 ᠬᠦᠮᠦᠨ ᠴᠤᠭᠯᠠᠷᠠᠵᠤ ᠂ ᠴᠦ᠋ ᠪᠦᠸᠸ ᠡᠴᠠ ᠵᠢᠷᠭᠤᠳᠤᠭᠠᠷ ᠬᠤᠭᠤᠴᠠᠭᠠᠨ ᠤ ᠵᠥᠪᠯᠡᠯ ᠢ ᠲᠦᠯᠦᠭᠡᠯᠡᠵᠦ 《 <ᠭᠤᠷᠪᠠ ᠶᠢ ᠲᠥᠯᠥᠭᠡᠯᠡᠬᠦ > ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠥᠪᠥᠷ ᠮᠣᠩᠭᠣᠯ ᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦ᠋ᠳ᠋ᠦᠭᠡᠨ ᠪᠠᠶᠢᠭᠤᠯᠤᠯᠲᠠ ᠶᠢ ᠯᠠᠪᠲᠠᠶ ᠰᠢᠨ᠎ᠡ ᠱᠠᠲᠤᠨ ᠳᠤ ᠴᠢᠷᠮᠠᠶᠢᠨ ᠬᠦᠷᠭᠡᠬᠦ 》 ᠭᠡᠬᠦ ᠰᠡᠳᠦᠪ ᠢᠶ᠋ᠡᠷ ᠮᠡᠳᠡᠭᠦᠯᠦᠯᠲᠡ ᠬᠢᠵᠦ᠂ ᠥᠪᠥᠷ ᠮᠣᠩᠭᠣᠯ ᠤᠨ ᠰᠢᠨ᠎ᠡ ᠵᠠᠭᠤᠨ ᠤ ᠠᠵᠤ ᠠᠬᠤᠢ ᠨᠡᠶᠢᠭᠡᠮ ᠦᠨ ᠬᠥᠭᠵᠢᠯᠲᠡ ᠪᠣᠯᠤᠨ ᠨᠠᠮ ᠤᠨ ᠪᠠᠶᠢᠭᠤᠯᠤᠯᠲᠠ ᠶᠢᠨ ᠰᠠᠢᠢᠨ ᠰᠠᠶᠢᠬᠠᠨ ᠠᠤᠭ᠎ᠠ ᠲᠥᠯᠥᠪᠯᠡᠭᠡ ᠶᠢ ᠵᠢᠷᠤᠭᠯᠠᠪᠠ᠃ ᠶᠡᠬᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ 《 ᠭᠤᠷᠪᠠ ᠶᠢ ᠲᠥᠯᠥᠭᠡᠯᠡᠬᠦ 》 ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠠᠷᠠᠭᠤᠨ ᠬᠡᠰᠡᠭ ᠦᠨ ᠭᠠᠵᠠᠷ ᠣᠷᠣᠨ ᠢ ᠶᠡᠬᠡ ᠪᠡᠷ ᠨᠡᠭᠡᠭᠡᠨ ᠬᠥᠭᠵᠢᠭᠦᠯᠬᠦ ᠪᠠ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠭᠰᠠᠨ ᠲᠡᠦᠬᠡᠨ ᠠᠵᠠ ᠲᠣᠬᠢᠶᠠᠯ ᠢ ᠠᠮᠵᠢᠵᠤ᠂ ᠦᠢᠯᠡᠳᠪᠦᠷᠢᠯᠡᠯ ᠦᠨ ᠬᠦᠴᠦᠨ ᠦ ᠬᠥᠭᠵᠢᠯᠲᠡ ᠶᠢ ᠲᠦᠷᠭᠡᠳᠬᠡᠬᠦ ᠪᠠᠷ ᠦᠨᠳᠦᠰᠦᠨ ᠡᠭᠦᠷᠭᠡ ᠪᠡᠨ ᠪᠤᠯᠭᠠᠵᠤ᠂ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠡᠷ ᠦᠨᠳᠦᠰᠦᠨ ᠡᠭᠦᠰᠦᠯᠲᠡ ᠪᠣᠯᠭᠠᠵᠤ᠂ ᠠᠵᠤ ᠠᠬᠤᠶ ᠶᠢᠨ ᠪᠦᠲᠦᠴᠡ ᠶ᠋ᠢᠨ ᠡᠨᠡ ᠬᠦ ᠭᠣᠣᠯ ᠰᠢᠵᠢᠮ ᠢᠶᠡᠨ ᠢᠮᠠᠭᠲᠠ ᠲᠤᠤᠱᠠᠯᠠᠭᠤᠯᠬᠤ ᠶ᠋ᠢ ᠲᠤᠬᠢᠷᠠᠭᠤᠯᠵᠤ ᠂ ᠦᠵᠡᠯ ᠰᠠᠨᠠᠭ᠎ᠠ ᠣᠶᠢᠯᠠᠭᠠᠭᠳᠠᠬᠤᠨ ᠪᠣᠯᠤᠨ ᠠᠵᠤ ᠠᠬᠤᠶ ᠶᠢᠨ ᠨᠡᠮᠡᠭᠳᠡᠯ ᠦᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶ᠋ᠢ ᠪᠡᠶᠡᠯᠡᠬᠦᠯᠬᠦ ᠶ᠋ᠢ ᠲᠦᠷᠭᠡᠳᠬᠡᠵᠦ᠂ ᠥᠭᠡᠷᠡᠴᠢᠯᠡᠯᠲᠡ ᠨᠡᠭᠡᠭᠡᠯᠲᠡ᠂ ᠲᠧᠭᠨᠢᠭ ᠦᠨ ᠲᠡᠪᠰᠢᠯᠳᠠ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠳᠬᠤᠬᠤ᠂ ᠰᠠᠭᠤᠷᠢ ᠲᠥᠬᠥᠭᠡᠷᠦᠮᠵᠢ ᠶᠢᠨ ᠪᠦ᠋ᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠶᠢ ᠠᠵᠤ ᠦᠢᠯᠡᠰᠵᠢᠭᠦᠯᠬᠦ᠂ ᠠᠵᠤ ᠦᠢᠯᠡᠳᠪᠦᠷᠢᠵᠢᠯᠲᠡ ᠪᠠ ᠬᠣᠳᠠ ᠪᠠᠯᠭᠠᠰᠣᠵᠢᠯᠳᠡ ᠶᠢ ᠢᠳᠡᠪᠬᠢᠲᠡᠶ ᠲᠦᠯᠬᠢᠨ ᠤᠷᠤᠭᠰᠢᠯᠠᠭᠤᠯᠵᠤ᠂ ᠠᠷᠪᠠᠳᠤᠭᠠᠷ ᠲᠠᠪᠤᠨ ᠵᠢᠯ ᠦᠨ ᠲᠥᠯᠥᠪᠯᠡᠭᠡ ᠶᠢᠨ ᠡᠯ᠎ᠡ ᠵᠦᠢᠯ ᠦᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ 2010 ᠣᠨ ᠳᠤ ᠬᠥᠮᠦᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠦᠨ ᠶᠡᠷᠦᠩᠬᠡᠶ ᠦᠷᠳᠡᠭ ᠨᠢ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠳ᠋ᠤ ᠬᠦᠷᠬᠦ ᠳ᠋ᠦ ᠰᠠᠭᠤᠷᠢ ᠲᠠᠯᠪᠢᠵᠤ ᠥᠭᠬᠦ ᠬᠡᠷᠡᠭᠲᠡᠶ᠃ 《ᠬᠣᠶᠠᠷ ᠲᠠᠯ᠎ᠠ ᠶᠢ ᠠᠳᠬᠤᠵᠤ᠂ ᠬᠣᠶᠠᠷ ᠲᠠᠯ᠎ᠠ ᠶᠢ ᠴᠥᠮ ᠴᠢᠩᠭ᠎ᠠ ᠠᠳᠬᠤᠬᠤ 》 ᠴᠢᠭᠯᠡᠯᠲᠡ ᠶᠢ ᠦᠷᠭᠦᠯᠵᠢᠯᠡᠨ ᠬᠡᠷᠡᠭᠵᠢᠭᠦᠯᠵᠦ᠂ ᠨᠡᠶᠢᠭᠡᠮ ᠵᠢᠷᠤᠮ ᠤᠨ ᠰᠣᠶᠣᠯ ᠢ ᠶᠡᠬᠡᠪᠡᠷ ᠬᠥᠭᠵᠢᠭᠦᠯᠵᠦ᠂ ᠠᠷᠠᠳᠴᠢᠯᠠᠯ ᠬᠠᠤᠯᠢ ᠲᠦᠷᠢᠮ ᠦᠨ ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠵᠤ᠂ ᠬᠣᠶᠠᠷ ᠪᠣᠯᠪᠠᠰᠤᠨ ᠤ ᠪᠠᠶᠢᠭᠤᠯᠤᠯᠲᠠ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠥᠪᠥᠷ ᠮᠣᠩᠭᠣᠯ ᠤᠨ ᠨᠡᠶᠢᠭᠡᠮ ᠵᠢᠷᠤᠮ ᠤᠨ ᠤᠳᠤᠬᠢᠴᠢᠯᠠᠭᠰᠠᠨ ᠪᠦ᠋ᠳ᠋ᠦᠭᠡᠨ ᠪᠠᠶᠢᠭᠤᠯᠤᠯᠲᠠ ᠶᠢ ᠰᠢᠨ᠎ᠡ ᠱᠠᠲᠤᠨ ᠳᠤ ᠬᠦᠷᠭᠡᠬᠦ ᠪᠡᠷ ᠬᠦᠴᠦᠯᠡᠨ᠎ᠡ᠃ 12 ᠰᠠᠷ᠎ᠠ ᠶᠢᠨ 5 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠬᠤᠭᠤᠴᠠᠭᠠᠨ ᠤ ᠲᠥᠪ ᠬᠣᠷᠢᠶᠠᠨ ᠤ ᠠᠩᠬᠠᠳᠤᠭᠠᠷ ᠪᠥᠬᠥᠳᠡ ᠬᠤᠷᠠᠯ ᠬᠥᠬᠡᠬᠣᠲᠠ ᠳᠤ ᠶᠠᠪᠤᠭᠳᠠᠪᠠ᠃ ᠬᠤᠷᠠᠯ ᠡᠴᠡ ᠴᠦ᠋ ᠪᠦᠸᠸ ᠶ᠋ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠱᠦᠵᠢ᠂ ᠤᠶᠤᠨᠴᠢᠮᠡᠭ ( ᠡᠮᠡᠭᠲᠡᠶ᠂ ᠮᠣᠩᠭᠣᠯ ᠦᠨᠳᠦᠰᠦᠲᠡᠨ)᠂ ᠶᠤᠸᠠᠢ ᠹᠦ᠋ ᠬᠣᠩ᠂ ᠴᠧᠨ ᠭᠤᠸᠠᠩ ᠯᠢᠨ᠂ ᠶᠠᠩ ᠯᠢ ᠮᠢᠨ᠂ ᠪᠠᠭᠠᠲᠤᠷ ( ᠮᠣᠩᠭᠣᠯ ᠦᠨᠳᠦᠰᠦᠲᠡᠨ ) ᠢ ᠳᠡᠳ᠋ ᠱᠦᠵᠢ ᠪᠡᠷ ᠰᠤᠩᠭᠤᠭᠰᠠᠨ ᠪᠠᠶᠢᠨ᠎ᠠ ᠃
ᠶᠡᠬᠡ ᠬᠤᠷᠠᠯ ᠠᠴᠠ ᠰᠣᠩᠭᠣᠨ ᠭᠠᠷᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠶᠢᠨ ᠨᠡᠷᠡᠰ ᠲᠦ ᠄
ᠨᠢᠭᠡ ᠂ ᠪᠠᠶᠢᠩᠭᠤ ᠶᠢᠨ ᠭᠡᠰᠢᠭᠦᠨ ( 14 ᠬᠦᠮᠦᠨ ) ᠄
ᠴᠥ᠋ ᠪᠥᠸᠧ᠂ ᠤᠶᠤᠨᠴᠢᠮᠡᠭ ( ᠮᠣᠩᠭᠣᠯ ᠦᠨᠳᠦᠰᠦᠲᠡᠨ)᠂ ᠶᠤᠸᠠᠢ ᠹᠦ᠋ ᠬᠣᠩ᠂ ᠴᠧᠨ ᠭᠤᠸᠠᠩ ᠯᠢᠨ᠂ ᠶᠠᠩ ᠯᠢ ᠮᠢᠨ᠂ ᠪᠠᠭᠠᠲᠤᠷ (ᠮᠣᠩᠭᠣᠯ ᠦᠨᠳᠦᠰᠦᠲᠡᠨ)᠂ ᠷᠧᠨ ᠶᠠ ᠫᠢᠩ᠂ ᠵᠠᠩ ᠭᠦᠸᠸ ᠮᠢᠨ᠂ ᠶᠠᠩ ᠵᠢᠩ ( ᠮᠣᠩᠭᠣᠯ ᠦᠨᠳᠦᠰᠦᠲᠡᠨ)᠂ ᠬᠤᠸᠠᠩ ᠭᠣᠣ ᠴᠧᠩ᠂ ᠱᠢᠶᠸᠶᠦᠨ᠂ ᠹᠦ᠋ ᠯᠠᠶ ᠸᠠᠩ ( ᠮᠣᠩᠭᠣᠯ ᠦᠨᠳᠦᠰᠦᠲᠡᠨ ) ᠂ ᠴᠧᠨ ᠮᠢᠩ ᠱᠠᠨ ( ᠡᠮᠡᠭᠲᠡᠶ )
ᠬᠣᠶᠠᠷ᠂ ᠱᠦᠵᠢ :
ᠴᠦ᠋ ᠪᠦᠸᠸ
ᠭᠤᠷᠪᠠ᠂ ᠳᠡᠳ᠋ ᠱᠦᠵᠢ :
ᠣᠶᠣᠨᠴᠢᠮᠡᠭ ( ᠮᠣᠩᠭᠣᠯ ᠦᠨᠳᠦᠰᠦᠲᠡᠨ )᠂ ᠶᠤᠸᠠᠢ ᠹᠦ᠋ ᠬᠣᠩ᠂ ᠴᠧᠨ ᠭᠤᠸᠠᠩ ᠯᠢᠨ᠂ ᠶᠠᠩ ᠯᠢ ᠮᠢᠨ᠂ ᠪᠠᠭᠠᠲᠤᠷ ( ᠮᠣᠩᠭᠣᠯ ᠦᠨᠳᠦᠰᠦᠲᠡᠨ )
ᠶᠡᠬᠡ ᠬᠤᠷᠠᠯ ᠠᠴᠠ ᠰᠣᠩᠭᠣᠨ ᠭᠠᠷᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠶᠢᠨ ᠨᠡᠷᠡᠰ ᠲᠦ ᠄
ᠨᠢᠭᠡ᠂ ᠪᠠᠶᠢᠩᠭᠤ ᠶᠢᠨ ᠭᠡᠰᠢᠭᠦᠨ ( 11 ᠬᠥᠮᠦᠨ ) ᠄
ᠪᠠᠭᠠᠲᠤᠷ ( ᠮᠣᠩᠭᠣᠯ ᠦᠨᠳᠦᠰᠦᠲᠡᠨ ) ᠰᠦᠨ ᠰᠢᠶᠠᠨ ᠴᠢᠶᠠᠨ᠂ ᠦ᠋ ᠭᠸᠨ ᠰᠦᠸᠸ᠂ ᠨᠠᠷᠠᠨ᠂ ( ᠮᠣᠩᠭᠣᠯ ᠦᠨᠳᠦᠰᠦᠲᠡᠨ )᠂ ᠴᠸᠨ ᠵᠡᠸ᠂ ᠵᠠᠩ ᠸᠸᠨ ᠴᠢᠩ ( ᠮᠣᠩᠭᠣᠯ ᠦᠨᠳᠦᠰᠦᠲᠡᠨ)᠂ ᠡᠦ ᠪᠢᠩ᠂ ᠡᠷᠳᠡᠨᠢ ( ᠮᠣᠩᠭᠣᠯ ᠦᠨᠳᠦᠰᠦᠲᠡᠨ)᠂ ᠯᠢ ᠵᠢᠶᠸ᠂ ᠭᠦᠸᠸ ᠷᠦᠩ ᠰᠢᠶᠠᠩ᠂ ᠱᠢᠵᠢᠶ ᠱᠠᠨ
ᠬᠣᠶᠠᠷ᠂ ᠱᠦᠵᠢ :
ᠪᠠᠭᠠᠲᠤᠷ ( ᠮᠣᠩᠭᠣᠯ ᠦᠨᠳᠦᠰᠦᠲᠡᠨ )
ᠭᠤᠷᠪᠠ᠂ ᠳᠡᠳ᠋ ᠱᠦᠵᠢ :
ᠰᠦᠨ ᠱᠢᠶᠠᠨ ᠴᠢᠶᠠᠨ᠂ ᠡᠦ ᠭᠸᠨ ᠰᠦᠸᠸ᠂ ᠨᠡᠷᠡᠨ ( ᠮᠣᠩᠭᠣᠯ ᠦᠨᠳᠦᠰᠦᠲᠡᠨ )᠂ ᠴᠸᠨ ᠵᠡᠸ