ᠨᠠᠢᠮᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠦᠨ ᠶᠡᠬᠡ ᠬᠤᠷᠠᠯ

  2019-01-11

    2006 ᠤᠨ ᠤ 11 ᠰᠠᠷ᠎ᠠ ᠶ᠋ᠢᠨ 19 ᠦ ᠡᠳᠦᠷ ᠡᠴᠡ 23 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠤᠳᠠᠭ᠎ᠠ ᠶᠢᠨ ᠲᠥᠯᠥᠭᠡᠯᠡᠭᠴᠢᠳ ᠦᠨ ᠬᠤᠷᠠᠯ ᠬᠥᠬᠡᠬᠣᠲᠠ ᠳᠤ ᠬᠤᠷᠠᠯᠳᠤᠪᠠ᠃ ᠡᠨᠡ ᠪᠣᠯ ᠥᠪᠥᠷ ᠮᠣᠩᠭᠣᠯ ᠤᠨ ᠰᠢᠨ᠎ᠡ ᠵᠠᠭᠤᠨ ᠰᠢᠨ᠎ᠡ ᠱᠠᠲᠤᠨ ᠳᠤ ᠤᠷᠤᠭᠰᠠᠨ ᠦᠶ᠎ᠡ ᠳᠦ ᠬᠤᠷᠠᠯᠳᠤᠭᠰᠠᠨ ᠲᠤᠶᠢᠯ ᠤᠨ ᠴᠢᠬᠤᠯᠠ ᠬᠤᠷᠠᠯᠳᠤᠭᠠᠨ ᠮᠥᠨ᠃ ᠶᠡᠬᠡ ᠬᠤᠷᠠᠯ ᠠᠴᠠ ᠵᠢᠭᠠᠵᠤ  ᠭᠠᠷᠭᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ᠂ ᠥᠷᠭᠡᠨ ᠣᠯᠠᠨ ᠨᠠᠮ ᠤᠨ ᠭᠡᠰᠢᠭᠦᠨ ᠪᠣᠯᠤᠨ ᠺᠠᠳ᠋ᠷ ᠤᠯᠠᠨ ᠲᠦᠮᠡᠨ ᠡᠷᠬᠡᠪᠰᠢ ᠰᠢᠨᠵᠢᠯᠡᠬᠦ ᠤᠬᠠᠭᠠᠨᠴᠢ ᠬᠥᠭᠵᠢᠯᠲᠡ ᠳᠦ ᠰᠠᠭᠤᠷᠢᠯᠠᠨ᠂ 《 ᠭᠤᠷᠪᠠᠨ ᠤᠳᠤᠬᠢᠴᠢᠯᠠᠯᠲᠠ》 ᠬᠠᠷᠢᠯᠴᠠᠯ ᠢ ᠪᠠᠷᠢᠮᠲᠠᠯᠠᠵᠦ᠂ ᠣᠷᠣᠯᠭ᠎ᠠ ᠶᠢ ᠨᠡᠮᠡᠭᠳᠡᠬᠦᠯᠦᠨ ᠠᠷᠠᠳ ᠢ ᠪᠠᠶᠠᠵᠢᠭᠤᠯᠬᠤ ᠳᠡᠭᠡᠷ᠎ᠡ ᠬᠦᠴᠦᠯᠡᠨ᠂ ᠨᠡᠶᠢᠭᠡᠮ ᠦᠨ ᠡᠶ᠎ᠡ ᠵᠣᠬᠢᠴᠠᠯ ᠢ ᠠᠬᠢᠭᠤᠯᠵᠤ᠂ ᠠᠵᠤ ᠠᠬᠤᠶ ᠶᠢᠨ ᠰᠠᠢᠢᠨ ᠪᠥᠭᠡᠳ ᠲᠦᠷᠭᠡᠨ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ᠂ ᠨᠡᠶᠢᠭᠡᠮ ᠵᠢᠷᠤᠮ ᠤᠨ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ ᠪᠠ ᠨᠡᠶᠢᠭᠡᠮ ᠦᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠥᠪᠥᠷ ᠮᠣᠩᠭᠣᠯ ᠤᠨ ᠠᠵᠤ ᠠᠬᠤᠶ ᠶᠢᠨ ᠬᠥᠭᠵᠢᠯᠲᠡ ᠶᠢᠨ ᠭᠠᠵᠠᠷ ᠣᠷᠣᠨ ᠤ ᠦᠢᠯᠡᠳᠪᠦᠷᠢᠯᠡᠯ ᠦᠨ ᠶᠡᠷᠦᠩᠬᠡᠢ ᠦᠷᠳᠡᠭ ᠪᠠ ᠡᠳ᠋ ᠦᠨ ᠵᠠᠰᠠᠭ ᠤᠨ ᠣᠷᠣᠯᠭ᠎ᠠ ᠬᠣᠶᠠᠷ ᠳᠠᠬᠢᠨ ᠪᠣᠯᠲᠠᠯ᠎ᠠ ᠨᠡᠮᠡᠭᠳᠡᠬᠦᠯᠬᠦ ᠬᠠᠷᠠᠯᠲᠠ ᠶ᠋ᠢ ᠲᠤᠭᠲᠠᠭᠠᠵᠤ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠦᠬᠦ ᠤᠯᠤᠰ ᠤᠨ ᠳᠤᠮᠳᠠ ᠪᠠᠶᠢᠷᠢᠨ ᠳᠤ ᠵᠢᠭᠰᠠᠭᠠᠭᠳᠠᠬᠤ ᠶ᠋ᠢ ᠠᠬᠢᠭᠤᠯᠵᠦ᠂ ᠬᠥᠮᠦᠨ ᠪᠦᠷᠢ ᠳᠦ ᠳᠤᠮᠳᠠᠴᠢ ᠪᠠᠷ ᠨᠣᠭᠳᠠᠬᠤ ᠠᠵᠤ ᠠᠬᠤᠶ ᠶᠢᠨ ᠭᠣᠣᠯ ᠭᠦᠢᠴᠡᠳᠬᠡᠬᠦ ᠲᠣᠭ᠎ᠠ ᠶᠢ ᠡᠮᠦᠨ᠎ᠡ ᠡᠩᠨᠡᠭᠡᠨ ᠳᠦ ᠣᠷᠣᠭᠤᠯᠬᠤ ᠪᠠᠷ ᠴᠢᠷᠮᠠᠶᠢᠨ᠎ᠠ᠂  ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ᠂ ᠠᠵᠤ ᠠᠬᠤᠶ ᠶᠢᠨ ᠪᠦᠲᠦᠴᠡ ᠨᠢ ᠵᠦᠢ ᠵᠣᠬᠢᠰᠲᠠᠶ᠂ ᠭᠠᠵᠠᠷ ᠣᠷᠣᠨ ᠤ ᠣᠨᠴᠠᠯᠢᠭ ᠢᠶᠠᠷ ᠢᠯᠡ ᠲᠣᠳᠣ᠂ ᠨᠡᠶᠢᠭᠡᠮ ᠠᠮᠤᠷ ᠲᠣᠭᠲᠠᠭᠤᠨ ᠪᠦᠭᠡᠳ ᠡᠬᠡ ᠵᠤᠬᠢᠴᠠᠯ ᠲᠠᠢ᠂ ᠠᠮᠢᠵᠢᠷᠠᠯ ᠤᠨ ᠬᠦᠴᠦᠨ ᠢᠶᠡᠷ ᠪᠢᠯᠬᠠᠮ᠎ᠠ ᠥᠪᠥᠷ ᠮᠣᠩᠭᠣᠯ ᠢ ᠡᠬᠡ ᠤᠯᠤᠰ ᠤᠨ ᠤᠮᠠᠷᠠᠲᠤ ᠬᠢᠯᠢ ᠳᠦ ᠦᠨᠳᠦᠷ ᠮᠠᠨᠳᠤᠭᠤᠯᠤᠨ᠎ᠠ᠃ ᠬᠤᠷᠠᠯ ᠡᠴᠠ᠂ ᠴᠦ᠋  ᠪᠦᠸᠸ ᠨᠢ ᠱᠦᠵᠢ᠂ ᠶᠠᠩ ᠵᠢᠩ ( ᠮᠣᠩᠭᠣᠯ ᠦᠨᠳᠦᠰᠦᠲᠡᠨ )᠂ ᠶᠤᠸᠠᠢ ᠹᠦ᠋ ᠬᠣᠩ᠂ ᠪᠠᠭᠠᠲᠤᠷ ( ᠮᠣᠩᠭᠣᠯ ᠦᠨᠳᠦᠰᠦᠲᠡᠨ )   ᠨᠠᠷ ᠳᠡᠳ᠋ ᠱᠦᠵᠢ ᠪᠡᠷ ᠰᠤᠩᠭᠤᠭᠳᠠᠭᠰᠠᠨ ᠪᠠᠶᠢᠨ᠎ᠠ ᠃
    ᠶᠡᠬᠡ ᠬᠤᠷᠠᠯ ᠠᠴᠠ ᠰᠣᠩᠭᠣᠨ ᠭᠠᠷᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ :
ᠨᠢᠭᠡ᠂ ᠪᠠᠶᠢᠩᠭᠤ ᠶᠢᠨ ᠭᠡᠰᠢᠭᠦᠨ ( 12 ᠬᠥᠮᠦᠨ )
    ᠴᠦ᠋ ᠪᠦᠸᠸ᠂ ᠶᠠᠩ ᠵᠢᠩ ( ᠮᠣᠩᠭᠣᠯ ᠦᠨᠳᠦᠰᠦᠲᠡᠨ )᠂ ᠶᠤᠸᠠᠢ ᠹᠦ᠋ ᠬᠣᠩ᠂ ᠪᠠᠭᠠᠲᠤᠷ ( ᠮᠣᠩᠭᠣᠯ ᠦᠨᠳᠦᠰᠦᠲᠡᠨ )᠂ ᠷᠸᠨ ᠶᠠ ᠫᠢᠩ᠂ ᠰᠢᠶᠸ ᠶᠦᠨ᠂ ᠹᠦ᠋ ᠯᠠᠶ ᠸᠠᠩ ( ᠮᠣᠩᠭᠣᠯ ᠦᠨᠳᠦᠰᠦᠲᠡᠨ )᠂ ᠴᠸᠨ ᠫᠸᠩ ᠱᠠᠨ ( ᠡᠮᠡᠭᠲᠡᠶ )᠂ ᠬᠠᠨ ᡁᠢ ᠷᠠᠨ ( ᠮᠣᠩᠭᠣᠯ ᠦᠨᠳᠦᠰᠦᠲᠡᠨ )᠂ ᠮᠦᠸᠸ ᠵᠢᠶᠠᠨ ᠴᠧᠩ᠂ ᠤᠯᠠᠭᠠᠨ ( ᠮᠣᠩᠭᠣᠯ ᠦᠨᠳᠦᠰᠦᠲᠡᠨ)᠂ ᠹᠦ᠋ ᠲᠡᠶ ᠽᠸ᠋ᠩ
ᠬᠣᠶᠠᠷ᠂ ᠱᠦᠵᠢ :
    ᠴᠦ᠋ ᠪᠦᠸᠸ
ᠭᠤᠷᠪᠠ᠂ ᠳᠡᠳ᠋ ᠱᠦᠵᠢ :
    ᠶᠠᠩ ᠵᠢᠩ ( ᠮᠣᠩᠭᠣᠯ ᠦᠨᠳᠦᠰᠦᠲᠡᠨ )᠂ ᠶᠤᠸᠠᠢ ᠹᠦ᠋ ᠬᠣᠩ᠂ ᠪᠠᠭᠠᠲᠤᠷ ( ᠮᠣᠩᠭᠣᠯ ᠦᠨᠳᠦᠰᠦᠲᠡᠨ )

    ᠶᠡᠬᠡ ᠬᠤᠷᠠᠯ ᠠᠴᠠ ᠰᠣᠩᠭᠣᠨ ᠭᠠᠷᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ :
ᠨᠢᠭᠡ᠂ ᠪᠠᠶᠢᠩᠭᠤ ᠶᠢᠨ ᠭᠡᠰᠢᠭᠦᠨ ( 11 ᠬᠥᠮᠦᠨ ) ᠄
    ᠪᠠᠭᠠᠲᠤᠷ ( ᠮᠣᠩᠭᠣᠯ ᠦᠨᠳᠦᠰᠦᠲᠡᠨ )᠂ ᠨᠠᠷᠠᠨ( ᠮᠣᠩᠭᠣᠯ ᠦᠨᠳᠦᠰᠦᠲᠡᠨ )᠂ ᠴᠸᠩ ᠵᠡᠸ᠂ ᠵᠠᠩ ᠸᠸᠨ ᠴᠢᠩ( ᠮᠣᠩᠭᠣᠯ ᠦᠨᠳᠦᠰᠦᠲᠡᠨ )᠂ ᠯᠢ ᠵᠢᠶᠸ᠂ ᠡᠷᠳᠡᠨᠢ ( ᠮᠣᠩᠭᠣᠯ ᠦᠨᠳᠦᠰᠦᠲᠡᠨ )᠂ ᠯᠢ ᠱᠤᠤ ᠹᠸᠩ᠂ ᠭᠦᠸᠸ ᠷᠦᠩ ᠰᠢᠶᠠᠩ᠂ ᠬᠠᠨ ᠱᠢ ᠬᠤᠸᠠ᠂ ᠴᠢᠶᠣᠤ ᠵᠢᠶᠠᠨ ᠳ᠋ᠦᠩ᠂ ᠸᠸᠨ ᠱᠦᠦ ᠵᠦᠩ  
ᠬᠣᠶᠠᠷ᠂ ᠱᠦᠵᠢ ᠄
    ᠪᠠᠭᠠᠲᠤᠷ ( ᠮᠣᠩᠭᠣᠯ ᠦᠨᠳᠦᠰᠦᠲᠡᠨ )
ᠭᠤᠷᠪᠠ᠂ ᠳᠡᠳ᠋ ᠱᠦᠵᠢ :
    ᠨᠡᠷᠡᠨ ( ᠮᠣᠩᠭᠣᠯ ᠦᠨᠳᠦᠰᠦᠲᠡᠨ )᠂ ᠴᠸᠨ ᠵᠡᠸ᠂ ᠵᠠᠩ ᠸᠸᠨ ᠴᠢᠩ ( ᠮᠣᠩᠭᠣᠯ ᠦᠨᠳᠦᠰᠦᠲᠡᠨ )᠂ ᠯᠢ ᠵᠢᠶᠧ

ᠵᠣᠬᠢᠶᠠᠭᠴᠢ:
ᠢᠷᠡᠯᠲᠡ: